ᠰᠠᠶᠢᠬᠠᠨ ᠲᠤᠭᠤᠷᠢᠭ ᠭᠤᠷᠪᠠᠳᠤᠭᠠᠷ ᠤᠯᠠᠷᠢᠯ ᠤᠨ ᠠᠶᠤᠯᠭᠦᠢ ᠦᠢᠯᠡᠳᠪᠦᠷᠢᠯᠡᠯ ᠤᠨ ᠶᠡᠭᠡ ᠪᠠᠶᠢᠴᠠᠭᠠᠯᠲᠠ ᠶᠢᠨ ᠠᠵᠢᠯ ᠪᠠᠶᠢᠷᠢᠯᠠᠭᠤᠯᠬᠤ ᠬᠤᠷᠠᠯ ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2018/9/11
     9 ᠰᠠᠷ᠎ᠠ ᠶᠢᠨ 7 ᠤ ᠡᠳᠦᠷ᠂ ᠰᠠᠶᠢᠬᠠᠨ ᠲᠤᠭᠤᠷᠢᠭ ᠭᠤᠷᠪᠠᠳᠤᠭᠠᠷ ᠤᠯᠠᠷᠢᠯ ᠤᠨ ᠠᠶᠤᠯᠭᠦᠢ ᠦᠢᠯᠡᠳᠪᠦᠷᠢᠯᠡᠯ ᠤᠨ ᠶᠡᠭᠡ ᠪᠠᠶᠢᠴᠠᠭᠠᠯᠲᠠ ᠶᠢᠨ ᠠᠵᠢᠯ ᠢ ᠪᠠᠶᠢᠷᠢᠯᠠᠭᠤᠯᠬᠤ ᠬᠤᠷᠠᠯ ᠬᠤᠷᠠᠯᠳᠤᠭᠤᠯᠵᠤ᠂ ᠪᠦᠬᠦ ᠲᠤᠭᠤᠷᠢᠭ ᠤᠨ ᠬᠤᠶᠠᠳᠤᠭᠠᠷ ᠤᠯᠠᠷᠢᠯ ᠤᠨ ᠠᠶᠤᠯᠭᠦᠢ ᠦᠢᠯᠡᠳᠪᠦᠷᠢᠯᠡᠯ ᠤᠨ ᠶᠡᠭᠡ ᠪᠠᠶᠢᠴᠠᠭᠠᠯᠲᠠ ᠶᠢᠨ ᠠᠵᠢᠯ ᠢ ᠳ᠋ᠦᠩᠨᠡᠵᠦ᠂ ᠭᠤᠷᠪᠠᠳᠤᠭᠠᠷ ᠤᠯᠠᠷᠢᠯ ᠤᠨ ᠠᠶᠤᠯᠭᠦᠶ ᠦᠢᠯᠡᠳᠪᠦᠷᠢᠯᠡᠯ ᠤᠨ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃  ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠳᠡᠳ᠋ ᠳᠠᠷᠤᠭ᠎ᠠ ᠵᠢᠶ ᠬᠠᠨ ᠭᠠᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠂ ᠲᠤᠭᠤᠷᠢᠭ ᠤᠨ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠡᠯ᠎ᠡ ᠪᠦᠷᠢᠯᠳᠦᠬᠦᠨ ᠨᠢᠭᠡᠴᠡ ᠶᠢᠨ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠵᠠᠶ᠃      ᠬᠤᠷᠠᠯ ᠠᠴᠠ ᠵᠢᠭᠠᠵᠤ ᠭᠠᠷᠭᠠᠭᠰᠠᠨ ᠨᠢ᠂ ᠡᠯ᠎ᠡ ᠬᠤᠯᠪᠣᠭᠳᠠᠯ ᠪᠦᠬᠦᠢ ᠭᠠᠵᠠᠷ ᠣᠷᠣᠨ ᠪᠠ ᠰᠠᠯᠠᠭ᠎ᠠ ᠮᠥᠴᠢᠷ ᠤᠨ ᠬᠢᠨ ᠶᠡᠷᠦᠩᠬᠡᠢ ᠱᠦᠵᠢ ᠰᠢ ᠶᠢᠨ ᠫᠢᠩ ᠤᠨ ᠠᠶᠤᠯᠭᠦᠢ ᠦᠢᠯᠡᠳᠪᠦᠷᠢᠯᠡᠯ ᠤᠨ ᠠᠵᠢᠯ ᠤᠨ ᠲᠤᠬᠠᠢ ᠴᠢᠬᠤᠯᠠ ᠵᠢᠭᠠᠪᠤᠷᠢ ᠪᠠ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠠᠷᠠᠳ ᠲᠦᠮᠡᠨ ᠢᠶᠠᠷ ᠭᠤᠣᠯ ᠪᠣᠯᠭᠠᠬᠤ ᠶᠢ ᠡᠷᠡᠰ ᠪᠠᠷᠢᠮᠲᠠᠯᠠᠵᠤ᠂ᠠᠮᠤᠷ ᠲᠦᠪᠰᠢᠨ ᠢᠶᠠᠷ ᠬᠥᠭᠵᠢᠭᠦᠯᠬᠦ ᠣᠶᠢᠯᠠᠭᠠᠭᠳᠠᠬᠤᠨ ᠢ ᠪᠠᠲᠤ ᠪᠠᠬᠢ ᠪᠤᠢ ᠪᠣᠯᠭᠠᠵᠤ᠂ ᠣᠷᠣᠨ ᠨᠤᠲᠤᠭ ᠤᠨ ᠨᠠᠮ  ᠵᠠᠰᠠᠭ ᠤᠨ ᠤᠳᠤᠷᠢᠳᠬᠤ ᠺᠠᠳ᠋ᠷᠴᠤᠳ ᠤᠨ ᠠᠶᠤᠯᠭᠦᠶ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠭᠤᠣᠯᠳᠠᠯᠭ᠎ᠠ ᠲᠠᠢ ᠠᠵᠢᠯ ᠲᠦᠷᠦᠯ ᠤᠨ ᠬᠦᠷᠢᠶᠡᠨ ᠤ ᠲᠤᠰᠬᠠᠶ ᠵᠦᠢᠯ ᠢ ᠲᠤᠪᠤᠶᠢᠮ᠎ᠠ ᠰᠠᠶᠢᠲᠤᠷ  ᠠᠳᠬᠤᠨ ᠴᠡᠭᠴᠡᠯᠡᠨ ᠵᠠᠰᠠᠵᠤ᠂ ᠬᠢᠨᠠᠨ ᠬᠠᠮᠢᠶᠠᠷᠬᠤ ᠬᠠᠤᠯᠢ ᠬᠡᠷᠡᠭᠵᠢᠭᠦᠯᠦᠯᠲᠡ᠂ ᠠᠮᠤᠷ ᠲᠦᠪᠰᠢᠨ ᠤ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠪᠠ ᠳᠠᠯᠳᠠ ᠬᠡᠮ ᠢ ᠵᠢᠭᠰᠠᠭᠠᠨ  ᠪᠠᠶᠢᠴᠠᠭᠠᠬᠤ ᠴᠡᠭᠴᠡᠯᠡᠨ ᠰᠠᠶᠢᠵᠢᠷᠠᠭᠤᠯᠬᠤ ᠶᠢ ᠴᠢᠩᠭᠠᠳᠬᠠᠨ᠂ ᠣᠨᠴᠠ ᠶᠡᠭᠡ ᠭᠡᠨᠡᠲᠡᠯ ᠭᠠᠷᠬᠤ ᠶᠢ ᠴᠢᠩᠭ᠎ᠠ ᠰᠡᠷᠭᠡᠶᠢᠯᠡᠵᠦ᠂ ᠪᠦᠬᠦ ᠲᠤᠭᠤᠷᠢᠭ ᠤᠨ ᠠᠶᠤᠯᠭᠦᠢ ᠦᠢᠯᠡᠳᠪᠦᠷᠢᠯᠡᠯ ᠤᠨ ᠪᠠᠶᠢᠳᠠᠯ ᠲᠣᠭᠲᠠᠭᠤᠨ ᠢᠶᠠᠷ ᠰᠠᠶᠢᠵᠢᠷᠠᠬᠤ ᠶᠢ ᠠᠬᠢᠭᠤᠯᠬᠤ ᠬᠡᠷᠡᠭᠲᠡᠶ᠃      ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠬᠤᠯᠪᠣᠭᠳᠠᠯ ᠪᠦᠬᠦᠢ ᠭᠠᠵᠠᠷ ᠣᠷᠣᠨ ᠪᠠ ᠰᠠᠯᠠᠭ᠎ᠠ ᠮᠥᠴᠢᠷ ᠤᠨ ᠬᠢᠨ ᠪᠠᠶᠢᠳᠠᠯ ᠢ ᠲᠣᠳᠣᠷᠬᠠᠶ ᠲᠠᠨᠢᠵᠤ᠂ ᠳᠡᠭᠡᠳᠦ ᠬᠡᠮᠵᠢᠶᠡᠨ ᠤ ᠤᠯᠤᠰ ᠲᠦᠷᠦ ᠶᠢᠨ ᠬᠠᠷᠢᠭᠤᠴᠠᠯᠭᠠᠲᠤ ᠰᠡᠳᠬᠢᠯᠭᠡ ᠪᠠᠷ ᠠᠶᠤᠯᠭᠦᠢ ᠦᠢᠯᠡᠳᠪᠦᠷᠢᠯᠡᠯ ᠤᠨ ᠶᠡᠭᠡ ᠪᠠᠶᠢᠴᠠᠭᠠᠯᠲᠠ ᠶᠢᠨ ᠠᠵᠢᠯ ᠢ ᠦᠨᠡᠨ ᠬᠦ ᠰᠠᠶᠢᠲᠤᠷ ᠬᠢᠬᠦ ᠬᠡᠷᠡᠭᠲᠡᠶ᠃ ᠴᠠᠭ ᠢᠮᠠᠭᠲᠠ ᠲᠠᠷᠢᠬᠢ ᠪᠠᠨ ᠰᠡᠷᠭᠡᠭ ᠪᠠᠶᠢᠯᠭᠠᠵᠤ᠂ ᠡᠨᠡᠬᠦ ᠬᠥᠪᠴᠢ ᠶᠢ ᠴᠢᠩᠭᠠᠷᠠᠭᠤᠯᠵᠤ᠂ ᠠᠶᠤᠯᠭᠦᠢ ᠦᠢᠯᠡᠳᠪᠦᠷᠢᠯᠡᠯ ᠤᠨ ︽ᠱᠤᠷᠠᠭ ᠤᠨ ᠠᠷ︾ ᠢ ᠨᠡᠩ ᠴᠢᠩᠭ᠎ᠠ ᠮᠤᠰᠬᠢᠨ᠎ᠠ᠃ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠠᠶᠤᠯᠭᠦᠢ ᠦᠢᠯᠡᠳᠪᠦᠷᠢᠯᠡᠯ ᠤᠨ ᠶᠡᠭᠡ ᠪᠠᠶᠢᠴᠠᠭᠠᠯᠲᠠ ᠶᠢᠨ ᠠᠵᠢᠯ ᠢ ᠪᠦᠬᠦ ᠲᠠᠯ᠎ᠠ ᠪᠠᠷ ᠠᠬᠢᠭᠤᠯᠤᠨ᠎ᠠ᠃ ︽ᠣᠷᠣᠨ ᠨᠤᠲᠤᠭ ᠤᠨ ᠨᠠᠮ ᠵᠠᠰᠠᠭ ᠤᠨ ᠤᠳᠤᠷᠢᠳᠬᠤ ᠺᠠᠳ᠋ᠷᠴᠤᠳ ᠤᠨ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠲᠦᠷᠢᠮ ᠤᠨ ᠲᠣᠭᠲᠠᠭᠠᠯ︾ ᠢ ᠴᠢᠩᠭ᠎ᠠ ᠨᠠᠶᠢᠳᠠᠪᠤᠷᠢᠵᠢᠭᠤᠯᠵᠤ᠂ ᠠᠶᠤᠯᠭᠦᠶ ᠦᠢᠯᠡᠳᠪᠦᠷᠢᠯᠡᠯ ᠤᠨ ᠠᠵᠢᠯ ᠢ ᠥᠴᠦᠬᠡᠨ ᠴᠦ ᠰᠤᠯᠠᠷᠠᠭᠤᠯᠤᠯ ᠦᠭᠡᠢ ᠪᠠᠷ ᠰᠠᠶᠢᠲᠤᠷ ᠠᠳᠬᠤᠨ᠎ᠠ᠃ ︽ᠪᠦᠬᠦᠨ ᠢ  ᠬᠠᠮᠤᠷᠠᠬᠤ᠂ ᠲᠡᠭ ᠬᠦᠯᠢᠴᠡᠯ᠂ ᠬᠠᠤᠯᠢ ᠶᠢ ᠴᠢᠩᠭ᠎ᠠ‌ᠡᠷᠡᠭᠦᠯᠵᠢᠭᠦᠯᠬᠦ᠂ ᠪᠣᠳᠠᠲᠤ ᠪᠦᠲᠦᠮᠵᠢ ᠶᠢ ᠴᠢᠬᠤᠯᠠᠴᠢᠯᠠᠬᠤ︾  ᠶᠡᠷᠦᠩᠬᠡᠶ ᠱᠠᠭᠠᠷᠳᠠᠯᠭ᠎ᠠ ᠶᠣᠰᠣᠭᠠᠷ᠂ ᠪᠦᠬᠦ ᠬᠦᠴᠦᠨ ᠢᠶᠠᠷ ᠢᠶᠠᠨ ᠠᠶᠤᠯᠭᠦᠢ ᠦᠢᠯᠡᠳᠪᠦᠷᠢᠯᠡᠯ ᠤᠨ ᠶᠡᠭᠡ ᠪᠠᠶᠢᠴᠠᠭᠠᠯᠲᠠ ᠶᠢ ᠵᠣᠬᠢᠶᠠᠨ ᠪᠠᠶᠢᠭᠤᠯᠤᠨ  ᠦᠷᠨᠢᠭᠦᠯᠦᠨ᠎ᠡ᠃ ᠡᠷᠴᠢᠮ ᠰᠤᠯᠠᠷᠠᠭᠤᠯᠬᠤ ᠪᠣᠳᠣᠯ ᠰᠠᠨᠠᠭ᠎ᠠ᠂ ᠮᠢᠨᠴᠦᠭᠦᠷᠡᠬᠦ ᠦᠵᠡᠯ ᠰᠠᠨᠠᠭ᠎ᠠ ᠶᠢ ᠡᠷᠡᠰ ᠰᠡᠷᠭᠡᠶᠢᠯᠡᠨ ᠲᠡᠪᠴᠢᠵᠦ᠂ ᠶᠡᠭᠡ ᠪᠠᠶᠢᠴᠠᠭᠠᠯᠲᠠ ᠳᠤ ᠦᠨᠡᠨ ᠪᠣᠳᠠᠲᠠᠢ ᠦᠷ᠎ᠡ ᠪᠦᠲᠦᠮᠵᠢ ᠤᠯᠬᠤ ᠶᠢ ᠪᠠᠲᠤᠯᠠᠬᠤ ᠬᠡᠷᠡᠭᠲᠡᠶ᠃      ᠬᠤᠷᠠᠯᠳᠤᠭᠠᠨ ᠠᠴᠠ ᠤᠷᠢᠶᠠᠯᠠᠭᠰᠠᠨ ᠨᠢ᠂ ᠡᠯ᠎ᠡ ᠬᠠᠮᠢᠶ᠎ᠠ ᠪᠦᠬᠦᠢ ᠭᠠᠵᠠᠷ ᠣᠷᠣᠨ ᠪᠣᠯᠤᠨ ᠰᠠᠯᠠᠭ᠎ᠠ ᠮᠥᠴᠢᠷ ᠤᠳ ᠬᠦᠴᠦᠲᠡᠶ ᠠᠷᠭ᠎ᠠ ᠬᠡᠮᠵᠢᠶ᠎ᠡ ᠠᠪᠴᠤ᠂ ᠠᠰᠠᠭᠤᠳᠠᠯ ᠤᠨ ᠦᠨᠳᠦᠰᠦ ᠰᠤᠷᠪᠤᠯᠵᠢ ᠢ ᠡᠷᠢᠨ ᠪᠠᠶᠢᠴᠠᠭᠠᠵᠤ᠂ ᠳᠠᠯᠳᠠ ᠬᠡᠮ ᠢ ᠲᠦᠢᠯᠪᠤᠷᠢᠲᠠᠶ ᠠᠷᠢᠯᠭᠠᠵᠤ᠂ ᠠᠶᠤᠯᠭᠦᠶ ᠶᠢᠨ ᠡ᠊ᠨᠳᠡᠯ ᠭᠠᠷᠬᠤ ᠶᠢ ᠦᠭᠡᠶᠢᠰᠬᠡᠬᠦ ᠪᠤᠶᠤ ᠪᠠᠭᠠᠰᠬᠠᠵᠤ᠂ ᠠᠷᠠᠳ ᠤᠯᠠᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠢ ᠦᠨᠡᠨ ᠬᠦ ᠪᠠᠲᠤᠯᠠᠬᠤ ᠬᠡᠷᠡᠭᠲᠡᠶ᠂ ᠰᠠᠶᠢᠬᠠᠨ ᠲᠣᠭᠤᠷᠢᠭ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠢᠨ ᠲᠥᠯᠥᠭᠡ ᠦᠵᠡᠭᠦᠯᠪᠡᠰᠦ ᠵᠣᠬᠢᠬᠤ ᠬᠤᠪᠢ ᠨᠡᠮᠡᠷᠢ ᠪᠠᠨ ᠦᠵᠡᠭᠦᠯᠵᠦ  ᠂ ᠨᠡᠩ ᠦᠵᠡᠰᠬᠦᠯᠡᠩᠲᠦ ᠰᠠᠶᠢᠬᠠᠨ ᠨᠡᠩ ᠡᠶ᠎ᠡ ᠵᠣᠬᠢᠴᠠᠩᠭᠤᠢ ᠰᠠᠶᠢᠬᠠᠨ ᠲᠣᠭᠤᠷᠢᠭ ᠤᠨ ᠠᠶᠤᠯᠭᠦᠶ ᠦᠢᠯᠡᠳᠪᠦᠷᠢᠯᠡᠯ ᠤᠨ ᠰᠠᠶᠢᠨ ᠰᠠᠶᠢᠬᠠᠨ ᠣᠷᠴᠢᠨ ᠲᠣᠭᠤᠷᠢᠨ ᠪᠦᠲᠦᠭᠡᠨ  ᠪᠠᠶᠢᠭᠤᠯᠤᠨ᠎ᠠ᠃ ︵ᠰᠢᠨ᠎ᠡ ᠵᠠᠭᠤᠴᠢᠯᠠᠭᠤᠷ ᠤᠨ ᠲᠥᠪ ᠯᠦ ᠶᠠᠨ ᠹᠠᠩ︶
 
ᠢᠷᠡᠯᠲᠡ᠄ ᠰᠠᠶᠢᠬᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号