| | | | ᠰᠤᠷᠪᠤᠯᠵᠢᠯᠠᠭᠰᠠᠨ ᠴᠠᠭ᠄ 2018 ᠣᠨ ᠤ 6 ᠳ᠋ᠤᠭᠠᠷ ᠰᠠᠷ᠎ᠠ ᠶᠢᠨ 14 ᠤ ᠡᠳᠦᠷ ᠤᠨ ᠦᠳᠡ ᠶᠢᠨ | ᠬᠤᠶᠢᠨᠠᠬᠢ 15 ᠴᠠᠭ | ᠰᠤᠷᠪᠤᠯᠵᠢᠯᠠᠭ᠎ᠠ ᠬᠦᠯᠢᠶᠡᠭᠴᠢ᠄ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ | ᠵᠥᠪᠯᠡᠯ ᠤᠨ ᠳᠡᠳ᠋ ᠡᠷᠬᠢᠯᠡᠭᠴᠢ ᠸᠠᠩ ᠶᠢᠨ ᠪᠣᠤ | ᠰᠤᠷᠪᠤᠯᠵᠢᠯᠠᠭ᠎ᠠ ᠶᠢᠨ ᠲᠣᠪᠴᠢ ᠲᠠᠨᠢᠯᠴᠠᠭᠤᠯᠭ᠎ᠠ᠄ 6 ᠳ᠋ᠤᠭᠠᠷ ᠰᠠᠷ᠎ᠠ ᠶᠢᠨ 11 ᠤ ᠡᠳᠦᠷ ᠠᠴᠠ 17 ᠤ | ᠡᠳᠦᠷ ᠪᠣᠯ ᠪᠦᠬᠦ ᠤᠯᠤᠰ ᠤᠨ ᠡᠨᠧᠷᠭᠢ ᠶᠢ ᠠᠷᠪᠢᠯᠠᠬᠤ ᠤᠬᠠᠭᠤᠯᠭ᠎ᠠ ᠶᠢᠨ ᠭᠠᠷᠠᠭ ᠪᠠᠶᠢᠵᠤ᠂ 6 ᠳ᠋ᠤᠭᠠᠷ ᠰᠠᠷ᠎ᠠ ᠶᠢᠨ | 13 ᠤ ᠡᠳᠦᠷ ᠪᠣᠯ ᠪᠦᠬᠦ ᠤᠯᠤᠰ ᠤᠨ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠡᠳᠦᠷ ᠪᠣᠯᠣᠨ᠎ᠠ᠃ ᠡᠨᠡ | ᠡᠳᠦᠷ ᠪᠢᠳᠡ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠸᠠᠩ ᠶᠢᠨ | ᠪᠣᠤ ᠳᠡᠳ᠋ ᠡᠷᠬᠢᠯᠡᠭᠴᠢ ᠶᠢ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠦᠯᠵᠢᠶᠡᠨ ᠤ | ᠰᠤᠷᠪᠤᠯᠵᠢᠯᠠᠭ᠎ᠠ ᠶᠢᠨ ᠪᠤᠯᠤᠩ ᠳᠤ ᠤᠷᠢᠵᠤ᠂ ᠮᠠᠨ ᠤ ᠣᠷᠣᠨ ᠤ ᠡᠨᠧᠷᠭᠢ ᠶᠢ ᠠᠷᠪᠢᠯᠠᠬᠤ ᠤᠬᠠᠭᠤᠯᠭ᠎ᠠ ᠶᠢᠨ | ᠭᠠᠷᠠᠭ ᠤᠨ ᠬᠠᠮᠢᠶ᠎ᠠ ᠪᠦᠬᠦᠢ ᠬᠥᠳᠡᠯᠭᠡᠭᠡᠨ ᠤ ᠲᠤᠬᠠᠢ ᠣᠯᠠᠨ ᠲᠠᠢ ᠰᠠᠨᠠᠯ ᠰᠣᠯᠢᠯᠴᠠᠭᠤᠯᠬᠤ ᠪᠣᠯᠣᠯ᠎ᠠ᠃ ᠥᠷᠭᠡᠨ | ᠣᠯᠠᠨ ᠰᠦᠯᠵᠢᠶᠡᠨ ᠤ ᠠᠨᠳᠠ ᠶᠢᠨ ᠢᠳᠡᠪᠬᠢᠲᠡᠢ ᠣᠷᠣᠯᠴᠠᠬᠤ ᠶᠢ ᠪᠠᠶᠠᠷᠯᠠᠨ ᠤᠭᠲᠤᠵᠤ ᠪᠠᠶᠢᠨ᠎ᠠ᠃ | ᠰᠤᠷᠪᠤᠯᠵᠢᠯᠠᠭ᠎ᠠ ᠶᠢᠨ ᠪᠣᠳᠠᠲᠤ ᠲᠡᠮᠳᠡᠭᠯᠡᠯ | ᠬᠥᠲᠥᠯᠥᠭᠴᠢ᠄ ᠰᠦᠯᠵᠢᠶᠡᠨ ᠤ ᠠᠨᠳᠠ ᠨᠠᠷ ᠰᠠᠶᠢᠨ ᠪᠠᠶᠢᠵᠠᠭᠠᠨ᠎ᠠ ᠦᠦ︕ ᠲᠤᠰ ᠬᠤᠭᠤᠴᠠᠭᠠᠨ ᠤ | ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠦᠯᠵᠢᠶᠡᠨ ᠤ ᠰᠤᠷᠪᠤᠯᠵᠢᠯᠠᠭ᠎ᠠ ᠶᠢᠨ ᠪᠤᠯᠤᠩ ᠢ | ᠬᠦᠯᠢᠶᠡᠨ ᠠᠪᠴᠤ ᠦᠵᠡᠬᠦ ᠶᠢ ᠴᠢᠨᠢ ᠪᠠᠶᠠᠷᠯᠠᠨ ᠤᠭᠲᠤᠵᠤ ᠪᠠᠶᠢᠨ᠎ᠠ᠃ ᠥᠨᠥᠳᠥᠷ ᠠᠴᠠ ᠡᠬᠢᠯᠡᠨ 17 ᠤ ᠡᠳᠦᠷ | ᠪᠣᠯᠲᠠᠯ᠎ᠠ᠂ ᠥᠪᠡᠷᠲᠡᠭᠡᠨ ᠵᠠᠰᠠᠬᠤ ᠣᠷᠣᠨ ᠤᠯᠤᠰ ᠤᠨ ᠨᠢᠭᠡᠳᠦᠯᠲᠡᠢ ᠪᠠᠶᠢᠷᠢᠯᠠᠭᠤᠯᠤᠯᠲᠠ ᠶᠣᠰᠣᠭᠠᠷ᠂ ᠡᠨᠧᠷᠭᠢ ᠶᠢ | ᠠᠷᠪᠢᠯᠠᠬᠤ ᠤᠬᠠᠭᠤᠯᠭ᠎ᠠ ᠶᠢᠨ ᠭᠠᠷᠠᠭ ᠪᠠ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠡᠳᠦᠷ ᠤᠨ | ᠤᠬᠠᠭᠤᠯᠭ᠎ᠠ ᠶᠢᠨ ᠠᠵᠢᠯᠯᠠᠭ᠎ᠠ ᠶᠢ ᠥᠷᠨᠢᠭᠦᠯᠦᠨ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠ ᠨᠠᠮ ᠤᠨ ᠠᠷᠪᠠ ᠶᠢᠰᠦᠳᠦᠭᠡᠷ ᠶᠡᠭᠡ | ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠦᠬᠦ ᠨᠡᠶᠢᠭᠡᠮ ᠢ | ᠳᠠᠶᠢᠴᠢᠯᠠᠨ ᠨᠣᠮᠢᠨ ᠤᠰᠤ ᠬᠥᠬᠡᠮᠳᠦᠭ ᠠᠭᠤᠯᠠ ᠪᠣᠯ ᠳᠠᠷᠤᠢ ᠠᠯᠲᠠ ᠮᠥᠩᠭᠦᠨ ᠠᠭᠤᠯᠠ ᠮᠥᠨ ᠭᠡᠳᠡᠭ | ᠣᠨᠣᠯᠵᠢᠬᠤᠨ ᠢ ᠦᠢᠯᠡᠳᠦᠯᠭᠡᠵᠢᠭᠦᠯᠬᠦ ᠨᠢ ᠴᠢᠬᠤᠯᠠ ᠠᠴᠢ ᠬᠤᠯᠪᠣᠭᠳᠠᠯ ᠲᠠᠢ ᠪᠠᠶᠢᠳᠠᠭ᠃ ᠥᠨᠥᠳᠥᠷ ᠪᠢᠳᠡ | ᠵᠣᠯ ᠢᠶᠠᠷ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠸᠠᠩ ᠶᠢᠨ ᠪᠣᠤ | ᠳᠡᠳ᠋ ᠡᠷᠬᠢᠯᠡᠭᠴᠢ ᠶᠢ ᠤᠷᠢᠵᠤ᠂ ᠮᠠᠨ ᠤ ᠣᠷᠣᠨ ᠤ ᠡᠨᠧᠷᠭᠢ ᠶᠢ ᠠᠷᠪᠢᠯᠠᠬᠤ ᠤᠬᠠᠭᠤᠯᠭ᠎ᠠ ᠶᠢᠨ ᠭᠠᠷᠠᠭ ᠬᠢᠭᠡᠳ | ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠡᠳᠦᠷ ᠤᠨ ᠬᠠᠮᠢᠶ᠎ᠠ ᠪᠦᠬᠦᠢ ᠠᠵᠢᠯᠯᠠᠭ᠎ᠠ ᠶᠢ ᠥᠷᠨᠢᠭᠦᠯᠦᠭᠰᠡᠨ | ᠪᠠᠶᠢᠳᠠᠯ ᠢ ᠣᠯᠠᠨ ᠲᠠᠢ ᠰᠦᠯᠵᠢᠶ᠎ᠡ ᠪᠠᠷ ᠬᠤᠪᠢᠶᠠᠯᠴᠠᠭᠤᠯᠬᠤ ᠪᠣᠯᠣᠯ᠎ᠠ᠃ ᠸᠠᠩ ᠡᠷᠬᠢᠯᠡᠭᠴᠢ ᠶᠢ ᠪᠠᠶᠠᠷᠯᠠᠨ ᠤᠭᠲᠤᠵᠤ | ᠪᠠᠶᠢᠨ᠎ᠠ᠃ | ᠸᠠᠩ ᠶᠢᠨ ᠪᠣᠤ᠄ ᠬᠥᠲᠥᠯᠥᠭᠴᠢ ᠪᠠ ᠰᠦᠯᠵᠢᠶᠡᠨ ᠤ ᠠᠨᠳᠠ ᠨᠠᠷ ᠰᠠᠶᠢᠨ ᠪᠠᠶᠢᠵᠠᠭᠠᠨ᠎ᠠ ᠦᠦ︖ ᠠᠳᠡ | ᠣᠯᠠᠨ ᠲᠠᠢ ᠰᠠᠨᠠᠯ ᠰᠣᠯᠢᠯᠴᠠᠬᠤ ᠪᠣᠯᠣᠭᠰᠠᠨ ᠳᠤ ᠪᠠᠨ ᠰᠡᠳᠬᠢᠯ ᠮᠠᠰᠢ ᠥᠨᠳᠥᠷ ᠪᠠᠶᠢᠨ᠎ᠠ᠃ ᠡᠨᠡ ᠬᠦ ᠳᠣᠬᠢᠶᠠᠯ ᠢ | ᠠᠰᠢᠭᠯᠠᠨ᠂ ᠪᠢ ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠪᠠ ᠣᠷᠴᠢᠨ | ᠲᠣᠭᠤᠷᠢᠨ ᠤ ᠬᠠᠮᠠᠭᠠᠯᠠᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠠᠭᠤᠷ ᠠᠮᠢᠰᠬᠤᠯ ᠤᠨ ᠬᠤᠪᠢᠷᠠᠯᠲᠠ | ᠵᠢᠴᠢ ᠡᠨᠧᠷᠭᠢ ᠶᠢ ᠠᠷᠪᠢᠯᠠᠨ ᠭᠠᠳᠠᠭᠰᠢᠯᠠᠭᠤᠯᠤᠯᠲᠠ ᠪᠠᠨ ᠪᠠᠭᠠᠰᠬᠠᠬᠤ ᠲᠤᠰᠬᠠᠢ ᠵᠦᠢᠯ ᠤᠨ ᠠᠵᠢᠯ ᠢ | ᠵᠣᠬᠢᠴᠠᠭᠤᠯᠬᠤ ᠠᠯᠪᠠᠨ ᠭᠡᠷ ᠤᠨ ᠡᠮᠦᠨ᠎ᠡ ᠠᠴᠠ᠂ ᠮᠠᠨ ᠤ ᠣᠷᠣᠨ ᠤ ᠡᠨᠧᠷᠭᠢ ᠶᠢ ᠠᠷᠪᠢᠯᠠᠨ ᠪᠣᠬᠢᠷ ᠪᠣᠳᠠᠰ ᠤᠨ | ᠭᠠᠳᠠᠭᠰᠢᠯᠠᠭᠤᠯᠤᠯᠲᠠ ᠶᠢ ᠪᠠᠭᠠᠰᠬᠠᠬᠤ ᠠᠵᠢᠯ ᠢ ᠬᠠᠷᠠᠭᠠᠯᠵᠠᠨ᠂ ᠡᠨᠡ ᠬᠦ ᠠᠵᠢᠯ ᠳᠤ ᠣᠷᠣᠯᠴᠠᠵᠤ᠂ ᠳᠡᠮᠵᠢᠭᠰᠡᠭᠡᠷ | ᠢᠷᠡᠭᠰᠡᠨ ᠥᠷᠭᠡᠨ ᠣᠯᠠᠨ ᠰᠦᠯᠵᠢᠶᠡᠨ ᠤ ᠠᠨᠳᠠ ᠳᠤ ᠴᠢᠩ ᠰᠡᠳᠬᠢᠯ ᠠᠴᠠ ᠪᠠᠨ ᠲᠠᠯᠠᠷᠬᠠᠵᠤ ᠪᠠᠶᠢᠨ᠎ᠠ᠃ | ᠬᠥᠲᠥᠯᠥᠭᠴᠢ᠄ ᠡᠩ ᠲᠡᠷᠢᠭᠦᠨ ᠳᠤ ᠲᠠ ᠡᠨᠡ ᠵᠢᠯ ᠤᠨ ᠡᠨᠧᠷᠭᠢ ᠶᠢ ᠠᠷᠪᠢᠯᠠᠬᠤ ᠤᠬᠠᠭᠤᠯᠭ᠎ᠠ ᠶᠢᠨ ᠭᠠᠷᠠᠭ᠂ | ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠡᠳᠦᠷ ᠤᠨ ᠭᠤᠣᠯ ᠰᠡᠳᠦᠪ ᠨᠢ ᠶᠠᠭᠤ ᠪᠣᠯᠬᠤ ᠶᠢ ᠣᠯᠠᠨ ᠳᠤ | ᠲᠠᠨᠢᠯᠴᠠᠭᠤᠯᠤᠭᠠᠳ ᠥᠭᠭᠦᠨ᠎ᠡ ᠦᠦ︖ | ᠸᠠᠩ ᠶᠢᠨ ᠪᠣᠤ᠄ ᠲᠡᠭᠡᠶ᠎ᠡ᠂ ᠡᠨᠡ ᠵᠢᠯ ᠤᠨ ᠪᠦᠬᠦ ᠤᠯᠤᠰ ᠤᠨ ᠡᠨᠧᠷᠭᠢ ᠶᠢ ᠠᠷᠪᠢᠯᠠᠬᠤ ᠤᠬᠠᠭᠤᠯᠭ᠎ᠠ ᠶᠢᠨ | ᠭᠠᠷᠠᠭ ᠤᠨ ᠬᠥᠳᠡᠯᠭᠡᠭᠡᠨ ᠤ ᠭᠤᠣᠯ ᠰᠡᠳᠦᠪ ᠪᠣᠯ ︽ᠡᠨᠧᠷᠭᠢ ᠶᠢ ᠠᠷᠪᠢᠯᠠᠨ ᠬᠤᠷᠣᠭᠳᠠᠯ ᠢ ᠪᠠᠭᠠᠰᠬᠠᠵᠤ᠂ ᠴᠡᠩᠬᠡᠷ | ᠣᠭᠲᠠᠷᠭᠤᠢ ᠶᠢ ᠬᠠᠮᠠᠭᠠᠯᠠᠶ᠎ᠠ︾ ᠪᠣᠯᠣᠨ᠎ᠠ᠃ ᠪᠦᠬᠦ ᠤᠯᠤᠰ ᠤᠨ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ | ᠡᠳᠦᠷ ᠤᠨ ᠠᠵᠢᠯᠯᠠᠭ᠎ᠠ ᠶᠢᠨ ᠭᠤᠣᠯ ᠰᠡᠳᠦᠪ ᠪᠣᠯ ︽ᠠᠭᠤᠷ ᠠᠮᠢᠰᠬᠤᠯ ᠤᠨ ᠬᠤᠪᠢᠷᠠᠯᠲᠠ ᠶᠢᠨ ᠦᠵᠡᠯ | ᠤᠬᠠᠮᠰᠠᠷ ᠢᠶᠠᠨ ᠴᠢᠩᠭᠠᠳᠬᠠᠵᠤ᠂ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠠᠵᠢᠯᠯᠠᠭᠠᠨ ᠤ ᠡᠷᠴᠢᠮ ᠢᠶᠠᠨ | ᠴᠢᠩᠭᠠᠷᠠᠭᠤᠯᠤᠶ᠎ᠠ︾ ᠪᠣᠯᠣᠨ᠎ᠠ᠃ | ᠬᠥᠲᠥᠯᠥᠭᠴᠢ᠄ ᠲᠡᠭᠡᠪᠡᠯ᠂ ᠥᠪᠡᠷᠲᠡᠭᠡᠨ ᠵᠠᠰᠠᠬᠤ ᠣᠷᠣᠨ ᠤ ᠡᠨᠡ ᠵᠢᠯ ᠤᠨ ᠡᠨᠧᠷᠭᠢ ᠶᠢ ᠠᠷᠪᠢᠯᠠᠬᠤ | ᠤᠬᠠᠭᠤᠯᠭ᠎ᠠ ᠶᠢᠨ ᠭᠠᠷᠠᠭ ᠪᠠ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠡᠳᠦᠷ ᠲᠤ ᠶᠠᠮᠠᠷ ᠶᠠᠮᠠᠷ | ᠤᠬᠠᠭᠤᠯᠭ᠎ᠠ ᠶᠢᠨ ᠠᠵᠢᠯᠯᠠᠭ᠎ᠠ ᠪᠠᠶᠢᠬᠤ ᠪᠣᠢ︖ | ᠸᠠᠩ ᠶᠢᠨ ᠪᠣᠤ᠄ ᠡᠨᠧᠷᠭᠢ ᠶᠢ ᠠᠷᠪᠢᠯᠠᠬᠤ ᠤᠬᠠᠭᠤᠯᠭ᠎ᠠ ᠶᠢᠨ ᠭᠠᠷᠠᠭ ᠤᠨ ᠬᠤᠭᠤᠴᠠᠭᠠᠨ ᠳᠤ᠂ ᠥᠪᠡᠷᠲᠡᠭᠡᠨ | ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠬᠢᠨ ᠥᠪᠡᠷᠲᠡᠭᠡᠨ ᠵᠠᠰᠠᠬᠤ ᠣᠷᠣᠨ ᠤ | ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠲᠠᠢ ᠬᠠᠮᠲᠤᠷᠠᠨ ᠤᠬᠠᠭᠤᠯᠭ᠎ᠠ ᠶᠢᠨ ᠭᠤᠣᠯ ᠰᠡᠳᠦᠪ ᠤᠨ | ᠲᠣᠭᠤᠷᠢᠨ ᠳᠤ᠂ ᠬᠠᠮᠢᠶ᠎ᠠ ᠪᠦᠬᠦᠢ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠵᠦ᠂ ᠪᠦᠬᠦ ᠨᠡᠶᠢᠭᠡᠮ ᠤᠨ ᠬᠢᠨ ᠤ | ᠡᠨᠧᠷᠭᠢ ᠶᠢ ᠠᠷᠪᠢᠯᠠᠬᠤ ᠦᠵᠡᠯ ᠤᠬᠠᠮᠰᠠᠷ ᠪᠠ ᠡᠨᠧᠷᠭᠢ ᠶᠢ ᠠᠷᠪᠢᠯᠠᠬᠤ ᠠᠵᠢᠯᠯᠠᠭ᠎ᠠ ᠶᠢ ᠳᠡᠭᠡᠭᠰᠢᠯᠡᠭᠦᠯᠦᠨ᠂ ᠠᠮᠢ | ᠠᠬᠤᠢ ᠶᠢᠨ ᠪᠣᠯᠪᠠᠰᠤᠨ ᠪᠠ ᠡᠬᠡ ᠤᠯᠤᠰ ᠤᠨ ᠤᠮᠠᠷᠠᠲᠤ ᠶᠢᠨ ᠦᠵᠡᠰᠬᠦᠯᠡᠩᠲᠦ ᠰᠠᠶᠢᠬᠠᠨ ᠣᠷᠣᠨ ᠤ | ᠪᠠᠶᠢᠭᠤᠯᠤᠯᠲᠠ ᠶᠢ ᠠᠬᠢᠭᠤᠯᠤᠨ᠎ᠠ᠃ ᠡᠯ᠎ᠡ ᠠᠶᠢᠮᠠᠭ ᠬᠤᠲᠠ ᠶᠢᠨ ᠡᠯ᠎ᠡ ᠰᠠᠯᠠᠭ᠎ᠠ ᠮᠥᠴᠢᠷ ᠤᠳ ᠤᠬᠠᠭᠤᠯᠬᠤ | ᠭᠤᠣᠯᠳᠠᠯᠭ᠎ᠠ ᠶᠢᠨ ᠲᠣᠭᠤᠷᠢᠨ ᠳᠤ᠂ ᠨᠡᠶᠢᠭᠡᠮ ᠤᠨ ᠡᠯ᠎ᠡ ᠡᠲᠡᠭᠡᠳ ᠢ ᠵᠣᠬᠢᠶᠠᠨ ᠪᠠᠶᠢᠭᠤᠯᠤᠨ ᠳᠠᠶᠢᠴᠢᠯᠠᠵᠤ | ᠢᠳᠡᠪᠬᠢᠲᠡᠢ ᠣᠷᠣᠯᠴᠠᠭᠤᠯᠤᠨ᠂ ᠠᠮᠢ ᠠᠬᠤᠢ ᠶᠢᠨ ᠪᠣᠯᠪᠠᠰᠤᠨ᠂ ᠪᠣᠬᠢᠷᠲᠤᠯ ᠦᠭᠡᠢ ᠬᠥᠭᠵᠢᠯᠲᠡ ᠶᠢᠨ | ᠣᠨᠣᠯᠵᠢᠬᠤᠨ ᠪᠠ ᠮᠡᠳᠡᠯᠭᠡ ᠶᠢ ᠲᠦᠭᠡᠮᠡᠯᠵᠢᠭᠦᠯᠵᠦ᠂ ᠡᠨᠧᠷᠭᠢ ᠶᠢ ᠠᠷᠪᠢᠯᠠᠬᠤ ᠶᠢ ᠳᠡᠭᠡᠳᠦᠯᠡᠨ ᠡᠷᠬᠢᠮᠯᠡᠬᠦ᠂ ᠵᠦᠢ | ᠵᠣᠬᠢᠰᠲᠠᠢ ᠬᠡᠷᠡᠭᠯᠡᠬᠦ ᠬᠢᠭᠡᠳ ᠪᠣᠬᠢᠷᠲᠤᠯ ᠦᠭᠡᠢ ᠣᠷᠴᠢᠨ ᠲᠣᠭᠤᠷᠢᠨ ᠢ ᠬᠠᠮᠠᠭᠠᠯᠠᠬᠤ ᠨᠡᠶᠢᠭᠡᠮ ᠤᠨ ᠡᠷᠬᠢᠮ | ᠰᠤᠷᠲᠠᠯ ᠢ ᠪᠦᠷᠢᠯᠳᠦᠭᠦᠯᠵᠦ᠂ ᠪᠣᠬᠢᠷᠲᠤᠯ ᠦᠭᠡᠢ ᠦᠢᠯᠡᠳᠪᠦᠷᠢᠯᠡᠯ ᠠᠮᠢᠳᠤᠷᠠᠯ ᠤᠨ ᠠᠷᠭ᠎ᠠ ᠬᠡᠯᠪᠡᠷᠢ ᠶᠢ | ᠪᠦᠷᠢᠯᠳᠦᠭᠦᠯᠬᠦ ᠶᠢ ᠠᠬᠢᠭᠤᠯᠤᠨ᠎ᠠ᠃ ᠤᠬᠠᠭᠤᠯᠬᠤ ᠬᠡᠯᠪᠡᠷᠢ ᠶᠢᠨ ᠲᠠᠯ᠎ᠠ ᠪᠠᠷ᠂ ᠪᠢᠳᠡ ᠲᠧᠯᠸᠢᠰ᠂ ᠷᠠᠳᠢᠣ᠋᠂ ᠰᠣᠨᠢᠨ | ᠵᠡᠷᠭᠡ ᠤᠯᠠᠮᠵᠢᠯᠠᠯᠲᠤ ᠵᠠᠭᠤᠴᠢᠯᠠᠭᠤᠷ ᠤᠨ ᠳᠠᠪᠠᠭᠤᠯᠢᠭ ᠢ ᠠᠰᠢᠭᠯᠠᠬᠤ ᠶᠢᠨ ᠬᠠᠮᠲᠤ᠂ ᠰᠦᠯᠵᠢᠶ᠎ᠡ᠂ ᠸᠢᠴᠠᠲ᠂ | ᠪᠢᠴᠢᠯ ᠪᠦᠷᠭᠡ ᠵᠡᠷᠭᠡ ᠰᠢᠨ᠎ᠡ ᠪᠠᠷ ᠬᠥᠭᠵᠢᠭᠰᠡᠨ ᠵᠠᠭᠤᠴᠢᠯᠠᠭᠤᠷ ᠢ ᠢᠳᠡᠪᠬᠢᠲᠡᠢ ᠬᠡᠷᠡᠭᠯᠡᠵᠦ᠂ ᠤᠬᠠᠭᠤᠯᠭ᠎ᠠ ᠶᠢᠨ | ᠡᠷᠴᠢᠮ ᠢᠶᠠᠨ ᠴᠢᠩᠭᠠᠷᠠᠭᠤᠯᠤᠨ᠎ᠠ᠃ ᠤᠬᠠᠭᠤᠯᠬᠤ ᠠᠭᠤᠯᠭ᠎ᠠ ᠶᠢᠨ ᠲᠠᠯ᠎ᠠ ᠪᠠᠷ᠂ ᠪᠢᠳᠡ ᠵᠠᠰᠠᠭ ᠤᠨ ᠣᠷᠳᠣᠨ᠂ | ᠠᠵᠤ ᠠᠬᠤᠶᠢᠯᠠᠯ᠂ ᠨᠡᠶᠢᠭᠡᠮ ᠤᠨ ᠵᠣᠬᠢᠶᠠᠨ ᠪᠠᠶᠢᠭᠤᠯᠤᠯᠲᠠ᠂ ᠲᠤᠰᠬᠠᠢ ᠮᠡᠷᠭᠡᠵᠢᠯ ᠤᠨ ᠰᠤᠷᠭᠠᠭᠤᠯᠢ ᠪᠠ ᠶᠡᠭᠡ | ᠳᠡᠭᠡᠳᠦ ᠰᠤᠷᠭᠠᠭᠤᠯᠢ ᠵᠡᠷᠭᠡ ᠡᠯ᠎ᠡ ᠲᠠᠯ᠎ᠠ ᠶᠢᠨ ᠬᠦᠴᠦᠨ ᠢ ᠳᠠᠶᠢᠴᠢᠯᠠᠵᠤ᠂ ᠣᠯᠠᠨ ᠶᠠᠩᠵᠤ ᠶᠢᠨ ᠬᠡᠯᠪᠡᠷᠢ ᠲᠠᠢ᠂ | ᠪᠠᠶᠠᠯᠢᠭ ᠠᠭᠤᠯᠭ᠎ᠠ ᠪᠦᠬᠦᠢ ᠡᠨᠧᠷᠭᠢ ᠶᠢ ᠠᠷᠪᠢᠯᠠᠬᠤ ᠤᠬᠠᠭᠤᠯᠭ᠎ᠠ ᠶᠢᠨ ᠭᠠᠷᠠᠭ ᠤᠨ ᠬᠥᠳᠡᠯᠭᠡᠭᠡᠨ ᠢ ᠪᠡᠶ᠎ᠡ ᠪᠠᠨ | ᠳᠠᠭᠠᠭᠠᠵᠤ ᠥᠷᠨᠢᠭᠦᠯᠦᠨ᠎ᠡ᠃ ᠵᠢᠱᠢᠶᠡᠯᠡᠪᠡᠯ᠂ ︽ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠢ ᠪᠠᠶᠢᠭᠤᠯᠬᠤ ᠳᠤ | ᠪᠢ ᠪᠣᠯ ᠠᠵᠢᠯᠯᠠᠭᠠᠴᠢ ᠮᠥᠨ︾ ᠭᠡᠬᠦ ᠭᠤᠣᠯ ᠰᠡᠳᠦᠪᠲᠦ ᠦᠢᠯᠡᠳᠦᠯᠭᠡ ᠶᠢᠨ ᠠᠵᠢᠯᠯᠠᠭ᠎ᠠ᠂ ᠶᠡᠭᠡ ᠳᠡᠭᠡᠳᠦ | ᠰᠤᠷᠭᠠᠭᠤᠯᠢ ᠶᠢᠨ ᠣᠶᠤᠲᠠᠳ ᠤᠨ ᠡᠨᠧᠷᠭᠢ ᠶᠢ ᠠᠷᠪᠢᠯᠠᠨ ᠪᠣᠬᠢᠷ ᠪᠣᠳᠠᠰ ᠤᠨ ᠭᠠᠳᠠᠭᠰᠢᠯᠠᠭᠤᠯᠤᠯᠲᠠ ᠶᠢ ᠪᠠᠭᠠᠰᠬᠠᠬᠤ | ᠨᠡᠶᠢᠭᠡᠮ ᠤᠨ ᠦᠢᠯᠡᠳᠦᠯᠭᠡ ᠪᠠ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠠᠵᠢᠯᠯᠠᠭ᠎ᠠ᠂ ᠡᠨᠧᠷᠭᠢ ᠶᠢ | ᠠᠷᠪᠢᠯᠠᠬᠤ ᠦᠢᠯᠡᠴᠢᠯᠡᠭᠡ ᠶᠢ ᠠᠵᠤ ᠠᠬᠤᠶᠢᠯᠠᠯ ᠳᠤ ᠣᠷᠣᠭᠤᠯᠬᠤ ᠠᠵᠢᠯᠯᠠᠭ᠎ᠠ᠂ ᠡᠨᠧᠷᠭᠢ ᠶᠢ ᠠᠷᠪᠢᠯᠠᠬᠤ | ᠬᠡᠯᠪᠡᠷᠢ ᠶᠢᠨ ᠪᠠᠶᠢᠭᠤᠯᠭ᠎ᠠ᠂ ᠪᠣᠬᠢᠷᠲᠤᠯ ᠦᠭᠡᠢ ᠰᠤᠷᠭᠠᠭᠤᠯᠢ᠂ ᠠᠷᠪᠢᠴᠢ ᠭᠠᠮᠲᠠᠢ ᠪᠠᠷ ᠶᠠᠪᠤᠵᠤ ᠰᠠᠭᠤᠬᠤ ᠵᠡᠷᠭᠡ | ᠠᠵᠢᠯᠯᠠᠭ᠎ᠠ ᠶᠢ ᠥᠷᠨᠢᠭᠦᠯᠦᠨ᠎ᠡ᠃ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠡᠳᠦᠷ ᠤᠨ ᠬᠤᠭᠤᠴᠠᠭᠠᠨ ᠳᠤ᠂ | ᠭᠤᠣᠯᠳᠠᠭᠤ ︽ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠢ ᠪᠠᠶᠢᠭᠤᠯᠬᠤ ᠳᠤ ᠪᠢ ᠪᠣᠯ ᠠᠵᠢᠯᠯᠠᠭᠠᠴᠢ ᠮᠥᠨ︾ | ᠭᠡᠬᠦ ᠭᠤᠣᠯ ᠰᠡᠳᠦᠪᠲᠦ ᠦᠢᠯᠡᠳᠦᠯᠭᠡ ᠶᠢᠨ ᠠᠵᠢᠯᠯᠠᠭ᠎ᠠ ᠪᠠ ᠪᠦᠬᠦ ᠤᠯᠤᠰ ᠤᠨ ᠨᠡᠭᠦᠷᠡᠰᠦᠲᠥ᠋ᠷᠥᠭᠴᠢ ᠪᠠᠭ᠎ᠠ | ᠭᠠᠳᠠᠭᠰᠢᠯᠠᠭᠤᠯᠬᠤ ᠡᠳᠦᠷ ᠤᠨ ᠭᠤᠣᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠶᠢ ᠥᠷᠨᠢᠭᠦᠯᠦᠨ᠂ ᠲᠦᠮᠡᠨ | ᠣᠯᠠᠨ ᠢᠶᠠᠷ ᠢᠶᠠᠨ ᠠᠷᠪᠢᠴᠢ ᠭᠠᠮᠲᠠᠢ ᠪᠦᠭᠡᠳ ᠬᠡᠮᠵᠢᠶ᠎ᠡ ᠵᠣᠬᠢᠰᠲᠠᠢ᠂ ᠪᠣᠬᠢᠷᠲᠤᠯ ᠦᠭᠡᠢ ᠨᠡᠭᠦᠷᠡᠰᠦᠲᠥ᠋ᠷᠥᠭᠴᠢᠲᠦ | ᠠᠮᠢᠳᠤᠷᠠᠯ ᠤᠨ ᠠᠷᠭ᠎ᠠ ᠬᠡᠯᠪᠡᠷᠢ ᠰᠣᠩᠭᠤᠬᠤ ᠶᠢ ᠰᠠᠨᠠᠭᠠᠴᠢᠯᠠᠵᠤ᠂ ᠠᠭᠤᠷ ᠠᠮᠢᠰᠬᠤᠯ ᠤᠨ ᠬᠤᠪᠢᠷᠠᠯᠲᠠ ᠶᠢ | ᠠᠷᠭᠠᠴᠠᠭᠠᠬᠤ ᠮᠡᠳᠡᠯᠭᠡ ᠶᠢ ᠲᠦᠭᠡᠮᠡᠯᠵᠢᠭᠦᠯᠵᠦ᠂ ᠳᠣᠣᠷ᠎ᠠ ᠨᠡᠭᠦᠷᠡᠰᠦᠲᠥ᠋ᠷᠥᠭᠴᠢᠲᠦ ᠬᠥᠭᠵᠢᠯᠲᠡ ᠶᠢᠨ | ᠣᠨᠣᠯᠵᠢᠬᠤᠨ ᠢ ᠤᠬᠠᠭᠤᠯᠤᠨ᠎ᠠ᠃ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠠᠵᠢᠯᠯᠠᠭ᠎ᠠ ᠶᠢ ᠨᠡᠶᠢᠭᠡᠮ | ᠲᠣᠭᠤᠷᠢᠭ ᠲᠤ ᠣᠷᠣᠭᠤᠯᠬᠤ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠪᠦᠬᠦ ᠨᠡᠶᠢᠭᠡᠮ ᠤᠨ ᠬᠢᠨ ᠢ | ᠳᠠᠶᠢᠴᠢᠯᠠᠨ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠠᠵᠢᠯᠯᠠᠭ᠎ᠠ ᠳᠤ ᠥᠷᠭᠡᠨ ᠳᠡᠯᠭᠡᠷ ᠣᠷᠣᠯᠴᠠᠭᠤᠯᠤᠨ᠂ | ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠰᠢᠨ᠎ᠡ ᠬᠡᠪ ᠰᠤᠷᠲᠠᠯ ᠢ ᠬᠥᠮᠥᠵᠢᠭᠦᠯᠦᠨ ᠪᠤᠶᠢᠵᠢᠭᠤᠯᠬᠤ ᠪᠠᠷ | ᠬᠥᠲᠥᠯᠥᠨ ᠳᠠᠭᠠᠭᠤᠯᠤᠨ᠎ᠠ᠃ | ᠬᠥᠲᠥᠯᠥᠭᠴᠢ᠄ ᠣᠶᠢᠷ᠎ᠠ ᠶᠢᠨ ᠵᠢᠯ ᠤᠳ ᠲᠤ ᠥᠷᠨᠢᠭᠦᠯᠦᠭᠰᠡᠨ ᠡᠨᠧᠷᠭᠢ ᠶᠢ ᠠᠷᠪᠢᠯᠠᠬᠤ ᠨᠡᠭᠦᠷᠡᠰᠦᠲᠥ᠋ᠷᠥᠭᠴᠢ | ᠪᠠᠭ᠎ᠠ ᠭᠠᠳᠠᠭᠰᠢᠯᠠᠭᠤᠯᠬᠤ ᠤᠬᠠᠭᠤᠯᠭ᠎ᠠ ᠶᠢᠨ ᠬᠥᠳᠡᠯᠭᠡᠭᠡᠨ ᠤ ᠦᠷ᠎ᠡ ᠪᠦᠲᠦᠮᠵᠢ ᠨᠢ ᠶᠠᠮᠠᠷ ᠪᠣᠢ︖ | ᠸᠠᠩ ᠶᠢᠨ ᠪᠣᠤ᠄ ᠲᠠᠨ ᠤ ᠠᠰᠠᠭᠤᠯᠲᠠ ᠮᠠᠰᠢ ᠵᠠᠩᠭᠢᠯᠠᠭ᠎ᠠ ᠶᠢᠨ ᠠᠰᠠᠭᠤᠯᠲᠠ ᠪᠠᠶᠢᠨ᠎ᠠ᠃ ᠣᠨᠣᠯᠵᠢᠬᠤᠨ ᠪᠣᠯ | ᠠᠵᠢᠯᠯᠠᠭᠠᠨ ᠤ ᠬᠤᠰᠢᠭᠤᠴᠢ ᠮᠥᠨ᠃ ᠡᠬᠢ ᠪᠠᠶᠠᠯᠢᠭ ᠢ ᠠᠷᠪᠢᠯᠠᠨ᠂ ᠣᠷᠴᠢᠨ ᠲᠣᠭᠤᠷᠢᠨ ᠢ ᠬᠠᠮᠠᠭᠠᠯᠠᠬᠤ ᠪᠣᠯ | ᠮᠠᠨ ᠤ ᠤᠯᠤᠰ ᠤᠨ ᠦᠨᠳᠦᠰᠦᠨ ᠤᠯᠤᠰ ᠤᠨ ᠪᠣᠳᠣᠯᠭ᠎ᠠ ᠪᠠᠶᠢᠵᠤ᠂ ᠠᠷᠪᠢᠯᠠᠬᠤ ᠶᠢ ᠤᠷᠢᠳ ᠢᠶᠠᠷ ᠪᠣᠳᠣᠯᠬᠢᠯᠠᠬᠤ | ᠪᠣᠯ ᠮᠠᠨ ᠤ ᠤᠯᠤᠰ ᠤᠨ ᠤᠷᠲᠤ ᠬᠤᠭᠤᠴᠠᠭ᠎ᠠ ᠪᠠᠷ ᠪᠠᠷᠢᠮᠲᠠᠯᠠᠭᠰᠠᠭᠠᠷ ᠢᠷᠡᠭᠰᠡᠨ ᠡᠨᠧᠷᠭᠢ ᠶᠢᠨ ᠬᠥᠭᠵᠢᠯᠲᠡ ᠶᠢᠨ | ᠪᠠᠶᠢᠯᠳᠤᠬᠤ ᠪᠣᠳᠣᠯᠭ᠎ᠠ ᠪᠣᠯᠣᠨ᠎ᠠ᠃ ᠣᠶᠢᠷ᠎ᠠ ᠶᠢᠨ ᠵᠢᠯ ᠤᠳ ᠲᠤ᠂ ᠪᠢᠳᠡ ᠡᠨᠧᠷᠭᠢ ᠶᠢ ᠠᠷᠪᠢᠯᠠᠬᠤ | ᠤᠬᠠᠭᠤᠯᠭ᠎ᠠ ᠶᠢᠨ ᠭᠠᠷᠠᠭ᠂ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠡᠳᠦᠷ ᠤᠨ ᠲᠠᠪᠴᠠᠩ ᠢ ᠭᠦᠢᠴᠡᠳ | ᠠᠰᠢᠭᠯᠠᠨ᠂ ᠠᠮᠢ ᠠᠬᠤᠢ ᠶᠢᠨ ᠪᠣᠯᠪᠠᠰᠤᠨ ᠢ ᠪᠠᠶᠢᠭᠤᠯᠬᠤ ᠪᠠᠷ ᠭᠤᠣᠯ ᠱᠤᠭᠤᠮ ᠪᠣᠯᠭᠠᠵᠤ᠂ ᠤᠬᠠᠭᠤᠯᠭ᠎ᠠ ᠶᠢᠨ | ᠭᠤᠣᠯ ᠰᠡᠳᠦᠪ ᠤᠨ ᠲᠣᠭᠤᠷᠢᠨ ᠳᠤ ᠪᠦᠬᠦ ᠠᠷᠠᠳ ᠤᠨ ᠡᠨᠧᠷᠭᠢ ᠶᠢ ᠠᠷᠪᠢᠯᠠᠬᠤ ᠨᠡᠭᠦᠷᠡᠰᠦᠲᠥ᠋ᠷᠥᠭᠴᠢ ᠪᠠᠭ᠎ᠠ | ᠭᠠᠳᠠᠭᠰᠢᠯᠠᠭᠤᠯᠬᠤ ᠦᠵᠡᠯ ᠤᠬᠠᠮᠰᠠᠷ ᠢ ᠳᠡᠭᠡᠭᠰᠢᠯᠡᠭᠦᠯᠬᠦ᠂ ᠪᠦᠬᠦ ᠠᠷᠠᠳ ᠤᠨ ᠡᠨᠧᠷᠭᠢ ᠶᠢ ᠠᠷᠪᠢᠯᠠᠬᠤ | ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠵᠠᠩ ᠳᠠᠳᠬᠠᠯ ᠢ ᠬᠥᠮᠥᠵᠢᠭᠦᠯᠬᠦ ᠪᠠᠷ ᠭᠤᠣᠯᠳᠠᠯᠭ᠎ᠠ ᠪᠣᠯᠭᠠᠵᠤ᠂ | ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠤᠨ᠂ ᠠᠷᠪᠢᠴᠢ ᠭᠠᠮᠲᠠᠢ᠂ ᠪᠣᠬᠢᠷᠲᠤᠯ ᠦᠭᠡᠢ ᠳᠣᠣᠷ᠎ᠠ | ᠨᠡᠭᠦᠷᠡᠰᠦᠲᠥ᠋ᠷᠥᠭᠴᠢᠲᠦ᠂ ᠪᠣᠯᠪᠠᠰᠤᠨ ᠡᠷᠡᠭᠦᠯ ᠴᠢᠭᠢᠷᠠᠭ ᠠᠮᠢᠳᠤᠷᠠᠯ ᠤᠨ ᠠᠷᠭ᠎ᠠ ᠬᠡᠯᠪᠡᠷᠢ ᠪᠠ ᠬᠡᠷᠡᠭᠯᠡᠭᠡ ᠶᠢᠨ | ᠵᠠᠭᠪᠤᠷ ᠢ ᠪᠦᠷᠢᠯᠳᠦᠭᠦᠯᠬᠦ ᠶᠢ ᠲᠦᠷᠭᠡᠳᠬᠡᠨ ᠠᠬᠢᠭᠤᠯᠵᠠᠢ᠃ ᠵᠢᠱᠢᠶᠡᠯᠡᠪᠡᠯ᠂ ᠨᠢᠳᠤᠨᠤᠨ ᠵᠢᠯ ᠪᠢᠳᠡ ᠰᠢᠨ ᠯᠠᠩ | ᠥᠪᠥᠷ ᠮᠣᠩᠭᠤᠯ ᠲᠠᠢ ᠬᠠᠮᠲᠤᠷᠠᠨ ᠰᠢᠨ ᠯᠠᠩ ᠪᠢᠴᠢᠯ ᠪᠦᠷᠭᠡ ᠶᠢ ᠠᠰᠢᠭᠯᠠᠵᠤ ᠡᠨᠧᠷᠭᠢ ᠶᠢ ᠠᠷᠪᠢᠯᠠᠬᠤ | ᠤᠬᠠᠭᠤᠯᠭ᠎ᠠ ᠶᠢᠨ ᠭᠠᠷᠠᠭ ᠪᠠ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠡᠳᠦᠷ ᠤᠨ ᠰᠦᠯᠵᠢᠶᠡᠨ ᠳᠡᠭᠡᠷᠡᠬᠢ | ᠭᠤᠣᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠶᠢ ᠥᠷᠨᠢᠭᠦᠯᠦᠭᠰᠡᠨ ᠳᠤ᠂ ᠰᠦᠯᠵᠢᠶᠡᠨ ᠤ ᠠᠨᠳᠠ ᠨᠠᠷ ᠤᠨ | ᠠᠩᠬᠠᠷᠤᠨ ᠦᠵᠡᠭᠰᠡᠨ ᠨᠣᠷᠮ᠎ᠠ ᠨᠢ 3700 ᠭᠠᠷᠤᠢ ᠲᠦᠮᠡᠨ ᠬᠥᠮᠥᠨ ᠤᠳᠠᠭ᠎ᠠ ᠳᠤ ᠬᠦᠷᠴᠦ᠂ ᠥᠷᠭᠡᠨ ᠣᠯᠠᠨ | ᠠᠷᠠᠳ ᠲᠦᠮᠡᠨ ᠤ ᠡᠨᠧᠷᠭᠢ ᠶᠢ ᠠᠷᠪᠢᠯᠠᠬᠤ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠶᠠᠷᠢᠶᠠᠨ ᠤ | ᠰᠡᠳᠦᠪ ᠤᠨ ᠲᠤᠬᠠᠢ ᠬᠠᠯᠠᠮᠰᠢᠯ ᠶᠠᠷᠢᠯᠴᠠᠭ᠎ᠠ ᠨᠢ ᠮᠠᠨ ᠤ ᠤᠷᠢᠳᠴᠢᠯᠠᠨ ᠵᠢᠱᠢᠭᠰᠡᠨ ᠠᠴᠠ ᠳᠠᠪᠠᠭᠰᠠᠨ ᠶᠤᠮ᠃ | ᠡᠭᠦᠨ ᠤ ᠬᠠᠮᠲᠤ᠂ ᠴᠠᠭ ᠦᠶ᠎ᠡ ᠶᠢᠨ ᠬᠥᠭᠵᠢᠯᠲᠡ ᠶᠢ ᠳᠠᠭᠠᠯᠳᠤᠨ᠂ ᠠᠵᠤ ᠠᠬᠤᠶᠢᠯᠠᠯ᠂ ᠠᠷᠠᠳ ᠣᠯᠠᠨ ᠤ | ᠡᠨᠧᠷᠭᠢ ᠶᠢ ᠠᠷᠪᠢᠯᠠᠨ ᠡᠨᠧᠷᠭᠢ ᠶᠢᠨ ᠬᠤᠷᠣᠭᠳᠠᠯ ᠢ ᠪᠠᠭᠠᠰᠬᠠᠬᠤ ᠲᠤᠬᠠᠢ ᠣᠶᠢᠯᠠᠭᠠᠯᠲᠠ ᠳᠤ ᠴᠤ ᠬᠤᠪᠢᠷᠠᠯᠲᠠ | ᠭᠠᠷᠴᠠᠢ᠃ ᠵᠢᠱᠢᠶᠡᠯᠡᠪᠡᠯ᠂ ᠡᠨᠧᠷᠭᠢ ᠶᠢ ᠠᠷᠪᠢᠯᠠᠬᠤ ᠲᠤᠬᠠᠢ ᠳᠤᠷᠠᠳᠬᠤ ᠲᠠᠢ ᠵᠡᠷᠭᠡ ᠴᠥᠭᠡᠨ ᠪᠤᠰᠤ ᠬᠥᠮᠥᠨ ︽ | ᠶᠠᠪᠤᠬᠤ ᠳᠤ ᠪᠠᠨ ᠳ᠋ᠧᠩ ᠢᠶᠠᠨ ᠤᠨᠲᠠᠷᠠᠭᠠᠬᠤ︾᠂ ︽ᠮᠥᠬᠦᠯᠢᠭ ᠠᠮᠤ ᠶᠢ ᠴᠤ ᠬᠥᠮᠥᠷᠭᠡ ᠳᠤ ᠣᠷᠣᠭᠤᠯᠬᠤ︾᠂ ︽ | ᠰᠢᠨ᠎ᠡ ᠪᠠᠷ ᠭᠤᠷᠪᠠᠨ ᠵᠢᠯ ᠡᠮᠦᠰᠦᠨ᠂ ᠬᠠᠭᠤᠴᠢᠨ ᠢᠶᠠᠷ ᠭᠤᠷᠪᠠᠨ ᠵᠢᠯ ᠡᠮᠦᠰᠴᠦ᠂ ᠨᠥᠬᠦᠵᠦ ᠪᠠᠶᠢᠭᠠᠳ ᠳᠠᠬᠢᠨ | ᠭᠤᠷᠪᠠᠨ ᠵᠢᠯ ᠡᠮᠦᠰᠬᠦ︾ ᠭᠡᠬᠦ ᠮᠡᠲᠦ ᠶᠢᠨ ᠬᠥᠮᠥᠰ ᠲᠤ ᠲᠣᠪ ᠲᠣᠳᠣᠷᠬᠠᠢ ᠴᠡᠭᠡᠵᠢᠯᠡᠭᠳᠡᠭᠰᠡᠭᠡᠷ ᠪᠠᠶᠢᠭ᠎ᠠ ᠤᠷᠢᠶ᠎ᠠ ᠶᠢ | ᠬᠤᠯᠪᠣᠨ ᠪᠣᠳᠣᠵᠤ ᠣᠯᠳᠠᠭ᠃ ᠣᠳᠣᠬᠠᠨ ᠳᠤ᠂ ᠡᠨᠧᠷᠭᠢ ᠶᠢ ᠠᠷᠪᠢᠯᠠᠬᠤ ᠠᠵᠢᠯ ᠨᠢ ᠠᠯᠢ ᠡᠷᠲᠡ ᠨᠢᠭᠡᠨᠲᠡ | ᠥᠩᠭᠡᠷᠡᠭᠰᠡᠨ ᠤ ᠲᠡᠷᠡ ᠬᠦ ︽ᠡᠨᠧᠷᠭᠢ ᠶᠢ ᠠᠷᠪᠢᠯᠠᠨ ᠡᠨᠧᠷᠭᠢ ᠶᠢᠨ ᠬᠤᠷᠣᠭᠳᠠᠯ ᠢ ᠪᠠᠭᠠᠰᠬᠠᠬᠤ︾ ᠳᠠᠩ ᠴᠤᠯᠭᠤᠢ | ᠤᠬᠠᠭᠳᠠᠬᠤᠨ ᠪᠢᠰᠢ ᠪᠣᠯᠣᠭᠰᠠᠨ ᠢᠶᠠᠷ ᠪᠠᠷᠠᠬᠤ ᠦᠭᠡᠢ᠂ ᠵᠥᠪᠬᠡᠨ ᠨᠢᠭᠡ ᠭᠷᠡᠳᠦ᠋ᠰ ᠴᠠᠬᠢᠯᠭᠠᠨ᠂ ᠨᠢᠭᠡ ᠳᠤᠰᠤᠯ | ᠤᠰᠤ᠂ ᠨᠢᠭᠡ ᠵᠢᠩ ᠨᠡᠭᠦᠷᠡᠰᠦ ᠶᠢ ᠠᠷᠪᠢᠯᠠᠬᠤ ᠲᠡᠳᠦᠢ ᠶᠠᠪᠤᠳᠠᠯ ᠪᠢᠰᠢ ᠪᠣᠯᠵᠤ᠂ ᠬᠠᠷᠢᠨ ᠡᠬᠢ ᠪᠠᠶᠠᠯᠢᠭ ᠢ | ᠶᠡᠷᠦᠩᠬᠡᠶᠢᠯᠡᠨ ᠠᠰᠢᠭᠯᠠᠵᠤ᠂ ᠡᠷᠭᠢᠯᠳᠡᠳᠦ ᠠᠵᠤ ᠠᠬᠤᠢ ᠂ ᠪᠣᠬᠢᠷᠲᠤᠯ ᠢ ᠵᠠᠰᠠᠬᠤ᠂ ᠣᠷᠴᠢᠨ ᠲᠣᠭᠤᠷᠢᠨ ᠢ | ᠬᠠᠮᠠᠭᠠᠯᠠᠬᠤ᠂ ᠦᠷᠭᠦᠯᠵᠢᠯᠡᠬᠦ᠋ᠢᠴᠡ ᠬᠥᠭᠵᠢᠯᠲᠡ ᠪᠠ ᠠᠮᠢ ᠠᠬᠤᠢ ᠶᠢᠨ ᠪᠣᠯᠪᠠᠰᠤᠨ ᠲᠠᠢ ᠨᠢᠭᠲᠠ ᠤᠶᠠᠯᠳᠤᠭᠤᠯᠬᠤ | ᠪᠣᠯᠪᠠ᠃ ᠤᠯᠠᠮᠵᠢᠯᠠᠯᠲᠤ ᠮᠠᠶ᠋ᠢᠭ ᠤᠨ ᠭᠤᠭᠤᠵᠢᠬᠤ ᠭᠡᠭᠡᠭᠳᠡᠬᠦ ᠶᠢ ᠪᠥᠭᠯᠡᠬᠦ ᠪᠤᠶᠤ ᠮᠡᠷᠭᠡᠵᠢᠯ ᠤᠨ ᠲᠠᠯ᠎ᠠ ᠪᠠᠷ ᠬᠢ | ᠵᠢᠵᠢᠭ ᠬᠤᠪᠢᠷᠠᠯᠲᠠ ᠵᠢᠵᠢᠭ ᠥᠭᠡᠷᠡᠴᠢᠯᠡᠯᠲᠡ ᠠᠴᠠ ᠭᠤᠣᠯᠳᠠᠭᠤ ᠳᠠᠪᠰᠢᠩᠭᠤᠢ ᠮᠡᠷᠭᠡᠵᠢᠯ ᠪᠠ ᠲᠡᠷᠢᠭᠦᠨ ᠤ ᠲᠣᠨᠤᠭ | ᠲᠥᠬᠦᠭᠡᠷᠦᠮᠵᠢ ᠳᠤ ᠲᠦᠰᠢᠭᠯᠡᠬᠦ ᠪᠣᠯᠭᠠᠨ ᠬᠤᠪᠢᠷᠠᠭᠤᠯᠵᠤ᠂ ᠭᠠᠷᠭᠠᠭᠰᠠᠨ ᠨᠡᠶᠢᠭᠡᠮ ᠤᠨ ᠦᠷ᠎ᠡ ᠠᠰᠢᠭ᠂ ᠣᠷᠴᠢᠨ | ᠲᠣᠭᠤᠷᠢᠨ ᠤ ᠦᠷ᠎ᠡ ᠠᠰᠢᠭ ᠪᠠ ᠠᠵᠤ ᠠᠬᠤᠢ ᠶᠢᠨ ᠦᠷ᠎ᠡ ᠠᠰᠢᠭ ᠢ ᠨᠢ ᠥᠩᠭᠡᠷᠡᠭᠰᠡᠨ ᠳᠤ ᠲᠥᠰᠥᠭᠡᠯᠡᠬᠦ ᠶᠢᠨ | ᠠᠷᠭ᠎ᠠ ᠦᠭᠡᠢ ᠪᠠᠶᠢᠵᠠᠢ᠃ ᠮᠢᠨᠤ ᠪᠣᠳᠣᠬᠤ ᠪᠠᠷ ᠡᠨᠡ ᠨᠢ ᠮᠥᠨ ᠴᠤ ᠡᠨᠧᠷᠭᠢ ᠶᠢ ᠠᠷᠪᠢᠯᠠᠬᠤ ᠤᠬᠠᠭᠤᠯᠭ᠎ᠠ ᠶᠢᠨ | ᠭᠠᠷᠠᠭ ᠤᠨ 28 ᠵᠢᠯ ᠤᠨ ᠲᠤᠷᠰᠢ ᠴᠤᠴᠠᠯᠲᠠ ᠦᠭᠡᠢ ᠪᠠᠷᠢᠮᠲᠠᠯᠠᠵᠤ ᠡᠷᠬᠢᠯᠡᠭᠰᠡᠨ ᠰᠡᠳᠦᠪ ᠤᠨ ᠤᠳᠬ᠎ᠠ ᠠᠭᠤᠯᠭ᠎ᠠ | ᠪᠣᠯᠣᠨ᠎ᠠ᠃ | ᠬᠥᠲᠥᠯᠥᠭᠴᠢ᠄ ᠲᠡᠭᠡᠪᠡᠯ᠂ ᠣᠳᠣᠬᠠᠨ ᠳᠤ ᠥᠪᠡᠷᠲᠡᠭᠡᠨ ᠵᠠᠰᠠᠬᠤ ᠣᠷᠣᠨ ᠤ ᠡᠨᠧᠷᠭᠢ ᠶᠢ ᠠᠷᠪᠢᠯᠠᠨ | ᠨᠡᠭᠦᠷᠡᠰᠦᠲᠥ᠋ᠷᠥᠭᠴᠢ ᠶᠢ ᠪᠠᠭᠠᠰᠬᠠᠬᠤ ᠠᠵᠢᠯ ᠤᠨ ᠪᠠᠶᠢᠳᠠᠯ ᠨᠢ ᠶᠠᠮᠠᠷ ᠪᠣᠢ︖ | ᠸᠠᠩ ᠶᠢᠨ ᠪᠣᠤ᠄ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠰᠢ ᠶᠢᠨ ᠫᠢᠩ | ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠠᠴᠠ ᠠᠮᠢ ᠠᠬᠤᠢ ᠶᠢᠨ ᠪᠣᠯᠪᠠᠰᠤᠨ ᠤ ᠪᠦᠲᠦᠭᠡᠨ | ᠪᠠᠶᠢᠭᠤᠯᠤᠯᠲᠠ ᠶᠢ ᠲᠦᠷᠭᠡᠳᠬᠡᠬᠦ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠬᠢᠵᠦ᠂ ᠠᠮᠢ ᠠᠬᠤᠢ ᠶᠢᠨ | ᠪᠣᠯᠪᠠᠰᠤᠨ ᠤ ᠪᠦᠲᠦᠭᠡᠨ ᠪᠠᠶᠢᠭᠤᠯᠤᠯᠲᠠ ᠶᠢ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ︽ | ᠲᠠᠪᠤ ᠶᠢ ᠨᠢᠭᠡ ᠴᠣᠭᠴᠠᠵᠢᠭᠤᠯᠬᠤ︾ ᠶᠡᠷᠦᠩᠬᠡᠢ ᠪᠠᠶᠢᠷᠢᠯᠠᠭᠤᠯᠤᠯᠲᠠ ᠳᠤ ᠣᠷᠣᠭᠤᠯᠤᠨ᠂ ᠰᠢᠨ᠎ᠡ ᠶᠢ ᠡᠭᠦᠳᠬᠦ᠂ | ᠵᠣᠬᠢᠴᠠᠩᠭᠤᠢ᠂ ᠪᠣᠬᠢᠷᠲᠤᠯ ᠦᠭᠡᠢ᠂ ᠨᠡᠭᠡᠭᠡᠯᠲᠡ ᠲᠠᠢ᠂ ᠬᠠᠮᠲᠤ ᠪᠠᠷ ᠬᠦᠷᠲᠡᠬᠦ ᠲᠠᠪᠤᠨ ᠶᠡᠭᠡ ᠰᠢᠨ᠎ᠡ | ᠬᠥᠭᠵᠢᠯᠲᠡ ᠶᠢᠨ ᠣᠨᠣᠯᠵᠢᠬᠤᠨ ᠢ ᠳᠤᠷᠠᠳᠤᠨ ᠭᠠᠷᠭᠠᠪᠠ᠃ ᠨᠠᠮ ᠤᠨ ᠠᠷᠪᠠᠨ ᠨᠠᠢᠮᠠᠳᠤᠭᠠᠷ ᠬᠤᠭᠤᠴᠠᠭᠠᠨ ᠤ | ᠲᠠᠪᠤᠳᠤᠭᠠᠷ ᠶᠡᠭᠡ ᠬᠤᠷᠠᠯ ᠠᠴᠠ ᠡᠨᠧᠷᠭᠢ ᠶᠢᠨ ᠬᠤᠷᠣᠭᠳᠠᠯ ᠤᠨ ᠶᠡᠷᠦᠩᠬᠡᠢ ᠬᠡᠮᠵᠢᠶ᠎ᠡ ᠪᠠ ᠬᠦᠴᠦᠯᠡᠴᠡ ︽ᠬᠤᠶᠠᠷ ᠢ | ᠬᠢᠵᠠᠭᠠᠷᠯᠠᠬᠤ︾ ᠠᠵᠢᠯᠯᠠᠭ᠎ᠠ᠂ ᠥᠪᠡᠷᠲᠡᠭᠡᠨ ᠵᠠᠰᠠᠬᠤ ᠣᠷᠣᠨ ᠤ ︽13 · 5︾ ᠶᠢᠨ ᠡᠨᠧᠷᠭᠢ ᠶᠢ ᠠᠷᠪᠢᠯᠠᠨ | ᠪᠣᠬᠢᠷ ᠪᠣᠳᠠᠰ ᠤᠨ ᠭᠠᠳᠠᠭᠰᠢᠯᠠᠭᠤᠯᠤᠯᠲᠠ ᠶᠢ ᠪᠠᠭᠠᠰᠬᠠᠬᠤ ᠲᠥᠯᠥᠪᠵᠢᠭᠦᠯᠭᠡ᠂ ︽13 · 5︾ ᠶᠢᠨ ᠡᠨᠧᠷᠭᠢ ᠶᠢ | ᠠᠷᠪᠢᠯᠠᠨ ᠨᠡᠭᠦᠷᠡᠰᠦᠲᠥ᠋ᠷᠥᠭᠴᠢ ᠶᠢ ᠪᠠᠭᠠᠰᠬᠠᠬᠤ ᠠᠵᠢᠯ ᠤᠨ ᠲᠥᠰᠥᠯ ᠢ ᠬᠡᠷᠡᠭᠵᠢᠭᠦᠯᠬᠦ ᠪᠠᠷ ᠳᠤᠷᠠᠳᠴᠤ᠂ 2020 | ᠣᠨ ᠳᠤ ᠪᠦᠬᠦ ᠣᠷᠣᠨ ᠤ ᠨᠢᠭᠡᠴᠢ GDP ᠶᠢᠨ ᠡᠨᠧᠷᠭᠢ ᠶᠢᠨ ᠬᠤᠷᠣᠭᠳᠠᠯ ᠢ 2015 ᠣᠨ ᠤ ᠬᠢ ᠠᠴᠠ | 14% ᠪᠠᠷ ᠪᠠᠭᠤᠷᠠᠭᠤᠯᠤᠨ᠂ ᠨᠢᠭᠡᠴᠢ GDP ᠶᠢᠨ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ | ᠭᠠᠳᠠᠭᠰᠢᠯᠠᠭᠤᠯᠤᠯᠲᠠ ᠶᠢ 17% ᠪᠠᠷ ᠪᠠᠭᠤᠷᠠᠭᠤᠯᠵᠤ᠂ 2020 ᠣᠨ ᠪᠣᠯᠲᠠᠯ᠎ᠠ ᠪᠦᠬᠦ ᠣᠷᠣᠨ ᠤ ᠡᠨᠧᠷᠭᠢ ᠶᠢᠨ | ᠬᠤᠷᠣᠭᠳᠠᠯ ᠤᠨ ᠶᠡᠷᠦᠩᠬᠡᠢ ᠬᠡᠮᠵᠢᠶ᠎ᠡ ᠶᠢ 2.25 ᠳ᠋ᠦᠩᠰᠢᠭᠤᠷ ᠲᠣᠨ ᠪᠠᠷᠢᠮᠵᠢᠶᠠᠲᠤ ᠨᠡᠭᠦᠷᠡᠰᠦ ᠶᠢᠨ ᠳᠣᠲᠣᠷ᠎ᠠ | ᠬᠢᠵᠠᠭᠠᠷᠯᠠᠨ᠎ᠠ ᠭᠡᠵᠦ ᠲᠣᠳᠣᠷᠬᠠᠶᠢᠯᠠᠵᠠᠢ᠃ ︽13 · 5︾ ᠶᠢᠨ ᠲᠥᠯᠥᠪᠵᠢᠭᠦᠯᠭᠡ ᠶᠢᠨ ᠡᠬᠢᠨ ᠤ ᠬᠤᠶᠠᠷ ᠵᠢᠯ ᠳᠤ | ᠂ ᠮᠠᠨ ᠤ ᠣᠷᠣᠨ ᠨᠢᠭᠡᠴᠢ GDP ᠶᠢᠨ ᠡᠨᠧᠷᠭᠢ ᠶᠢᠨ ᠬᠤᠷᠣᠭᠳᠠᠯ ᠪᠠᠨ ᠨᠡᠶᠢᠲᠡ 5.6% ᠪᠠᠷ ᠪᠠᠭᠤᠷᠠᠭᠤᠯᠤᠨ᠂ | ᠡᠨᠧᠷᠭᠢ ᠶᠢᠨ ᠬᠤᠷᠣᠭᠳᠠᠯ ᠤᠨ ᠶᠡᠷᠦᠩᠬᠡᠢ ᠬᠡᠮᠵᠢᠶ᠎ᠡ ᠶᠢᠨ ᠨᠡᠮᠡᠭᠳᠡᠯ ᠤᠨ ᠬᠤᠷᠳᠤᠴᠠ ᠪᠠᠨ 2017 ᠣᠨ ᠳᠤ 2. | 35% ᠪᠣᠯᠲᠠᠯ᠎ᠠ ᠪᠠᠭᠤᠷᠠᠭᠤᠯᠵᠤ᠂ ᠡᠨᠡ ᠨᠢ 1100 ᠭᠠᠷᠤᠢ ᠲᠦᠮᠡᠨ ᠲᠣᠨ ᠪᠠᠷᠢᠮᠵᠢᠶᠠᠲᠤ ᠨᠡᠭᠦᠷᠡᠰᠦ ᠶᠢ | ᠠᠷᠪᠢᠯᠠᠭᠰᠠᠨ ᠲᠠᠢ ᠲᠡᠩᠴᠡᠨ᠎ᠡ᠃ ᠣᠳᠣᠬᠠᠨ ᠳᠤ᠂ ᠪᠢᠳᠡ ᠶᠠᠭ ᠰᠠᠶᠢᠬᠠᠨ ︽13 · 5︾ ᠶᠢᠨ ᠡᠨᠧᠷᠭᠢ ᠶᠢᠨ | ᠬᠤᠷᠣᠭᠳᠠᠯ ᠤᠨ ᠶᠡᠷᠦᠩᠬᠡᠢ ᠬᠡᠮᠵᠢᠶ᠎ᠡ ᠪᠠ ᠬᠦᠴᠦᠯᠡᠴᠡ ᠶᠢᠨ ᠳᠤᠮᠳᠠᠴᠢ ᠬᠤᠭᠤᠴᠠᠭᠠᠨ ᠤ ᠦᠨᠡᠯᠡᠨ ᠵᠢᠱᠢᠬᠦ ᠠᠵᠢᠯ ᠢ | ᠶᠠᠪᠤᠭᠤᠯᠵᠤ ᠪᠠᠶᠢᠨ᠎ᠠ᠂ ᠦᠨᠡᠯᠡᠨ ᠵᠢᠱᠢᠬᠦ ᠠᠵᠢᠯ ᠤᠨ ᠪᠠᠶᠢᠳᠠᠯ ᠠᠴᠠ ᠠᠪᠴᠤ ᠦᠵᠡᠪᠡᠯ᠂ ︽ᠬᠤᠶᠠᠷ ᠢ | ᠬᠢᠵᠠᠭᠠᠷᠯᠠᠬᠤ︾ ᠬᠠᠷᠠᠯᠲᠠ ᠶᠢ ᠪᠡᠶᠡᠯᠡᠭᠦᠯᠬᠦ ᠡᠭᠦᠷᠭᠡ ᠶᠢᠨ ᠬᠦᠴᠢᠷ ᠪᠠ ᠳᠠᠷᠤᠯᠲᠠ ᠨᠢ ᠲᠦᠢᠯ ᠤᠨ ᠶᠡᠭᠡ ᠪᠠᠶᠢᠨ᠎ᠠ᠃ | ᠲᠡᠭᠦᠨ ᠤ ᠭᠤᠣᠯ ᠰᠢᠯᠲᠠᠭᠠᠨ ᠨᠢ᠂ ᠨᠢᠭᠡ ᠳᠤ᠂ ᠮᠠᠨ ᠤ ᠣᠷᠣᠨ ᠤ ᠠᠵᠤ ᠦᠢᠯᠡᠰ ᠤᠨ ᠪᠦᠲᠦᠴᠡ ᠶᠢᠨ ᠬᠦᠨᠳᠦ | ᠬᠡᠯᠪᠡᠷᠢᠵᠢᠭᠰᠡᠨ ᠪᠠ ᠡᠨᠧᠷᠭᠢ ᠶᠢᠨ ᠪᠦᠲᠦᠴᠡ ᠶᠢᠨ ᠨᠡᠭᠦᠷᠡᠰᠦᠲᠥᠷᠥᠭᠵᠢᠭᠰᠡᠨ ᠢᠶᠠᠷ ᠶᠡᠬᠡᠲᠠᠢ ᠣᠨᠴᠠᠯᠢᠭ᠂ ᠵᠢᠴᠢ | ᠤᠷᠲᠤ ᠬᠤᠭᠤᠴᠠᠭᠠᠨ ᠤ ᠲᠤᠷᠰᠢ ᠪᠦᠷᠢᠯᠳᠦᠭᠰᠡᠨ ᠠᠷᠭ᠎ᠠ ᠵᠠᠮ ᠳᠤ ᠲᠦᠰᠢᠭᠯᠡᠬᠦ ᠵᠡᠷᠭᠡ ᠠᠴᠠ ᠪᠣᠯᠵᠤ᠂ ᠡᠨᠧᠷᠭᠢ ᠶᠢᠨ | ᠬᠤᠷᠣᠭᠳᠠᠯ ᠤᠨ ᠬᠠᠳᠠᠭᠠᠯᠠᠭᠳᠠᠴᠠ ᠳᠤ ᠬᠠᠰᠤᠯᠲᠠ ᠬᠢᠬᠦ ᠠᠷᠭ᠎ᠠ ᠳᠤ ᠲᠣᠬᠢᠷᠠᠭᠤᠯᠤᠯᠲᠠ ᠬᠢᠬᠦ ᠲᠠᠯ᠎ᠠ ᠪᠠᠷ ᠨᠢᠭᠡᠨ | ᠶᠠᠪᠤᠴᠠ ᠶᠢ ᠱᠠᠭᠠᠷᠳᠠᠵᠤ ᠪᠠᠶᠢᠨ᠎ᠠ᠃ ᠬᠤᠶᠠᠷ ᠲᠤ᠂ ᠮᠠᠨ ᠤ ᠣᠷᠣᠨ ᠤ ᠠᠵᠤ ᠠᠬᠤᠢ ᠶᠢᠨ ᠬᠥᠭᠵᠢᠯᠲᠡ | ᠬᠤᠴᠣᠷᠤᠩᠭᠤᠢ ᠪᠠᠶᠢᠵᠤ ᠬᠤᠣᠰ ᠵᠠᠭᠤᠨ ᠵᠢᠯ ᠤᠨ ᠲᠡᠮᠡᠴᠡᠯ ᠤᠨ ᠬᠠᠷᠠᠯᠲᠠ ᠶᠢ ᠪᠡᠶᠡᠯᠡᠭᠦᠯᠬᠦ ᠳᠤ ᠮᠥᠨ | ᠬᠦᠴᠦᠯᠡᠴᠡ ᠲᠠᠢ ᠡᠨᠧᠷᠭᠢ ᠶᠢᠨ ᠲᠤᠯᠭᠠᠭᠤᠷᠢᠯᠠᠯ ᠢ ᠱᠠᠭᠠᠷᠳᠠᠵᠤ ᠪᠠᠶᠢᠨ᠎ᠠ᠃ ᠭᠤᠷᠪᠠ ᠳᠤ᠂ ︽11 · 5︾ ᠶᠢᠨ | ᠲᠥᠯᠥᠪᠵᠢᠭᠦᠯᠭᠡ ᠠᠴᠠ ᠨᠠᠭᠠᠰᠢ ᠦᠷᠭᠦᠯᠵᠢᠯᠡᠨ ᠡᠨᠧᠷᠭᠢ ᠶᠢ ᠠᠷᠪᠢᠯᠠᠬᠤ ᠪᠠᠷ ᠳᠠᠮᠵᠢᠵᠤ᠂ ᠡᠨᠧᠷᠭᠢ ᠶᠢ ᠠᠷᠪᠢᠯᠠᠨ | ᠳᠠᠯᠳᠠ ᠬᠦᠴᠦᠨ ᠢ ᠠᠭᠤᠳᠠᠯᠬᠤ ᠣᠷᠣᠨ ᠵᠠᠢ ᠨᠢ ᠢᠪᠴᠤᠷᠠᠪᠠ᠃ ᠶᠡᠷᠦᠩᠬᠡᠶᠢᠯᠡᠪᠡᠯ᠂ ᠮᠠᠨ ᠤ ᠣᠷᠣᠨ ᠤ ︽13 · | 5︾ ᠶᠢᠨ ᠡᠨᠧᠷᠭᠢ ᠶᠢ ᠠᠷᠪᠢᠯᠠᠨ ᠨᠡᠭᠦᠷᠡᠰᠦᠲᠥ᠋ᠷᠥᠭᠴᠢ ᠶᠢ ᠪᠠᠭᠠᠰᠬᠠᠬᠤ ᠪᠠᠶᠢᠳᠠᠯ ᠲᠦᠢᠯ ᠤᠨ ᠬᠦᠨᠳᠦ ᠨᠣᠴᠢᠲᠠᠢ | ᠪᠠᠶᠢᠵᠤ᠂ ᠪᠢᠳᠡᠨ ᠤ ᠴᠤᠴᠠᠯᠲᠠ ᠦᠭᠡᠢ ᠴᠢᠷᠮᠠᠶᠢᠨ᠂ ᠬᠠᠳᠠᠭᠠᠰᠤ ᠬᠠᠳᠠᠬᠤ ᠵᠣᠷᠢᠭ ᠰᠠᠨᠠᠭ᠎ᠠ ᠶᠢ ᠪᠠᠳᠠᠷᠠᠭᠤᠯᠵᠤ᠂ | ᠴᠢᠩᠭ᠎ᠠ ᠬᠦᠴᠦᠲᠡᠢ ᠠᠷᠭ᠎ᠠ ᠬᠡᠮᠵᠢᠶ᠎ᠡ ᠠᠪᠴᠤ ︽ᠬᠤᠶᠠᠷ ᠢ ᠬᠢᠵᠠᠭᠠᠷᠯᠠᠬᠤ︾ ᠬᠠᠷᠠᠯᠲᠠ ᠶᠢ ᠪᠡᠶᠡᠯᠡᠭᠦᠯᠬᠦ ᠶᠢ | ᠪᠠᠲᠤᠯᠠᠵᠤ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠳᠤ ᠬᠦᠴᠦᠨ ᠴᠢᠳᠠᠯ ᠢᠶᠠᠨ ᠡᠷᠭᠦᠬᠦ ᠶᠢ ᠱᠠᠭᠠᠷᠳᠠᠵᠤ | ᠪᠠᠶᠢᠨ᠎ᠠ᠃ | ᠬᠥᠲᠥᠯᠥᠭᠴᠢ᠄ ᠳᠠᠷᠠᠭᠠᠴᠢ ᠶᠢᠨ ᠠᠯᠬᠤᠮ ᠳᠤ ᠥᠪᠡᠷᠲᠡᠭᠡᠨ ᠵᠠᠰᠠᠬᠤ ᠣᠷᠣᠨ ᠡᠨᠧᠷᠭᠢ ᠶᠢ ᠠᠷᠪᠢᠯᠠᠨ | ᠨᠡᠭᠦᠷᠡᠰᠦᠲᠥ᠋ᠷᠥᠭᠴᠢ ᠶᠢ ᠪᠠᠭᠠᠰᠬᠠᠬᠤ ᠶᠢ ᠠᠬᠢᠭᠤᠯᠬᠤ ᠲᠠᠯ᠎ᠠ ᠪᠠᠷ ᠶᠠᠮᠠᠷ ᠶᠠᠮᠠᠷ ᠠᠷᠭ᠎ᠠ ᠬᠡᠮᠵᠢᠶ᠎ᠡ ᠠᠪᠬᠤ ᠪᠠᠷ ᠪᠠᠶᠢᠭ᠎ᠠ | ᠪᠣᠢ︖ | ᠸᠠᠩ ᠶᠢᠨ ᠪᠣᠤ᠄ ︽13 · 5︾ ᠶᠢᠨ ᠡᠨᠧᠷᠭᠢ ᠶᠢ ᠠᠷᠪᠢᠯᠠᠨ ᠪᠣᠬᠢᠷ ᠪᠣᠳᠠᠰ ᠤᠨ ᠭᠠᠳᠠᠭᠰᠢᠯᠠᠭᠤᠯᠤᠯᠲᠠ ᠶᠢ | ᠪᠠᠭᠠᠰᠬᠠᠬᠤ ᠲᠥᠯᠥᠪᠵᠢᠭᠦᠯᠭᠡ᠂ ︽13 · 5︾ ᠶᠢᠨ ᠡᠨᠧᠷᠭᠢ ᠶᠢ ᠠᠷᠪᠢᠯᠠᠨ ᠨᠡᠭᠦᠷᠡᠰᠦᠲᠥ᠋ᠷᠥᠭᠴᠢ ᠶᠢ ᠪᠠᠭᠠᠰᠬᠠᠬᠤ | ᠶᠡᠷᠦᠩᠬᠡᠶᠢᠯᠡᠭᠰᠡᠨ ᠠᠵᠢᠯ ᠤᠨ ᠲᠥᠰᠥᠯ ᠤᠨ ᠶᠡᠷᠦᠩᠬᠡᠢ ᠪᠠᠶᠢᠷᠢᠯᠠᠭᠤᠯᠤᠯᠲᠠ ᠶᠣᠰᠣᠭᠠᠷ᠂ ᠭᠤᠣᠯᠳᠠᠭᠤ ᠳᠣᠣᠷᠠᠬᠢ | ᠬᠡᠳᠦᠨ ᠲᠠᠯ᠎ᠠ ᠶᠢᠨ ᠠᠵᠢᠯ ᠢ ᠰᠠᠶᠢᠲᠤᠷ ᠬᠢᠬᠦ ᠬᠡᠷᠡᠭᠲᠡᠢ᠃ | ᠨᠢᠭᠡ ᠳᠤ᠂ ᠠᠵᠤ ᠦᠢᠯᠡᠳᠪᠦᠷᠢ᠂ ᠪᠠᠷᠢᠯᠭ᠎ᠠ᠂ ᠵᠠᠮ ᠬᠠᠷᠢᠯᠴᠠᠭ᠎ᠠ᠂ ᠣᠯᠠᠨ ᠨᠡᠶᠢᠲᠡ ᠶᠢᠨ ᠪᠠᠶᠢᠭᠤᠯᠤᠮᠵᠢ | ᠵᠡᠷᠭᠡ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠳᠠᠬᠢ ᠡᠨᠧᠷᠭᠢ ᠶᠢ ᠠᠷᠪᠢᠯᠠᠨ ᠡᠨᠧᠷᠭᠢ ᠶᠢᠨ ᠬᠤᠷᠣᠭᠳᠠᠯ ᠢ | ᠪᠠᠭᠠᠰᠬᠠᠬᠤ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠠᠷᠭ᠎ᠠ ᠬᠡᠮᠵᠢᠶ᠎ᠡ ᠶᠢᠨ ᠨᠠᠶᠢᠳᠠᠪᠤᠷᠢᠵᠢᠭᠤᠯᠤᠯᠲᠠ ᠪᠠᠨ | ᠴᠢᠩᠭᠠᠷᠠᠭᠤᠯᠤᠨ᠂ ︽13 · 5︾ ᠶᠢᠨ ᠡᠨᠧᠷᠭᠢ ᠶᠢᠨ ᠬᠤᠷᠣᠭᠳᠠᠯ ᠤᠨ ︽ᠬᠤᠶᠠᠷ ᠢ ᠬᠢᠵᠠᠭᠠᠷᠯᠠᠬᠤ︾ | ᠬᠠᠷᠠᠯᠲᠠ ᠶᠢᠨ ᠡᠭᠦᠷᠭᠡ ᠶᠢ ᠴᠢᠷᠮᠠᠶᠢᠨ ᠪᠡᠶᠡᠯᠡᠭᠦᠯᠦᠨ᠎ᠡ᠃ | ᠬᠤᠶᠠᠷ ᠲᠤ᠂ ᠡᠨᠧᠷᠭᠢ ᠶᠢᠨ ᠬᠤᠷᠣᠭᠳᠠᠯ ᠢ ᠡᠬᠢ ᠢᠷᠡᠯᠲᠡ ᠠᠴᠠ ᠨᠢ ᠬᠠᠮᠢᠶᠠᠷᠤᠨ ᠬᠢᠵᠠᠭᠠᠷᠯᠠᠬᠤ ᠶᠢ | ᠴᠢᠩᠭᠠᠳᠬᠠᠨ᠂ ᠲᠥᠷᠥᠯ ᠵᠦᠢᠯ ᠤᠨ ᠡᠨᠧᠷᠭᠢ ᠶᠢ ᠠᠷᠪᠢᠯᠠᠬᠤ ᠶᠢ ᠬᠢᠨᠠᠨ ᠪᠠᠶᠢᠴᠠᠭᠠᠬᠤ ᠳᠦᠷᠢᠮ ᠢ ᠴᠢᠩᠭ᠎ᠠ | ᠬᠡᠷᠡᠭᠵᠢᠭᠦᠯᠵᠦ᠂ ᠰᠢᠨ᠎ᠡ ᠪᠠᠷ ᠪᠠᠶᠢᠭᠤᠯᠤᠭᠰᠠᠨ ᠲᠥᠷᠥᠯ ᠵᠦᠢᠯ ᠤᠨ ᠡᠨᠧᠷᠭᠢ ᠶᠢᠨ ᠬᠤᠷᠣᠭᠳᠠᠯ ᠢ ᠴᠢᠩᠭ᠎ᠠ | ᠬᠢᠵᠠᠭᠠᠷᠯᠠᠵᠤ᠂ ᠵᠦᠢ ᠵᠣᠬᠢᠰ ᠦᠭᠡᠢ ᠡᠨᠧᠷᠭᠢ ᠶᠢᠨ ᠬᠤᠷᠣᠭᠳᠠᠯ ᠢ ᠬᠠᠰᠤᠨ ᠪᠠᠭᠠᠰᠬᠠᠨ᠎ᠠ᠃ | ᠭᠤᠷᠪᠠ ᠳᠤ᠂ ᠭᠤᠣᠯᠳᠠᠯᠭ᠎ᠠ ᠲᠠᠢ ᠡᠨᠧᠷᠭᠢ ᠬᠡᠷᠡᠭᠯᠡᠬᠦ ᠨᠢᠭᠡᠴᠢ ᠶᠢᠨ ︽ᠵᠠᠭᠤ ᠮᠢᠩᠭ᠎ᠠ ᠲᠦᠮᠡ︾ ᠶᠢᠨ | ᠡᠨᠧᠷᠭᠢ ᠶᠢ ᠠᠷᠪᠢᠯᠠᠬᠤ ᠠᠵᠢᠯᠯᠠᠭ᠎ᠠ ᠶᠢ ᠠᠬᠢᠭᠤᠯᠵᠤ᠂ ᠭᠤᠣᠯᠳᠠᠯᠭ᠎ᠠ ᠲᠠᠢ ᠠᠵᠢᠯ ᠲᠥᠷᠥᠯ ᠤᠨ ᠡᠨᠧᠷᠭᠢ ᠶᠢᠨ | ᠠᠰᠢᠭᠯᠠᠮᠵᠢ ᠶᠢ ᠳᠡᠭᠡᠭᠰᠢᠯᠡᠭᠦᠯᠬᠦ᠂ ᠬᠤᠲᠠ ᠪᠠᠯᠭᠠᠰᠣᠵᠢᠯᠲᠠ ᠶᠢᠨ ᠡᠨᠧᠷᠭᠢ ᠶᠢ ᠠᠷᠪᠢᠯᠠᠬᠤ ᠥᠭᠡᠷᠡᠴᠢᠯᠡᠯᠲᠡ | ᠰᠠᠶᠢᠵᠢᠷᠠᠭᠤᠯᠤᠯᠲᠠ ᠬᠢᠬᠦ ᠵᠡᠷᠭᠡ ᠡᠨᠧᠷᠭᠢ ᠶᠢ ᠠᠷᠪᠢᠯᠠᠬᠤ ᠭᠤᠣᠯᠳᠠᠯᠭ᠎ᠠ ᠲᠠᠢ ᠢᠨᠵᠧᠨᠧᠷᠢᠩ ᠢ ᠵᠣᠬᠢᠶᠠᠨ ᠪᠠᠶᠢᠭᠤᠯᠤᠨ | ᠬᠡᠷᠡᠭᠵᠢᠭᠦᠯᠦᠨ᠎ᠡ᠃ | ᠳᠥᠷᠪᠡ ᠳᠤ᠂ ᠡᠨᠧᠷᠭᠢ ᠶᠢ ᠠᠷᠪᠢᠯᠠᠬᠤ ᠶᠢ ᠬᠢᠨᠠᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠤᠨ᠂ | ᠡᠨᠧᠷᠭᠢ ᠶᠢ ᠠᠷᠪᠢᠯᠠᠬᠤ ᠶᠢ ᠬᠢᠨᠠᠨ ᠪᠠᠶᠢᠴᠠᠭᠠᠬᠤ ᠴᠢᠬᠤᠯᠠ ᠲᠤᠰᠬᠠᠢ ᠵᠦᠢᠯ ᠤᠨ ᠠᠵᠢᠯᠯᠠᠭ᠎ᠠ ᠶᠢ ᠵᠣᠬᠢᠶᠠᠨ | ᠪᠠᠶᠢᠭᠤᠯᠤᠨ ᠬᠡᠷᠡᠭᠵᠢᠭᠦᠯᠵᠦ᠂ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ᠂ ᠭᠤᠣᠯᠳᠠᠯᠭ᠎ᠠ ᠲᠠᠢ ᠠᠵᠢᠯ ᠲᠥᠷᠥᠯ ᠪᠠ | ᠠᠵᠤ ᠠᠬᠤᠶᠢᠯᠠᠯ ᠳᠤ ᠨᠢᠭᠡᠴᠢ ᠪᠦᠲᠦᠭᠡᠭᠳᠡᠬᠦᠨ ᠤ ᠡᠨᠧᠷᠭᠢ ᠶᠢᠨ ᠬᠤᠷᠣᠭᠳᠠᠯ ᠤᠨ ᠲᠤᠭ᠎ᠠ ᠶᠢ ᠬᠢᠵᠠᠭᠠᠷᠯᠠᠬᠤ | ᠠᠯᠪᠠᠳᠠᠯᠭ᠎ᠠ ᠶᠢᠨ ᠴᠢᠨᠠᠷᠲᠠᠢ ᠪᠠᠷᠢᠮᠵᠢᠶ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠡᠨᠧᠷᠭᠢ ᠶᠢ ᠬᠡᠷᠡᠭᠯᠡᠬᠦ ᠲᠠᠯ᠎ᠠ ᠪᠠᠷ | ᠬᠠᠤᠯᠢ ᠴᠠᠭᠠᠵᠠ ᠲᠣᠭᠲᠠᠭᠠᠯ ᠢ ᠵᠥᠷᠢᠴᠡᠭᠰᠡᠨ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠳᠬᠡᠨ᠎ᠡ᠃ | ᠲᠠᠪᠤ ᠳᠤ᠂ ᠬᠠᠷᠠᠯᠲᠠᠲᠤ ᠬᠠᠷᠢᠭᠤᠴᠠᠯᠭ᠎ᠠ ᠶᠢ ᠰᠢᠯᠭᠠᠨ ᠬᠢᠨᠠᠵᠤ ᠦᠨᠡᠯᠡᠬᠦ ᠶᠢ ᠴᠢᠩᠭᠠᠷᠠᠭᠤᠯᠤᠨ᠂ | ᠡᠨᠧᠷᠭᠢ ᠶᠢᠨ ᠬᠤᠷᠣᠭᠳᠠᠯ ᠤᠨ ︽ᠬᠤᠶᠠᠷ ᠢ ᠬᠢᠵᠠᠭᠠᠷᠯᠠᠬᠤ︾ ᠬᠠᠷᠠᠯᠲᠠᠲᠤ ᠬᠠᠷᠢᠭᠤᠴᠠᠯᠭ᠎ᠠ ᠶᠢᠨ ᠳᠦᠷᠢᠮ ᠢ | ᠴᠢᠩᠭ᠎ᠠ ᠨᠠᠶᠢᠳᠠᠪᠤᠷᠢᠵᠢᠭᠤᠯᠵᠤ᠂ ᠱᠠᠲᠤ ᠳᠠᠷᠠᠭᠠᠯᠠᠨ ᠡᠭᠦᠷᠭᠡ ᠳᠠᠷᠤᠭᠠᠰᠤ ᠶᠢ ᠳᠠᠮᠵᠢᠭᠤᠯᠤᠨ᠂ ᠠᠵᠢᠯ ᠤᠨ | ᠬᠠᠷᠢᠭᠤᠴᠠᠯᠭ᠎ᠠ ᠶᠢ ᠪᠣᠳᠠᠲᠠᠶᠢᠵᠢᠭᠤᠯᠤᠨ ᠴᠢᠩᠭᠠᠳᠬᠠᠵᠤ᠂ ᠡᠯ᠎ᠡ ᠱᠠᠲᠤᠨ ᠤ ᠵᠠᠰᠠᠭ ᠤᠨ ᠣᠷᠳᠣᠨ ᠪᠠ ᠠᠵᠤ | ᠠᠬᠤᠶᠢᠯᠠᠯ ᠤᠨ ᠡᠨᠧᠷᠭᠢ ᠶᠢ ᠠᠷᠪᠢᠯᠠᠨ ᠬᠤᠷᠣᠭᠳᠠᠯ ᠢᠶᠠᠨ ᠪᠠᠭᠠᠰᠬᠠᠬᠤ ᠶᠢ ᠭᠡᠳᠡᠷᠭᠡᠨ ᠰᠢᠬᠠᠮᠳᠠᠭᠤᠯᠤᠨ᠎ᠠ᠃ | ᠬᠥᠲᠥᠯᠥᠭᠴᠢ᠄ ᠸᠠᠩ ᠡᠷᠬᠢᠯᠡᠭᠴᠢ ᠠᠴᠠ ᠬᠠᠮᠤᠭ ᠤᠨ ᠰᠡᠭᠦᠯᠴᠢ ᠶᠢᠨ ᠨᠢᠭᠡ ᠠᠰᠠᠭᠤᠯᠲᠠ ᠶᠢ ᠠᠰᠠᠭᠤᠶ᠎ᠠ᠃ | ᠡᠨᠧᠷᠭᠢ ᠶᠢ ᠠᠷᠪᠢᠯᠠᠬᠤ ᠤᠬᠠᠭᠤᠯᠭ᠎ᠠ ᠶᠢᠨ ᠭᠠᠷᠠᠭ᠂ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠡᠳᠦᠷ ᠤᠨ | ᠠᠵᠢᠯᠯᠠᠭ᠎ᠠ ᠶᠢᠨ ᠲᠠᠰᠢᠷᠠᠮ ᠢᠶᠠᠷ ᠲᠠ ᠥᠷᠭᠡᠨ ᠣᠯᠠᠨ ᠠᠷᠠᠳ ᠲᠦᠮᠡᠨ ᠳᠤ ᠶᠠᠮᠠᠷ ᠬᠦᠰᠡᠯ ᠲᠠᠯᠪᠢᠵᠤ ᠪᠠ ᠶᠠᠮᠠᠷ | ᠰᠠᠨᠠᠭᠤᠯᠭ᠎ᠠ ᠳᠤᠷᠠᠳᠬᠤ ᠪᠠᠷ ᠪᠠᠶᠢᠭ᠎ᠠ ᠪᠣᠢ︖ | ᠸᠠᠩ ᠶᠢᠨ ᠪᠣᠤ᠄ ᠠᠮᠢ ᠠᠬᠤᠢ ᠶᠢᠨ ᠣᠷᠴᠢᠨ ᠲᠣᠭᠤᠷᠢᠨ ᠤ ᠠᠰᠠᠭᠤᠳᠠᠯ ᠨᠢ ᠬᠠᠮᠤᠭ ᠤᠨ ᠡᠴᠦᠰ ᠲᠤ ᠪᠠᠨ | ᠡᠬᠢ ᠪᠠᠶᠠᠯᠢᠭ ᠢ ᠬᠡᠲᠦᠷᠡᠲᠡᠯ᠎ᠡ ᠨᠡᠭᠡᠭᠡᠨ ᠬᠥᠭᠵᠢᠭᠦᠯᠬᠦ᠂ ᠪᠦᠳᠦᠭᠦᠯᠢᠭ ᠢᠶᠠᠷ ᠠᠰᠢᠭᠯᠠᠬᠤ᠂ ᠵᠦᠢ ᠵᠣᠬᠢᠰ ᠦᠭᠡᠢ | ᠬᠡᠷᠡᠭᠯᠡᠬᠦ ᠠᠴᠠ ᠪᠣᠯᠵᠤ ᠡᠭᠦᠰᠦᠭᠰᠡᠨ ᠶᠤᠮ᠃ ᠠᠷᠪᠢᠯᠠᠭᠰᠠᠨ ᠡᠨᠧᠷᠭᠢ ᠪᠣᠯ ᠳᠠᠷᠤᠢ ᠡᠳ᠋ ᠬᠥᠷᠥᠩᠭᠡ᠂ ᠬᠠᠰᠤᠨ | ᠪᠠᠭᠠᠰᠬᠠᠭᠰᠠᠨ ᠭᠠᠳᠠᠭᠰᠢᠯᠠᠭᠤᠯᠤᠯᠲᠠ ᠪᠣᠯ ᠳᠠᠷᠤᠢ ᠡᠬᠢ ᠪᠠᠶᠠᠯᠢᠭ ᠮᠥᠨ᠃ ᠡᠷᠬᠡᠪᠰᠢ ᠡᠬᠢ ᠪᠠᠶᠠᠯᠢᠭ ᠢ ᠨᠡᠭᠡᠭᠡᠨ | ᠬᠥᠭᠵᠢᠭᠦᠯᠵᠦ ᠠᠰᠢᠭᠯᠠᠬᠤ ᠶᠢ ᠠᠷᠪᠢᠵᠢᠭᠤᠯᠵᠤ ᠡᠷᠴᠢᠮᠵᠢᠭᠦᠯᠬᠦ ᠪᠠ ᠵᠦᠢ ᠵᠣᠬᠢᠰᠲᠠᠢ ᠬᠡᠷᠡᠭᠯᠡᠭᠡ ᠶᠢᠨ ᠠᠷᠭ᠎ᠠ | ᠬᠡᠯᠪᠡᠷᠢ ᠶᠢ ᠬᠥᠮᠥᠵᠢᠭᠦᠯᠦᠨ ᠪᠤᠶᠢᠵᠢᠭᠤᠯᠬᠤ ᠠᠴᠠ ᠭᠠᠷᠳᠠᠵᠤ᠂ ᠡᠬᠢ ᠪᠠᠶᠠᠯᠢᠭ ᠢ ᠨᠡᠭᠡᠭᠡᠨ ᠬᠥᠭᠵᠢᠭᠦᠯᠵᠦ | ᠠᠰᠢᠭᠯᠠᠬᠤ᠂ ᠬᠤᠷᠣᠭᠳᠠᠭᠤᠯᠤᠨ ᠬᠡᠷᠡᠭᠯᠡᠬᠦ ᠶᠢ ᠡᠬᠢ ᠢᠷᠡᠯᠲᠡ ᠠᠴᠠ ᠨᠢ ᠵᠠᠰᠠᠵᠤ᠂ ᠨᠡᠶᠢᠭᠡᠮ ᠤᠨ | ᠦᠢᠯᠡᠳᠪᠦᠷᠢᠯᠡᠯ ᠤᠨ ᠠᠷᠭ᠎ᠠ ᠬᠡᠯᠪᠡᠷᠢ ᠪᠠ ᠠᠮᠢᠳᠤᠷᠠᠯ ᠤᠨ ᠠᠷᠭ᠎ᠠ ᠬᠡᠯᠪᠡᠷᠢ ᠶᠢ ᠦᠨᠡᠨ ᠬᠦ ᠬᠤᠪᠢᠷᠠᠭᠤᠯᠬᠤ ᠬᠡᠷᠡᠭᠲᠡᠢ | ᠃ ᠡᠨᠡ ᠬᠦ ᠴᠠᠭ ᠮᠥᠴᠡ ᠳᠤ᠂ ᠪᠢ ᠥᠭᠡᠷᠡᠴᠢᠯᠡᠯᠲᠡ ᠨᠡᠭᠡᠭᠡᠯᠲᠡ ᠬᠢᠭᠰᠡᠨ ᠡᠬᠢᠨ ᠤ ᠬᠤᠭᠤᠴᠠᠭᠠᠨ ᠤ ᠴᠢᠩᠬᠤᠸᠠ | ᠶᠡᠭᠡ ᠰᠤᠷᠭᠠᠭᠤᠯᠢ ᠶᠢᠨ ᠰᠤᠷᠤᠭᠴᠢᠳ ᠤᠨ ᠭᠠᠷᠭᠠᠭᠰᠠᠨ ᠥᠪᠡᠷ ᠤᠨ ᠪᠡᠶ᠎ᠡ ᠠᠴᠠ ᠪᠠᠨ ᠡᠬᠢᠯᠡᠨ ᠬᠢᠵᠦ᠂ | ᠣᠳᠣ ᠠᠴᠠ ᠡᠬᠢᠯᠡᠨ ᠬᠢᠵᠡᠭᠡᠶ᠎ᠡ ᠭᠡᠰᠡᠨ ᠬᠠᠩᠭᠢᠨᠠᠮ᠎ᠠ ᠤᠷᠢᠶᠠᠯᠠᠭ᠎ᠠ ᠶᠢ ᠰᠠᠨᠠᠵᠤ ᠣᠯᠪᠠ᠃ ᠪᠢᠳᠡ ᠳᠠᠶᠢᠴᠢᠯᠠᠨ | ᠬᠥᠳᠡᠯᠦᠯᠴᠡᠵᠦ᠂ ᠵᠢᠵᠢᠭ ᠰᠠᠵᠢᠭ ᠶᠠᠪᠤᠳᠠᠯ ᠠᠴᠠ ᠭᠠᠷᠳᠠᠨ᠂ ᠥᠪᠡᠷ ᠤᠨ ᠪᠡᠶ᠎ᠡ ᠠᠴᠠ ᠪᠠᠨ ᠡᠬᠢᠯᠡᠨ ᠬᠢᠵᠦ᠂ | ᠥᠷᠭᠡᠨ ᠣᠯᠠᠨ ᠠᠷᠠᠳ ᠲᠦᠮᠡᠨ ᠪᠣᠬᠢᠷᠲᠤᠯ ᠦᠭᠡᠢ ᠠᠮᠢᠳᠤᠷᠠᠯ ᠤᠨ ᠠᠷᠭ᠎ᠠ ᠬᠡᠯᠪᠡᠷᠢ ᠪᠠ ᠬᠡᠷᠡᠭᠯᠡᠭᠡ ᠶᠢᠨ ᠵᠠᠭᠪᠤᠷ ᠢ | ᠦᠢᠯᠡᠳᠦᠯᠭᠡᠵᠢᠭᠦᠯᠵᠦ᠂ ᠪᠦᠬᠦ ᠨᠡᠶᠢᠭᠡᠮ ᠢᠶᠠᠷ ᠢᠶᠠᠨ ᠡᠨᠧᠷᠭᠢ ᠶᠢ ᠠᠷᠪᠢᠯᠠᠨ᠂ ᠣᠷᠴᠢᠨ ᠲᠣᠭᠤᠷᠢᠨ ᠢ ᠬᠠᠮᠠᠭᠠᠯᠠᠬᠤ | ᠰᠠᠶᠢᠨ ᠰᠠᠶᠢᠨ ᠠᠭᠤᠷ ᠠᠮᠢᠰᠬᠤᠯ ᠢ ᠬᠠᠮᠲᠤ ᠪᠠᠷ ᠪᠣᠢ ᠪᠣᠯᠭᠠᠵᠤ᠂ ᠦᠵᠡᠰᠬᠦᠯᠡᠩᠲᠦ ᠰᠠᠶᠢᠬᠠᠨ ᠥᠪᠥᠷ ᠮᠣᠩᠭᠤᠯ ᠢ | ᠲᠦᠷᠭᠡᠳᠬᠡᠨ ᠪᠠᠶᠢᠭᠤᠯᠬᠤ ᠳᠤ ᠪᠠᠶᠢᠪᠠᠰᠤ ᠵᠣᠬᠢᠬᠤ ᠬᠤᠪᠢ ᠨᠡᠮᠡᠷᠢ ᠪᠠᠨ ᠦᠵᠡᠭᠦᠯᠦᠶ᠎ᠡ᠃ | ᠬᠥᠲᠥᠯᠥᠭᠴᠢ᠄ ᠸᠠᠩ ᠡᠷᠬᠢᠯᠡᠭᠴᠢ ᠶᠢᠨ ᠲᠠᠶᠢᠯᠤᠮᠵᠢ ᠳᠤ ᠪᠠᠶᠠᠷᠯᠠᠯ᠎ᠠ᠂ ᠲᠤᠰ ᠬᠤᠭᠤᠴᠠᠭᠠᠨ ᠤ | ᠰᠤᠷᠪᠤᠯᠵᠢᠯᠠᠭ᠎ᠠ ᠠᠳᠡ ᠬᠦᠷᠦᠭᠡᠳ ᠥᠨᠳᠥᠷᠯᠡᠬᠦ ᠪᠣᠯᠣᠯ᠎ᠠ᠂ ᠳᠠᠷᠠᠭᠠᠴᠢ ᠶᠢᠨ ᠬᠤᠭᠤᠴᠠᠭᠠᠨ ᠳᠤ ᠳᠠᠬᠢᠨ ᠵᠣᠯᠭᠠᠶ᠎ᠠ᠂ | ᠪᠠᠶᠠᠷᠲᠠᠢ᠃ | |