ᠰᠠᠶᠢᠬᠠᠨ ᠲᠣᠭᠤᠷᠢᠭ 2018 ᠣᠨ ᠤ ᠪᠦᠬᠦ  ᠲᠤᠭᠤᠷᠢᠭ ᠤᠨ ᠴᠡᠷᠢᠭ ᠲᠣᠭᠲᠠᠭᠠᠬᠤ ᠠᠵᠢᠯ ᠤᠨ ᠬᠤᠷᠠᠯ  ᠢ  ᠬᠤᠷᠠᠯᠳᠤᠭᠤᠯᠪᠠ
ᠨᠡᠶᠢᠲᠡᠯᠡᠭᠰᠡᠨ ᠴᠠᠭ᠄
2018/9/10
     9 ᠰᠠᠷ᠎ᠠ ᠶᠢᠨ 6 ᠤ ᠡᠳᠦᠷ᠂ ᠬᠥᠬᠡᠬᠤᠲᠠ ᠶᠢᠨ ᠰᠠᠶᠢᠬᠠᠨ ᠲᠣᠭᠤᠷᠢᠭ 2018 ᠣᠨ ᠤ ᠪᠦᠬᠦ  ᠲᠤᠭᠤᠷᠢᠭ ᠤᠨ ᠴᠡᠷᠢᠭ ᠲᠣᠭᠲᠠᠭᠠᠬᠤ ᠠᠵᠢᠯ ᠤᠨ ᠬᠤᠷᠠᠯ  ᠢ  ᠬᠤᠷᠠᠯᠳᠤᠭᠤᠯᠪᠠ᠂ ᠰᠠᠶᠢᠬᠠᠨ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠳᠡᠳ᠋ ᠳᠠᠷᠤᠭ᠎ᠠ᠂ ᠲᠣᠭᠤᠷᠢᠭ ᠤᠨ ᠴᠡᠷᠢᠭ ᠡᠯᠰᠡᠬᠦ ᠠᠵᠢᠯ ᠤᠨ ᠤᠳᠤᠷᠢᠳᠬᠤ ᠳᠤᠭᠤᠶᠢᠯᠠᠩ ᠤᠨ ᠳᠠᠷᠤᠭ᠎ᠠ ᠵᠢᠶ ᠬᠠᠨ ᠭᠠᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ ᠡᠯ᠎ᠡ ᠬᠠᠮᠢᠶ᠎ᠠ ᠪᠦᠬᠦᠢ ᠨᠢᠭᠡᠴᠡ ᠶᠢᠨ ᠬᠠᠷᠢᠭᠤᠴᠠᠯᠭᠠᠲᠠᠨ᠂ ᠠᠷᠢᠭᠤᠨ ᠴᠢᠬᠡᠴᠢ ᠪᠠᠷ ᠴᠡᠷᠢᠭ ᠡᠯᠰᠡᠬᠦ ᠠᠵᠢᠯ ᠳᠤ ᠬᠢᠨᠠᠯᠲᠠ ᠲᠠᠯᠪᠢᠬᠤ ᠲᠥᠯᠥᠭᠡᠯᠡᠭᠴᠢ ᠵᠢᠴᠢ ᠴᠡᠷᠢᠭ ᠲᠤᠰᠬᠤ ᠠᠩᠭᠢ ᠶᠢᠨ ᠲᠥᠯᠥᠭᠡᠯᠡᠭᠴᠢ ᠬᠤᠷᠠᠯ ᠳᠤ ᠣᠷᠣᠯᠴᠠᠪᠠ᠃      ᠬᠤᠷᠠᠯ ᠳᠤ ᠠᠷᠢᠭᠤᠨ ᠴᠢᠬᠡᠴᠢ ᠪᠠᠷ ᠴᠡᠷᠢᠭ ᠡᠯᠰᠡᠬᠦ ᠪᠠ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠵᠥᠪᠰᠢᠶᠡᠷᠡᠨ ᠲᠣᠭᠲᠠᠭᠠᠬᠤ ᠲᠤᠬᠠᠢ ᠰᠤᠷᠤᠯᠴᠠᠵᠤ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢ ᠲᠣᠰ ᠲᠣᠰ ᠲᠥᠰᠦᠯ ᠲᠣᠭᠲᠠᠭᠠᠬᠤ᠂ ᠴᠡᠷᠢᠭ ᠡᠯᠰᠡᠬᠦ ᠠᠵᠢᠯ ᠥᠷᠨᠢᠭᠦᠯᠬᠦ ᠵᠢᠴᠢ ᠬᠢᠨᠠᠨ ᠬᠠᠷᠭᠤᠭᠤᠯᠬᠤ ᠵᠡᠷᠭᠡ ᠭᠤᠷᠪᠠᠨ ᠲᠠᠯ᠎ᠠ ᠶᠢᠨ ᠪᠠᠶᠢᠳᠠᠯ ᠠᠴᠠ ᠪᠣᠳᠠᠲᠠᠶ ᠬᠠᠷᠢᠭᠤ ᠮᠡᠳᠡᠭᠦᠯᠦᠯᠲᠡ ᠬᠢᠵᠦ᠂ ᠴᠡᠷᠢᠭ ᠲᠤᠭᠲᠠᠭᠠᠭᠰᠠᠨ ᠨᠡᠷᠡᠰ ᠵᠢᠴᠢ ᠨᠥᠬᠦᠵᠦ ᠣᠷᠣᠭᠤᠯᠬᠤ ᠬᠥᠮᠦᠰ ᠤᠨ ᠨᠡᠷᠡᠰ ᠤᠨ ᠵᠢᠭᠰᠠᠭᠠᠯᠲᠠ ᠶᠢ ᠳᠠᠰᠣᠯᠣᠨ ᠪᠠᠲᠤᠯᠠᠪᠠ᠃      ᠬᠤᠷᠠᠯ ᠠᠴᠠ ᠱᠠᠭᠠᠷᠳᠠᠭᠰᠠᠨ ᠨᠢ᠂ ᠲᠤᠭᠤᠷᠢᠭ ᠤᠨ ᠴᠡᠷᠢᠭ ᠡᠯᠰᠡᠬᠦ ᠠᠯᠪᠠᠨ ᠬᠡᠷ ᠪᠠ ᠡᠯ᠎ᠡ ᠦᠨᠳᠦᠰᠦᠨ ᠱᠠᠲᠤᠨ ᠤ ᠵᠡᠪᠰᠡᠭᠲᠦ ᠬᠦᠴᠦᠨ ᠤ ᠬᠡᠯᠲᠡᠰ ᠤᠨ ᠬᠢᠨ ᠳᠠᠷᠤᠶ ᠳᠤᠨᠢ ᠲᠣᠭᠲᠠᠭᠰᠠᠨ ᠴᠡᠷᠢᠭ ᠢ ᠵᠠᠷᠯᠠᠨ‌ᠨᠡᠶᠢᠲᠡᠯᠡᠵᠦ᠂ ᠤᠯᠠᠨ ᠲᠦᠮᠡᠨ ᠤ ᠲᠤᠰᠬᠠᠭᠰᠠᠨ ᠪᠠ ᠢᠯᠡᠷᠡᠭᠦᠯᠦᠭᠰᠡᠨ ᠠᠰᠠᠭᠤᠳᠠᠯ ᠢ ᠴᠠᠭ ᠲᠤᠬᠠᠢ ᠳᠤᠨᠢ ᠪᠠᠶᠢᠴᠠᠭᠠᠵᠤ᠂ ᠳᠡᠭᠡᠭᠰᠢ ᠮᠡᠳᠡᠭᠦᠯᠦᠨ ᠰᠢᠢᠳᠪᠦᠷᠢᠯᠡᠭᠰᠡᠨ ᠳ᠋ᠦᠩ ᠢ ᠨᠡᠶᠢᠲᠡᠯᠡᠨ᠎ᠡ᠃ ᠡᠯ᠎ᠡ ᠬᠠᠮᠢᠶ᠎ᠠ ᠪᠥᠬᠦᠶ ᠰᠠᠯᠠᠭ᠎ᠠ ᠮᠦᠴᠢᠷ ᠤᠨ ᠬᠢᠨ ᠲᠣᠭᠲᠠᠭᠰᠠᠨ ᠴᠡᠷᠢᠭ ᠤᠨ ᠰᠤᠷᠭᠠᠨ ᠬᠦᠮᠦᠵᠢᠯ ᠬᠠᠮᠢᠶᠠᠷᠤᠯᠲᠠ᠂ ᠦᠵᠡᠯ ᠰᠠᠨᠠᠭ᠎ᠠ ᠶᠢ ᠵᠢᠯᠣᠭᠤᠳᠬᠤ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠬᠦ ᠬᠡᠷᠡᠭᠲᠡᠶ᠃ ᠡᠷᠬᠡᠪᠰᠢ ᠢᠳᠡᠪᠬᠢᠲᠡᠢ ᠰᠠᠨᠠᠭᠠᠴᠢᠯᠠᠭ᠎ᠠ ᠠᠴᠠ ᠪᠠᠨ ᠴᠡᠷᠢᠭ ᠲᠤᠰᠬᠤ ᠠᠩᠬᠢ ᠲᠠᠢ ᠵᠣᠯᠭᠠᠭᠤᠯᠵᠤ᠂ ᠠᠷᠭᠠᠴᠠᠬᠤ ᠠᠷᠭ᠎ᠠ ᠬᠡᠮᠵᠢᠶ᠎ᠡ ᠶᠢ ᠤᠷᠢᠳᠴᠢᠯᠠᠨ ᠲᠦᠯᠦᠪᠯᠡᠵᠤ᠂ ᠪᠦᠷᠢᠳᠬᠡᠬᠦ ᠂ ᠲᠡᠭᠡᠭᠡᠪᠦᠷᠢᠯᠡᠬᠦ᠂ ᠲᠤᠰᠢᠶᠠᠬᠤ ᠪᠠ ᠭᠥᠯᠢᠶᠡᠨ ᠠᠪᠬᠤ ᠵᠡᠷᠭᠡ ᠡᠯ᠎ᠡ ᠭᠤᠭᠴᠣᠭᠠᠨ ᠳᠠᠬᠢ ᠠᠮᠤᠷ ᠲᠦᠪᠰᠢᠨ ᠤ ᠠᠵᠢᠯ ᠢ ᠪᠦᠬᠦ ᠲᠠᠯ᠎ᠠ ᠪᠠᠷ ᠰᠠᠶᠢᠲᠤᠷ ᠬᠢᠨ᠎ᠡ᠃ ᠪᠠᠲᠤᠯᠠᠭ᠎ᠠ ᠶᠢᠨ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠡᠯ᠎ᠡ ᠴᠡᠷᠢᠭ ᠲᠤ ᠤᠷᠤᠭᠰᠠᠨ ᠨᠢᠭᠡᠴᠡ ᠨᠦᠭᠦᠳ ᠦᠳᠡᠯᠭᠡ ᠶᠢᠨ ᠬᠤᠷᠠᠯ ᠬᠤᠷᠠᠯᠳᠤᠭᠤᠯᠵᠤ᠂ ᠴᠡᠷᠢᠭ ᠲᠤ ᠤᠷᠤᠬᠤ ᠦᠡᠭᠭᠡ ᠬᠡᠷᠡᠯᠲᠡᠢ ᠭᠡᠬᠦ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠵᠤ᠂ ᠰᠢᠨ᠎ᠡ ᠴᠡᠷᠢᠭ ᠤᠨ ᠨᠡᠷᠡᠰ ᠢ ᠪᠦᠷᠢᠳᠬᠡᠨ ᠳᠡᠭᠡᠭᠰᠢ ᠮᠡᠳᠡᠭᠦᠯᠵᠤ᠂ ᠠᠰᠠᠷᠠᠮᠵᠢ ᠣᠯᠭᠤᠬᠤ᠂ ᠰᠤᠷᠤᠯᠭ᠎ᠠ ᠶᠢᠨ ᠬᠠᠷᠢᠶ᠎ᠠ ᠶᠢ ᠦᠯᠡᠳᠡᠭᠡᠬᠦ᠂ ᠰᠤᠷᠤᠯᠭ᠎ᠠ ᠶᠢᠨ ᠵᠠᠷᠤᠳᠠᠯ ᠤᠨ ᠨᠥᠬᠦᠪᠥᠷᠢ ᠵᠡᠷᠭᠡ ᠡᠯ᠎ᠡ ᠲᠠᠯ᠎ᠠ ᠤᠨ ᠠᠵᠢᠯ ᠢ ᠰᠠᠶᠢᠲᠤᠷ ᠬᠢᠵᠦ᠂ ᠡᠯᠰᠡᠭᠳᠡᠭᠰᠡᠨ ᠴᠡᠷᠢᠭ ᠢ ᠰᠠᠨᠠᠭ᠎ᠠ ᠠᠮᠤᠷ ᠪᠠᠶᠠᠷᠲᠠᠢ ᠶᠠᠪᠤᠭᠤᠯᠵᠤ ᠰᠠᠨᠠᠭᠠᠰᠢᠷᠠᠯ ᠵᠣᠪᠠᠨᠢᠯ ᠦᠬᠡᠢ ᠪᠠᠶᠢᠯᠭᠠᠨ᠎ᠠ᠃      ᠣᠶᠢᠯᠠᠭᠠᠭᠰᠠᠨ ᠢᠶᠠᠷ᠂ ᠰᠠᠶᠢᠬᠠᠨ ᠲᠣᠭᠤᠷᠢᠭ ᠨᠢᠭᠡᠨᠲᠡ ᠡᠯᠰᠡᠭᠳᠡᠭᠰᠡᠨ ᠴᠡᠷᠢᠭ ᠤᠨ  ᠪᠡᠶ᠎ᠡ ᠶᠢᠨ  ᠪᠠᠶᠢᠴᠠᠭᠠᠯᠲᠠ᠂ ᠤᠯᠤᠰ ᠲᠥᠷᠥ ᠶᠢᠨ ᠬᠢᠨᠠᠨ ᠰᠢᠯᠭᠠᠯᠲᠠ᠂ ᠰᠤᠷᠤᠯᠭ᠎ᠠ ᠶᠢᠨ ᠨᠠᠮᠲᠠᠷ  ᠪᠠᠶᠢᠴᠠᠭᠠᠬᠤ ᠪᠠ ᠴᠡᠷᠢᠭ ᠤᠨ ᠠᠯᠪᠠ ᠬᠠᠭᠠᠬᠤ ᠠᠴᠠ ᠡᠮᠦᠨᠡᠬᠢ ᠰᠤᠷᠭᠠᠨ ᠬᠥᠮᠦᠵᠢᠯ ᠪᠣᠯᠪᠠᠰᠤᠷᠠᠯ ᠵᠡᠷᠭᠡ ᠠᠵᠢᠯ ᠢ ᠬᠢᠭᠰᠡᠨ ᠪᠠᠶᠢᠨ᠎ᠠ᠃ ᠥᠨᠥ᠂ ᠰᠠᠶᠢᠬᠠᠨ ᠲᠣᠭᠤᠷᠢᠭ ᠤᠨ ᠪᠡᠶ᠎ᠡ ᠶᠢᠨ ᠪᠠᠶᠢᠴᠠᠭᠠᠯᠲᠠ ᠳᠤ 736 ᠬᠥᠮᠦᠨ ᠤᠷᠤᠯᠴᠠᠵᠦ᠂ ᠪᠡᠶ᠎ᠡ ᠶᠢᠨ ᠪᠠᠶᠢᠴᠠᠭᠠᠯᠲᠠ ᠳᠤ 314 ᠬᠥᠮᠦᠨ ᠬᠢᠷᠢ ᠲᠡᠩᠴᠡᠵᠦ︔ ᠤᠯᠤᠰ ᠲᠥᠷᠥ ᠶᠢᠨ ᠬᠢᠨᠠᠨ ᠪᠠᠶᠢᠴᠠᠭᠠᠯᠲᠠ ᠳᠤ 314 ᠬᠥᠮᠦᠨ ᠣᠷᠣᠯᠴᠠᠵᠤ᠂ ᠤᠯᠤᠰ ᠲᠥᠷᠥ ᠶᠢᠨ ᠬᠢᠨᠠᠨ ᠪᠠᠶᠢᠴᠠᠭᠠᠯᠲᠠ ᠳᠤ 283 ᠬᠥᠮᠦᠨ ᠬᠢᠷᠢ ᠲᠡᠩᠴᠡᠵᠦ︔ 242 ᠬᠦᠮᠦᠨ ᠢ ᠲᠣᠭᠲᠠᠭᠠᠵᠤ᠂ 18 ᠬᠥᠮᠦᠨ ᠨᠥᠬᠦᠵᠦ ᠣᠷᠣᠭᠤᠯᠬᠤ ᠬᠥᠮᠦᠰ ᠤᠨ ᠵᠢᠭᠰᠠᠭᠠᠯᠲᠠ ᠳᠤ ᠤᠷᠤᠭᠤᠯᠪᠠ᠃ ︵ᠰᠢᠨ᠎ᠡ ᠵᠠᠭᠤᠴᠢᠯᠠᠭᠤᠷ ᠤᠨ ᠲᠥᠪ᠄  ᠸᠠᠨ ᠶᠥᠩ ᠪᠦᠸᠧ︶  
 
ᠢᠷᠡᠯᠲᠡ᠄ ᠰᠠᠶᠢᠬᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号