ᠵᠠᠮ ᠬᠠᠷᠢᠯᠴᠠᠭᠠᠨ ᠤ ᠠᠮᠤᠷ ᠲᠦᠪᠰᠢᠨ ᠤ ᠣᠶᠢᠯᠠᠭᠠᠯᠲᠠ
ᠨᠡᠶᠢᠲᠡᠯᠡᠭᠰᠡᠨ ᠴᠠᠭ᠄
2018/8/15
      ︽ᠤᠯᠠᠭᠠᠨ ᠳ᠋ᠧᠩ ᠢ ᠠᠩᠬᠠᠷᠤᠭᠠᠷᠠᠢ︾᠂ ︽ᠵᠡᠭᠦᠨᠰᠢ ᠪᠠᠨ᠂ ᠳᠠᠬᠢᠭᠠᠳ ᠪᠠᠷᠠᠭᠤᠨ᠂ ᠡᠮᠦᠨ᠎ᠡ ᠲᠠᠯ᠎ᠠ ᠶᠢᠨ ᠲᠡᠷᠭᠡᠨ ᠠᠴᠠ ᠬᠢᠴᠢᠶᠡᠭᠡᠷᠡᠢ︾ ᠁ ᠵᠠᠮ ᠬᠠᠷᠢᠯᠴᠠᠭᠠᠨ ᠤ ᠴᠠᠭᠳᠠᠭ᠎ᠠ ᠶᠢᠨ ᠵᠢᠯᠤᠭᠤᠳᠤᠯᠭ᠎ᠠ ᠳᠣᠣᠷ᠎ᠠ᠂ ᠵᠢᠵᠢᠭ ᠵᠢᠯᠣᠭᠤᠴᠢ ᠨᠠᠷ ᠳᠠᠭᠤᠷᠢᠶᠠᠮᠠᠯ ᠵᠠᠮ ᠢᠶᠠᠷ ᠡᠮᠬᠢ ᠵᠢᠷᠤᠮ ᠲᠠᠢ ᠮᠥᠷᠯᠡᠨ ᠨᠡᠪᠲᠡᠷᠡᠨ᠎ᠡ᠃       ᠥᠷᠭᠡᠨ ᠣᠯᠠᠨ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠵᠠᠮ ᠬᠠᠷᠢᠯᠴᠠᠭᠠᠨ ᠤ ᠠᠮᠤᠷ ᠲᠦᠪᠰᠢᠨ ᠤ ᠦᠵᠡᠯ ᠤᠬᠠᠮᠰᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠴᠢᠬᠤᠯᠠ ᠵᠠᠮ ᠬᠠᠷᠢᠯᠴᠠᠭᠠᠨ ᠤ ᠠᠮᠤᠷ ᠲᠦᠪᠰᠢᠨ ᠤ ᠮᠡᠳᠡᠯᠭᠡ ᠶᠢ ᠡᠵᠡᠮᠰᠢᠭᠦᠯᠬᠦ ᠶᠢᠨ ᠲᠦᠯᠦᠭᠡ᠂ ᠰᠠᠶᠢᠬᠠᠨ ᠲᠣᠭᠤᠷᠢᠭ ᠤᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ ᠶᠢᠨ ᠴᠠᠭᠳᠠᠭ᠎ᠠ  ᠪᠤᠯᠤᠨ ᠰᠠᠶᠢᠬᠠᠨ ᠲᠣᠭᠤᠷᠢᠭ ᠤᠨ ᠱᠢ ᠴᠢ ᠨᠡᠶᠢᠭᠡᠮ ᠲᠣᠭᠤᠷᠢᠭ ᠤᠨ ᠪᠢᠴᠢᠬᠠᠨ ᠨᠠᠶᠢᠵᠠ ᠨᠠᠷ ᠲᠠᠢ ᠬᠠᠮᠲᠤ ᠬᠤᠲᠠ ᠶᠢᠨ ᠵᠠᠮ ᠨᠡᠪᠲᠡᠷᠡᠯᠭᠡ ᠶᠢᠨ ᠬᠠᠮᠢᠶᠠᠷᠤᠯᠲᠠ ᠶᠢᠨ ᠠᠩᠭᠢ ᠶᠢᠨ ᠲᠡᠷᠭᠡ ᠬᠥᠰᠬᠡ ᠶᠢᠨ ᠬᠠᠮᠢᠶᠠᠷᠤᠯᠲᠠ ᠶᠢᠨ ᠭᠠᠵᠠᠷ ᠤᠨ ᠵᠠᠮ ᠬᠠᠷᠢᠯᠴᠠᠭᠠᠨ ᠤ ᠠᠮᠤᠷ ᠲᠦᠪᠰᠢᠨ ᠤ ᠲᠤᠬᠠᠶ ᠬᠥᠮᠦᠵᠢᠯ ᠬᠢᠬᠦ ᠰᠠᠭᠤᠷᠢᠨ ᠭᠠᠵᠠᠷ ᠲᠤ  ᠵᠠᠮ ᠬᠠᠷᠢᠯᠴᠠᠭᠠᠨ ᠤ ᠠᠮᠤᠷ ᠲᠦᠪᠰᠢᠨ ᠢ ᠪᠡᠶᠡᠴᠢᠯᠡᠨ ᠣᠶᠢᠯᠠᠭᠠᠬᠤ ᠠᠵᠢᠯᠯᠠᠭ᠎ᠠ  ᠥᠷᠨᠢᠭᠦᠯᠪᠡ᠃ ︵ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ︶
 
ᠢᠷᠡᠯᠲᠡ᠄ ᠰᠠᠶᠢᠬᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号