ᠰᠠᠶᠢᠬᠠᠨ ᠲᠣᠭᠤᠷᠢᠭ ᠪᠥᠬᠦ ᠲᠣᠭᠤᠷᠢᠭ ᠤᠨ ᠨᠤᠷᠠᠬᠤ ᠠᠶᠤᠯᠲᠠᠶ ᠭᠡᠷ ᠪᠠᠶᠢᠰᠢᠩ ᠢ ᠰᠢᠨᠡᠳᠭᠡᠨ ᠵᠠᠰᠠᠬᠤ ᠲᠤᠬᠠᠶ ᠶᠢᠨ ᠭᠠᠵᠠᠷ ᠤᠨ ᠬᠤᠷᠠᠯ ᠢ ᠬᠤᠷᠠᠯᠳᠤᠪᠠ
ᠨᠡᠶᠢᠲᠡᠯᠡᠭᠰᠡᠨ ᠴᠠᠭ᠄
2018/5/29
     ᠪᠥᠬᠦ ᠲᠣᠭᠤᠷᠢᠭ ᠤᠨ ᠬᠥᠳᠡᠭᠡ ᠲᠣᠰᠬᠤᠨ ᠤ ᠨᠤᠷᠠᠬᠤ ᠠᠶᠤᠯᠲᠠᠶ ᠭᠡᠷ ᠪᠠᠶᠢᠰᠢᠩ ᠢ ᠥᠭᠡᠷᠡᠴᠢᠯᠡᠬᠦ ᠠᠵᠢᠯ ᠢ ᠤᠯᠠᠮ ᠨᠢᠭᠡ ᠠᠯᠬᠤᠮ ᠲᠦᠯᠬᠢᠨ ᠠᠬᠢᠭᠤᠯᠵᠤ᠂ ᠺᠠᠷᠲᠯᠠᠨ ᠳᠠᠩᠰᠠᠯᠠᠭᠰᠠᠨ ᠶᠠᠳᠠᠭᠤ ᠬᠦᠴᠢᠷᠳᠡᠯᠲᠡᠶ ᠡᠷᠦᠬᠡ ᠶᠢ ︽ᠬᠤᠶᠠᠷ ᠠᠴᠠ ᠵᠣᠪᠠᠭ᠋ᠤ ᠦᠭᠡᠢ᠂ ᠭᠤᠷᠪᠠ ᠶᠢ ᠪᠠᠲᠤᠯᠠᠬᠤ︾ ᠶᠠᠳᠠᠭᠤ ᠠᠴᠠ ᠠᠩᠭᠢᠵᠢᠷᠠᠭᠤᠯᠬᠤ ᠬᠠᠷᠠᠯᠲᠠ ᠶᠢ ᠦᠨᠡᠨ ᠬᠦ ᠪᠡᠶᠡᠯᠡᠭᠦᠯᠬᠦ ᠶᠢᠨ ᠲᠤᠰᠠᠳᠠ᠂  5 ᠰᠠᠷ᠎ᠠ ᠶᠢᠨ 13 ᠤ ᠡᠳᠦᠷ᠂ ᠰᠠᠶᠢᠬᠠᠨ ᠲᠣᠭᠤᠷᠢᠭ ᠤᠨ ᠬᠤᠸᠠᠬᠤᠰᠢᠭᠤ ᠪᠠᠯᠭᠠᠰᠤᠨ ᠤ  ᠵᠢᠢ ᠰᠢᠶᠠᠨ ᠲᠣᠰᠬᠤᠨ ᠳᠤ ᠪᠥᠬᠦ  ᠲᠣᠭᠤᠷᠢᠭ ᠤᠨ ᠨᠤᠷᠠᠬᠤ ᠠᠶᠤᠯᠲᠠᠶ ᠭᠡᠷ ᠪᠠᠶᠢᠰᠢᠩ ᠢ  ᠰᠢᠨᠡᠳᠭᠡᠨ ᠵᠠᠰᠠᠬᠤ ᠲᠤᠬᠠᠶ ᠶᠢᠨ ᠭᠠᠵᠠᠷ ᠤᠨ ᠬᠤᠷᠠᠯ ᠢ ᠬᠤᠷᠠᠯᠳᠤᠪᠠ᠃ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠳᠠᠷᠤᠭ᠎ᠠ ᠵᠢᠶ ᠬᠠᠨ ᠭᠠᠩ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠲᠤᠬᠠᠶ ᠶᠢᠨ ᠭᠠᠵᠠᠷ ᠤᠨ ᠬᠤᠷᠠᠯ ᠳᠤ ᠤᠷᠤᠯᠴᠠᠪᠠ᠃      ᠬᠤᠷᠠᠯ ᠳᠤ ᠣᠷᠣᠯᠴᠠᠭᠰᠠᠳ ᠵᠢᠢ ᠰᠢᠶᠠᠨ ᠲᠤᠰᠬᠤᠨ ᠤ ᠶᠠᠳᠠᠭᠤ ᠡᠷᠦᠭᠡ ᠳᠤ ᠬᠦᠷᠴᠦ᠂ ᠭᠡᠷ ᠪᠠᠶᠢᠰᠢᠩ ᠤᠨ ᠪᠠᠶᠢᠳᠠᠯ ᠵᠢᠴᠢ ᠨᠤᠷᠠᠬᠤ ᠠᠶᠤᠯᠲᠠᠶ ᠭᠡᠷ ᠪᠠᠶᠢᠰᠢᠩ ᠢ ᠥᠭᠡᠷᠡᠴᠢᠯᠡᠬᠦ ᠪᠠᠷᠢᠯᠭ᠎ᠠ ᠶᠢᠨ ᠠᠵᠢᠯ ᠵᠡᠷᠭᠡ ᠪᠠᠶᠢᠳᠠᠯ ᠢ ᠲᠣᠭᠤᠷᠢᠨ ᠦᠵᠡᠵᠦ᠂ ᠨᠤᠷᠠᠬᠤ ᠠᠶᠤᠯᠲᠠᠶ ᠭᠡᠷ ᠪᠠᠶᠢᠰᠢᠩ ᠢ ᠰᠢᠨᠡᠳᠭᠡᠨ ᠵᠠᠰᠠᠬᠤ ᠠᠵᠢᠯ ᠤᠨ ᠶᠡᠷᠦᠩᠬᠡᠶ ᠠᠬᠢᠴᠠ ᠶᠢᠨ ᠲᠤᠬᠠᠶ ᠬᠠᠷᠢᠭᠤ ᠮᠡᠳᠡᠭᠦᠯᠦᠯᠲᠡ ᠶᠢ ᠰᠤᠨᠤᠰᠤᠭᠰᠠᠨ ᠤ ᠳᠠᠷᠠᠭ᠎ᠠ᠂ ᠬᠤᠸᠠᠬᠤᠰᠢᠭᠤ ᠪᠠᠯᠭᠠᠰᠤᠨ ᠤ ᠵᠠᠰᠠᠭ ᠤᠨ ᠣᠷᠳᠣᠨ ᠳᠤ ᠶᠠᠷᠢᠯᠴᠠᠬᠤ  ᠬᠤᠷᠠᠯ ᠢ ᠬᠤᠷᠠᠯᠳᠤᠭᠰᠠᠨ ᠪᠠᠶᠢᠨ᠎ᠠ᠃      ᠶᠠᠷᠢᠯᠴᠠᠬᠤ ᠬᠤᠷᠠᠯ ᠳᠡᠭᠡᠷ᠎ᠡ‌ᠵᠢᠶ ᠬᠠᠨ ᠭᠠᠩ ᠵᠢᠭᠠᠵᠤ ᠭᠠᠷᠭᠠᠭᠰᠠᠨ ᠨᠢ᠂ ᠬᠥᠳᠡᠭᠡ ᠲᠣᠰᠬᠤᠨ ᠤ ᠨᠤᠷᠠᠬᠤ ᠠᠶᠤᠯᠲᠠᠶ ᠭᠡᠷ ᠪᠠᠶᠢᠰᠢᠩ ᠢ ᠰᠢᠨᠡᠳᠭᠡᠨ ᠵᠠᠰᠠᠬᠤ ᠪᠣᠯ ᠶᠠᠳᠠᠭᠤ ᠠᠴᠠ ᠠᠩᠭᠢᠵᠢᠷᠠᠭᠤᠯᠬᠤ  ᠪᠤᠭᠤᠮᠲᠠ ᠰᠢᠪᠲᠤᠯᠬᠤ ᠳᠤᠮᠳᠠᠬᠢ ᠨᠢᠭᠡᠨ ᠲᠦᠢᠯ ᠤᠨ ᠴᠢᠬᠤᠯᠠ ᠠᠵᠢᠯ ᠮᠦᠷᠳᠡᠭᠡᠨ ᠶᠠᠳᠠᠭᠤ ᠬᠦᠴᠢᠷᠳᠡᠯᠲᠡᠶ ᠤᠯᠠᠨ ᠲᠦᠮᠡᠨ ᠤ ᠣᠷᠣᠨ ᠰᠠᠭᠤᠴᠠ ᠶᠢᠨ  ᠠᠮᠤᠷ ᠲᠦᠪᠰᠢᠨ ᠲᠠᠢ ᠰᠢᠭᠤᠳ  ᠬᠠᠷᠢᠴᠠᠭ᠎ᠠ ᠲᠠᠢ ᠭᠡᠪᠡ᠃ ᠲᠤᠬᠠᠶ ᠶᠢᠨ ᠲᠠᠯᠠᠪᠤᠷ ᠲᠤ ᠲᠣᠭᠤᠷᠢᠨ ᠦᠵᠡᠬᠦ ᠪᠠ ᠬᠠᠷᠢᠯᠴᠠ ᠲᠣᠯᠢᠯᠠᠬᠤ ᠳᠤᠮᠳᠠ᠂ ᠬᠥᠳᠡᠭᠡ ᠲᠣᠰᠬᠤᠨ ᠤ ᠨᠤᠷᠠᠬᠤ ᠠᠶᠤᠯᠲᠠᠶ ᠭᠡᠷ ᠪᠠᠶᠢᠰᠢᠩ ᠢ ᠰᠢᠨᠡᠳᠭᠡᠨ ᠵᠠᠰᠠᠬᠤ ᠠᠵᠢᠯ ᠳᠤᠮᠳᠠᠬᠢ ᠰᠠᠶᠢᠨ ᠲᠤᠷᠰᠢᠯᠭ᠎ᠠ᠂ ᠰᠠᠶᠢᠨ ᠠᠷᠭ᠎ᠠ ᠢ ᠨᠠᠷᠢᠨ ᠬᠢᠨᠠᠮᠠᠭᠠᠶ ᠳ᠋ᠦᠩᠨᠡᠵᠦ  ᠂  ᠬᠥᠳᠡᠭᠡ ᠲᠣᠰᠬᠤᠨ ᠤ ᠨᠤᠷᠠᠬᠤ ᠠᠶᠤᠯᠲᠠᠶ ᠭᠡᠷ ᠪᠠᠶᠢᠰᠢᠩ ᠢ ᠰᠢᠨᠡᠳᠭᠡᠨ ᠵᠠᠰᠠᠬᠤ ᠠᠵᠢᠯ ᠤᠨ ᠶᠠᠰᠤ ᠴᠢᠨᠠᠷ ᠪᠠ ᠠᠶᠤᠯᠭᠦᠶ ᠶᠢᠨ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠬᠤᠯᠪᠤᠭᠳᠠᠯ ᠪᠦᠬᠦᠢ ᠰᠠᠯᠠᠭ᠎ᠠ ᠮᠦᠴᠢᠷ ᠢ ᠰᠠᠶᠢᠲᠤᠷ ᠲᠤᠬᠢᠷᠠᠭᠤᠯᠵᠤ ᠳᠡᠩᠰᠡᠯᠡᠨ ᠺᠠᠷᠲᠯᠠᠭᠰᠠᠨ ᠶᠠᠳᠠᠭᠤ ᠬᠦᠴᠢᠷᠳᠡᠯᠲᠡᠶ ᠡᠷᠦᠬᠡ ᠶᠢᠨ ᠰᠠᠭᠤᠬᠤ ᠭᠡᠷ ᠦᠭᠡᠢ ᠠᠰᠠᠭᠤᠳᠠᠯ ᠢ ᠰᠢᠢᠳᠪᠦᠷᠢᠯᠡᠵᠦ᠂ ᠬᠥᠳᠡᠭᠡ ᠲᠣᠰᠬᠤᠨ ᠤ ᠨᠤᠷᠠᠬᠤ ᠠᠶᠤᠯᠲᠠᠶ ᠭᠡᠷ ᠪᠠᠶᠢᠰᠢᠩ ᠢ ᠰᠢᠨᠡᠳᠭᠡᠨ ᠵᠠᠰᠠᠬᠤ ᠡᠭᠦᠷᠭᠡ ᠶᠢ ᠪᠡᠶᠡᠯᠡᠭᠦᠯᠬᠦ ᠶᠢ ᠦᠨᠡᠨ ᠬᠦ ᠪᠠᠲᠤᠯᠠᠭᠰᠠᠨ ᠪᠠᠶᠢᠨ᠎ᠠ᠃ ᠡᠭᠦᠨ ᠤ ᠵᠡᠷᠭᠡᠴᠡᠭᠡᠪᠡᠷ᠂ ᠡᠯ᠎ᠡ ᠪᠠᠯᠭᠠᠰᠤ ᠪᠣᠯᠤᠨ ᠲᠠᠷᠢᠶᠠᠯᠠᠩ ᠳᠤ ᠬᠤᠯᠪᠣᠭᠳᠠᠬᠤ ᠵᠡᠭᠡᠯᠢ ᠭᠤᠳᠤᠮᠵᠢ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠵᠣᠬᠢᠶᠠᠨ ᠪᠠᠶᠢᠭᠤᠯᠤᠯᠲᠠ ᠤᠳᠤᠷᠢᠳᠤᠯᠭ᠎ᠠ ᠪᠠᠨ ᠴᠢᠩᠭᠠᠳᠭᠠᠵᠦ᠂ ᠥᠭᠡᠷᠡᠴᠢᠯᠡᠯᠲᠡ ᠶᠢᠨ ᠠᠬᠢᠴᠠ ᠶᠢ ᠲᠠᠰᠤᠷᠠᠯᠲᠠ ᠦᠭᠡᠢ ᠲᠦᠷᠭᠡᠳᠴᠦ᠂ ᠪᠦᠳᠦᠭᠡᠨ ᠪᠠᠶᠢᠭᠤᠯᠤᠯᠲᠠ ᠶᠢᠨ ᠡᠷᠴᠢᠮ ᠢ  ᠤᠯᠠᠮ ᠴᠢᠩᠭᠠᠷᠠᠭᠤᠯᠵᠤ᠂ ᠦᠨᠡᠨ ᠢ  ᠪᠠᠷᠢᠮᠳᠠᠯᠠᠬᠤ᠂ ᠲᠦᠷᠦᠯ ᠬᠤᠪᠢᠶᠠᠨ ᠵᠢᠯᠣᠭᠤᠳᠬᠤ ᠵᠠᠷᠴᠢᠮ ᠢᠶᠠᠷ ᠰᠡᠯᠪᠢᠨ ᠵᠠᠰᠠᠵᠤ ᠪᠣᠯᠬᠤ ᠶᠢ ᠠᠯᠢ ᠴᠢᠳᠠᠬᠤ ᠪᠠᠷ  ᠵᠠᠰᠠᠨ ᠰᠡᠯᠪᠢᠵᠦ᠂ ᠦᠭᠡᠷᠡᠴᠢᠯᠡᠬᠦ ᠴᠢᠬᠤᠯᠠ ᠲᠠᠢ ᠶᠢ ᠴᠠᠭ ᠲᠤᠬᠠᠶ ᠳᠤᠨᠢ ᠥᠭᠡᠷᠡᠴᠢᠯᠡᠵᠦ᠂ ᠡᠷᠦᠬᠡ ᠳᠠᠷᠠᠭᠠᠯᠠᠨ ᠲᠥᠰᠦᠯ ᠢ ᠲᠣᠭᠲᠠᠭᠠᠵᠤ᠂ ᠬᠥᠳᠡᠭᠡ ᠲᠣᠰᠬᠤᠨ ᠤ ᠶᠠᠳᠠᠭᠤ ᠬᠦᠴᠢᠷᠳᠡᠯᠲᠠᠢ ᠬᠦᠮᠦᠰ ᠢ ᠠᠮᠤᠷ ᠲᠦᠪᠰᠢᠨ᠂ ᠪᠥᠬᠡᠯᠢᠭ ᠭᠡᠷ ᠲᠤ ᠰᠠᠭᠤᠯᠭᠠᠬᠤ ᠬᠡᠷᠡᠭᠲᠡᠢ ᠭᠡᠪᠡ᠃ ︵ᠰᠢᠨ᠎ᠡ ᠵᠠᠭᠤᠴᠢᠯᠠᠭᠤᠷ ᠤᠨ ᠲᠥᠪ  ᠪᠥᠸᠧ ᠲᠤᠤ︶
 
ᠢᠷᠡᠯᠲᠡ᠄ ᠰᠠᠶᠢᠬᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号