ᠰᠤᠷᠪᠤᠯᠵᠢᠯᠠᠭᠴᠢ᠄ ᠲᠠ 1997 ᠣᠨ ᠳᠤ ᠠᠩᠬ᠎ᠠ ᠬᠥᠬᠡᠬᠤᠲᠠ ᠶᠢᠨ ᠮᠣᠩᠭᠤᠯ ᠦᠨᠳᠦᠰᠦᠲᠡᠨ ᠤ | ᠰᠤᠷᠭᠠᠭᠤᠯᠢ ᠳᠤ ᠢᠷᠠᠵᠤ ᠵᠠᠬᠢᠷᠤᠯ ᠢᠶᠠᠷ ᠠᠵᠢᠯᠯᠠᠬᠤ ᠦᠶ᠎ᠡ ᠪᠣᠳᠠᠲᠠᠢ ᠶᠠᠮᠠᠷ ᠠᠷᠭ᠎ᠠ ᠪᠣᠳᠣᠯᠭ᠎ᠠ ᠠᠪᠤᠭᠰᠠᠨ ᠪᠣᠢ︖ | | | | | ᠠᠪᠤᠷᠭᠤ᠄ ᠪᠢ ᠠᠩᠬ᠎ᠠ ᠡᠨᠡ ᠰᠤᠷᠭᠠᠭᠤᠯᠢ ᠳᠤ ᠢᠷᠠᠵᠤ ᠠᠵᠢᠯᠯᠠᠬᠤ ᠦᠶ᠎ᠡ ᠳᠤ ᠥᠪᠥᠷ ᠮᠣᠩᠭᠤᠯ ᠤᠨ | ᠦᠨᠳᠦᠰᠦᠲᠡᠨ ᠤ ᠰᠤᠷᠭᠠᠨ ᠬᠥᠮᠥᠵᠢᠯ ᠨᠡᠶᠢᠳᠡᠮ ᠳᠡᠭᠡᠨ ᠬᠦᠴᠢᠷᠲᠡᠢ ᠪᠠᠶᠢᠳᠠᠯ ᠳᠤ ᠪᠠᠶᠢᠭᠰᠠᠨ ᠶᠤᠮ᠃ ᠰᠣᠶᠣᠯ ᠤᠨ | ᠬᠤᠪᠢᠰᠬᠠᠯ ᠤᠨ ᠳᠠᠷᠠᠭ᠎ᠠ ᠮᠣᠩᠭᠤᠯᠴᠤᠳ ᠤᠬᠠᠭᠠᠷᠠᠵᠤ᠂ ᠮᠣᠩᠭᠤᠯ ᠰᠤᠷᠤᠭᠴᠢᠳ ᠣᠯᠠᠨ ᠪᠠᠶᠢᠭᠰᠠᠨ᠂ ᠭᠡᠪᠡᠴᠦ | ᠶᠡᠷᠡᠭᠡᠳ ᠣᠨ ᠪᠣᠯᠵᠤ ᠢᠷᠡᠬᠦ ᠦᠶ᠎ᠡ ᠪᠠᠷ ᠮᠣᠩᠭᠤᠯᠴᠤᠳ ᠤᠨ ᠪᠣᠳᠣᠯ ᠳᠤ ᠪᠠᠰᠠ ᠳᠠᠬᠢᠭᠠᠳ ᠠᠰᠠᠭᠤᠳᠠᠯ | ᠣᠷᠣᠰᠢᠵᠠᠢ᠃ ᠳᠠᠷᠤᠢ ︽ᠮᠣᠩᠭᠤᠯ ᠢᠶᠠᠷ ᠰᠤᠷᠤᠭᠠᠳ ᠭᠠᠷᠬᠤ ᠵᠠᠮ ᠦᠭᠡᠢ︾ ᠭᠡᠰᠡᠨ ᠨᠡᠶᠢᠭᠡᠮ ᠤᠨ ᠨᠥᠯᠥᠭᠡ ᠶᠡᠭᠡ | ᠭᠠᠷᠤᠭᠰᠠᠨ᠃ ᠲᠡᠭᠡᠭᠡᠳ ᠰᠤᠷᠤᠭᠴᠢ ᠶᠢᠨ ᠲᠤᠭ᠎ᠠ ᠶᠡᠭᠡ ᠪᠠᠷ ᠴᠥᠭᠡᠷᠡᠵᠦ᠂ ᠡᠨᠡ ᠰᠤᠷᠭᠠᠭᠤᠯᠢ ᠶᠢᠨ | ᠰᠤᠷᠤᠭᠴᠢ ᠶᠢᠨ ᠲᠤᠭ᠎ᠠ ᠭᠤᠷᠪᠠᠨ ᠪᠦᠯᠦᠭ ︵ᠪᠠᠭ᠎ᠠ᠂ ᠠᠩᠬ᠎ᠠ ᠳᠤᠮᠳᠠᠳᠤ᠂ ᠳᠡᠭᠡᠳᠦ ᠳᠤᠮᠳᠠᠳᠤ︶ ᠨᠢ ᠨᠡᠶᠢᠯᠡᠭᠡᠳ | 600 ᠢᠯᠡᠭᠦᠦ᠂ ᠠᠷᠠᠢ 700 ᠬᠦᠷᠬᠦ ᠦᠭᠡᠢ ᠪᠠᠶᠢᠵᠠᠢ᠃ ᠡᠨᠡ ᠪᠠᠶᠢᠳᠠᠯ ᠤᠨ ᠳᠣᠣᠷ᠎ᠠ᠂ ᠰᠤᠷᠭᠠᠭᠤᠯᠢ ᠶᠢᠨ | ᠬᠠᠮᠢᠶᠠᠷᠤᠯᠲᠠ᠂ ᠪᠠᠭᠰᠢ ᠨᠠᠷ ᠢᠶᠠᠨ ᠵᠣᠷᠢᠭᠵᠢᠭᠤᠯᠬᠤ᠂ ᠨᠡᠶᠢᠭᠡᠮ ᠳᠡᠭᠡᠷ᠎ᠡ ᠨᠥᠯᠥᠭᠡ ᠭᠠᠷᠭᠠᠬᠤ ᠵᠡᠷᠭᠡ ᠠᠵᠢᠯ ᠪᠦᠷ | ᠴᠢᠬᠤᠯᠠ ᠪᠠᠶᠢᠭᠰᠠᠨ᠂ ᠢᠩᠭᠢᠭᠡᠳ ᠪᠦᠬᠦ ᠲᠠᠯ᠎ᠠ ᠪᠠᠷ ᠥᠭᠡᠷᠡᠴᠢᠯᠡᠵᠦ ᠡᠬᠢᠯᠡᠯ᠎ᠡ᠃ ᠡᠬᠢᠯᠡᠭᠡᠳ ᠰᠠᠭᠤᠭᠠᠯᠢ | ᠠᠷᠠᠳ ᠤᠨ ᠲᠣᠭᠤᠷᠢᠭ ᠪᠣᠯᠣᠨ ᠰᠤᠷᠭᠠᠭᠤᠯᠢ ᠶᠢᠨ ᠡᠭᠦᠳᠡ ᠨᠢᠭᠡ ᠯᠡ ᠪᠠᠶᠢᠭᠰᠠᠨ᠂ ᠰᠡᠭᠦᠯᠡᠷ ᠨᠢ ᠰᠠᠯᠭᠠᠵᠤ | ᠲᠠᠯᠪᠢᠯ᠎ᠠ᠃ ᠡᠨᠡ ᠰᠠᠭᠤᠷᠢᠨ ᠳᠡᠭᠡᠷ᠎ᠡ ᠪᠠᠰᠠ ᠣᠯᠠᠨ ᠬᠠᠮᠢᠶᠠᠷᠤᠯᠲᠠ ᠶᠢᠨ ᠳᠦᠷᠢᠮ ᠲᠣᠭᠲᠠᠭᠠᠯ ᠭᠠᠷᠭᠠᠭᠰᠠᠨ ᠶᠤᠮ᠃ | ᠤᠯᠤᠰ ᠢ ᠬᠠᠤᠯᠢ ᠪᠠᠷ ᠬᠠᠮᠢᠶᠠᠷᠬᠤ ᠲᠠᠢ ᠠᠳᠠᠯᠢᠬᠠᠨ᠂ ᠰᠤᠷᠭᠠᠭᠤᠯᠢ ᠶᠢ ᠮᠥᠨ ᠳᠦᠷᠢᠮ ᠲᠣᠭᠲᠠᠭᠠᠯ ᠢᠶᠠᠷ | ᠬᠠᠮᠢᠶᠠᠷᠬᠤ ᠬᠡᠷᠡᠭᠲᠡᠢ᠂ ᠡᠨᠡ ᠶᠡᠭᠡ ᠴᠢᠬᠤᠯᠠ᠃ ᠨᠥᠭᠦᠭᠡ ᠲᠠᠯ᠎ᠠ ᠪᠠᠷ᠂ ᠵᠢᠭᠠᠨ ᠰᠤᠷᠭᠠᠯᠲᠠ ᠶᠢᠨ ᠶᠠᠰᠤ ᠴᠢᠨᠠᠷ ᠢ | ᠰᠠᠶᠢᠵᠢᠷᠠᠭᠤᠯᠤᠯᠠ᠃ ᠡᠨᠡ ᠠᠷᠪᠠᠭᠠᠳ ᠵᠢᠯ ᠳᠤ ᠮᠠᠨ ᠤ ᠤᠯᠤᠰ ᠤᠨ ᠰᠤᠷᠭᠠᠨ ᠬᠥᠮᠥᠵᠢᠯ ᠤᠨ ᠵᠢᠯᠣᠭᠤᠳᠬᠤ | ᠦᠵᠡᠯ ᠰᠠᠨᠠᠭ᠎ᠠ ᠪᠠᠰᠠ ᠬᠡᠳᠦ ᠤᠳᠠᠭ᠎ᠠ ᠬᠤᠪᠢᠷᠠᠭᠰᠠᠨ ᠶᠤᠮ᠃ ᠡᠨᠡ ᠣᠯᠠᠨ ᠶᠠᠪᠤᠴᠠ ᠶᠢ ᠪᠢᠳᠠ ᠪᠦᠭᠦᠳᠡ ᠶᠢ | ᠥᠩᠭᠡᠷᠡᠭᠦᠯᠵᠡᠢ᠃ ᠰᠤᠷᠭᠠᠭᠤᠯᠢ ᠶᠢᠨ ᠬᠠᠮᠢᠶᠠᠷᠤᠯᠲᠠ ᠶᠢ ᠴᠢᠩᠭᠠᠳᠬᠠᠬᠤ ᠶᠢᠨ ᠲᠥᠯᠥᠭᠡ ᠮᠠᠨ ᠤ ᠡᠯ᠎ᠡ ᠱᠠᠲᠤᠨ ᠤ | ᠪᠠᠭᠰᠢ ᠤᠳᠤᠷᠢᠳᠤᠯᠭ᠎ᠠ ᠨᠠᠷ ᠲᠤᠩ ᠶᠡᠭᠡ ᠬᠦᠴᠦ ᠬᠥᠯᠥᠰᠦ ᠵᠠᠷᠤᠴᠠᠭᠤᠯᠤᠭᠰᠠᠨ ᠶᠤᠮ᠃ ᠪᠢᠳᠠ ᠣᠷᠣᠵᠤ | ᠢᠷᠡᠭᠰᠡᠨ ᠰᠤᠷᠤᠭᠴᠢ ᠪᠠᠨ ᠥᠪᠡᠷ ᠤᠨ ᠢᠶᠠᠨ ᠴᠢᠳᠠᠯ ᠤᠨ ᠬᠡᠪᠴᠢᠶᠡᠨ ᠳᠣᠲᠣᠷ᠎ᠠ ᠶᠣᠰᠣ ᠰᠤᠷᠭᠠᠵᠤ ᠭᠠᠷᠭᠠᠬᠤ ᠪᠠᠷ | ᠴᠢᠷᠮᠠᠶᠢᠵᠠᠢ᠃ ᠢᠩᠭᠢᠭᠡᠳ ᠢᠳᠡᠭ ᠢᠳᠡᠭ ᠢᠶᠠᠷ ᠮᠠᠨ ᠤ ᠰᠤᠷᠭᠠᠭᠤᠯᠢ ᠶᠢᠨ ᠨᠥᠯᠥᠭᠡ ᠨᠡᠮᠡᠭᠳᠡᠵᠦ ᠡᠬᠢᠯᠡᠯ᠎ᠡ᠃ | ᠣᠶᠢᠷ᠎ᠠ ᠶᠢᠨ ᠬᠡᠳᠦᠨ ᠵᠢᠯ ᠳᠤ ᠮᠣᠩᠭᠤᠯ ᠰᠤᠷᠤᠭᠴᠢ ᠶᠢᠨ ᠲᠤᠭ᠎ᠠ ᠨᠡᠮᠡᠭᠳᠡᠵᠦ ᠪᠠᠶᠢᠭ᠎ᠠ ᠨᠢ ᠲᠥᠷᠥ ᠶᠢᠨ | ᠪᠣᠳᠣᠯᠭ᠎ᠠ ᠲᠠᠢ ᠶᠡᠭᠡ ᠬᠤᠯᠪᠣᠭ᠎ᠠ ᠲᠠᠢ ᠶᠤᠮ᠃ ᠥᠪᠥᠷ ᠮᠣᠩᠭᠤᠯ ᠤᠨ ᠨᠠᠮ ᠵᠠᠰᠠᠭ ᠦᠨᠳᠦᠰᠦᠲᠡᠨ ᠤ ᠰᠤᠷᠭᠠᠨ | ᠬᠥᠮᠥᠵᠢᠯ ᠢ ᠶᠡᠭᠡ ᠪᠠᠷ ᠴᠢᠩᠭᠠᠳᠬᠠᠵᠤ ᠬᠦᠨᠳᠦᠳᠬᠡᠨ ᠦᠵᠡᠵᠦ ᠪᠠᠶᠢᠨ᠎ᠠ᠃ ᠵᠢᠱᠢᠶᠡᠯᠡᠬᠦ ᠳᠤ᠂ ᠪᠠᠭᠠᠲᠤᠷ | ᠲᠡᠷᠢᠭᠦᠯᠡᠭᠴᠢ ᠶᠢᠨ ᠦᠶ᠎ᠡ ᠠᠴᠠ ᠡᠬᠢᠯᠡᠨ᠂ ᠣᠯᠠᠨ ᠲᠣᠭᠲᠠᠭᠠᠯ ᠭᠠᠷᠭᠠᠵᠤ ᠦᠨᠳᠦᠰᠦᠲᠡᠨ ᠤ ᠰᠤᠷᠭᠠᠨ ᠬᠥᠮᠥᠵᠢᠯ ᠢ | ᠳᠡᠮᠵᠢᠵᠡᠢ᠃ ᠡᠭᠦᠨ ᠳᠤ ᠮᠣᠩᠭᠤᠯ ᠰᠤᠷᠤᠭᠴᠢ ᠶᠢᠨ ᠰᠤᠷᠤᠯᠭ᠎ᠠ ᠶᠢᠨ ᠰᠦᠢᠳᠬᠡᠯ ᠢ ᠤᠯᠤᠰ ᠠᠴᠠ ᠳᠠᠭᠠᠭᠠᠵᠤ | ᠠᠪᠬᠤ ᠪᠣᠯᠣᠭᠰᠠᠨ᠃ ᠣᠶᠢᠷ᠎ᠠ ᠶᠢᠨ ᠬᠡᠳᠦᠨ ᠵᠢᠯ ᠳᠤ᠂ ᠬᠥᠳᠡᠭᠡ ᠨᠤᠲᠤᠭ ᠲᠤ ᠰᠤᠷᠭᠠᠭᠤᠯᠢ ᠶᠢ ᠲᠥᠪᠯᠡᠷᠡᠭᠦᠯᠦᠨ | ᠴᠣᠮᠬᠠᠳᠬᠠᠵᠤ᠂ ᠬᠤᠰᠢᠭᠤ ᠪᠣᠯᠣᠨ ᠶᠡᠭᠡ ᠬᠤᠲᠠ ᠳᠤ ᠰᠤᠷᠭᠠᠭᠤᠯᠢ ᠨᠡᠭᠦᠵᠦ᠂ ᠡᠨᠡ ᠨᠢ ᠭᠡᠷ ᠤᠨ ᠠᠬᠠᠮᠠᠳ ᠪᠣᠯᠣᠨ | ᠰᠤᠷᠤᠭᠴᠢ ᠨᠠᠷ ᠲᠤ ᠶᠡᠭᠡ ᠣᠯᠠᠨ ᠬᠦᠴᠢᠷ ᠲᠤᠯᠭᠠᠷᠠᠭᠤᠯᠤᠭᠰᠠᠨ ᠶᠤᠮ᠃ ᠰᠤᠷᠭᠠᠭᠤᠯᠢ ᠶᠢ ᠨᠡᠶᠢᠯᠡᠭᠦᠯᠵᠦ | ᠴᠣᠮᠬᠠᠳᠬᠠᠭᠰᠠᠨ ᠠᠴᠠ ᠬᠤᠶᠢᠰᠢ ᠰᠤᠷᠤᠭᠴᠢᠳ ᠪᠦᠷ ᠰᠤᠷᠭᠠᠭᠤᠯᠢ ᠳᠤ ᠰᠠᠭᠤᠬᠤ ᠬᠡᠷᠡᠭᠲᠡᠢ ᠪᠣᠯᠵᠠᠢ᠂ ᠪᠠᠶᠢᠷᠢ ᠳᠤ | ᠰᠠᠭᠤᠭᠰᠠᠨ ᠰᠤᠷᠤᠭᠴᠢ ᠶᠢᠨ ᠪᠦᠬᠦ ᠵᠠᠷᠤᠳᠠᠯ ᠢ ᠪᠦᠷ ᠤᠯᠤᠰ ᠠᠴᠠ ᠥᠭᠭᠦᠭᠰᠡᠨ ᠪᠣᠯᠪᠠᠴᠤ ᠰᠤᠷᠭᠠᠭᠤᠯᠢ | ᠰᠢᠯᠵᠢᠭᠰᠡᠨ ᠠᠴᠠ ᠪᠣᠯᠵᠤ ᠭᠡᠷ ᠪᠦᠯᠢ ᠳᠤ ᠲᠣᠮᠣᠬᠠᠨ ᠠᠵᠤ ᠠᠬᠤᠢ ᠶᠢᠨ ᠳᠠᠷᠤᠭᠠᠰᠤ ᠪᠣᠯᠣᠭᠰᠠᠨ ᠶᠤᠮ᠃ ᠡᠶᠢᠮᠦ | ᠪᠠᠶᠢᠳᠠᠯ ᠳᠤ ᠪᠠᠶᠢᠷᠢ ᠳᠤ ᠰᠠᠭᠤᠬᠤ ᠰᠤᠷᠤᠭᠴᠢ ᠳᠤ ᠠᠮᠢᠳᠤᠷᠠᠯ ᠤᠨ ᠨᠥᠬᠦᠪᠦᠷᠢ ᠥᠭᠬᠦ ᠪᠣᠯᠣᠯ᠎ᠠ᠃ ᠪᠠᠰᠠ ᠨᠢᠭᠡ | ᠰᠠᠶᠢᠨ ᠲᠥᠷᠥ ᠶᠢᠨ ᠪᠣᠳᠣᠯᠭ᠎ᠠ ᠨᠢ ᠭᠡᠪᠡᠯ᠂ ᠠᠯᠪᠠᠨ ᠪᠠᠶᠢᠭᠤᠯᠭ᠎ᠠ᠂ ᠠᠵᠢᠯ ᠦᠢᠯᠡᠰ ᠤᠨ ᠪᠠᠶᠢᠭᠤᠯᠭ᠎ᠠ᠂ | ᠤᠯᠤᠰ ᠤᠨ ᠠᠯᠪᠠᠲᠠᠨ᠂ ᠤᠯᠤᠰ ᠤᠨ ᠥᠮᠴᠢᠯᠡᠯ ᠤᠨ ᠦᠢᠯᠡᠳᠪᠦᠷᠢ ᠠᠭᠤᠷᠬᠠᠢ ᠳᠤ ᠮᠣᠩᠭᠤᠯ ᠢᠶᠠᠷ ᠰᠤᠷᠤᠯᠴᠠᠭᠰᠠᠨ | ᠰᠤᠷᠤᠭᠴᠢ ᠶᠢ ᠵᠣᠬᠢᠬᠤ ᠬᠠᠷᠢᠴᠠᠯ ᠢᠶᠠᠷ ᠡᠯᠰᠡᠵᠦ ᠠᠪᠬᠤ ᠲᠥᠷᠥ ᠶᠢᠨ ᠪᠣᠳᠣᠯᠭ᠎ᠠ ᠲᠣᠭᠲᠠᠭᠠᠨ ᠬᠡᠷᠡᠭᠵᠢᠭᠦᠯᠵᠡᠢ᠃ | ᠡᠨᠡ ᠪᠣᠯ ᠲᠤᠩ ᠵᠣᠷᠢᠭᠵᠢᠭᠤᠯᠤᠯ ᠪᠣᠯᠣᠭᠰᠠᠨ ᠶᠤᠮ᠃ ᠳᠡᠭᠡᠷ᠎ᠡ ᠠᠴᠠ ᠨᠢ ᠵᠠᠯᠠᠭᠤ ᠦᠶ᠎ᠡ ᠶᠢᠨ ᠬᠥᠮᠥᠰ ᠲᠤᠩ | ᠤᠬᠠᠮᠰᠠᠷᠠᠵᠠᠢ᠃ ᠪᠠᠰᠠ ᠲᠡᠭᠡᠪᠡᠯ ᠮᠠᠨ ᠤ ᠥᠪᠥᠷ ᠮᠣᠩᠭᠤᠯ ᠤᠨ ᠮᠣᠩᠭᠤᠯ ᠰᠤᠷᠭᠠᠭᠤᠯᠢ ᠶᠢᠨ ᠰᠤᠷᠤᠭᠴᠢᠳ | ᠬᠤᠪᠢ ᠨᠢ ᠬᠦᠷᠳᠡᠭ ᠶᠤᠮ ᠪᠣᠯ᠂ ᠪᠦᠬᠦ ᠤᠯᠤᠰ ᠤᠨ ᠠᠯᠢ ᠴᠦ ᠶᠡᠭᠡ ᠳᠡᠭᠡᠳᠦ ᠰᠤᠷᠭᠠᠭᠤᠯᠢ ᠳᠤ ᠨᠡᠷ᠎ᠡ ᠮᠡᠳᠡᠭᠦᠯᠵᠦ | ᠪᠣᠯᠣᠨ᠎ᠠ᠃ ᠡᠨᠡ ᠪᠣᠯ ᠰᠤᠷᠤᠭᠴᠢ ᠶᠢᠨ ᠰᠤᠷᠭᠠᠭᠤᠯᠢ ᠳᠤ ᠣᠷᠣᠬᠤ ᠠᠴᠠ ᠲᠡᠭᠦᠰᠬᠦ ᠬᠦᠷᠲᠡᠯᠡᠬᠢ ᠨᠠᠷᠢᠨ | ᠲᠥᠷᠥ ᠶᠢᠨ ᠪᠣᠳᠣᠯᠭ᠎ᠠ ᠶᠤᠮ᠃ ᠢᠩᠭᠢᠭᠡᠳ ᠰᠤᠷᠤᠭᠴᠢ ᠶᠡᠭᠡ ᠪᠠᠷ ᠨᠡᠮᠡᠭᠳᠡᠵᠡᠢ᠃ | ᠰᠤᠷᠪᠤᠯᠵᠢᠯᠠᠭᠴᠢ᠄ ᠣᠳᠣ ᠲᠤᠯᠭᠠᠮᠳᠠᠵᠤ ᠪᠠᠶᠢᠭ᠎ᠠ ᠠᠰᠠᠭᠤᠳᠠᠯ ᠭᠡᠪᠡᠯ ᠶᠠᠭᠤ ᠪᠠᠶᠢᠨ᠎ᠠ ᠪᠣᠢ︖ | ᠠᠪᠤᠷᠭᠤ᠄ ᠮᠢᠨᠤ ᠦᠵᠡᠬᠦ ᠪᠠᠷ᠂ ᠬᠥᠬᠡᠬᠤᠲᠠ ᠳᠤ ᠮᠣᠩᠭᠤᠯ ᠰᠤᠷᠭᠠᠭᠤᠯᠢ ᠶᠢᠨ ᠡᠬᠢ ᠪᠠᠶᠠᠯᠢᠭ ᠳᠤᠲᠠᠵᠤ | ᠪᠠᠶᠢᠨ᠎ᠠ᠃ ᠰᠢᠯᠲᠠᠭᠠᠨ ᠭᠡᠪᠡᠯ ᠭᠤᠷᠪᠠ ᠪᠠᠶᠢᠭ᠎ᠠ ᠶᠤᠮ᠃ ᠨᠢᠭᠡ ᠳᠤ᠂ ᠣᠳᠣ ᠮᠣᠩᠭᠤᠯ ᠵᠠᠯᠠᠭᠤᠴᠤᠳ | ᠬᠡᠦᠬᠡᠳ ᠢᠶᠠᠨ ᠪᠦᠷ ᠮᠣᠩᠭᠤᠯ ᠢᠶᠠᠷ ᠰᠤᠷᠭᠠᠬᠤ ᠤᠬᠠᠮᠰᠠᠷ ᠲᠠᠢ ᠪᠣᠯᠵᠠᠢ᠃ ᠬᠤᠶᠠᠷ ᠲᠤ᠂ ᠬᠥᠳᠡᠭᠡ ᠶᠢᠨ ᠠᠷᠠᠳ | ᠶᠡᠭᠡ ᠬᠡᠮᠵᠢᠶ᠎ᠡ ᠪᠠᠷ ᠣᠷᠣᠵᠤ ᠢᠷᠠᠵᠤ ᠪᠠᠶᠢᠨ᠎ᠠ᠃ ᠭᠤᠷᠪᠠ ᠳᠤ᠂ ᠲᠥᠷᠥ ᠶᠢᠨ ᠪᠣᠳᠣᠯᠭ᠎ᠠ ᠶᠢᠨ ᠨᠥᠯᠥᠭᠡ ᠪᠠᠶᠢᠨ᠎ᠠ᠃ | ᠣᠳᠣ ᠣᠯᠠᠩᠬᠢ ᠮᠣᠩᠭᠤᠯᠴᠤᠳ ᠬᠡᠦᠬᠡᠳ ᠢᠶᠠᠨ ᠮᠣᠩᠭᠤᠯ ᠰᠤᠷᠭᠠᠭᠤᠯᠢ ᠳᠤ ᠥᠭᠬᠦ ᠳᠤᠷᠠᠲᠠᠢ ᠪᠣᠯᠵᠠᠢ᠃ ᠣᠳᠣ | ᠰᠤᠷᠤᠭᠴᠢ ᠶᠢᠨ ᠲᠤᠭ᠎ᠠ ᠨᠡᠮᠡᠭᠳᠡᠬᠦ ᠶᠢ ᠳᠠᠭᠠᠯᠳᠤᠨ᠂ ᠤᠤᠯ ᠤᠨ ᠰᠤᠷᠭᠠᠭᠤᠯᠢ ᠶᠢᠨ ᠡᠬᠢ ᠪᠠᠶᠠᠯᠢᠭ ᠬᠦᠷᠬᠦ ᠪᠠᠨ | ᠪᠣᠯᠢᠭᠰᠠᠨ ᠶᠤᠮ᠃ ᠬᠥᠬᠡᠬᠤᠲᠠ ᠶᠢᠨ ᠮᠣᠩᠭᠤᠯ ᠦᠨᠳᠦᠰᠦᠲᠡᠨ ᠤ ᠰᠤᠷᠭᠠᠭᠤᠯᠢ ᠤᠤᠯ ᠨᠢ 1500 | ᠰᠤᠷᠤᠭᠴᠢ ᠶᠢᠨ ᠪᠠᠭᠲᠠᠭᠠᠮᠵᠢ ᠲᠠᠢ᠂ ᠪᠢᠳᠠ ᠡᠨᠡ ᠪᠠᠭᠲᠠᠭᠠᠮᠵᠢ ᠶᠢ ᠬᠤᠪᠢᠷᠠᠭᠤᠯᠤᠭᠠᠳ ᠲᠦᠮᠡ ᠢᠯᠡᠭᠦᠦ | ᠪᠣᠯᠭᠠᠭᠰᠠᠨ ᠪᠣᠯᠪᠠᠴᠤ ᠣᠳᠣ ᠪᠠᠰᠠ ᠯᠡ ᠪᠠᠭᠲᠠᠬᠤ ᠦᠭᠡᠢ ᠪᠠᠶᠢᠨ᠎ᠠ᠃ ᠡᠭᠦᠨ ᠢ ᠵᠣᠬᠢᠴᠠᠭᠤᠯᠬᠤ ᠬᠡᠷᠡᠭᠲᠡᠢ᠃ | ᠬᠥᠬᠡᠬᠤᠲᠠ ᠶᠢᠨ ᠰᠠᠶᠢᠬᠠᠨ ᠲᠣᠭᠤᠷᠢᠭ ᠤᠨ ᠮᠣᠩᠭᠤᠯ ᠰᠤᠷᠭᠠᠨ ᠬᠥᠮᠥᠵᠢᠯ ᠶᠡᠭᠡ ᠰᠠᠶᠢᠨ ᠬᠥᠭᠵᠢᠵᠦ ᠪᠠᠶᠢᠨ᠎ᠠ᠂ | ᠲᠡᠨᠳᠡ ᠣᠯᠠᠨ ᠰᠤᠷᠭᠠᠭᠤᠯᠢ ᠴᠡᠴᠡᠷᠯᠢᠭ ᠪᠠᠶᠢᠭ᠎ᠠ ᠪᠥᠭᠡᠳ ᠪᠠᠰᠠ ᠪᠠᠰᠠ ᠪᠠᠶᠢᠭᠤᠯᠵᠤ ᠪᠣᠢ᠂ ᠡᠶᠢᠮᠦ ᠠᠴᠠ | ᠬᠥᠬᠡᠬᠤᠲᠠ ᠶᠢᠨ ᠡᠮᠦᠨ᠎ᠡ ᠵᠠᠬ᠎ᠠ ᠳᠤ ᠬᠡᠷᠡᠭᠴᠡᠭᠡ ᠶᠢ ᠨᠢ ᠬᠠᠩᠭᠠᠵᠤ ᠳᠡᠶᠢᠯᠦᠨ᠎ᠡ᠃ ᠭᠡᠪᠡᠴᠦ ᠬᠥᠬᠡᠬᠤᠲᠠ ᠶᠢᠨ | ᠬᠤᠶᠢᠲᠤ ᠵᠠᠬ᠎ᠠ ᠳᠤ ᠮᠣᠩᠭᠤᠯ ᠰᠤᠷᠭᠠᠭᠤᠯᠢ ᠴᠡᠴᠡᠷᠯᠢᠭ ᠳᠤᠲᠠᠵᠤ ᠪᠣᠢ᠃ | ᠰᠤᠷᠪᠤᠯᠵᠢᠯᠠᠭᠴᠢ᠄ ᠣᠳᠣᠬᠠᠨ ᠳᠤ ᠦᠨᠳᠦᠰᠦᠲᠡᠨ ᠤ ᠰᠤᠷᠭᠠᠨ ᠬᠥᠮᠥᠵᠢᠯ ᠳᠤ ᠶᠠᠮᠠᠷ ᠠᠵᠢᠯ ᠢ ᠬᠢᠬᠦ | ᠲᠤᠯᠭᠠᠮ᠎ᠠ ᠱᠠᠭᠠᠷᠳᠠᠯᠭ᠎ᠠ ᠲᠠᠢ ᠪᠣᠯᠣᠭᠠᠳ ᠪᠠᠶᠢᠨ᠎ᠠ ᠪᠣᠢ︖ | ᠠᠪᠤᠷᠭᠤ᠄ ᠣᠳᠣ ᠥᠪᠥᠷ ᠮᠣᠩᠭᠤᠯ ᠤᠨ ᠲᠥᠷᠥ ᠶᠢᠨ ᠪᠣᠳᠣᠯᠭ᠎ᠠ ᠶᠡᠭᠡ ᠰᠠᠶᠢᠨ᠂ ᠣᠷᠴᠢᠮ ᠤᠨ ᠬᠡᠳᠦᠨ | ᠵᠢᠯ ᠳᠤ ᠭᠡᠷ ᠪᠠᠷᠢᠯᠭ᠎ᠠ ᠲᠣᠨᠤᠭ ᠲᠥᠬᠦᠭᠡᠷᠦᠮᠵᠢ ᠪᠦᠷ ᠰᠠᠶᠢᠨ ᠪᠣᠯᠵᠠᠢ᠃ ᠣᠳᠣ ᠮᠣᠩᠭᠤᠯᠴᠤᠳ ᠥᠪᠡᠷᠲᠡᠭᠡᠨ | ᠴᠢᠷᠮᠠᠶᠢᠬᠤ ᠬᠡᠷᠡᠭᠲᠡᠢ᠃ ᠠᠰᠠᠷ ᠲᠠᠭᠲᠤ ᠶᠢ ᠠᠯᠲᠠ ᠮᠥᠩᠭᠦ ᠪᠠᠷ ᠪᠠᠷᠢᠭᠰᠠᠨ ᠴᠦ ᠬᠥᠮᠥᠨ ᠤ ᠴᠢᠷᠮᠠᠶᠢᠯᠭ᠎ᠠ ᠬᠡᠷᠡᠭᠲᠡᠢ᠃ | ᠮᠣᠩᠭᠤᠯ ᠰᠤᠷᠭᠠᠭᠤᠯᠢ ᠨᠡᠶᠢᠭᠡᠮ ᠤᠨ ᠨᠥᠯᠥᠭᠡ ᠶᠢ ᠠᠪᠴᠤ ᠪᠣᠯᠬᠤ ᠦᠭᠡᠢ᠃ ᠬᠢᠲᠠᠳ ᠰᠤᠷᠭᠠᠭᠤᠯᠢ ᠶᠢᠨ ᠬᠥᠮᠥᠨ | ᠠᠷᠪᠢᠨ᠂ ᠠᠩᠬᠠᠷᠬᠤ ᠬᠥᠮᠥᠨ ᠨᠢ ᠴᠦ ᠠᠷᠪᠢᠨ᠃ ᠡᠶᠢᠮᠦ ᠠᠴᠠ ᠭᠡᠷ ᠤᠨ ᠠᠬᠠᠮᠠᠳ ᠬᠡᠳᠦ᠋ᠢᠪᠡᠷ ᠮᠣᠩᠭᠤᠯ | ᠰᠤᠷᠭᠠᠭᠤᠯᠢ ᠪᠠᠨ ᠠᠩᠬᠠᠷᠤᠭᠰᠠᠨ ᠴᠦ ᠮᠣᠩᠭᠤᠯ ᠪᠠᠭᠰᠢ ᠨᠠᠷ ᠤᠨ ᠪᠠᠶᠢᠷᠢ ᠰᠠᠭᠤᠷᠢ ᠬᠠᠰᠢ ᠯᠡ ᠬᠠᠷᠢᠴᠠᠩᠭᠤᠢ | ᠳᠣᠣᠷ᠎ᠠ ᠪᠠᠶᠢᠨ᠎ᠠ᠃ ᠬᠢᠲᠠᠳ ᠰᠤᠷᠭᠠᠭᠤᠯᠢ ᠶᠢᠨ ᠪᠠᠭᠰᠢ ᠬᠢᠴᠢᠶᠡᠯ ᠤᠨ ᠭᠠᠳᠠᠨ᠎ᠠ ᠳᠠᠪᠲᠠᠬᠤ ᠠᠩᠭᠢ ᠬᠢᠵᠦ᠂ ᠣᠯᠠᠨ | ᠵᠣᠭᠤᠰ ᠮᠥᠩᠭᠦ ᠣᠯᠵᠤ ᠪᠠᠶᠢᠨ᠎ᠠ᠂ ᠨᠢᠭᠡ ᠵᠢᠯ ᠳᠤ ᠲᠡᠷᠭᠡ ᠭᠡᠷ ᠢᠶᠠᠨ ᠪᠦᠷ ᠠᠪᠴᠤ ᠳᠡᠶᠢᠯᠬᠦ ᠮᠥᠩᠭᠦ ᠪᠠᠨ ᠣᠯᠵᠤ | ᠳᠡᠶᠢᠯᠦᠨ᠎ᠡ᠃ ᠭᠡᠪᠡᠴᠦ ᠮᠣᠩᠭᠤᠯ ᠪᠠᠭᠰᠢ ᠨᠠᠷ ᠳᠡᠶᠢᠯᠬᠦ ᠦᠭᠡᠢ᠃ ᠭᠡᠪᠡᠴᠦ ᠮᠣᠩᠭᠤᠯ ᠪᠠᠭᠰᠢ ᠡᠭᠦᠨ ᠳᠤ ᠰᠢᠨᠤᠵᠤ᠂ | ᠠᠲᠠᠭᠠᠷᠬᠠᠵᠤ ᠪᠣᠯᠬᠤ ᠦᠭᠡᠢ᠂ ᠮᠣᠩᠭᠤᠯ ᠪᠠᠭᠰᠢ ᠪᠣᠯᠣᠭᠰᠠᠨ ᠤ ᠬᠤᠪᠢ ᠳᠤ᠂ ᠮᠣᠩᠭᠤᠯ ᠰᠣᠶᠣᠯ ᠤᠯᠠᠮᠵᠢᠯᠠᠯ ᠢᠶᠠᠨ | ᠴᠢᠨᠠᠭᠰᠢᠳᠠ ᠤᠯᠠᠮᠵᠢᠯᠠᠨ ᠪᠠᠳᠠᠷᠠᠭᠤᠯᠬᠤ ᠬᠡᠷᠡᠭᠲᠡᠢ᠂ ᠡᠨᠡ ᠪᠣᠯ ᠮᠣᠩᠭᠤᠯ ᠪᠠᠭᠰᠢ ᠨᠠᠷ ᠤᠨ ᠨᠡᠶᠢᠭᠡᠮ ᠤᠨ ᠦᠷ᠎ᠡ | ᠠᠰᠢᠭ ᠨᠢ ᠪᠠᠶᠢᠭ᠎ᠠ ᠶᠤᠮ᠃ | ᠬᠥᠬᠡᠬᠤᠲᠠ ᠶᠢᠨ ᠮᠣᠩᠭᠤᠯ ᠰᠤᠷᠭᠠᠭᠤᠯᠢ ᠬᠡᠳᠦ᠋ᠢᠪᠡᠷ ᠡᠩ ᠤᠨ ᠰᠤᠷᠭᠠᠭᠤᠯᠢ ᠪᠣᠯᠪᠠᠴᠤ ᠡᠨᠡ | ᠰᠤᠷᠭᠠᠭᠤᠯᠢ ᠶᠢᠨ ᠣᠷᠣᠰᠢᠨ ᠲᠣᠭᠲᠠᠨᠢᠬᠤ ᠤᠳᠬ᠎ᠠ ᠠᠭᠤᠯᠭ᠎ᠠ ᠠᠳᠠᠯᠢ ᠦᠭᠡᠢ᠂ ᠮᠠᠨ ᠤ ᠰᠤᠷᠭᠠᠭᠤᠯᠢ ᠪᠣᠯ ᠨᠢᠭᠡ | ᠶᠣᠰᠣᠨ ᠳᠠᠭᠠᠨ ᠬᠥᠬᠡᠬᠤᠲᠠ ᠶᠢᠨ ᠦᠨᠳᠦᠰᠦᠲᠡᠨ ᠤ ᠰᠤᠷᠭᠠᠨ ᠬᠥᠮᠥᠵᠢᠯ ᠤᠨ ᠲᠤᠭ ᠲᠡᠮᠳᠡᠭ ᠪᠠᠶᠢᠭ᠎ᠠ ᠶᠤᠮ᠃ ᠪᠢ | ᠵᠠᠬᠢᠷᠤᠯ ᠪᠠᠶᠢᠬᠤ ᠳᠠᠭᠠᠨ ᠶᠠᠷᠢᠳᠠᠭ᠂ ᠮᠠᠨ ᠤ ᠰᠤᠷᠭᠠᠭᠤᠯᠢ ᠶᠠᠭᠠᠬᠢᠵᠤ ᠬᠥᠭᠵᠢᠬᠦ ᠨᠢ ᠪᠦᠬᠦ ᠥᠪᠥᠷ ᠮᠣᠩᠭᠤᠯ ᠢ | ᠨᠥᠯᠥᠭᠡᠯᠡᠨ᠎ᠡ᠂ ᠪᠦᠬᠦ ᠥᠪᠥᠷ ᠮᠣᠩᠭᠤᠯ ᠤᠨ ᠦᠨᠳᠦᠰᠦᠲᠡᠨ ᠤ ᠰᠤᠷᠭᠠᠨ ᠬᠥᠮᠥᠵᠢᠯ ᠤᠨ ᠬᠥᠭᠵᠢᠯᠲᠡ ᠨᠢ ᠪᠦᠬᠦ | ᠤᠯᠤᠰ ᠤᠨ ᠪᠤᠰᠤᠳ ᠦᠨᠳᠦᠰᠦᠲᠡᠨ ᠨᠦᠭᠦᠳ ᠤᠨ ᠰᠤᠷᠭᠠᠨ ᠬᠥᠮᠥᠵᠢᠯ ᠢ ᠨᠥᠯᠥᠭᠡᠯᠡᠨ᠎ᠡ᠃ ᠴᠢ ᠬᠥᠮᠥᠨ ᠠᠴᠠ | ᠢᠯᠡᠭᠦᠦ ᠵᠦᠳᠡᠷᠡᠬᠦ ᠮᠠᠭᠠᠳ ᠦᠭᠡᠢ᠂ ᠬᠥᠮᠥᠨ ᠠᠴᠠ ᠪᠠᠭ᠎ᠠ ᠣᠯᠬᠤ ᠮᠠᠭᠠᠳ ᠦᠭᠡᠢ᠂ ᠭᠡᠪᠡᠴᠦ ᠮᠣᠩᠭᠤᠯ ᠪᠠᠭᠰᠢ | ᠪᠣᠯᠣᠭᠰᠠᠨ ᠤ ᠬᠤᠪᠢ ᠳᠤ ᠡᠨᠡ ᠲᠠᠯ᠎ᠠ ᠪᠠᠷ ᠰᠥᠰᠥ ᠭᠠᠷᠭᠠᠨ ᠴᠢᠷᠮᠠᠶᠢᠬᠤ ᠬᠡᠷᠡᠭᠲᠡᠢ᠃ ᠮᠠᠨ ᠤ ᠮᠣᠩᠭᠤᠯ ᠰᠤᠷᠭᠠᠨ | ᠬᠥᠮᠥᠵᠢᠯ ᠬᠡᠳᠦ᠋ᠢᠪᠡᠷ ᠤᠳᠠᠭᠠᠨ ᠵᠢᠯ ᠪᠣᠯᠣᠭᠰᠠᠨ ᠪᠣᠯᠪᠠᠴᠤ ᠲᠡᠭᠡᠵᠦ ᠰᠢᠰᠲ᠋ᠧᠮᠵᠢᠵᠦ ᠬᠥᠭᠵᠢᠵᠦ ᠳᠡᠶᠢᠯᠦᠭᠡ ᠦᠭᠡᠢ | ᠂ ᠡᠨᠡ ᠬᠤᠶᠠᠷ ᠵᠢᠯ ᠰᠠᠶ᠋ᠢ ᠬᠥᠭᠵᠢᠵᠦ ᠢᠷᠠᠵᠠᠢ᠃ ᠰᠤᠷᠭᠠᠭᠤᠯᠢ ᠶᠢᠨ ᠵᠠᠬᠢᠷᠤᠯ ᠪᠣᠯ ᠨᠢᠭᠡᠨ ᠵᠠᠩᠭᠢᠯᠠᠭ᠎ᠠ ᠶᠤᠮ᠃ | ᠵᠠᠬᠢᠷᠤᠯ ᠪᠣᠯᠬᠤ ᠦᠭᠡᠢ ᠪᠣᠯ ᠭᠤᠷᠪᠠᠨ ᠵᠢᠯ ᠳᠤ ᠰᠤᠷᠭᠠᠭᠤᠯᠢ ᠳᠣᠷᠦ᠋ᠢᠲᠠᠨᠠ᠂ ᠭᠡᠪᠡᠴᠦ ᠳᠠᠬᠢᠵᠤ ᠪᠣᠰᠬᠠᠬᠤ ᠳᠤ | ᠠᠷᠪᠠᠨ ᠵᠢᠯ ᠦᠭᠡᠢ ᠪᠣᠯ ᠳᠡᠶᠢᠯᠬᠦ ᠦᠭᠡᠢ᠃ ᠮᠣᠩᠭᠤᠯ ᠪᠠᠭᠰᠢ ᠨᠠᠷ ᠰᠡᠯᠡᠭᠦᠦ ᠲᠠᠶᠢᠪᠤᠭᠤ ᠪᠠᠶᠢᠳᠠᠭ᠂ ᠭᠡᠪᠡᠴᠦ | ᠣᠳᠣ ᠶᠢᠨ ᠥᠷᠢᠰᠦᠯᠳᠦᠭᠡᠨ ᠤ ᠴᠠᠭ ᠦᠶ᠎ᠡ ᠳᠤ ᠪᠢᠳᠠ ᠲᠠᠶᠢᠪᠤᠭᠤ ᠪᠠᠶᠢᠵᠤ ᠪᠣᠯᠬᠤ ᠦᠭᠡᠢ᠂ ᠮᠠᠨ ᠤ ᠪᠠᠭᠰᠢ ᠨᠠᠷ | ᠴᠢᠷᠮᠠᠶᠢᠬᠤ ᠬᠡᠷᠡᠭᠲᠡᠢ᠃ ᠪᠢᠳᠠ ᠰᠤᠷᠤᠭᠴᠢ ᠶᠢᠨ ᠣᠢ ᠪᠢᠯᠢᠭ ᠢ ᠬᠥᠭᠵᠢᠭᠦᠯᠦᠨ᠎ᠡ᠂ ᠰᠤᠷᠬᠤ ᠴᠢᠳᠠᠪᠤᠷᠢ ᠶᠢ ᠨᠢ | ᠬᠥᠭᠵᠢᠭᠦᠯᠬᠦ ᠬᠡᠷᠡᠭᠲᠡᠢ᠂ ᠰᠤᠷᠤᠭᠴᠢ ᠪᠠᠨ ᠠᠮᠢᠳᠤᠯᠢᠭ ᠰᠤᠷᠭᠠᠬᠤ ᠬᠡᠷᠡᠭᠲᠡᠢ᠂ ᠡᠨᠡ ᠪᠣᠯ ᠰᠤᠷᠭᠠᠨ ᠬᠥᠮᠥᠵᠢᠯ ᠤᠨ | ᠡᠴᠦᠰ ᠤᠨ ᠬᠠᠷᠠᠯᠲᠠ ᠶᠤᠮ᠃ | ᠲᠠᠨᠢᠯᠴᠠᠭᠤᠯᠭ᠎ᠠ᠄ ᠠᠪᠤᠷᠭᠤ᠂ ᠬᠥᠬᠡᠬᠤᠲᠠ ᠶᠢᠨ ᠰᠤᠷᠭᠠᠨ ᠬᠥᠮᠥᠵᠢᠯ ᠤᠨ ᠲᠣᠪᠴᠢᠶᠠᠨ ᠤ ᠨᠠᠮ ᠤᠨ | ᠤᠳᠤᠷᠢᠳᠬᠤ ᠳᠤᠭᠤᠶᠢᠯᠠᠩ ᠤᠨ ᠭᠡᠰᠢᠭᠦᠨ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠶᠢᠰᠦᠳᠦᠭᠡᠷ | ᠬᠤᠭᠤᠴᠠᠭᠠᠨ ᠤ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠳᠤᠮᠳᠠᠳᠤ | ᠰᠤᠷᠭᠠᠭᠤᠯᠢ ᠶᠢᠨ ᠳᠡᠭᠡᠳᠦ ᠳᠡᠰ ᠤᠨ ᠪᠠᠭᠰᠢ ᠶᠢᠨ ᠠᠵᠢᠯ ᠮᠡᠷᠭᠡᠵᠢᠯ ᠤᠨ ᠴᠣᠯᠠ ᠲᠠᠢ᠃ 1989 ᠣᠨ ᠤ 9 | ᠳ᠋ᠦ᠋ᠭᠡᠷ ᠰᠠᠷ᠎ᠠ ᠠᠴᠠ 1997 ᠣᠨ ᠤ 5 ᠳ᠋ᠤᠭᠠᠷ ᠰᠠᠷ᠎ᠠ ᠪᠣᠯᠲᠠᠯ᠎ᠠ ᠬᠥᠬᠡᠬᠤᠲᠠ ᠶᠢᠨ ᠬᠢᠩᠭᠠᠨ ᠵᠠᠮ ᠤᠨ | ᠦᠨᠳᠦᠰᠦᠲᠡᠨ ᠤ ᠪᠠᠭ᠎ᠠ ᠰᠤᠷᠭᠠᠭᠤᠯᠢ ᠶᠢᠨ ᠵᠠᠬᠢᠷᠤᠯ ᠢᠶᠠᠷ ᠠᠵᠢᠯᠯᠠᠵᠤ᠂ 1997 ᠣᠨ ᠤ 6 ᠳ᠋ᠤᠭᠠᠷ ᠰᠠᠷ᠎ᠠ ᠠᠴᠠ | 2018 ᠣᠨ ᠤ 5 ᠳ᠋ᠤᠭᠠᠷ ᠰᠠᠷ᠎ᠠ ᠪᠣᠯᠲᠠᠯ᠎ᠠ ᠬᠥᠬᠡᠬᠤᠲᠠ ᠶᠢᠨ ᠮᠣᠩᠭᠤᠯ ᠦᠨᠳᠦᠰᠦᠲᠡᠨ ᠤ ᠰᠤᠷᠭᠠᠭᠤᠯᠢ ᠶᠢᠨ | ᠵᠠᠬᠢᠷᠤᠯ ᠢᠶᠠᠷ ᠠᠵᠢᠯᠯᠠᠵᠠᠢ᠃ ᠤᠳᠠᠭᠠᠨ ᠵᠢᠯ ᠤᠨ ᠲᠤᠷᠰᠢ ᠦᠨᠳᠦᠰᠦᠲᠡᠨ ᠤ ᠰᠤᠷᠭᠠᠨ ᠬᠥᠮᠥᠵᠢᠯ ᠤᠨ ᠨᠢᠭᠡᠳᠦᠭᠡᠷ | ᠹᠷᠣᠨᠲ ᠳᠤ ᠠᠵᠢᠯᠯᠠᠵᠤ ᠢᠷᠡᠬᠦ ᠳᠡᠭᠡᠨ᠂ ᠪᠦᠬᠦ ᠤᠯᠤᠰ ᠤᠨ ᠰᠢᠯᠢᠳᠡᠭ ᠪᠠᠭᠰᠢ᠂ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠰᠢᠯᠢᠳᠡᠭ ᠪᠠᠭᠰᠢ᠂ ᠲᠠᠪᠤᠨ ᠰᠠᠷ᠎ᠠ ᠶᠢᠨ ᠨᠢᠭᠡᠨ ᠤ ᠬᠥᠳᠡᠯᠮᠦᠷᠢ ᠶᠢᠨ | ᠵᠢᠱᠢᠶᠡᠴᠢ ᠶᠢᠨ ᠮᠧᠳᠠᠯ᠂ ᠤᠯᠠᠭᠠᠨᠬᠦᠦ ᠶᠢᠨ ᠮᠣᠩᠭᠤᠯ ᠬᠡᠯᠡ ᠪᠢᠴᠢᠭ ᠤᠨ ᠱᠠᠩᠨᠠᠯ᠂ ᠬᠥᠬᠡᠬᠤᠲᠠ ᠶᠢᠨ ᠣᠨᠴᠠ | ᠳᠡᠰ ᠤᠨ ᠬᠥᠳᠡᠯᠮᠦᠷᠢ ᠶᠢᠨ ᠵᠢᠱᠢᠶᠡᠴᠢ᠂ ᠲᠤᠰᠬᠠᠢ ᠮᠡᠷᠭᠡᠵᠢᠯ ᠤᠨ ᠲᠡᠷᠢᠭᠦᠨ ᠤ ᠴᠢᠳᠠᠪᠤᠷᠢᠲᠠᠨ᠂ ᠰᠢᠯᠢᠳᠡᠭ | ᠰᠤᠷᠭᠠᠭᠤᠯᠢ ᠶᠢᠨ ᠵᠠᠬᠢᠷᠤᠯ᠂ ᠦᠨᠳᠦᠰᠦᠲᠡᠨ ᠤ ᠪᠦᠯᠬᠦᠮᠳᠡᠯ ᠤᠨ ᠲᠡᠷᠢᠭᠦᠨ ᠤ ᠬᠤᠪᠢ ᠬᠥᠮᠥᠨ ᠵᠡᠷᠭᠡ ᠱᠠᠩᠨᠠᠯ | ᠬᠥᠬᠢᠭᠦᠯᠦᠯ ᠢᠷᠠᠭᠤ ᠠᠯᠳᠠᠷ ᠢ ᠵᠠᠯᠭ᠎ᠠ ᠪᠠᠷ ᠬᠦᠷᠲᠡᠵᠦ ᠢᠷᠠᠵᠠᠢ᠃ | ᠰᠤᠷᠪᠤᠯᠵᠢᠯᠠᠭᠴᠢ᠄ ᠲᠥᠪ ᠷᠠᠳᠢᠣ᠋ ᠶᠢᠨ ᠰᠤᠷᠪᠤᠯᠵᠢᠯᠠᠭᠴᠢ ᠨᠠᠶᠢᠷᠰᠠᠭ᠂ ᠠᠷᠠᠳ ᠤᠨ ᠰᠦᠯᠵᠢᠶᠡᠨ ᠤ | ᠰᠤᠷᠪᠤᠯᠵᠢᠯᠠᠭᠴᠢ ᠢᠯᠠᠯᠲᠠ᠂ ᠥᠪᠥᠷ ᠮᠣᠩᠭᠤᠯ ᠤᠨ ᠷᠠᠳᠢᠣ᠋ ᠲᠧᠯᠸᠢᠰ ᠬᠤᠷᠢᠶᠠᠨ ᠤ ᠰᠤᠷᠪᠤᠯᠵᠢᠯᠠᠭᠴᠢ ᠮᠥᠩᠬᠡᠪᠠᠶᠠᠷ | ᠂ ᠪᠣᠣ ᠵᠢᠶᠦ᠋ᠨ᠂ ᠡᠷᠳᠡᠨᠢᠰᠤᠪᠤᠳ᠂ ᠵᠠᠶᠠᠭᠠᠬᠦᠦ᠂ ᠬᠥᠬᠡᠬᠤᠲᠠ ᠶᠢᠨ ᠷᠠᠳᠢᠣ᠋ ᠲᠧᠯᠸᠢᠰ ᠬᠤᠷᠢᠶᠠᠨ ᠤ | ᠰᠤᠷᠪᠤᠯᠵᠢᠯᠠᠭᠴᠢ ᠣᠳᠣ᠂ ᠴᠡᠯᠮᠡᠭ | | |