ᠶᠢᠨ ᠾᠧ ᠪᠠᠯᠭᠠᠰᠤ ᠬᠠᠤᠯᠢ ᠠᠴᠠ ᠵᠦᠷᠢᠴᠡᠭᠰᠡᠨ ᠪᠠᠷᠢᠯᠭ᠎ᠠ ᠶᠢ ᠬᠠᠤᠯᠢ ᠶᠤᠰᠤᠭᠠᠷ ᠨᠤᠷᠠᠭᠠᠪᠠ
ᠨᠡᠶᠢᠲᠡᠯᠡᠭᠰᠡᠨ ᠴᠠᠭ᠄
2018/5/8
     5ᠰᠠᠷ᠎ᠠ ᠶᠢᠨ 4 ᠤ ᠡᠳᠦᠷ᠂ ᠶᠢᠨ ᠾᠧ ᠪᠠᠯᠭᠠᠰᠤᠨ ᠤ ᠵᠠᠰᠠᠭ ᠤᠨ ᠣᠷᠳᠣᠨ ᠲᠦᠷᠦᠭᠦᠯᠡᠵᠦ᠂ ᠰᠠᠶᠢᠬᠠᠨ ᠲᠣᠭᠤᠷᠢᠭ ᠤᠨ ᠬᠤᠲᠠ ᠶᠢᠨ ᠬᠠᠮᠢᠶᠠᠷᠤᠯᠲᠠ᠂ ᠨᠤᠲᠤᠭ ᠳᠡᠪᠢᠰᠬᠡᠷ  ᠂ ᠳᠣᠲᠣᠭᠠᠳᠤ ᠶᠢ ᠬᠠᠮᠠᠭᠠᠯᠠᠬᠤ ᠵᠡᠷᠭᠡ ᠰᠠᠯᠠᠭ᠎ᠠ ᠮᠥᠴᠢᠷ ᠲᠠᠢ ᠬᠠᠮᠲᠤᠷᠠᠨ᠂ ᠶᠢᠨ ᠡᡁᠧ ᠪᠠᠯᠭᠠᠰᠤ ᠶᠢᠨ ᠬᠡᠷᠡᠯᠳᠤ ᠰᠦᠮ᠎ᠡ ᠲᠣᠰᠬᠤᠨ ᠳᠤ᠂ ᠰᠢᠪᠠᠭᠤᠬᠠᠢᠢᠴᠢ ᠲᠣᠰᠬᠤᠨ ᠵᠡᠷᠭᠡ ᠲᠤᠰᠬᠤᠨ ᠤ ᠳᠠᠭᠠᠭᠤᠯᠢ ᠤᠳᠤ ᠪᠠᠷ ᠪᠠᠶᠢᠴᠠᠭᠠᠨ ᠤᠯᠤᠭᠰᠠᠨ ᠬᠠᠤᠯᠢ  ᠠᠴᠠ ᠵᠥᠷᠢᠴᠡᠭᠰᠡᠨ ᠪᠠᠷᠢᠯᠭ᠎ᠠ ᠶᠢ ᠨᠤᠷᠠᠭᠠᠪᠠ᠃      ᠣᠶᠢᠯᠠᠭᠠᠭᠰᠠᠨ ᠢᠶᠠᠷ᠂ ᠡᠨᠡ ᠤᠳᠠᠭᠠᠨ ᠤ ᠠᠵᠢᠯᠯᠠᠭᠠᠨ ᠳᠤ ᠬᠠᠤᠯᠢ ᠬᠡᠷᠡᠭᠵᠢᠭᠦᠯᠬᠦ ᠲᠡᠷᠭᠡ 60 ᠶᠢ ᠬᠥᠳᠡᠯᠭᠡᠵᠦ᠂ ᠬᠠᠤᠯᠢ ᠬᠡᠷᠡᠭᠵᠢᠭᠦᠯᠬᠦ᠂ ᠠᠵᠢᠯᠲᠠᠨ ᠪᠠᠷᠤᠭ 300 ᠬᠥᠮᠦᠨ ᠤᠷᠤᠯᠴᠠᠪᠠ᠃ ᠲᠦᠷᠢᠮ ᠢ ᠵᠥᠷᠢᠴᠡᠭᠰᠡᠨ ᠪᠠᠷᠢᠯᠭ᠎ᠠ ᠶᠢ 13080 ᠺᠦᠸᠠᠲ ᠮᠧᠲᠷ ᠨᠤᠷᠠᠭᠠᠨ ᠠᠷᠢᠯᠭᠠᠪᠠ᠃  ᠲᠤᠰ ᠤᠳᠠᠭᠠᠨ ᠤ ᠠᠵᠢᠯᠯᠠᠭ᠎ᠠ ᠪᠠᠷ ᠳᠠᠮᠵᠢᠭᠤᠯᠤᠨ ᠬᠠᠤᠯᠢ ᠶᠢ ᠵᠦᠷᠢᠴᠡᠨ ᠳᠤᠷ᠎ᠠ ᠪᠠᠷ ᠢᠶᠠᠨ ᠪᠠᠷᠢᠯᠭ᠎ᠠ ᠪᠠᠷᠢᠵᠦ ᠪᠠᠶᠢᠬᠤ ᠪᠠᠶᠢᠳᠠᠯ ᠳᠤ ᠬᠦᠴᠦᠲᠡᠶ ᠴᠣᠬᠢᠯᠲᠠ ᠥᠭᠪᠡ᠂ ᠡᠭᠦᠨ ᠤ ᠬᠠᠮᠲᠤ ᠡᠷᠭᠢᠨ ᠲᠣᠭᠤᠷᠢᠨ ᠤ ᠡᠯ᠎ᠡ ᠭᠠᠴᠠᠭᠠᠨ ᠳᠤ ᠳᠤᠷ᠎ᠠ ᠪᠠᠷ ᠢᠶᠠᠨ ᠪᠠᠷᠢᠯᠭ᠎ᠠ ᠪᠠᠷᠢᠵᠦ ᠪᠠᠶᠢᠬᠤ ᠦᠢᠯᠡ ᠠᠵᠢᠯᠯᠠᠭ᠎ᠠ ᠳᠤ  ᠬᠦᠨᠳᠦ ᠨᠤᠴᠢᠲᠠᠢ  ᠰᠦᠷᠳᠡᠭᠦᠯᠬᠦ ᠦᠢᠯᠡᠳᠦᠯ ᠭᠠᠷᠭᠠᠵᠠᠶ᠃ ︵ᠰᠢᠨ᠎ᠡ ᠵᠠᠭᠤᠴᠢᠯᠠᠭᠤᠷ ᠤᠨ ᠲᠥᠪ᠂ ᠳᠠᠳᠤᠯᠭ᠎ᠠ ᠶᠢᠨ ᠰᠤᠷᠪᠤᠯᠵᠢᠯᠠᠭᠴᠢ  ᠾᠧ ᠸᠧᠢ︶
 
ᠢᠷᠡᠯᠲᠡ᠄ ᠰᠠᠶᠢᠬᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号