ᠹᠧᠩ ᠢᠦᠢ ᠵᠧᠨ ᠰᠠᠶᠢᠬᠠᠨ ᠲᠣᠭᠤᠷᠢᠭ ᠲᠤ ᠬᠦᠷᠴᠦ ︽ᠬᠦᠯᠡᠮᠵᠢᠲᠦ ᠭᠡᠷ︾ ᠤᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠠᠬᠢᠭᠤᠯᠤᠭᠰᠠᠨ ᠪᠠᠶᠢᠳᠠᠯ ᠢ ᠬᠢᠨᠠᠨ ᠵᠢᠯᠣᠭᠤᠳᠪᠠ
ᠨᠡᠶᠢᠲᠡᠯᠡᠭᠰᠡᠨ ᠴᠠᠭ᠄
2019/2/28
     2 ᠰᠠᠷ᠎ᠠ ᠶᠢᠨ 23 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠹᠧᠩ ᠢᠦᠶ ᠵᠧᠨ ᠳᠠᠬᠢᠨᠲᠠ ᠰᠠᠶᠢᠬᠠᠨ ᠲᠣᠭᠤᠷᠢᠭ ᠤᠨ ᠶᠢᠨ ᠾᠧ ᠪᠠᠯᠭᠠᠰᠤᠨ ᠤ ᠮᠤᠤ ᠱᠧᠩ ᠶᠢᠩ ᠳᠤ ᠬᠦᠷᠴᠦ ᠬᠢᠨᠠᠨ ᠵᠢᠯᠣᠭᠤᠳᠬᠤ ᠳᠠᠭᠠᠨ᠂ ︽ᠬᠦᠯᠡᠮᠵᠢᠲᠦ ᠭᠡᠷ︾ ᠢ ᠴᠡᠪᠡᠷᠯᠡᠨ ᠴᠡᠭᠴᠡᠯᠡᠬᠦ ᠪᠣᠯ ᠨᠠᠮ ᠤᠨ ᠲᠥᠪ ᠬᠤᠷᠢᠶᠠᠨ ᠤ ᠴᠢᠬᠤᠯᠠ ᠪᠠᠶᠢᠷᠢᠯᠠᠭᠤᠯᠤᠯᠲᠠ ᠪᠠ ᠱᠠᠭᠠᠷᠳᠠᠯᠭ᠎ᠠ ᠮᠥᠨ᠂ ᠡᠷᠬᠡᠪᠰᠢ ᠪᠡᠶᠡᠯᠡᠭᠦᠯᠬᠦ ᠤᠯᠤᠰ ᠲᠥᠷᠥ ᠶᠢᠨ ᠡᠭᠦᠷᠭᠡ ᠮᠥᠨ᠃ ᠡᠯ᠎ᠡ ᠱᠠᠲᠤ ᠡᠯ᠎ᠡ ᠰᠠᠯᠠᠭ᠎ᠠ ᠮᠦᠴᠢᠷ ᠤᠳ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠤᠯᠤᠰ ᠲᠥᠷᠥ ᠶᠢᠨ ᠵᠣᠭᠰᠣᠴᠠ ᠪᠠᠨ ᠦᠨᠡᠨᠬᠦ ᠳᠡᠭᠡᠭᠰᠢᠯᠡᠭᠦᠯᠵᠦ᠂ ᠲᠥᠪ ᠤᠨ ᠤᠳᠤᠷᠢᠳᠤᠯᠭ᠎ᠠ ᠶᠢᠨ ︽ᠬᠦᠯᠡᠮᠵᠢᠲᠦ ᠭᠡᠷ︾ ᠤᠨ ᠠᠰᠠᠭᠤᠳᠠᠯ ᠢ ᠢᠯᠭᠠᠷᠠᠭᠤᠯᠤᠨ ᠴᠡᠭᠴᠡᠯᠡᠨ ᠵᠠᠰᠠᠬᠤ ᠠᠵᠢᠯ ᠤᠨ ᠲᠤᠬᠠᠢ ᠴᠢᠬᠤᠯᠠ ᠴᠣᠬᠤᠯᠠᠪᠤᠷᠢ ᠪᠣᠯᠤᠨ ᠥᠪᠡᠷᠲᠡᠭᠡᠨ ᠵᠠᠰᠠᠬᠤ ᠣᠷᠣᠨ ᠵᠢᠴᠢ ᠮᠠᠨ ᠤ ᠬᠤᠳᠠ ᠶᠢᠨ ︽ᠬᠦᠯᠡᠮᠵᠢᠲᠦ ᠭᠡᠷ︾ ᠤᠨ ᠠᠰᠠᠭᠤᠳᠠᠯ ᠢ ᠢᠯᠭᠠᠷᠠᠭᠤᠯᠤᠨ ᠴᠡᠭᠴᠡᠯᠡᠨ ᠵᠠᠰᠠᠬᠤ ᠪᠠᠶᠢᠷᠢᠯᠠᠭᠤᠯᠤᠯᠲᠠ ᠪᠣᠯᠤᠨ ᠤᠯᠠᠨ ᠤᠳᠠᠭ᠎ᠠ ᠶᠢᠨ ᠲᠤᠰᠬᠠᠢ ᠰᠡᠳᠦᠪᠲᠦ ᠬᠤᠷᠠᠯ  ᠤᠨ ᠵᠣᠷᠢᠭ ᠰᠠᠨᠠᠭ᠎ᠠ ᠶᠢ ᠡᠷᠡᠰ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠴᠠᠭ ᠢ ᠬᠤᠪᠢᠷᠠᠭᠤᠯᠬᠤ ᠥᠬᠡᠶ᠂ ᠡᠭᠦᠷᠭᠡ ᠶᠢ ᠬᠤᠪᠢᠷᠠᠭᠤᠯᠬᠤ ᠥᠬᠡᠶ ᠪᠠᠶᠢᠵᠤ᠂ ︽ᠬᠦᠯᠡᠮᠵᠢᠲᠦ ᠭᠡᠷ︾ ᠤᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠬᠤᠭᠤᠴᠠᠭ᠎ᠠ ᠶᠣᠰᠣᠭᠠᠷ ᠪᠡᠶᠡᠯᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠢ᠃      ᠬᠤᠲᠠ ᠶᠢᠨ ᠳᠡᠳ᠋ ᠳᠠᠷᠤᠭ᠎ᠠ ᠪᠢ ᠭᠦᠸᠧ ᠴᠧᠨ ᠵᠢᠴᠢ ᠬᠤᠲᠠ ᠶᠢᠨ ᠤᠯᠤᠰ ᠤᠨ ᠭᠠᠵᠠᠷ ᠰᠢᠷᠣᠶ ᠶᠢᠨ ᠲᠣᠪᠴᠢᠶ᠎ᠠ᠂ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶᠠᠨ ᠤ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠳ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃      ᠲᠤᠬᠠᠢ ᠶᠢᠨ ᠡᠳᠦᠷ᠂ ᠹᠧᠩ ᠢᠦᠢ ᠵᠧᠨ ᠨᠡᠷ ᠮᠤᠤ ᠱᠧᠩ ᠶᠢᠩ ᠤᠨ ︽ᠬᠦᠯᠡᠮᠵᠢᠲᠦ ᠭᠡᠷ︾ ᠤᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠲᠤᠬᠠᠢ ᠶᠢᠨ ᠲᠠᠯᠠᠪᠠᠢ ᠳᠤ ᠬᠦᠷᠴᠦ᠂ ᠲᠤᠬᠠᠢ ᠶᠢᠨ ᠭᠠᠵᠠᠷ ᠤᠨ ᠲᠠᠷᠢᠶᠠᠴᠢᠨ ᠡᠷᠦᠬᠡ ᠪᠣᠯᠤᠨ ᠬᠦᠯᠡᠮᠵᠢᠲᠦ ᠭᠡᠷ ᠢ ᠳᠠᠭᠠᠭᠠᠴᠢᠯᠠᠨ ᠡᠵᠡᠩᠨᠡᠭᠴᠢ ᠳᠤ ᠲᠥᠷᠥ ᠶᠢᠨ ᠪᠣᠳᠣᠯᠭ᠎ᠠ᠂ ᠬᠠᠤᠯᠢ ᠳᠦᠷᠢᠮ ᠢ ᠶᠠᠷᠢᠵᠤ ᠥᠭᠬᠦ ᠶᠢᠨ ᠬᠠᠮᠲᠤ ᠴᠡᠭᠴᠡᠯᠡᠨ ᠰᠠᠶᠢᠵᠢᠷᠠᠭᠤᠯᠬᠤ ᠠᠵᠢᠯ ᠳᠤ ᠱᠠᠭᠠᠷᠳᠠᠯᠭ᠎ᠠ ᠳᠤᠷᠠᠳᠴᠤ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ︽ᠬᠦᠯᠡᠮᠵᠢᠲᠦ ᠭᠡᠷ︾ ᠤᠨ ᠴᠡᠭᠴᠡᠯᠡᠨ ᠵᠠᠰᠠᠬᠤ ᠠᠵᠢᠯ ᠢ ᠤᠯᠤᠰ ᠲᠥᠷᠥ ᠶᠢᠨ ᠡᠭᠦᠷᠭᠡ ᠪᠣᠯᠭᠠᠨ ᠴᠢᠩᠭ᠎ᠠ ᠠᠳᠬᠤᠵᠤ ᠪᠣᠳᠠᠲᠠᠢ ᠠᠳᠬᠤᠬᠤ ᠬᠡᠷᠡᠭᠲᠡᠢ ᠭᠡᠪᠡ᠃ ᠠᠵᠢᠯ ᠤᠨ ᠬᠠᠷᠢᠭᠤᠴᠠᠯᠭ᠎ᠠ ᠪᠠᠨ ᠤᠯᠠᠮ ᠨᠢᠭᠡ ᠠᠯᠬᠤᠮ ᠪᠣᠳᠠᠲᠠᠶᠢᠵᠢᠭᠤᠯᠵᠤ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠢᠳᠡᠪᠬᠢᠲᠡᠢ ᠪᠠᠷ ᠴᠡᠭᠴᠡᠯᠡᠨ ᠰᠠᠶᠢᠵᠢᠷᠠᠭᠤᠯᠵᠤ᠂ ᠬᠤᠳᠠᠯ ᠬᠡᠯᠡᠵᠦ ᠬᠠᠭᠤᠷᠮᠠᠭᠯᠠᠨ ᠵᠣᠬᠢᠶᠠᠬᠤ᠂ ᠣᠷᠬᠢᠭᠳᠠᠭᠤᠯᠤᠨ ᠮᠡᠳᠡᠭᠦᠯᠬᠦ ᠥᠬᠡᠶ ᠨᠢᠭᠤᠬᠤ ᠶᠢ ᠡᠷᠡᠰ ᠴᠠᠭᠠᠵᠠᠯᠠᠨ᠂ ᠲᠦᠷᠭᠡᠬᠡᠨ ᠴᠡᠭᠴᠡᠯᠡᠨ ᠰᠠᠶᠢᠵᠢᠷᠠᠭᠤᠯᠵᠤ ᠪᠣᠳᠠᠲᠠᠶᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠢ ᠭᠡᠪᠡ᠃      ᠹᠧᠩ ᠢᠦᠢ ᠵᠧᠨ᠂ ︽ᠬᠦᠯᠡᠮᠵᠢᠲᠦ ᠭᠡᠷ︾ ᠢ ᠨᠤᠷᠠᠭᠠᠵᠤ ᠨᠡᠭᠦᠯᠭᠡᠬᠦ ᠪᠠ ᠦᠢᠯᠡᠳᠪᠦᠷᠢᠯᠡᠯ ᠠᠮᠢᠳᠤᠷᠠᠯ ᠢ ᠪᠠᠲᠤᠯᠠᠬᠤ ᠲᠠᠯ᠎ᠠ ᠪᠠᠷ ᠠᠷᠭ᠎ᠠ ᠪᠣᠳᠣᠵᠤ᠂ ᠵᠠᠰᠠᠭ ᠤᠨ ᠣᠷᠳᠣᠨ ᠤ ᠦᠢᠯᠡᠴᠢᠯᠡᠭᠡ ᠶᠢ ᠴᠢᠨᠠᠭᠰᠢᠳᠠ ᠤᠷᠲᠤᠳᠬᠠᠬᠤ ᠬᠡᠷᠡᠭᠲᠡᠢ᠃ ᠨᠤᠷᠠᠭᠠᠵᠤ ᠨᠡᠭᠦᠯᠭᠡᠭᠰᠡᠨ ᠬᠤᠭᠤᠰᠣᠨ ᠭᠠᠷᠤᠭᠰᠠᠨ ᠲᠠᠷᠢᠶᠠᠨ ᠭᠠᠵᠠᠷ ᠢ ᠭᠦᠢᠴᠡᠳ ᠠᠰᠢᠭᠯᠠ ᠠᠷᠭ᠎ᠠ ᠪᠣᠳᠣᠵᠤ᠂ ᠵᠢᠮᠢᠰ ᠤᠨ ᠮᠣᠳᠣ ᠵᠠᠶᠢᠯᠠᠬᠤ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ ᠭᠠᠵᠠᠷ ᠰᠢᠷᠣᠶ ᠶᠢᠨ ᠠᠰᠢᠭᠯᠠᠯᠲᠠ ᠶᠢᠨ ᠨᠤᠷᠮ᠎ᠠ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠬᠡᠷᠡᠭᠲᠡᠶ᠃ ᠲᠠᠷᠢᠶᠠᠯᠠᠩ ᠤᠨ ᠠᠵᠤ ᠦᠢᠯᠡᠰ ᠢ ᠤᠯᠠᠮ ᠨᠢᠭᠡ ᠠᠯᠬᠤᠮ ᠬᠥᠭᠵᠢᠭᠦᠯᠦᠨ ᠪᠤᠵᠠᠭᠠᠶᠢᠷᠠᠭᠤᠯᠬᠤ ᠲᠠᠯ᠎ᠠ ᠪᠠᠷ ᠠᠷᠭ᠎ᠠ ᠪᠣᠳᠣᠵᠤ᠂ ᠰᠢᠨ᠎ᠡ ᠰᠡᠳᠬᠢᠴᠡ᠂ ᠰᠢᠨ᠎ᠡ ᠮᠡᠷᠭᠡᠵᠢᠯ ᠢ ᠣᠷᠣᠭᠤᠯᠤᠨ ᠠᠪᠴᠢᠷᠠᠵᠤ᠂ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠳᠠᠭᠠᠭᠤᠯᠤᠭᠴᠢ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠲᠠᠷᠢᠶᠠᠯᠠᠩ ᠤᠨ ᠠᠵᠤ ᠦᠢᠯᠡᠰᠵᠢᠯᠲᠡ ᠶᠢᠨ ᠬᠥᠭᠵᠢᠯᠲᠡ ᠶᠢᠨ ᠬᠢᠷᠢ ᠬᠡᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠬᠡᠷᠡᠭᠲᠡᠶ᠃ ᠤᠬᠠᠭᠤᠯᠬᠤ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠵᠤ᠂ ᠥᠳᠬᠡᠨ ᠵᠤᠵᠠᠭᠠᠨ ᠠᠭᠤᠷ ᠠᠮᠢᠰᠬᠤᠯ ᠢ ᠪᠤᠢ ᠪᠣᠯᠭᠠᠵᠤ᠂ ᠲᠠᠷᠢᠶᠠᠨ ᠭᠠᠵᠠᠷ ᠤᠨ ᠲᠠᠷᠢᠶᠠᠯᠠᠩ ᠤᠨ ᠪᠤᠰᠤ  ᠬᠡᠷᠡᠭᠯᠡᠯᠲᠡ ᠶᠢᠨ ᠦᠵᠡᠭᠳᠡᠯ ᠢ ᠦᠨᠳᠦᠰᠦ ᠰᠤᠷᠪᠤᠯᠵᠢ ᠠᠴᠠ ᠨᠢ ᠬᠤᠷᠢᠭᠯᠠᠬᠤ ᠬᠡᠷᠡᠭᠲᠡᠶ ᠭᠡᠪᠡ᠃
 
ᠢᠷᠡᠯᠲᠡ᠄ ᠰᠠᠶᠢᠬᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号