ᠰᠠᠶᠢᠬᠠᠨ ᠲᠣᠭᠤᠷᠢᠭ ᠤᠨ ︽ᠬᠦᠯᠡᠮᠵᠢᠲᠦ ᠭᠡᠷ︾ ᠢ ᠴᠡᠭᠴᠡᠯᠡᠨ ᠵᠠᠰᠠᠬᠤ ᠡᠭᠦᠷᠭᠡ ᠶᠢ ᠤᠷᠤᠭᠰᠢᠲᠠᠶ ᠪᠡᠶᠡᠯᠡᠭᠦᠯᠵᠦ᠂ ᠪᠡᠶᠡᠯᠡᠭᠦᠯᠦᠭᠰᠡᠨ ᠨᠣᠷᠮ᠎ᠠ 100 % ᠳᠤ ᠬᠦᠷᠪᠡ
ᠨᠡᠶᠢᠲᠡᠯᠡᠭᠰᠡᠨ ᠴᠠᠭ᠄
2019/3/2
     ᠬᠠᠪᠤᠷ ᠤᠨ ᠬᠦᠢᠲᠡᠨ ᠤᠯᠠᠷᠢᠯ ᠳᠤ ᠰᠠᠶᠢᠬᠠᠨ ᠲᠣᠭᠤᠷᠢᠭ 2019 ᠤᠨ ᠠᠩᠬᠠᠳᠠᠭᠴᠢ ︽ᠬᠠᠲᠠᠭᠤ ᠳᠠᠶᠢᠯᠠᠯᠳᠤᠭᠠᠨ︾ ᠢ ᠬᠢᠵᠦ᠂ ᠴᠥᠭᠡᠨ ᠪᠤᠰᠤ ᠠᠵᠢᠯᠲᠠᠨ ︽ᠬᠦᠯᠡᠮᠵᠢᠲᠦ ᠭᠡᠷ︾ ᠢ ᠴᠡᠭᠴᠡᠯᠡᠨ ᠵᠠᠰᠠᠬᠤ ᠠᠵᠢᠯ ᠤᠨ ᠨᠢᠭᠡᠳᠦᠭᠡᠷ ᠹᠷᠣᠨᠲ ᠳᠤ ᠡᠳᠦᠷ ᠰᠥᠨᠢ ᠦᠭᠡᠢ ᠶᠠᠭᠠᠷᠠᠯᠲᠠᠢ ᠠᠵᠢᠯᠯᠠᠵᠤ ᠪᠠᠶᠢᠯ᠎ᠠ᠃ ᠰᠢᠨ᠎ᠡ ᠵᠢᠯ ᠤᠨ ᠠᠩᠬᠠᠳᠠᠭᠴᠢ ᠭᠤᠣᠯᠳᠠᠯᠭ᠎ᠠ ᠲᠠᠢ ᠠᠵᠢᠯ ᠪᠣᠯᠤᠭᠰᠠᠨ ᠤ ᠬᠤᠪᠢ ᠳᠤ᠂ ᠰᠠᠷ᠎ᠠ ᠭᠠᠷᠤᠢ ᠶᠢᠨ ᠲᠤᠷᠰᠢ᠂ ︽ᠬᠦᠯᠡᠮᠵᠢᠲᠦ ᠭᠡᠷ︾ ᠢ ᠴᠡᠪᠡᠷᠯᠡᠨ ᠴᠡᠭᠴᠡᠯᠡᠨ ᠵᠠᠰᠠᠬᠤ ᠠᠵᠢᠯ ᠬᠥᠭᠵᠢᠶᠡᠨᠲᠡᠢ ᠶᠠᠪᠤᠭᠳᠠᠵᠤ᠂ ᠡᠴᠦᠰ ᠲᠡᠭᠡᠨ 2 ᠰᠠᠷ᠎ᠠ ᠶᠢᠨ 27 ᠤ ᠡᠳᠦᠷ ᠭᠤᠷᠪᠠᠨ ᠲᠥᠷᠥᠯ ᠤᠨ ᠠᠰᠠᠭᠤᠳᠠᠯ ᠢ ᠴᠡᠭᠴᠡᠯᠡᠨ  ᠰᠠᠶᠢᠵᠢᠷᠠᠭᠤᠯᠬᠤ ᠪᠦᠬᠦ ᠡᠭᠦᠷᠭᠡ ᠶᠢ ᠪᠡᠶᠡᠯᠡᠭᠦᠯᠵᠦ᠂ ᠣᠳᠣᠬᠠᠨ ᠳᠤ ᠨᠢᠭᠡᠨᠲᠡ ᠬᠤᠭ ᠨᠣᠪᠰᠢ ᠶᠢ ᠴᠡᠪᠡᠷᠯᠡᠨ ᠵᠦᠭᠡᠭᠡᠪᠦᠷᠢᠯᠡᠬᠦ ᠱᠠᠲᠤᠨ ᠳᠤ ᠣᠷᠣᠵᠤ᠂ ᠴᠢᠨᠠᠷ ᠢ ᠪᠠᠲᠤᠯᠠᠨ ᠲᠤᠭ᠎ᠠ ᠬᠡᠮᠵᠢᠶ᠎ᠡ ᠶᠢ ᠪᠠᠲᠤᠯᠠᠵᠤ ︽ᠲᠡᠷᠡ ᠶᠣᠰᠣᠭᠠᠷ ᠨᠢ᠂ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠬᠦ︾ ᠡᠷᠡᠰ ᠪᠠᠲᠤ ᠠᠮᠠᠯᠠᠯᠲᠠ ᠪᠠᠨ ᠪᠡᠶᠡᠯᠡᠭᠦᠯᠪᠡ᠃      1 ᠰᠠᠷ᠎ᠠ ᠠᠴᠠ ᠡᠬᠢᠯᠡᠨ᠂ ᠰᠠᠶᠢᠬᠠᠨ ᠲᠣᠭᠤᠷᠢᠭ ᠤᠯᠤᠰ ᠤᠨ ︽︿ᠬᠦᠯᠡᠮᠵᠢᠲᠦ ᠭᠡᠷ﹀ ᠤᠨ ᠠᠰᠠᠭᠤᠳᠠᠯ ᠢ ᠲᠤᠰᠬᠠᠢ ᠴᠡᠭᠴᠡᠯᠡᠨ ᠵᠠᠰᠠᠬᠤ ᠠᠵᠢᠯᠯᠠᠭ᠎ᠠ ᠶᠢᠨ ᠴᠡᠭᠴᠡᠯᠡᠨ  ᠰᠠᠶᠢᠵᠢᠷᠠᠭᠤᠯᠬᠤ ᠠᠵᠢᠯ ᠤᠨ ᠲᠤᠬᠠᠢ ᠵᠢᠯᠣᠭᠤᠳᠬᠤ ᠰᠠᠨᠠᠯ︾ ᠳᠤ ᠳᠤᠷᠠᠳᠤᠭᠰᠠᠨ ᠰᠢᠨ᠎ᠡ ᠱᠠᠭᠠᠷᠳᠠᠯᠭ᠎ᠠ ᠶᠣᠰᠣᠭᠠᠷ᠂ ᠵᠠᠯᠭᠠᠭ᠎ᠠ ᠪᠠᠷ ᠭᠤᠷᠪᠠ ᠤᠳᠠᠭ᠎ᠠ ᠪᠦᠬᠦ ᠲᠠᠯ᠎ᠠ ᠪᠠᠷ ᠭᠦᠨᠵᠡᠭᠡᠢ ᠪᠠᠶᠢᠳᠠᠯ ᠢ ᠣᠶᠢᠯᠠᠭᠠᠵᠤ ᠵᠢᠭᠰᠠᠭᠠᠨ ᠪᠠᠶᠢᠴᠠᠭᠠᠵᠤ᠂ ᠡᠴᠦᠰ ᠲᠡᠭᠡᠨ ᠡᠯ᠎ᠡ ᠲᠥᠷᠥᠯ ᠤᠨ ᠠᠰᠠᠭᠤᠳᠠᠯ 3499 ᠪᠠᠶᠢᠬᠤ ᠶᠢ ᠲᠣᠭᠲᠠᠭᠠᠵᠠᠢ᠃      ᠥᠨᠳᠥᠷ ᠨᠢᠭᠲᠠᠴᠠ ᠲᠠᠢ᠂ ᠥᠨᠳᠥᠷ ᠬᠦᠴᠦᠯᠡᠴᠡ ᠲᠠᠢ᠂ ᠥᠨᠳᠥᠷ ᠨᠠᠷᠢᠯᠠᠭᠴᠠ ᠲᠠᠢ ᠠᠵᠢᠯ ᠤᠨ ᠪᠠᠷᠢᠮᠵᠢᠶ᠎ᠠ ᠨᠢ ᠰᠠᠶᠢᠬᠠᠨ ᠲᠣᠭᠤᠷᠢᠭ ᠤᠨ ︽ᠬᠦᠯᠡᠮᠵᠢᠲᠦ ᠭᠡᠷ︾ ᠤᠨ ᠲᠤᠰᠬᠠᠶ ᠴᠡᠭᠴᠡᠯᠡᠨ ᠵᠠᠰᠠᠬᠤ ᠡᠭᠦᠷᠭᠡ ᠶᠢ ᠴᠢᠨᠠᠷ ᠰᠠᠶᠢᠲᠠᠶ ᠥᠨᠳᠥᠷ ᠪᠦᠲᠦᠮᠵᠢᠲᠡᠶ ᠪᠠᠶᠢᠳᠠᠯ ᠢᠶᠠᠷ ᠤᠷᠤᠭᠰᠢ ᠠᠬᠢᠭᠤᠯᠤᠭᠰᠠᠨ ᠪᠠᠶᠢᠨ᠎ᠠ᠃ ᠰᠠᠶᠢᠬᠠᠨ ᠲᠣᠭᠤᠷᠢᠭ  ᠤᠨ ︽ᠬᠦᠯᠡᠮᠵᠢᠲᠦ ᠭᠡᠷ︾ ᠤᠨ ᠠᠰᠠᠭᠤᠳᠠᠯ ᠢ ᠲᠤᠰᠬᠠᠢ ᠴᠡᠭᠴᠡᠯᠡᠨ ᠵᠠᠰᠠᠬᠤ ᠠᠵᠢᠯᠯᠠᠭ᠎ᠠ ᠶᠢᠨ ᠤᠳᠤᠷᠢᠳᠬᠤ ᠳᠤᠭᠤᠢᠯᠠᠩ ᠵᠢᠭᠰᠠᠭᠠᠨ ᠪᠠᠶᠢᠴᠠᠭᠠᠵᠤ ᠭᠠᠷᠭᠠᠭᠰᠠᠨ ᠬᠡᠳᠦᠨ ᠲᠥᠷᠥᠯ ᠤᠨ ᠠᠰᠠᠭᠤᠳᠠᠯ ᠳᠤ ᠴᠢᠭᠯᠡᠭᠦᠯᠦᠨ᠂ ᠲᠠᠷᠢᠶᠠᠨ ᠭᠠᠵᠠᠷ ᠢ ᠲᠠᠷᠢᠶᠠᠯᠠᠩ ᠳᠤ ᠬᠡᠷᠡᠭᠯᠡᠬᠦ ᠵᠠᠷᠴᠢᠮ ᠢ ᠪᠠᠷᠢᠮᠲᠠᠯᠠᠵᠤ᠂ ᠲᠥᠷᠥᠯ ᠵᠦᠢᠯ ᠬᠤᠪᠢᠶᠠᠨ᠂ ᠵᠢᠭᠰᠠᠭᠠᠨ ᠪᠠᠶᠢᠴᠠᠭᠠᠬᠤ᠂ ᠴᠡᠭᠴᠡᠯᠡᠨ ᠵᠠᠰᠠᠬᠤ ᠱᠠᠭᠠᠷᠳᠠᠯᠭ᠎ᠠ ᠶᠣᠰᠣᠭᠠᠷ ᠡᠳᠦᠷᠵᠢᠨ ᠰᠥᠨᠢᠵᠢᠨ ᠠᠵᠢᠯᠯᠠᠵᠤ᠂ ᠦᠷᠭᠦᠯᠵᠢᠯᠡᠨ ᠪᠠᠶᠢᠯᠳᠤᠵᠤ᠂ ᠬᠦᠴᠢᠷ ᠢ ᠲᠤᠭᠤᠯᠤᠨ ᠪᠡᠷᠬᠡ ᠶᠢ ᠳᠠᠪᠠᠵᠠᠢ᠃ 2 ᠰᠠᠷ᠎ᠠ ᠶᠢᠨ 27 ᠤ ᠡᠳᠦᠷ ᠪᠣᠯᠲᠠᠯ᠎ᠠ᠂ ᠶᠢᠨ ᠾᠧ ᠪᠠᠯᠭᠠᠰᠤ᠂ ᠬᠤᠸᠠᠩ ᠾᠧ ᠱᠣᠣ ᠪᠠᠯᠭᠠᠰᠤ᠂ ᠴᠡᠯᠡᠭᠡᠷ ᠲᠠᠯ᠎ᠠ ᠵᠠᠮ ᠤᠨ ᠵᠡᠭᠡᠯᠢ ᠭᠤᠳᠤᠮᠵᠢ ᠵᠡᠷᠭᠡ ︽ᠬᠦᠯᠡᠮᠵᠢᠲᠦ ᠭᠡᠷ︾ ᠢ ᠴᠡᠪᠡᠷᠯᠡᠨ ᠴᠡᠭᠴᠡᠯᠡᠨ ᠵᠠᠰᠠᠬᠤ ᠠᠰᠠᠭᠤᠳᠠᠯ ᠳᠤ ᠬᠤᠯᠪᠣᠭᠳᠠᠭᠰᠠᠨ ᠵᠢᠷᠭᠤᠭᠠᠨ ᠪᠠᠯᠭᠠᠰᠤ ᠪᠠ ᠲᠠᠷᠢᠶᠠᠯᠠᠩ ᠳᠤ ᠬᠤᠯᠪᠣᠭᠳᠠᠬᠤ ᠵᠡᠭᠡᠯᠢ ᠭᠤᠳᠤᠮᠵᠢ ᠶᠢᠨ ᠨᠢᠭᠡᠳᠦᠭᠡᠷ᠂ ᠬᠤᠶᠠᠳᠤᠭᠠᠷ᠂ ᠭᠤᠷᠪᠠᠳᠤᠭᠠᠷ ᠲᠥᠷᠥᠯ ᠤᠨ ᠠᠰᠠᠭᠤᠳᠠᠯ ᠢ ᠪᠡᠶᠡᠯᠡᠭᠦᠯᠦᠭᠰᠡᠨ ᠨᠣᠷᠮ᠎ᠠ ᠨᠢ ᠴᠥᠮ 100 % ᠪᠠᠶᠢᠪᠠ᠃      ᠳᠠᠷᠠᠭᠠᠴᠢ ᠶᠢᠨ ᠠᠯᠬᠤᠮ ᠳᠤ᠂ ᠰᠠᠶᠢᠬᠠᠨ ᠲᠣᠭᠤᠷᠢᠭ ᠤᠨ ᠬᠢᠨ ᠤᠯᠤᠰ ᠲᠥᠷᠥ ᠶᠢᠨ ᠵᠣᠭᠰᠣᠴᠠ ᠪᠠᠨ ᠦᠷᠭᠦᠯᠵᠢᠯᠡᠨ ᠳᠡᠭᠡᠭᠰᠢᠯᠡᠭᠦᠯᠵᠦ᠂ ︽ᠬᠦᠯᠡᠮᠵᠢᠲᠦ ᠭᠡᠷ︾ ᠤᠨ ᠠᠰᠠᠭᠤᠳᠠᠯ ᠪᠣᠯᠤᠨ ︽ᠢᠳᠡᠰᠢᠨ ᠨᠣᠭᠤᠭ᠎ᠠ︾ ᠶᠢᠨ ᠠᠵᠤ ᠦᠢᠯᠡᠰ ᠤᠨ ᠬᠥᠭᠵᠢᠯᠲᠡ ᠶᠢᠨ ᠠᠰᠠᠭᠤᠳᠠᠯ ᠢ ᠣᠷᠭᠠᠨᠢᠭ ᠢᠶᠠᠷ ᠤᠶᠠᠯᠳᠤᠭᠤᠯᠵᠤ᠂ ᠬᠠᠮᠲᠤᠪᠠᠷ ᠠᠬᠢᠭᠤᠯᠬᠤ ᠶᠢᠨ ᠬᠠᠮᠲᠤ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠭᠠᠵᠠᠷ ᠰᠢᠷᠣᠢ ᠶᠢᠨ ᠰᠢᠨᠵᠢ ᠴᠢᠨᠠᠷ ᠢ ᠴᠢᠨᠠᠭᠰᠢᠳᠠ ᠡᠮᠬᠢᠯᠡᠵᠦ᠂ ᠲᠥᠬᠦᠭᠡᠷᠦᠮᠵᠢ ᠶᠢᠨ ᠲᠠᠷᠢᠶᠠᠯᠠᠩ ᠳᠤ ᠬᠡᠷᠡᠭᠯᠡᠬᠦ ᠭᠠᠵᠠᠷ ᠪᠣᠯᠤᠨ ᠬᠢᠨᠠᠯᠲᠠ ᠬᠠᠮᠢᠶᠠᠷᠤᠯᠲᠠ ᠶᠢᠨ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠠᠯᠬᠤᠮ ᠠᠯᠬᠤᠮ ᠢᠶᠠᠷ ᠪᠠᠢᠭᠤᠯᠤᠨ᠎ᠠ᠃ ︵ᠰᠢᠨ᠎ᠡ ᠵᠠᠭᠤᠴᠢᠯᠠᠭᠤᠷ ᠤᠨ ᠲᠥᠪ ᠵᠠᠩ ᠱᠦ ᠨᠢᠭ᠋︶  
 
ᠢᠷᠡᠯᠲᠡ᠄ ᠰᠠᠶᠢᠬᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号