ᠰᠠᠶᠢᠬᠠᠨ ᠲᠤᠭᠤᠷᠢᠭ ᠪᠣᠯ ᠬᠥᠬᠡᠬᠤᠲᠠ ᠶᠢᠨ ᠬᠤᠲᠠ ᠶᠢᠨ ᠲᠣᠭᠤᠷᠢᠭ ᠤᠨ ᠵᠡᠭᠦᠨ ᠡᠮᠦᠨᠡᠲᠦ ᠬᠡᠰᠡᠭ᠂ | ᠲᠥᠪ ᠬᠤᠲᠠ ᠶᠢᠨ ᠦᠷᠭᠡᠳᠭᠡᠯ ᠤᠨ ᠭᠤᠣᠯ ᠴᠢᠭᠯᠡᠯ ᠳᠡᠭᠡᠷ᠎ᠡ ᠣᠷᠣᠰᠢᠵᠤ᠂ ᠬᠤᠲᠠ ᠶᠢᠨ ᠳᠣᠲᠣᠷᠠᠬᠢ ᠳᠥᠷᠪᠡᠨ | ᠲᠣᠭᠤᠷᠢᠭ ᠤᠨ ᠨᠢᠭᠡ ᠪᠤᠯᠤᠨ᠎ᠠ᠂ ᠲᠣᠭᠤᠷᠢᠭ ᠤᠨ ᠬᠠᠷᠢᠶ᠎ᠠ ᠣᠷᠣᠨ ᠤ ᠶᠡᠷᠦᠩᠬᠡᠶ ᠲᠠᠯᠠᠪᠠᠶ 1025 ᠲᠡᠭᠰᠢ | ᠳᠥᠷᠪᠡᠯᠵᠢᠨ ᠺᠢᠯᠣᠮᠧᠲᠷ᠂ ᠬᠦᠬᠡᠬᠤᠲᠠ ᠶᠢᠨ ᠲᠠᠯᠠᠪᠠᠶ ᠪᠠᠷ ᠬᠠᠮᠤᠭ ᠶᠡᠭᠡ ᠲᠣᠭᠤᠷᠢᠭ ᠪᠤᠯᠤᠨ᠎ᠠ᠂ ᠲᠡᠭᠦᠨ ᠳᠤ ᠨᠢᠭᠡ | ᠨᠡᠭᠡᠭᠡᠨ ᠬᠥᠭᠵᠢᠭᠦᠯᠬᠦ ᠣᠷᠣᠨ ᠲᠠᠢ ︵ ᠶᠢᠨ ᠴᠢᠶᠣᠤ ᠨᠡᠭᠡᠭᠡᠯᠲᠡ ᠶᠢᠨ ᠲᠣᠭᠤᠷᠢᠭ︶᠂ 3 ᠪᠠᠯᠭᠠᠰᠤ᠂ 8 ᠵᠡᠭᠡᠯᠢ | ᠭᠤᠳᠤᠮᠵᠢ᠂ ᠨᠡᠶᠢᠲᠡ 101 ᠵᠠᠰᠠᠭ ᠵᠠᠬᠢᠷᠭᠠᠨ ᠤ ᠲᠣᠰᠬᠤᠨ᠂ 90 ᠨᠡᠶᠢᠭᠡᠮ ᠲᠣᠭᠤᠷᠢᠭ ᠤᠨ ᠰᠠᠭᠤᠭᠠᠯᠢ | ᠠᠷᠠᠳ ᠤᠨ ᠵᠥᠪᠯᠡᠯ᠂ ᠨᠡᠶᠢᠲᠡ 83 ᠲᠦᠮᠡᠨ ᠬᠥᠮᠦᠨ ᠠᠮᠠ ᠲᠠᠢ᠂ ᠪᠠᠶᠢᠩᠭᠤ ᠰᠠᠭᠤᠭ᠎ᠠ ᠬᠥᠮᠦᠨ 43.1 ᠲᠦᠮᠡ | ᠂ ᠡᠭᠦᠨ ᠳᠤ ᠬᠤᠲᠠ ᠪᠠᠯᠭᠠᠰᠤᠨ ᠤ ᠬᠥᠮᠦᠨ ᠠᠮᠠ 30.7 ᠲᠦᠮᠡ᠂ ᠲᠠᠷᠢᠶᠠᠯᠠᠬᠤ ᠬᠥᠮᠦᠨ ᠠᠮᠠ 12.4 ᠲᠦᠮᠡ | ᠃ ᠮᠣᠩᠭᠤᠯ ᠦᠨᠳᠦᠰᠦᠲᠡᠨ ᠭᠤᠣᠯ ᠴᠤᠭᠴᠠᠰ ᠪᠤᠯᠠᠵᠤ᠂ ᠬᠢᠲᠠᠳ ᠦᠨᠳᠦᠰᠦᠲᠡᠨ ᠣᠯᠠᠩᠬᠢ ᠲᠤᠭ᠎ᠠ ᠶᠢ | ᠡᠵᠡᠯᠡᠭᠰᠡᠨ ᠣᠯᠠᠨ ᠦᠨᠳᠦᠰᠦᠲᠡᠨ ᠲᠥᠪᠯᠡᠷᠡᠨ ᠰᠠᠭᠤᠷᠢᠰᠢᠭᠰᠠᠨ ᠣᠷᠣᠨ ᠪᠤᠯᠤᠨ᠎ᠠ᠂ ᠮᠣᠩᠭᠤᠯ᠂ ᠬᠢᠲᠠᠳ᠂ ᠮᠠᠨᠵᠤ᠂ | ᠵᠤᠸᠠᠩ᠂ ᠲᠦᠪᠡᠳ᠂ ᠰᠣᠯᠣᠩᠭᠤᠰ᠂ ᠳᠠᠭᠤᠷ ᠵᠡᠷᠭᠡ 35 ᠦᠨᠳᠦᠰᠦᠲᠡᠨ ᠲᠠᠢ᠂ ᠴᠥᠭᠡᠨ ᠲᠣᠭᠠᠲᠤ | ᠦᠨᠳᠦᠰᠦᠲᠡᠨ ᠤ ᠬᠥᠮᠦᠨ ᠠᠮᠠ7.94 ᠲᠦᠮᠡ᠂ ᠡᠭᠦᠨ ᠳᠤ ᠮᠣᠩᠭᠤᠯ ᠦᠨᠳᠦᠰᠦᠲᠡᠨ ᠤ ᠬᠥᠮᠦᠨ ᠠᠮᠠ 6 .6 | ᠲᠦᠮᠡ᠂ ᠪᠦᠬᠦ ᠣᠷᠣᠨ ᠳᠤ ᠲᠦ᠋ ᠯᠢᠶᠠᠩ ᠵᠢᠢ ᠰᠢᠶᠠᠨ ᠵᠡᠷᠭᠡ 10 ᠴᠥᠭᠡᠨ ᠲᠣᠭᠠᠲᠤ ᠦᠨᠳᠦᠰᠦᠲᠡᠨ ᠲᠥᠪᠯᠡᠷᠡᠨ | ᠰᠠᠭᠤᠵᠤ ᠪᠠᠶᠢᠭ᠎ᠠ ᠲᠣᠰᠬᠤᠨ ᠲᠠᠢ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ᠂ | ᠥᠪᠡᠷᠲᠡᠭᠡᠨ ᠵᠠᠰᠠᠬᠤ ᠣᠷᠣᠨ ᠤ ᠲᠢᠩᠬᠢᠮ ᠲᠣᠪᠴᠢᠶ᠎ᠠ ᠶᠢᠨ ᠠᠯᠪᠠᠨ ᠪᠠᠶᠢᠭᠤᠯᠭ᠎ᠠ ᠮᠠᠨ ᠤ ᠲᠤᠭᠤᠷᠢᠭ ᠳᠤ | ᠪᠠᠶᠢᠷᠢᠰᠢᠵᠤ᠂ ᠥᠪᠥᠷ ᠮᠣᠩᠭᠤᠯ ᠤᠨ ᠶᠡᠭᠡ ᠰᠤᠷᠭᠠᠭᠤᠯᠢ ᠵᠡᠷᠭᠡ ᠭᠤᠣᠯᠳᠠᠯᠭ᠎ᠠ ᠲᠠᠢ ᠶᠡᠭᠡ ᠰᠤᠷᠭᠠᠭᠤᠯᠢ ᠂ | ᠰᠠᠨᠰᠠᠷ ᠤᠨ ᠠᠶᠠᠯᠠᠯ ᠤᠨ ᠵᠢᠷᠭᠤᠳᠤᠭᠠᠷ ᠬᠦᠷᠢᠶᠡᠯᠡᠩ ᠵᠡᠷᠭᠡ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ | ᠲᠤᠭᠤᠷᠢᠭ ᠳᠤ ᠰᠠᠭᠤᠷᠢᠰᠢᠵᠤ ᠪᠠᠶᠢᠨ᠎ᠠ᠃ | ᠰᠠᠶᠢᠬᠠᠨ ᠲᠣᠭᠤᠷᠢᠭ ᠪᠣᠯ ᠪᠠᠶᠠᠯᠢᠭ ᠦᠵᠡᠰᠬᠦᠯᠡᠩᠲᠦ ᠲᠦᠮᠡᠳ ᠤᠨ ᠲᠠᠯ᠎ᠠ ᠭᠠᠵᠠᠷ ᠲᠤ ᠤᠷᠤᠰᠢᠵᠤ᠂ | ᠤᠮᠠᠷᠠᠰᠢ ᠳᠠᠯᠠᠨ ᠬᠠᠷ᠎ᠠ ᠠᠭᠤᠯᠠ ᠶᠢ ᠲᠦᠰᠢᠵᠦ᠂ ᠡᠮᠦᠨ᠎ᠡ ᠶᠡᠭᠡ ᠲᠦᠷᠭᠡᠨ ᠭᠤᠤᠯ ᠲᠠᠢ ᠬᠠᠪᠢ ᠨᠡᠶᠢᠯᠡᠵᠦ ᠂ | ᠵᠡᠭᠦᠨ ᠬᠡᠰᠡᠭ ᠪᠠ ᠵᠡᠭᠦᠨ ᠡᠮᠦᠨᠡᠲᠦ ᠬᠡᠰᠡᠭ ᠤᠯᠠᠭᠠᠨᠴᠠᠪ ᠬᠤᠲᠠ ᠶᠢᠨ ᠵᠦᠸᠧᠽᠢ ᠰᠢᠶᠠᠨ᠂ ᠯᠢᠶᠠᠩᠴᠧᠩ | ᠰᠢᠶᠠᠨ ᠲᠠᠢ ᠬᠥᠷᠰᠢᠯᠡᠵᠦ᠂ ᠪᠠᠷᠠᠭᠤᠨ ᠬᠡᠰᠡᠭ ᠲᠤ ᠢᠦᠢ ᠴᠢᠤᠸᠠᠨ ᠲᠣᠭᠤᠷᠢᠭ᠂ ᠡᠮᠦᠨ᠎ᠡ ᠬᠡᠰᠡᠭ ᠬᠤᠷᠢᠨᠭᠡᠷ | ᠰᠢᠶᠠᠨ ᠲᠠᠢ ᠵᠠᠬ᠎ᠠ ᠨᠡᠶᠢᠯᠡᠵᠦ᠂ ᠬᠤᠶᠢᠲᠤ ᠬᠡᠰᠡᠭ ᠰᠢᠨ᠎ᠡ ᠬᠤᠲᠠ ᠲᠣᠭᠤᠷᠢᠭ ᠲᠠᠢ ᠬᠥᠷᠰᠢᠯᠡᠵᠦ ᠪᠠᠶᠢᠨ᠎ᠠ᠃ ᠭᠠᠵᠠᠷ | ᠵᠦᠢ ᠶᠢᠨ ᠪᠠᠶᠢᠷᠢᠰᠢᠯ᠂ ᠵᠡᠭᠦᠨ ᠤᠷᠲᠤᠷᠢᠭ ᠤᠨ 111。40' ᠠᠴᠠ112。 10' ᠂ ᠤᠮᠠᠷᠠᠲᠤ | ᠥᠷᠭᠡᠷᠢᠭ ᠤᠨ 40。 36' ᠠᠴᠠ 40。 57' ᠤᠨ ᠬᠤᠭᠤᠷᠣᠨᠳᠣ ᠪᠠᠶᠢᠳᠠᠭ᠃ ᠰᠠᠶᠢᠬᠠᠨ ᠲᠣᠭᠤᠷᠢᠭ ᠤᠨ | ᠭᠠᠵᠠᠷ ᠤᠨ ᠪᠠᠶᠢᠴᠠ ᠲᠠᠯ᠎ᠠ ᠭᠠᠵᠠᠷ᠂ ᠠᠭᠤᠯᠠᠷᠬᠠᠭ ᠣᠷᠣᠨ᠂ ᠳᠣᠪᠣᠴᠠᠭ ᠭᠠᠵᠠᠷ ᠢᠶᠠᠷ ᠭᠤᠣᠯᠯᠠᠵᠤ᠂ ᠤᠮᠠᠷᠠᠲᠤ | ᠬᠡᠰᠡᠭ ᠢᠶᠠᠷ ᠢᠶᠠᠨ ᠥᠨᠳᠥᠷ ᠡᠮᠦᠨᠡᠲᠦ ᠬᠡᠰᠡᠭᠢᠶ᠋ᠡᠷ ᠢᠶᠠᠨ ᠳᠣᠣᠷ᠎ᠠ᠂ ᠵᠡᠭᠦᠨ ᠬᠡᠰᠡᠭ ᠢᠶᠠᠷ ᠢᠶᠠᠨ ᠥᠨᠳᠥᠷ ᠪᠠᠷᠠᠭᠤᠨ | ᠬᠡᠰᠡᠭ ᠢᠶᠠᠷ ᠢᠶᠠᠨ ᠳᠣᠣᠷ᠎ᠠ᠂ ᠪᠠᠷᠠᠭᠤᠨ ᠡᠮᠦᠨ᠎ᠡ ᠬᠡᠰᠡᠭ ᠢᠶᠠᠷ ᠢᠶᠠᠨ ᠪᠠᠭ᠎ᠠ ᠳᠣᠣᠷ᠎ᠠ᠂ ᠠᠭᠤᠯᠠᠷᠬᠠᠭ ᠭᠠᠵᠠᠷ ᠬᠢᠭᠡᠳ | ᠲᠠᠯ᠎ᠠ ᠭᠠᠵᠠᠷ ᠨᠢ ᠪᠠᠶᠢᠭᠠᠯᠢ ᠶᠢᠨ ᠨᠠᠯᠠᠤᠴᠠ ᠲᠠᠢ ᠂ ᠳᠤᠮᠳᠠᠴᠢ ᠨᠠᠯᠠᠤᠴᠠ ᠨᠢ 2-3%᠃ ᠬᠤᠶᠢᠲᠤ ᠬᠡᠰᠡᠭ ᠪᠠ | ᠵᠡᠭᠦᠨ ᠬᠡᠰᠡᠭ ᠨᠢ ᠳᠠᠯᠠᠨ ᠬᠠᠷ᠎ᠠ ᠠᠭᠤᠯᠠ ᠶᠢᠨ ᠠᠭᠤᠯᠠᠷᠬᠠᠭ ᠣᠷᠣᠨ ᠤ ᠨᠢᠭᠡ ᠬᠡᠰᠡᠭ ᠪᠤᠯᠤᠨ᠎ᠠ᠃ ᠠᠭᠤᠷ ᠠᠮᠢᠰᠬᠤᠯ | ᠳᠤᠮᠳᠠ ᠰᠡᠷᠢᠭᠦᠨ ᠪᠦᠰᠡ ᠶᠢᠨ ᠡᠬᠡ ᠭᠠᠵᠠᠷ ᠤᠨ ᠴᠢᠨᠠᠷᠲᠠᠶ᠂ ᠵᠢᠯ ᠤᠨ ᠳᠤᠮᠳᠠᠴᠢ ᠳᠤᠯᠠᠭᠠᠨ ᠤ ᠬᠡᠮᠵᠢᠶ᠎ᠡ ᠨᠢ 5.8 | ℃᠂ ᠡᠳᠦᠷ ᠰᠥᠨᠢ ᠶᠢᠨ ᠳᠤᠯᠠᠭᠠᠨ ᠤ ᠵᠥᠷᠢᠶ᠎ᠡ ᠨᠢ ᠪᠠᠷᠤᠭ 10 ℃ ᠤᠨ ᠬᠤᠭᠤᠷᠣᠨᠳᠣ ᠪᠠᠶᠢᠵᠤ᠂ ᠵᠢᠯ ᠤᠨ | ᠳᠤᠮᠳᠠᠴᠢ ᠲᠤᠨᠳᠠᠰᠤᠨ ᠤ ᠬᠡᠮᠵᠢᠶ᠎ᠡ ᠨᠢ 417.5 ᠮᠢᠯᠢᠮᠧᠲᠷ᠂ ᠵᠢᠯ ᠤᠨ ᠳᠤᠮᠳᠠᠴᠢ ᠠᠭᠠᠷ ᠤᠨ ᠬᠠᠷᠢᠴᠠᠩᠭᠤᠶ | ᠴᠢᠭᠢᠭᠲᠦᠴᠡ 55% ᠂ ᠵᠢᠯ ᠤᠨ ᠳᠤᠮᠳᠠᠴᠢ ᠬᠢᠷᠠᠭᠤ ᠦᠭᠡᠶ ᠬᠤᠭᠤᠴᠠᠭ᠎ᠠ 125-150 ᠡᠳᠦᠷ᠂ ᠵᠢᠯ ᠤᠨ | ᠳᠤᠮᠳᠠᠴᠢ ᠨᠠᠷᠠ ᠲᠣᠰᠬᠤ ᠴᠠᠭ 2974.4 ᠴᠠᠭ ᠂ ᠬᠠᠮᠤᠭ ᠤᠨ ᠶᠡᠭᠡ ᠴᠡᠪᠳᠡᠭ ᠤᠨ ᠭᠦᠨ ᠤ ᠬᠡᠮᠵᠢᠶ᠎ᠡ ᠨᠢ | 156 ᠰᠠᠨᠲ᠋ᠢᠮᠧᠲᠷ ᠃ | ᠰᠠᠶᠢᠬᠠᠨ ᠲᠣᠭᠤᠷᠢᠭ ᠥᠨᠢ ᠤᠳᠠᠭᠠᠨ ᠲᠡᠦᠬᠡ ᠲᠠᠢ᠂ ᠤᠤᠯ ᠤᠨ ᠬᠥᠬᠡᠬᠤᠲᠠ ᠶᠢᠨ ᠲᠡᠭᠦᠷᠭᠡ᠂ 1956 | ᠤᠨ ᠤ 9 ᠰᠠᠷ᠎ᠠ ᠶᠢᠨ20 ᠤ ᠡᠳᠦᠷ ᠲᠡᠭᠦᠷᠭᠡ ᠶᠢᠨ ᠠᠷᠠᠳ ᠤᠨ ᠵᠥᠪᠯᠡᠯ ᠪᠠᠶᠢᠭᠤᠯᠤᠭᠳᠠᠵᠤ᠂ ᠲᠡᠭᠦᠷᠭᠡᠶᠢ | ᠬᠤᠰᠢᠭᠤ ᠰᠢᠶᠠᠨ ᠤ ᠪᠠᠶᠢᠭᠤᠯᠤᠯ ᠪᠤᠯᠭᠠᠵᠤ᠂ 1968 ᠣᠨ ᠳᠤ ᠲᠡᠭᠦᠷᠭᠡ ᠶᠢᠨ ᠬᠤᠪᠢᠰᠬᠠᠯᠲᠤ ᠬᠤᠷᠢᠶ᠎ᠠ | ᠪᠠᠶᠢᠭᠤᠯᠤᠭᠳᠠᠵᠤ᠂ 1980 ᠣᠨ ᠳᠤ ᠲᠡᠭᠦᠷᠭᠡ ᠶᠢᠨ ᠠᠷᠠᠳ ᠤᠨ ᠵᠠᠰᠠᠭ ᠤᠨ ᠣᠷᠳᠣᠨ ᠪᠠᠶᠢᠭᠤᠯᠤᠭᠳᠠᠪᠠ᠂ | 1999 ᠣᠨ ᠳᠤ ᠬᠥᠬᠡᠬᠤᠲᠠ ᠶᠢᠨ ᠵᠠᠰᠠᠭ ᠵᠠᠬᠢᠷᠭᠠᠨ ᠤ ᠣᠷᠣᠨ ᠠᠴᠠ ᠬᠤᠪᠢᠶᠠᠷᠢ ᠶᠢᠨ ᠳᠠᠬᠢᠨ ᠲᠤᠬᠢᠷᠠᠭᠤᠯᠤᠯᠲᠠ | ᠬᠢᠵᠦ᠂ ᠤᠤᠯ ᠤᠨ ᠲᠡᠭᠦᠷᠭᠡ ᠶᠢᠨ 7 ᠰᠤᠮᠦ ᠶᠢ ᠲᠤᠰ ᠲᠤᠰ ᠰᠢᠨ᠎ᠡ ᠬᠤᠲᠠ ᠲᠣᠭᠤᠷᠢᠭ᠂ ᠬᠤᠲᠣᠩ ᠲᠣᠭᠤᠷᠢᠭ᠂ | ᠢᠦᠶ ᠴᠢᠤᠸᠠᠨ ᠲᠤᠭᠤᠷᠢᠭ ᠲᠤ ᠬᠤᠪᠢᠶᠠᠵᠤ᠂ ᠡᠭᠦᠨ ᠤ ᠬᠠᠮᠲᠤ ᠰᠢᠨ᠎ᠡ ᠬᠤᠲᠠ ᠲᠣᠭᠤᠷᠢᠭ ᠤᠨ ᠠᠷᠠᠳ ᠵᠠᠮ ᠤᠨ | ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠶᠡᠭᠡ ᠰᠤᠷᠭᠠᠭᠤᠯᠢ ᠶᠢᠨ ᠪᠠᠷᠠᠭᠤᠨ ᠵᠠᠮ ᠤᠨ ᠵᠡᠭᠡᠯᠢ | ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠢ ᠰᠠᠶᠢᠬᠠᠨ ᠲᠤᠭᠤᠷᠢᠭ ᠲᠤ ᠬᠤᠪᠢᠶᠠᠨ ᠦᠭᠴᠦ᠂ 2000 ᠤᠨ ᠤ 6 | ᠰᠠᠷ᠎ᠠ ᠶᠢᠨ14 ᠤ ᠡᠳᠦᠷ ᠵᠢᠩᠬᠢᠨᠢ ᠪᠠᠷ ᠰᠠᠶᠢᠬᠠᠨ ᠲᠣᠭᠤᠷᠢᠭ ᠭᠡᠵᠦ ᠨᠡᠷᠡᠳᠦᠪᠡ᠃ | ᠤᠲᠤ ᠶᠢᠨ ᠬᠠᠷᠢᠶ᠎ᠠ ᠳᠤ ᠶᠢᠨ ᠴᠢᠶᠣᠤ ᠠᠵᠤ ᠠᠬᠤᠶ ᠶᠢᠨ ᠨᠡᠭᠡᠭᠡᠯᠳᠡ ᠶᠢᠨ ᠲᠣᠭᠤᠷᠢᠭ᠂ ᠢᠦᠢ ᠯᠢᠨ ᠪᠠᠯᠭᠠᠰᠤ | ᠂ ᠬᠤᠸᠠᠬᠤᠰᠢᠭᠤ ᠪᠠᠯᠭᠠᠰᠤ᠂ ᠶᠢᠨ ᠾᠧ ᠪᠠᠯᠭᠠᠰᠤ᠂ ᠠᠷᠠᠳ ᠵᠠᠮ ᠤᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ | ᠭᠠᠵᠠᠷ᠂ ᠶᠡᠭᠡ ᠰᠤᠷᠭᠠᠭᠤᠯᠢ ᠶᠢᠨ ᠪᠠᠷᠠᠭᠤᠨ ᠵᠠᠮ ᠤᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠶᠡᠭᠡ | ᠰᠤᠷᠭᠠᠭᠤᠯᠢ ᠶᠢᠨ ᠵᠡᠭᠦᠨ ᠵᠠᠮ ᠤᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠤᠯᠠᠭᠠᠨᠴᠠᠪ ᠵᠡᠭᠦᠨ ᠵᠠᠮ ᠤᠨ | ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠳᠤᠮᠳᠠ ᠵᠡᠷᠭᠡ ᠶᠢᠨ ᠲᠤᠰᠬᠠᠶ ᠮᠡᠷᠭᠡᠵᠢᠯ ᠤᠨ ᠰᠤᠷᠭᠠᠭᠤᠯᠢ ᠶᠢᠨ | ᠵᠠᠮ ᠤᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠵᠣᠣ ᠤᠳᠠ ᠵᠠᠮ ᠤᠨ ᠵᠡᠭᠡᠯᠢ ᠭᠤᠳᠤᠮᠵᠢ ᠶᠢᠨ ᠬᠡᠷᠡᠭ | ᠡᠷᠬᠢᠯᠡᠬᠦ ᠭᠠᠵᠠᠷ᠂ ᠴᠡᠯᠡᠭᠡᠷ ᠲᠠᠯ᠎ᠠ ᠵᠠᠮ ᠤᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠪᠠᠶᠠᠨ ᠵᠡᠭᠡᠯᠢ | ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠪᠠᠭᠲᠠᠨ᠎ᠠ᠃ | ᠰᠠᠶᠢᠬᠠᠨ ᠲᠣᠭᠤᠷᠢᠭ ᠪᠤᠯ ᠬᠥᠬᠡᠬᠤᠲᠠ ᠶᠢᠨ ᠤᠯᠤᠰ ᠲᠦᠷᠦ᠂ ᠠᠵᠦ ᠠᠬᠤᠢ᠂ ᠰᠣᠶᠣᠯ ᠤᠨ ᠲᠥᠪ᠂ | ᠭᠠᠵᠠᠷ ᠵᠦᠶ ᠶᠢᠨ ᠪᠠᠶᠢᠷᠢᠯᠠᠯ ᠳᠠᠪᠠᠭᠤᠯᠢᠭ᠂ ᠵᠠᠮ ᠬᠠᠷᠢᠯᠴᠠᠭ᠎ᠠ ᠳᠥᠭᠦᠮ᠂ ᠵᠡᠭᠦᠨᠰᠢ ᠨᠡᠶᠢᠰᠯᠡᠯ ᠪᠡᠭᠡᠵᠢᠩ ᠠᠴᠠ | 500 ᠺᠢᠯᠣᠮᠧᠲᠷ ᠵᠠᠶᠢᠲᠠᠢ᠂ ᠬᠤᠶᠢᠲᠤ ᠡᠷᠢᠶᠡᠨ ᠬᠤᠲᠠ ᠠᠴᠠ 490 ᠺᠢᠯᠣᠮᠧᠲᠷ ᠵᠠᠶᠢᠲᠠᠢ᠂ ᠪᠠᠷᠠᠭᠤᠨᠰᠢ ᠲᠠᠯ᠎ᠠ | ᠨᠤᠲᠤᠭ ᠤᠨ ᠪᠤᠯᠤᠤᠠ ᠲᠡᠮᠦᠷ ᠤᠨ ᠬᠤᠳᠠ ᠪᠤᠭᠤᠲᠤ ᠠᠴᠠ 150 ᠺᠢᠯᠣᠮᠧᠲᠷ ᠵᠠᠶᠢᠲᠠᠢ᠂ ᠪᠠᠷᠠᠭᠤᠨ ᠡᠮᠦᠨ᠎ᠡ | ᠪᠠᠶᠢᠭᠠᠯᠢ ᠶᠢᠨ ᠰᠢᠲᠠᠮᠠᠬᠠᠶ ᠬᠡᠢ ᠪᠠ ᠨᠡᠭᠦᠷᠡᠰᠦᠨ ᠬᠠᠳᠠᠭᠠᠯᠠᠭᠳᠠᠴᠠ ᠪᠠᠷ ᠪᠠᠶᠠᠯᠢᠭ ᠤᠷᠳᠤᠰ ᠬᠤᠳᠠ ᠠᠴᠠ 350 | ᠺᠢᠯᠣᠮᠧᠲᠷ ᠵᠠᠶᠢᠲᠠᠶ ᠪᠠᠶᠢᠨ᠎ᠠ᠃ | ᠲᠤᠭᠤᠷᠢᠭ ᠲᠤ ᠬᠥᠬᠡᠬᠤᠲᠠ ᠶᠢᠨ ᠴᠠᠭᠠᠨ ᠰᠤᠪᠤᠷᠭ᠎ᠠ ᠣᠯᠠᠨ ᠤᠯᠤᠰ ᠤᠨ ᠨᠢᠰᠬᠡᠯ ᠤᠨ ᠪᠠᠭᠤᠳᠠᠯ ᠲᠠᠢ᠂ | ᠪᠡᠭᠡᠵᠢᠩ ᠠᠴᠠ ᠪᠤᠭᠤᠲᠤ ᠬᠦ᠋ᠷᠬᠦ ᠲᠡᠮᠦᠷ ᠵᠠᠮ᠂ ᠲᠡᠮᠦᠷ ᠵᠠᠮ ᠤᠨ ᠭᠤᠷᠪᠠ ᠳᠥᠷᠪᠡᠳᠦᠭᠡᠷ ᠱᠤᠭᠤᠮ᠂ ᠬᠥᠬᠡᠬᠤᠲᠠ | ᠴᠢᠭᠤᠯᠭᠠᠲᠤ ᠬᠠᠭᠠᠯᠭ᠎ᠠ ᠶᠢᠨ ᠲᠡᠮᠦᠷ ᠵᠠᠮ ᠤᠨ ᠠᠶᠠᠨᠴᠢᠨ ᠤ ᠲᠡᠭᠡᠭᠡᠪᠦᠷᠢ ᠶᠢᠨ ᠲᠤᠰᠬᠠᠶ ᠱᠤᠭᠤᠮ᠂ ᠪᠡᠭᠡᠵᠢᠩ | ᠲᠥᠪᠡᠳ᠂ ᠪᠡᠭᠡᠵᠢᠩ ᠰᠢᠨᠵᠢᠠᠩ᠂ ᠬᠥᠬᠡᠬᠤᠲᠠ ᠱᠠ ᠬᠤ᠋ ᠺᠡᠸᠦ ᠶᠢᠨ ᠲᠦᠷᠭᠡᠨ ᠵᠠᠮ᠂ 110 ᠤᠯᠤᠰ ᠤᠨ ᠵᠠᠮ ᠂ | ᠬᠥᠬᠡᠬᠤᠲᠠ ᠯᠢᠶᠠᠩᠴᠧᠩ᠂ ᠬᠥᠬᠡᠬᠤᠲᠠ ᠴᠢᠩ ᠱᠦᠢ ᠾᠧ ᠶᠢᠨ ᠵᠠᠰᠠᠮᠠᠯ ᠵᠠᠮ ᠲᠤᠭᠤᠷᠢᠭ ᠲᠤ ᠠᠭᠤᠯᠵᠠᠵᠤ | ᠪᠠᠶᠢᠬᠤ ᠪᠤᠯᠬᠤ ᠪᠠᠷ ᠪᠡᠭᠡᠵᠢᠩ᠂ ᠪᠠᠷᠠᠭᠤᠨ ᠬᠤᠶᠢᠲᠤ ᠣᠷᠣᠨ᠂ ᠡᠯ᠎ᠡ ᠮᠤᠵᠢ ᠤᠷᠤᠨ ᠲᠠᠢ ᠨᠡᠪᠲᠡᠷᠡᠬᠦ ᠵᠠᠮ | ᠬᠠᠷᠢᠯᠴᠠᠭᠠᠨ ᠤ ᠲᠦᠪ ᠪᠤᠯᠤᠭᠰᠠᠨ ᠪᠠᠶᠢᠨ᠎ᠠ᠃ ᠵᠠᠮ ᠬᠠᠷᠢᠯᠴᠠᠭᠠᠨ ᠤ ᠨᠥᠬᠦᠴᠡᠯ ᠡᠳᠦᠷ ᠢᠷᠡᠬᠦᠶ᠎ᠡ | ᠰᠠᠶᠢᠵᠢᠷᠠᠭᠰᠠᠨ ᠠᠴᠠ᠂ ᠰᠠᠶᠢᠬᠠᠨ ᠲᠤᠭᠤᠷᠢᠭ ᠬᠢᠭᠡᠳ ᠪᠦᠬᠦ ᠤᠯᠤᠰ ᠂ ᠢᠯᠠᠩᠭᠤᠶ᠎ᠠ ᠪᠡᠭᠡᠵᠢᠩ ᠲᠢᠶᠠᠨᠵᠢᠨ | ᠬᠦᠷᠬᠦ ᠳᠤ ᠳᠦᠭᠦᠮ ᠮᠦᠷᠲᠡᠭᠡᠨ ᠬᠤᠷᠳᠤᠨ ᠪᠤᠯᠤᠭᠰᠠᠨ ᠪᠠᠶᠢᠨ᠎ᠠ᠂ ᠮᠦᠨᠴᠦ ᠵᠡᠭᠦᠨ ᠬᠡᠰᠡᠭ ᠤᠨ ᠬᠥᠭᠵᠢᠭᠰᠡᠨ | ᠭᠠᠵᠠᠷ ᠣᠷᠣᠨ ᠪᠣᠯᠤᠨ ᠳᠤᠮᠳᠠ ᠬᠡᠰᠡᠭ᠂ ᠪᠠᠷᠠᠭᠤᠨ ᠬᠡᠰᠡᠭ ᠤᠨ ᠬᠥᠭᠵᠢᠯᠲᠡ ᠪᠠᠷ ᠠᠨᠠᠶ ᠭᠠᠵᠠᠷ ᠣᠷᠣᠨ ᠤ | ᠬᠤᠭᠤᠷᠣᠨᠳᠣᠬᠢ ᠴᠢᠬᠤᠯᠠ ᠵᠠᠮ ᠬᠠᠷᠢᠯᠴᠠᠭᠠᠨ ᠤ ᠬᠤᠯᠪᠤᠭᠠᠰᠤ ᠪᠣᠯᠵᠠᠢ᠃ | ᠣᠶᠢᠷ᠎ᠠ ᠶᠢᠨ ᠵᠢᠯ ᠤᠨ ᠲᠤᠷᠰᠢ᠂ ᠲᠤᠭᠤᠷᠢᠭ ᠤᠨ ᠨᠠᠮ ᠤᠨ ᠬᠤᠷᠢᠶ᠎ᠠ᠂ ᠲᠤᠭᠤᠷᠢᠭ ᠤᠨ ᠵᠠᠰᠠᠭ ᠤᠨ | ᠣᠷᠳᠣᠨ ᠠᠴᠠ ᠠᠵᠤ ᠠᠬᠤᠶ ᠶᠢᠨ ᠬᠥᠭᠵᠢᠯᠲᠡ ᠶᠢᠨ ᠰᠢᠨ᠎ᠡ ᠬᠡᠪ ᠪᠠᠶᠢᠳᠠᠯ ᠳᠤ ᠰᠠᠨᠠᠭᠠᠴᠢᠯᠠᠭ᠎ᠠ ᠲᠠᠢ ᠪᠠᠷ ᠵᠣᠬᠢᠴᠠᠵᠤ | ᠂ ᠳᠡᠭᠡᠳᠦ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠰᠢᠳᠪᠦᠷᠢᠲᠦ ᠪᠤᠲᠤᠯᠭ᠎ᠠ ᠶᠢ ᠡᠷᠡᠰ | ᠲᠤᠤᠰᠯᠠᠭᠤᠯᠵᠤ᠂ ᠪᠦᠲᠦᠭᠡᠨ ᠪᠠᠶᠢᠭᠤᠯᠤᠯᠲᠠ ᠲᠠᠢ ᠨᠢᠭᠲᠠ ᠤᠶᠠᠯᠳᠤᠭᠤᠯᠤᠨ᠂ ︽ᠨᠡᠩ ᠢᠯᠡᠭᠦᠦ ᠠᠮᠢᠳᠤᠯᠢᠭ | ᠬᠦᠴᠦᠨ ᠲᠠᠢ᠂ ᠨᠡᠩ ᠦᠵᠡᠰᠬᠦᠯᠡᠩᠲᠦ ᠰᠠᠶᠢᠬᠠᠨ᠂ ᠨᠡᠩ ᠡᠶ᠎ᠡ ᠵᠣᠬᠢᠴᠠᠯ ᠲᠠᠢ︾ ᠣᠳᠣᠬᠢᠴᠢᠯᠠᠭᠰᠠᠨ ᠬᠤᠳᠠ ᠶᠢᠨ | ᠲᠣᠭᠤᠷᠢᠭ ᠪᠣᠯᠭᠠᠬᠤ ᠬᠠᠷᠠᠯᠲᠠ ᠪᠠᠷ ᠪᠦᠬᠦ ᠲᠤᠭᠤᠷᠢᠭ ᠤᠨ ᠦᠨᠳᠦᠰᠦᠨ ᠤ ᠺᠠᠳ᠋ᠷ᠂ ᠤᠯᠠᠨ ᠲᠦᠮᠡᠨ ᠢ | ᠪᠦᠯᠬᠦᠮᠳᠡᠭᠦᠯᠦᠨ ᠳᠠᠭᠠᠭᠤᠯᠵᠤ᠂ ᠴᠢᠩᠭ᠎ᠠ ᠠᠳᠬᠤᠵᠤ ᠰᠢᠷᠭᠠᠭᠤ ᠠᠵᠢᠯᠯᠠᠵᠤ ᠂ ᠬᠦᠴᠢᠷ ᠪᠡᠷᠬᠡ ᠶᠢ ᠢᠯᠠᠨ ᠳᠠᠪᠠᠵᠤ | ᠂ ᠠᠵᠤ ᠠᠬᠤᠶ ᠨᠡᠶᠢᠭᠡᠮ ᠤᠨ ᠡᠯ᠎ᠡ ᠵᠦᠢᠯ ᠤᠨ ᠦᠢᠯᠡᠰ ᠪᠦᠬᠦ ᠲᠠᠯ᠎ᠠ ᠪᠠᠷ ᠭᠦᠭᠵᠢᠭᠦᠯᠪᠡ᠃ ᠪᠡᠯᠡᠳᠬᠡᠮᠵᠢᠳᠦ | ᠲᠠᠷᠢᠶᠠᠯᠠᠩ ᠪᠠ ᠰᠡᠯᠡᠭᠦᠴᠡᠯ ᠤᠨ ᠲᠠᠷᠢᠶᠠᠯᠠᠩ ᠢᠶᠠᠷ ᠭᠤᠣᠯ ᠪᠣᠯᠭᠠᠭᠰᠠᠨ ᠤᠳᠤᠬᠢᠴᠢᠯᠠᠭᠰᠠᠨ ᠬᠤᠲᠠ ᠶᠢᠨ | ᠲᠠᠷᠢᠶᠠᠯᠠᠩ ᠤᠨ ᠬᠦᠭᠵᠢᠯᠲᠡ ᠶᠢᠨ ᠪᠠᠶᠢᠷᠢᠰᠢᠯ ᠢ ᠪᠤᠢ ᠪᠤᠯᠭᠠᠭᠰᠠᠨ ᠪᠠᠶᠢᠨ᠎ᠠ᠃ ᠴᠢᠯᠠᠭᠤᠨ ᠲᠣᠰᠣ ᠬᠢᠮᠢ ᠶᠢᠨ ᠠᠵᠤ | ᠦᠢᠯᠡᠳᠪᠦᠷᠢ᠂ ᠭᠡᠷᠡᠯ ᠸᠣᠯᠲ ᠪᠠᠷ ᠭᠤᠣᠯ ᠪᠣᠯᠭᠠᠭᠰᠠᠨ ᠠᠵᠤ ᠦᠢᠯᠡᠳᠪᠦᠷᠢ ᠶᠢᠨ ᠠᠵᠤ ᠦᠢᠯᠡᠰ ᠤᠨ ᠰᠢᠰᠲ᠋ᠧᠮ᠂ | ᠣᠳᠣ ᠦᠶ᠎ᠡ ᠶᠢᠨ ᠡᠳ᠋ ᠪᠠᠷᠠᠭᠠᠨ ᠤ ᠭᠦᠢᠯᠭᠡᠭᠡ᠂ ᠡᠯᠧᠺᠲᠷᠣᠨ ᠬᠤᠳᠠᠯᠳᠤᠭ᠎ᠠ᠂ ᠬᠤᠳᠠᠯᠳᠤᠭ᠎ᠠ ᠠᠷᠠᠯᠵᠢᠶᠠᠨ ᠤ | ᠭᠠᠵᠠᠷ ᠲᠠᠷᠢᠶᠠᠨ ᠤ ᠥᠮᠴᠢ᠂ ᠮᠥᠩᠭᠦᠨ ᠭᠦᠢᠯᠭᠡᠭᠡ᠂ ᠶᠡᠷᠦᠩᠬᠡᠶ ᠬᠡᠯᠲᠡᠰ ᠤᠨ ᠠᠵᠤ ᠠᠬᠤᠶ ᠪᠠᠷ ᠭᠤᠣᠯ | ᠪᠣᠯᠭᠠᠭᠰᠠᠨ ᠤᠳᠤ ᠦᠶ᠎ᠡ ᠶᠢᠨ ᠦᠢᠯᠡᠴᠢᠯᠡᠭᠡᠨ ᠤ ᠠᠵᠤ ᠦᠢᠯᠡᠰ ᠤᠨ ᠰᠢᠰᠲ᠋ᠧᠮ ᠢ ᠪᠦᠷᠢᠯᠳᠦᠭᠦᠯᠪᠡ᠃ | 2016 ᠣᠨ ᠳᠤ ᠪᠦᠬᠦ ᠣᠷᠣᠨ ᠤ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠶ ᠥᠷᠲᠡᠭ 655 | ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 8% ᠪᠠᠷ | ᠨᠡᠮᠡᠭᠳᠡᠪᠡ︔ ᠲᠣᠭᠲᠠᠮᠠᠯ ᠬᠦ᠋ᠷᠦᠩᠭᠡ ᠶᠢᠨ ᠪᠡᠯᠡ ᠣᠷᠣᠭᠤᠯᠤᠯᠲᠠ 397 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ | ᠠᠳᠠᠯᠢ ᠬᠤᠭᠤᠴᠠᠭᠠᠨ ᠤ ᠬᠢ ᠠᠴᠠ 13 % ᠪᠠᠷ ᠨᠡᠮᠡᠭᠳᠡᠪᠡ︔ ᠡ᠊ᠩ ᠤᠨ ᠣᠯᠠᠨ ᠨᠡᠶᠢᠲᠡ ᠶᠢᠨ ᠲᠥᠰᠦᠪ ᠤᠨ | ᠣᠷᠣᠯᠭ᠎ᠠ 202 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 6% ᠪᠠᠷ | ᠨᠡᠮᠡᠭᠳᠡᠪᠡ︔ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠪᠦᠬᠦ ᠲᠤᠭ᠎ᠠ 202 | ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 8 % ᠪᠠᠷ ᠨᠡᠮᠡᠭᠳᠡᠪᠡ︔ ᠬᠤᠳᠠ | ᠪᠠᠯᠭᠠᠰᠤᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠪᠦᠷᠢ ᠶᠢᠨ ᠡᠵᠡᠮᠳᠡᠵᠦ ᠪᠣᠯᠬᠤ ᠳᠤᠮᠳᠠᠴᠢ | ᠣᠷᠣᠯᠭ᠎ᠠ 44241 ᠲᠥᠭᠦᠷᠢᠭ ᠬᠦᠷᠴᠦ᠂ ᠠᠳᠠᠯᠢ ᠬᠤᠭᠤᠴᠠᠭᠠᠨ ᠤ ᠬᠢ ᠠᠴᠠ 7.5% ᠪᠠᠷ ᠨᠡᠮᠡᠭᠳᠡᠪᠡ︔ | ᠬᠥᠳᠡᠭᠡ ᠲᠣᠰᠬᠤᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠪᠦᠷᠢ ᠶᠢᠨ ᠡᠵᠡᠮᠳᠡᠵᠦ ᠪᠣᠯᠬᠤ | ᠳᠤᠮᠳᠠᠴᠢ ᠣᠷᠣᠯᠭ᠎ᠠ 16577 ᠲᠥᠭᠦᠷᠢᠭ ᠬᠦᠷᠴᠦ᠂ ᠠᠳᠠᠯᠢ ᠬᠤᠭᠤᠴᠠᠭᠠᠨ ᠤ ᠬᠢ ᠠᠴᠠ 7.6% ᠪᠠᠷ | ᠨᠡᠮᠡᠭᠳᠡᠪᠡ᠃ | 2017 ᠣᠨ ᠤ ᠪᠦᠬᠦ ᠣᠷᠣᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠭᠤᠣᠯ ᠵᠢᠱᠢᠭᠰᠡᠨ | ᠬᠠᠷᠠᠯᠲᠠ ᠪᠣᠯ᠄ ᠲᠤᠭᠤᠷᠢᠭ ᠤᠨ ᠦᠢᠯᠡᠳᠪᠦᠷᠢᠯᠡᠯ ᠤᠨ ᠪᠦᠬᠦ ᠥᠷᠲᠡᠭ ᠢ 7.5% ᠣᠷᠴᠢᠮ ᠂ ᠬᠡᠪᠴᠢᠶᠡᠵᠢᠯ ᠠᠴᠠ | ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠦᠷᠳᠡᠭ 9 % ᠣᠷᠴᠢᠮ᠂ ᠲᠣᠭᠲᠠᠮᠠᠯ ᠬᠦᠷᠦᠩᠭᠡ ᠶᠢᠨ ᠪᠡᠯᠡ | ᠣᠷᠣᠭᠤᠯᠤᠯᠲᠠ ᠶᠢᠨ ᠨᠡᠮᠡᠭᠳᠡᠯ 12% ᠣᠷᠴᠢᠮ ᠂ ᠡ᠊ᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ 6 | % ᠣᠷᠴᠢᠮ ᠂ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠬᠤ ᠶᠡᠷᠦᠩᠬᠡᠶ ᠲᠤᠭ᠎ᠠ 10 % | ᠣᠷᠴᠢᠮ᠂ ᠬᠤᠳᠠ ᠪᠠᠯᠭᠠᠰᠤᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ | ᠪᠣᠯᠬᠤ ᠣᠷᠣᠯᠭ᠎ᠠ 8% ᠣᠷᠴᠢᠮ᠂ ᠬᠥᠳᠡᠭᠡ ᠲᠣᠰᠬᠤᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ | ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 8.5% ᠣᠷᠴᠢᠮ ᠪᠠᠷ ᠨᠡᠮᠡᠭᠳᠡᠭᠦᠯᠦᠨ᠎ᠡ᠃ | 2017 ᠣᠨ ᠤ ᠳᠡᠭᠡᠷ᠎ᠡ ᠬᠠᠭᠠᠰ ᠵᠢᠯ ᠳᠤ᠂ ᠪᠥᠬᠦ ᠣᠷᠣᠨ ᠤ ᠭᠠᠵᠠᠷ ᠣᠷᠣᠨ ᠤ ᠦᠢᠯᠡᠳᠪᠦᠷᠢᠯᠡᠯ ᠤᠨ | ᠶᠡᠷᠦᠩᠬᠡᠶ ᠥᠷᠲᠡᠭ 313.12 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 6. | 9% ᠪᠠᠷ ᠨᠡᠮᠡᠭᠳᠡᠵᠦ᠂ ᠶᠡᠷᠦᠩᠬᠡᠶ ᠬᠡᠮᠵᠢᠶ᠎ᠡ ᠨᠢ ᠨᠡᠮᠡᠭᠳᠡᠭᠡᠳ ᠪᠦᠬᠦ ᠬᠤᠲᠠ ᠶᠢᠨ ᠬᠤᠶᠠᠳᠤᠭᠠᠷ ᠲᠤ᠂ ᠨᠡᠮᠡᠭᠳᠡᠯ ᠤᠨ | ᠬᠤᠷᠳᠤᠴᠠ ᠪᠦᠬᠦ ᠬᠤᠲᠠ ᠶᠢᠨ ᠲᠠᠪᠤᠳᠤᠭᠠᠷ ᠲᠤ ᠤᠷᠤᠪᠠ︔ ᠬᠡᠪᠴᠢᠶᠡᠵᠢᠯ ᠠᠴᠠ ᠳᠡᠭᠡᠭᠰᠢᠬᠢ ᠠᠵᠤ | ᠦᠢᠯᠡᠳᠪᠦᠷᠢ ᠶᠢᠨ ᠤᠢᠢᠯᠡᠳᠭᠡᠭᠦᠨ ᠤ ᠪᠦ᠋ᠬᠦ ᠦᠷᠳᠡᠭ 348.98 ᠳ᠋ᠦᠩᠰᠢᠭᠤᠷ ᠲᠥᠭᠦᠷᠢᠭ᠂ ᠨᠡᠮᠡᠭᠳᠡᠯ ᠦᠷᠲᠡᠭ | ᠠᠳᠠᠯᠢ ᠬᠤᠭᠤᠴᠠᠭᠠᠨ ᠤ ᠬᠢ ᠠᠴᠠ 3 % ᠪᠠᠷ ᠨᠡᠮᠡᠭᠳᠡᠪᠡ︔ ᠲᠣᠭᠲᠠᠮᠠᠯ ᠬᠦ᠋ᠷᠦᠩᠭᠡ ᠶᠢᠨ ᠪᠡᠯᠡ | ᠣᠷᠣᠭᠤᠯᠤᠯᠲᠠ 138.88 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 5.1% | ᠨᠡᠮᠡᠭᠳᠡᠵᠡᠶ᠂ ᠶᠡᠷᠦᠩᠬᠡᠶ ᠬᠡᠮᠵᠢᠶ᠎ᠡ ᠨᠢ ᠨᠡᠮᠡᠭᠳᠡᠭᠡᠳ ᠪᠦᠬᠦ ᠬᠤᠲᠠ ᠶᠢᠨ ᠨᠢᠭᠡᠳᠦᠭᠡᠷ ᠲᠤ᠂ ᠨᠡᠮᠡᠭᠳᠡᠯ ᠤᠨ ᠬᠤᠷᠳᠤᠴᠠ | ᠪᠣᠯ ᠬᠤᠲᠠ ᠶᠢᠨ ᠳᠣᠲᠣᠷᠠᠬᠢ ᠳᠥᠷᠪᠡᠨ ᠲᠣᠭᠤᠷᠢᠭ ᠤᠨ ᠬᠤᠶᠠᠳᠤᠭᠠᠷ ᠲᠤ ᠤᠷᠤᠪᠠ︔ ᠡ᠊ᠩ ᠤᠨ ᠣᠯᠠᠨ | ᠨᠡᠶᠢᠲᠡ ᠶᠢᠨ ᠲᠥᠰᠦᠪ ᠤᠨ ᠣᠷᠣᠯᠭ᠎ᠠ 27 ᠳ᠋ᠦᠩᠰᠢᠭᠤᠷ ᠲᠦᠭᠦᠷᠢᠭ ᠪᠡᠶᠡᠯᠡᠭᠦᠯᠵᠦ᠂ ᠠᠳᠠᠯᠢ | ᠬᠤᠭᠤᠴᠠᠭᠠᠨ ᠤ ᠬᠢ ᠠᠴᠠ 6% ᠪᠠᠷ ᠨᠡᠮᠡᠭᠳᠡᠵᠡᠶ︔ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ | ᠬᠤᠳᠠᠯᠳᠤᠭᠰᠠᠨ ᠪᠦᠬᠦ ᠲᠤᠭ᠎ᠠ 97.8 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠠᠳᠠᠯᠢ | ᠬᠤᠭᠤᠴᠠᠭᠠᠨ ᠤ ᠬᠢ ᠠᠴᠠ 8.6% ᠨᠡᠮᠡᠭᠳᠡᠵᠡᠶ᠂ ᠪᠥᠬᠦ ᠬᠡᠮᠵᠢᠶ᠎ᠡ᠂ ᠨᠡᠮᠡᠭᠳᠡᠯ ᠤᠨ ᠬᠤᠷᠳᠤᠴᠠ ᠪᠦᠷ ᠪᠦᠬᠦ | ᠬᠤᠲᠠ ᠶᠢᠨ ᠳᠥᠷᠪᠡᠳᠦᠭᠡᠷ ᠲᠤ ᠤᠷᠤᠪᠠ᠂ ᠬᠤᠳᠠ ᠪᠠᠯᠭᠠᠰᠤᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ | ᠬᠥᠮᠦᠨ ᠪᠦᠷᠢ ᠶᠢᠨ ᠡᠵᠡᠮᠳᠡᠵᠦ ᠪᠣᠯᠬᠤ ᠳᠤᠮᠳᠠᠴᠢ ᠣᠷᠣᠯᠭ᠎ᠠ 23140 ᠲᠥᠭᠦᠷᠢᠭ ᠬᠦᠷᠴᠦ᠂ ᠠᠳᠠᠯᠢ | ᠬᠤᠭᠤᠴᠠᠭᠠᠨ ᠤ ᠬᠢ ᠠᠴᠠ 8.1% ᠨᠡᠮᠡᠭᠳᠡᠵᠦ᠂ ᠬᠥᠳᠡᠭᠡ ᠲᠣᠰᠬᠤᠨ ᠤ ᠪᠠᠶᠢᠩᠭᠤ ᠰᠠᠭᠤᠭ᠎ᠠ ᠰᠠᠭᠤᠭᠠᠯᠢ | ᠠᠷᠠᠳ ᠤᠨ ᠬᠥᠮᠦᠨ ᠪᠦᠷᠢ ᠶᠢᠨ ᠡᠵᠡᠮᠳᠡᠵᠦ ᠪᠣᠯᠬᠤ ᠳᠤᠮᠳᠠᠴᠢ ᠣᠷᠣᠯᠭ᠎ᠠ7806 ᠲᠥᠭᠦᠷᠢᠭ ᠬᠦᠷᠴᠦ᠂ ᠠᠳᠠᠯᠢ | ᠬᠤᠭᠤᠴᠠᠭᠠᠨ ᠠᠴᠠ 7.7% ᠪᠠᠷ ᠨᠡᠮᠡᠭᠳᠡᠪᠡ᠃ |