| | | | ᠰᠤᠷᠪᠤᠯᠵᠢᠯᠠᠭᠰᠠᠨ ᠴᠠᠭ᠄ 2018 ᠣᠨ ᠤ 4 ᠳ᠋ᠦ᠋ᠭᠡᠷ ᠰᠠᠷ᠎ᠠ ᠶᠢᠨ 28 ᠤ ᠡᠳᠦᠷ ᠤᠨ ᠦᠳᠡ ᠶᠢᠨ | ᠡᠮᠦᠨᠡᠬᠢ 10 ᠴᠠᠭ | ᠰᠤᠷᠪᠤᠯᠵᠢᠯᠠᠭ᠎ᠠ ᠬᠦᠯᠢᠶᠡᠭᠴᠢ᠄ ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠭᠠᠶᠢᠯᠢ ᠶᠢᠨ | ᠶᠠᠪᠤᠳᠠᠯ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠳᠡᠳ᠋ ᠲᠣᠪᠴᠢᠶᠠᠨ ᠳᠠᠷᠤᠭ᠎ᠠ | ᠯᠢᠦ ᠹᠧᠩ ᠵᠢᠶᠦ᠋ᠨ | ᠰᠤᠷᠪᠤᠯᠵᠢᠯᠠᠭ᠎ᠠ ᠶᠢᠨ ᠲᠣᠪᠴᠢ ᠲᠠᠨᠢᠯᠴᠠᠭᠤᠯᠭ᠎ᠠ᠄ ᠣᠷᠴᠢᠨ ᠲᠣᠭᠤᠷᠢᠨ ᠤ ᠬᠠᠮᠠᠭᠠᠯᠠᠯᠲᠠ ᠶᠢᠨ ᠭᠠᠶᠢᠯᠢ ᠶᠢ | ᠨᠢᠭᠡᠨᠲᠡ 2018 ᠣᠨ ᠤ 1 ᠳ᠋ᠦ᠋ᠭᠡᠷ ᠰᠠᠷ᠎ᠠ ᠶᠢᠨ 1 ᠤ ᠡᠳᠦᠷ ᠠᠴᠠ ᠡᠬᠢᠯᠡᠨ ᠲᠠᠲᠠᠪᠤᠷᠢᠯᠠᠭᠰᠠᠨ ᠮᠥᠷᠲᠡᠭᠡᠨ | ᠪᠣᠬᠢᠷᠲᠤᠯ ᠭᠠᠳᠠᠭᠰᠢᠯᠠᠭᠤᠯᠬᠤ ᠰᠦᠢᠳᠬᠡᠯ ᠢ ᠳᠠᠬᠢᠨ ᠲᠠᠲᠠᠪᠤᠷᠢᠯᠠᠨ ᠬᠤᠷᠢᠶᠠᠬᠤ ᠦᠭᠡᠢ ᠪᠣᠯᠪᠠ᠃ ᠡᠭᠦᠨ ᠤ ᠬᠠᠮᠲᠤ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠨᠢ ᠪᠦᠬᠦ ᠤᠯᠤᠰ ᠤᠨ ᠤᠰᠤᠨ ᠤ ᠡᠬᠢ ᠪᠠᠶᠠᠯᠢᠭ ᠤᠨ | ᠭᠠᠶᠢᠯᠢ ᠳᠤ ᠥᠭᠡᠷᠡᠴᠢᠯᠡᠯᠲᠡ ᠬᠢᠬᠦ ᠬᠤᠶᠠᠳᠤᠭᠠᠷ ᠪᠦᠯᠦᠭ ᠤᠨ ᠲᠤᠷᠰᠢᠯᠲᠠ ᠶᠢᠨ ᠴᠢᠭ᠋ ᠤᠨ ᠭᠠᠵᠠᠷ ᠣᠷᠣᠨ | ᠪᠣᠯᠣᠭᠰᠠᠨ ᠤ ᠬᠤᠪᠢ ᠳᠤ᠂ 2017 ᠣᠨ ᠤ 12 ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠨ ᠤᠰᠤᠨ ᠤ | ᠡᠬᠢ ᠪᠠᠶᠠᠯᠢᠭ ᠤᠨ ᠭᠠᠶᠢᠯᠢ ᠳᠤ ᠥᠭᠡᠷᠡᠴᠢᠯᠡᠯᠲᠡ ᠬᠢᠬᠦ ᠲᠤᠷᠰᠢᠯᠲᠠ ᠶᠢᠨ ᠴᠢᠭ᠋ ᠢ ᠬᠡᠷᠡᠭᠵᠢᠭᠦᠯᠵᠦ᠂ 2018 | ᠣᠨ ᠤ 1 ᠳ᠋ᠦ᠋ᠭᠡᠷ ᠰᠠᠷ᠎ᠠ ᠪᠣᠯ ᠠᠩᠬᠠᠨ ᠤ ᠰᠠᠷ᠎ᠠ ᠶᠢᠨ ᠲᠠᠲᠠᠪᠤᠷᠢᠯᠠᠬᠤ ᠬᠤᠭᠤᠴᠠᠭ᠎ᠠ ᠪᠣᠯᠣᠨ᠎ᠠ᠃ ᠥᠪᠥᠷ | ᠮᠣᠩᠭᠤᠯ ᠤᠨ ᠣᠷᠣᠨ ᠨᠤᠲᠤᠭ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠨᠢ ᠣᠯᠠᠨ ᠵᠦᠢᠯ ᠤᠨ ᠠᠷᠭ᠎ᠠ ᠬᠡᠮᠵᠢᠶ᠎ᠡ | ᠠᠪᠴᠤ᠂ ᠯᠠᠪᠳᠠᠭᠤᠨ ᠪᠠᠲᠤᠲᠠᠢ ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠤ ᠪᠣᠬᠢᠷᠲᠤᠯ ᠦᠭᠡᠢ ᠶᠢᠨ | ᠬᠥᠭᠵᠢᠯᠲᠡ ᠳᠤ ᠬᠦᠴᠦᠨ ᠨᠡᠮᠡᠷᠢᠯᠡᠵᠦ ᠪᠠᠶᠢᠨ᠎ᠠ᠃ | ᠰᠤᠷᠪᠤᠯᠵᠢᠯᠠᠭ᠎ᠠ ᠶᠢᠨ ᠪᠣᠳᠠᠲᠤ ᠲᠡᠮᠳᠡᠭᠯᠡᠯ ᠬᠥᠲᠥᠯᠥᠭᠴᠢ᠄ | ᠰᠦᠯᠵᠢᠶᠡᠨ ᠤ ᠠᠨᠳᠠ ᠨᠠᠷ ᠰᠠᠶᠢᠨ ᠪᠠᠶᠢᠵᠠᠭᠠᠨ᠎ᠠ ᠦᠦ︕ ᠲᠤᠰ ᠬᠤᠭᠤᠴᠠᠭᠠᠨ ᠤ ᠥᠪᠡᠷᠲᠡᠭᠡᠨ ᠵᠠᠰᠠᠬᠤ | ᠣᠷᠣᠨ ᠤ ᠵᠠᠰᠠᠭ ᠤᠨ ᠣᠷᠳᠣᠨ ᠤ ᠰᠦᠯᠵᠢᠶᠡᠨ ᠤ ᠰᠤᠷᠪᠤᠯᠵᠢᠯᠠᠭ᠎ᠠ ᠶᠢᠨ ᠪᠤᠯᠤᠩ ᠳᠤ ᠣᠷᠣᠯᠴᠠᠬᠤ ᠶᠢ ᠴᠢᠨᠢ | ᠪᠠᠶᠠᠷᠯᠠᠨ ᠤᠭᠲᠤᠵᠤ ᠪᠠᠶᠢᠨ᠎ᠠ᠃ ᠥᠨᠥᠳᠥᠷ ᠪᠢᠳᠡ ᠵᠣᠯ ᠢᠶᠠᠷ ᠥᠪᠡᠷᠲᠡᠭᠡᠨ ᠵᠠᠰᠠᠬᠤ ᠣᠷᠣᠨ ᠤ ᠣᠷᠣᠨ | ᠨᠤᠲᠤᠭ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ | ᠳᠡᠳ᠋ ᠲᠣᠪᠴᠢᠶᠠᠨ ᠳᠠᠷᠤᠭ᠎ᠠ ᠯᠢᠦ ᠹᠧᠩ ᠵᠢᠶᠦ᠋ᠨ ᠢ ᠤᠷᠢᠵᠤ᠂ ᠪᠣᠬᠢᠷᠲᠤᠯ ᠦᠭᠡᠢ ᠶᠢᠨ ᠭᠠᠶᠢᠯᠢ ᠶᠢᠨ ᠳᠦᠷᠢᠮ ᠤᠨ | ᠲᠤᠬᠠᠢ ᠣᠯᠠᠨ ᠲᠠᠢ ᠰᠦᠯᠵᠢᠶ᠎ᠡ ᠪᠠᠷ ᠰᠠᠨᠠᠯ ᠰᠣᠯᠢᠯᠴᠠᠭᠤᠯᠬᠤ ᠪᠣᠯᠣᠯ᠎ᠠ᠂ ᠯᠢᠦ ᠲᠣᠪᠴᠢᠶᠠᠨ ᠳᠠᠷᠤᠭ᠎ᠠ ᠶᠢ ᠪᠠᠶᠠᠷᠯᠠᠨ | ᠤᠭᠲᠤᠵᠤ ᠪᠠᠶᠢᠨ᠎ᠠ᠃ | ᠯᠢᠦ ᠹᠧᠩ ᠵᠢᠶᠦ᠋ᠨ᠄ ᠬᠥᠲᠥᠯᠥᠭᠴᠢ ᠪᠠ ᠰᠦᠯᠵᠢᠶᠡᠨ ᠤ ᠠᠨᠳᠠ ᠨᠠᠷ ᠰᠠᠶᠢᠨ ᠪᠠᠶᠢᠵᠠᠭᠠᠨ᠎ᠠ ᠦᠦ︖ ᠠᠳᠡ | ᠲᠠ ᠪᠦᠬᠦᠨ ᠲᠠᠢ ᠰᠠᠨᠠᠯ ᠰᠣᠯᠢᠯᠴᠠᠬᠤ ᠪᠣᠯᠣᠭᠰᠠᠨ ᠳᠤ ᠪᠠᠨ ᠰᠡᠳᠬᠢᠯ ᠮᠠᠰᠢ ᠥᠨᠳᠥᠷ ᠪᠠᠶᠢᠨ᠎ᠠ᠃ | ᠬᠥᠲᠥᠯᠥᠭᠴᠢ᠄ ᠡᠩ ᠲᠡᠷᠢᠭᠦᠨ ᠳᠤ ᠲᠠ ᠣᠷᠴᠢᠨ ᠲᠣᠭᠤᠷᠢᠨ ᠤ ᠬᠠᠮᠠᠭᠠᠯᠠᠯᠲᠠ ᠶᠢᠨ ᠭᠠᠶᠢᠯᠢ ᠶᠢ ᠡᠬᠢᠯᠡᠨ | ᠲᠠᠲᠠᠪᠤᠷᠢᠯᠠᠵᠤ᠂ ᠤᠰᠤᠨ ᠤ ᠡᠬᠢ ᠪᠠᠶᠠᠯᠢᠭ ᠤᠨ ᠭᠠᠶᠢᠯᠢ ᠶᠢᠨ ᠥᠭᠡᠷᠡᠴᠢᠯᠡᠯᠲᠡ ᠶᠢ ᠠᠬᠢᠭᠤᠯᠬᠤ ᠲᠤᠷᠰᠢᠯᠲᠠ ᠶᠢᠨ | ᠴᠢᠭ᠋ ᠨᠢ ᠶᠠᠮᠠᠷ ᠴᠢᠬᠤᠯᠠ ᠠᠴᠢ ᠬᠤᠯᠪᠣᠭᠳᠠᠯ ᠲᠠᠢ ᠶᠢ ᠶᠠᠷᠢᠭᠠᠳ ᠥᠭᠭᠦᠨ᠎ᠡ ᠦᠦ︖ | ᠯᠢᠦ ᠹᠧᠩ ᠵᠢᠶᠦ᠋ᠨ᠄ ᠲᠡᠭᠡᠶ᠎ᠡ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠭᠠᠶᠢᠯᠢ ᠪᠣᠯ ᠨᠡᠷ᠎ᠡ | ᠨᠢᠳᠡᠷ ᠲᠤ ᠪᠠᠨ ᠲᠣᠬᠢᠷᠠᠭᠰᠠᠨ ︽ᠪᠣᠬᠢᠷᠲᠤᠯ ᠦᠭᠡᠢ ᠶᠢᠨ ᠭᠠᠶᠢᠯᠢ ᠶᠢᠨ ᠵᠦᠢᠯ︾ ᠪᠠᠶᠢᠵᠤ᠂ ᠣᠷᠴᠢᠨ ᠲᠣᠭᠤᠷᠢᠨ ᠢ | ᠬᠠᠮᠠᠭᠠᠯᠠᠬᠤ ᠪᠠ ᠥᠭᠡᠷᠡᠴᠢᠯᠡᠨ ᠰᠠᠶᠢᠵᠢᠷᠠᠭᠤᠯᠵᠤ᠂ ᠪᠣᠬᠢᠷᠲᠤᠯ ᠪᠣᠳᠠᠰ ᠤᠨ ᠭᠠᠳᠠᠭᠰᠢᠯᠠᠭᠤᠯᠤᠯᠲᠠ ᠶᠢ ᠪᠠᠭᠠᠰᠬᠠᠨ᠂ | ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠠᠬᠢᠭᠤᠯᠬᠤ ᠪᠠᠷ ᠬᠠᠷᠠᠯᠲᠠ ᠪᠣᠯᠭᠠᠭᠰᠠᠨ᠂ ᠠᠮᠢ ᠠᠬᠤᠢ ᠶᠢᠨ | ᠣᠷᠴᠢᠨ ᠲᠣᠭᠤᠷᠢᠨ ᠤ ᠬᠠᠮᠠᠭᠠᠯᠠᠯᠲᠠ ᠶᠢ ᠠᠬᠢᠭᠤᠯᠬᠤ ᠴᠢᠬᠤᠯᠠ ᠠᠷᠭ᠎ᠠ ᠠᠪᠴᠢᠯ ᠪᠣᠯᠣᠨ᠎ᠠ᠃ ︽ᠣᠷᠴᠢᠨ | ᠲᠣᠭᠤᠷᠢᠨ ᠤ ᠬᠠᠮᠠᠭᠠᠯᠠᠯᠲᠠ ᠶᠢᠨ ᠰᠦᠢᠳᠬᠡᠯ ᠢ ᠭᠠᠶᠢᠯᠢ ᠪᠣᠯᠭᠠᠨ ᠥᠭᠡᠷᠡᠴᠢᠯᠡᠬᠦ ᠶᠢ ᠠᠬᠢᠭᠤᠯᠵᠤ᠂ ᠴᠢᠩᠭ᠎ᠠ | ᠬᠠᠲᠠᠭᠤ ᠬᠠᠤᠯᠢ ᠴᠠᠭᠠᠵᠠ ᠳᠦᠷᠢᠮ ᠲᠣᠭᠲᠠᠭᠠᠯ ᠢ ᠬᠡᠷᠡᠭᠯᠡᠨ ᠠᠮᠢ ᠠᠬᠤᠢ ᠶᠢᠨ ᠣᠷᠴᠢᠨ ᠲᠣᠭᠤᠷᠢᠨ ᠢ ᠬᠠᠮᠠᠭᠠᠯᠠᠬᠤ | ︾ ᠪᠣᠯ ᠨᠠᠮ ᠤᠨ ᠠᠷᠪᠠᠨ ᠨᠠᠢᠮᠠᠳᠤᠭᠠᠷ ᠬᠤᠭᠤᠴᠠᠭᠠᠨ ᠤ ᠭᠤᠷᠪᠠᠳᠤᠭᠠᠷ᠂ ᠳᠥᠷᠪᠡᠳᠦᠭᠡᠷ ᠪᠦᠭᠦᠳᠡ ᠬᠤᠷᠠᠯ ᠠᠴᠠ | ᠳᠤᠷᠠᠳᠤᠭᠰᠠᠨ ᠨᠢᠭᠡ ᠵᠦᠢᠯ ᠤᠨ ᠴᠢᠬᠤᠯᠠ ᠡᠭᠦᠷᠭᠡ᠂ ᠮᠥᠨ ᠴᠤ ᠭᠠᠶᠢᠯᠢ ᠲᠠᠲᠠᠪᠤᠷᠢ ᠶᠢᠨ ᠬᠠᠤᠯᠢ ᠪᠠᠷ | ᠲᠣᠭᠲᠠᠭᠠᠭᠰᠠᠨ ᠵᠠᠷᠴᠢᠮ ᠢ ᠨᠠᠶᠢᠳᠠᠪᠤᠷᠢᠵᠢᠭᠤᠯᠬᠤ ᠨᠢᠭᠡ ᠵᠦᠢᠯ ᠤᠨ ᠦᠨᠳᠦᠰᠦᠨ ᠱᠠᠭᠠᠷᠳᠠᠯᠭ᠎ᠠ ᠪᠠᠶᠢᠵᠤ᠂ ᠭᠠᠶᠢᠯᠢ | ᠲᠤᠰᠢᠶᠠᠭᠴᠢ ᠶᠢᠨ ᠣᠷᠴᠢᠨ ᠲᠣᠭᠤᠷᠢᠨ ᠢ ᠬᠠᠮᠠᠭᠠᠯᠠᠬᠤ ᠦᠵᠡᠯ ᠤᠬᠠᠮᠰᠠᠷ ᠪᠠ ᠵᠢᠷᠤᠮᠯᠠᠨ ᠳᠠᠭᠠᠬᠤ ᠬᠡᠮᠵᠢᠶ᠎ᠡ ᠶᠢ | ᠳᠡᠭᠡᠭᠰᠢᠯᠡᠭᠦᠯᠵᠦ᠂ ᠠᠵᠤ ᠠᠬᠤᠶᠢᠯᠠᠯ ᠤᠨ ᠪᠣᠬᠢᠷᠲᠤᠯ ᠢ ᠵᠠᠰᠠᠵᠤ ᠭᠠᠳᠠᠭᠰᠢᠯᠠᠭᠤᠯᠤᠯᠲᠠ ᠪᠠᠨ ᠪᠠᠭᠠᠰᠬᠠᠬᠤ | ᠬᠠᠷᠢᠭᠤᠴᠠᠯᠭ᠎ᠠ ᠶᠢ ᠴᠢᠩᠭᠠᠷᠠᠭᠤᠯᠬᠤ ᠳᠤ ᠠᠰᠢᠭᠲᠠᠢ︔ ᠠᠵᠤ ᠠᠬᠤᠢ ᠶᠢᠨ ᠪᠦᠲᠦᠴᠡ ᠶᠢᠨ ᠲᠣᠬᠢᠷᠠᠭᠤᠯᠤᠯᠲᠠ᠂ | ᠬᠥᠭᠵᠢᠯᠲᠡ ᠶᠢᠨ ᠠᠷᠭ᠎ᠠ ᠬᠡᠯᠪᠡᠷᠢ ᠶᠢᠨ ᠬᠤᠪᠢᠷᠠᠯᠲᠠ ᠶᠢ ᠠᠬᠢᠭᠤᠯᠬᠤ ᠳᠤ ᠪᠣᠬᠢᠷᠲᠤᠯ ᠦᠭᠡᠢ ᠭᠠᠶᠢᠯᠢ ᠶᠢᠨ | ᠳᠦᠷᠢᠮ ᠤᠨ ᠰᠢᠰᠲ᠋ᠧᠮᠵᠢ ᠶᠢ ᠪᠠᠶᠢᠭᠤᠯᠵᠤ᠂ ᠭᠠᠶᠢᠯᠢ ᠲᠠᠲᠠᠪᠤᠷᠢ ᠶᠢᠨ ᠲᠣᠬᠢᠷᠠᠭᠤᠯᠤᠨ ᠡᠵᠡᠮᠳᠡᠬᠦ ᠦᠢᠯᠡᠳᠦᠯ ᠢ | ᠴᠢᠩᠭᠠᠷᠠᠭᠤᠯᠤᠨ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠪᠠ ᠪᠣᠬᠢᠷᠲᠤᠯ ᠦᠭᠡᠢ ᠬᠥᠭᠵᠢᠯᠲᠡ ᠶᠢ | ᠠᠬᠢᠭᠤᠯᠬᠤ ᠳᠤ ᠠᠰᠢᠭᠲᠠᠢ ᠪᠠᠶᠢᠳᠠᠭ᠃ ᠤᠰᠤᠨ ᠤ ᠡᠬᠢ ᠪᠠᠶᠠᠯᠢᠭ ᠤᠨ ᠭᠠᠶᠢᠯᠢ ᠶᠢᠨ ᠥᠭᠡᠷᠡᠴᠢᠯᠡᠯᠲᠡ ᠶᠢ | ᠠᠬᠢᠭᠤᠯᠬᠤ ᠲᠤᠷᠰᠢᠯᠲᠠ ᠶᠢᠨ ᠴᠢᠭ᠋ ᠪᠣᠯ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠶᠢ | ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠬᠤ ᠴᠢᠬᠤᠯᠠ ᠠᠷᠭ᠎ᠠ ᠬᠡᠮᠵᠢᠶ᠎ᠡ ᠪᠠᠶᠢᠵᠤ᠂ ᠲᠦᠢᠯ ᠤᠨ | ᠴᠢᠬᠤᠯᠠ ᠠᠴᠢ ᠬᠤᠯᠪᠣᠭᠳᠠᠯ ᠲᠠᠢ ᠪᠠᠶᠢᠳᠠᠭ᠃ ᠨᠢᠭᠡ ᠳᠤ᠂ ᠵᠠᠰᠠᠭ ᠤᠨ ᠣᠷᠳᠣᠨ ᠤ ᠲᠣᠬᠢᠷᠠᠭᠤᠯᠤᠨ ᠡᠵᠡᠮᠳᠡᠬᠦ | ᠦᠢᠯᠡᠳᠦᠯ ᠢ ᠪᠠᠳᠠᠷᠠᠭᠤᠯᠤᠨ᠂ ᠭᠠᠶᠢᠯᠢ ᠲᠠᠲᠠᠪᠤᠷᠢ ᠶᠢᠨ ᠬᠥᠰᠢᠭᠦᠷᠭᠡ ᠶᠢ ᠬᠡᠷᠡᠭᠯᠡᠨ ᠤᠰᠤ ᠬᠡᠷᠡᠭᠯᠡᠬᠦ ᠬᠡᠷᠡᠭᠴᠡᠭᠡ | ᠱᠠᠭᠠᠷᠳᠠᠯᠭ᠎ᠠ ᠶᠢ ᠲᠣᠬᠢᠷᠠᠭᠤᠯᠵᠤ᠂ ᠡᠬᠢ ᠪᠠᠶᠠᠯᠢᠭ ᠢ ᠲᠥᠯᠥᠪᠦᠷᠢ ᠲᠠᠢ ᠠᠰᠢᠭᠯᠠᠬᠤ ᠳᠦᠷᠢᠮ ᠪᠠ ᠠᠮᠢ ᠠᠬᠤᠢ ᠶᠢᠨ | ᠲᠥᠯᠥᠪᠦᠷᠢ ᠶᠢᠨ ᠲᠣᠭᠲᠠᠴᠠ ᠶᠢ ᠲᠡᠭᠦᠯᠳᠡᠷᠵᠢᠭᠦᠯᠵᠦ᠂ ᠪᠣᠬᠢᠷᠲᠤᠯ ᠦᠭᠡᠢ ᠦᠢᠯᠡᠳᠪᠦᠷᠢᠯᠡᠯ ᠪᠠ ᠬᠡᠷᠡᠭᠯᠡᠭᠡ ᠶᠢᠨ | ᠲᠥᠷᠥ ᠶᠢᠨ ᠪᠣᠳᠣᠯᠭ᠎ᠠ ᠶᠢᠨ ᠤᠳᠤᠷᠢᠳᠤᠮᠵᠢ ᠶᠢ ᠲᠦᠷᠭᠡᠳᠬᠡᠨ ᠪᠠᠶᠢᠭᠤᠯᠬᠤ ᠳᠤ ᠠᠰᠢᠭᠲᠠᠢ᠃ ᠬᠤᠶᠠᠷ ᠲᠤ᠂ ᠠᠵᠤ | ᠠᠬᠤᠶᠢᠯᠠᠯ ᠵᠡᠷᠭᠡ ᠨᠡᠶᠢᠭᠡᠮ ᠤᠨ ᠭᠤᠣᠯ ᠴᠣᠭᠴᠠ ᠶᠢᠨ ᠤᠰᠤ ᠠᠷᠪᠢᠯᠠᠬᠤ ᠦᠵᠡᠯ ᠤᠬᠠᠮᠰᠠᠷ ᠪᠠ ᠬᠥᠳᠡᠯᠭᠡᠭᠴᠢ | ᠬᠦᠴᠦᠨ ᠢ ᠴᠢᠩᠭᠠᠷᠠᠭᠤᠯᠵᠤ᠂ ᠮᠡᠷᠭᠡᠵᠢᠯ ᠤᠨ ᠰᠢᠨᠡᠴᠢᠯᠡᠯᠲᠡ ᠶᠢ ᠲᠦᠷᠭᠡᠳᠬᠡᠬᠦ ᠪᠠᠷ ᠤᠰᠤ ᠬᠡᠷᠡᠭᠯᠡᠬᠦ ᠦᠷ᠎ᠡ | ᠪᠦᠲᠦᠮᠵᠢ ᠶᠢ ᠳᠡᠭᠡᠭᠰᠢᠯᠡᠭᠦᠯᠦᠨ᠂ ᠤᠰᠤ ᠬᠡᠷᠡᠭᠯᠡᠬᠦ ᠪᠦᠲᠦᠴᠡ ᠶᠢ ᠰᠢᠯᠢᠳᠡᠭᠵᠢᠭᠦᠯᠵᠦ᠂ ᠤᠰᠤ ᠬᠡᠷᠡᠭᠯᠡᠬᠦ ᠵᠦᠢ | ᠵᠣᠬᠢᠰ ᠦᠭᠡᠢ ᠬᠡᠷᠡᠭᠴᠡᠭᠡ ᠱᠠᠭᠠᠷᠳᠠᠯᠭ᠎ᠠ ᠶᠢ ᠪᠠᠭᠠᠰᠬᠠᠬᠤ ᠳᠤ ᠠᠰᠢᠭᠲᠠᠢ᠃ ᠭᠤᠷᠪᠠ ᠳᠤ᠂ ᠠᠷᠪᠢᠴᠢ ᠮᠥᠷᠲᠡᠭᠡᠨ | ᠵᠦᠢ ᠵᠣᠬᠢᠰᠲᠠᠢ᠂ ᠪᠣᠬᠢᠷᠲᠤᠯ ᠦᠭᠡᠢ ᠳᠣᠣᠷ᠎ᠠ ᠨᠡᠭᠦᠷᠡᠰᠦᠲᠥ᠋ᠷᠥᠭᠴᠢᠲᠦ ᠠᠮᠢᠳᠤᠷᠠᠯ ᠤᠨ ᠠᠷᠭ᠎ᠠ ᠬᠡᠯᠪᠡᠷᠢ ᠶᠢ | ᠰᠠᠨᠠᠭᠠᠴᠢᠯᠠᠵᠤ᠂ ᠪᠦᠬᠦ ᠨᠡᠶᠢᠭᠡᠮ ᠳᠤ ᠡᠬᠢ ᠪᠠᠶᠠᠯᠢᠭ ᠢ ᠨᠠᠨᠳᠢᠩᠨᠠᠨ ᠬᠠᠶᠢᠷᠠᠯᠠᠬᠤ᠂ ᠡᠬᠢ ᠪᠠᠶᠠᠯᠢᠭ ᠢ ᠠᠷᠪᠢᠯᠠᠨ | ᠭᠠᠮᠨᠠᠬᠤ ᠬᠡᠪ ᠰᠤᠷᠲᠠᠯ ᠢ ᠪᠦᠷᠢᠯᠳᠦᠭᠦᠯᠵᠦ᠂ ᠠᠷᠠᠳ ᠣᠯᠠᠨ ᠤ ᠤᠰᠤᠨ ᠤ ᠡᠬᠢ ᠪᠠᠶᠠᠯᠢᠭ ᠢ ᠬᠠᠮᠠᠭᠠᠯᠠᠬᠤ | ᠤᠬᠠᠮᠰᠠᠷᠲᠤ ᠴᠢᠨᠠᠷ ᠪᠠ ᠬᠠᠷᠢᠭᠤᠴᠠᠯᠭᠠᠲᠤ ᠰᠡᠳᠬᠢᠯᠭᠡ ᠶᠢ ᠳᠡᠭᠡᠭᠰᠢᠯᠡᠭᠦᠯᠬᠦ ᠳᠤ ᠠᠰᠢᠭᠲᠠᠢ᠃ ᠳᠥᠷᠪᠡ ᠳᠤ᠂ | ᠮᠠᠨ ᠤ ᠤᠯᠤᠰ ᠨᠢ ᠣᠯᠠᠨ ᠤᠯᠤᠰ ᠤᠨ ᠬᠠᠷᠢᠭᠤᠴᠠᠯᠭ᠎ᠠ ᠶᠢ ᠳᠠᠭᠠᠭᠠᠨ ᠡᠭᠦᠷᠭᠡᠯᠡᠬᠦ ᠪᠠ ᠣᠯᠠᠨ ᠤᠯᠤᠰ ᠤᠨ | ᠡᠭᠦᠷᠭᠡ ᠶᠢ ᠨᠡᠩ ᠰᠠᠶᠢᠲᠤᠷ ᠭᠦᠢᠴᠡᠳᠬᠡᠵᠦ᠂ ᠳᠡᠯᠡᠬᠡᠢ ᠨᠡᠶᠢᠭᠡᠮ ᠲᠠᠢ ᠬᠠᠮᠵᠢᠯᠴᠠᠨ ᠬᠥᠳᠡᠯᠦᠯᠴᠡᠵᠦ᠂ ᠬᠥᠮᠥᠨ | ᠲᠥᠷᠥᠯᠬᠢᠲᠡᠨ ᠤ ᠲᠦᠰᠢᠭᠯᠡᠨ ᠣᠷᠣᠰᠢᠵᠤ ᠪᠠᠶᠢᠭ᠎ᠠ ᠳᠡᠯᠡᠬᠡᠢ ᠶᠢᠨ ᠪᠥᠮᠪᠥᠷᠴᠡᠭ ᠤᠨ ᠭᠡᠷ ᠣᠷᠣᠨ ᠢᠶᠠᠨ ᠬᠠᠮᠲᠤ ᠪᠠᠷ | ᠰᠠᠶᠢᠲᠤᠷ ᠬᠠᠮᠠᠭᠠᠯᠠᠵᠤ᠂ ᠪᠦᠬᠦ ᠳᠡᠯᠡᠬᠡᠢ ᠶᠢᠨ ᠠᠮᠢ ᠠᠬᠤᠢ ᠶᠢᠨ ᠠᠮᠤᠷ ᠲᠦᠪᠰᠢᠨ ᠤ ᠲᠥᠯᠥᠭᠡ ᠬᠤᠪᠢ ᠨᠡᠮᠡᠷᠢ ᠪᠠᠨ | ᠬᠠᠨᠳᠢᠪᠯᠠᠬᠤ ᠳᠤ ᠠᠰᠢᠭᠲᠠᠢ᠃ | ᠬᠥᠲᠥᠯᠥᠭᠴᠢ᠄ ᠰᠦᠢᠳᠬᠡᠯ ᠢ ᠭᠠᠶᠢᠯᠢ ᠪᠣᠯᠭᠠᠨ ᠥᠭᠡᠷᠡᠴᠢᠯᠡᠭᠰᠡᠨ ᠤ ᠳᠠᠷᠠᠭ᠎ᠠ ᠠᠵᠤ ᠠᠬᠤᠶᠢᠯᠠᠯ ᠤᠨ | ᠳᠠᠷᠤᠭᠠᠰᠤ ᠶᠢ ᠨᠡᠮᠡᠭᠳᠡᠭᠦᠯᠬᠦ ᠪᠣᠯᠣᠮᠵᠢ ᠲᠠᠢ ᠦᠦ︖ | ᠯᠢᠦ ᠹᠧᠩ ᠵᠢᠶᠦ᠋ᠨ᠄ ᠣᠷᠴᠢᠨ ᠲᠣᠭᠤᠷᠢᠨ ᠤ ᠬᠠᠮᠠᠭᠠᠯᠠᠯᠲᠠ ᠶᠢᠨ ᠭᠠᠶᠢᠯᠢ ᠶᠢᠨ ᠬᠠᠤᠯᠢ ᠨᠢ ᠣᠳᠣ ᠶᠢᠨ | ᠬᠡᠷᠡᠭᠵᠢᠭᠦᠯᠵᠦ ᠪᠠᠶᠢᠭ᠎ᠠ ᠪᠣᠬᠢᠷᠲᠤᠯ ᠭᠠᠳᠠᠭᠰᠢᠯᠠᠭᠤᠯᠤᠯᠲᠠ ᠠᠴᠠ ᠬᠤᠷᠢᠶᠠᠬᠤ ᠰᠦᠢᠳᠬᠡᠯ ᠤᠨ ᠳᠦᠷᠢᠮ ᠢ ᠣᠷᠴᠢᠨ | ᠲᠣᠭᠤᠷᠢᠨ ᠤ ᠬᠠᠮᠠᠭᠠᠯᠠᠯᠲᠠ ᠶᠢᠨ ᠭᠠᠶᠢᠯᠢ ᠪᠠᠷ ᠬᠤᠷᠢᠶᠠᠨ ᠲᠠᠲᠠᠪᠤᠷᠢᠯᠠᠬᠤ ᠪᠣᠯᠭᠠᠨ ᠥᠭᠡᠷᠡᠴᠢᠯᠡᠵᠦ᠂ ᠪᠣᠬᠢᠷᠲᠤᠯ | ᠭᠠᠳᠠᠭᠰᠢᠯᠠᠭᠤᠯᠬᠤ ᠰᠦᠢᠳᠬᠡᠯ ᠤᠨ ᠳᠦᠷᠢᠮ ᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠭᠠᠶᠢᠯᠢ ᠶᠢᠨ ᠳᠦᠷᠢᠮ | ᠪᠣᠯᠭᠠᠨ ᠲᠣᠭᠲᠠᠭᠤᠨ ᠢᠶᠠᠷ ᠰᠢᠯᠵᠢᠭᠦᠯᠬᠦ ᠵᠠᠷᠴᠢᠮ ᠢ ᠵᠢᠷᠤᠮᠯᠠᠪᠠ᠃ ᠭᠤᠣᠯ ᠢᠯᠡᠷᠡᠯ ᠨᠢ ᠭᠡᠪᠡᠯ ᠪᠣᠬᠢᠷᠲᠤᠯ | ᠭᠠᠳᠠᠭᠰᠢᠯᠠᠭᠤᠯᠬᠤ ᠰᠦᠢᠳᠬᠡᠯ ᠤᠨ ᠰᠦᠢᠳᠬᠡᠯ ᠲᠤᠰᠢᠶᠠᠭᠴᠢ ᠶᠢ ᠣᠷᠴᠢᠨ ᠲᠣᠭᠤᠷᠢᠨ ᠤ ᠬᠠᠮᠠᠭᠠᠯᠠᠯᠲᠠ ᠶᠢᠨ | ᠭᠠᠶᠢᠯᠢ ᠶᠢᠨ ᠭᠠᠶᠢᠯᠢ ᠲᠤᠰᠢᠶᠠᠭᠴᠢ ᠪᠣᠯᠭᠠᠨ᠎ᠠ︔ ᠣᠳᠣ ᠶᠢᠨ ᠬᠡᠷᠡᠭᠵᠢᠭᠦᠯᠵᠦ ᠪᠠᠶᠢᠭ᠎ᠠ ᠪᠣᠬᠢᠷᠲᠤᠯ | ᠭᠠᠳᠠᠭᠰᠢᠯᠠᠭᠤᠯᠤᠯᠲᠠ ᠠᠴᠠ ᠬᠤᠷᠢᠶᠠᠬᠤ ᠰᠦᠢᠳᠬᠡᠯ ᠤᠨ ᠲᠥᠷᠥᠯ ᠵᠦᠢᠯ ᠢ ᠦᠨᠳᠦᠰᠦᠯᠡᠵᠦ᠂ ᠣᠷᠴᠢᠨ | ᠲᠣᠭᠤᠷᠢᠨ ᠤ ᠬᠠᠮᠠᠭᠠᠯᠠᠯᠲᠠ ᠶᠢᠨ ᠭᠠᠶᠢᠯᠢ ᠶᠢᠨ ᠭᠠᠶᠢᠯᠢ ᠶᠢᠨ ᠭᠠᠷᠴᠠᠭ ᠢ ᠲᠣᠬᠢᠷᠠᠭᠤᠯᠤᠨ᠎ᠠ︔ ᠣᠳᠣ ᠶᠢᠨ | ᠬᠡᠷᠡᠭᠵᠢᠭᠦᠯᠵᠦ ᠪᠠᠶᠢᠭ᠎ᠠ ᠪᠣᠬᠢᠷᠲᠤᠯ ᠭᠠᠳᠠᠭᠰᠢᠯᠠᠭᠤᠯᠬᠤ ᠰᠦᠢᠳᠬᠡᠯ ᠤᠨ ᠰᠦᠢᠳᠬᠡᠯ ᠪᠣᠳᠣᠬᠤ ᠠᠷᠭ᠎ᠠ ᠶᠢ | ᠦᠨᠳᠦᠰᠦᠯᠡᠵᠦ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠭᠠᠶᠢᠯᠢ ᠶᠢᠨ ᠭᠠᠶᠢᠯᠢ ᠪᠣᠳᠣᠬᠤ ᠦᠨᠳᠦᠰᠦᠯᠡᠯ ᠢ | ᠲᠣᠬᠢᠷᠠᠭᠤᠯᠤᠨ᠎ᠠ︔ ᠣᠳᠣ ᠶᠢᠨ ᠬᠡᠷᠡᠭᠵᠢᠭᠦᠯᠵᠦ ᠪᠠᠶᠢᠭ᠎ᠠ ᠪᠣᠬᠢᠷᠲᠤᠯ ᠭᠠᠳᠠᠭᠰᠢᠯᠠᠭᠤᠯᠬᠤ ᠰᠦᠢᠳᠬᠡᠯ ᠤᠨ | ᠰᠦᠢᠳᠬᠡᠯ ᠬᠤᠷᠢᠶᠠᠬᠤ ᠪᠠᠷᠢᠮᠵᠢᠶ᠎ᠠ ᠪᠠᠷ ᠰᠠᠭᠤᠷᠢ ᠪᠣᠯᠭᠠᠵᠤ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ | ᠭᠠᠶᠢᠯᠢ ᠶᠢᠨ ᠭᠠᠶᠢᠯᠢ ᠶᠢᠨ ᠲᠤᠭ᠎ᠠ ᠶᠢᠨ ᠳᠣᠣᠷᠠᠳᠤ ᠬᠢᠵᠠᠭᠠᠷ ᠢ ᠲᠣᠬᠢᠷᠠᠭᠤᠯᠤᠨ᠎ᠠ᠃ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠭᠠᠶᠢᠯᠢ ᠨᠢ ᠪᠤᠰᠤᠳ ᠭᠠᠶᠢᠯᠢ ᠲᠠᠲᠠᠪᠤᠷᠢ ᠲᠠᠢ ᠠᠳᠠᠯᠢ ᠪᠤᠰᠤ ᠪᠠᠶᠢᠵᠤ᠂ ᠠᠵᠤ ᠠᠬᠤᠶᠢᠯᠠᠯ ᠨᠢ | ᠣᠷᠴᠢᠨ ᠲᠣᠭᠤᠷᠢᠨ ᠢ ᠬᠠᠮᠠᠭᠠᠯᠠᠬᠤ ᠬᠠᠷᠢᠭᠤᠴᠠᠯᠭ᠎ᠠ ᠶᠢ ᠭᠦᠢᠴᠡᠳᠬᠡᠵᠦ᠂ ᠪᠣᠬᠢᠷᠲᠤᠯ ᠪᠣᠳᠠᠰ ᠤᠨ | ᠭᠠᠳᠠᠭᠰᠢᠯᠠᠭᠤᠯᠤᠯᠲᠠ ᠪᠠᠨ ᠪᠠᠭᠠᠰᠬᠠᠪᠠᠯ᠂ ᠭᠠᠶᠢᠯᠢ ᠳᠤᠲᠠᠭᠤ ᠲᠤᠰᠢᠶᠠᠵᠤ ᠪᠣᠯᠣᠨ᠎ᠠ᠂ ᠡᠨᠡ ᠬᠦ ᠤᠳᠬ᠎ᠠ | ᠠᠭᠤᠯᠭ᠎ᠠ ᠠᠴᠠ ᠠᠪᠴᠤ ᠬᠡᠯᠡᠪᠡᠯ ᠠᠵᠤ ᠠᠬᠤᠶᠢᠯᠠᠯ ᠤᠨ ᠳᠠᠷᠤᠭᠠᠰᠤ ᠨᠡᠮᠡᠭᠳᠡᠬᠦ ᠤᠴᠢᠷ ᠭᠠᠷᠬᠤ ᠦᠭᠡᠢ ᠶᠤᠮ᠃ | ᠤᠰᠤᠨ ᠤ ᠡᠬᠢ ᠪᠠᠶᠠᠯᠢᠭ ᠤᠨ ᠭᠠᠶᠢᠯᠢ ᠳᠤ ᠥᠭᠡᠷᠡᠴᠢᠯᠡᠯᠲᠡ ᠬᠢᠬᠦ ᠲᠤᠷᠰᠢᠯᠲᠠ ᠶᠢᠨ ᠴᠢᠭ᠋ ᠲᠤ ᠵᠥᠷᠢᠶᠡᠴᠢᠯᠡᠨ | ᠭᠠᠶᠢᠯᠢ ᠲᠠᠲᠠᠪᠤᠷᠢᠯᠠᠬᠤ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠨᠢ᠂ ᠤᠰᠤ ᠬᠡᠷᠡᠭᠯᠡᠬᠦ ᠵᠦᠢ ᠵᠣᠬᠢᠰ ᠦᠭᠡᠢ | ᠬᠡᠷᠡᠭᠴᠡᠭᠡ ᠱᠠᠭᠠᠷᠳᠠᠯᠭ᠎ᠠ ᠶᠢ ᠬᠤᠷᠢᠭᠯᠠᠵᠤ ᠴᠢᠳᠠᠬᠤ ᠪᠠᠷ ᠪᠠᠷᠠᠬᠤ ᠦᠭᠡᠢ᠂ ᠨᠡᠶᠢᠭᠡᠮ ᠤᠨ ᠤᠰᠤ ᠬᠡᠷᠡᠭᠯᠡᠬᠦ | ᠦᠨᠳᠦᠰᠦᠨ ᠱᠠᠭᠠᠷᠳᠠᠯᠭ᠎ᠠ ᠶᠢ ᠨᠥᠯᠥᠭᠡᠯᠡᠬᠦ ᠦᠭᠡᠢ ᠪᠠᠶᠢᠳᠠᠭ᠃ ᠰᠦᠢᠳᠬᠡᠯ ᠢ ᠭᠠᠶᠢᠯᠢ ᠪᠣᠯᠭᠠᠨ ᠥᠭᠡᠷᠡᠴᠢᠯᠡᠭᠰᠡᠨ ᠤ | ᠳᠠᠷᠠᠭ᠎ᠠ᠂ ᠰᠠᠭᠤᠭᠠᠯᠢ ᠠᠷᠠᠳ ᠪᠠ ᠡᠩ ᠤᠨ ᠠᠵᠤ ᠦᠢᠯᠡᠳᠪᠦᠷᠢ ᠬᠤᠳᠠᠯᠳᠤᠭᠠᠨ ᠤ ᠠᠵᠤ ᠠᠬᠤᠶᠢᠯᠠᠯ ᠤᠨ | ᠭᠠᠶᠢᠯᠢ ᠶᠢᠨ ᠲᠤᠭ᠎ᠠ ᠶᠢᠨ ᠪᠠᠷᠢᠮᠵᠢᠶ᠎ᠠ ᠳᠤ ᠦᠨᠳᠦᠰᠦᠨ ᠳᠤ ᠪᠠᠨ ᠬᠤᠪᠢᠷᠠᠯᠲᠠ ᠭᠠᠷᠬᠤ ᠦᠭᠡᠢ ᠪᠥᠭᠡᠳ ᠬᠡᠪ ᠤᠨ | ᠪᠠᠶᠢᠳᠠᠯ ᠳᠤ ᠤᠰᠤ ᠬᠡᠷᠡᠭᠯᠡᠬᠦ ᠳᠠᠷᠤᠭᠠᠰᠤ ᠨᠢ ᠴᠤ ᠨᠡᠮᠡᠭᠳᠡᠬᠦ ᠦᠭᠡᠢ ᠶᠤᠮ᠃ ᠲᠠᠷᠢᠶᠠᠯᠠᠩ ᠦᠢᠯᠡᠳᠪᠦᠷᠢᠯᠡᠯ ᠳᠤ | ᠵᠦᠢ ᠵᠣᠬᠢᠰᠲᠠᠢ ᠠᠪᠴᠤ ᠬᠡᠷᠡᠭᠯᠡᠬᠦ ᠤᠰᠤᠨ ᠤ ᠬᠡᠮᠵᠢᠶ᠎ᠡ ᠠᠴᠠ ᠭᠠᠶᠢᠯᠢ ᠶᠢ ᠨᠢ ᠬᠡᠯᠲᠦᠷᠢᠭᠦᠯᠵᠦ᠂ ᠲᠣᠭᠲᠠᠭᠠᠭᠰᠠᠨ | ᠲᠣᠭᠠᠨ ᠤ ᠬᠡᠲᠦᠷᠡᠭᠰᠡᠨ ᠬᠡᠰᠡᠭ ᠠᠴᠠ ᠭᠠᠶᠢᠯᠢ ᠶᠢ ᠳᠣᠣᠷ᠎ᠠ ᠬᠡᠮᠵᠢᠶ᠎ᠡ ᠪᠠᠷ ᠲᠠᠲᠠᠪᠤᠷᠢᠯᠠᠵᠤ᠂ ᠲᠠᠷᠢᠶᠠᠴᠢᠳ ᠤᠨ | ᠳᠠᠷᠤᠭᠠᠰᠤ ᠶᠢ ᠨᠡᠮᠡᠭᠳᠡᠭᠦᠯᠬᠦ ᠦᠭᠡᠢ ᠪᠠᠶᠢᠯᠭᠠᠨ᠎ᠠ᠃ ᠬᠡᠲᠦᠷᠡᠭᠦᠯᠦᠨ ᠮᠠᠯᠲᠠᠭᠰᠠᠨ ᠣᠷᠣᠨ ᠤ ᠠᠪᠴᠤ ᠬᠡᠷᠡᠭᠯᠡᠭᠰᠡᠨ | ᠭᠠᠵᠠᠷ ᠳᠣᠣᠷᠠᠬᠢ ᠤᠰᠤ᠂ ᠲᠥᠯᠥᠪᠯᠡᠭᠡ ᠠᠴᠠ ᠬᠡᠲᠦᠷᠡᠭᠦᠯᠦᠨ ᠬᠡᠷᠡᠭᠯᠡᠭᠰᠡᠨ ᠤᠰᠤᠨ ᠠᠴᠠ ᠭᠠᠶᠢᠯᠢ ᠶᠢ ᠳᠠᠬᠢᠨ ᠢᠶᠠᠷ | ᠲᠠᠲᠠᠪᠤᠷᠢᠯᠠᠬᠤ ᠪᠣᠯᠬᠤᠷ᠂ ᠬᠡᠲᠦᠷᠡᠭᠦᠯᠦᠨ ᠮᠠᠯᠲᠠᠭᠰᠠᠨ ᠣᠷᠣᠨ ᠤ ᠭᠠᠵᠠᠷ ᠳᠣᠣᠷᠠᠬᠢ ᠤᠰᠤ ᠶᠢ ᠠᠪᠴᠤ ᠬᠡᠷᠡᠭᠯᠡᠨ | ᠤᠰᠤ ᠶᠢ ᠶᠡᠭᠡ ᠪᠠᠷ ᠬᠤᠷᠣᠭᠳᠠᠭᠤᠯᠬᠤ ᠠᠵᠤ ᠠᠬᠤᠶᠢᠯᠠᠯ ᠤᠨ ᠳᠠᠷᠤᠭᠠᠰᠤ ᠬᠠᠷᠢᠨ ᠵᠣᠬᠢᠬᠤ ᠬᠡᠮᠵᠢᠶ᠎ᠡ ᠪᠠᠷ ᠨᠡᠮᠡᠭᠳᠡᠬᠦ | ᠪᠣᠯᠣᠨ᠎ᠠ᠃ ᠡᠭᠦᠨ ᠤ ᠬᠠᠮᠲᠤ᠂ ᠭᠤᠯᠢᠹ᠂ ᠲᠡᠷᠭᠡ ᠤᠬᠢᠶᠠᠬᠤ᠂ ᠪᠡᠶ᠎ᠡ ᠤᠬᠢᠶᠠᠬᠤ᠂ ᠴᠠᠰᠤᠨ ᠳᠤ ᠭᠤᠯᠭᠤᠬᠤ | ᠲᠠᠯᠠᠪᠤᠷ ᠵᠡᠷᠭᠡ ᠣᠨᠴᠠᠭᠠᠢ ᠠᠵᠢᠯ ᠲᠥᠷᠥᠯ ᠠᠴᠠ ᠭᠠᠶᠢᠯᠢ ᠶᠢ ᠥᠨᠳᠥᠷ ᠢᠶᠠᠷ ᠲᠠᠲᠠᠪᠤᠷᠢᠯᠠᠬᠤ ᠪᠣᠯᠬᠤᠷ᠂ | ᠲᠡᠳᠡᠭᠡᠷ ᠤᠨ ᠭᠠᠶᠢᠯᠢ ᠶᠢᠨ ᠳᠠᠷᠤᠭᠠᠰᠤ ᠴᠤ ᠵᠣᠬᠢᠬᠤ ᠬᠡᠮᠵᠢᠶ᠎ᠡ ᠪᠠᠷ ᠨᠡᠮᠡᠭᠳᠡᠬᠦ ᠪᠣᠯᠣᠨ᠎ᠠ᠃ ᠭᠠᠶᠢᠯᠢ | ᠲᠠᠲᠠᠪᠤᠷᠢᠯᠠᠭᠰᠠᠨ ᠤ ᠳᠠᠷᠠᠭ᠎ᠠ ᠠᠵᠤ ᠠᠬᠤᠶᠢᠯᠠᠯ ᠢ ᠬᠢᠵᠠᠭᠠᠷᠯᠠᠬᠤ ᠲᠣᠭᠲᠠᠴᠠ ᠨᠢ ᠤᠯᠠᠮ ᠨᠢᠭᠡ ᠠᠯᠬᠤᠮ | ᠴᠢᠩᠭᠠᠷᠠᠬᠤ ᠶᠢ ᠪᠣᠳᠣᠯᠬᠢᠯᠠᠵᠤ᠂ ᠠᠵᠤ ᠠᠬᠤᠶᠢᠯᠠᠯ ᠢ ᠰᠢᠮᠳᠠᠭᠤᠯᠵᠤ ᠪᠠᠶᠢᠭᠠᠳ ᠤᠰᠤ ᠠᠷᠪᠢᠯᠠᠬᠤ ᠲᠠᠯ᠎ᠠ ᠪᠠᠷ ᠬᠢ | ᠣᠷᠣᠭᠤᠯᠤᠯᠲᠠ ᠪᠠᠨ ᠨᠡᠮᠡᠭᠳᠡᠭᠦᠯᠵᠦ᠂ ᠰᠠᠨᠠᠭᠠᠴᠢᠯᠠᠭ᠎ᠠ ᠲᠠᠢ ᠪᠠᠷ ᠠᠷᠭ᠎ᠠ ᠬᠡᠮᠵᠢᠶ᠎ᠠ ᠠᠪᠴᠤ ᠬᠡᠷᠡᠭᠯᠡᠬᠦ ᠤᠰᠤᠨ ᠤ | ᠬᠡᠮᠵᠢᠶ᠎ᠡ ᠪᠠᠨ ᠪᠠᠭᠠᠰᠬᠠᠨ᠂ ᠤᠰᠤ ᠬᠡᠷᠡᠭᠯᠡᠬᠦ ᠪᠦᠲᠦᠴᠡ ᠪᠠᠨ ᠲᠣᠬᠢᠷᠠᠭᠤᠯᠬᠤ ᠪᠠ ᠤᠰᠤ ᠬᠡᠷᠡᠭᠯᠡᠬᠦ ᠠᠷᠭ᠎ᠠ | ᠬᠡᠯᠪᠡᠷᠢ ᠪᠠᠨ ᠬᠤᠪᠢᠷᠠᠭᠤᠯᠬᠤ ᠠᠴᠠ᠂ ᠵᠠᠷᠢᠮ ᠠᠵᠤ ᠠᠬᠤᠶᠢᠯᠠᠯ ᠤᠨ ᠲᠤᠰᠢᠶᠠᠬᠤ ᠭᠠᠶᠢᠯᠢ ᠶᠢᠨ ᠲᠤᠭ᠎ᠠ ᠵᠣᠬᠢᠬᠤ | ᠬᠡᠮᠵᠢᠶ᠎ᠡ ᠪᠠᠷ ᠪᠠᠭᠠᠰᠬᠤ ᠪᠣᠯᠣᠨ᠎ᠠ᠃ | ᠬᠥᠲᠥᠯᠥᠭᠴᠢ᠄ ᠣᠷᠴᠢᠨ ᠲᠣᠭᠤᠷᠢᠨ ᠤ ᠬᠠᠮᠠᠭᠠᠯᠠᠯᠲᠠ ᠶᠢᠨ ᠭᠠᠶᠢᠯᠢ ᠶᠢᠨ ᠭᠠᠶᠢᠯᠢ ᠲᠤᠰᠢᠶᠠᠭᠴᠢ ᠨᠢ | ᠭᠠᠶᠢᠯᠢ ᠲᠠᠲᠠᠪᠤᠷᠢ ᠬᠠᠰᠤᠨ ᠬᠡᠯᠲᠦᠷᠢᠭᠦᠯᠬᠦ ᠬᠠᠷᠠᠭᠠᠯᠵᠠᠯ ᠢ ᠬᠦᠷᠲᠡᠬᠦ ᠳᠤ ᠤᠷᠢᠳ ᠢᠶᠠᠷ ᠪᠦᠷᠢᠳᠬᠡᠨ | ᠳᠠᠩᠰᠠᠯᠠᠭᠤᠯᠬᠤ ᠴᠢᠬᠤᠯᠠᠲᠠᠢ ᠦᠦ︖ ᠭᠠᠶᠢᠯᠢ ᠳᠤ ᠬᠤᠯᠪᠣᠭᠳᠠᠭᠰᠠᠨ ᠶᠠᠮᠠᠷ ᠶᠠᠮᠠᠷ ᠮᠠᠲ᠋ᠧᠷᠢᠶᠠᠯ ᠲᠤᠰᠢᠶᠠᠬᠤ | ᠴᠢᠬᠤᠯᠠᠲᠠᠢ ᠪᠣᠢ︖ | ᠯᠢᠦ ᠹᠧᠩ ᠵᠢᠶᠦ᠋ᠨ᠄ ᠣᠷᠴᠢᠨ ᠲᠣᠭᠤᠷᠢᠨ ᠤ ᠬᠠᠮᠠᠭᠠᠯᠠᠯᠲᠠ ᠶᠢᠨ ᠭᠠᠶᠢᠯᠢ ᠶᠢᠨ ᠭᠠᠶᠢᠯᠢ ᠲᠤᠰᠢᠶᠠᠭᠴᠢ ᠨᠢ | ᠭᠠᠶᠢᠯᠢ ᠬᠠᠰᠤᠨ ᠬᠡᠯᠲᠦᠷᠢᠭᠦᠯᠬᠦ ᠬᠠᠷᠠᠭᠠᠯᠵᠠᠯ ᠢ ᠬᠦᠷᠲᠡᠬᠦ ᠳᠤ ᠤᠷᠢᠳ ᠢᠶᠠᠷ ᠪᠦᠷᠢᠳᠬᠡᠨ ᠳᠠᠩᠰᠠᠯᠠᠭᠤᠯᠬᠤ ᠭᠠᠷᠳᠠᠮ | ᠭᠦᠢᠴᠡᠳᠬᠡᠬᠦ ᠴᠢᠬᠤᠯᠠ ᠦᠭᠡᠢ᠃ ᠵᠢᠱᠢᠶᠡᠯᠡᠪᠡᠯ ᠣᠷᠣᠨ ᠨᠤᠲᠤᠭ ᠤᠨ ᠭᠠᠶᠢᠯᠢ ᠶᠢᠨ ᠶᠠᠪᠤᠳᠠᠯ ᠤᠨ | ᠪᠠᠶᠢᠭᠤᠯᠭ᠎ᠠ ᠠᠴᠠ ᠣᠨᠴᠠᠭᠠᠢ ᠱᠠᠭᠠᠷᠳᠠᠯᠭ᠎ᠠ ᠦᠭᠡᠢ ᠪᠣᠯ᠂ ᠨᠥᠬᠦᠴᠡᠯ ᠳᠤ ᠨᠡᠶᠢᠴᠡᠭᠰᠡᠨ ᠭᠠᠶᠢᠯᠢ ᠲᠤᠰᠢᠶᠠᠭᠴᠢ ᠨᠢ | ᠭᠠᠶᠢᠯᠢ ᠲᠤᠰᠢᠶᠠᠬᠤ ᠪᠠᠷ ᠭᠤᠶᠤᠴᠢᠯᠠᠨ ᠮᠡᠳᠡᠭᠦᠯᠬᠦ ᠶᠢᠨ ᠬᠠᠮᠲᠤ ᠭᠠᠶᠢᠯᠢ ᠬᠠᠰᠤᠨ ᠬᠡᠯᠲᠦᠷᠢᠭᠦᠯᠬᠦ ᠭᠤᠶᠤᠴᠢᠯᠠᠬᠤ | ᠮᠡᠳᠡᠭᠦᠯᠦᠯᠲᠡ ᠶᠢ ᠭᠦᠢᠴᠡᠳᠬᠡᠨ᠎ᠡ᠃ ᠭᠡᠲᠡᠯ᠎ᠡ ᠭᠠᠶᠢᠯᠢ ᠲᠤᠰᠢᠶᠠᠭᠴᠢ ᠨᠢ ᠡᠷᠬᠡᠪᠰᠢ ᠭᠠᠶᠢᠯᠢ ᠬᠠᠰᠤᠨ | ᠬᠡᠯᠲᠦᠷᠢᠭᠦᠯᠦᠭᠰᠡᠨ ᠬᠠᠮᠢᠶ᠎ᠠ ᠪᠦᠬᠦᠢ ᠭᠡᠷᠡᠴᠢ ᠮᠠᠲ᠋ᠧᠷᠢᠶᠠᠯ ᠢᠶᠠᠨ ᠦᠯᠡᠳᠡᠭᠡᠵᠦ ᠪᠠᠶᠢᠴᠠᠭᠠᠨ ᠯᠠᠪᠯᠠᠬᠤ ᠳᠤ ᠪᠡᠯᠡᠳᠬᠡᠬᠦ | ᠬᠡᠷᠡᠭᠲᠡᠢ᠂ ᠵᠢᠱᠢᠶᠡᠯᠡᠪᠡᠯ ᠬᠤᠲᠠ ᠬᠥᠳᠡᠭᠡ ᠶᠢᠨ ᠪᠣᠬᠢᠷ ᠤᠰᠤ ᠶᠢ ᠲᠥᠪᠯᠡᠷᠡᠭᠦᠯᠦᠨ ᠰᠢᠢᠳᠪᠦᠷᠢᠯᠡᠬᠦ᠂ ᠠᠮᠢᠳᠤᠷᠠᠯ ᠤᠨ | ᠬᠤᠭ ᠨᠣᠪᠰᠢ ᠶᠢ ᠲᠥᠪᠯᠡᠷᠡᠭᠦᠯᠦᠨ ᠰᠢᠢᠳᠪᠦᠷᠢᠯᠡᠬᠦ ᠲᠠᠯᠠᠪᠤᠷ ᠤᠨ ᠬᠢᠷᠢ ᠭᠡᠮ᠂ ᠣᠷᠴᠢᠨ ᠲᠣᠭᠤᠷᠢᠨ ᠳᠤ ᠦᠵᠡᠭᠦᠯᠬᠦ | ᠨᠥᠯᠥᠭᠡ ᠶᠢ ᠦᠨᠡᠯᠡᠭᠰᠡᠨ ᠮᠡᠳᠡᠭᠦᠯᠦᠯᠲᠡ᠂ ᠠᠦ᠋ᠲ ᠪᠠᠷ ᠬᠢᠨᠠᠨ ᠰᠢᠨᠵᠢᠯᠡᠭᠰᠡᠨ ᠪᠠ ᠨᠠᠶᠢᠳᠠᠵᠤ ᠬᠢᠨᠠᠨ | ᠰᠢᠨᠵᠢᠯᠡᠭᠦᠯᠦᠭᠰᠡᠨ ᠲᠤᠭ᠎ᠠ ᠪᠠᠷᠢᠮᠲᠠ ᠵᠡᠷᠭᠡ ᠮᠠᠲ᠋ᠧᠷᠢᠶᠠᠯ ᠪᠣᠯᠣᠨ᠎ᠠ᠃ | ᠬᠥᠲᠥᠯᠥᠭᠴᠢ᠄ ᠣᠷᠴᠢᠨ ᠲᠣᠭᠤᠷᠢᠨ ᠤ ᠬᠠᠮᠠᠭᠠᠯᠠᠯᠲᠠ ᠶᠢᠨ ᠭᠠᠶᠢᠯᠢ ᠶᠢ ᠭᠠᠶᠢᠯᠢ ᠲᠤᠰᠢᠶᠠᠭᠴᠢ ᠥᠪᠡᠰᠦᠪᠡᠨ | ᠨᠠᠷᠢᠪᠴᠢᠯᠠᠨ ᠪᠣᠳᠣᠳᠠᠭ ᠪᠣᠯᠬᠤᠷ᠂ ᠭᠤᠶᠤᠴᠢᠯᠠᠨ ᠮᠡᠳᠡᠭᠦᠯᠬᠦ ᠳᠤ ᠵᠣᠬᠢᠬᠤ ᠬᠦᠴᠢᠷ ᠲᠠᠢ ᠪᠠᠶᠢᠳᠠᠭ᠂ ᠥᠪᠡᠷᠲᠡᠭᠡᠨ | ᠵᠠᠰᠠᠬᠤ ᠣᠷᠣᠨ ᠤ ᠣᠷᠣᠨ ᠨᠤᠲᠤᠭ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠠᠴᠠ ᠭᠠᠶᠢᠯᠢ ᠲᠤᠰᠢᠶᠠᠬᠤ | ᠦᠢᠯᠡᠴᠢᠯᠡᠭᠡ ᠶᠢᠨ ᠲᠠᠯ᠎ᠠ ᠪᠠᠷ ᠶᠠᠮᠠᠷ ᠶᠠᠮᠠᠷ ᠴᠢᠷᠮᠠᠶᠢᠯᠭ᠎ᠠ ᠭᠠᠷᠭᠠᠭᠰᠠᠨ ᠪᠣᠢ︖ | ᠯᠢᠦ ᠹᠧᠩ ᠵᠢᠶᠦ᠋ᠨ᠄ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠬᠢᠨᠠᠨ ᠰᠢᠨᠵᠢᠵᠦ ᠬᠠᠮᠢᠶᠠᠷᠬᠤ ᠪᠠ | ᠨᠠᠷᠢᠪᠴᠢᠯᠠᠨ ᠪᠣᠳᠣᠬᠤ ᠨᠢ ᠨᠡᠯᠢᠶᠡᠳ ᠲᠤᠰᠬᠠᠢ ᠮᠡᠷᠭᠡᠵᠢᠯ ᠤᠨ ᠠᠵᠢᠯ ᠪᠣᠯᠬᠤᠷ᠂ ᠭᠠᠶᠢᠯᠢ ᠲᠤᠰᠢᠶᠠᠭᠴᠢ ᠶᠢᠨ | ᠪᠣᠳᠣᠵᠤ ᠴᠢᠳᠠᠬᠤ᠂ ᠭᠤᠶᠤᠴᠢᠯᠠᠨ ᠮᠡᠳᠡᠭᠦᠯᠵᠦ ᠳᠡᠶᠢᠯᠬᠦ ᠶᠢ ᠬᠡᠷᠬᠢᠨ ᠪᠠᠲᠤᠯᠠᠬᠤ ᠨᠢ ᠮᠥᠨ ᠴᠤ ᠮᠠᠨ ᠤ | ᠦᠢᠯᠡᠴᠢᠯᠡᠭᠡ ᠶᠢᠨ ᠭᠤᠣᠯᠳᠠᠯᠭ᠎ᠠ ᠪᠣᠯᠣᠨ᠎ᠠ᠃ ᠡᠯ᠎ᠡ ᠱᠠᠲᠤᠨ ᠤ ᠣᠷᠣᠨ ᠨᠤᠲᠤᠭ ᠤᠨ ᠭᠠᠶᠢᠯᠢ ᠶᠢᠨ ᠶᠠᠪᠤᠳᠠᠯ ᠤᠨ | ᠪᠠᠶᠢᠭᠤᠯᠭ᠎ᠠ ᠶᠢᠨ ᠬᠢᠨ ᠣᠳᠣ ᠪᠠᠶᠢᠭ᠎ᠠ ᠡᠬᠢ ᠪᠠᠶᠠᠯᠢᠭ ᠢ ᠭᠦᠢᠴᠡᠳ ᠡᠮᠬᠢᠯᠡᠨ ᠨᠡᠶᠢᠯᠡᠭᠦᠯᠵᠦ᠂ ᠭᠠᠶᠢᠯᠢ | ᠲᠤᠰᠢᠶᠠᠭᠴᠢ ᠳᠤ ︽ᠪᠠᠷᠢᠮᠵᠢᠶ᠎ᠠ ᠲᠣᠭᠲᠠᠭᠠᠭᠰᠠᠨ︾᠂ ︽ᠪᠦᠬᠦᠨ ᠢ ᠬᠠᠮᠤᠷᠤᠭᠰᠠᠨ︾᠂ ︽ᠨᠢᠭᠤᠷᠳᠠᠯᠴᠠᠭᠰᠠᠨ︾ | ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠪᠠ ᠭᠤᠶᠤᠴᠢᠯᠠᠨ ᠮᠡᠳᠡᠭᠦᠯᠵᠦ ᠭᠠᠶᠢᠯᠢ ᠲᠤᠰᠢᠶᠠᠬᠤ ᠦᠢᠯᠡᠴᠢᠯᠡᠭᠡ ᠶᠢ | ᠪᠠᠶᠢᠳᠠᠯ ᠳᠤ ᠨᠢ ᠲᠣᠬᠢᠷᠠᠭᠤᠯᠤᠨ ᠲᠣᠭᠲᠠᠭᠠᠵᠤ ᠥᠭᠴᠡᠢ᠃ 4 ᠳ᠋ᠦ᠋ᠭᠡᠷ ᠰᠠᠷ᠎ᠠ ᠶᠢᠨ 1 ᠤ ᠡᠳᠦᠷ ᠭᠠᠶᠢᠯᠢ | ᠲᠤᠰᠢᠶᠠᠬᠤ ᠪᠠᠷ ᠭᠤᠶᠤᠴᠢᠯᠠᠨ ᠮᠡᠳᠡᠭᠦᠯᠬᠦ ᠠᠩᠬᠠᠳᠠᠭᠴᠢ ᠬᠤᠭᠤᠴᠠᠭ᠎ᠠ ᠡᠬᠢᠯᠡᠬᠦ ᠠᠴᠠ ᠡᠮᠦᠨ᠎ᠡ᠂ ᠣᠷᠣᠨ | ᠨᠤᠲᠤᠭ ᠤᠨ ᠭᠠᠶᠢᠯᠢ ᠶᠢᠨ ᠶᠠᠪᠤᠳᠠᠯ ᠤᠨ ᠪᠠᠶᠢᠭᠤᠯᠭ᠎ᠠ ᠶᠢᠨ ᠬᠢᠨ ᠭᠤᠶᠤᠴᠢᠯᠠᠨ ᠮᠡᠳᠡᠭᠦᠯᠬᠦ ᠰᠣᠷᠢᠯᠲᠠ ᠶᠢ ᠵᠣᠬᠢᠶᠠᠨ | ᠪᠠᠶᠢᠭᠤᠯᠤᠨ ᠥᠷᠨᠢᠭᠦᠯᠵᠦ᠂ ᠭᠠᠶᠢᠯᠢ ᠲᠤᠰᠢᠶᠠᠭᠴᠢ ᠶᠢᠨ ᠲᠥᠷᠥ ᠶᠢᠨ ᠪᠣᠳᠣᠯᠭ᠎ᠠ ᠶᠢ ᠣᠶᠢᠯᠠᠭᠠᠵᠤ ᠮᠡᠳᠡᠬᠦ᠂ | ᠭᠠᠶᠢᠯᠢ ᠶᠢ ᠪᠣᠳᠣᠵᠤ ᠴᠢᠳᠠᠬᠤ ᠪᠠ ᠭᠤᠶᠤᠴᠢᠯᠠᠨ ᠮᠡᠳᠡᠭᠦᠯᠵᠦ ᠴᠢᠳᠠᠬᠤ ᠶᠢ ᠪᠠᠲᠤᠯᠠᠪᠠ᠃ ᠠᠩᠬᠠᠨ ᠤ | ᠲᠠᠲᠠᠪᠤᠷᠢᠯᠠᠬᠤ ᠡᠳᠦᠷ ᠲᠤ᠂ ᠭᠠᠶᠢᠯᠢ ᠭᠦᠢᠴᠡᠳᠬᠡᠬᠦ ᠦᠢᠯᠡᠴᠢᠯᠡᠭᠡ ᠶᠢᠨ ᠲᠢᠩᠬᠢᠮ ᠳᠤ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠭᠠᠶᠢᠯᠢ ᠭᠤᠶᠤᠴᠢᠯᠠᠨ ᠮᠡᠳᠡᠭᠦᠯᠬᠦ ᠰᠠᠭᠠᠳ ᠦᠭᠡᠢ ᠰᠢᠭᠤᠳ ᠨᠡᠪᠲᠡᠷᠡᠬᠦ ᠵᠠᠮ ᠪᠠ ᠲᠤᠰᠬᠠᠢ | ᠴᠣᠩᠬᠤᠪᠴᠢ ᠨᠡᠭᠡᠭᠡᠵᠦ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠠᠯᠠᠭ᠎ᠠ ᠮᠥᠴᠢᠷ ᠤᠨ ᠠᠵᠢᠯᠲᠠᠳ ᠢ ᠤᠷᠢᠵᠤ | ᠬᠠᠮᠲᠤᠷᠠᠨ ᠠᠯᠪᠠᠯᠠᠵᠤ᠂ ᠲᠤᠰᠬᠠᠢ ᠠᠵᠢᠯᠲᠠᠨ ᠪᠠ ᠲᠤᠰᠬᠠᠢ ᠠᠵᠢᠯ ᠤᠨ ᠪᠠᠶᠢᠷᠢ ᠲᠣᠬᠢᠷᠠᠭᠤᠯᠤᠨ ᠭᠠᠶᠢᠯᠢ | ᠲᠤᠰᠢᠶᠠᠭᠴᠢ ᠳᠤ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠬᠢᠬᠦ᠂ ᠭᠠᠶᠢᠯᠢ ᠲᠤᠰᠢᠶᠠᠬᠤ ᠶᠢᠨ ᠭᠤᠶᠤᠴᠢᠯᠠᠨ | ᠮᠡᠳᠡᠭᠦᠯᠬᠦ ᠬᠦᠰᠦᠨᠦᠭ ᠲᠠᠭᠯᠠᠬᠤ ᠶᠢ ᠬᠠᠪᠰᠤᠷᠤᠨ ᠵᠢᠯᠣᠭᠤᠳᠬᠤ᠂ ᠭᠤᠶᠤᠴᠢᠯᠠᠨ ᠮᠡᠳᠡᠭᠦᠯᠬᠦ ᠶᠠᠪᠤᠴᠠ ᠪᠠᠷ | ᠤᠳᠤᠷᠢᠳᠤᠨ ᠬᠥᠲᠥᠯᠬᠦ ᠵᠡᠷᠭᠡ ᠦᠢᠯᠡᠴᠢᠯᠡᠭᠡ ᠬᠠᠩᠭᠠᠭᠰᠠᠨ ᠤ ᠬᠠᠮᠲᠤ᠂ ᠡᠯᠧᠺᠳ᠋ᠷᠣᠨ ᠭᠠᠶᠢᠯᠢ ᠶᠢᠨ ᠶᠠᠪᠤᠳᠠᠯ ᠤᠨ | ᠲᠣᠪᠴᠢᠶ᠎ᠠ᠂ ᠰᠦᠯᠵᠢᠶᠡᠨ ᠳᠡᠭᠡᠷ᠎ᠡ ᠭᠠᠶᠢᠯᠢ ᠭᠦᠢᠴᠡᠳᠬᠡᠬᠦ ᠲᠢᠩᠬᠢᠮ ᠵᠡᠷᠭᠡ ᠶᠢ ᠠᠰᠢᠭᠯᠠᠨ ᠭᠠᠶᠢᠯᠢ | ᠲᠤᠰᠢᠶᠠᠭᠴᠢ ᠶᠢᠨ ᠠᠩᠬᠠᠳᠠᠭᠴᠢ ᠲᠠᠲᠠᠪᠤᠷᠢᠯᠠᠬᠤ ᠬᠤᠭᠤᠴᠠᠭᠠᠨ ᠳᠠᠬᠢ ᠭᠤᠶᠤᠴᠢᠯᠠᠨ ᠮᠡᠳᠡᠭᠦᠯᠬᠦ ᠳᠤ ᠣᠯᠠᠨ | ᠵᠦᠢᠯ ᠤᠨ ᠠᠷᠭ᠎ᠠ ᠵᠠᠮ ᠬᠠᠩᠭᠠᠵᠤ᠂ ᠭᠠᠶᠢᠯᠢ ᠲᠤᠰᠢᠶᠠᠭᠴᠢᠳ ᠤᠨ ᠠᠳᠠᠯᠢ ᠪᠤᠰᠤ ᠬᠡᠷᠡᠭᠴᠡᠭᠡ ᠱᠠᠭᠠᠷᠳᠠᠯᠭ᠎ᠠ ᠶᠢ | ᠬᠠᠩᠭᠠᠪᠠ᠃ ᠡᠭᠦᠨ ᠤ ᠬᠠᠮᠲᠤ᠂ ᠭᠠᠶᠢᠯᠢ ᠲᠤᠰᠢᠶᠠᠭᠴᠢᠳ ᠪᠠᠰᠠ ︽12366︾ ᠭᠠᠶᠢᠯᠢ ᠲᠤᠰᠢᠶᠠᠬᠤ | ᠦᠢᠯᠡᠴᠢᠯᠡᠭᠡ ᠶᠢᠨ ᠬᠠᠯᠠᠮᠰᠢᠯ ᠤᠲᠠᠰᠤ᠂ 12369 ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠰᠠᠭᠤᠨ | ᠯᠠᠪᠯᠠᠬᠤ ᠬᠠᠯᠠᠮᠰᠢᠯ ᠤᠲᠠᠰᠤ᠂ ᠭᠠᠶᠢᠯᠢ ᠭᠦᠢᠴᠡᠳᠬᠡᠬᠦ ᠦᠢᠯᠡᠴᠢᠯᠡᠭᠡ ᠶᠢᠨ ᠲᠢᠩᠬᠢᠮ ᠵᠡᠷᠭᠡ ᠣᠯᠠᠨ ᠠᠷᠭ᠎ᠠ ᠵᠠᠮ ᠪᠠᠷ | ᠳᠠᠮᠵᠢᠨ ᠣᠷᠣᠨ ᠨᠤᠲᠤᠭ ᠤᠨ ᠭᠠᠶᠢᠯᠢ ᠶᠢᠨ ᠶᠠᠪᠤᠳᠠᠯ ᠤᠨ ᠪᠠᠶᠢᠭᠤᠯᠭ᠎ᠠ ᠠᠴᠠ ᠠᠰᠠᠭᠤᠨ ᠯᠠᠪᠯᠠᠵᠤ ᠪᠣᠯᠣᠨ᠎ᠠ᠃ | ᠡᠭᠦᠨ ᠤ ᠬᠠᠮᠲᠤ᠂ ᠠᠵᠤ ᠠᠬᠤᠶᠢᠯᠠᠯ ᠴᠤ ᠳᠣᠲᠣᠭᠠᠳᠤ ᠶᠢᠨ ᠣᠷᠴᠢᠨ ᠲᠣᠭᠤᠷᠢᠨ ᠤ ᠬᠠᠮᠠᠭᠠᠯᠠᠯᠲᠠ ᠪᠠ ᠡᠳ᠋ ᠤᠨ | ᠶᠠᠪᠤᠳᠠᠯ ᠤᠨ ᠰᠠᠯᠠᠭ᠎ᠠ ᠮᠥᠴᠢᠷ ᠤᠨ ᠠᠵᠢᠯᠲᠠᠳ ᠯᠤᠭ᠎ᠠ ᠶᠢᠨ ᠵᠣᠬᠢᠴᠠᠯᠳᠤᠨ ᠬᠠᠮᠵᠢᠯᠴᠠᠬᠤ ᠪᠠᠨ ᠴᠢᠩᠭᠠᠳᠬᠠᠵᠤ᠂ | ᠣᠷᠴᠢᠨ ᠲᠣᠭᠤᠷᠢᠨ ᠤ ᠬᠠᠮᠠᠭᠠᠯᠠᠯᠲᠠ ᠶᠢᠨ ᠭᠠᠶᠢᠯᠢ ᠶᠢᠨ ᠨᠠᠷᠢᠪᠴᠢᠯᠠᠨ ᠪᠣᠳᠣᠬᠤ ᠪᠠ ᠭᠠᠶᠢᠯᠢ ᠲᠤᠰᠢᠶᠠᠬᠤ ᠪᠠᠷ | ᠭᠤᠶᠤᠴᠢᠯᠠᠨ ᠮᠡᠳᠡᠭᠦᠯᠬᠦ ᠠᠵᠢᠯ ᠢ ᠬᠠᠮᠲᠤ ᠪᠠᠷ ᠰᠠᠶᠢᠲᠤᠷ ᠬᠢᠬᠦ ᠬᠡᠷᠡᠭᠲᠡᠢ᠃ | ᠬᠥᠲᠥᠯᠥᠭᠴᠢ᠄ ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠭᠠᠶᠢᠯᠢ ᠶᠢᠨ ᠶᠠᠪᠤᠳᠠᠯ ᠤᠨ | ᠲᠣᠪᠴᠢᠶ᠎ᠠ ᠶᠢᠨ ᠬᠢᠨ ᠪᠣᠬᠢᠷᠲᠤᠯ ᠦᠭᠡᠢ ᠶᠢᠨ ᠭᠠᠶᠢᠯᠢ ᠶᠢᠨ ᠳᠦᠷᠢᠮ ᠤᠨ ᠥᠭᠡᠷᠡᠴᠢᠯᠡᠯᠲᠡ ᠶᠢ ᠰᠠᠶᠢᠲᠤᠷ ᠬᠢᠬᠦ ᠳᠤ | ᠶᠠᠮᠠᠷ ᠶᠠᠮᠠᠷ ᠠᠷᠭ᠎ᠠ ᠬᠡᠮᠵᠢᠶ᠎ᠡ ᠠᠪᠤᠭᠰᠠᠨ ᠪᠣᠢ︖ | ᠯᠢᠦ ᠹᠧᠩ ᠵᠢᠶᠦ᠋ᠨ᠄ ᠨᠢᠭᠡ ᠳᠤ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢ ᠴᠢᠩᠭᠠᠳᠬᠠᠵᠤ᠂ | ᠠᠵᠢᠯ ᠤᠨ ᠤᠳᠤᠷᠢᠳᠬᠤ ᠳᠤᠭᠤᠶᠢᠯᠠᠩ ᠢ ᠪᠠᠶᠢᠭᠤᠯᠪᠠ᠃ ᠪᠦᠬᠦ ᠣᠷᠣᠨ ᠤ ᠡᠯ᠎ᠡ ᠱᠠᠲᠤᠨ ᠤ ᠣᠷᠣᠨ ᠨᠤᠲᠤᠭ ᠤᠨ | ᠭᠠᠶᠢᠯᠢ ᠶᠢᠨ ᠶᠠᠪᠤᠳᠠᠯ ᠤᠨ ᠪᠠᠶᠢᠭᠤᠯᠭ᠎ᠠ ᠶᠢᠨ ᠬᠢᠨ ︽ᠣᠷᠴᠢᠨ ᠲᠣᠭᠤᠷᠢᠨ ᠤ ᠬᠠᠮᠠᠭᠠᠯᠠᠯᠲᠠ ᠶᠢᠨ ᠭᠠᠶᠢᠯᠢ ᠪᠠ | ᠤᠰᠤᠨ ᠤ ᠡᠬᠢ ᠪᠠᠶᠠᠯᠢᠭ ᠤᠨ ᠭᠠᠶᠢᠯᠢ︾ ᠶᠢ ᠡᠬᠢᠯᠡᠨ ᠲᠠᠲᠠᠪᠤᠷᠢᠯᠠᠬᠤ ᠶᠢᠨ ᠤᠳᠤᠷᠢᠳᠬᠤ ᠳᠤᠭᠤᠶᠢᠯᠠᠩ ᠢ | ᠪᠠᠶᠢᠭᠤᠯᠵᠤ᠂ ᠤᠳᠤᠷᠢᠳᠬᠤ ᠳᠤᠭᠤᠶᠢᠯᠠᠩ ᠨᠢ ᠭᠤᠣᠯᠳᠠᠭᠤ ᠪᠦᠬᠦ ᠣᠷᠣᠨ ᠤ ᠣᠷᠣᠨ ᠨᠤᠲᠤᠭ ᠤᠨ ᠭᠠᠶᠢᠯᠢ ᠶᠢᠨ | ᠶᠠᠪᠤᠳᠠᠯ ᠤᠨ ᠰᠢᠰᠲ᠋ᠧᠮ ᠢ ᠵᠣᠬᠢᠶᠠᠨ ᠪᠠᠶᠢᠭᠤᠯᠤᠨ ᠤᠳᠤᠷᠢᠳᠴᠤ ᠣᠷᠴᠢᠨ ᠲᠣᠭᠤᠷᠢᠨ ᠤ ᠬᠠᠮᠠᠭᠠᠯᠠᠯᠲᠠ ᠶᠢᠨ | ᠭᠠᠶᠢᠯᠢ᠂ ᠤᠰᠤᠨ ᠤ ᠡᠬᠢ ᠪᠠᠶᠠᠯᠢᠭ ᠤᠨ ᠭᠠᠶᠢᠯᠢ ᠶᠢ ᠡᠬᠢᠯᠡᠨ ᠲᠠᠲᠠᠪᠤᠷᠢᠯᠠᠬᠤ ᠶᠢ ᠠᠬᠢᠭᠤᠯᠬᠤ ᠠᠵᠢᠯ ᠢ | ᠬᠠᠷᠢᠭᠤᠴᠠᠵᠤ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠭᠠᠶᠢᠯᠢ᠂ ᠤᠰᠤᠨ ᠤ ᠡᠬᠢ ᠪᠠᠶᠠᠯᠢᠭ ᠤᠨ ᠭᠠᠶᠢᠯᠢ ᠶᠢ | ᠡᠬᠢᠯᠡᠨ ᠲᠠᠲᠠᠪᠤᠷᠢᠯᠠᠵᠤ ᠠᠬᠢᠭᠤᠯᠬᠤ ᠲᠤᠬᠠᠢ ᠤᠯᠤᠰ ᠤᠨ ᠪᠠ ᠥᠪᠡᠷᠲᠡᠭᠡᠨ ᠵᠠᠰᠠᠬᠤ ᠣᠷᠣᠨ ᠤ ᠠᠵᠢᠯ ᠤᠨ | ᠪᠠᠶᠢᠷᠢᠯᠠᠭᠤᠯᠤᠯᠲᠠ ᠪᠠ ᠱᠠᠭᠠᠷᠳᠠᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠬᠠᠮᠢᠶ᠎ᠠ ᠪᠦᠬᠦᠢ ᠳᠦᠷᠢᠮ ᠪᠠ | ᠠᠷᠭ᠎ᠠ ᠶᠢ ᠰᠤᠳᠤᠯᠵᠤ ᠬᠢᠨᠠᠨ ᠲᠣᠭᠲᠠᠭᠠᠵᠤ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠭᠠᠶᠢᠯᠢ᠂ ᠤᠰᠤᠨ ᠤ | ᠡᠬᠢ ᠪᠠᠶᠠᠯᠢᠭ ᠤᠨ ᠭᠠᠶᠢᠯᠢ ᠶᠢ ᠡᠬᠢᠯᠡᠨ ᠲᠠᠲᠠᠪᠤᠷᠢᠯᠠᠵᠤ ᠠᠬᠢᠭᠤᠯᠬᠤ ᠴᠢᠬᠤᠯᠠ ᠶᠡᠭᠡ ᠵᠦᠢᠯᠡᠰ ᠪᠠ ᠭᠤᠣᠯᠳᠠᠯᠭᠠᠲᠤ | ᠠᠵᠢᠯ ᠤᠨ ᠡᠭᠦᠷᠭᠡ ᠶᠢ ᠰᠤᠳᠤᠯᠤᠨ ᠪᠠᠶᠢᠷᠢᠯᠠᠭᠤᠯᠵᠤ᠂ ᠡᠳ᠋ ᠤᠨ ᠵᠠᠰᠠᠭ᠂ ᠣᠷᠴᠢᠨ ᠲᠣᠭᠤᠷᠢᠨ ᠤ ᠬᠠᠮᠠᠭᠠᠯᠠᠯᠲᠠ᠂ | ᠤᠰᠤᠨ ᠠᠰᠢᠭᠯᠠᠯᠲᠠ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠵᠣᠬᠢᠴᠠᠭᠤᠯᠤᠨ ᠬᠠᠮᠵᠢᠯᠴᠠᠬᠤ ᠠᠵᠢᠯ ᠢ | ᠨᠢᠭᠡᠳᠦᠯᠲᠡᠢ ᠲᠥᠯᠥᠪᠵᠢᠭᠦᠯᠦᠨ ᠵᠢᠯᠣᠭᠤᠳᠴᠠᠢ᠃ ᠬᠤᠶᠠᠷ ᠲᠤ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ | ᠭᠠᠶᠢᠯᠢ᠂ ᠤᠰᠤᠨ ᠤ ᠡᠬᠢ ᠪᠠᠶᠠᠯᠢᠭ ᠤᠨ ᠭᠠᠶᠢᠯᠢ ᠶᠢᠨ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠢ | ᠴᠢᠩᠭᠠᠳᠬᠠᠪᠠ᠃ ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠭᠠᠶᠢᠯᠢ ᠶᠢᠨ ᠶᠠᠪᠤᠳᠠᠯ ᠤᠨ | ᠲᠣᠪᠴᠢᠶ᠎ᠠ ᠶᠢᠨ ᠬᠢᠨ ︽ᠭᠦᠢᠴᠡᠳ ᠲᠦᠢᠯᠪᠤᠷᠢᠲᠠᠢ ᠭᠦᠢᠴᠡᠳᠬᠡᠬᠦ︾ ᠲᠤᠬᠠᠶᠢᠯᠠᠭᠰᠠᠨ ᠠᠵᠢᠯ ᠤᠨ ᠬᠠᠷᠠᠭᠠᠨ | ᠳᠠᠪᠲᠠᠮᠵᠢᠲᠤ ᠪᠣᠯᠪᠠᠰᠤᠷᠠᠭᠤᠯᠤᠯ ᠪᠠ ᠲᠥᠪᠯᠡᠷᠡᠭᠦᠯᠦᠭᠰᠡᠨ ᠪᠣᠯᠪᠠᠰᠤᠷᠠᠭᠤᠯᠤᠯ ᠢ ᠣᠯᠠᠨ ᠤᠳᠠᠭ᠎ᠠ ᠡᠷᠬᠢᠯᠡᠵᠦ᠂ | ᠲᠤᠬᠠᠶᠢᠯᠠᠭᠰᠠᠨ ᠠᠵᠢᠯ ᠤᠨ ᠬᠠᠮᠢᠶ᠎ᠠ ᠪᠦᠬᠦᠢ ᠠᠵᠢᠯᠲᠠᠳ ᠤᠨ ᠢᠶᠠᠨ ᠲᠥᠷᠥ ᠶᠢᠨ ᠪᠣᠳᠣᠯᠭ᠎ᠠ ᠶᠢ ᠪᠣᠯᠪᠠᠰᠤᠷᠠᠩᠭᠤᠢ | ᠡᠵᠡᠮᠰᠢᠬᠦ ᠶᠢ ᠪᠠᠲᠤᠯᠠᠵᠤ᠂ ᠡᠷᠲᠡ ᠮᠡᠳᠡᠬᠦ᠂ ᠡᠷᠲᠡ ᠰᠤᠷᠤᠯᠴᠠᠬᠤ᠂ ᠡᠷᠲᠡ ᠣᠶᠢᠯᠭᠠᠬᠤ ᠶᠢ ᠭᠦᠢᠴᠡᠳᠬᠡᠵᠡᠢ᠃ | ᠡᠭᠦᠨ ᠤ ᠬᠠᠮᠲᠤ ᠰᠤᠷᠤᠯᠴᠠᠭᠰᠠᠨ ᠰᠠᠭᠤᠷᠢᠨ ᠳᠡᠭᠡᠷ᠎ᠡ ᠪᠠᠨ᠂ ᠵᠤᠷᠪᠤᠰ ᠳᠠᠷᠠᠭᠠᠯᠠᠨ ᠰᠤᠳᠤᠯᠵᠤ᠂ ᠵᠣᠷᠢᠭ ᠰᠠᠨᠠᠭᠠᠨ ᠤ | ᠮᠥᠨ ᠴᠢᠨᠠᠷ ᠢ ᠭᠦᠨᠵᠡᠭᠡᠢ ᠣᠶᠢᠯᠠᠭᠠᠵᠤ᠂ ᠭᠤᠣᠯᠳᠠᠯᠭᠠᠲᠤ ᠡᠭᠦᠷᠭᠡ᠂ ᠲᠠᠲᠠᠪᠤᠷᠢᠯᠠᠨ ᠬᠤᠷᠢᠶᠠᠬᠤ ᠳᠤ ᠬᠦᠴᠢᠷᠲᠡᠢ | ᠭᠤᠭᠴᠤᠭ᠎ᠠ ᠶᠢ ᠲᠠᠨᠢᠵᠤ᠂ ᠲᠥᠷᠥ ᠶᠢᠨ ᠪᠣᠳᠣᠯᠭ᠎ᠠ ᠶᠢ ᠭᠦᠢᠴᠡᠳ ᠤᠬᠠᠬᠤ ᠶᠢ ᠭᠦᠢᠴᠡᠳᠬᠡᠵᠦ᠂ ᠡᠬᠢᠯᠡᠨ | ᠲᠠᠲᠠᠪᠤᠷᠢᠯᠠᠬᠤ ᠠᠴᠠ ᠡᠮᠦᠨᠡᠬᠢ ᠪᠡᠯᠡᠳᠬᠡᠯ ᠪᠠ ᠡᠬᠢᠯᠡᠨ ᠲᠠᠲᠠᠪᠤᠷᠢᠯᠠᠭᠰᠠᠨ ᠤ ᠳᠠᠷᠠᠭᠠᠬᠢ ᠭᠦᠢᠴᠡᠳᠬᠡᠬᠦ ᠠᠵᠢᠯ ᠢ | ᠰᠠᠶᠢᠲᠤᠷ ᠬᠢᠭᠰᠡᠨ ᠪᠠᠶᠢᠨ᠎ᠠ᠃ ᠭᠤᠷᠪᠠ ᠳᠤ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠭᠠᠶᠢᠯᠢ᠂ ᠤᠰᠤᠨ ᠤ | ᠡᠬᠢ ᠪᠠᠶᠠᠯᠢᠭ ᠤᠨ ᠭᠠᠶᠢᠯᠢ ᠶᠢᠨ ᠬᠠᠮᠢᠶ᠎ᠠ ᠪᠦᠬᠦᠢ ᠰᠠᠯᠠᠭ᠎ᠠ ᠮᠥᠴᠢᠷ ᠯᠦᠭᠡ ᠶᠢᠨ ᠵᠣᠬᠢᠴᠠᠯᠳᠤᠨ ᠬᠠᠮᠵᠢᠯᠴᠠᠬᠤ ᠶᠢ | ᠴᠢᠩᠭᠠᠳᠬᠠᠪᠠ᠃ ᠡᠳ᠋ ᠤᠨ ᠵᠠᠰᠠᠭ᠂ ᠣᠷᠴᠢᠨ ᠲᠣᠭᠤᠷᠢᠨ ᠤ ᠬᠠᠮᠠᠭᠠᠯᠠᠯᠲᠠ᠂ ᠤᠰᠤᠨ ᠠᠰᠢᠭᠯᠠᠯᠲᠠ ᠵᠡᠷᠭᠡ | ᠰᠠᠯᠠᠭ᠎ᠠ ᠮᠥᠴᠢᠷ ᠲᠠᠢ ᠣᠯᠠᠨ ᠤᠳᠠᠭ᠎ᠠ ᠬᠠᠮᠲᠤᠷᠠᠭᠰᠠᠨ ᠬᠤᠷᠠᠯ ᠬᠤᠷᠠᠯᠳᠤᠭᠤᠯᠵᠤ᠂ ᠰᠠᠯᠠᠭ᠎ᠠ ᠮᠥᠴᠢᠷ ᠤᠳ ᠤᠨ | ᠡᠭᠦᠷᠭᠡ ᠴᠢᠳᠠᠪᠬᠢ ᠶᠢ ᠲᠣᠳᠣᠷᠬᠠᠶᠢᠯᠠᠵᠤ᠂ ᠠᠵᠢᠯ ᠤᠨ ᠡᠭᠦᠷᠭᠡ ᠬᠠᠷᠢᠭᠤᠴᠠᠯᠭ᠎ᠠ ᠶᠢ ᠨᠠᠷᠢᠯᠢᠭᠵᠢᠭᠤᠯᠤᠨ᠂ | ᠲᠥᠬᠦᠷᠵᠢᠭᠰᠡᠨ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠵᠦ᠂ ᠠᠵᠢᠯ ᠤᠨ ᠡᠭᠦᠷᠭᠡ ᠪᠣᠯᠣᠨ ᠴᠠᠭ ᠤᠨ | ᠲᠣᠬᠢᠷᠠᠭᠤᠯᠤᠯᠲᠠ ᠶᠢ ᠲᠣᠳᠣᠷᠬᠠᠶᠢᠯᠠᠵᠤ᠂ ᠬᠠᠷᠢᠭᠤᠴᠠᠯᠭᠠᠲᠤ ᠦᠵᠡᠯ ᠤᠬᠠᠮᠰᠠᠷ ᠢᠶᠠᠨ ᠦᠨᠡᠨ ᠬᠦ ᠴᠢᠩᠭᠠᠳᠬᠠᠵᠠᠢ᠃ | ᠡᠳ᠋ ᠤᠨ ᠵᠠᠰᠠᠭ᠂ ᠣᠷᠴᠢᠨ ᠲᠣᠭᠤᠷᠢᠨ ᠤ ᠬᠠᠮᠠᠭᠠᠯᠠᠯᠲᠠ᠂ ᠤᠰᠤᠨ ᠠᠰᠢᠭᠯᠠᠯᠲᠠ ᠶᠢᠨ ᠰᠠᠯᠠᠭ᠎ᠠ ᠮᠥᠴᠢᠷ ᠲᠠᠢ | ᠬᠠᠮᠵᠢᠯᠴᠠᠵᠤ ᠲᠠᠲᠠᠪᠤᠷᠢᠯᠠᠬᠤ ᠠᠴᠠ ᠡᠮᠦᠨᠡᠬᠢ ᠭᠠᠶᠢᠯᠢ ᠶᠢᠨ ᠢᠷᠡᠯᠲᠡ ᠶᠢ ᠪᠠᠶᠢᠴᠠᠭᠠᠵᠤ ᠪᠠᠶᠢᠳᠠᠯ ᠢ ᠣᠶᠢᠯᠭᠠᠬᠤ | ᠠᠵᠢᠯ ᠢ ᠬᠠᠮᠲᠤᠷᠠᠨ ᠥᠷᠨᠢᠭᠦᠯᠵᠡᠢ᠃ ᠳᠥᠷᠪᠡ ᠳᠤ᠂ ᠰᠠᠭᠤᠷᠢ ᠮᠡᠳᠡᠭᠡ ᠵᠠᠩᠭᠢ ᠶᠢ ᠴᠤᠭᠯᠠᠭᠤᠯᠬᠤ᠂ ᠰᠢᠨᠵᠢᠨ | ᠲᠤᠷᠰᠢᠬᠤ᠂ ᠪᠢᠴᠢᠨ ᠣᠷᠣᠭᠤᠯᠬᠤ ᠠᠵᠢᠯ ᠢ ᠰᠠᠶᠢᠲᠤᠷ ᠬᠢᠪᠡ᠃ ᠰᠠᠭᠤᠷᠢ ᠮᠡᠳᠡᠭᠡ ᠵᠠᠩᠭᠢ ᠶᠢ ᠣᠨᠣᠪᠴᠢᠲᠠᠢ | ᠴᠤᠭᠯᠠᠭᠤᠯᠬᠤ ᠶᠢ ᠪᠠᠲᠤᠯᠠᠬᠤ ᠶᠢᠨ ᠲᠥᠯᠥᠭᠡ᠂ ᠰᠢᠨᠵᠢᠨ ᠲᠤᠷᠰᠢᠬᠤ ᠠᠵᠢᠯ ᠢ ᠰᠠᠶᠢᠲᠤᠷ ᠬᠢᠵᠦ᠂ ᠡᠯ᠎ᠡ ᠭᠠᠵᠠᠷ ᠤᠨ | ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠠᠯᠠᠭ᠎ᠠ ᠮᠥᠴᠢᠷ᠂ ᠤᠰᠤᠨ ᠠᠰᠢᠭᠯᠠᠯᠲᠠ ᠶᠢᠨ ᠰᠠᠯᠠᠭ᠎ᠠ ᠮᠥᠴᠢᠷ ᠲᠠᠢ | ᠬᠠᠮᠲᠤᠷᠠᠵᠤ ᠨᠢᠭᠡᠳᠦᠯᠲᠡᠢ ᠵᠣᠬᠢᠶᠠᠨ ᠪᠠᠶᠢᠭᠤᠯᠵᠤ ᠪᠠᠶᠢᠭᠠᠳ ᠭᠠᠶᠢᠯᠢ ᠲᠤᠰᠢᠶᠠᠭᠴᠢ ᠳᠤ ᠲᠥᠷᠥᠯ ᠬᠤᠪᠢᠶᠠᠨ | ᠬᠠᠪᠰᠤᠷᠤᠨ ᠵᠢᠯᠣᠭᠤᠳᠬᠤ ᠶᠢ ᠥᠷᠨᠢᠭᠦᠯᠵᠦ᠂ ᠰᠠᠭᠤᠷᠢ ᠮᠡᠳᠡᠭᠡ ᠵᠠᠩᠭᠢ ᠶᠢ ᠣᠨᠣᠪᠴᠢᠲᠠᠢ ᠴᠤᠭᠯᠠᠭᠤᠯᠵᠤ᠂ | ᠰᠢᠨᠵᠢᠨ ᠲᠤᠷᠰᠢᠬᠤ ᠠᠵᠢᠯ ᠢ ᠥᠷᠨᠢᠭᠦᠯᠦᠨ᠂ ᠲᠠᠲᠠᠪᠤᠷᠢᠯᠠᠨ ᠬᠤᠷᠢᠶᠠᠬᠤ ᠰᠢᠰᠲ᠋ᠧᠮ ᠤᠨ ᠬᠡᠪ ᠢᠶᠠᠷ ᠠᠵᠢᠯᠯᠠᠬᠤ ᠶᠢ | ᠪᠠᠲᠤᠯᠠᠭᠰᠠᠨ ᠪᠠᠶᠢᠨ᠎ᠠ᠃ ᠲᠠᠪᠤ ᠳᠤ᠂ ᠤᠬᠠᠭᠤᠯᠭ᠎ᠠ ᠶᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠭᠠᠶᠢᠯᠢ | ᠲᠠᠲᠠᠪᠤᠷᠢ ᠶᠢᠨ ᠨᠥᠯᠥᠭᠡᠯᠡᠬᠦ ᠬᠦᠴᠦᠨ ᠢ ᠥᠷᠭᠡᠳᠬᠡᠪᠡ᠃ ᠪᠦᠬᠦ ᠣᠷᠣᠨ ᠤ ᠡᠯ᠎ᠡ ᠱᠠᠲᠤᠨ ᠤ ᠣᠷᠣᠨ ᠨᠤᠲᠤᠭ ᠤᠨ | ᠭᠠᠶᠢᠯᠢ ᠶᠢᠨ ᠶᠠᠪᠤᠳᠠᠯ ᠤᠨ ᠪᠠᠶᠢᠭᠤᠯᠭ᠎ᠠ ᠶᠢᠨ ᠬᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠭᠠᠶᠢᠯᠢ᠂ ᠤᠰᠤᠨ ᠤ | ᠡᠬᠢ ᠪᠠᠶᠠᠯᠢᠭ ᠤᠨ ᠭᠠᠶᠢᠯᠢ ᠶᠢᠨ ᠣᠯᠠᠨ ᠬᠡᠯᠪᠡᠷᠢ ᠶᠠᠩᠵᠤ ᠶᠢᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠵᠦ᠂ | ᠭᠠᠶᠢᠯᠢ ᠲᠠᠲᠠᠪᠤᠷᠢ ᠤᠬᠠᠭᠤᠯᠬᠤ ᠰᠠᠷ᠎ᠠ ᠶᠢᠨ ᠠᠵᠢᠯᠯᠠᠭ᠎ᠠ ᠲᠠᠢ ᠤᠶᠠᠯᠳᠤᠭᠤᠯᠤᠨ᠂ ᠭᠠᠶᠢᠯᠢ ᠲᠤᠰᠢᠶᠠᠭᠴᠢ᠂ | ᠡᠳ᠋ ᠤᠨ ᠵᠠᠰᠠᠭ ᠭᠠᠶᠢᠯᠢ ᠶᠢᠨ ᠲᠤᠰᠬᠠᠢ ᠮᠡᠷᠭᠡᠵᠢᠯᠲᠡᠨ ᠪᠠ ᠵᠠᠭᠤᠴᠢᠯᠠᠭᠤᠷ ᠤᠨ ᠰᠤᠷᠪᠤᠯᠵᠢᠯᠠᠭᠴᠢ ᠶᠢ ᠤᠷᠢᠨ | ᠣᠷᠣᠯᠴᠠᠭᠤᠯᠵᠤ᠂ ᠪᠣᠬᠢᠷᠲᠤᠯ ᠦᠭᠡᠢ ᠶᠢᠨ ᠭᠠᠶᠢᠯᠢ ᠶᠢᠨ ᠳᠦᠷᠢᠮ ᠤᠨ ᠥᠭᠡᠷᠡᠴᠢᠯᠡᠯᠲᠡ ᠶᠢ ᠲᠥᠪᠯᠡᠷᠡᠭᠦᠯᠦᠨ | ᠤᠬᠠᠭᠤᠯᠬᠤ ᠠᠵᠢᠯᠯᠠᠭ᠎ᠠ ᠶᠢ ᠥᠷᠨᠢᠭᠦᠯᠦᠭᠰᠡᠨ ᠤ ᠬᠠᠮᠲᠤ᠂ ᠲᠤᠬᠠᠢ ᠶᠢᠨ ᠲᠠᠯᠠᠪᠤᠷ ᠲᠤ ᠠᠰᠠᠭᠤᠯᠲᠠ | ᠭᠠᠷᠭᠠᠭᠰᠠᠳ ᠲᠤ ᠬᠠᠷᠢᠭᠤᠯᠲᠠ ᠥᠭᠴᠦ᠂ ᠨᠡᠯᠢᠶᠡᠳ ᠰᠠᠶᠢᠨ ᠦᠷ᠎ᠡ ᠳ᠋ᠦᠩ ᠣᠯᠣᠭᠰᠠᠨ ᠪᠠᠶᠢᠨ᠎ᠠ᠃ | ᠬᠥᠲᠥᠯᠥᠭᠴᠢ᠄ ᠮᠠᠨ ᠤ ᠣᠷᠣᠨ ᠪᠣᠬᠢᠷᠲᠤᠯ ᠦᠭᠡᠢ ᠶᠢᠨ ᠭᠠᠶᠢᠯᠢ ᠶᠢᠨ ᠳᠦᠷᠢᠮ ᠤᠨ ᠥᠭᠡᠷᠡᠴᠢᠯᠡᠯᠲᠡ ᠶᠢ | ᠬᠡᠷᠡᠭᠵᠢᠭᠦᠯᠦᠭᠡᠳ ᠣᠳᠣᠬᠠᠨ ᠳᠤ ᠶᠠᠮᠠᠷ ᠶᠠᠮᠠᠷ ᠦᠷ᠎ᠡ ᠪᠦᠲᠦᠮᠵᠢ ᠣᠯᠣᠭᠰᠠᠨ ᠪᠣᠢ︖ | ᠯᠢᠦ ᠹᠧᠩ ᠵᠢᠶᠦ᠋ᠨ᠄ 4 ᠳ᠋ᠦ᠋ᠭᠡᠷ ᠰᠠᠷ᠎ᠠ ᠳᠤ᠂ ᠮᠠᠨ ᠤ ᠣᠷᠣᠨ ᠣᠷᠴᠢᠨ ᠲᠣᠭᠤᠷᠢᠨ ᠤ ᠬᠠᠮᠠᠭᠠᠯᠠᠯᠲᠠ ᠶᠢᠨ | ᠭᠠᠶᠢᠯᠢ ᠪᠠ ᠤᠰᠤᠨ ᠤ ᠡᠬᠢ ᠪᠠᠶᠠᠯᠢᠭ ᠤᠨ ᠭᠠᠶᠢᠯᠢ ᠶᠢᠨ ᠠᠩᠬᠠᠳᠤᠭᠠᠷ ᠤᠯᠠᠷᠢᠯ ᠤᠨ ᠭᠠᠶᠢᠯᠢ ᠶᠢᠨ ᠵᠣᠭᠤᠰ | ᠲᠠᠲᠠᠪᠤᠷᠢᠯᠠᠨ ᠬᠤᠷᠢᠶᠠᠬᠤ ᠠᠵᠢᠯ ᠢᠶᠠᠨ ᠪᠡᠶᠡᠯᠡᠭᠦᠯᠵᠦ᠂ ᠶᠡᠷᠦᠩᠬᠡᠢ ᠳᠤ ᠪᠠᠨ ᠠᠵᠢᠯᠯᠠᠭᠠᠨ ᠨᠢ ᠲᠣᠭᠲᠠᠪᠤᠷᠢᠲᠠᠢ | ᠪᠠᠶᠢᠵᠤ᠂ ᠥᠭᠡᠷᠡᠴᠢᠯᠡᠯᠲᠡ ᠶᠢᠨ ᠦᠷ᠎ᠡ ᠪᠦᠲᠦᠮᠵᠢ ᠴᠤ ᠠᠩᠬ᠎ᠠ ᠠᠯᠬᠤᠮ ᠲᠣᠳᠣᠷᠠᠭᠰᠠᠨ ᠪᠠᠶᠢᠨ᠎ᠠ᠃ ᠨᠢᠭᠡ ᠳᠤ᠂ | ᠭᠠᠶᠢᠯᠢ ᠲᠠᠲᠠᠪᠤᠷᠢ ᠶᠢᠨ ᠠᠯᠪᠠᠳᠠᠯᠭ᠎ᠠ ᠶᠢᠨ ᠴᠢᠨᠠᠷ ᠨᠢ ᠪᠣᠬᠢᠷᠲᠤᠯ ᠭᠠᠳᠠᠭᠰᠢᠯᠠᠭᠤᠯᠬᠤ ᠠᠵᠤ ᠠᠬᠤᠶᠢᠯᠠᠯ ᠪᠠ ᠤᠰᠤ | ᠬᠡᠷᠡᠭᠯᠡᠬᠦ ᠠᠵᠤ ᠠᠬᠤᠶᠢᠯᠠᠯ ᠢ ᠬᠢᠵᠠᠭᠠᠷᠯᠠᠬᠤ ᠪᠠ ᠲᠠᠲᠠᠪᠤᠷᠢᠯᠠᠨ ᠬᠤᠷᠢᠶᠠᠬᠤ ᠡᠷᠴᠢᠮ ᠢᠶᠠᠨ ᠴᠢᠩᠭᠠᠷᠠᠭᠤᠯᠵᠤ᠂ | ᠭᠠᠶᠢᠯᠢ ᠲᠤᠰᠢᠶᠠᠭᠴᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠭᠠᠶᠢᠯᠢ ᠲᠤᠰᠢᠶᠠᠬᠤ ᠦᠵᠡᠯ ᠤᠬᠠᠮᠰᠠᠷ ᠢ | ᠨᠡᠶᠢᠳᠡᠮ ᠳᠤ ᠨᠢ ᠴᠢᠩᠭᠠᠷᠠᠭᠤᠯᠪᠠ᠃ ᠰᠦᠢᠳᠬᠡᠯ ᠢ ᠭᠠᠶᠢᠯᠢ ᠪᠣᠯᠭᠠᠨ ᠥᠭᠡᠷᠡᠴᠢᠯᠡᠭᠰᠡᠨ ᠤ ᠳᠠᠷᠠᠭ᠎ᠠ ᠣᠷᠴᠢᠨ | ᠲᠣᠭᠤᠷᠢᠨ ᠤ ᠬᠠᠮᠠᠭᠠᠯᠠᠯᠲᠠ ᠶᠢᠨ ᠭᠠᠶᠢᠯᠢ ᠶᠢᠨ ᠭᠠᠶᠢᠯᠢ ᠲᠤᠰᠢᠶᠠᠭᠴᠢ᠂ ᠤᠰᠤᠨ ᠤ ᠡᠬᠢ ᠪᠠᠶᠠᠯᠢᠭ ᠤᠨ | ᠭᠠᠶᠢᠯᠢ ᠶᠢᠨ ᠭᠠᠶᠢᠯᠢ ᠲᠤᠰᠢᠶᠠᠭᠴᠢ ᠶᠢᠨ ᠤᠯᠠᠷᠢᠯ ᠢᠶᠠᠷ ᠭᠤᠶᠤᠴᠢᠯᠠᠨ ᠮᠡᠳᠡᠭᠦᠯᠵᠦ ᠲᠤᠰᠢᠶᠠᠬᠤ ᠡᠭᠦᠷᠭᠡ ᠶᠢ | ᠲᠣᠳᠣᠷᠬᠠᠶᠢᠯᠠᠵᠤ᠂ ᠬᠤᠭᠤᠴᠠᠭ᠎ᠠ ᠨᠢ ᠬᠡᠲᠦᠷᠡᠭᠡᠳ ᠭᠤᠶᠤᠴᠢᠯᠠᠨ ᠮᠡᠳᠡᠭᠦᠯᠪᠡᠯ ᠬᠤᠭᠤᠴᠠᠭ᠎ᠠ ᠬᠡᠲᠦᠷᠡᠭᠰᠡᠨ ᠤ | ᠮᠥᠩᠭᠦ ᠪᠠ ᠲᠣᠷᠭᠠᠭᠤᠯᠢ ᠶᠢᠨ ᠵᠣᠭᠤᠰ ᠨᠡᠮᠡᠨ ᠬᠤᠷᠢᠶᠠᠬᠤ ᠶᠢᠨ ᠬᠠᠮᠲᠤ᠂ ᠠᠵᠤ ᠠᠬᠤᠶᠢᠯᠠᠯ ᠤᠨ ᠢᠲᠡᠭᠡᠯ | ᠬᠦᠨᠳᠦ ᠶᠢ ᠦᠨᠡᠯᠡᠨ ᠮᠠᠭᠠᠳᠯᠠᠬᠤ ᠦᠨᠳᠦᠰᠦᠯᠡᠯ ᠪᠣᠯᠭᠠᠭᠰᠠᠨ ᠠᠴᠠ ᠪᠣᠬᠢᠷᠲᠤᠯ ᠭᠠᠳᠠᠭᠰᠢᠯᠠᠭᠤᠯᠬᠤ ᠠᠵᠤ | ᠠᠬᠤᠶᠢᠯᠠᠯ ᠪᠠ ᠤᠰᠤ ᠬᠡᠷᠡᠭᠯᠡᠬᠦ ᠠᠵᠤ ᠠᠬᠤᠶᠢᠯᠠᠯ ᠢ ᠬᠢᠵᠠᠭᠠᠷᠯᠠᠬᠤ ᠬᠦᠴᠦᠨ ᠢᠶᠠᠨ ᠴᠢᠩᠭᠠᠷᠠᠭᠤᠯᠵᠤ᠂ | ᠭᠤᠶᠤᠴᠢᠯᠠᠨ ᠮᠡᠳᠡᠭᠦᠯᠬᠦ ᠢᠳᠡᠪᠬᠢᠵᠢᠯ ᠪᠠ ᠴᠠᠭ ᠲᠤᠬᠠᠶᠢᠲᠤ ᠴᠢᠨᠠᠷ ᠢ ᠳᠡᠭᠡᠭᠰᠢᠯᠡᠭᠦᠯᠵᠦ᠂ ᠭᠠᠶᠢᠯᠢ ᠲᠠᠲᠠᠪᠤᠷᠢ ᠶᠢᠨ | ᠣᠷᠣᠯᠭ᠎ᠠ ᠶᠢ ᠨᠡᠮᠡᠭᠳᠡᠭᠦᠯᠦᠨ᠂ ᠭᠠᠶᠢᠯᠢ ᠲᠠᠲᠠᠪᠤᠷᠢ ᠶᠢᠨ ᠠᠯᠪᠠᠳᠠᠯᠭ᠎ᠠ ᠶᠢᠨ ᠴᠢᠨᠠᠷᠲᠤ ᠦᠢᠯᠡᠳᠦᠯ ᠴᠤ ᠲᠣᠳᠣᠷᠬᠠᠢ | ᠢᠯᠡᠷᠡᠪᠡ᠃ ᠡᠭᠦᠨ ᠤ ᠬᠠᠮᠲᠤ ᠮᠠᠨ ᠤ ᠲᠣᠪᠴᠢᠶ᠎ᠠ ᠶᠢᠨ ᠬᠢᠨ ᠣᠯᠠᠨ ᠠᠷᠭ᠎ᠠ ᠵᠠᠮ ᠣᠯᠠᠨ ᠠᠷᠭ᠎ᠠ ᠬᠡᠯᠪᠡᠷᠢ ᠪᠠᠷ | ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ ᠶᠡᠭᠡ ᠬᠡᠪᠴᠢᠶ᠎ᠡ ᠪᠠᠷ ᠤᠬᠠᠭᠤᠯᠤᠭᠰᠠᠨ ᠪᠠ ᠬᠠᠪᠰᠤᠷᠤᠨ | ᠵᠢᠯᠣᠭᠤᠳᠤᠭᠰᠠᠨ ᠠᠴᠠ ᠥᠭᠡᠷᠡᠴᠢᠯᠡᠯᠲᠡ ᠬᠢᠬᠦ ᠶᠢᠨ ᠡᠮᠦᠨᠡᠬᠢ ᠲᠠᠲᠠᠪᠤᠷᠢᠯᠠᠨ ᠬᠤᠷᠢᠶᠠᠬᠤ ᠬᠦᠷᠢᠶ᠎ᠡ ᠬᠡᠪᠴᠢᠶᠡᠨ ᠳᠤ | ᠣᠷᠣᠭᠤᠯᠤᠭᠰᠠᠨ ᠦᠭᠡᠢ ᠬᠡᠰᠡᠭ ᠭᠠᠶᠢᠯᠢ ᠲᠤᠰᠢᠶᠠᠭᠴᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ | ᠭᠠᠶᠢᠯᠢ ᠶᠢᠨ ᠮᠡᠳᠡᠭᠡ ᠵᠠᠩᠭᠢ ᠶᠢ ᠰᠠᠨᠠᠭᠠᠴᠢᠯᠠᠭ᠎ᠠ ᠠᠴᠠ ᠪᠠᠨ ᠴᠤᠭᠯᠠᠭᠤᠯᠤᠨ᠂ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠭᠠᠶᠢᠯᠢ ᠶᠢ ᠰᠠᠨᠠᠭᠠᠴᠢᠯᠠᠭ᠎ᠠ ᠠᠴᠠ ᠪᠠᠨ ᠭᠤᠶᠤᠴᠢᠯᠠᠨ ᠮᠡᠳᠡᠭᠦᠯᠵᠦ᠂ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠭᠠᠶᠢᠯᠢ ᠶᠢᠨ ᠬᠥᠮᠥᠷᠭᠡ ᠳᠤ ᠣᠷᠣᠭᠤᠯᠬᠤ ᠨᠣᠷᠮ᠎ᠠ ᠢᠯᠡᠷᠬᠡᠢ ᠨᠡᠮᠡᠭᠳᠡᠭᠰᠡᠨ ᠪᠠᠶᠢᠨ᠎ᠠ᠃ | ᠬᠤᠶᠠᠷ ᠲᠤ᠂ ᠵᠠᠷᠢᠮ ᠠᠵᠤ ᠠᠬᠤᠶᠢᠯᠠᠯ ᠪᠠᠰᠠ ᠡᠨᠧᠷᠭᠢ ᠶᠢ ᠠᠷᠪᠢᠯᠠᠨ ᠪᠣᠬᠢᠷᠲᠤᠯ ᠭᠠᠳᠠᠭᠰᠢᠯᠠᠭᠤᠯᠤᠯᠲᠠ ᠪᠠᠨ | ᠪᠠᠭᠠᠰᠬᠠᠬᠤ ᠪᠡᠯᠡᠳᠬᠡᠮᠵᠢ ᠪᠠ ᠠᠭᠠᠷ ᠮᠠᠨᠳᠠᠯ ᠤᠨ ᠪᠣᠬᠢᠷᠲᠤᠯ ᠪᠣᠳᠠᠰ ᠢ ᠠᠦ᠋ᠲ ᠢᠶᠠᠷ ᠬᠢᠨᠠᠨ ᠰᠢᠨᠵᠢᠵᠦ ᠬᠡᠮᠵᠢᠬᠦ | ᠲᠥᠬᠦᠭᠡᠷᠦᠮᠵᠢ ᠶᠢ ᠰᠠᠨᠠᠭᠠᠴᠢᠯᠠᠭ᠎ᠠ ᠠᠴᠠ ᠪᠠᠨ ᠤᠭᠰᠠᠷᠠᠵᠤ᠂ ᠠᠵᠤ ᠠᠬᠤᠶᠢᠯᠠᠯ ᠤᠨ ᠡᠨᠧᠷᠭᠢ ᠶᠢ ᠠᠷᠪᠢᠯᠠᠨ | ᠪᠣᠬᠢᠷᠲᠤᠯ ᠤᠨ ᠭᠠᠳᠠᠭᠰᠢᠯᠠᠭᠤᠯᠤᠯᠲᠠ ᠪᠠᠨ ᠪᠠᠭᠠᠰᠬᠠᠬᠤ ᠶᠢ ᠠᠬᠢᠭᠤᠯᠵᠤ᠂ ᠠᠵᠤ ᠠᠬᠤᠶᠢᠯᠠᠯ ᠤᠨ ᠣᠷᠴᠢᠨ | ᠲᠣᠭᠤᠷᠢᠨ ᠢ ᠬᠠᠮᠠᠭᠠᠯᠠᠬᠤ ᠨᠡᠶᠢᠭᠡᠮ ᠤᠨ ᠬᠠᠷᠢᠭᠤᠴᠠᠯᠭ᠎ᠠ ᠶᠢ ᠭᠦᠢᠴᠡᠳᠬᠡᠭᠰᠡᠨ ᠢᠶᠠᠷ ᠪᠠᠷᠠᠬᠤ ᠦᠭᠡᠢ᠂ ᠭᠠᠶᠢᠯᠢ | ᠲᠠᠲᠠᠪᠤᠷᠢ ᠶᠢ ᠬᠠᠰᠤᠨ ᠬᠡᠯᠲᠦᠷᠢᠭᠦᠯᠬᠦ ᠬᠠᠷᠠᠭᠠᠯᠵᠠᠯ ᠢ ᠬᠦᠷᠲᠡᠵᠦ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ | ᠭᠠᠶᠢᠯᠢ ᠪᠠᠷ ᠠᠵᠤ ᠠᠬᠤᠶᠢᠯᠠᠯ ᠤᠨ ᠪᠣᠬᠢᠷᠲᠤᠯ ᠬᠥᠭᠵᠢᠯᠲᠡ᠂ ᠡᠨᠧᠷᠭᠢ ᠶᠢ ᠠᠷᠪᠢᠯᠠᠨ ᠪᠣᠬᠢᠷᠲᠤᠯ ᠤᠨ | ᠭᠠᠳᠠᠭᠰᠢᠯᠠᠭᠤᠯᠤᠯᠲᠠ ᠪᠠᠨ ᠪᠠᠭᠠᠰᠬᠠᠬᠤ ᠶᠢ ᠠᠬᠢᠭᠤᠯᠬᠤ ᠴᠢᠬᠤᠯᠠ ᠠᠴᠢ ᠬᠤᠯᠪᠣᠭᠳᠠᠯ ᠢ ᠪᠡᠶᠡᠯᠡᠭᠦᠯᠦᠭᠰᠡᠨ ᠪᠠᠶᠢᠨ᠎ᠠ | ᠃ ᠭᠤᠷᠪᠠ ᠳᠤ᠂ ᠵᠠᠷᠢᠮ ᠠᠵᠤ ᠠᠬᠤᠶᠢᠯᠠᠯ ᠨᠢ ᠤᠰᠤ ᠠᠷᠪᠢᠯᠠᠬᠤ ᠲᠥᠬᠦᠭᠡᠷᠦᠮᠵᠢ ᠳᠠᠬᠢ ᠣᠷᠣᠭᠤᠯᠤᠯᠲᠠ ᠶᠢᠨ | ᠡᠷᠴᠢᠮ ᠢᠶᠠᠨ ᠰᠠᠨᠠᠭᠠᠴᠢᠯᠠᠭ᠎ᠠ ᠠᠴᠠ ᠪᠠᠨ ᠴᠢᠩᠭᠠᠷᠠᠭᠤᠯᠵᠤ᠂ ᠤᠰᠤᠨ ᠤ ᠡᠬᠢ ᠪᠠᠶᠠᠯᠢᠭ ᠢ ᠶᠡᠷᠦᠩᠬᠡᠶᠢᠯᠡᠨ | ᠠᠰᠢᠭᠯᠠᠬᠤ ᠬᠢᠷᠢ ᠲᠦᠪᠰᠢᠨ ᠢᠶᠠᠨ ᠳᠡᠭᠡᠭᠰᠢᠯᠡᠭᠦᠯᠵᠦ᠂ ᠦᠢᠯᠡᠳᠪᠦᠷᠢᠯᠡᠯ ᠳᠤ ᠵᠠᠷᠤᠴᠠᠭᠤᠯᠬᠤ ᠤᠰᠤᠨ ᠤ | ᠬᠡᠮᠵᠢᠶ᠎ᠡ ᠪᠠᠨ ᠪᠠᠭᠠᠰᠬᠠᠪᠠ᠃ ᠡᠭᠦᠨ ᠤ ᠬᠠᠮᠲᠤ᠂ ᠬᠡᠰᠡᠭ ᠠᠵᠤ ᠠᠬᠤᠶᠢᠯᠠᠯ ᠨᠢ ᠤᠰᠤ ᠬᠡᠷᠡᠭᠯᠡᠬᠦ ᠪᠦᠲᠦᠴᠡ ᠪᠠᠨ | ᠬᠤᠪᠢᠷᠠᠭᠤᠯᠵᠤ᠂ ᠥᠩᠭᠡᠷᠡᠭᠰᠡᠨ ᠳᠤ ᠭᠠᠵᠠᠷ ᠳᠣᠣᠷᠠᠬᠢ ᠤᠰᠤ ᠶᠢ ᠨᠡᠭᠡᠭᠡᠨ ᠮᠠᠯᠲᠠᠵᠤ ᠪᠠᠶᠢᠭᠰᠠᠨ ᠠᠴᠠ ᠭᠠᠵᠠᠷ ᠤᠨ | ᠭᠠᠳᠠᠷᠭᠤ ᠶᠢᠨ ᠤᠰᠤ ᠶᠢ ᠠᠪᠴᠤ ᠬᠡᠷᠡᠭᠯᠡᠬᠦ ᠪᠤᠶᠤ ᠬᠤᠲᠠ ᠬᠥᠳᠡᠭᠡ ᠶᠢᠨ ᠤᠰᠤ ᠬᠠᠩᠭᠠᠬᠤ ᠭᠤᠤᠷᠰᠤ ᠶᠢᠨ | ᠲᠣᠣᠷ ᠲᠠᠢ ᠠᠦ᠋ᠲ ᠢᠶᠠᠷ ᠵᠠᠯᠭᠠᠯᠳᠤᠭᠤᠯᠵᠤ ᠲᠦᠭᠡᠭᠡᠯ ᠤᠰᠤ ᠬᠡᠷᠡᠭᠯᠡᠬᠦ ᠪᠣᠯᠭᠠᠨ ᠬᠤᠪᠢᠷᠠᠭᠤᠯᠵᠤ᠂ ᠭᠠᠵᠠᠷ | ᠳᠣᠣᠷᠠᠬᠢ ᠤᠰᠤ ᠶᠢ ᠬᠡᠲᠦᠷᠡᠭᠦᠯᠦᠨ ᠮᠠᠯᠲᠠᠬᠤ ᠶᠢ ᠵᠣᠬᠢᠬᠤ ᠬᠡᠮᠵᠢᠶ᠎ᠡ ᠪᠠᠷ ᠬᠤᠷᠢᠭᠯᠠᠵᠤ᠂ ᠭᠠᠵᠠᠷ ᠳᠣᠣᠷᠠᠬᠢ | ᠤᠰᠤᠨ ᠤ ᠡᠬᠢ ᠪᠠᠶᠠᠯᠢᠭ ᠢ ᠬᠠᠮᠠᠭᠠᠯᠠᠵᠤ᠂ ᠨᠡᠶᠢᠭᠡᠮ ᠤᠨ ᠬᠢᠨ ᠣᠨᠴᠠᠭᠠᠶᠢᠯᠠᠨ ᠠᠵᠤ ᠠᠬᠤᠶᠢᠯᠠᠯ ᠤᠨ ᠤᠰᠤ | ᠠᠷᠪᠢᠯᠠᠨ ᠬᠡᠷᠡᠭᠯᠡᠬᠦ ᠦᠵᠡᠯ ᠤᠬᠠᠮᠰᠠᠷ ᠢ ᠴᠢᠩᠭᠠᠷᠠᠭᠤᠯᠵᠤ᠂ ᠡᠭᠦᠨ ᠤ ᠤᠯᠠᠮ ᠠᠴᠠ ᠦᠢᠯᠡᠳᠪᠦᠷᠢᠯᠡᠯ ᠤᠨ ᠠᠷᠭ᠎ᠠ | ᠬᠡᠯᠪᠡᠷᠢ ᠳᠤ ᠬᠡᠯᠪᠡᠷᠢ ᠪᠠᠨ ᠬᠤᠪᠢᠷᠠᠭᠤᠯᠵᠤ ᠳᠡᠰ ᠳᠡᠪᠰᠢᠬᠦ ᠶᠢ ᠠᠬᠢᠭᠤᠯᠵᠤ᠂ ᠤᠰᠤᠨ ᠤ ᠡᠬᠢ ᠪᠠᠶᠠᠯᠢᠭ ᠢ | ᠠᠷᠪᠢᠯᠠᠬᠤ ᠪᠠ ᠵᠦᠢ ᠵᠣᠬᠢᠰᠲᠠᠢ ᠬᠡᠷᠡᠭᠯᠡᠬᠦ ᠶᠢ ᠪᠡᠶᠡᠯᠡᠭᠦᠯᠪᠡ᠃ | ᠬᠥᠲᠥᠯᠥᠭᠴᠢ᠄ ᠰᠠᠶᠢᠨ ᠪᠣᠯᠣᠯ᠎ᠠ᠂ ᠯᠢᠦ ᠲᠣᠪᠴᠢᠶᠠᠨ ᠳᠠᠷᠤᠭ᠎ᠠ ᠶᠢᠨ ᠲᠠᠶᠢᠯᠤᠮᠵᠢ ᠬᠢᠭᠰᠡᠨ ᠳᠤ ᠪᠠᠶᠠᠷᠯᠠᠯ᠎ᠠ᠂ | ᠲᠤᠰ ᠬᠤᠭᠤᠴᠠᠭᠠᠨ ᠤ ᠰᠤᠷᠪᠤᠯᠵᠢᠯᠠᠭ᠎ᠠ ᠠᠳᠡ ᠬᠦᠷᠦᠭᠡᠳ ᠥᠨᠳᠥᠷᠯᠡᠬᠦ ᠪᠣᠯᠣᠯ᠎ᠠ᠂ ᠳᠠᠷᠠᠭᠠᠴᠢ ᠶᠢᠨ | ᠬᠤᠭᠤᠴᠠᠭᠠᠨ ᠳᠤ ᠳᠠᠬᠢᠨ ᠵᠣᠯᠭᠠᠶ᠎ᠠ᠂ ᠪᠠᠶᠠᠷᠲᠠᠢ︕ |
|