ᠰᠠᠶᠢᠬᠠᠨ ᠲᠤᠭᠤᠷᠢᠭ ᠨᠠᠮ ᠤᠨ ᠬᠤᠷᠢᠶ᠎ᠠ ᠶᠢᠨ ᠪᠠᠶᠢᠭᠤᠯᠤᠮᠵᠢ ᠶᠢᠨ ᠣᠷᠣᠨ ᠲᠣᠭᠠᠨ ᠤ ᠵᠥᠪᠯᠡᠯ ᠤᠨ ᠠᠩᠬᠠᠳᠤᠭᠠᠷ ᠬᠤᠷᠠᠯᠳᠤᠭᠠᠨ ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2019/3/21
     3 ᠰᠠᠷ᠎ᠠ ᠶᠢᠨ 11 ᠤ ᠡᠳᠦᠷ ᠤᠨ ᠦᠳᠡ ᠶᠢᠨ ᠬᠤᠶᠢᠨ᠎ᠠ᠂ ᠰᠠᠶᠢᠬᠠᠨ ᠲᠣᠭᠤᠷᠢᠭ ᠤᠨ ᠨᠠᠮ ᠤᠨ ᠬᠤᠷᠢᠶ᠎ᠠ ᠶᠢᠨ ᠱᠦᠵᠢ᠂ ᠲᠣᠭᠤᠷᠢᠭ ᠤᠨ ᠨᠠᠮ ᠤᠨ ᠬᠤᠷᠢᠶ᠎ᠠ ᠶᠢᠨ ᠪᠠᠶᠢᠭᠤᠯᠤᠮᠵᠢ ᠶᠢᠨ ᠣᠷᠣᠨ ᠲᠣᠭᠠᠨ ᠤ ᠵᠥᠪᠯᠡᠯ ᠤᠨ ᠡᠷᠬᠢᠯᠡᠭᠴᠢ ᠶᠦᠨ ᠵᠦᠩ ᠾᠧᠦ ᠲᠣᠭᠤᠷᠢᠭ ᠤᠨ ᠨᠠᠮ ᠤᠨ ᠬᠤᠷᠢᠶ᠎ᠠ ᠶᠢᠨ ᠪᠠᠶᠢᠭᠤᠯᠤᠮᠵᠢ ᠶᠢᠨ ᠣᠷᠣᠨ ᠲᠣᠭᠠᠨ ᠤ ᠵᠥᠪᠯᠡᠯ ᠤᠨ 2019 ᠣᠨ ᠤ ᠠᠩᠬᠠᠳᠤᠭᠠᠷ ᠬᠤᠷᠠᠯᠳᠤᠭᠠᠨ ᠢ ᠡᠷᠬᠢᠯᠡᠨ  ᠬᠤᠷᠠᠯᠳᠤᠭᠤᠯᠵᠤ᠂ ᠰᠠᠶᠢᠬᠠᠨ ᠲᠣᠭᠤᠷᠢᠭ ᠤᠨ ᠨᠠᠮ ᠤᠨ ᠬᠤᠷᠢᠶ᠎ᠠ ᠶᠢᠨ ᠪᠠᠶᠢᠭᠤᠯᠤᠮᠵᠢ ᠶᠢᠨ ᠣᠷᠣᠨ ᠲᠣᠭᠠᠨ ᠤ ᠵᠥᠪᠯᠡᠯ ᠤᠨ ᠪᠦᠬᠦ ᠬᠥᠮᠦᠰ ᠬᠤᠷᠠᠯ ᠳᠤ ᠣᠷᠣᠯᠴᠠᠪᠠ᠃      ᠬᠤᠷᠠᠯ ᠳᠤ  ︽ᠲᠥᠪ ᠤᠨ ᠪᠠᠶᠢᠭᠤᠯᠤᠮᠵᠢ ᠶᠢᠨ ᠣᠷᠣᠨ ᠲᠤᠭ᠎ᠠ ᠶᠢᠨ ᠵᠥᠪᠯᠡᠯ ᠤᠨ ᠠᠯᠪᠠᠨ ᠬᠡᠷ ᠤᠨ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠠᠩᠬᠠᠳᠤᠭᠠᠷ ᠡᠭᠡᠯᠵᠢ ᠶᠢᠨ ᠲᠣᠭᠤᠷᠢᠨ ᠪᠠᠶᠢᠴᠠᠭᠠᠯᠲᠠ ᠳᠠᠬᠢ ᠬᠥᠮᠦᠨ ᠢ ᠰᠢᠯᠢᠵᠦ ᠬᠡᠷᠡᠭᠯᠡᠬᠦ ᠲᠤᠰᠬᠠᠶ ᠪᠠᠶᠢᠴᠠᠭᠠᠯᠲᠠ ᠳᠤ ᠣᠯᠵᠤ ᠮᠡᠳᠡᠭᠰᠡᠨ ᠪᠠᠶᠢᠭᠤᠯᠤᠮᠵᠢ ᠶᠢᠨ ᠣᠷᠣᠨ ᠲᠤᠭ᠎ᠠ ᠶᠢᠨ ᠠᠰᠠᠭᠤᠳᠠᠯ ᠵᠢᠴᠢ ᠴᠡᠭᠴᠡᠯᠡᠨ ᠰᠠᠶᠢᠵᠢᠷᠠᠭᠤᠯᠬᠤ ᠠᠵᠢᠯ ᠤᠨ ᠮᠡᠳᠡᠭᠡ︾ ᠶᠢ ᠤᠯᠠᠮᠵᠢᠯᠠᠨ ᠰᠤᠷᠤᠯᠴᠠᠵᠤ᠂ ︽ᠰᠠᠶᠢᠬᠠᠨ ᠲᠤᠭᠤᠷᠢᠭ ᠤᠨ ᠨᠠᠮ ᠵᠠᠰᠠᠭ ᠣᠯᠠᠨ ᠲᠦᠮᠡᠨ ᠤ ᠪᠠᠶᠢᠭᠤᠯᠤᠯᠭ᠎ᠠ ᠶᠢᠨ ᠪᠠᠶᠢᠭᠤᠯᠤᠮᠵᠢ ᠶᠢᠨ ᠣᠷᠣᠨ ᠲᠤᠭ᠎ᠠ ᠶᠢᠨ ᠪᠦᠳᠦᠭᠦᠪᠴᠢ ᠲᠥᠰᠦᠯ︾᠂ ︽ᠰᠠᠶᠢᠬᠠᠨ ᠲᠣᠭᠤᠷᠢᠭ ᠤᠨ ᠨᠠᠮ ᠵᠠᠰᠠᠭ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠠᠵᠢᠯᠲᠠᠳ ᠤᠨ ᠬᠠᠷᠢᠶ᠎ᠠ ᠶᠢ ᠰᠢᠯᠵᠢᠭᠦᠯᠬᠦ ᠲᠥᠰᠦᠯ︾  ᠪᠠ ᠪᠤᠰᠤᠳ ᠬᠤᠯᠪᠣᠭᠳᠠᠬᠤ ᠰᠡᠳᠦᠪ ᠢ ᠰᠤᠳᠤᠯᠤᠭᠰᠠᠨ ᠬᠢᠨᠠᠨ  ᠶᠠᠷᠢᠯᠴᠠᠪᠠ᠃      ᠬᠤᠷᠠᠯ ᠠᠴᠠ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠶᠡᠷᠦᠩᠬᠡᠢ ᠱᠦᠵᠢ ᠰᠢ ᠶᠢᠨ ᠫᠢᠩ ᠤᠨ ᠨᠠᠮ ᠪᠠ ᠲᠦᠷᠦ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠴᠢᠬᠤᠯᠠ ᠥᠭᠦᠯᠡᠯᠲᠡ ᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠳᠠ ᠶᠢᠨ ᠨᠠᠮ ᠤᠨ ᠬᠤᠷᠢᠶ᠎ᠠ ᠶᠢᠨ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠴᠢᠩᠭ᠎ᠠ ᠵᠢᠷᠦᠮᠯᠡᠵᠦ᠂ ᠡᠯ᠎ᠡ ᠵᠦᠢᠯ ᠤᠨ ᠠᠵᠢᠯ ᠢ ᠪᠣᠳᠠᠲᠠᠢ ᠳᠤ ᠨᠠᠶᠢᠳᠠᠪᠤᠷᠢᠵᠢᠭᠤᠯᠵᠤ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠯᠠᠪᠳᠠᠭᠤᠨ ᠪᠠᠲᠤᠲᠠᠶ ᠠᠬᠢᠭᠤᠯᠵᠤ᠂ ᠲᠤᠭᠤᠷᠢᠭ ᠤᠨ ᠨᠠᠮ ᠵᠠᠰᠠᠭ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠰᠡᠭᠦᠯᠴᠢ ᠶᠢᠨ ᠬᠤᠭᠤᠴᠠᠭᠠᠨ ᠤ ᠠᠵᠢᠯ ᠢ ᠰᠠᠶᠢᠲᠤᠷ ᠠᠳᠬᠤᠵᠤ᠂  ᠴᠠᠭ ᠲᠤᠬᠠᠢ ᠳᠤ ᠨᠢ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠰᠢᠮᠳᠠᠭᠤᠯᠤᠨ ᠪᠠᠶᠢᠴᠠᠭᠠᠵᠤ᠂ ᠳ᠋ᠦᠩᠨᠡᠯᠲᠡ ᠬᠢᠵᠦ ᠰᠢᠯᠭᠠᠨ ᠠᠪᠴᠦ᠂ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠦᠷ᠎ᠡ  ᠪᠦᠲᠦᠭᠡᠯ ᠢ ᠲᠠᠰᠤᠷᠠᠯᠳᠠ ᠦᠭᠡᠢ ᠪᠠᠬᠢᠵᠢᠭᠦᠯᠬᠦ ᠬᠡᠷᠡᠭᠲᠡᠶ᠃ ᠣᠷᠣᠨ ᠲᠤᠭ᠎ᠠ ᠶᠢᠨ ᠶᠡᠷᠦᠩᠬᠡᠶ ᠬᠡᠮᠵᠢᠶ᠎ᠡ ᠶᠢ ᠬᠢᠵᠠᠭᠠᠷᠯᠠᠬᠤ ᠰᠠᠭᠤᠷᠢ ᠳᠡᠭᠡᠷ᠎ᠡ ᠰᠢᠨᠵᠢᠯᠡᠬᠦ ᠤᠬᠠᠭᠠᠨᠴᠢ ᠬᠠᠮᠢᠶᠠᠷᠤᠯᠲᠠ ᠂ ᠨᠠᠷᠢᠯᠢᠭ ᠬᠠᠮᠢᠶᠠᠷᠤᠯᠲᠠ ᠂ ᠴᠢᠩᠭ᠎ᠠ ᠬᠠᠮᠢᠶᠠᠷᠤᠯᠲᠠ ᠪᠠᠷ ᠣᠲᠣ ᠶᠢᠨ ᠪᠠᠶᠢᠭ᠎ᠠ ᠣᠷᠣᠨ ᠲᠤᠭ᠎ᠠ ᠶᠢᠨ ᠡᠬᠢ ᠪᠠᠶᠠᠯᠢᠭ ᠢ ᠦᠨᠡᠨ ᠬᠦ ᠰᠠᠶᠢᠲᠤᠷ ᠬᠡᠷᠡᠭᠯᠡᠵᠦ᠂ ᠣᠷᠣᠨ ᠲᠤᠭ᠎ᠠ ᠬᠡᠷᠡᠭᠯᠡᠬᠦ ᠦᠷ᠎ᠡ ᠠᠰᠢᠭ ᠢ ᠳᠡᠭᠡᠭᠰᠢᠯᠡᠭᠦᠯᠬᠦ ᠬᠡᠷᠡᠭᠲᠡᠶ᠃ ᠪᠠᠶᠢᠭᠤᠯᠤᠮᠵᠢ ᠶᠢᠨ ᠣᠷᠣᠨ ᠲᠤᠭ᠎ᠠ ᠶᠢᠨ ᠬᠠᠮᠢᠶᠠᠷᠤᠯᠲᠠ ᠶᠢᠨ ᠬᠠᠤᠯᠢ ᠴᠠᠭᠠᠵᠠ ᠬᠠᠤᠯᠢ ᠲᠣᠭᠲᠠᠭᠠᠯ ᠢ ᠴᠢᠩᠭ᠎ᠠ ᠬᠡᠷᠡᠭᠵᠢᠭᠦᠯᠵᠦ᠂ ᠪᠠᠶᠢᠭᠤᠯᠤᠮᠵᠢ ᠶᠢᠨ ᠣᠷᠣᠨ ᠲᠤᠭ᠎ᠠ ᠶᠢᠨ ᠳᠦᠷᠢᠮ ᠲᠣᠭᠲᠠᠭᠠᠯ ᠢ ᠲᠡᠭᠦᠯᠳᠡᠷᠵᠢᠭᠦᠯᠵᠦ᠂ ᠪᠠᠶᠢᠭᠤᠯᠤᠮᠵᠢ ᠶᠢᠨ ᠣᠷᠣᠨ ᠲᠤᠭ᠎ᠠ ᠶᠢᠨ ᠬᠠᠮᠢᠶᠠᠷᠤᠯᠲᠠ ᠪᠠᠨ ᠳᠦᠷᠢᠮᠵᠢᠭᠦᠯᠵᠦ᠂ ᠬᠠᠤᠯᠢ ᠪᠠᠷ ᠵᠠᠰᠠᠬᠤ ᠪᠠᠶᠢᠭᠤᠯᠤᠯᠲᠠ ᠶᠢ ᠲᠥᠯᠬᠢᠨ ᠠᠬᠢᠭᠤᠯᠤᠨ᠎ᠠ᠃ ᠣᠷᠣᠨ ᠲᠤᠭ᠎ᠠ ᠶᠢᠨ ᠰᠠᠬᠢᠯᠭ᠎ᠠ ᠪᠠᠲᠤ ᠶᠢ ᠴᠢᠩᠭ᠎ᠠ ᠬᠡᠷᠡᠭᠵᠢᠭᠦᠯᠵᠦ᠂ ᠡᠯ᠎ᠡ ᠲᠦᠷᠦᠯ ᠤᠨ ᠣᠷᠣᠨ ᠲᠤᠭ᠎ᠠ ᠶᠢᠨ ᠰᠠᠬᠢᠯᠭ᠎ᠠ ᠪᠠᠲᠤ ᠶᠢ ᠵᠥᠷᠢᠴᠡᠭᠰᠡᠨ ᠦᠢᠯᠡ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠳᠪᠦᠷᠢᠯᠡᠵᠦ᠂ ᠮᠠᠨ ᠤ ᠲᠤᠭᠤᠷᠢᠭ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠶᠠᠪᠤᠴᠠ ᠳᠤᠮᠳᠠ ᠤᠷᠤᠰᠢᠵᠤ ᠪᠠᠶᠢᠭ᠎ᠠ ᠠᠯᠤᠰ ᠬᠡᠳᠦ ᠶᠢᠨ ᠴᠢᠨᠠᠷᠲᠠᠢ᠂ ᠪᠦᠬᠦ ᠲᠠᠯ᠎ᠠ ᠶᠢᠨ ᠴᠢᠨᠠᠷᠲᠠᠢ ᠠᠰᠠᠭᠤᠳᠠᠯ ᠢ ᠪᠦᠲᠦᠮᠵᠢᠲᠡᠶ ᠰᠢᠨᠵᠢᠯᠡᠬᠦ ᠤᠬᠠᠭᠠᠨᠴᠢ ᠪᠠᠷ ᠰᠢᠢᠳᠪᠦᠷᠢᠯᠡᠵᠦ᠂ ᠪᠥᠬᠦ  ᠲᠤᠭᠤᠷᠢᠭ ᠤᠨ ᠠᠵᠤ ᠠᠬᠤᠶ ᠨᠡᠶᠢᠭᠡᠮ ᠤᠨ ᠬᠥᠭᠵᠢᠯᠲᠡ ᠶᠢ ᠠᠬᠢᠭᠤᠯᠬᠤ ᠬᠡᠷᠡᠭᠲᠡᠶ᠃ ︵ᠰᠢᠨ᠎ᠡ ᠵᠠᠭᠤᠴᠢᠯᠠᠭᠤᠷ ᠤᠨ ᠲᠥᠪ    ᠸᠠᠨ ᠶᠥᠩ ᠵᠢᠶᠧ  ᠵᠢᠶᠠ ‍ᠿ ᠰᠢᠨ︶  
 
ᠢᠷᠡᠯᠲᠡ᠄ ᠰᠠᠶᠢᠬᠠᠨ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号