| | | | | ᠰᠤᠷᠪᠤᠯᠵᠢᠯᠠᠭᠰᠠᠨ ᠴᠠᠭ᠄ 2018 ᠣᠨ ᠤ 3 ᠳ᠋ᠤᠭᠠᠷ ᠰᠠᠷ᠎ᠠ ᠶᠢᠨ 22 ᠤᠨ ᠡᠳᠦᠷ ᠤᠨ ᠦᠳᠡ ᠶᠢᠨ | ᠬᠤᠶᠢᠨᠠᠬᠢ 15 ᠴᠠᠭ | ᠰᠤᠷᠪᠤᠯᠵᠢᠯᠠᠭᠰᠠᠨ ᠵᠣᠴᠢᠨ᠄ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ | ᠵᠥᠪᠯᠡᠯ ᠤᠨ ᠳᠡᠳ᠋ ᠡᠷᠬᠢᠯᠡᠭᠴᠢ ᠵᠠᠩ ᠭᠠᠩ | ᠰᠤᠷᠪᠤᠯᠵᠢᠯᠠᠭ᠎ᠠ ᠶᠢᠨ ᠲᠣᠪᠴᠢ ᠲᠠᠨᠢᠯᠴᠠᠭᠤᠯᠭ᠎ᠠ᠄ ᠡᠮᠦᠨᠡᠬᠡᠨ᠂ ᠥᠪᠡᠷᠲᠡᠭᠡᠨ ᠵᠠᠰᠠᠬᠤ ᠣᠷᠣᠨ ᠤ | ᠠᠷᠠᠳ ᠤᠨ ᠵᠠᠰᠠᠭ ᠤᠨ ᠣᠷᠳᠣᠨ ︽ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ | ᠴᠢᠩᠭᠠᠳᠬᠠᠬᠤ ᠲᠤᠬᠠᠢ ᠬᠡᠷᠡᠭᠵᠢᠭᠦᠯᠬᠦ ᠲᠥᠰᠥᠯ︾ ᠢ ᠨᠡᠶᠢᠲᠡᠯᠡᠨ ᠬᠡᠷᠡᠭᠵᠢᠭᠦᠯᠪᠡ᠃ ᠥᠨᠥᠳᠥᠷ ᠪᠢᠳᠡ ᠥᠪᠡᠷᠲᠡᠭᠡᠨ | ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠵᠠᠩ ᠭᠠᠩ ᠳᠡᠳ᠋ ᠡᠷᠬᠢᠯᠡᠭᠴᠢ ᠶᠢ | ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠦᠯᠵᠢᠶ᠎ᠡ ᠶᠢᠨ ᠰᠤᠷᠪᠤᠯᠵᠢᠯᠠᠭ᠎ᠠ ᠶᠢᠨ ᠪᠤᠯᠤᠩ ᠳᠤ | ᠤᠷᠢᠵᠤ᠂ ᠮᠠᠨ ᠤ ᠣᠷᠣᠨ ᠤ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠬᠠᠮᠢᠶ᠎ᠠ | ᠪᠦᠬᠦᠢ ᠠᠭᠤᠯᠭ᠎ᠠ ᠶᠢᠨ ᠲᠤᠬᠠᠢ ᠣᠯᠠᠨ ᠲᠠᠢ ᠰᠠᠨᠠᠯ ᠰᠣᠯᠢᠯᠴᠠᠭᠤᠯᠬᠤ ᠪᠣᠯᠣᠯ᠎ᠠ᠃ ᠥᠷᠭᠡᠨ ᠣᠯᠠᠨ ᠰᠦᠯᠵᠢᠶᠡᠨ ᠤ | ᠠᠨᠳᠠ ᠶᠢᠨ ᠢᠳᠡᠪᠬᠢᠲᠡᠢ ᠣᠷᠣᠯᠴᠠᠬᠤ ᠶᠢ ᠪᠠᠶᠠᠷᠯᠠᠨ ᠤᠭᠲᠤᠵᠤ ᠪᠠᠶᠢᠨ᠎ᠠ᠃ | ᠰᠤᠷᠪᠤᠯᠵᠢᠯᠠᠭ᠎ᠠ ᠶᠢᠨ ᠪᠣᠳᠠᠲᠤ ᠲᠡᠮᠳᠡᠭᠯᠡᠯ | ᠬᠥᠲᠥᠯᠥᠭᠴᠢ᠄ ᠰᠦᠯᠵᠢᠶᠡᠨ ᠤ ᠠᠨᠳᠠ ᠨᠠᠷ ᠰᠠᠶᠢᠨ ᠪᠠᠶᠢᠵᠠᠭᠠᠨ᠎ᠠ ᠦᠦ︕ ᠲᠤᠰ ᠬᠤᠭᠤᠴᠠᠭᠠᠨ ᠤ | ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠦᠯᠵᠢᠶᠡᠨ ᠤ ᠰᠤᠷᠪᠤᠯᠵᠢᠯᠠᠭ᠎ᠠ ᠶᠢᠨ ᠪᠤᠯᠤᠩ ᠢ | ᠭᠥᠯᠢᠶᠡᠨ ᠠᠪᠴᠤ ᠦᠵᠡᠭᠰᠡᠨ ᠳᠤ ᠴᠢᠨᠢ ᠪᠠᠶᠠᠷᠯᠠᠯ᠎ᠠ᠃ ᠡᠮᠦᠨᠡᠬᠡᠨ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠠᠷᠠᠳ ᠤᠨ ᠵᠠᠰᠠᠭ ᠤᠨ ᠣᠷᠳᠣᠨ ︽ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ ᠶᠢᠨ | ᠪᠠᠶᠢᠭᠤᠯᠤᠯᠲᠠ ᠶᠢ ᠴᠢᠩᠭᠠᠳᠬᠠᠬᠤ ᠲᠤᠬᠠᠢ ᠬᠡᠷᠡᠭᠵᠢᠭᠦᠯᠬᠦ ᠲᠥᠰᠥᠯ︾ ︵ᠳᠣᠣᠷ᠎ᠠ ︽ᠬᠡᠷᠡᠭᠵᠢᠭᠦᠯᠬᠦ ᠲᠥᠰᠥᠯ︾ | ᠭᠡᠵᠦ ᠲᠣᠪᠴᠢᠯᠠᠨ᠎ᠠ︶ ᠢ ᠳᠠᠷᠤᠮᠠᠯᠯᠠᠨ ᠲᠠᠷᠬᠠᠭᠠᠭᠰᠠᠨ ᠨᠢ᠂ ᠣᠳᠣᠬᠠᠨ ᠤ ᠪᠠ ᠡᠭᠦᠨ ᠠᠴᠠ ᠬᠤᠶᠢᠰᠢᠳᠠ ᠶᠢᠨ ᠨᠢᠭᠡ | ᠬᠡᠰᠡᠭ ᠬᠤᠭᠤᠴᠠᠭᠠᠨ ᠳᠠᠬᠢ ᠮᠠᠨ ᠤ ᠣᠷᠣᠨ ᠤ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ ᠶᠢᠨ | ᠪᠠᠶᠢᠭᠤᠯᠤᠯᠲᠠ ᠶᠢᠨ ᠠᠵᠢᠯ ᠢ ᠰᠠᠶᠢᠲᠤᠷ ᠬᠢᠬᠦ ᠳᠤ ᠬᠦᠨᠳᠦ ᠴᠢᠬᠤᠯᠠ ᠵᠢᠯᠣᠭᠤᠳᠬᠤ ᠠᠴᠢ ᠬᠤᠯᠪᠣᠭᠳᠠᠯ ᠲᠠᠢ | ᠪᠠᠶᠢᠳᠠᠭ᠃ ᠥᠨᠥᠳᠥᠷ ᠪᠢᠳᠡ ᠵᠣᠯ ᠢᠶᠠᠷ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ | ᠵᠥᠪᠯᠡᠯ ᠤᠨ ᠵᠠᠩ ᠭᠠᠩ ᠳᠡᠳ᠋ ᠡᠷᠬᠢᠯᠡᠭᠴᠢ ᠶᠢ ᠤᠷᠢᠵᠤ᠂ ᠮᠠᠨ ᠤ ᠣᠷᠣᠨ ᠤ ᠵᠠᠰᠠᠭ ᠤᠨ ᠶᠠᠪᠤᠳᠠᠯ ᠤᠨ ᠦᠨᠡᠨᠴᠢ | ᠢᠲᠡᠭᠡᠮᠵᠢ ᠶᠢᠨ ᠪᠠᠶᠢᠭᠤᠯᠤᠯᠲᠠ ᠶᠢᠨ ᠬᠠᠮᠢᠶ᠎ᠠ ᠪᠦᠬᠦᠢ ᠠᠭᠤᠯᠭ᠎ᠠ ᠶᠢᠨ ᠲᠤᠬᠠᠢ ᠰᠦᠯᠵᠢᠶ᠎ᠡ ᠪᠠᠷ ᠣᠯᠠᠨ ᠲᠠᠢ ᠰᠠᠨᠠᠯ | ᠰᠣᠯᠢᠯᠴᠠᠭᠤᠯᠬᠤ ᠪᠣᠯᠣᠯ᠎ᠠ᠃ ᠵᠠᠩ ᠡᠷᠬᠢᠯᠡᠭᠴᠢ ᠶᠢ ᠪᠠᠶᠠᠷᠯᠠᠨ ᠤᠭᠲᠤᠵᠤ ᠪᠠᠶᠢᠨ᠎ᠠ᠃ | ᠵᠠᠩ ᠭᠠᠩ᠄ ᠬᠥᠲᠥᠯᠥᠭᠴᠢ ᠪᠠ ᠰᠦᠯᠵᠢᠶᠡᠨ ᠤ ᠠᠨᠳᠠ ᠨᠠᠷ ᠰᠠᠶᠢᠨ ᠪᠠᠶᠢᠵᠠᠭᠠᠨ᠎ᠠ ᠦᠦ︖ ᠠᠳᠡ | ᠣᠯᠠᠨ ᠲᠠᠢ ᠰᠠᠨᠠᠯ ᠢᠶᠠᠨ ᠰᠣᠯᠢᠯᠴᠠᠬᠤ ᠪᠣᠯᠣᠭᠰᠠᠨ ᠳᠤ ᠪᠠᠨ ᠰᠡᠳᠬᠢᠯ ᠮᠠᠰᠢ ᠥᠨᠳᠥᠷ ᠪᠠᠶᠢᠨ᠎ᠠ᠃ | ᠬᠥᠲᠥᠯᠥᠭᠴᠢ᠄ ᠣᠶᠢᠷ᠎ᠠ ᠶᠢᠨ ᠬᠡᠳᠦᠨ ᠵᠢᠯ ᠳᠤ᠂ ᠤᠯᠤᠰ ᠠᠴᠠ ᠨᠡᠶᠢᠭᠡᠮ ᠤᠨ ᠢᠲᠡᠭᠡᠮᠵᠢ ᠶᠢᠨ | ᠰᠢᠰᠲ᠋ᠧᠮᠵᠢ ᠶᠢᠨ ᠪᠠᠶᠢᠭᠤᠯᠤᠯᠲᠠ ᠶᠢᠨ ᠲᠠᠯ᠎ᠠ ᠪᠠᠷ ᠨᠡᠯᠢᠶᠡᠳ ᠣᠯᠠᠨ ᠱᠠᠭᠠᠷᠳᠠᠯᠭ᠎ᠠ ᠳᠤᠷᠠᠳᠴᠤ᠂ ᠡᠯ᠎ᠡ ᠬᠦᠷᠢᠶ᠎ᠡ | ᠴᠠᠷᠠᠭᠠᠨ ᠳᠠᠬᠢ ᠢᠲᠡᠭᠡᠮᠵᠢ ᠶᠢᠨ ᠪᠠᠶᠢᠭᠤᠯᠤᠯᠲᠠ ᠶᠢ ᠶᠡᠭᠡ ᠪᠠᠷ ᠠᠬᠢᠭᠤᠯᠪᠠ᠃ ᠲᠠᠨ ᠤ ᠦᠵᠡᠬᠦ ᠪᠠᠷ᠂ ᠵᠠᠰᠠᠭ ᠤᠨ | ᠶᠠᠪᠤᠳᠠᠯ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠭᠦᠨᠵᠡᠭᠡᠢ ᠥᠷᠨᠢᠭᠦᠯᠬᠦ ᠨᠢ ᠶᠠᠮᠠᠷ ᠴᠢᠬᠤᠯᠠ ᠠᠴᠢ | ᠬᠤᠯᠪᠣᠭᠳᠠᠯ ᠲᠠᠢ ᠪᠣᠢ︖ | ᠵᠠᠩ ᠭᠠᠩ᠄ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ ᠪᠣᠯ ᠣᠳᠣ ᠦᠶ᠎ᠡ ᠶᠢᠨ ᠨᠡᠶᠢᠭᠡᠮ ᠤᠨ | ᠢᠲᠡᠭᠡᠮᠵᠢ ᠶᠢᠨ ᠰᠢᠰᠲ᠋ᠧᠮᠵᠢ ᠶᠢᠨ ᠰᠠᠭᠤᠷᠢ ᠪᠠᠶᠢᠵᠤ᠂ ᠵᠠᠰᠠᠭ ᠤᠨ ᠣᠷᠳᠣᠨ ᠤ ᠦᠨᠡᠨᠴᠢ ᠢᠲᠡᠭᠡᠮᠵᠢ ᠨᠢ ᠪᠦᠬᠦ᠋ᠢᠯᠡ | ᠨᠡᠶᠢᠭᠡᠮ ᠤᠨ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠳᠤᠮᠳᠠ ᠵᠢᠱᠢᠶ᠎ᠡ ᠦᠵᠡᠭᠦᠯᠬᠦ ᠪᠠ ᠬᠥᠲᠥᠯᠥᠨ | ᠳᠠᠭᠠᠭᠤᠯᠬᠤ ᠦᠢᠯᠡᠳᠦᠯ ᠦᠵᠡᠭᠦᠯᠵᠦ ᠪᠠᠶᠢᠳᠠᠭ᠃ ᠲᠥᠷᠥ ᠶᠢᠨ ᠶᠠᠪᠤᠳᠠᠯ ᠤᠨ ᠬᠤᠷᠢᠶᠠᠨ ᠤ ᠨᠡᠶᠢᠲᠡᠯᠡᠨ | ᠬᠡᠷᠡᠭᠵᠢᠭᠦᠯᠦᠭᠰᠡᠨ ︽ᠨᠡᠶᠢᠭᠡᠮ ᠤᠨ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢᠨ ᠲᠥᠯᠥᠪᠵᠢᠭᠦᠯᠭᠡ ᠶᠢᠨ | ᠬᠥᠲᠥᠯᠪᠦᠷᠢ ︵2014 — 2020 ᠣᠨ︶︾ ᠳᠤ᠄ ︽ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ ᠪᠣᠯ | ᠨᠡᠶᠢᠭᠡᠮ ᠤᠨ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢᠨ ᠵᠠᠩᠭᠢᠯᠠᠭ᠎ᠠ ᠪᠠᠶᠢᠵᠤ᠂ ᠵᠠᠰᠠᠭ ᠤᠨ | ᠶᠠᠪᠤᠳᠠᠯ ᠤᠨ ᠡᠯ᠎ᠡ ᠲᠥᠷᠥᠯ ᠤᠨ ᠠᠵᠢᠯᠯᠠᠭ᠎ᠠ ᠶᠢᠨ ᠭᠤᠣᠯ ᠴᠣᠭᠴᠠ ᠶᠢᠨ ᠦᠨᠡᠨᠴᠢ ᠢᠲᠡᠭᠡᠮᠵᠢ ᠶᠢᠨ ᠬᠢᠷᠢ | ᠲᠦᠪᠰᠢᠨ ᠨᠢ᠂ ᠪᠤᠰᠤᠳ ᠨᠡᠶᠢᠭᠡᠮ ᠤᠨ ᠭᠤᠣᠯ ᠴᠣᠭᠴᠠ ᠶᠢᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠳᠤ | ᠴᠢᠬᠤᠯᠠ ᠥᠯᠢᠭᠡᠷ ᠳᠠᠭᠤᠷᠢᠶᠠᠯ ᠪᠠ ᠤᠳᠤᠷᠢᠳᠤᠮᠵᠢ ᠶᠢᠨ ᠦᠢᠯᠡᠳᠦᠯ ᠦᠵᠡᠭᠦᠯᠵᠦ ᠪᠠᠶᠢᠳᠠᠭ︾ ᠭᠡᠵᠦ ᠵᠢᠭᠠᠵᠤ | ᠭᠠᠷᠭᠠᠪᠠ᠃ ᠡᠨᠡ ᠨᠢ ᠨᠠᠮ ᠪᠠ ᠵᠠᠰᠠᠭ ᠤᠨ ᠣᠷᠳᠣᠨ ᠠᠴᠠ ᠨᠢᠭᠡᠨᠲᠡ ᠵᠠᠰᠠᠭ ᠤᠨ ᠶᠠᠪᠤᠳᠠᠯ ᠤᠨ ᠦᠨᠡᠨᠴᠢ | ᠢᠲᠡᠭᠡᠮᠵᠢ ᠶᠢᠨ ᠪᠠᠶᠢᠭᠤᠯᠤᠯᠲᠠ ᠶᠢ ᠮᠠᠰᠢ ᠲᠣᠪᠤᠶᠢᠮ᠎ᠠ ᠴᠢᠬᠤᠯᠠ ᠪᠠᠶᠢᠷᠢᠨ ᠳᠤ ᠲᠠᠯᠪᠢᠨ ᠠᠬᠢᠭᠤᠯᠵᠤ ᠪᠠᠶᠢᠬᠤ ᠪᠠᠷ | ᠪᠠᠷᠠᠬᠤ ᠦᠭᠡᠢ᠂ ᠡᠨᠡ ᠦᠶ᠎ᠡ ᠳᠤ ᠥᠪᠡᠷᠲᠡᠭᠡᠨ ᠵᠠᠰᠠᠬᠤ ᠣᠷᠣᠨ ︽ᠬᠡᠷᠡᠭᠵᠢᠭᠦᠯᠬᠦ ᠲᠥᠰᠥᠯ︾ ᠢ ᠨᠡᠶᠢᠲᠡᠯᠡᠭᠰᠡᠨ ᠨᠢ | ᠪᠠᠴᠢᠮ ᠲᠤᠯᠭᠠᠮ᠎ᠠ ᠪᠠ ᠬᠦᠨᠳᠦ ᠴᠢᠬᠤᠯᠠ ᠪᠣᠳᠠᠲᠤ ᠠᠴᠢ ᠬᠤᠯᠪᠣᠭᠳᠠᠯ ᠲᠠᠢ ᠶᠢ ᠭᠦᠢᠴᠡᠳ ᠲᠣᠳᠣᠷᠬᠠᠶᠢᠯᠠᠵᠠᠢ᠃ | ᠠᠵᠤ ᠠᠬᠤᠢ ᠨᠡᠶᠢᠭᠡᠮ ᠤᠨ ᠬᠥᠭᠵᠢᠯᠲᠡ ᠪᠠ ᠣᠳᠣ ᠦᠶ᠎ᠡ ᠶᠢᠨ ᠤᠯᠤᠰ ᠲᠥᠷᠥ ᠶᠢᠨ ᠪᠣᠯᠪᠠᠰᠤᠨ ᠤ | ᠪᠣᠯᠪᠠᠰᠤᠷᠠᠩᠭᠤᠢ ᠪᠣᠯᠬᠤ ᠶᠢ ᠳᠠᠭᠠᠯᠳᠤᠨ᠂ ᠨᠡᠶᠢᠲᠡ ᠣᠯᠠᠨ ᠤ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ ᠳᠠᠬᠢ | ᠬᠦᠰᠡᠯ ᠡᠷᠡᠮᠡᠯᠵᠡᠯ ᠨᠢ ᠲᠠᠰᠤᠷᠠᠯᠲᠠ ᠦᠭᠡᠢ ᠳᠡᠭᠡᠭᠰᠢᠯᠡᠵᠦ ᠪᠠᠶᠢᠪᠠᠴᠤ᠂ ᠣᠳᠣᠬᠢ ᠱᠠᠲᠤᠨ ᠤ ᠬᠠᠤᠯᠢ ᠪᠠᠶᠢᠭᠠᠳ | ᠵᠢᠷᠤᠮᠯᠠᠬᠤ ᠦᠭᠡᠢ᠂ ᠬᠠᠤᠯᠢ ᠬᠡᠷᠡᠭᠵᠢᠭᠦᠯᠦᠯᠲᠡ ᠨᠢ ᠴᠢᠩᠭ᠎ᠠ ᠪᠤᠰᠤ᠂ ᠲᠥᠷᠥ ᠶᠢᠨ ᠪᠣᠳᠣᠯᠭ᠎ᠠ ᠶᠢ ᠪᠠᠶᠢᠨ ᠳᠠᠬᠢᠨ | ᠥᠭᠡᠷᠡᠴᠢᠯᠡᠬᠦ᠂ ᠵᠠᠰᠠᠭ ᠤᠨ ᠣᠷᠳᠣᠨ ᠤ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠳᠤᠮᠳᠠᠬᠢ ︽JQK︾ | ᠵᠡᠷᠭᠡ ᠠᠰᠠᠭᠤᠳᠠᠯ ᠨᠢ ᠳᠠᠬᠢᠨ ᠳᠠᠪᠲᠠᠨ ᠡᠭᠦᠰᠴᠦ᠂ ᠵᠠᠰᠠᠭ ᠤᠨ ᠣᠷᠳᠣᠨ ᠤ ᠵᠠᠰᠠᠭ ᠶᠠᠪᠤᠭᠤᠯᠬᠤ ᠪᠠ ᠣᠯᠠᠨ | ᠨᠡᠶᠢᠲᠡ ᠶᠢᠨ ᠦᠢᠯᠡᠴᠢᠯᠡᠭᠡ ᠶᠢᠨ ᠦᠷ᠎ᠡ ᠪᠦᠲᠦᠮᠵᠢ ᠶᠢ ᠪᠠᠭᠤᠷᠠᠭᠤᠯᠵᠤ ᠪᠠᠶᠢᠬᠤ ᠪᠠᠷ ᠪᠠᠷᠠᠬᠤ ᠦᠭᠡᠢ᠂ ᠤᠯᠤᠰ | ᠲᠥᠷᠥ ᠶᠢᠨ ᠠᠮᠢ ᠠᠬᠤᠢ ᠪᠠ ᠨᠡᠶᠢᠭᠡᠮ ᠤᠨ ᠬᠡᠪ ᠰᠤᠷᠲᠠᠯ ᠢ ᠢᠯᠵᠠᠷᠠᠭᠤᠯᠤᠨ ᠮᠠᠭᠤᠳᠠᠭᠤᠯᠵᠤ ᠪᠠᠶᠢᠨ᠎ᠠ᠃ | ᠡᠭᠦᠨ ᠳᠤ᠂ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠮᠠᠨ ᠤ | ᠣᠷᠣᠨ ᠤ ᠦᠵᠥ ᠲᠥᠯᠥᠪᠯᠡᠭᠡ ᠶᠢᠨ ᠠᠴᠢ ᠬᠤᠯᠪᠣᠭᠳᠠᠯ ᠪᠦᠬᠦᠢ ᠵᠠᠰᠠᠭ ᠤᠨ ᠶᠠᠪᠤᠳᠠᠯ ᠤᠨ ᠦᠨᠡᠨᠴᠢ | ᠢᠲᠡᠭᠡᠮᠵᠢ ᠶᠢᠨ ᠬᠦᠷᠢᠶ᠎ᠡ ᠴᠠᠷᠠᠭᠠᠨ ᠳᠠᠬᠢ ᠲᠥᠷᠥ ᠶᠢᠨ ᠪᠣᠳᠣᠯᠭ᠎ᠠ ᠶᠢᠨ ᠪᠢᠴᠢᠭ ᠮᠠᠲ᠋ᠧᠷᠢᠶᠠᠯ ᠢ ᠨᠡᠶᠢᠲᠡᠯᠡᠵᠦ᠂ | ᠡᠭᠦᠨ ᠠᠴᠠ ᠬᠤᠶᠢᠰᠢᠳᠠ ᠶᠢᠨ ᠨᠢᠭᠡ ᠬᠡᠰᠡᠭ ᠬᠤᠭᠤᠴᠠᠭᠠᠨ ᠳᠠᠬᠢ ᠵᠠᠰᠠᠭ ᠤᠨ ᠶᠠᠪᠤᠳᠠᠯ ᠤᠨ ᠦᠨᠡᠨᠴᠢ | ᠢᠲᠡᠭᠡᠮᠵᠢ ᠶᠢᠨ ᠪᠠᠶᠢᠭᠤᠯᠤᠯᠲᠠ ᠶᠢᠨ ᠭᠤᠣᠯ ᠪᠣᠯᠬᠤ ᠬᠦᠷᠢᠶ᠎ᠡ ᠴᠠᠷᠠᠭ᠎ᠠ ᠪᠠ ᠴᠢᠬᠤᠯᠠ ᠵᠠᠩᠭᠢᠶᠠᠰᠤ ᠶᠢ ᠪᠦᠬᠦ | ᠲᠠᠯ᠎ᠠ ᠪᠠᠷ ᠲᠥᠯᠥᠪᠵᠢᠭᠦᠯᠬᠦ ᠨᠢ ᠮᠠᠰᠢ ᠲᠤᠯᠭᠠᠮ᠎ᠠ ᠪᠠ ᠴᠢᠬᠤᠯᠠᠲᠠᠢ ᠪᠠᠶᠢᠳᠠᠭ᠃ | ᠬᠥᠲᠥᠯᠥᠭᠴᠢ᠄ ᠮᠠᠨ ᠤ ᠣᠶᠢᠯᠠᠭᠠᠭᠰᠠᠨ ᠢᠶᠠᠷ᠂ ᠣᠶᠢᠷ᠎ᠠ ᠶᠢᠨ ᠵᠢᠯ ᠤᠳ ᠲᠤ ᠤᠯᠤᠰ ᠪᠠ ᠥᠪᠡᠷᠲᠡᠭᠡᠨ | ᠵᠠᠰᠠᠬᠤ ᠣᠷᠣᠨ ᠠᠴᠠ ᠪᠦᠷ ᠨᠡᠶᠢᠭᠡᠮ ᠤᠨ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢᠨ ᠡᠯ᠎ᠡ ᠵᠦᠢᠯ ᠤᠨ | ᠠᠵᠢᠯ ᠢ ᠬᠦᠴᠦᠯᠡᠨ ᠠᠬᠢᠭᠤᠯᠵᠤ ᠪᠠᠶᠢᠨ᠎ᠠ᠃ ᠮᠠᠨ ᠤ ᠣᠷᠣᠨ ᠤ ᠨᠡᠶᠢᠭᠡᠮ ᠤᠨ ᠢᠲᠡᠭᠡᠮᠵᠢ ᠶᠢᠨ ᠰᠢᠰᠲ᠋ᠧᠮᠵᠢ ᠶᠢᠨ | ᠪᠠᠶᠢᠭᠤᠯᠤᠯᠲᠠ ᠶᠢᠨ ᠲᠥᠷᠥ ᠶᠢᠨ ᠪᠣᠳᠣᠯᠭ᠎ᠠ ᠳᠦᠷᠢᠮ ᠲᠣᠭᠲᠠᠭᠠᠯ ᠨᠢ ᠠᠯᠬᠤᠮ ᠠᠯᠬᠤᠮ ᠢᠶᠠᠷ ᠲᠡᠭᠦᠯᠳᠡᠷᠵᠢᠵᠦ᠂ | ᠢᠲᠡᠭᠡᠮᠵᠢ ᠶᠢᠨ ᠮᠡᠳᠡᠭᠡ ᠵᠠᠩᠭᠢ ᠶᠢ ᠬᠠᠮᠲᠤ ᠪᠠᠷ ᠬᠦᠷᠲᠡᠨ ᠬᠡᠷᠡᠭᠯᠡᠬᠦ ᠶᠢ ᠲᠠᠰᠤᠷᠠᠯᠲᠠ ᠦᠭᠡᠢ ᠥᠷᠭᠡᠳᠬᠡᠵᠦ᠂ | ᠢᠲᠡᠭᠡᠮᠵᠢ ᠶᠢᠨ ᠬᠠᠮᠲᠤᠷᠠᠭᠰᠠᠨ ᠱᠠᠩᠨᠠᠯ ᠲᠣᠷᠭᠤᠭᠤᠯᠢ ᠶᠢ ᠡᠮᠬᠢ ᠵᠢᠷᠤᠮ ᠲᠠᠢ ᠥᠷᠨᠢᠭᠦᠯᠦᠨ᠂ ᠢᠲᠡᠭᠡᠮᠵᠢ ᠶᠢᠨ | ᠦᠢᠯᠡᠴᠢᠯᠡᠭᠡ ᠶᠢᠨ ᠵᠠᠬ᠎ᠠ ᠳᠡᠯᠭᠡᠭᠦᠷ ᠢ ᠲᠠᠰᠤᠷᠠᠯᠲᠠ ᠦᠭᠡᠢ ᠪᠤᠵᠠᠭᠠᠶᠢᠷᠠᠭᠤᠯᠵᠤ᠂ ᠮᠠᠨ ᠤ ᠣᠷᠣᠨ ᠤ ᠰᠠᠶᠢᠨ | ᠰᠠᠶᠢᠬᠠᠨ ᠢᠲᠡᠭᠡᠮᠵᠢ ᠶᠢᠨ ᠣᠷᠴᠢᠨ ᠲᠣᠭᠤᠷᠢᠨ ᠢ ᠪᠣᠢ ᠪᠣᠯᠭᠠᠭᠰᠠᠨ ᠲᠤᠬᠠᠢ ᠣᠯᠠᠨ ᠤ ᠰᠡᠳᠬᠢᠯ ᠳᠤ ᠭᠦᠨᠵᠡᠭᠡᠢ | ᠲᠥᠷᠥᠭᠳᠡᠯ ᠲᠠᠢ ᠪᠠᠶᠢᠳᠠᠭ᠃ ᠲᠡᠭᠡᠪᠡᠯ᠂ ᠲᠤᠰ ᠤᠳᠠᠭᠠᠨ ᠤ ᠨᠡᠶᠢᠲᠡᠯᠡᠭᠰᠡᠨ ︽ᠬᠡᠷᠡᠭᠵᠢᠭᠦᠯᠬᠦ ᠲᠥᠰᠥᠯ︾ ᠳᠤ | ᠶᠠᠮᠠᠷ ᠶᠠᠮᠠᠷ ᠪᠣᠳᠣᠯᠬᠢᠯᠠᠯ ᠪᠠᠶᠢᠬᠤ ᠪᠣᠢ︖ | ᠵᠠᠩ ᠭᠠᠩ᠄ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠳᠤ ︽ᠵᠠᠰᠠᠭ ᠤᠨ ᠶᠠᠪᠤᠳᠠᠯ ᠤᠨ ᠦᠨᠡᠨᠴᠢ | ᠢᠲᠡᠭᠡᠮᠵᠢ᠂ ᠬᠤᠳᠠᠯᠳᠤᠭᠠᠨ ᠤ ᠶᠠᠪᠤᠳᠠᠯ ᠤᠨ ᠦᠨᠡᠨᠴᠢ ᠢᠲᠡᠭᠡᠮᠵᠢ᠂ ᠨᠡᠶᠢᠭᠡᠮ ᠤᠨ ᠦᠨᠡᠨᠴᠢ ᠢᠲᠡᠭᠡᠮᠵᠢ ᠪᠠ | ᠬᠠᠤᠯᠢ ᠴᠠᠭᠠᠵᠠ ᠶᠢᠨ ᠨᠡᠶᠢᠲᠡ ᠶᠢᠨ ᠢᠲᠡᠭᠡᠮᠵᠢ ᠶᠢᠨ ᠪᠠᠶᠢᠭᠤᠯᠤᠯᠲᠠ ᠶᠢ ᠴᠢᠩᠭᠠᠳᠬᠠᠬᠤ ᠳᠤ᠂ ᠵᠠᠰᠠᠭ ᠤᠨ | ᠶᠠᠪᠤᠳᠠᠯ ᠤᠨ ᠦᠨᠡᠨᠴᠢ ᠢᠲᠡᠭᠡᠮᠵᠢ ᠶᠢ ᠲᠡᠷᠢᠭᠦᠨ ᠪᠠᠶᠢᠷᠢᠨ ᠳᠤ ᠵᠢᠭᠰᠠᠭᠠᠬᠤ ᠬᠡᠷᠡᠭᠲᠡᠢ︾ ᠭᠡᠵᠦ ᠳᠤᠷᠠᠳᠴᠠᠢ᠃ | ᠶᠡᠷᠦᠩᠬᠡᠢ ᠱᠦᠵᠢ ᠰᠢ ᠶᠢᠨ ᠫᠢᠩ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠢᠯᠡᠳᠬᠡᠯ ᠳᠤ ᠪᠠᠨ ︽ | ᠵᠠᠰᠠᠭ ᠤᠨ ᠣᠷᠳᠣᠨ ᠤ ᠡᠭᠦᠷᠭᠡ ᠴᠢᠳᠠᠪᠬᠢ ᠶᠢ ᠬᠤᠪᠢᠷᠠᠭᠤᠯᠵᠤ᠂ ᠵᠠᠰᠠᠭ ᠢ ᠴᠣᠮᠬᠠᠳᠬᠠᠨ ᠡᠷᠬᠡ ᠶᠢ ᠳᠣᠷᠣᠭᠰᠢ | ᠪᠠᠭᠤᠯᠭᠠᠬᠤ ᠶᠢ ᠭᠦᠨᠵᠡᠭᠡᠶᠢᠷᠡᠭᠦᠯᠦᠨ᠂ ᠬᠢᠨᠠᠨ ᠬᠠᠮᠢᠶᠠᠷᠬᠤ ᠠᠷᠭ᠎ᠠ ᠬᠡᠯᠪᠡᠷᠢ ᠶᠢ ᠰᠢᠨᠡᠴᠢᠯᠡᠵᠦ᠂ ᠵᠠᠰᠠᠭ ᠤᠨ | ᠣᠷᠳᠣᠨ ᠤ ᠨᠡᠶᠢᠲᠡ ᠶᠢ ᠢᠲᠡᠭᠡᠭᠦᠯᠬᠦ ᠬᠦᠴᠦᠨ ᠪᠠ ᠬᠡᠷᠡᠭᠵᠢᠭᠦᠯᠬᠦ ᠬᠦᠴᠦᠨ ᠢ ᠴᠢᠩᠭᠠᠷᠠᠭᠤᠯᠵᠤ᠂ ᠠᠷᠠᠳ | ᠲᠦᠮᠡᠨ ᠳᠤ ᠲᠠᠭᠠᠰᠢᠶᠠᠭᠳᠠᠭᠰᠠᠨ ᠦᠢᠯᠡᠴᠢᠯᠡᠭᠡ ᠶᠢᠨ ᠬᠡᠯᠪᠡᠷᠢ ᠶᠢᠨ ᠵᠠᠰᠠᠭ ᠤᠨ ᠣᠷᠳᠣᠨ ᠢ ᠪᠠᠶᠢᠭᠤᠯᠬᠤ ᠬᠡᠷᠡᠭᠲᠡᠢ︾ | ᠭᠡᠵᠦ ᠲᠣᠳᠣᠷᠬᠠᠢ ᠱᠠᠭᠠᠷᠳᠠᠯᠭ᠎ᠠ ᠳᠤᠷᠠᠳᠤᠭᠰᠠᠨ ᠪᠠᠶᠢᠨ᠎ᠠ᠃ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ | ᠬᠤᠷᠢᠶᠠᠨ ᠤ ᠠᠯᠪᠠᠨ ᠲᠢᠩᠬᠢᠮ ᠪᠠ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠳᠠᠷᠤᠮᠠᠯᠯᠠᠨ | ᠲᠠᠷᠬᠠᠭᠠᠭᠰᠠᠨ ︽ᠢᠲᠡᠭᠡᠮᠵᠢ ᠠᠯᠳᠠᠭᠰᠠᠨ ᠬᠡᠷᠡᠭᠵᠢᠭᠦᠯᠦᠭᠳᠡᠭᠴᠢ ᠳᠤ ᠢᠲᠡᠭᠡᠮᠵᠢ ᠶᠢᠨ ᠬᠢᠨᠠᠯᠲᠠ᠂ ᠰᠡᠷᠡᠮᠵᠢᠯᠡᠭᠦᠯᠦᠯ | ᠪᠠ ᠵᠠᠯᠬᠠᠭᠠᠯ ᠰᠢᠢᠳᠬᠡᠯ ᠶᠠᠪᠤᠭᠤᠯᠬᠤ ᠲᠣᠭᠲᠠᠴᠠ ᠶᠢᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠬᠤ ᠲᠤᠬᠠᠢ | ᠰᠠᠨᠠᠯ︾ ᠳᠤ᠄ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ ᠬᠢᠭᠡᠳ ᠢᠲᠡᠭᠡᠮᠵᠢ ᠠᠯᠳᠠᠭᠰᠠᠨ ᠠᠰᠠᠭᠤᠳᠠᠯ ᠢ | ᠳᠥᠭᠦᠮ ᠬᠢᠯᠪᠠᠷ ᠢᠶᠠᠷ ᠵᠠᠰᠠᠭ ᠤᠨ ᠣᠷᠳᠣᠨ ᠵᠢᠴᠢ ᠠᠯᠪᠠᠨ ᠲᠤᠰᠢᠶᠠᠯᠲᠠᠳ ᠤᠨ ᠥᠯᠥ ᠬᠠᠷᠢᠭᠤᠴᠠᠨ ᠠᠵᠢᠯᠯᠠᠭᠰᠠᠨ | ᠂ ᠲᠤᠰᠢᠶᠠᠯ ᠳᠤ ᠪᠠᠨ ᠴᠠᠯᠠᠭᠠᠶᠢᠳᠠᠭᠰᠠᠨ ᠲᠠᠢ ᠠᠳᠠᠯᠢ ᠪᠠᠷ ᠦᠵᠡᠵᠦ ᠪᠣᠯᠬᠤ ᠦᠭᠡᠢ᠂ ᠨᠡᠩ ᠴᠤ ᠳᠠᠩ | ᠴᠣᠯᠭᠤᠢ ᠪᠠᠷ ᠶᠣᠰᠣ ᠰᠤᠷᠲᠠᠬᠤᠨ ᠤ ᠳᠤᠲᠠᠭᠤᠳᠠᠯ ᠢᠶᠠᠷ ᠦᠵᠡᠵᠦ ᠪᠣᠯᠬᠤ ᠦᠭᠡᠢ᠂ ᠬᠠᠷᠢᠨ ᠳᠦᠷᠢᠮᠵᠢᠭᠦᠯᠬᠦ | ᠬᠢᠭᠡᠳ ᠬᠠᠤᠯᠢ ᠪᠠᠷ ᠵᠠᠰᠠᠵᠢᠬᠤ ᠵᠠᠮ ᠢᠶᠠᠷ ᠰᠢᠯᠭᠠᠨ ᠦᠨᠡᠯᠡᠬᠦ ᠬᠡᠷᠡᠭᠲᠡᠢ ᠭᠡᠵᠦ ᠳᠤᠷᠠᠳᠴᠠᠢ᠃ ᠡᠶᠢᠮᠦ ᠠᠴᠠ᠂ ᠪᠢᠳᠡ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠬᠠᠮᠢᠶ᠎ᠠ | ᠪᠦᠬᠦᠢ ᠱᠠᠭᠠᠷᠳᠠᠯᠭ᠎ᠠ ᠶᠣᠰᠣᠭᠠᠷ᠂ ᠮᠠᠨ ᠤ ᠣᠷᠣᠨ ᠤ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ ᠶᠢᠨ | ᠪᠠᠶᠢᠭᠤᠯᠤᠯᠲᠠ ᠶᠢ ᠤᠯᠠᠮ ᠴᠢᠨᠠᠭᠰᠢᠳᠠ ᠴᠢᠩᠭᠠᠳᠬᠠᠬᠤ ᠶᠢᠨ ᠲᠥᠯᠥᠭᠡ᠂ ᠮᠠᠨ ᠤ ᠣᠷᠣᠨ ᠤ ᠬᠠᠩᠭᠠᠯᠭ᠎ᠠ ᠶᠢᠨ | ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢᠨ ᠠᠵᠢᠯ ᠲᠠᠢ ᠤᠶᠠᠯᠳᠤᠭᠤᠯᠵᠤ᠂ ︽ᠵᠠᠰᠠᠭ ᠤᠨ | ᠶᠠᠪᠤᠳᠠᠯ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠴᠢᠩᠭᠠᠳᠬᠠᠬᠤ ᠲᠤᠬᠠᠢ ᠬᠡᠷᠡᠭᠵᠢᠭᠦᠯᠬᠦ ᠲᠥᠰᠥᠯ︾ ᠢ | ᠲᠣᠭᠲᠠᠭᠠᠪᠠ᠃ ︽ᠬᠡᠷᠡᠭᠵᠢᠭᠦᠯᠬᠦ ᠲᠥᠰᠥᠯ︾ ᠨᠢ ᠮᠠᠨ ᠤ ᠣᠷᠣᠨ ᠤ ᠵᠠᠰᠠᠭ ᠤᠨ ᠶᠠᠪᠤᠳᠠᠯ ᠤᠨ ᠦᠨᠡᠨᠴᠢ | ᠢᠲᠡᠭᠡᠮᠵᠢ ᠶᠢᠨ ᠪᠠᠶᠢᠭᠤᠯᠤᠯᠲᠠ ᠶᠢᠨ ᠡᠯ᠎ᠡ ᠵᠦᠢᠯ ᠤᠨ ᠠᠵᠢᠯ ᠳᠤ ᠪᠣᠳᠠᠲᠠᠢ ᠱᠠᠭᠠᠷᠳᠠᠯᠭ᠎ᠠ ᠳᠤᠷᠠᠳᠤᠭᠰᠠᠨ ᠤ ᠬᠠᠮᠲᠤ | ᠂ ᠭᠤᠷᠪᠠᠨ ᠵᠦᠢᠯ ᠤᠨ ᠭᠤᠣᠯ ᠡᠭᠦᠷᠭᠡ ᠶᠢ ᠲᠣᠳᠣᠷᠬᠠᠶᠢᠯᠠᠪᠠ᠄ ᠨᠢᠭᠡ ᠳᠤ᠂ ᠬᠠᠤᠯᠢ ᠶᠣᠰᠣᠭᠠᠷ ᠵᠠᠰᠠᠭ ᠶᠠᠪᠤᠭᠤᠯᠬᠤ | ᠂ ᠢᠯᠡ ᠪᠠᠷ ᠵᠠᠰᠠᠭ ᠶᠠᠪᠤᠭᠤᠯᠬᠤ ᠪᠠᠷ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ | ᠴᠢᠬᠤᠯᠠ ᠠᠷᠭ᠎ᠠ ᠪᠠᠷᠢᠯ ᠪᠣᠯᠭᠠᠬᠤ ᠶᠢ ᠪᠠᠷᠢᠮᠲᠠᠯᠠᠵᠤ᠂ ᠵᠠᠰᠠᠭ ᠤᠨ ᠣᠷᠳᠣᠨ ᠤ ᠵᠠᠰᠠᠭ ᠶᠠᠪᠤᠭᠤᠯᠬᠤ ᠦᠷ᠎ᠡ | ᠪᠦᠲᠦᠮᠵᠢ ᠶᠢ ᠳᠡᠭᠡᠭᠰᠢᠯᠡᠭᠦᠯᠦᠨ᠂ ᠵᠠᠰᠠᠭ ᠤᠨ ᠣᠷᠳᠣᠨ ᠤ ᠨᠡᠶᠢᠲᠡ ᠶᠢ ᠢᠲᠡᠭᠡᠭᠦᠯᠬᠦ ᠬᠦᠴᠦᠨ ᠢ ᠳᠡᠭᠡᠭᠰᠢᠯᠡᠭᠦᠯᠦᠨ᠎ᠡ | ︔ ᠬᠤᠶᠠᠷ ᠲᠤ᠂ ᠵᠠᠰᠠᠭ ᠤᠨ ᠶᠠᠪᠤᠳᠠᠯ ᠤᠨ ᠬᠦᠷᠢᠶ᠎ᠡ ᠴᠠᠷᠠᠭᠠᠨ ᠳᠤ ᠢᠲᠡᠭᠡᠮᠵᠢ ᠠᠯᠳᠠᠭᠰᠠᠨ ᠲᠡᠮᠳᠡᠭᠯᠡᠯ ᠢ | ᠪᠠᠶᠢᠭᠤᠯᠬᠤ ᠪᠠ ᠢᠲᠡᠭᠡᠮᠵᠢ ᠠᠯᠳᠠᠭᠰᠠᠳ ᠢ ᠵᠠᠯᠬᠠᠭᠠᠨ ᠰᠢᠢᠳᠬᠡᠬᠦ ᠠᠷᠭ᠎ᠠ ᠬᠡᠮᠵᠢᠶ᠎ᠡ ᠪᠠᠷ ᠵᠠᠰᠠᠭ ᠤᠨ ᠶᠠᠪᠤᠳᠠᠯ ᠤᠨ | ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠠᠬᠢᠭᠤᠯᠬᠤ ᠴᠢᠬᠤᠯᠠ ᠭᠠᠷᠳᠠᠴᠠ ᠪᠣᠯᠭᠠᠵᠤ᠂ ᠬᠢᠨᠠᠨ ᠵᠢᠯᠣᠭᠤᠳᠤᠯᠭ᠎ᠠ | ᠪᠠ ᠰᠢᠯᠭᠠᠨ ᠦᠨᠡᠯᠡᠯᠲᠡ ᠶᠢ ᠴᠢᠩᠭᠠᠳᠬᠠᠵᠤ᠂ ᠵᠠᠰᠠᠭ ᠤᠨ ᠣᠷᠳᠣᠨ ᠤ ᠦᠨᠡᠨᠴᠢ ᠢᠲᠡᠭᠡᠮᠵᠢᠲᠡᠢ ᠪᠠᠷ ᠵᠠᠰᠠᠭ | ᠶᠠᠪᠤᠭᠤᠯᠬᠤ ᠬᠢᠷᠢ ᠲᠦᠪᠰᠢᠨ ᠪᠠ ᠠᠯᠪᠠᠲᠠᠨ ᠤ ᠡᠩᠨᠡᠭᠡ ᠶᠢᠨ ᠦᠨᠡᠨᠴᠢ ᠢᠲᠡᠭᠡᠮᠵᠢᠲᠡᠢ ᠪᠠᠷ ᠡᠭᠦᠷᠭᠡ ᠭᠦᠢᠴᠡᠳᠬᠡᠬᠦ | ᠦᠵᠡᠯ ᠤᠬᠠᠮᠰᠠᠷ ᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ︔ ᠭᠤᠷᠪᠠ ᠳᠤ᠂ ᠣᠯᠠᠨ ᠲᠦᠮᠡᠨ ᠤ ᠠᠰᠢᠭ | ᠲᠤᠰᠠ ᠶᠢ ᠬᠤᠬᠢᠷᠠᠭᠤᠯᠬᠤ᠂ ᠵᠠᠬ᠎ᠠ ᠳᠡᠯᠭᠡᠭᠦᠷ ᠤᠨ ᠡᠷᠬᠡ ᠲᠡᠭᠰᠢ ᠶᠢ ᠬᠤᠬᠢᠷᠠᠭᠤᠯᠬᠤ ᠵᠡᠷᠭᠡ ᠵᠠᠰᠠᠭ ᠤᠨ | ᠶᠠᠪᠤᠳᠠᠯ ᠤᠨ ᠢᠲᠡᠭᠡᠮᠵᠢ ᠠᠯᠳᠠᠭᠰᠠᠨ ᠠᠵᠢᠯᠯᠠᠭ᠎ᠠ ᠪᠠᠷ ᠵᠠᠰᠠᠯᠲᠠ ᠬᠢᠬᠦ ᠭᠤᠣᠯᠳᠠᠯᠭ᠎ᠠ ᠪᠣᠯᠭᠠᠵᠤ᠂ ᠮᠠᠨ ᠤ ᠣᠷᠣᠨ ᠤ | ᠠᠵᠤ ᠠᠬᠤᠢ ᠨᠡᠶᠢᠭᠡᠮ ᠤᠨ ᠬᠥᠭᠵᠢᠯᠲᠡ ᠪᠠ ᠠᠷᠠᠳ ᠣᠯᠠᠨ ᠤ ᠦᠢᠯᠡᠳᠪᠦᠷᠢᠯᠡᠯ ᠠᠮᠢᠳᠤᠷᠠᠯ ᠤᠨ ᠬᠡᠷᠡᠭᠴᠡᠭᠡ | ᠱᠠᠭᠠᠷᠳᠠᠯᠭ᠎ᠠ ᠶᠢ ᠬᠠᠩᠭᠠᠭᠰᠠᠨ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ ᠶᠢᠨ ᠰᠢᠰᠲ᠋ᠧᠮᠵᠢ ᠶᠢ ᠪᠠᠶᠢᠭᠤᠯᠤᠨ | ᠪᠦᠷᠢᠨᠰᠢᠭᠦᠯᠦᠨ᠎ᠡ᠃ ᠡᠨᠡ ᠭᠤᠷᠪᠠᠨ ᠵᠦᠢᠯ ᠤᠨ ᠭᠤᠣᠯᠳᠠᠯᠭᠠᠲᠤ ᠡᠭᠦᠷᠭᠡ ᠶᠢ ᠳᠤᠷᠠᠳᠤᠭᠰᠠᠨ ᠨᠢ ᠮᠠᠨ ᠤ ᠣᠷᠣᠨ ᠤ | ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠠᠯᠬᠤᠴᠠ ᠶᠢ ᠬᠦᠴᠦᠲᠡᠢ ᠠᠬᠢᠭᠤᠯᠬᠤ | ᠪᠣᠯᠣᠨ᠎ᠠ᠃ | ᠬᠥᠲᠥᠯᠥᠭᠴᠢ᠄ ᠳᠡᠭᠡᠷ᠎ᠡ ᠶᠠᠷᠢᠭᠰᠠᠨ ᠬᠠᠷᠠᠯᠲᠠ ᠶᠢ ᠪᠡᠶᠡᠯᠡᠭᠦᠯᠬᠦ ᠶᠢᠨ ᠲᠥᠯᠥᠭᠡ᠂ ᠮᠠᠨ ᠤ ᠣᠷᠣᠨ ᠬᠡᠷᠬᠢᠨ | ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ ᠶᠢ ᠪᠠᠶᠢᠭᠤᠯᠵᠤ᠂ ᠶᠠᠮᠠᠷ ᠶᠠᠮᠠᠷ ᠪᠣᠳᠠᠲᠠᠢ ᠠᠵᠢᠯ ᠢ ᠥᠷᠨᠢᠭᠦᠯᠬᠦ ᠪᠠᠷ | ᠪᠠᠶᠢᠭ᠎ᠠ ᠶᠢ ᠵᠠᠩ ᠡᠷᠬᠢᠯᠡᠭᠴᠢ ᠲᠠ ᠶᠠᠷᠢᠭᠠᠳ ᠥᠭᠭᠦᠨ᠎ᠡ ᠦᠦ︖ | ᠵᠠᠩ ᠭᠠᠩ᠄ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠴᠢᠩᠭᠠᠳᠬᠠᠵᠤ᠂ | ᠵᠠᠰᠠᠭ ᠤᠨ ᠣᠷᠳᠣᠨ ᠤ ᠨᠡᠶᠢᠭᠡᠮ ᠤᠨ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠳᠤᠮᠳᠠᠬᠢ ᠵᠢᠱᠢᠶ᠎ᠡ | ᠦᠵᠡᠭᠦᠯᠬᠦ ᠦᠢᠯᠡᠳᠦᠯ ᠢ ᠪᠠᠳᠠᠷᠠᠭᠤᠯᠤᠨ᠂ ᠵᠠᠰᠠᠭ ᠤᠨ ᠣᠷᠳᠣᠨ ᠤ ᠨᠡᠶᠢᠲᠡ ᠶᠢ ᠢᠲᠡᠭᠡᠭᠦᠯᠬᠦ ᠬᠦᠴᠦᠨ ᠢ ᠤᠯᠠᠮ | ᠴᠢᠨᠠᠭᠰᠢᠳᠠ ᠳᠡᠭᠡᠭᠰᠢᠯᠡᠭᠦᠯᠬᠦ ᠶᠢᠨ ᠲᠥᠯᠥᠭᠡ᠂ ᠪᠢᠳᠡ ᠳᠥᠷᠪᠡᠨ ᠲᠠᠯ᠎ᠠ ᠪᠠᠷ ᠪᠣᠳᠠᠲᠠᠢ ᠠᠵᠢᠯ ᠤᠨ ᠡᠭᠦᠷᠭᠡ ᠶᠢ | ᠪᠠᠶᠢᠷᠢᠯᠠᠭᠤᠯᠪᠠ᠃ ᠨᠢᠭᠡ ᠳᠤ᠂ ᠵᠠᠰᠠᠭ ᠤᠨ ᠶᠠᠪᠤᠳᠠᠯ ᠤᠨ ᠭᠤᠣᠯ ᠴᠣᠭᠴᠠ ᠶᠢᠨ ᠦᠨᠡᠨᠴᠢ ᠢᠲᠡᠭᠡᠮᠵᠢ ᠶᠢᠨ ᠬᠢᠷᠢ | ᠲᠦᠪᠰᠢᠨ ᠢ ᠳᠡᠭᠡᠭᠰᠢᠯᠡᠭᠦᠯᠬᠦ ᠬᠡᠷᠡᠭᠲᠡᠢ᠃ ᠡᠭᠦᠨ ᠳᠤ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠪᠠᠷᠢᠮᠲᠠᠯᠠᠵᠤ᠂ | ᠵᠠᠰᠠᠭ ᠵᠠᠬᠢᠷᠭᠠᠨ ᠤ ᠡᠷᠬᠡ ᠶᠢ ᠬᠡᠷᠡᠭᠵᠢᠭᠦᠯᠬᠦ ᠶᠠᠪᠤᠴᠠ ᠶᠢ ᠢᠯᠡ ᠪᠣᠯᠭᠠᠬᠤ᠂ ᠵᠠᠰᠠᠭ ᠵᠠᠬᠢᠷᠭᠠᠨ ᠤ ᠬᠢᠨᠠᠨ | ᠵᠥᠪᠰᠢᠶᠡᠷᠡᠯ ᠪᠠ ᠪᠡᠯᠡ ᠣᠷᠤᠯᠠᠭᠤᠯᠤᠯᠲᠠ ᠶᠢ ᠬᠢᠨᠠᠨ ᠵᠥᠪᠰᠢᠶᠡᠷᠡᠬᠦ ᠳᠦᠷᠢᠮ ᠢ ᠥᠭᠡᠷᠡᠴᠢᠯᠡᠬᠦ᠂ ᠣᠯᠠᠨ | ᠨᠡᠶᠢᠲᠡ ᠶᠢᠨ ᠡᠬᠢ ᠪᠠᠶᠠᠯᠢᠭ ᠤᠨ ᠰᠣᠯᠢᠯᠴᠠᠭᠠᠨ ᠤ ᠠᠵᠢᠯᠯᠠᠭ᠎ᠠ ᠶᠢ ᠵᠢᠷᠤᠮᠵᠢᠭᠤᠯᠬᠤ᠂ ᠡᠯ᠎ᠡ ᠬᠦᠷᠢᠶ᠎ᠡ ᠴᠠᠷᠠᠭᠠᠨ ᠳᠤ | ᠦᠨᠡᠨ ᠨᠡᠷ᠎ᠡ ᠪᠠᠷ ᠳᠠᠩᠰᠠᠯᠠᠭᠤᠯᠬᠤ ᠳᠦᠷᠢᠮ ᠢ ᠪᠠᠶᠢᠭᠤᠯᠤᠨ ᠪᠦᠷᠢᠨᠰᠢᠭᠦᠯᠬᠦ ᠵᠡᠷᠭᠡ ᠪᠠᠭᠲᠠᠵᠤ ᠪᠠᠶᠢᠨ᠎ᠠ᠃ | ᠬᠤᠶᠠᠷ ᠲᠤ᠂ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ ᠶᠢᠨ ᠬᠠᠮᠢᠶᠠᠷᠤᠯᠲᠠ ᠶᠢᠨ ᠰᠢᠰᠲ᠋ᠧᠮᠵᠢ ᠶᠢ ᠪᠠᠶᠢᠭᠤᠯᠤᠨ | ᠪᠦᠷᠢᠨᠰᠢᠭᠦᠯᠬᠦ ᠬᠡᠷᠡᠭᠲᠡᠢ᠃ ᠭᠤᠣᠯ ᠪᠣᠯᠬᠤ ᠠᠷᠭ᠎ᠠ ᠬᠡᠮᠵᠢᠶ᠎ᠡ ᠭᠡᠪᠡᠯ ︽ᠨᠢᠭᠡ ᠶᠢ ᠴᠢᠩᠭᠠᠳᠬᠠᠬᠤ︾ ᠪᠠ ︽ | ᠵᠢᠷᠭᠤᠭ᠎ᠠ ᠶᠢ ᠪᠠᠶᠢᠭᠤᠯᠬᠤ︾᠂ ᠲᠤᠬᠠᠶᠢᠯᠠᠪᠠᠯ ᠠᠯᠪᠠᠲᠠᠨ ᠤ ᠦᠨᠡᠨᠴᠢ ᠢᠲᠡᠭᠡᠮᠵᠢ ᠶᠢᠨ ᠬᠥᠮᠥᠵᠢᠯ ᠢ ᠴᠢᠩᠭᠠᠳᠬᠠᠵᠤ | ᠂ ᠵᠠᠰᠠᠭ ᠤᠨ ᠶᠠᠪᠤᠳᠠᠯ ᠤᠨ ᠢᠲᠡᠭᠡᠮᠵᠢ ᠠᠯᠳᠠᠭᠰᠠᠨ ᠲᠡᠮᠳᠡᠭᠯᠡᠯ ᠢ ᠪᠠᠶᠢᠭᠤᠯᠬᠤ᠂ ᠵᠠᠰᠠᠭ ᠤᠨ ᠶᠠᠪᠤᠳᠠᠯ ᠤᠨ | ᠢᠲᠡᠭᠡᠮᠵᠢ ᠠᠯᠳᠠᠭᠰᠠᠨ ᠲᠡᠮᠳᠡᠭᠯᠡᠯ ᠢ ᠴᠤᠭᠯᠠᠭᠤᠯᠤᠨ ᠨᠡᠶᠢᠯᠡᠭᠦᠯᠬᠦ ᠲᠣᠭᠲᠠᠴᠠ ᠶᠢ ᠪᠠᠶᠢᠭᠤᠯᠬᠤ᠂ ᠵᠠᠰᠠᠭ ᠤᠨ | ᠶᠠᠪᠤᠳᠠᠯ ᠤᠨ ᠢᠲᠡᠭᠡᠮᠵᠢ ᠠᠯᠳᠠᠭᠰᠠᠨ ᠲᠡᠮᠳᠡᠭᠯᠡᠯ ᠢ ᠮᠡᠳᠡᠭᠦᠯᠦᠨ ᠳᠡᠪᠰᠢᠭᠦᠯᠬᠦ ᠲᠣᠭᠲᠠᠴᠠ ᠶᠢ ᠪᠠᠶᠢᠭᠤᠯᠬᠤ᠂ | ᠢᠲᠡᠭᠡᠮᠵᠢ ᠶᠢ ᠪᠠᠷᠢᠮᠲᠠᠯᠠᠭᠰᠠᠳ ᠢ ᠵᠣᠷᠢᠭᠵᠢᠭᠤᠯᠬᠤ ᠠᠷᠭ᠎ᠠ ᠬᠡᠮᠵᠢᠶ᠎ᠡ ᠶᠢ ᠪᠠᠶᠢᠭᠤᠯᠬᠤ᠂ ᠢᠲᠡᠭᠡᠮᠵᠢ ᠠᠯᠳᠠᠭᠰᠠᠳ ᠢ | ᠵᠠᠯᠬᠠᠭᠠᠨ ᠰᠢᠢᠳᠬᠡᠬᠦ ᠲᠣᠭᠲᠠᠴᠠ ᠶᠢ ᠪᠠᠶᠢᠭᠤᠯᠬᠤ᠂ ᠢᠲᠡᠭᠡᠮᠵᠢ ᠶᠢᠨ ᠡᠷᠬᠡ ᠠᠰᠢᠭ ᠢ ᠬᠠᠮᠠᠭᠠᠯᠠᠬᠤ ᠪᠠ | ᠢᠲᠡᠭᠡᠮᠵᠢ ᠶᠢ ᠵᠠᠰᠠᠨ ᠰᠡᠷᠭᠦᠭᠡᠬᠦ ᠲᠣᠭᠲᠠᠴᠠ ᠶᠢ ᠪᠠᠶᠢᠭᠤᠯᠬᠤ ᠵᠡᠷᠭᠡ ᠪᠣᠯᠣᠨ᠎ᠠ᠃ ᠭᠤᠷᠪᠠ ᠳᠤ᠂ ᠭᠤᠣᠯ ᠪᠣᠯᠬᠤ | ᠬᠦᠷᠢᠶ᠎ᠡ ᠴᠠᠷᠠᠭ᠎ᠠ ᠳᠠᠬᠢ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠠᠬᠢᠭᠤᠯᠤᠨ᠎ᠠ᠃ | ᠪᠢᠳᠡ ᠨᠡᠶᠢᠭᠡᠮ ᠤᠨ ᠠᠩᠬᠠᠷᠤᠯ ᠲᠠᠯᠪᠢᠵᠤ ᠪᠠᠶᠢᠭ᠎ᠠ ᠬᠡᠮᠵᠢᠶ᠎ᠡ ᠥᠨᠳᠥᠷ᠂ ᠠᠷᠠᠳ ᠣᠯᠠᠨ ᠤ ᠲᠤᠰᠬᠠᠯ ᠴᠢᠩᠭ᠎ᠠ | ᠵᠠᠰᠠᠭ ᠤᠨ ᠶᠠᠪᠤᠳᠠᠯ ᠤᠨ ᠢᠲᠡᠭᠡᠮᠵᠢ ᠠᠯᠳᠠᠭᠰᠠᠨ ᠬᠡᠷᠡᠭ ᠠᠮᠠᠷᠬᠠᠨ ᠡᠭᠦᠰᠴᠦ ᠣᠯᠠᠨ ᠡᠭᠦᠰᠳᠡᠭ ᠵᠠᠰᠠᠭ ᠤᠨ | ᠣᠷᠳᠣᠨ ᠤ ᠬᠤᠳᠠᠯᠳᠤᠨ ᠠᠪᠬᠤ ᠬᠦᠷᠢᠶ᠎ᠡ ᠴᠠᠷᠠᠭ᠎ᠠ᠂ ᠵᠠᠰᠠᠭ ᠤᠨ ᠣᠷᠳᠣᠨ ᠬᠢᠭᠡᠳ ᠨᠡᠶᠢᠭᠡᠮ ᠤᠨ ᠬᠥᠷᠥᠩᠭᠡ ᠶᠢᠨ | ᠬᠠᠮᠲᠤᠷᠠᠯᠴᠠᠭᠠᠨ ᠤ ᠬᠦᠷᠢᠶ᠎ᠡ ᠴᠠᠷᠠᠭ᠎ᠠ᠂ ᠳᠠᠭᠠᠭᠠᠴᠢᠯᠠᠯᠲᠠ ᠵᠠᠷᠯᠠᠬᠤ ᠪᠠ ᠬᠦᠯᠢᠶᠡᠬᠦ ᠬᠦᠷᠢᠶ᠎ᠡ ᠴᠠᠷᠠᠭ᠎ᠠ᠂ | ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠬᠦᠷᠢᠶ᠎ᠡ ᠴᠠᠷᠠᠭ᠎ᠠ᠂ ᠵᠠᠰᠠᠭ ᠤᠨ ᠣᠷᠳᠣᠨ ᠤ ᠥᠷᠢ ᠥᠭᠴᠡᠭᠡᠨ ᠤ | ᠬᠦᠷᠢᠶ᠎ᠡ ᠴᠠᠷᠠᠭ᠎ᠠ ᠪᠠ ᠵᠡᠭᠡᠯᠢ ᠭᠤᠳᠤᠮᠵᠢ ᠰᠢᠶᠠᠩ ᠪᠠᠯᠭᠠᠰᠤᠨ ᠤ ᠵᠠᠰᠠᠭ ᠤᠨ ᠶᠠᠪᠤᠳᠠᠯ ᠤᠨ ᠢᠲᠡᠭᠡᠮᠵᠢ ᠶᠢᠨ | ᠪᠠᠶᠢᠭᠤᠯᠤᠯᠲᠠ ᠵᠡᠷᠭᠡ ᠵᠢᠷᠭᠤᠭᠠᠨ ᠬᠦᠷᠢᠶ᠎ᠡ ᠴᠠᠷᠠᠭᠠᠨ ᠳᠤ ᠭᠤᠣᠯᠳᠠᠯᠭ᠎ᠠ ᠲᠠᠢ ᠪᠠᠷ ᠠᠵᠢᠯ ᠤᠨ ᠲᠣᠬᠢᠷᠠᠭᠤᠯᠤᠯᠲᠠ | ᠬᠢᠪᠡ᠃ ᠡᠭᠦᠨ ᠳᠤ ᠢᠲᠡᠭᠡᠮᠵᠢ ᠶᠢᠨ ᠬᠠᠮᠢᠶᠠᠷᠤᠯᠲᠠ ᠶᠢᠨ ᠲᠣᠭᠲᠠᠴᠠ ᠶᠢ ᠪᠦᠷᠢᠨᠰᠢᠭᠦᠯᠬᠦ᠂ ᠵᠠᠰᠠᠭ ᠤᠨ ᠶᠠᠪᠤᠳᠠᠯ ᠤᠨ | ᠬᠠᠷᠢᠭᠤᠴᠠᠯᠭ᠎ᠠ ᠶᠢᠨ ᠳᠦᠷᠢᠮ ᠢ ᠲᠡᠭᠦᠯᠳᠡᠷᠵᠢᠭᠦᠯᠬᠦ᠂ ᠵᠠᠰᠠᠭ ᠤᠨ ᠶᠠᠪᠤᠳᠠᠯ ᠤᠨ ᠢᠲᠡᠭᠡᠮᠵᠢ ᠠᠯᠳᠠᠭᠰᠠᠨ ᠠᠶᠤᠯ | ᠲᠦᠭᠰᠢᠭᠦᠷᠢ ᠶᠢ ᠪᠠᠭᠤᠷᠠᠭᠤᠯᠬᠤ ᠵᠡᠷᠭᠡ ᠪᠠᠭᠲᠠᠵᠤ ᠪᠠᠶᠢᠨ᠎ᠠ᠃ ᠳᠥᠷᠪᠡ ᠳᠤ᠂ ᠰᠢᠯᠭᠠᠨ ᠦᠨᠡᠯᠡᠵᠦ ᠬᠢᠨᠠᠯᠲᠠ | ᠲᠠᠯᠪᠢᠬᠤ ᠲᠣᠭᠲᠠᠴᠠ ᠶᠢ ᠪᠠᠶᠢᠭᠤᠯᠤᠨ᠎ᠠ᠃ ᠪᠢᠳᠡ ᠳᠡᠭᠡᠳᠦ ᠱᠠᠲᠤᠨ ᠤ ᠲᠤᠰᠬᠠᠢ ᠵᠦᠢᠯ ᠤᠨ ᠬᠢᠨᠠᠨ ᠵᠢᠯᠣᠭᠤᠳᠬᠤ | ᠲᠣᠭᠲᠠᠴᠠ᠂ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ ᠳᠤ ᠬᠥᠨᠳᠡᠯᠡᠨ ᠴᠢᠭᠯᠡᠯ ᠢᠶᠠᠷ ᠬᠢᠨᠠᠯᠲᠠ ᠲᠠᠯᠪᠢᠬᠤ | ᠲᠣᠭᠲᠠᠴᠠ ᠪᠠ ᠭᠤᠷᠪᠠᠳᠠᠭᠴᠢ ᠡᠲᠡᠭᠡᠳ ᠤᠨ ᠨᠡᠶᠢᠭᠡᠮ ᠤᠨ ᠪᠠᠶᠢᠭᠤᠯᠤᠮᠵᠢ ᠶᠢᠨ ᠦᠨᠡᠯᠡᠨ ᠵᠢᠱᠢᠬᠦ ᠲᠣᠭᠲᠠᠴᠠ ᠶᠢ | ᠪᠠᠶᠢᠭᠤᠯᠵᠤ᠂ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠳᠤ ᠬᠢᠨᠠᠯᠲᠠ ᠲᠠᠯᠪᠢᠬᠤ | ᠡᠷᠴᠢᠮ ᠢ ᠪᠦᠬᠦ ᠲᠠᠯ᠎ᠠ ᠪᠠᠷ ᠴᠢᠩᠭᠠᠷᠠᠭᠤᠯᠤᠨ᠎ᠠ᠃ ᠬᠠᠤᠯᠢ ᠴᠠᠭᠠᠵᠠ ᠲᠣᠭᠲᠠᠭᠠᠯ ᠢ ᠵᠢᠷᠤᠮᠯᠠᠭᠰᠠᠨ ᠤᠷᠢᠳᠠᠯ ᠳᠣᠣᠷ᠎ᠠ | ᠂ ᠵᠠᠰᠠᠭ ᠤᠨ ᠶᠠᠪᠤᠳᠠᠯ ᠤᠨ ᠢᠲᠡᠭᠡᠮᠵᠢ ᠠᠯᠳᠠᠭᠰᠠᠨ ᠠᠵᠢᠯᠯᠠᠭ᠎ᠠ ᠶᠢ ᠪᠣᠢ ᠪᠣᠯᠭᠠᠭᠰᠠᠨ ᠭᠤᠣᠯ | ᠬᠠᠷᠢᠭᠤᠴᠠᠯᠭᠠᠲᠠᠨ ᠠᠴᠠ ᠬᠠᠷᠢᠭᠤᠴᠠᠯᠭ᠎ᠠ ᠨᠡᠬᠡᠮᠵᠢᠯᠡᠵᠦ᠂ ᠵᠠᠰᠠᠭ ᠤᠨ ᠶᠠᠪᠤᠳᠠᠯ ᠤᠨ ᠢᠲᠡᠭᠡᠮᠵᠢ ᠠᠯᠳᠠᠭᠰᠠᠨ | ᠲᠡᠮᠳᠡᠭᠯᠡᠯ ᠣᠷᠣᠰᠢᠵᠤ ᠪᠠᠶᠢᠭ᠎ᠠ ᠠᠯᠪᠠᠲᠠᠨ ᠳᠤ ᠰᠢᠯᠢᠳᠡᠭ ᠪᠠ ᠲᠡᠷᠢᠭᠦᠨ ᠤ ᠬᠢ ᠪᠠᠷ ᠦᠨᠡᠯᠡᠭᠳᠡᠬᠦ ᠶᠢ ᠬᠢᠵᠠᠭᠠᠷᠯᠠᠬᠤ | ᠵᠡᠷᠭᠡ ᠰᠢᠢᠳᠪᠦᠷᠢᠯᠡᠬᠦ ᠠᠷᠭ᠎ᠠ ᠬᠡᠮᠵᠢᠶ᠎ᠡ ᠠᠪᠤᠨ᠎ᠠ᠃ | ᠬᠥᠲᠥᠯᠥᠭᠴᠢ᠄ ᠰᠠᠶ᠋ᠢᠬᠠᠨ ᠲᠠ ᠵᠠᠰᠠᠭ ᠤᠨ ᠣᠷᠳᠣᠨ ᠤ ᠰᠠᠯᠠᠭ᠎ᠠ ᠮᠥᠴᠢᠷ ᠪᠠ ᠠᠯᠪᠠᠲᠠᠨ ᠳᠤ ᠵᠠᠰᠠᠭ ᠤᠨ | ᠶᠠᠪᠤᠳᠠᠯ ᠤᠨ ᠢᠲᠡᠭᠡᠯ ᠠᠯᠳᠠᠭᠰᠠᠨ ᠲᠡᠮᠳᠡᠭᠯᠡᠯ ᠢ ᠪᠠᠶᠢᠭᠤᠯᠬᠤ ᠬᠡᠷᠡᠭᠲᠡᠢ ᠭᠡᠵᠦ ᠳᠤᠷᠠᠳᠴᠠᠢ᠂ ᠲᠡᠭᠡᠪᠡᠯ ᠶᠠᠮᠠᠷ ᠶᠠᠮᠠᠷ | ᠠᠵᠢᠯᠯᠠᠭ᠎ᠠ ᠨᠢ ᠢᠲᠡᠭᠡᠮᠵᠢ ᠠᠯᠳᠠᠭᠰᠠᠨ ᠲᠡᠮᠳᠡᠭᠯᠡᠯ ᠳᠤ ᠣᠷᠣᠬᠤ ᠪᠣᠢ︖ ᠢᠲᠡᠭᠡᠮᠵᠢ ᠠᠯᠳᠠᠭᠰᠠᠨ ᠲᠡᠮᠳᠡᠭᠯᠡᠯ ᠳᠤ | ᠣᠷᠣᠭᠰᠠᠨ ᠤ ᠳᠠᠷᠠᠭ᠎ᠠ ᠵᠠᠰᠠᠨ ᠰᠡᠷᠭᠦᠭᠡᠬᠦ ᠠᠷᠭ᠎ᠠ ᠵᠠᠮ ᠪᠠᠶᠢᠨ᠎ᠠ ᠦᠦ︖ | ᠵᠠᠩ ᠭᠠᠩ᠄ ᠥᠪᠡᠷᠲᠡᠭᠡᠨ ᠵᠠᠰᠠᠬᠤ ᠣᠷᠣᠨ ᠤ ︽ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ ᠶᠢᠨ | ᠪᠠᠶᠢᠭᠤᠯᠤᠯᠲᠠ ᠶᠢ ᠴᠢᠩᠭᠠᠳᠬᠠᠬᠤ ᠲᠤᠬᠠᠢ ᠬᠡᠷᠡᠭᠵᠢᠭᠦᠯᠬᠦ ᠲᠥᠰᠥᠯ︾ ᠳᠤ ᠵᠠᠰᠠᠭ ᠤᠨ ᠣᠷᠳᠣᠨ ᠤ ᠰᠠᠯᠠᠭ᠎ᠠ | ᠮᠥᠴᠢᠷ ᠪᠠ ᠠᠯᠪᠠᠲᠠᠨ ᠳᠤ ᠵᠠᠰᠠᠭ ᠤᠨ ᠶᠠᠪᠤᠳᠠᠯ ᠤᠨ ᠢᠲᠡᠭᠡᠮᠵᠢ ᠠᠯᠳᠠᠭᠰᠠᠨ ᠲᠡᠮᠳᠡᠭᠯᠡᠯ ᠢ ᠪᠠᠶᠢᠭᠤᠯᠤᠨ | ᠪᠦᠷᠢᠨᠰᠢᠭᠦᠯᠬᠦ ᠬᠡᠷᠡᠭᠲᠡᠢ ᠭᠡᠵᠦ ᠳᠤᠷᠠᠳᠤᠨ᠂ ᠵᠠᠰᠠᠭ ᠤᠨ ᠶᠠᠪᠤᠳᠠᠯ ᠤᠨ ᠢᠲᠡᠭᠡᠮᠵᠢ ᠠᠯᠳᠠᠭᠰᠠᠨ ᠲᠡᠮᠳᠡᠭᠯᠡᠯ ᠪᠣᠯ | ᠵᠠᠰᠠᠭ ᠤᠨ ᠣᠷᠳᠣᠨ ᠤ ᠰᠠᠯᠠᠭ᠎ᠠ ᠮᠥᠴᠢᠷ ᠪᠠ ᠠᠯᠪᠠᠲᠠᠨ ᠤ ᠡᠭᠦᠷᠭᠡ ᠭᠦᠢᠴᠡᠳᠬᠡᠬᠦ ᠶᠠᠪᠤᠴᠠ ᠳᠤ᠂ ᠬᠠᠤᠯᠢ | ᠴᠠᠭᠠᠵᠠ ᠲᠣᠭᠲᠠᠭᠠᠯ ᠢ ᠵᠥᠷᠢᠴᠡᠵᠦ᠂ ᠢᠲᠡᠭᠡᠮᠵᠢ ᠠᠯᠳᠠᠵᠤ ᠭᠡᠷ᠎ᠡ ᠶᠢ ᠵᠥᠷᠢᠴᠡᠭᠰᠡᠨ ᠠᠴᠠ ᠪᠣᠯᠵᠤ ᠣᠯᠣᠭᠰᠠᠨ | ᠰᠢᠭᠦᠬᠦ ᠲᠢᠩᠬᠢᠮ ᠤᠨ ᠰᠢᠭᠦᠨ ᠲᠠᠰᠤᠯᠤᠯᠲᠠ᠂ ᠵᠠᠰᠠᠭ ᠵᠠᠬᠢᠷᠭᠠᠨ ᠤ ᠰᠢᠢᠳᠬᠡᠯ ᠲᠣᠷᠭᠤᠭᠤᠯᠢ᠂ ᠰᠠᠬᠢᠯᠭ᠎ᠠ | ᠪᠠᠲᠤ ᠶᠢᠨ ᠰᠢᠢᠳᠬᠡᠯ᠂ ᠬᠠᠷᠢᠭᠤᠴᠠᠯᠭ᠎ᠠ ᠬᠡᠯᠡᠯᠴᠡᠬᠦ ᠰᠢᠢᠳᠬᠡᠯ ᠵᠡᠷᠭᠡ ᠳᠥᠷᠪᠡᠨ ᠶᠡᠭᠡ ᠲᠥᠷᠥᠯ ᠤᠨ ᠢᠲᠡᠭᠡᠮᠵᠢ | ᠠᠯᠳᠠᠭᠰᠠᠨ ᠮᠡᠳᠡᠭᠡ ᠵᠠᠩᠭᠢ ᠪᠣᠯᠣᠨ᠎ᠠ ᠭᠡᠵᠦ ᠲᠣᠳᠣᠷᠬᠠᠢ ᠵᠠᠭᠠᠭ ᠬᠢᠵᠠᠭᠠᠷ ᠢ ᠲᠣᠭᠲᠠᠭᠠᠵᠠᠢ᠃ ᠪᠢᠳᠡ ᠡᠯ᠎ᠡ | ᠲᠥᠷᠥᠯ ᠤᠨ ᠢᠲᠡᠭᠡᠮᠵᠢ ᠠᠯᠳᠠᠭᠰᠠᠨ ᠲᠡᠮᠳᠡᠭᠯᠡᠯ ᠢ ᠡᠮᠬᠢᠯᠡᠨ ᠨᠡᠶᠢᠯᠡᠭᠦᠯᠬᠦ ᠶᠢᠨ ᠬᠠᠮᠲᠤ᠂ ᠬᠤᠯᠪᠣᠭᠳᠠᠯ ᠪᠦᠬᠦᠢ | ᠲᠡᠮᠳᠡᠭᠯᠡᠯ ᠢ ᠥᠪᠡᠷᠲᠡᠭᠡᠨ ᠵᠠᠰᠠᠬᠤ ᠣᠷᠣᠨ ᠤ ᠨᠡᠶᠢᠭᠡᠮ ᠤᠨ ᠢᠲᠡᠭᠡᠮᠵᠢ ᠶᠢᠨ ᠮᠡᠳᠡᠭᠡ ᠵᠠᠩᠭᠢ ᠶᠢᠨ ᠲᠠᠪᠴᠠᠩ ᠳᠤ | ᠴᠤᠭᠯᠠᠭᠤᠯᠤᠨ ᠨᠡᠶᠢᠯᠡᠭᠦᠯᠵᠦ᠂ ︽ᠢᠲᠡᠭᠡᠮᠵᠢᠲᠦ ᠥᠪᠥᠷ ᠮᠣᠩᠭᠤᠯ︾ ᠰᠦᠯᠵᠢᠶ᠎ᠡ ᠵᠡᠷᠭᠡ ᠵᠠᠭᠤᠴᠢᠯᠠᠭᠤᠷ ᠲᠤ | ᠲᠦᠰᠢᠭᠯᠡᠨ ᠬᠠᠤᠯᠢ ᠴᠠᠭᠠᠵᠠ ᠲᠣᠭᠲᠠᠭᠠᠯ ᠶᠣᠰᠣᠭᠠᠷ ᠡᠯ᠎ᠡ ᠱᠠᠲᠤᠨ ᠤ ᠵᠠᠰᠠᠭ ᠤᠨ ᠣᠷᠳᠣᠨ ᠪᠠ ᠠᠯᠪᠠᠲᠠᠨ ᠤ | ᠵᠠᠰᠠᠭ ᠤᠨ ᠶᠠᠪᠤᠳᠠᠯ ᠤᠨ ᠢᠲᠡᠭᠡᠮᠵᠢ ᠠᠯᠳᠠᠭᠰᠠᠨ ᠲᠡᠮᠳᠡᠭᠯᠡᠯ ᠢ ᠠᠯᠬᠤᠮ ᠠᠯᠬᠤᠮ ᠢᠶᠠᠷ ᠢᠯᠡ ᠪᠣᠯᠭᠠᠨ᠎ᠠ᠃ | ᠡᠭᠦᠨ ᠤ ᠬᠠᠮᠲᠤ᠂ ᠵᠠᠰᠠᠭ ᠤᠨ ᠣᠷᠳᠣᠨ ᠤ ᠰᠠᠯᠠᠭ᠎ᠠ ᠮᠥᠴᠢᠷ ᠪᠠ ᠠᠯᠪᠠᠲᠠᠨ ᠤ ᠬᠠᠤᠯᠢ ᠶᠣᠰᠣᠨ ᠤ ᠡᠷᠬᠡ ᠠᠰᠢᠭ ᠢ | ᠪᠠᠲᠤᠯᠠᠬᠤ ᠶᠢᠨ ᠲᠥᠯᠥᠭᠡ᠂ ᠪᠢᠳᠡ ᠠᠯᠳᠠᠭ᠎ᠠ ᠪᠠᠨ ᠥᠪᠡᠷ ᠢᠶᠠᠨ ᠵᠠᠯᠠᠷᠠᠭᠤᠯᠬᠤ᠂ ᠰᠠᠨᠠᠭᠠᠴᠢᠯᠠᠭ᠎ᠠ ᠠᠴᠠ ᠪᠠᠨ | ᠥᠪᠡᠷ ᠢ ᠪᠠᠨ ᠰᠢᠨᠡᠳᠬᠡᠬᠦ ᠬᠠᠯᠠᠮᠵᠢᠯᠠᠨ ᠬᠠᠶᠢᠷᠠᠯᠠᠬᠤ ᠲᠣᠭᠲᠠᠴᠠ ᠪᠠ ᠠᠯᠪᠠᠲᠠᠨ ᠤ ᠢᠲᠡᠭᠡᠮᠵᠢ ᠶᠢᠨ ᠮᠡᠳᠡᠭᠡ | ᠵᠠᠩᠭᠢ ᠳᠤ ᠣᠨᠳᠣᠣ ᠰᠠᠨᠠᠯ ᠳᠡᠪᠰᠢᠭᠦᠯᠬᠦ᠂ ᠵᠠᠭᠠᠯᠳᠤᠬᠤ ᠵᠡᠷᠭᠡ ᠳᠦᠷᠢᠮ ᠪᠠ ᠠᠯᠳᠠᠭ᠎ᠠ ᠪᠠᠨ ᠵᠠᠯᠠᠷᠠᠭᠤᠯᠬᠤ᠂ ᠵᠠᠰᠠᠨ | ᠰᠡᠷᠭᠦᠭᠡᠬᠦ ᠵᠡᠷᠭᠡ ᠳᠦᠷᠢᠮ ᠢ ᠪᠠᠶᠢᠭᠤᠯᠵᠤ᠂ ᠠᠯᠪᠠᠲᠠᠨ ᠤ ᠢᠲᠡᠭᠡᠮᠵᠢ ᠠᠯᠳᠠᠭᠰᠠᠨ ᠲᠡᠮᠳᠡᠭᠯᠡᠯ ᠢ ᠵᠠᠰᠠᠨ ᠰᠡᠷᠭᠦᠭᠡᠬᠦ | ᠠᠷᠭ᠎ᠠ ᠬᠡᠯᠪᠡᠷᠢ ᠪᠠ ᠠᠷᠭ᠎ᠠ ᠵᠠᠮ ᠢ ᠲᠣᠭᠲᠠᠭᠠᠨ᠎ᠠ᠃ ᠡᠭᠦᠨ ᠠᠴᠠ ᠭᠠᠳᠠᠨ᠎ᠠ᠂ ᠠᠯᠪᠠᠲᠠᠨ ᠤ ᠵᠠᠰᠠᠭ ᠤᠨ | ᠶᠠᠪᠤᠳᠠᠯ ᠤᠨ ᠢᠲᠡᠭᠡᠮᠵᠢ ᠠᠯᠳᠠᠭᠰᠠᠨ ᠠᠵᠢᠯᠯᠠᠭ᠎ᠠ ᠡᠭᠦᠰᠦᠭᠰᠡᠨ ᠤ ᠳᠠᠷᠠᠭ᠎ᠠ᠂ ᠰᠠᠨᠠᠭᠠᠴᠢᠯᠠᠭ᠎ᠠ ᠠᠴᠠ ᠪᠠᠨ | ᠬᠤᠬᠢᠷᠠᠯ ᠢ ᠡᠷᠭᠢᠭᠦᠯᠦᠨ ᠪᠤᠴᠠᠭᠠᠬᠤ᠂ ᠡᠷᠡᠭᠦᠯ ᠪᠤᠰᠤ ᠨᠥᠯᠥᠭᠡ ᠶᠢ ᠠᠷᠢᠯᠭᠠᠬᠤ ᠪᠤᠶᠤ ᠠᠶᠤᠯ ᠬᠥᠨᠥᠭᠡᠯᠲᠦ ᠦᠷ᠎ᠡ | ᠳ᠋ᠦᠩ ᠡᠭᠦᠰᠬᠦ ᠶᠢ ᠪᠦᠲᠦᠮᠵᠢᠲᠡᠢ ᠬᠤᠷᠢᠭᠯᠠᠭᠰᠠᠳ ᠲᠤ᠂ ᠢᠲᠡᠭᠡᠮᠵᠢ ᠠᠯᠳᠠᠭᠰᠠᠨ ᠵᠠᠯᠬᠠᠭᠠᠯ ᠰᠢᠢᠳᠬᠡᠯ ᠠᠴᠠ | ᠬᠡᠯᠲᠦᠷᠢᠭᠦᠯᠬᠦ ᠪᠤᠶᠤ ᠬᠥᠩᠭᠡᠨ ᠢᠶᠠᠷ ᠬᠡᠷᠡᠭᠵᠢᠭᠦᠯᠦᠨ᠎ᠡ᠃ | ᠬᠥᠲᠥᠯᠥᠭᠴᠢ᠄ ᠲᠠᠨ ᠤ ᠬᠡᠯᠡᠭᠰᠡᠨ ᠮᠡᠲᠦ᠂ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ ᠪᠣᠯ ᠵᠠᠰᠠᠭ ᠤᠨ | ᠣᠷᠳᠣᠨ ᠤ ᠪᠣᠳᠠᠰᠯᠢᠭ ᠪᠤᠰᠤ ᠬᠥᠷᠥᠩᠭᠡ ᠪᠠᠶᠢᠵᠤ᠂ ᠨᠡᠶᠢᠭᠡᠮ ᠤᠨ ᠢᠲᠡᠭᠡᠮᠵᠢ ᠶᠢᠨ ᠴᠢᠬᠤᠯᠠ ᠡᠬᠢ ᠪᠠᠶᠠᠯᠢᠭ | ᠪᠣᠯᠣᠨ᠎ᠠ᠃ ᠭᠡᠲᠡᠯ᠎ᠡ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠨᠢ ᠵᠠᠰᠠᠭ ᠤᠨ | ᠣᠷᠳᠣᠨ ᠤ ᠪᠣᠢ ᠪᠦᠬᠦᠢ ᠰᠠᠯᠠᠭ᠎ᠠ ᠮᠥᠴᠢᠷ ᠲᠤ ᠬᠤᠯᠪᠣᠭᠳᠠᠵᠤ ᠪᠠᠶᠢᠳᠠᠭ ᠪᠣᠯᠬᠤᠷ᠂ ᠬᠡᠷᠬᠢᠨ ᠡᠯ᠎ᠡ ᠰᠠᠯᠠᠭ᠎ᠠ | ᠮᠥᠴᠢᠷ ᠤᠨ ᠬᠤᠭᠤᠷᠣᠨᠳᠤᠬᠢ ᠠᠵᠢᠯ ᠤᠨ ᠬᠤᠪᠢᠶᠠᠷᠢᠯᠠᠯ ᠬᠠᠮᠲᠤᠷᠠᠯᠴᠠᠭ᠎ᠠ ᠶᠢ ᠵᠣᠬᠢᠴᠠᠭᠤᠯᠵᠤ᠂ ᠦᠨᠡᠨᠴᠢ | ᠢᠲᠡᠭᠡᠮᠵᠢ ᠶᠢᠨ ᠪᠠᠶᠢᠭᠤᠯᠤᠯᠲᠠ ᠶᠢᠨ ᠥᠨᠳᠥᠷ ᠦᠷ᠎ᠡ ᠪᠦᠲᠦᠮᠵᠢᠲᠡᠢ ᠠᠵᠢᠯᠯᠠᠭᠠᠨ ᠢ ᠪᠠᠲᠤᠯᠠᠬᠤ ᠶᠢᠨ ᠬᠠᠮᠲᠤ᠂ ᠡᠯ᠎ᠡ | ᠭᠠᠵᠠᠷ ᠣᠷᠣᠨ ᠤ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠠᠵᠢᠯ ᠤᠨ | ᠥᠷᠨᠢᠯᠲᠡ ᠶᠢ ᠵᠢᠷᠤᠮᠵᠢᠭᠤᠯᠤᠨ᠂ ᠳᠦᠷᠢᠮ ᠤᠨ ᠬᠢᠨᠠᠯᠲᠠ ᠲᠠᠯᠪᠢᠨ ᠬᠢᠵᠠᠭᠠᠷᠯᠠᠬᠤ ᠦᠢᠯᠡᠳᠦᠯ ᠢ ᠪᠠᠳᠠᠷᠠᠭᠤᠯᠬᠤ ᠪᠣᠢ︖ | | ᠵᠠᠩ ᠭᠠᠩ᠄ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠ ᠠᠵᠢᠯ ᠤᠨ ᠵᠣᠬᠢᠴᠠᠭᠤᠯᠭ᠎ᠠ ᠶᠢᠨ | ᠲᠠᠯ᠎ᠠ ᠪᠠᠷ᠂ ᠥᠪᠡᠷᠲᠡᠭᠡᠨ ᠵᠠᠰᠠᠬᠤ ᠣᠷᠣᠨ ᠤ ︽ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ ᠶᠢᠨ | ᠪᠠᠶᠢᠭᠤᠯᠤᠯᠲᠠ ᠶᠢ ᠴᠢᠩᠭᠠᠳᠬᠠᠬᠤ ᠲᠤᠬᠠᠢ ᠬᠡᠷᠡᠭᠵᠢᠭᠦᠯᠬᠦ ᠲᠥᠰᠥᠯ︾ ᠨᠢ ᠡᠯ᠎ᠡ ᠭᠠᠵᠠᠷ ᠣᠷᠣᠨ᠂ ᠡᠯ᠎ᠡ ᠰᠠᠯᠠᠭ᠎ᠠ | ᠮᠥᠴᠢᠷ ᠤᠨ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠴᠢᠩᠭᠠᠳᠬᠠᠬᠤ ᠳᠤ | ᠭᠤᠣᠯᠳᠠᠯᠭᠠᠲᠤ ᠡᠭᠦᠷᠭᠡ ᠶᠢᠨ ᠠᠵᠢᠯ ᠤᠨ ᠬᠤᠪᠢᠶᠠᠷᠢᠯᠠᠯ ᠬᠢᠭᠡᠳ ᠠᠬᠢᠴᠠ ᠶᠢᠨ ᠲᠣᠬᠢᠷᠠᠭᠤᠯᠤᠯᠲᠠ ᠬᠢᠪᠡ᠃ | ᠡᠭᠦᠨ ᠤ ᠬᠠᠮᠲᠤ᠂ ᠨᠡᠶᠢᠭᠡᠮ ᠤᠨ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢᠨ ᠤᠳᠤᠷᠢᠳᠬᠤ | ᠳᠤᠭᠤᠶᠢᠯᠠᠩ ᠤᠨ ᠶᠡᠷᠦᠩᠬᠡᠶᠢᠯᠡᠨ ᠵᠣᠬᠢᠴᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠡᠯ᠎ᠡ ᠭᠠᠵᠠᠷ ᠣᠷᠣᠨ᠂ | ᠡᠯ᠎ᠡ ᠰᠠᠯᠠᠭ᠎ᠠ ᠮᠥᠴᠢᠷ ᠤᠨ ᠬᠤᠭᠤᠷᠣᠨᠳᠤᠬᠢ ᠬᠠᠮᠵᠢᠯᠴᠠᠭ᠎ᠠ ᠬᠠᠮᠲᠤᠷᠠᠯᠴᠠᠭ᠎ᠠ ᠶᠢ ᠴᠢᠩᠭᠠᠳᠬᠠᠵᠤ᠂ ᠵᠠᠰᠠᠭ ᠤᠨ | ᠶᠠᠪᠤᠳᠠᠯ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠠᠵᠢᠯ ᠢ ᠯᠠᠪᠳᠠᠭᠤᠨ ᠪᠠᠲᠤᠲᠠᠢ᠂ ᠡᠮᠬᠢ ᠵᠢᠷᠤᠮ ᠲᠠᠢ᠂ | ᠥᠨᠳᠥᠷ ᠪᠦᠲᠦᠮᠵᠢᠲᠡᠢ ᠥᠷᠨᠢᠭᠦᠯᠬᠦ ᠶᠢ ᠠᠬᠢᠭᠤᠯᠤᠨ᠎ᠠ᠃ ᠡᠭᠦᠨ ᠠᠴᠠ ᠭᠠᠳᠠᠨ᠎ᠠ᠂ ᠥᠪᠡᠷᠲᠡᠭᠡᠨ ᠵᠠᠰᠠᠬᠤ ᠣᠷᠣᠨ ᠤ | ︽ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠴᠢᠩᠭᠠᠳᠬᠠᠬᠤ ᠲᠤᠬᠠᠢ ᠬᠡᠷᠡᠭᠵᠢᠭᠦᠯᠬᠦ | ᠲᠥᠰᠥᠯ︾ ᠳᠤ ᠳᠡᠭᠡᠳᠦ ᠱᠠᠲᠤᠨ ᠤ ᠲᠤᠰᠬᠠᠢ ᠵᠦᠢᠯ ᠤᠨ ᠬᠢᠨᠠᠨ ᠵᠢᠯᠣᠭᠤᠳᠬᠤ ᠲᠣᠭᠲᠠᠴᠠ᠂ ᠵᠠᠰᠠᠭ ᠤᠨ | ᠶᠠᠪᠤᠳᠠᠯ ᠤᠨ ᠦᠨᠡᠨᠴᠢ ᠢᠲᠡᠭᠡᠮᠵᠢ ᠳᠤ ᠬᠥᠨᠳᠡᠯᠡᠨ ᠴᠢᠭᠯᠡᠯ ᠢᠶᠠᠷ ᠬᠢᠨᠠᠯᠲᠠ ᠲᠠᠯᠪᠢᠬᠤ ᠲᠣᠭᠲᠠᠴᠠ ᠪᠠ ᠭᠤᠷᠪᠠᠳᠠᠭᠴᠢ | ᠲᠠᠯ᠎ᠠ ᠶᠢᠨ ᠨᠡᠶᠢᠭᠡᠮ ᠤᠨ ᠪᠠᠶᠢᠭᠤᠯᠤᠮᠵᠢ ᠶᠢᠨ ᠦᠨᠡᠯᠡᠨ ᠵᠢᠱᠢᠬᠦ ᠲᠣᠭᠲᠠᠴᠠ ᠶᠢ ᠪᠠᠶᠢᠭᠤᠯᠵᠤ᠂ ᠵᠠᠰᠠᠭ ᠤᠨ | ᠶᠠᠪᠤᠳᠠᠯ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠳᠤ ᠬᠢᠨᠠᠯᠲᠠ ᠲᠠᠯᠪᠢᠬᠤ ᠡᠷᠴᠢᠮ ᠢ ᠪᠦᠬᠦ ᠲᠠᠯ᠎ᠠ ᠪᠠᠷ | ᠴᠢᠩᠭᠠᠳᠬᠠᠬᠤ ᠬᠡᠷᠡᠭᠲᠡᠢ ᠭᠡᠵᠦ ᠲᠣᠳᠣᠷᠬᠠᠶᠢᠯᠠᠪᠠ᠃ ᠬᠠᠤᠯᠢ ᠴᠠᠭᠠᠵᠠ ᠲᠣᠭᠲᠠᠭᠠᠯ ᠢ ᠵᠢᠷᠤᠮᠯᠠᠭᠰᠠᠨ ᠤᠷᠢᠳᠠᠯ | ᠳᠣᠣᠷ᠎ᠠ᠂ ᠵᠠᠰᠠᠭ ᠤᠨ ᠶᠠᠪᠤᠳᠠᠯ ᠤᠨ ᠢᠲᠡᠭᠡᠮᠵᠢ ᠠᠯᠳᠠᠭᠰᠠᠨ ᠠᠵᠢᠯᠯᠠᠭ᠎ᠠ ᠶᠢ ᠪᠣᠢ ᠪᠣᠯᠭᠠᠭᠰᠠᠨ ᠭᠤᠣᠯ | ᠬᠠᠷᠢᠭᠤᠴᠠᠯᠭᠠᠲᠠᠨ ᠠᠴᠠ ᠬᠠᠷᠢᠭᠤᠴᠠᠯᠭ᠎ᠠ ᠨᠡᠬᠡᠮᠵᠢᠯᠡᠵᠦ᠂ ᠵᠠᠰᠠᠭ ᠤᠨ ᠶᠠᠪᠤᠳᠠᠯ ᠤᠨ ᠢᠲᠡᠭᠡᠮᠵᠢ ᠠᠯᠳᠠᠭᠰᠠᠨ | ᠲᠡᠮᠳᠡᠭᠯᠡᠯ ᠣᠷᠣᠰᠢᠵᠤ ᠪᠠᠶᠢᠭ᠎ᠠ ᠠᠯᠪᠠᠲᠠᠨ ᠳᠤ ᠰᠢᠯᠢᠳᠡᠭ ᠪᠠ ᠲᠡᠷᠢᠭᠦᠨ ᠤ ᠬᠢ ᠪᠠᠷ ᠦᠨᠡᠯᠡᠭᠳᠡᠬᠦ ᠶᠢ ᠬᠢᠵᠠᠭᠠᠷᠯᠠᠬᠤ | ᠵᠡᠷᠭᠡ ᠰᠢᠢᠳᠪᠦᠷᠢᠯᠡᠬᠦ ᠠᠷᠭ᠎ᠠ ᠬᠡᠮᠵᠢᠶ᠎ᠡ ᠠᠪᠴᠤ᠂ ︽ᠬᠥᠮᠥᠨ ᠪᠦᠬᠦᠨ ᠲᠡᠮᠳᠡᠭᠯᠡᠯ ᠲᠠᠢ᠂ ᠬᠥᠮᠥᠨ ᠪᠦᠬᠦᠨ | ᠬᠠᠷᠢᠭᠤᠴᠠᠯᠭ᠎ᠠ ᠲᠠᠢ︾ ᠪᠠᠶᠢᠬᠤ ᠶᠢ ᠦᠨᠡᠨ ᠬᠦ ᠭᠦᠢᠴᠡᠳᠬᠡᠨ᠎ᠡ᠃ ᠪᠢᠳᠡ ᠪᠠᠰᠠ ᠥᠪᠡᠷᠲᠡᠭᠡᠨ ᠵᠠᠰᠠᠬᠤ ᠣᠷᠣᠨ ᠤ | ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ ᠶᠢ ᠦᠨᠡᠯᠡᠬᠦ ᠪᠠᠷᠢᠮᠵᠢᠶ᠎ᠠ ᠶᠢ ᠲᠣᠭᠲᠠᠭᠠᠬᠤ ᠶᠢᠨ ᠬᠠᠮᠲᠤ᠂ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ᠂ ᠬᠥᠮᠥᠨ ᠤ ᠬᠦᠴᠦᠨ ᠤ | ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠵᠠᠰᠠᠭ ᠤᠨ ᠣᠷᠳᠣᠨ ᠤ ᠬᠢᠨᠠᠨ ᠪᠠᠶᠢᠴᠠᠭᠠᠬᠤ ᠲᠠᠰᠤᠭ | ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠬᠠᠮᠲᠤᠷᠠᠵᠤ᠂ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠤᠨ | ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠠᠵᠢᠯ ᠢ ᠥᠷᠨᠢᠭᠦᠯᠵᠦ ᠪᠠᠶᠢᠭ᠎ᠠ | ᠪᠠᠶᠢᠳᠠᠯ ᠳᠤ ᠰᠢᠯᠭᠠᠨ ᠬᠢᠨᠠᠯᠲᠠ ᠪᠠ ᠬᠢᠨᠠᠨ ᠪᠠᠶᠢᠴᠠᠭᠠᠯᠲᠠ ᠬᠢᠬᠦ ᠶᠢᠨ ᠬᠠᠮᠲᠤ᠂ ᠰᠢᠯᠭᠠᠨ ᠬᠢᠨᠠᠭᠰᠠᠨ ᠦᠷ᠎ᠡ | ᠳ᠋ᠦᠩ ᠢ ᠠᠶᠢᠮᠠᠭ ᠬᠤᠲᠠ ᠲᠢᠩᠬᠢᠮ ᠲᠣᠪᠴᠢᠶ᠎ᠠ ᠶᠢᠨ ᠤᠳᠤᠷᠢᠳᠬᠤ ᠪᠠᠭ ᠤᠨ ᠠᠵᠢᠯ ᠤᠨ ᠠᠮᠵᠢᠯᠲᠠ ᠪᠦᠲᠦᠮᠵᠢ ᠶᠢ | ᠰᠢᠯᠭᠠᠨ ᠬᠢᠨᠠᠬᠤ ᠬᠦᠷᠢᠶ᠎ᠡ ᠬᠡᠪᠴᠢᠶᠡᠨ ᠳᠤ ᠣᠷᠣᠭᠤᠯᠵᠤ᠂ ᠠᠵᠢᠯ ᠤᠨ ᠥᠷᠨᠢᠯᠲᠡ ᠶᠢ ᠤᠯᠠᠮ ᠴᠢᠨᠠᠭᠰᠢᠳᠠ | ᠠᠬᠢᠭᠤᠯᠤᠨ᠎ᠠ᠃ | ᠬᠥᠲᠥᠯᠥᠭᠴᠢ᠄ ᠰᠠᠶ᠋ᠢᠬᠠᠨ ᠲᠠᠨ ᠤ ᠲᠠᠨᠢᠯᠴᠠᠭᠤᠯᠭ᠎ᠠ ᠪᠠᠷ ᠳᠠᠮᠵᠢᠭᠤᠯᠵᠤ᠂ ᠮᠠᠨ ᠤ ᠣᠷᠣᠨ ᠤ ᠦᠷ᠎ᠡ | ᠪᠦᠲᠦᠮᠵᠢ ᠲᠠᠢ᠂ ᠢᠯᠡ ᠲᠣᠳᠣ᠂ ᠦᠨᠡᠨᠴᠢ ᠢᠲᠡᠭᠡᠮᠵᠢᠲᠡᠢ ᠵᠠᠰᠠᠭ ᠵᠠᠬᠢᠷᠭᠠᠨ ᠤ ᠬᠡᠷᠡᠭ ᠶᠠᠪᠤᠳᠠᠯ ᠤᠨ | ᠬᠠᠮᠢᠶᠠᠷᠤᠯᠲᠠ ᠶᠢᠨ ᠰᠢᠰᠲ᠋ᠧᠮᠵᠢ ᠶᠢ ᠪᠠᠶᠢᠭᠤᠯᠬᠤ ᠳᠤ ᠪᠢᠳᠡ ᠢᠲᠡᠭᠡᠯ ᠳᠦᠭᠦᠷᠡᠩ ᠪᠣᠯᠵᠠᠢ᠃ ᠲᠡᠭᠡᠪᠡᠯ ᠮᠠᠨ ᠤ | ᠣᠷᠣᠨ ᠣᠳᠣᠬᠠᠨ ᠳᠤ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠲᠠᠯ᠎ᠠ ᠪᠠᠷ | ᠨᠢᠭᠡᠨᠲᠡ ᠶᠠᠮᠠᠷ ᠶᠠᠮᠠᠷ ᠠᠵᠢᠯ ᠥᠷᠨᠢᠭᠦᠯᠦᠭᠰᠡᠨ ᠪᠣᠢ︖ ᠡᠭᠦᠨ ᠠᠴᠠ ᠬᠤᠶᠢᠰᠢᠳᠠ ᠶᠢᠨ ᠠᠵᠢᠯ ᠳᠤ ᠲᠠ ᠶᠠᠮᠠᠷ | ᠶᠠᠮᠠᠷ ᠪᠣᠳᠣᠯᠬᠢᠯᠠᠯ ᠪᠠᠶᠢᠬᠤ ᠪᠣᠢ︖ | ᠵᠠᠩ ᠭᠠᠩ᠄ 2016 ᠣᠨ ᠠᠴᠠ ᠡᠬᠢᠯᠡᠨ᠂ ᠮᠠᠨ ᠤ ᠣᠷᠣᠨ ᠳᠠᠷᠤᠢ ᠵᠠᠰᠠᠭ ᠵᠠᠬᠢᠷᠭᠠᠨ ᠤ | ᠬᠠᠮᠢᠶᠠᠷᠤᠯᠲᠠ ᠶᠢᠨ ᠵᠦᠢᠯᠡᠰ ᠢ ᠬᠦᠴᠦᠯᠡᠨ ᠠᠬᠢᠭᠤᠯᠬᠤ ᠶᠠᠪᠤᠴᠠ ᠳᠤ ᠢᠲᠡᠭᠡᠮᠵᠢ ᠶᠢᠨ ᠲᠡᠮᠳᠡᠭᠯᠡᠯ ᠪᠠ | ᠢᠲᠡᠭᠡᠮᠵᠢ ᠶᠢᠨ ᠮᠡᠳᠡᠭᠦᠯᠦᠯᠲᠡ ᠵᠡᠷᠭᠡ ᠢᠲᠡᠭᠡᠮᠵᠢ ᠶᠢᠨ ᠨᠡᠷᠡᠳᠬᠦᠨ ᠢ ᠬᠡᠷᠡᠭᠯᠡᠭᠰᠡᠨ ᠤ ᠬᠠᠮᠲᠤ᠂ ᠬᠠᠮᠢᠶ᠎ᠠ ᠪᠦᠬᠦᠢ | ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠲᠣᠭᠲᠠᠭᠠᠨ ᠨᠡᠶᠢᠲᠡᠯᠡᠵᠦ᠂ ᠵᠠᠰᠠᠭ ᠵᠠᠬᠢᠷᠭᠠᠨ ᠤ ᠵᠥᠪᠰᠢᠶᠡᠷᠡᠯ᠂ | ᠵᠠᠰᠠᠭ ᠤᠨ ᠣᠷᠳᠣᠨ ᠤ ᠬᠤᠳᠠᠯᠳᠤᠨ ᠠᠪᠬᠤ᠂ ᠳᠠᠭᠠᠭᠠᠴᠢᠯᠠᠯᠲᠠ ᠵᠠᠷᠯᠠᠬᠤ ᠪᠠ ᠬᠦᠯᠢᠶᠡᠬᠦ᠂ ᠬᠥᠳᠡᠯᠮᠦᠷᠢ ᠠᠵᠢᠯ | ᠣᠯᠭᠤᠯᠲᠠ᠂ ᠨᠡᠶᠢᠭᠡᠮ ᠤᠨ ᠪᠠᠲᠤᠯᠠᠭ᠎ᠠ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠠᠮᠢᠶᠠᠷᠤᠯᠲᠠ᠂ ᠺᠠᠳ᠋ᠷ ᠢ | ᠰᠢᠯᠢᠵᠦ ᠬᠡᠷᠡᠭᠯᠡᠬᠦ ᠪᠠ ᠬᠢᠨᠠᠨ ᠬᠠᠮᠢᠶᠠᠷᠬᠤ᠂ ᠵᠠᠰᠠᠭ ᠤᠨ ᠣᠷᠳᠣᠨ ᠤ ᠪᠡᠯᠡ ᠮᠥᠩᠭᠦ ᠶᠢᠨ ᠳᠡᠮᠵᠢᠯᠭᠡ ᠶᠢ | ᠭᠤᠶᠤᠴᠢᠯᠠᠬᠤ᠂ ᠮᠥᠩᠭᠦᠨ ᠭᠦᠢᠯᠭᠡᠭᠡ ᠵᠡᠷᠭᠡ ᠬᠦᠷᠢᠶ᠎ᠡ ᠴᠠᠷᠠᠭ᠎ᠠ ᠳᠤ᠂ ᠢᠲᠡᠭᠡᠮᠵᠢ ᠶᠢᠨ ᠮᠡᠳᠡᠭᠡ ᠵᠠᠩᠭᠢ ᠪᠠ | ᠢᠲᠡᠭᠡᠮᠵᠢ ᠶᠢᠨ ᠨᠡᠷᠡᠳᠬᠦᠨ ᠢ ᠤᠷᠢᠳ ᠢᠶᠠᠷ ᠬᠡᠷᠡᠭᠯᠡᠵᠦ᠂ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠢᠨᠵᠢᠯᠡᠬᠦ | ᠤᠬᠠᠭᠠᠨᠴᠢ ᠬᠢᠷᠢ ᠲᠦᠪᠰᠢᠨ ᠢ ᠳᠡᠭᠡᠭᠰᠢᠯᠡᠭᠦᠯᠦᠨ᠂ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ ᠶᠢᠨ | ᠪᠠᠶᠢᠭᠤᠯᠤᠯᠲᠠ ᠶᠢ ᠠᠬᠢᠭᠤᠯᠬᠤ ᠬᠡᠷᠡᠭᠲᠡᠢ ᠭᠡᠵᠦ ᠱᠠᠭᠠᠷᠳᠠᠭᠰᠠᠨ ᠪᠠᠶᠢᠨ᠎ᠠ᠃ ᠢᠲᠡᠭᠡᠮᠵᠢ ᠶᠢᠨ ᠮᠡᠳᠡᠭᠡ ᠵᠠᠩᠭᠢ ᠶᠢᠨ | ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠵᠦᠢᠯᠡᠰ ᠳᠤᠮᠳᠠᠬᠢ ᠥᠷᠭᠡᠨ ᠳᠡᠯᠭᠡᠷ ᠬᠡᠷᠡᠭᠯᠡᠭᠡ ᠶᠢ ᠤᠯᠠᠮ ᠴᠢᠨᠠᠭᠰᠢᠳᠠ | ᠠᠬᠢᠭᠤᠯᠬᠤ ᠶᠢᠨ ᠲᠥᠯᠥᠭᠡ᠂ ᠪᠢᠳᠡ ᠥᠪᠡᠷᠲᠡᠭᠡᠨ ᠵᠠᠰᠠᠬᠤ ᠣᠷᠣᠨ ᠤ ᠨᠡᠶᠢᠭᠡᠮ ᠤᠨ ᠢᠲᠡᠭᠡᠮᠵᠢ ᠶᠢᠨ ᠮᠡᠳᠡᠭᠡ | ᠵᠠᠩᠭᠢ ᠶᠢᠨ ᠲᠠᠪᠴᠠᠩ ᠢ ᠪᠠᠶᠢᠭᠤᠯᠬᠤ ᠡᠷᠴᠢᠮ ᠢ ᠴᠢᠩᠭᠠᠷᠠᠭᠤᠯᠤᠭᠰᠠᠨ ᠤ ᠬᠠᠮᠲᠤ᠂ ᠨᠡᠶᠢᠭᠡᠮ ᠤᠨ ᠢᠲᠡᠭᠡᠮᠵᠢ ᠶᠢᠨ | ᠮᠡᠳᠡᠭᠡ ᠵᠠᠩᠭᠢ ᠶᠢᠨ ᠲᠠᠪᠴᠠᠩ ᠢ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ | ᠵᠥᠪᠯᠡᠯ ᠤᠨ ︽ᠪᠡᠯᠡ ᠣᠷᠤᠯᠠᠭᠤᠯᠤᠯᠲᠠ ᠶᠢᠨ ᠲᠥᠷᠥᠯ ᠵᠦᠢᠯ ᠢ ᠰᠦᠯᠵᠢᠶᠡᠨ ᠳᠡᠭᠡᠷ᠎ᠡ ᠬᠢᠨᠠᠨ ᠵᠥᠪᠰᠢᠶᠡᠷᠡᠬᠦ ᠶᠢ | ᠬᠢᠨᠠᠨ ᠬᠠᠮᠢᠶᠠᠷᠬᠤ ᠲᠠᠪᠴᠠᠩ︾᠂ ᠡᠳ᠋ ᠤᠨ ᠵᠠᠰᠠᠭ ᠤᠨ ᠲᠢᠩᠬᠢᠮ ᠤᠨ ︽ᠵᠠᠰᠠᠭ ᠤᠨ ᠣᠷᠳᠣᠨ ᠤ ᠬᠤᠳᠠᠯᠳᠤᠨ | ᠠᠪᠬᠤ ᠰᠢᠰᠲ᠋ᠧᠮ︾᠂ ᠠᠵᠤ ᠠᠬᠤᠢ ᠪᠠ ᠮᠡᠳᠡᠭᠡ ᠵᠠᠩᠭᠢᠵᠢᠯᠲᠠ ᠶᠢᠨ ᠵᠥᠪᠯᠡᠯ ᠤᠨ ︽ᠳᠤᠮᠳᠠ ᠵᠢᠵᠢᠭ ᠠᠵᠤ | ᠠᠬᠤᠶᠢᠯᠠᠯ ᠤᠨ ᠣᠯᠠᠨ ᠨᠡᠶᠢᠲᠡ ᠶᠢᠨ ᠦᠢᠯᠡᠴᠢᠯᠡᠭᠡ ᠶᠢᠨ ᠲᠠᠪᠴᠠᠩ︾᠂ ᠤᠯᠤᠰ ᠤᠨ ᠭᠠᠶᠢᠯᠢ ᠶᠢᠨ ᠶᠠᠪᠤᠳᠠᠯ ᠤᠨ | ᠲᠣᠪᠴᠢᠶ᠎ᠠ ᠶᠢᠨ ︽ᠪᠠᠩᠬᠢ ᠭᠠᠶᠢᠯᠢ ᠶᠢᠨ ᠦᠢᠯᠡᠳᠦᠯᠴᠡᠬᠦ ᠲᠠᠪᠴᠠᠩ︾᠂ ᠵᠠᠮ ᠬᠠᠷᠢᠯᠴᠠᠭ᠎ᠠ ᠲᠡᠭᠡᠭᠡᠪᠦᠷᠢ ᠶᠢᠨ | ᠲᠢᠩᠬᠢᠮ ᠤᠨ ︽ᠵᠠᠰᠠᠮᠠᠯ ᠵᠠᠮ ᠤᠰᠤᠨ ᠵᠠᠮ ᠤᠨ ᠪᠠᠶᠢᠭᠤᠯᠤᠯᠲᠠ ᠬᠢᠭᠡᠳ ᠲᠡᠭᠡᠭᠡᠪᠦᠷᠢ ᠶᠢᠨ ᠵᠠᠬ᠎ᠠ ᠳᠡᠯᠭᠡᠭᠦᠷ ᠤᠨ | ᠢᠲᠡᠭᠡᠮᠵᠢ ᠶᠢᠨ ᠮᠡᠳᠡᠭᠡ ᠵᠠᠩᠭᠢ ᠶᠢᠨ ᠦᠢᠯᠡᠴᠢᠯᠡᠭᠡ ᠶᠢᠨ ᠰᠢᠰᠲ᠋ᠧᠮ︾᠂ ᠥᠪᠥᠷ ᠮᠣᠩᠭᠤᠯ ᠤᠨ ᠳᠠᠭᠠᠭᠠᠴᠢᠯᠠᠯᠲᠠ | ᠵᠠᠷᠯᠠᠬᠤ ᠪᠠ ᠬᠦᠯᠢᠶᠡᠬᠦ ᠨᠡᠶᠢᠭᠡᠮᠯᠢᠭ ᠤᠨ ︽ᠳᠠᠭᠠᠭᠠᠴᠢᠯᠠᠯᠲᠠ ᠵᠠᠷᠯᠠᠬᠤ ᠪᠠ ᠬᠦᠯᠢᠶᠡᠬᠦ ᠡᠯᠧᠺᠳ᠋ᠷᠣᠨ ᠰᠢᠰᠲ᠋ᠧᠮ︾ | ᠵᠡᠷᠭᠡ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠰᠢᠰᠲ᠋ᠧᠮ ᠲᠠᠢ ᠵᠣᠯᠭᠠᠭᠤᠯᠬᠤ ᠶᠢ ᠪᠡᠶᠡᠯᠡᠭᠦᠯᠵᠦ᠂ ᠵᠠᠰᠠᠭ ᠤᠨ | ᠶᠠᠪᠤᠳᠠᠯ ᠤᠨ ᠡᠯ᠎ᠡ ᠲᠥᠷᠥᠯ ᠤᠨ ᠵᠦᠢᠯᠡᠰ ᠢ ᠭᠤᠶᠤᠴᠢᠯᠠᠭᠴᠢ ᠶᠢᠨ ᠢᠲᠡᠭᠡᠮᠵᠢ ᠶᠢᠨ ᠮᠡᠳᠡᠭᠡ ᠵᠠᠩᠭᠢ ᠶᠢ ᠴᠠᠭ | ᠲᠤᠬᠠᠢ ᠳᠤ ᠨᠢ ᠬᠠᠷᠭᠤᠭᠤᠯᠤᠨ ᠪᠠᠶᠢᠴᠠᠭᠠᠵᠤ᠂ ᠵᠠᠰᠠᠭ ᠤᠨ ᠣᠷᠳᠣᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ | ᠠᠶᠤᠯ ᠲᠦᠭᠰᠢᠭᠦᠷᠢ ᠶᠢ ᠪᠠᠭᠤᠷᠠᠭᠤᠯᠤᠨ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢᠨ ᠬᠢᠷᠢ ᠲᠦᠪᠰᠢᠨ ᠢ | ᠳᠡᠭᠡᠭᠰᠢᠯᠡᠭᠦᠯᠬᠦ ᠳᠤ ᠬᠦᠴᠦᠲᠡᠢ ᠲᠤᠯᠭᠠᠭᠤᠷᠢᠯᠠᠯ ᠬᠠᠩᠭᠠᠵᠠᠢ᠃ 2017 ᠣᠨ ᠳᠤ᠂ ᠤᠯᠤᠰ ᠤᠨ ᠬᠥᠭᠵᠢᠭᠦᠯᠦᠯᠲᠡ | ᠥᠭᠡᠷᠡᠴᠢᠯᠡᠯᠲᠡ ᠶᠢᠨ ᠵᠥᠪᠯᠡᠯ ᠤᠨ ᠠᠵᠢᠯ ᠤᠨ ᠪᠠᠶᠢᠷᠢᠯᠠᠭᠤᠯᠤᠯᠲᠠ ᠶᠣᠰᠣᠭᠠᠷ᠂ ᠮᠠᠨ ᠤ ᠣᠷᠣᠨ ᠪᠠᠰᠠ ᠵᠠᠰᠠᠭ ᠤᠨ | ᠣᠷᠳᠣᠨ ᠤ ᠪᠠᠶᠢᠭᠤᠯᠤᠮᠵᠢ ᠶᠢᠨ ᠢᠲᠡᠭᠡᠮᠵᠢ ᠠᠯᠳᠠᠭᠰᠠᠨ ᠠᠰᠠᠭᠤᠳᠠᠯ ᠳᠤ ᠵᠠᠰᠠᠯᠲᠠ ᠬᠢᠬᠦ ᠠᠵᠢᠯ ᠢ ᠢᠳᠡᠪᠬᠢᠲᠡᠢ | ᠥᠷᠨᠢᠭᠦᠯᠵᠦ᠂ ᠮᠠᠨ ᠤ ᠣᠷᠣᠨ ᠳᠤ ᠬᠤᠯᠪᠣᠭᠳᠠᠭᠰᠠᠨ 71 ᠢᠲᠡᠭᠡᠮᠵᠢ ᠠᠯᠳᠠᠭᠰᠠᠨ ᠵᠠᠰᠠᠭ ᠤᠨ ᠣᠷᠳᠣᠨ ᠤ | ᠪᠠᠶᠢᠭᠤᠯᠤᠮᠵᠢ ᠳᠤ ᠲᠤᠰᠬᠠᠢ ᠵᠦᠢᠯ ᠤᠨ ᠵᠠᠰᠠᠯᠲᠠ ᠬᠢᠵᠦ᠂ ᠦᠯᠡᠳᠡᠭᠡᠯ ᠢ ︽ᠪᠦᠬᠦᠨ ᠢ ᠦᠭᠡᠢ ᠪᠣᠯᠭᠠᠬᠤ︾ ᠶᠢ | ᠪᠡᠶᠡᠯᠡᠭᠦᠯᠵᠦ᠂ ᠵᠠᠰᠠᠯᠲᠠ ᠬᠢᠬᠦ ᠡᠭᠦᠷᠭᠡ ᠶᠢ ᠬᠤᠭᠤᠴᠠᠭ᠎ᠠ ᠶᠣᠰᠣᠭᠠᠷ ᠪᠡᠶᠡᠯᠡᠭᠦᠯᠦᠭᠰᠡᠨ ᠪᠠᠶᠢᠨ᠎ᠠ᠃ | ᠵᠠᠩ ᠭᠠᠩ᠄ ᠡᠭᠦᠨ ᠤ ᠬᠠᠮᠲᠤ᠂ ᠪᠢᠳᠡ ᠪᠠᠰᠠ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ ᠶᠢᠨ | ᠪᠠᠶᠢᠭᠤᠯᠤᠯᠲᠠ ᠪᠣᠯ ᠨᠢᠭᠡᠨ ᠵᠦᠢᠯ ᠤᠨ ᠰᠢᠰᠲ᠋ᠧᠮᠲᠦ ᠢᠨᠵᠧᠨᠧᠷᠢᠩ ᠪᠠᠶᠢᠵᠤ᠂ ᠥᠩᠭᠡᠨ ᠲᠠᠯ᠎ᠠ ᠪᠠ | ᠦᠨᠳᠦᠰᠦᠨ ᠠᠴᠠ ᠨᠢ ᠵᠡᠷᠭᠡ ᠪᠠᠷ ᠵᠠᠰᠠᠵᠤ᠂ ᠣᠯᠠᠨ ᠵᠦᠢᠯ ᠤᠨ ᠠᠷᠭ᠎ᠠ ᠬᠡᠮᠵᠢᠶ᠎ᠡ ᠠᠪᠴᠤ᠂ ᠤᠳᠠᠭᠠᠨ | ᠳᠠᠭᠠᠭᠠᠮᠠᠭᠠᠢ ᠪᠠᠷ ᠪᠠᠷᠢᠮᠲᠠᠯᠠᠬᠤ ᠶᠢ ᠱᠠᠭᠠᠷᠳᠠᠵᠤ ᠪᠠᠶᠢᠬᠤ ᠶᠢ ᠣᠯᠵᠤ ᠬᠠᠷᠠᠬᠤ ᠬᠡᠷᠡᠭᠲᠡᠢ᠃ ᠪᠢᠳᠡ ᠲᠤᠰ | ᠤᠳᠠᠭᠠᠨ ᠤ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠨᠡᠶᠢᠲᠡᠯᠡᠭᠰᠡᠨ ︽ᠵᠠᠰᠠᠭ ᠤᠨ ᠶᠠᠪᠤᠳᠠᠯ ᠤᠨ | ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠴᠢᠩᠭᠠᠳᠬᠠᠬᠤ ᠲᠤᠬᠠᠢ ᠬᠡᠷᠡᠭᠵᠢᠭᠦᠯᠬᠦ ᠲᠥᠰᠥᠯ︾ ᠢᠶᠠᠷ | ᠦᠨᠳᠦᠰᠦᠯᠡᠯ ᠪᠣᠯᠭᠠᠵᠤ᠂ ᠰᠠᠭᠤᠷᠢ ᠪᠠᠶᠢᠭᠤᠯᠤᠯᠲᠠ ᠶᠢ ᠴᠢᠩᠭᠠᠳᠬᠠᠨ᠂ ᠠᠵᠢᠯ ᠤᠨ ᠪᠠᠲᠤᠯᠠᠭ᠎ᠠ ᠶᠢ ᠰᠠᠶᠢᠲᠤᠷ ᠬᠢᠵᠦ | ᠂ ᠠᠵᠢᠯ ᠤᠨ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠠᠵᠢᠯ ᠤᠨ ᠡᠭᠦᠷᠭᠡ ᠶᠢ ᠪᠣᠳᠠᠲᠠᠢ ᠲᠣᠬᠢᠷᠠᠭᠤᠯᠬᠤ ᠪᠠᠷ | ᠳᠠᠮᠵᠢᠭᠤᠯᠤᠨ᠂ ᠡᠯ᠎ᠡ ᠭᠠᠵᠠᠷ᠂ ᠡᠯ᠎ᠡ ᠰᠠᠯᠠᠭ᠎ᠠ ᠮᠥᠴᠢᠷ ᠤᠨ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ ᠶᠢᠨ | ᠪᠠᠶᠢᠭᠤᠯᠤᠯᠲᠠ ᠶᠢᠨ ᠡᠯ᠎ᠡ ᠵᠦᠢᠯ ᠤᠨ ᠠᠵᠢᠯ ᠢ ᠦᠨᠡᠨ ᠬᠦ ᠠᠬᠢᠭᠤᠯᠤᠨ᠎ᠠ᠃ ᠡᠭᠦᠨ ᠤ ᠬᠠᠮᠲᠤ᠂ ᠪᠢᠳᠡ | ᠤᠬᠠᠭᠤᠯᠵᠤ ᠬᠥᠲᠥᠯᠥᠨ ᠵᠢᠯᠣᠭᠤᠳᠬᠤ ᠡᠷᠴᠢᠮ ᠢᠶᠠᠨ ᠴᠢᠩᠭᠠᠷᠠᠭᠤᠯᠵᠤ᠂ ᠷᠠᠳᠢᠣ᠋᠂ ᠲᠧᠯᠸᠢᠰ᠂ ᠰᠣᠨᠢᠨ ᠰᠡᠳᠬᠦᠯ᠂ | ᠰᠦᠯᠵᠢᠶ᠎ᠡ ᠵᠡᠷᠭᠡ ᠵᠠᠭᠤᠴᠢᠯᠠᠭᠤᠷ ᠢ ᠢᠳᠡᠪᠬᠢᠲᠡᠢ ᠠᠰᠢᠭᠯᠠᠨ᠂ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ ᠶᠢᠨ | ᠪᠠᠶᠢᠭᠤᠯᠤᠯᠲᠠ ᠶᠢᠨ ᠠᠵᠢᠯ ᠤᠨ ᠠᠬᠢᠴᠠ ᠪᠠ ᠦᠷ᠎ᠡ ᠪᠦᠲᠦᠭᠡᠯ ᠢ ᠶᠡᠭᠡ ᠪᠠᠷ ᠤᠬᠠᠭᠤᠯᠵᠤ᠂ ᠨᠡᠶᠢᠭᠡᠮ ᠤᠨ ᠡᠯ᠎ᠡ | ᠡᠲᠡᠭᠡᠳ ᠤᠨ ᠬᠢᠨ ᠤ ᠥᠷᠭᠡᠨ ᠳᠡᠯᠭᠡᠷ ᠬᠢᠨᠠᠯᠲᠠ ᠶᠢ ᠬᠦᠯᠢᠶᠡᠨ᠎ᠡ᠃ ᠪᠢᠳᠡ ᠪᠦᠬᠦᠨ ᠤ ᠬᠠᠮᠲᠤ ᠶᠢᠨ | ᠴᠢᠷᠮᠠᠶᠢᠯᠭ᠎ᠠ ᠪᠠᠷ ᠳᠠᠮᠵᠢᠭᠤᠯᠤᠨ᠂ ᠮᠠᠨ ᠤ ᠣᠷᠣᠨ ᠤ ᠦᠨᠡᠨᠴᠢ ᠢᠲᠡᠭᠡᠮᠵᠢ ᠶᠢᠨ ᠨᠡᠷ᠎ᠡ ᠶᠢᠨ ᠬᠠᠭᠤᠳᠠᠰᠤ ᠶᠢ | ᠴᠣᠭᠴᠠᠯᠠᠨ ᠪᠦᠲᠦᠭᠡᠵᠦ᠂ ᠮᠠᠨ ᠤ ᠣᠷᠣᠨ ᠤ ᠡᠷᠬᠡ ᠲᠡᠭᠰᠢ ᠥᠨᠳᠥᠷ ᠪᠦᠲᠦᠮᠵᠢᠲᠡᠢ ᠬᠤᠳᠠᠯᠳᠤᠭ᠎ᠠ | ᠡᠵᠡᠩᠨᠡᠯᠲᠡ ᠶᠢᠨ ᠣᠷᠴᠢᠨ ᠲᠣᠭᠤᠷᠢᠨ ᠢ ᠪᠠᠶᠢᠭᠤᠯᠬᠤ ᠳᠤ ᠬᠦᠴᠦᠨ ᠪᠦᠬᠦᠢ ᠬᠥᠳᠡᠯᠭᠡᠭᠴᠢ ᠬᠦᠴᠦᠨ ᠨᠡᠮᠡᠷᠢᠯᠡᠵᠦ᠂ | ᠡᠬᠡ ᠤᠯᠤᠰ ᠤᠨ ᠤᠮᠠᠷᠠᠲᠤ ᠬᠢᠵᠠᠭᠠᠷ ᠤᠨ ᠰᠣᠳᠣᠨ ᠦᠵᠡᠮᠵᠢ ᠶᠢ ᠴᠣᠭᠴᠠᠯᠠᠨ ᠪᠠᠶᠢᠭᠤᠯᠬᠤ ᠳᠤ ᠪᠠᠶᠢᠪᠠᠰᠤ ᠵᠣᠬᠢᠬᠤ | ᠬᠤᠪᠢ ᠨᠡᠮᠡᠷᠢ ᠪᠠᠨ ᠬᠠᠨᠳᠢᠪᠯᠠᠬᠤ ᠶᠢ ᠬᠦᠰᠡᠵᠦ ᠪᠠᠶᠢᠨ᠎ᠠ᠃ | ᠬᠥᠲᠥᠯᠥᠭᠴᠢ᠄ ᠰᠠᠶᠢᠨ ᠪᠣᠯᠣᠯ᠎ᠠ᠂ ᠵᠠᠩ ᠡᠷᠬᠢᠯᠡᠭᠴᠢ ᠶᠢᠨ ᠭᠤᠶᠢᠳᠠ ᠰᠠᠶᠢᠬᠠᠨ ᠲᠠᠶᠢᠯᠤᠮᠵᠢ ᠳᠤ ᠪᠠᠶᠠᠷᠯᠠᠯ᠎ᠠ᠂ | ᠲᠤᠰ ᠬᠤᠭᠤᠴᠠᠭᠠᠨ ᠤ ᠰᠤᠷᠪᠤᠯᠵᠢᠯᠠᠭ᠎ᠠ ᠠᠳᠡ ᠬᠦᠷᠦᠭᠡᠳ ᠥᠨᠳᠥᠷᠯᠡᠬᠦ ᠪᠣᠯᠣᠯ᠎ᠠ᠂ ᠲᠠᠷᠠᠭᠠᠴᠢ ᠶᠢᠨ | ᠬᠤᠭᠤᠴᠠᠭᠠᠨ ᠳᠤ ᠳᠠᠬᠢᠨ ᠵᠣᠯᠭᠠᠶ᠎ᠠ︕ | |