ᠰᠠᠶᠢᠬᠠᠨ ᠲᠤᠭᠤᠷᠢᠭ ᠤᠨ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠢᠨᠠᠨ ᠪᠠᠶᠢᠴᠠᠭᠠᠯᠲᠠ  ᠶᠢᠨ ︽ᠡᠷᠭᠢᠵᠦ ᠬᠠᠷᠠᠬᠤ︾ ᠬᠠᠷᠢᠭᠤ ᠳᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2018/11/8
ᠰᠠᠶᠢᠬᠠᠨ ᠲᠤᠭᠤᠷᠢᠭ ᠤᠨ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠢᠨᠠᠨ ᠪᠠᠶᠢᠴᠠᠭᠠᠯᠲᠠ ᠶᠢᠨ ︽ᠡᠷᠭᠢᠵᠦ ᠬᠠᠷᠠᠬᠤ︾ ᠬᠠᠷᠢᠭᠤ ᠳᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠢ ᠬᠤᠷᠠᠯᠳᠤᠭᠤᠯᠪᠠ      ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠰᠠᠶᠢᠲᠤᠷ ᠲᠤᠤᠱᠯᠠᠭᠤᠯᠵᠤ᠂ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠢᠨᠠᠨ ᠪᠠᠶᠢᠴᠠᠭᠠᠯᠲᠠ ᠶᠢᠨ ᠬᠠᠷᠢᠭᠤ ᠲᠤᠰᠬᠠᠭᠰᠠᠠ ᠠᠰᠠᠭᠤᠳᠠᠯ ᠢ ᠲᠡᠷᠡ ᠴᠢᠭ ᠢᠶᠠᠷ ᠨᠢ ᠴᠡᠭᠴᠡᠯᠡᠨ ᠰᠠᠶᠢᠵᠢᠷᠠᠭᠤᠯᠤᠨ ᠨᠠᠶᠢᠳᠠᠪᠤᠷᠢᠵᠢᠭᠤᠯᠬᠤ  ᠶᠢᠨ ᠲᠤᠰᠠᠳᠠ᠂ 10 ᠰᠠᠷ᠎ᠠ ᠶᠢᠨ 25 ᠤ ᠡᠳᠦᠷ᠂ ᠬᠥᠬᠡᠬᠤᠲᠠ ᠶᠢᠨ ᠰᠠᠶᠢᠬᠠᠨ ᠲᠤᠭᠤᠷᠢᠭ ᠶᠢᠨ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠢᠨᠠᠨ ᠪᠠᠶᠢᠴᠠᠭᠠᠯᠲᠠ ᠶᠢᠨ ︽ᠡᠷᠭᠢᠵᠦ ᠬᠠᠷᠠᠬᠤ︾ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠪᠠᠶᠢᠷᠢᠯᠠᠭᠤᠯᠬᠤ ᠬᠤᠷᠠᠯ ᠢ ᠬᠤᠷᠠᠯᠳᠤᠭᠤᠯᠪᠠ᠃ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠶᠦᠨ ᠵᠦᠩ ᠾᠧᠦ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠵᠡᠷᠭᠡ ᠬᠤᠯᠪᠣᠭᠳᠠᠯ ᠪᠦᠬᠦᠢ ᠤᠳᠤᠷᠢᠳᠤᠯᠭ᠎ᠠ ᠪᠣᠯᠤᠨ ᠡᠯ᠎ᠡ ᠬᠤᠯᠪᠣᠭᠳᠠᠯ ᠪᠦᠬᠦᠢ ᠭᠠᠵᠠᠷ ᠣᠷᠣᠨ ᠪᠠ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠵᠠᠶ᠃      ᠬᠤᠷᠠᠯ ᠳᠤ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠢᠨᠠᠨ ᠪᠠᠶᠢᠴᠠᠭᠠᠯᠲᠠ ᠶᠢᠨ ︽ᠡᠷᠭᠢᠵᠦ ᠬᠠᠷᠠᠬᠤ︾ ᠬᠠᠷᠢᠭᠤ ᠳᠤᠰᠬᠠᠭᠰᠠᠨ ᠠᠰᠠᠭᠤᠳᠠᠯ ᠢ ᠰᠢᠢᠳᠪᠦᠷᠢᠯᠡᠭᠰᠡᠨ ᠪᠠᠶᠢᠳᠠᠯ ᠤᠨ ᠲᠤᠬᠠᠢ ᠮᠡᠳᠡᠭᠳᠡᠵᠦ᠂ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠢᠨᠠᠨ ᠪᠠᠶᠢᠴᠠᠭᠠᠯᠲᠠ ᠶᠢᠨ ᠬᠠᠷᠢᠭᠤ ᠲᠤᠰᠬᠠᠭᠰᠠᠨ ᠰᠠᠨᠠᠯ ᠢ ᠴᠡᠭᠴᠡᠯᠡᠨ ᠰᠠᠶᠢᠵᠢᠷᠠᠭᠤᠯᠤᠨ ᠨᠠᠶᠢᠳᠠᠪᠤᠷᠢᠵᠢᠭᠤᠯᠬᠤ ᠠᠵᠢᠯ ᠢ ᠬᠢᠬᠦ ᠪᠣᠳᠠᠲᠠᠶ ᠪᠠᠶᠢᠷᠢᠯᠠᠭᠤᠯᠤᠯᠲᠠ ᠬᠢᠭᠰᠡᠨ ᠪᠠᠶᠢᠨ᠎ᠠ᠃      ᠬᠤᠷᠠᠯ ᠠᠴᠠ ᠵᠢᠭᠠᠵᠤ ᠭᠠᠷᠭᠠᠭᠰᠠᠨ ᠨᠢ᠂ ᠡᠯ᠎ᠡ ᠭᠠᠵᠠᠷ ᠣᠷᠣᠨ ᠪᠠ ᠡᠯ᠎ᠡ ᠰᠠᠯᠠᠭ᠎ᠠ ᠮᠦᠴᠢᠷ ᠠᠮᠢ ᠠᠬᠤᠢ ᠣᠷᠴᠢᠨ ᠲᠣᠭᠤᠷᠢᠨ ᠪᠣᠯ ᠨᠠᠮ ᠤᠨ ᠡᠭᠦᠷᠭᠡ ᠬᠠᠷᠢᠭᠤᠴᠠᠯᠭ᠎ᠠ ᠵᠣᠷᠢᠯᠲᠠ ᠲᠠᠢ ᠬᠤᠯᠪᠣᠭᠳᠠᠬᠤ ᠴᠢᠬᠤᠯᠠ ᠤᠯᠤᠰ ᠲᠦᠷᠦ ᠶᠢᠨ ᠠᠰᠠᠭᠤᠳᠠᠯ  ᠂ ᠮᠥᠨᠴᠦ ᠠᠷᠠᠳ ᠤᠨ ᠠᠮᠢᠳᠤᠷᠠᠯ ᠲᠠᠢ ᠬᠤᠯᠪᠣᠭᠳᠠᠬᠤ ᠴᠢᠬᠤᠯᠠ ᠶᠡᠭᠡ ᠨᠡᠶᠢᠭᠡᠮ ᠤᠨ ᠠᠰᠠᠭᠤᠳᠠᠯ ᠪᠤᠯᠬᠤ ᠶᠢ ᠭᠦᠨ ᠤᠶᠢᠯᠠᠭᠠᠵᠦ  ᠂ ᠤᠯᠤᠰ ᠲᠦᠷᠦ ᠶᠢᠨ ᠵᠣᠭᠰᠣᠴᠠ ᠪᠠᠨ ᠴᠢᠨᠠᠭᠰᠢᠳᠠ ᠳᠡᠭᠡᠭᠰᠢᠯᠡᠭᠦᠯᠵᠦ ᠂ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠢᠨᠠᠨ ᠪᠠᠶᠢᠴᠠᠭᠠᠯᠲᠠ ᠶᠢᠨ ᠬᠠᠷᠢᠭᠤ ᠳᠤᠰᠬᠠᠭᠰᠠᠨ  ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠢ ᠦᠨᠡᠨᠬᠦ ᠴᠢᠩᠭᠠᠳᠬᠠᠵᠤ᠂ ᠬᠠᠷᠢᠭᠤᠴᠠᠯᠭᠠᠲᠤ ᠰᠡᠳᠬᠢᠯᠭᠡ᠂ ᠲᠤᠯᠭᠠᠮ᠎ᠠ ᠰᠡᠳᠬᠢᠯᠭᠡ ᠪᠠ ᠡᠭᠦᠷᠭᠡᠳᠦ ᠰᠡᠳᠬᠢᠯᠭᠡ ᠪᠠᠨ  ᠤᠯᠠᠮ ᠨᠢᠭᠡ ᠠᠯᠬᠤᠮ ᠳᠡᠭᠡᠭᠰᠢᠯᠡᠭᠦᠯᠬᠦ ᠬᠡᠷᠡᠭᠲᠡᠶ ᠭᠡᠪᠡ᠃      ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠭᠠᠵᠠᠷ ᠣᠷᠣᠨ ᠪᠠ ᠡᠯ᠎ᠡ ᠰᠠᠯᠠᠭ᠎ᠠ ᠮᠥᠴᠢᠷ ᠠᠵᠢᠯ ᠤᠨ ᠠᠷᠭ᠎ᠠ ᠬᠡᠮᠵᠢᠶ᠎ᠡ ᠶᠢ ᠤᠯᠠᠮ ᠨᠢᠭᠡ ᠠᠯᠬᠤᠮ ᠰᠠᠶᠢᠵᠢᠷᠠᠭᠤᠯᠵᠤ᠂  ᠪᠦᠬᠦ ᠬᠦᠴᠦᠨ ᠢᠶᠠᠷ ᠲᠥᠪ ᠤᠨ ᠤᠷᠴᠢᠨ ᠲᠣᠭᠤᠷᠢᠨ ᠤ ᠬᠠᠮᠠᠭᠠᠯᠠᠯᠲᠠ ᠶᠢᠨ ᠬᠢᠨᠠᠨ ᠪᠠᠶᠢᠴᠠᠭᠠᠯᠲᠠ ᠶᠢᠨ ᠬᠠᠷᠢᠭᠤ ᠲᠤᠰᠬᠠᠭᠰᠠᠠ ᠠᠰᠠᠭᠤᠳᠠᠯ ᠢ ᠴᠡᠭᠴᠡᠯᠡᠨ  ᠰᠠᠶᠢᠵᠢᠷᠠᠭᠤᠯᠵᠤ ᠡᠭᠦᠷᠭᠡ ᠶᠢ ᠲᠣᠳᠣᠷᠬᠠᠶ ᠪᠣᠯᠭᠠᠬᠤ ᠬᠡᠷᠡᠭᠲᠡᠶ᠂ ᠤᠨᠢᠨ ᠳᠡᠭᠡᠷ᠎ᠡ ᠨᠢ᠂ ᠨᠠᠷᠢᠯᠢᠭ᠂ ᠣᠨᠣᠪᠴᠢᠲᠠᠶ᠂ ᠦᠨᠡᠨ ᠠᠴᠠ ᠵᠥᠪ ᠢ ᠡᠷᠢᠵᠤ ᠨᠠᠷᠢᠨ ᠬᠢᠨᠠᠮᠠᠭᠠᠶ ᠰᠤᠳᠤᠯᠬᠤ ᠶᠢ ᠪᠠᠷᠢᠮᠲᠠᠯᠠᠵᠤ᠂ ᠲᠤᠬᠢᠷᠠᠭᠰᠠᠨ ᠠᠷᠭ᠎ᠠ ᠬᠡᠮᠵᠢᠶ᠎ᠡ ᠲᠤᠭᠲᠠᠭᠠᠵᠤ᠂ ᠨᠠᠷᠢᠨ ᠨᠢᠭᠲᠠ ᠲᠦᠯᠦᠪᠯᠡᠯᠭᠡ᠂  ᠲᠤᠬᠢᠷᠠᠮᠵᠢᠲᠠᠢ ᠠᠷᠭ᠎ᠠ‌ᠠᠪᠴᠢᠯ᠂ ᠦᠨᠡᠨ ᠬᠦ ᠠᠬᠢᠴᠠ ᠲᠠᠢ᠂ ᠱᠠᠲᠤᠴᠢ ᠴᠢᠨᠠᠷᠲᠠᠢ ᠦᠷ᠎ᠡ ᠪᠦᠲᠦᠮᠵᠢᠲᠠᠢ ᠪᠠᠶᠢᠬᠤ ᠬᠡᠷᠡᠭᠲᠡᠢ᠃ ᠠᠵᠢᠯ ᠤᠨ ᠭᠤᠣᠯᠳᠠᠯᠭ᠎ᠠ ᠪᠠᠨ ᠲᠤᠪᠤᠶᠢᠯᠭᠠᠠ᠂ ᠠᠭᠠᠷ ᠮᠠᠨᠳᠠᠯ ᠤᠨ ᠪᠣᠬᠢᠷᠲᠤᠯ ᠢ ᠵᠠᠰᠠᠬᠤ᠂ ᠤᠰᠤᠨ ᠤ ᠣᠷᠴᠢᠨ ᠲᠣᠭᠤᠷᠢᠨ ᠢ ᠴᠡᠭᠴᠡᠯᠡᠨ ᠵᠠᠰᠠᠬᠤ᠂ ᠬᠥᠷᠥᠰᠥ ᠰᠢᠷᠣᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠲᠠᠯ᠎ᠠ ᠪᠠᠷ ᠣᠷᠣᠰᠢᠵᠤ ᠪᠠᠶᠢᠭ᠎ᠠ ᠲᠤᠪᠤᠶᠢᠮ᠎ᠠ ᠠᠰᠠᠭᠤᠳᠠᠯ ᠳᠤ ᠲᠤᠬᠢᠷᠠᠮᠵᠢᠲᠠᠢ ᠲᠦᠷᠦ ᠶᠢᠨ ᠪᠤᠳᠤᠯᠭ᠎ᠠ ᠠᠪᠴᠦ᠂ ᠣᠨᠣᠪᠴᠢᠲᠠᠶ ᠬᠦᠴᠦᠯᠡᠨ᠎ᠡ᠂ ᠠᠭᠠᠷ ᠤᠨ ᠴᠢᠨᠠᠷ ᠴᠢᠨᠰᠠᠭ᠎ᠠ ᠶᠢ ᠪᠦᠲᠦᠮᠵᠢᠲᠡᠢ ᠳᠡᠭᠡᠭᠰᠢᠯᠡᠭᠦᠯᠵᠦ᠂ ᠤᠤᠭᠤᠬᠤ ᠤᠰᠤᠨ ᠤ ᠠᠶᠤᠯᠭᠦᠶ ᠶᠢ ᠪᠠᠲᠤᠯᠠᠨ᠎ᠠ᠃ ᠤᠷᠳᠤ ᠬᠤᠭᠤᠴᠠᠭᠠᠨ ᠤ ᠲᠣᠭᠲᠠᠴᠠ ᠶᠢ ᠪᠠᠶᠢᠭᠤᠯᠵᠤ᠂ ᠳᠦᠷᠢᠮ ᠤᠨ ᠪᠠᠶᠢᠭᠤᠯᠤᠯᠲᠠ ᠶᠢᠨ ᠡᠭᠦᠷᠭᠡ ᠶᠢ ᠲᠣᠳᠣᠷᠬᠠᠶᠢᠯᠠᠵᠤ᠂ ᠴᠢᠭᠯᠡᠭᠦᠯᠦᠭᠰᠡᠨ ᠴᠢᠨᠠᠷ ᠲᠠᠢ ᠲᠦᠷᠢᠮ ᠲᠣᠭᠲᠠᠭᠠᠯ ᠲᠣᠭᠲᠠᠭᠠᠨ᠂ ᠠᠵᠢᠯ ᠬᠠᠮᠢᠭᠠᠰᠢ ᠪᠠᠨ ᠬᠥᠭᠵᠢᠨ ᠤᠷᠤᠭᠰᠢᠯᠠᠪᠠᠯ᠂ ᠳᠦᠷᠢᠮ ᠢ ᠲᠡᠨᠳᠡ  ᠪᠦᠷᠢᠳᠦᠭᠦᠯᠵᠤ︔ ᠬᠠᠮᠢᠭ᠎ᠠ ᠠᠰᠠᠭᠤᠳᠠᠯ  ᠪᠠᠶᠢᠪᠠᠯ᠂ ᠲᠦᠷᠢᠮ ᠢ ᠬᠠᠮᠢᠭ᠎ᠠ  ᠲᠡᠭᠦᠯᠳᠡᠷᠵᠢᠭᠦᠯᠵᠦ᠂ ᠠᠯᠳᠠᠰᠢ ᠭᠠᠷᠬᠤ ᠶᠢ ᠬᠤᠷᠢᠭᠯᠠᠬᠤ᠂ ᠪᠤᠴᠠᠯᠲᠠ ᠭᠠᠷᠬᠤ ᠠᠴᠠ ᠰᠡᠷᠭᠡᠶᠢᠯᠡᠬᠦ ᠬᠡᠷᠡᠭᠲᠡᠶ᠃      ᠬᠤᠷᠠᠯ ᠠᠴᠠ ᠱᠠᠭᠠᠷᠳᠠᠭᠰᠠᠨ ᠨᠢ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠡᠷᠬᠡᠪᠰᠢ ᠦᠵᠡᠯ ᠰᠠᠨᠠᠭ᠎ᠠ ᠪᠣᠯᠤᠨ ᠦᠢᠯᠡ ᠠᠵᠢᠯᠯᠠᠭ᠎ᠠ ᠪᠠᠨ ᠨᠠᠮ ᠤᠨ ᠲᠥᠪ ᠬᠤᠷᠢᠶᠠᠨ ᠤ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠳᠡᠭᠡᠷ᠎ᠡ ᠨᠢᠭᠡᠳᠬᠡᠵᠦ᠂ ᠪᠡᠷᠬᠡ ᠶᠢ ᠳᠠᠪᠠᠨ ᠪᠣᠭᠤᠮᠲᠠ ᠰᠢᠪᠲᠤᠯᠵᠤ᠂ ᠲᠥᠪ ᠤᠨ ᠣᠷᠴᠢᠨ ᠠᠬᠤᠶ ᠶᠢᠨ ᠬᠠᠮᠠᠭᠠᠯᠠᠯᠲᠠ ᠶᠢᠨ ᠰᠢᠪᠠᠳᠠᠨ ᠪᠠᠶᠢᠴᠠᠭᠠᠯᠲᠠ ᠶᠢᠨ ᠴᠡᠭᠴᠡᠯᠡᠨ ᠥᠭᠡᠷᠡᠴᠢᠯᠡᠬᠦ ᠠᠵᠢᠯ ᠢ ᠪᠦᠬᠦ ᠬᠦᠴᠦ ᠪᠠᠷ ᠢᠶᠠᠨ ᠠᠬᠢᠭᠤᠯᠵᠤ᠂ ᠪᠥᠬᠦ  ᠲᠤᠭᠤᠷᠢᠭ ᠤᠨ ᠠᠵᠤ ᠠᠬᠤᠶ ᠨᠡᠶᠢᠭᠡᠮ ᠤᠨ ᠡᠯ᠎ᠡ ᠵᠦᠢᠯ ᠤᠨ ᠦᠢᠯᠡᠰ ᠤᠨ ᠬᠥᠭᠵᠢᠯᠲᠡ ᠳᠤ ᠪᠠᠷ᠎ᠠ ᠪᠤᠯᠤᠨ᠎ᠠ᠃ ︵ᠰᠢᠨ᠎ᠡ ᠵᠠᠭᠤᠴᠢᠯᠠᠭᠤᠷ ᠤᠨ ᠲᠦᠪ ᠤᠨ  ᠪᠦᠸᠧ ᠲᠤᠤ  ᠵᠢᠶᠠ ᠿᠢ ᠰᠢᠨ︶
 
ᠢᠷᠡᠯᠲᠡ᠄ ᠰᠠᠶᠢᠬᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号