ᠤᠶᠢᠷ᠎ᠠ ᠳᠤ ᠬᠦᠬᠡᠬᠤᠲᠠ ᠶᠢᠨ ᠡᠳᠦᠷ ᠤᠨ ᠰᠣᠨᠢᠨ ᠤ ᠰᠤᠷᠪᠤᠯᠵᠢᠯᠠᠭᠴᠢ ᠠᠮᠢ ᠠᠬᠤᠢ ᠶᠢᠨ ᠪᠣᠯᠪᠠᠰᠤᠨ ᠤ | ᠪᠠᠶᠢᠭᠤᠯᠤᠯᠲᠠ ᠶᠢᠨ ᠲᠤᠬᠠᠢ ᠰᠠᠶᠢᠬᠠᠨ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠶᠦᠨ ᠵᠥᠩ ᠾᠧᠦ ᠶᠢ | ᠲᠤᠰᠬᠠᠶ ᠰᠡᠳᠦᠪ ᠢᠶᠠᠷ ᠰᠤᠷᠪᠤᠯᠵᠢᠯᠠᠪᠠ᠂ 2019 ᠣᠨ ᠰᠠᠶᠢᠬᠠᠨ ᠲᠣᠭᠤᠷᠢᠭ ᠤᠨ ᠠᠮᠢ ᠠᠬᠤᠢ ᠶᠢᠨ | ᠪᠣᠯᠪᠠᠰᠤᠨ ᠤ ᠪᠠᠶᠢᠭᠤᠯᠤᠯᠲᠠ ᠶᠢ ᠪᠥᠬᠦ ᠬᠦᠴᠦᠨ ᠢᠶᠠᠷ ᠢᠶᠠᠨ ᠰᠠᠶᠢᠲᠤᠷ ᠠᠳᠬᠤᠵᠤ ᠣᠷᠣᠨ ᠪᠦᠰᠡ ᠶᠢᠨ ᠴᠢᠨᠠᠷ | ᠰᠠᠶᠢᠲᠠᠶ ᠬᠥᠭᠵᠢᠯᠲᠡ ᠶᠢ ᠲᠦᠷᠭᠡᠳᠬᠡᠬᠦ ᠲᠤᠬᠠᠢ ᠳᠣᠤᠷ᠎ᠠ ᠱᠠᠲᠤᠨ ᠤ ᠬᠢᠨ ᠪᠠᠭ᠎ᠠ ᠠᠩᠭᠢ ᠶᠢ ᠳᠠᠭᠠᠵᠤ ᠬᠠᠮᠲᠤ ᠪᠠᠷ | ᠤᠶᠢᠯᠠᠭᠠᠭᠰᠠᠨ ᠪᠠᠶᠢᠨ᠎ᠠ᠃ | ︽ᠶᠡᠷᠦᠩᠬᠡᠢ ᠱᠦᠵᠢ ᠰᠢ ᠶᠢᠨ ᠫᠢᠩ ᠤᠨ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯ ᠤᠨ ᠥᠪᠥᠷ ᠮᠣᠩᠭᠤᠯ ᠤᠨ | ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠣᠯᠴᠠᠬᠤ ᠦᠶ᠎ᠡ ᠶᠢᠨ ᠴᠢᠬᠤᠯᠠ ᠶᠠᠷᠢᠶ᠎ᠠ ᠨᠢ ᠠᠮᠢ | ᠠᠬᠤᠢ ᠶᠢᠨ ᠪᠦᠲᠦᠭᠡᠨ ᠪᠠᠶᠢᠭᠤᠯᠤᠯᠲᠠ ᠳᠤ ᠨᠠᠩ ᠥᠨᠳᠥᠷ ᠰᠢᠨ᠎ᠡ ᠱᠠᠭᠠᠷᠳᠠᠯᠭ᠎ᠠ ᠳᠤᠷᠠᠳᠴᠤ᠂ ᠪᠢᠳᠡᠨ ᠳᠤ ︿ | ᠳᠥᠷᠪᠡᠨ ᠨᠢᠭᠡ﹀ ᠶᠢᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠵᠢᠮ᠎ᠡ ᠶᠣᠰᠣ ᠶᠢ ᠭᠦᠢᠴᠡᠳ ᠲᠠᠨᠢᠵᠤ᠂ | ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠴᠢᠩᠭᠠᠳᠬᠠᠬᠤ ᠪᠠᠶᠢᠯᠳᠤᠬᠤ ᠪᠣᠳᠣᠯᠭ᠎ᠠ ᠶᠢᠨ ᠲᠣᠭᠲᠠᠯ | ᠬᠦᠴᠦᠨ ᠢ ᠪᠠᠲᠤᠯᠠᠬᠤ ᠬᠡᠷᠡᠭᠲᠡᠢ ᠭᠡᠵᠦ ᠲᠣᠳᠣᠷᠬᠠᠢ ᠱᠠᠭᠠᠷᠳᠠᠪᠠ᠃ ᠪᠢᠳᠡᠨ ᠳᠤ ᠴᠢᠬᠤᠯᠠ ᠶᠡᠭᠡ ᠡᠭᠦᠷᠭᠡ ᠪᠠ | ᠡᠭᠦᠷᠭᠡ ᠣᠯᠭᠤᠭᠰᠠᠨ ᠮᠥᠷᠲᠡᠭᠡᠨ ᠪᠠᠰᠠ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠲᠦᠯᠬᠢᠨ | ᠠᠬᠢᠭᠤᠯᠬᠤ ᠳᠤ ᠵᠠᠮ ᠱᠤᠭᠤᠮ ᠪᠠ ᠠᠷᠭ᠎ᠠ ᠶᠢ ᠲᠣᠳᠣᠷᠬᠠᠶ ᠵᠢᠭᠠᠵᠤ ᠥᠭᠭᠦᠭᠰᠡᠨ ᠪᠠᠶᠢᠨ᠎ᠠ᠃ ᠤᠶᠢᠷ᠎ᠠ ᠳᠤ᠂ | ᠰᠠᠶᠢᠬᠠᠨ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠶᠦᠨ ᠵᠦᠩ ᠾᠧᠦ ᠰᠤᠷᠪᠤᠯᠵᠢᠯᠠᠭᠴᠢ ᠶᠢᠨ ᠲᠤᠰᠬᠠᠢ | ᠰᠤᠷᠪᠤᠯᠵᠢᠯᠠᠭ᠎ᠠ ᠶᠢ ᠬᠦᠯᠢᠶᠡᠬᠦ ᠳᠡᠭᠡᠨ᠂ ︽ᠰᠠᠶᠢᠬᠠᠨ ᠲᠣᠭᠤᠷᠢᠭ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ | ᠶᠠᠷᠢᠶᠠᠨ ᠤ ᠵᠣᠷᠢᠭ ᠰᠠᠨᠠᠭ᠎ᠠ ᠶᠢ ᠡᠷᠡᠰ ᠲᠤᠤᠱᠯᠠᠭᠤᠯᠤᠨ ᠨᠠᠶᠢᠳᠠᠪᠤᠷᠢᠵᠢᠭᠤᠯᠬᠤ᠂ ᠶᠡᠷᠦᠩᠬᠡᠢ ᠱᠦᠵᠢ ᠶᠢᠨ ᠨᠠᠨᠳᠢᠨ | ᠬᠦᠰᠡᠯ ᠡᠷᠡᠮᠡᠯᠵᠡᠯ ᠢ ᠪᠦᠬᠦ ᠲᠤᠭᠤᠷᠢᠭ ᠤᠨ ᠥᠷᠭᠡᠨ ᠤᠯᠠᠨ ᠺᠠᠳ᠋ᠷ ᠤᠯᠠᠨ ᠲᠦᠮᠡᠨ ᠡᠬᠡ ᠤᠯᠤᠰ ᠤᠨ | ᠤᠮᠠᠷᠠᠲᠤ ᠶᠢᠨ ᠲᠦᠮᠡᠨ ᠭᠠᠵᠠᠷ ᠤᠨ ᠨᠣᠮᠢᠨ ᠨᠣᠭᠤᠭᠠᠨ ᠤᠷᠳᠤ ᠴᠠᠭᠠᠨ ᠬᠡᠷᠡᠮ ᠢ ᠪᠠᠶᠢᠭᠤᠯᠬᠤ ᠠᠮᠢᠳᠤᠯᠢᠭ | ᠦᠢᠯᠡᠳᠦᠯᠭᠡ ᠪᠠ ᠪᠣᠳᠠᠲᠠᠢ ᠦᠷ᠎ᠡ ᠪᠦᠲᠦᠮᠵᠢ ᠪᠣᠯᠭᠠᠨ ᠬᠤᠪᠢᠷᠠᠭᠤᠯᠤᠨ᠎ᠠ᠃ | ᠶᠦᠨ ᠵᠦᠩ ᠾᠧᠦ᠂ ᠳᠠᠷᠠᠭᠠᠴᠢ ᠶᠢᠨ ᠠᠯᠬᠤᠮ ᠳᠤ ᠰᠠᠶᠢᠬᠠᠨ ᠲᠣᠭᠤᠷᠢᠭ ︽ᠭᠤᠷᠪᠠᠨ ᠭᠤᠣᠯᠳᠠᠯᠭ᠎ᠠ︾ ᠶᠢ | ᠲᠣᠪᠦ᠋ᠮ᠎ᠠ ᠰᠠᠶᠢᠲᠤᠷ ᠠᠳᠬᠤᠵᠤ᠂ ︽ᠳᠥᠷᠪᠡᠨ ᠲᠠᠯ᠎ᠠ︾ ᠶᠢᠨ ᠪᠣᠬᠢᠷᠲᠤᠯ ᠦᠭᠡᠢ ᠬᠥᠭᠵᠢᠯᠲᠡ ᠶᠢ ᠬᠦᠴᠦᠯᠡᠨ | ᠠᠬᠢᠭᠤᠯᠤᠨ᠎ᠠ᠃ | ᠣᠷᠴᠢᠨ ᠠᠬᠤᠢ ᠶᠢᠨ ᠬᠠᠮᠠᠭᠠᠯᠠᠯᠲᠠ ᠶᠢᠨ ᠰᠢᠪᠠᠳᠠᠨ ᠪᠠᠶᠢᠴᠠᠭᠠᠬᠤ ᠠᠰᠠᠭᠤᠳᠠᠯ ᠢ ᠴᠡᠭᠴᠡᠯᠡᠨ | ᠰᠠᠢᠵᠢᠷᠠᠭᠤᠯᠬᠤ ᠠᠵᠢᠯ ᠢ ᠭᠤᠣᠯᠳᠠᠯᠭ᠎ᠠ ᠲᠠᠢ ᠰᠠᠶᠢᠲᠤᠷ ᠠᠳᠬᠤᠨ᠎ᠠ᠃ ᠲᠥᠪ ᠤᠨ ᠣᠷᠴᠢᠨ ᠲᠣᠭᠤᠷᠢᠨ ᠤ | ᠬᠠᠮᠠᠭᠠᠯᠠᠯᠲᠠ ᠶᠢ ᠰᠢᠪᠠᠳᠠᠨ ᠪᠠᠶᠢᠴᠠᠭᠠᠬᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠲᠣᠭᠤᠷᠢᠨ | ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠲᠠᠢ ᠤᠶᠠᠯᠳᠤᠭᠤᠯᠤᠨ᠂ ᠴᠡᠭᠴᠡᠯᠡᠨ ᠰᠠᠢᠵᠢᠷᠠᠭᠤᠯᠬᠤ | ᠡᠷᠴᠢᠮ ᠢᠶᠠᠨ ᠴᠢᠩᠭᠠᠷᠠᠭᠤᠯᠵᠤ᠂ ᠨᠢᠭᠡ ᠶᠢ ᠴᠡᠭᠴᠡᠯᠡᠨ ᠰᠠᠶᠢᠵᠢᠷᠠᠭᠤᠯᠵᠤ᠂ ᠨᠢᠭᠡ ᠶᠢ ᠬᠠᠰᠤᠵᠤ᠂ ᠡᠭᠦᠷᠭᠡ ᠪᠠᠨ | ᠴᠠᠭ ᠲᠤᠬᠠᠢ ᠳᠤᠨᠢ ᠴᠢᠨᠠᠷ ᠰᠠᠶᠢᠲᠠᠢ ᠪᠡᠶᠡᠯᠡᠭᠦᠯᠬᠦ ᠶᠢ ᠪᠠᠲᠤᠯᠠᠵᠤ᠂ ᠲᠠᠬᠢᠨ ᠢᠯᠡᠷᠡᠬᠦ ᠶᠢ ᠰᠡᠷᠭᠡᠶᠢᠯᠡᠨ᠎ᠡ᠃ ᠡᠭᠦᠨ ᠤ | ᠬᠠᠮᠲᠤ᠂ ᠤᠯᠠᠨ ᠲᠦᠮᠡᠨ ᠤ ᠲᠤᠰᠬᠠᠯ ᠴᠢᠩᠭ᠎ᠠ ᠪᠠᠶᠢᠭ᠎ᠠ ᠢᠳᠡᠭᠡᠨ ᠤᠮᠳᠠᠭᠠᠨ ᠤ ᠦᠢᠯᠡᠰ ᠤᠨ ᠲᠣᠰᠣᠨ | ᠤᠲᠤᠭ᠎ᠠ ᠶᠢᠨ ᠪᠣᠬᠢᠷᠲᠤᠯ᠂ ᠱᠤᠤᠭᠢᠶ᠎ᠠ ᠳᠠᠭᠤᠨ ᠢᠶᠠᠷ ᠠᠷᠠᠳ ᠢ ᠦᠢᠮᠡᠭᠦᠯᠬᠦ ᠵᠡᠷᠭᠡ ᠲᠣᠪᠦ᠋ᠮ᠎ᠠ ᠠᠰᠠᠭᠤᠳᠠᠯ ᠳᠤ | ᠴᠢᠭᠯᠡᠭᠦᠯᠦᠨ᠂ ᠥᠪᠡᠰᠦᠪᠡᠨ ᠪᠠᠶᠢᠴᠠᠭᠠᠵᠤ ᠥᠪᠡᠰᠦᠪᠡᠨ ᠵᠠᠯᠠᠷᠠᠭᠤᠯᠵᠤ᠂ ᠲᠥᠪᠯᠡᠷᠡᠭᠦᠯᠦᠨ ᠴᠡᠭᠴᠡᠯᠡᠨ ᠵᠠᠰᠠᠵᠤ᠂ | ᠦᠨᠡᠨ ᠪᠣᠳᠠᠲᠠᠢ ᠠᠵᠢᠯ ᠤᠨ ᠦᠷ᠎ᠡ ᠪᠦᠲᠦᠮᠵᠢ ᠪᠠᠷ ᠢᠶᠠᠨ ᠠᠷᠠᠳ ᠤᠨ ᠢᠲᠡᠭᠡᠯ ᠢ ᠣᠯᠵᠤ᠂ ᠠᠮᠢ ᠠᠬᠤᠢ ᠶᠢᠨ | ᠣᠷᠴᠢᠨ ᠲᠤᠭᠤᠷᠢᠨ ᠢ ᠦᠨᠳᠦᠰᠦᠨ ᠠᠴᠠ ᠨᠢ ᠰᠠᠶᠢᠵᠢᠷᠠᠭᠤᠯᠬᠤ ᠶᠢ ᠲᠠᠰᠤᠷᠠᠯᠲᠠ ᠦᠭᠡᠢ ᠠᠬᠢᠭᠤᠯᠤᠨ᠎ᠠ᠃ | ᠬᠤᠳᠠ ᠬᠥᠳᠡᠭᠡ ᠶᠢᠨ ᠣᠷᠴᠢᠨ ᠠᠬᠤᠢ ᠶᠢᠨ ᠡᠷᠡᠭᠦᠯ ᠬᠠᠮᠠᠭᠠᠯᠠᠯ ᠢ ᠭᠤᠣᠯᠳᠠᠯᠭ᠎ᠠ ᠲᠠᠢ ᠪᠠᠷ ᠰᠠᠶᠢᠲᠤᠷ | ᠠᠳᠬᠤᠨ᠎ᠠ᠃ ᠲᠠᠷᠢᠶᠠᠯᠠᠬᠤ ᠣᠷᠣᠨ ᠳᠤ ᠰᠠᠶᠢᠬᠠᠨ ᠲᠣᠭᠤᠷᠢᠭ ᠬᠥᠳᠡᠭᠡ ᠲᠣᠰᠬᠤᠨ ᠤ ᠣᠷᠣᠰᠢᠨ ᠰᠠᠭᠤᠬᠤ | ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠢ ᠦᠷᠭᠦᠯᠵᠢᠯᠡᠨ ᠠᠬᠢᠭᠤᠯᠤᠨ᠎ᠠ᠃ ᠬᠥᠳᠡᠭᠡ ᠲᠣᠰᠬᠤᠨ ᠤ ︽ | ᠵᠣᠷᠯᠣᠩ ᠤᠨ ᠬᠤᠪᠢᠰᠬᠠᠯ︾ ᠢᠶᠠᠷ ᠰᠢᠪᠲᠤᠯᠤᠯᠲᠠ ᠶᠢᠨ ᠴᠡᠭ ᠪᠣᠯᠭᠠᠵᠤ᠂ ᠠᠮᠢᠳᠤᠷᠠᠯ ᠤᠨ ᠬᠤᠭ ᠨᠣᠪᠰᠢ᠂ | ᠠᠮᠢᠳᠤᠷᠠᠯ ᠤᠨ ᠪᠣᠬᠢᠷ ᠤᠰᠤ ᠶᠢ ᠵᠠᠰᠠᠬᠤ᠂ ᠪᠠᠭᠠᠰᠤᠨ ᠪᠣᠬᠢᠷᠲᠤᠯ ᠢ ᠵᠠᠰᠠᠬᠤ᠂ ᠡᠰᠢ ᠰᠦᠢᠷᠡᠯ ᠢ ᠠᠰᠢᠭᠯᠠᠬᠤ ᠵᠡᠷᠭᠡ | ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠤᠤᠭᠤᠬᠤ ᠤᠰᠤ᠂ ᠴᠠᠬᠢᠯᠭᠠᠨ ᠲᠣᠤᠷ᠂ ᠵᠠᠮ᠂ ᠭᠡᠷ | ᠪᠠᠶᠢᠰᠢᠩ᠂ ᠲᠠᠯᠠᠪᠠᠢ ᠶᠢᠨ ᠥᠭᠡᠷᠡᠴᠢᠯᠡᠯᠲᠡ ᠶᠢᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠵᠦ᠂ ᠵᠠᠰᠠᠬᠤ | ᠴᠢᠳᠠᠪᠤᠷᠢ ᠪᠠ ᠦᠢᠯᠡᠴᠢᠯᠡᠭᠡᠨ ᠤ ᠬᠢᠷᠢ ᠬᠡᠮᠵᠢᠶ᠎ᠡ ᠶᠢ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ᠃ ᠵᠢᠯ ᠤᠨ ᠳᠣᠲᠣᠷ᠎ᠠ | ᠪᠠᠰᠠ 50 ᠰᠠᠭᠤᠷᠢ ᠬᠠᠭᠤᠷᠠᠶ ᠵᠣᠷᠯᠣᠩ ᠢ ᠰᠢᠨ᠎ᠡ ᠪᠠᠷ ᠪᠠᠶᠢᠭᠤᠯᠵᠤ᠂ ᠬᠥᠳᠡᠭᠡ ᠲᠣᠰᠬᠤᠨ ᠤ ᠤᠯᠠᠨ ᠨᠡᠶᠢᠲᠡ ᠶᠢᠨ | ᠤᠰᠤ ᠪᠠᠷ ᠤᠬᠢᠶᠠᠬᠤ ᠵᠣᠷᠯᠣᠩ᠂ ᠭᠡᠷ ᠳᠣᠲᠣᠷᠠᠬᠢ ᠤᠰᠤ ᠪᠠᠷ ᠤᠬᠢᠶᠠᠬᠤ ᠵᠣᠷᠯᠣᠩ ᠢ ᠥᠭᠡᠷᠡᠴᠢᠯᠡᠨ | ᠲᠦᠭᠡᠮᠡᠯᠵᠢᠭᠦᠯᠬᠦ ᠨᠤᠷᠮ᠎ᠠ ᠶᠢ ᠴᠥᠮ 80 % ᠠᠴᠠ ᠳᠡᠭᠡᠭᠰᠢ ᠳᠤ ᠬᠦᠷᠭᠡᠨ᠎ᠡ᠃ | ᠵᠢᠱᠢᠶ᠎ᠡ ᠦᠵᠡᠭᠦᠯᠬᠦ ᠤᠷᠤᠨ ᠤ ᠠᠮᠢᠳᠤᠷᠠᠯ ᠤᠨ ᠬᠤᠭ ᠨᠣᠪᠰᠢ ᠰᠢᠢᠳᠪᠦᠷᠢᠯᠡᠬᠦ ᠰᠢᠰᠲ᠋ᠧᠮᠵᠢ ᠶᠢ 80 | % ᠳᠤ ᠬᠥᠷᠥᠬᠦᠯᠥᠨ᠎ᠡ᠃ ᠠᠮᠢᠳᠤᠷᠠᠯ ᠤᠨ ᠪᠣᠬᠢᠷ ᠤᠰᠤ ᠶᠢ ᠰᠢᠢᠳᠪᠦᠷᠢᠯᠡᠬᠦ ᠨᠣᠷᠮ᠎ᠠ ᠶᠢ 50 % ᠳᠤ ᠬᠦᠷᠭᠡᠵᠦ᠂ | ᠬᠥᠳᠡᠭᠡ ᠲᠣᠰᠬᠤᠨ ᠤ ᠪᠣᠬᠢᠷ ᠦᠮᠡᠬᠡᠶ ᠣᠰᠣᠨ ᠴᠣᠭᠴᠠ ᠶᠢ ᠠᠷᠢᠯᠭᠠᠨ᠎ᠠ᠃ ᠡᠭᠦᠨ ᠤ ᠬᠠᠮᠲᠤ ᠰᠠᠶᠢᠬᠠᠨ | ᠲᠣᠭᠤᠷᠢᠭ ᠤᠨ ᠣᠨᠴᠠᠯᠢᠭ ᠲᠠᠢ ᠵᠠᠰᠠᠯᠲᠠ ᠶᠢᠨ ᠵᠠᠭᠪᠤᠷ ᠢ ᠰᠦᠪᠡᠭᠴᠢᠯᠡᠨ ᠪᠦᠷᠢᠯᠳᠦᠭᠦᠯᠵᠦ᠂ ᠵᠠᠬ᠎ᠠ | ᠳᠡᠯᠭᠡᠭᠦᠷᠴᠢᠯᠡᠭᠰᠡᠨ᠂ ᠲᠤᠰᠬᠠᠶᠢᠵᠢᠭᠰᠠᠨ᠂ ᠨᠡᠶᠢᠭᠡᠮᠴᠢᠯᠡᠭᠰᠡᠨ ᠪᠦᠲᠦᠭᠡᠨ ᠪᠠᠶᠢᠭᠤᠯᠬᠤ ᠬᠡᠷᠡᠭᠴᠡᠭᠡ ᠲᠠᠢ ᠤᠷᠳᠤ | ᠬᠤᠭᠤᠴᠠᠭᠠᠨ ᠤ ᠪᠦᠲᠦᠮᠵᠢᠲᠡᠢ ᠡᠵᠡᠩᠨᠡᠨ ᠬᠠᠮᠢᠶᠠᠷᠬᠤ ᠲᠣᠭᠲᠠᠴᠠ ᠶᠢ ᠪᠠᠶᠢᠭᠤᠯᠤᠨ᠎ᠠ᠃ ᠬᠤᠲᠠ ᠲᠣᠭᠤᠷᠢᠭ ᠲᠤ᠂ | ᠰᠠᠶᠢᠬᠠᠨ ᠲᠣᠭᠤᠷᠢᠭ ᠨᠠᠷᠢᠨ ᠬᠠᠮᠢᠶᠠᠷᠤᠯᠲᠠ ᠶᠢᠨ ᠲᠦᠪᠰᠢᠨ ᠢᠶᠠᠨ ᠦᠷᠭᠦᠯᠵᠢᠯᠡᠨ ᠳᠡᠭᠡᠭᠰᠢᠯᠡᠭᠦᠯᠦᠨ᠎ᠡ᠃ ᠣᠷᠴᠢᠨ | ᠲᠣᠭᠤᠷᠢᠨ ᠢ ᠶᠡᠷᠦᠩᠬᠡᠶᠢᠯᠡᠨ ᠴᠡᠭᠴᠡᠯᠡᠨ ᠵᠠᠰᠠᠭᠰᠠᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠦᠨ | ᠥᠷᠭᠡᠳᠬᠡᠵᠦ᠂ ︽ᠵᠢᠷᠭᠤᠭᠠᠨ ᠳᠤᠷ᠎ᠠ ᠪᠠᠷ︾ ᠲᠤᠰᠬᠠᠶ ᠴᠡᠭᠴᠡᠯᠡᠨ ᠵᠠᠰᠠᠬᠤ ᠠᠵᠢᠯ ᠢ ᠬᠦᠴᠦᠯᠡᠨ ᠥᠷᠨᠢᠭᠦᠯᠵᠦ᠂ | ᠬᠤᠲᠠ ᠶᠢᠨ ᠲᠡᠭᠦᠷᠭᠡ᠂ ᠬᠤᠲᠠ ᠬᠥᠳᠡᠭᠡ ᠶᠢᠨ ᠠᠭᠤᠯᠵᠠᠷ ᠬᠡᠰᠡᠭ ᠤᠨ ᠣᠷᠴᠢᠨ ᠲᠣᠭᠤᠷᠢᠨ ᠤ ᠡᠷᠡᠭᠦᠯ | ᠬᠠᠮᠠᠭᠠᠯᠠᠯ ᠢ ᠴᠡᠭᠴᠡᠯᠡᠨ ᠵᠠᠰᠠᠬᠤ ᠶᠢ ᠳᠤᠪᠤᠶᠢᠮ᠎ᠠ ᠰᠠᠶᠢᠲᠤᠷ ᠠᠳᠬᠤᠵᠤ᠂ ᠵᠠᠮ ᠬᠠᠷᠢᠯᠴᠠᠭᠠᠨ ᠤ ᠬᠠᠤᠯᠢ ᠠᠴᠠ | ᠵᠥᠷᠢᠴᠡᠭᠰᠡᠨ ᠦᠢᠯᠡ ᠠᠵᠢᠯᠯᠠᠭ᠎ᠠ᠂ ᠢᠳᠡᠭᠡᠨ ᠤ ᠠᠮᠤᠷ ᠲᠦᠪᠰᠢᠨ ᠵᠡᠷᠭᠡ ᠭᠤᠤᠯᠳᠠᠯᠭ᠎ᠠ ᠲᠠᠢ ᠬᠦᠷᠢᠶᠡᠨ ᠳᠠᠬᠢ | ᠳᠤᠪᠤᠶᠢᠮ᠎ᠠ ᠠᠰᠠᠭᠤᠳᠠᠯ ᠢ ᠴᠡᠭᠴᠡᠯᠡᠨ ᠵᠠᠰᠠᠬᠤ ᠶᠢ ᠰᠠᠶᠢᠲᠤᠷ ᠠᠳᠬᠤᠨ᠎ᠠ᠃ ᠬᠤᠲᠠ ᠶᠢᠨ ᠬᠠᠮᠢᠶᠠᠷᠤᠯᠲᠠ ᠶᠢᠨ | ᠪᠠᠶᠢᠭᠤᠯᠤᠯ ᠲᠣᠭᠲᠠᠴᠠ ᠶᠢ ᠤᠯᠠᠮ ᠨᠢᠭᠡ ᠠᠯᠬᠤᠮ ᠰᠢᠯᠤᠭᠤᠳᠬᠠᠵᠤ᠂ ᠵᠠᠮ ᠤᠨ ᠳᠠᠷᠤᠭ᠎ᠠ ᠶᠢᠨ ᠳᠦᠷᠢᠮ ᠤᠨ | ᠪᠠᠶᠢᠩᠭᠤᠵᠢᠭᠰᠠᠨ ᠬᠠᠮᠢᠶᠠᠷᠤᠯᠲᠠ ᠶᠢᠨ ᠳᠦᠷᠢᠮ ᠢ ᠲᠠᠰᠤᠷᠠᠯᠲᠠ ᠥᠬᠡᠶ ᠪᠦᠷᠢᠨ ᠪᠣᠯᠭᠠᠨ ᠲᠡᠭᠦᠯᠳᠡᠷᠵᠢᠭᠦᠯᠵᠦ᠂ ︽ | ᠵᠢᠷᠭᠤᠭᠠᠨ ᠠᠯᠬᠤᠮ︾ ᠤᠨ ᠠᠵᠢᠯ ᠤᠨ ᠠᠷᠭ᠎ᠠ ᠪᠠ ︽ᠵᠠᠮ ᠤᠨ ᠳᠠᠷᠤᠭ᠎ᠠ + N ᠠᠵᠢᠯᠲᠠᠨ︾ ᠤ | ᠲᠤᠤᠷᠴᠢᠯᠠᠭᠰᠠᠨ ᠬᠠᠮᠢᠶᠠᠷᠤᠯᠲᠠ ᠶᠢᠨ ᠲᠣᠭᠲᠠᠴᠠ ᠶᠢ ᠪᠥᠬᠦ ᠲᠠᠯ᠎ᠠ ᠪᠠᠷ ᠬᠡᠷᠡᠭᠵᠢᠭᠦᠯᠦᠨ᠎ᠡ᠃ ᠬᠦᠬᠡᠬᠤᠲᠠ ᠶᠢᠨ | ᠤᠯᠠᠭ᠎ᠠ ᠥᠷᠲᠡᠭᠡ ︵ᠣᠯᠠᠨ ᠨᠡᠶᠢᠲᠡ ᠶᠢᠨ ᠵᠣᠷᠯᠣᠩ︶ ᠶᠢᠨ ᠬᠠᠮᠢᠶᠠᠷᠤᠯᠲᠠ ᠬᠠᠮᠠᠭᠠᠯᠠᠯᠲᠠ ᠪᠠ ᠶᠡᠷᠦᠩᠬᠡᠶᠢᠯᠡᠨ | ᠠᠰᠢᠭᠯᠠᠬᠤ ᠶᠢ ᠴᠢᠩᠭᠠᠳᠬᠠᠵᠤ᠂ ︽ᠬᠤᠳᠠᠯᠳᠤᠭ᠎ᠠ ᠪᠠᠷ ᠵᠣᠷᠯᠣᠩ ᠢ ᠡᠵᠡᠩᠨᠡᠭᠦᠯᠬᠦ︾ ᠡᠵᠡᠩᠨᠡᠯᠲᠡ ᠶᠢᠨ ᠵᠠᠭᠪᠤᠷ ᠢ | ᠠᠯᠬᠤᠮ ᠠᠯᠬᠤᠮ ᠢᠶᠠᠷ ᠰᠦᠪᠡᠭᠴᠢᠯᠡᠨ᠎ᠡ᠃ | ᠬᠤᠲᠠ ᠶᠢᠨ ︽ᠬᠤᠤᠰ ᠵᠠᠰᠠᠯᠲᠠ︾ ᠲᠠᠢ ᠤᠶᠠᠯᠳᠤᠭᠤᠯᠤᠨ᠂ ᠬᠤᠲᠠ ᠶᠢᠨ ᠲᠣᠭᠤᠷᠢᠭ ᠤᠨ ᠳᠣᠲᠣᠷ᠎ᠠ | ᠭᠠᠳᠠᠨᠠᠬᠢ ᠨᠣᠭᠤᠭᠠᠷᠠᠭᠤᠯᠤᠯᠲᠠ ᠶᠢᠨ ᠣᠶᠢᠵᠢᠭᠤᠯᠬᠤ ᠠᠵᠢᠯᠯᠠᠭ᠎ᠠ ᠶᠢ ᠶᠡᠬᠡᠪᠡᠷ ᠥᠷᠨᠢᠭᠦᠯᠵᠦ᠂ ᠵᠠᠪᠰᠠᠷ ᠨᠢ | ᠨᠣᠭᠤᠭᠠᠨ ᠪᠠᠶᠢᠬᠤ ᠶᠢ ᠣᠯᠵᠤ ᠬᠠᠷᠠᠬᠤ ᠪᠠᠷ ᠪᠠᠷᠠᠬᠤ ᠥᠬᠡᠶ᠂ ᠬᠡᠷᠡᠮ ᠢᠶᠠᠨ ᠡᠪᠳᠡᠵᠦ ᠨᠣᠭᠤᠭᠠᠷᠠᠭᠤᠯᠤᠯᠲᠠ ᠶᠢ | ᠨᠡᠪᠲᠡᠷᠡᠭᠦᠯᠵᠦ᠂ ᠣᠯᠠᠨ ᠨᠡᠶᠢᠲᠡ ᠶᠢᠨ ᠨᠣᠭᠤᠭᠠᠷᠠᠭᠤᠯᠤᠯᠲᠠ ᠪᠠ ᠬᠦᠷᠢᠶᠡᠨ ᠤ ᠨᠣᠭᠤᠭᠠᠷᠠᠭᠤᠯᠤᠯᠲᠠ ᠶᠢᠨ ᠣᠷᠭᠠᠨᠢᠭ | ᠠᠭᠤᠰᠤᠯᠴᠠᠯ ᠢ ᠪᠡᠶᠡᠯᠡᠭᠦᠯᠦᠨ᠎ᠡ᠃ ᠵᠢᠯ ᠤᠨ ᠳᠣᠲᠣᠷ᠎ᠠ ᠬᠤᠲᠠ ᠶᠢᠨ ᠴᠡᠴᠡᠷᠯᠢᠭ ᠤᠨ ᠨᠣᠭᠤᠭᠠᠷᠠᠭᠤᠯᠤᠯᠲᠠ ᠶᠢᠨ 2 | ᠭᠠᠵᠠᠷ ᠢ ᠰᠢᠨ᠎ᠡ ᠪᠠᠷ ᠪᠠᠶᠢᠭᠤᠯᠵᠤ᠂ 82 ᠭᠤᠤᠯ ᠳᠡᠳ᠋ ᠵᠠᠮ᠂ 42 ᠴᠡᠴᠡᠷᠯᠢᠭ ᠤᠨ ᠵᠤᠭᠠᠴᠠᠯ ᠤᠨ ᠬᠦᠷᠢᠶᠡᠯᠡᠩ᠂ | 280 ᠬᠦᠷᠢᠶ᠎ᠡ ᠲᠣᠭᠤᠷᠢᠭ ᠤᠨ ᠨᠣᠭᠤᠭᠠᠷᠠᠭᠤᠯᠤᠯᠲᠠ ᠶᠢ ᠳᠡᠭᠡᠭᠰᠢᠯᠡᠭᠦᠯᠦᠨ ᠥᠭᠡᠷᠡᠴᠢᠯᠡᠬᠦ ᠢᠨᠵᠧᠨᠧᠷᠢᠩ ᠢ | ᠪᠡᠶᠡᠯᠡᠭᠦᠯᠵᠦ᠂ ᠷᠠᠰᠢᠶᠠᠨ ᠵᠠᠮ᠂ ᠶᠢᠨ ᠯᠦᠩ ᠵᠠᠮ ᠵᠡᠷᠭᠡ 8 ᠵᠤᠷᠪᠤᠰ ᠵᠠᠮ ᠢ 21 . 6 ᠲᠦᠮᠡᠨ ᠲᠡᠭᠰᠢ | ᠳᠥᠷᠪᠡᠯᠵᠢᠨ ᠮᠧᠲᠷ ᠨᠣᠭᠤᠭᠠᠷᠠᠭᠤᠯᠤᠯᠲᠠ ᠶᠢᠨ ᠠᠵᠢᠯ ᠢ ᠪᠡᠶᠡᠯᠡᠭᠦᠯᠵᠦ᠂ ︽ᠴᠣᠩᠬᠤ ᠪᠠᠨ ᠨᠡᠭᠡᠭᠡᠵᠦ | ᠨᠣᠭᠤᠭᠠᠷᠠᠭᠤᠯᠤᠯᠲᠠ ᠶᠢ ᠣᠯᠵᠤ ᠬᠠᠷᠠᠬᠤ᠂ ᠭᠡᠷ ᠠᠴᠠ ᠪᠠᠨ ᠭᠠᠷᠴᠤ ᠴᠡᠴᠡᠷᠯᠢᠭ ᠢ ᠣᠯᠵᠤ ᠬᠠᠷᠠᠬᠤ᠂ ᠠᠯᠬᠤᠮ | ᠰᠢᠯᠵᠢᠵᠦ ᠦᠵᠡᠮᠵᠢ ᠶᠢ ᠣᠯᠵᠤ ᠬᠠᠷᠠᠬᠤ︾ ᠴᠡᠴᠡᠷᠯᠢᠭ ᠤᠨ ᠠᠮᠢ ᠠᠬᠤᠢ ᠶᠢᠨ ᠰᠢᠰᠲ᠋ᠧᠮ ᠢ ᠪᠠᠶᠢᠭᠤᠯᠤᠨ᠎ᠠ᠃ | ᠪᠣᠬᠢᠷᠲᠤᠯ ᠥᠬᠡᠶ ᠳᠣᠤᠷ᠎ᠠ ᠨᠡᠭᠦᠷᠡᠰᠦᠲᠥ᠋ᠷᠥᠭᠴᠢᠲᠦ ᠦᠢᠯᠡᠳᠪᠦᠷᠢᠯᠡᠯ᠂ ᠠᠮᠢᠳᠤᠷᠠᠯ ᠤᠨ ᠠᠷᠭ᠎ᠠ ᠮᠠᠶ᠋ᠢᠭ ᠢ | ᠰᠠᠨᠠᠭᠠᠴᠢᠯᠠᠵᠤ᠂ ᠠᠷᠪᠢᠯᠠᠨ ᠭᠠᠮᠨᠠᠬᠤ ᠬᠡᠯᠪᠡᠷᠢ ᠶᠢᠨ ᠪᠠᠶᠢᠭᠤᠯᠭ᠎ᠠ᠂ ᠪᠣᠬᠢᠷᠲᠤᠯ ᠥᠬᠡᠶ ᠭᠡᠷ ᠪᠦᠯᠢ᠂ ᠪᠣᠬᠢᠷᠲᠤᠯ | ᠥᠬᠡᠶ ᠰᠤᠷᠭᠠᠭᠤᠯᠢ ᠵᠡᠷᠭᠡ ᠶᠢ ᠡᠭᠦᠳᠦᠨ ᠪᠠᠢᠭᠤᠯᠬᠤ ᠠᠵᠢᠯᠯᠠᠭ᠎ᠠ ᠶᠢ ᠯᠠᠪᠳᠠᠭᠤᠨ ᠪᠠᠲᠤᠲᠠᠶ ᠥᠷᠨᠢᠭᠦᠯᠦᠨ᠎ᠡ᠃ | ᠳᠠᠯᠠᠨ ᠬᠠᠷ᠎ᠠ ᠠᠭᠤᠯᠠ ᠶᠢᠨ ᠡᠮᠦᠨ᠎ᠡ ᠪᠠᠯ ᠢ ᠠᠷᠠᠴᠢᠯᠠᠨ ᠬᠠᠮᠠᠭᠠᠯᠠᠬᠤ᠂ ᠨᠥᠬᠦᠵᠦ ᠲᠠᠷᠢᠬᠤ ᠠᠵᠢᠯ ᠢ ᠥᠨᠳᠥᠷ | ᠪᠠᠷᠢᠮᠵᠢᠶ᠎ᠠ ᠪᠠᠷ ᠰᠠᠶᠢᠲᠤᠷ ᠬᠢᠨ᠎ᠡ᠃ | ᠬᠥᠬᠡ ᠣᠭᠲᠠᠷᠭᠤᠢ᠂ ᠴᠡᠩᠬᠡᠷ ᠤᠰᠤ᠂ ᠠᠷᠢᠭᠤᠨ ᠴᠡᠪᠡᠷ ᠬᠥᠷᠥᠰᠥ ᠶᠢ ᠬᠠᠮᠠᠭᠠᠯᠠᠬᠤ ᠳᠠᠶᠢᠯᠠᠯᠳᠤᠭᠠᠨ ᠤ | ᠢᠯᠠᠯᠲᠠ ᠶᠢ ᠭᠤᠣᠯᠳᠠᠯᠭ᠎ᠠ ᠲᠠᠢ ᠣᠯᠤᠨ᠎ᠠ᠃ ᠪᠦᠬᠦ ᠲᠤᠭᠤᠷᠢᠭ ᠤᠨ ᠠᠭᠠᠷ ᠮᠠᠨᠳᠠᠯ ᠤᠨ ᠪᠣᠬᠢᠷᠲᠤᠯ ᠢ ᠰᠡᠷᠭᠡᠶᠢᠯᠡᠨ | ᠵᠠᠰᠠᠬᠤ ᠠᠵᠢᠯ ᠢ ᠨᠢᠭᠡᠳᠦᠯᠲᠡᠢ ᠳᠤ ᠲᠥᠯᠥᠪᠯᠡᠨ ᠲᠥᠯᠥᠪᠵᠢᠭᠦᠯᠵᠦ᠂ ᠳᠡᠭᠳᠡᠮᠡᠯ ᠲᠣᠭᠤᠰᠣ ᠶᠢᠨ ᠪᠣᠬᠢᠷᠲᠤᠯ ᠢ | ᠰᠡᠷᠭᠡᠶᠢᠯᠡᠨ ᠵᠠᠰᠠᠬᠤ᠂ ᠴᠡᠪᠡᠷ ᠨᠡᠭᠦᠷᠡᠰᠦ ᠰᠢᠲᠠᠭᠠᠬᠤ ᠶᠢ ᠬᠢᠨᠠᠨ ᠬᠠᠮᠢᠶᠠᠷᠬᠤ᠂ ᠨᠡᠭᠦᠷᠡᠰᠦ ᠰᠢᠲᠠᠭᠠᠬᠤ ᠭᠦᠤᠤᠯᠤ ᠶᠢ | ᠵᠠᠳᠠᠯᠵᠤ ᠨᠡᠶᠢᠯᠡᠭᠦᠯᠬᠦ᠂ ᠡᠰᠢ ᠰᠦᠷᠡᠯ ᠢ ᠰᠢᠲᠠᠭᠠᠬᠤ ᠶᠢ ᠴᠠᠭᠠᠵᠠᠯᠠᠬᠤ ᠵᠡᠷᠭᠡ ᠠᠵᠢᠯ ᠢ ᠳᠤᠪᠤᠶᠢᠮ᠎ᠠ ᠰᠠᠶᠢᠲᠤᠷ | ᠠᠳᠬᠤᠵᠤ᠂ ᠣᠷᠣᠨ ᠪᠦᠰᠡ ᠶᠢᠨ ᠠᠭᠠᠷ ᠤᠨ ᠣᠷᠴᠢᠨ ᠲᠤᠭᠤᠷᠢᠨ ᠤ ᠶᠠᠰᠤ ᠴᠢᠨᠠᠷ ᠢ ᠪᠦᠲᠦᠮᠵᠢᠲᠡᠢ | ᠳᠡᠭᠡᠭᠰᠢᠯᠡᠭᠦᠯᠦᠨ᠎ᠡ᠃ ᠪᠠᠷᠢᠯᠭ᠎ᠠ ᠶᠢᠨ ᠭᠠᠵᠠᠷ᠂ ᠵᠠᠮ ᠲᠡᠭᠡᠭᠡᠪᠦᠷᠢ ᠵᠡᠷᠭᠡ ᠲᠣᠭᠤᠰᠣᠨ ᠤ ᠪᠣᠬᠢᠷᠲᠤᠯ ᠢ ᠬᠠᠮᠢᠶᠠᠷᠤᠨ | ᠡᠵᠡᠮᠳᠡᠬᠦ ᠠᠵᠢᠯ ᠢ ᠳᠤᠪᠤᠶᠢᠮ᠎ᠠ ᠰᠠᠶᠢᠲᠤᠷ ᠠᠳᠬᠤᠨ᠎ᠠ᠃ ᠠᠷᠢᠭᠤᠨ ᠴᠡᠪᠡᠷ ᠵᠤᠤᠬ᠎ᠠ ᠪᠠᠭᠠᠵᠢ ᠬᠡᠷᠡᠭᠰᠡᠯ ᠢ | ᠣᠷᠣᠯᠠᠭᠤᠯᠬᠤ ᠦᠷ᠎ᠡ ᠪᠦᠲᠦᠮᠵᠢ ᠶᠢ ᠪᠠᠬᠢᠵᠢᠭᠦᠯᠦᠨ ᠳᠡᠭᠡᠭᠰᠢᠯᠡᠭᠦᠯᠵᠦ᠂ ᠰᠢᠲᠠᠭᠠᠬᠤ ᠶᠢ ᠴᠠᠭᠠᠵᠠᠯᠠᠭᠰᠠᠨ ᠣᠷᠣᠨ | ᠪᠦᠬᠦᠨ ᠳᠤ ᠠᠷᠢᠭᠤᠨ ᠴᠡᠪᠡᠷ ᠬᠡᠯᠪᠡᠷᠢ ᠶᠢᠨ ᠨᠡᠭᠦᠷᠡᠰᠦ ᠬᠡᠷᠡᠭᠯᠡᠬᠦ ᠶᠢ ᠦᠨᠡᠨ ᠬᠦ ᠪᠠᠲᠤᠯᠠᠨ᠎ᠠ᠃ ᠠᠵᠤ ᠠᠬᠤᠢᠯᠠᠯ ᠤᠨ | ᠪᠣᠬᠢᠷᠲᠤᠯ ᠪᠣᠳᠠᠰ ᠤᠨ ᠭᠠᠳᠠᠭᠰᠢᠯᠠᠭᠤᠯᠤᠯᠲᠠ ᠶᠢ ᠬᠢᠨᠠᠨ ᠬᠠᠮᠢᠶᠠᠷᠬᠤ ᠠᠵᠢᠯ ᠢ ᠰᠠᠶᠢᠲᠤᠷ ᠬᠢᠵᠦ᠂ ᠬᠤᠳᠠᠯᠳᠤᠭ᠎ᠠ | ᠪᠠ ᠣᠷᠣᠨ ᠰᠠᠭᠤᠴᠠ ᠶᠢᠨ ᠬᠤᠯᠢᠮᠠᠭ ᠠᠰᠠᠷ ᠲᠠᠭᠲᠤ ᠶᠢᠨ ᠢᠳᠡᠭᠡᠨ ᠤᠮᠳᠠᠭᠠᠨ ᠤ ᠠᠵᠤ ᠠᠬᠤᠢᠯᠠᠯ ᠢ ᠠᠯᠬᠤᠮ | ᠠᠯᠬᠤᠮ ᠢᠶᠠᠷ ᠴᠠᠭᠠᠵᠠᠯᠠᠨ᠎ᠠ᠃ ᠠᠭᠠᠷ ᠮᠠᠨᠳᠠᠯ ᠤᠨ ᠥᠷᠲᠡᠭᠡ ᠶᠢᠨ ᠬᠢᠨᠠᠨ ᠬᠡᠮᠵᠢᠬᠦ ᠠᠵᠢᠯ ᠢ ᠴᠢᠩᠭ᠎ᠠ ᠰᠠᠶᠢᠲᠤᠷ | ᠬᠢᠵᠦ᠂ ᠰᠦᠯᠵᠢᠶᠡᠨ ᠳᠡᠭᠡᠷᠡᠬᠢ ᠭᠦᠸᠧᠯᠦ ᠶᠢᠨ ᠲᠤᠭ᠎ᠠ ᠪᠠᠷᠢᠮᠲᠠ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ | ᠪᠠᠷᠢᠮᠵᠢᠶ᠎ᠠ ᠳᠤ ᠬᠦᠷᠭᠡᠵᠦ ᠭᠠᠳᠠᠭᠰᠢᠯᠠᠭᠤᠯᠬᠤ ᠶᠢ ᠦᠨᠡᠨᠬᠦ ᠪᠠᠲᠤᠯᠠᠵᠤ᠂ ᠪᠥᠬᠦ ᠲᠤᠭᠤᠷᠢᠭ ᠤᠨ ᠠᠭᠠᠷ ᠤᠨ ᠶᠠᠰᠤ | ᠴᠢᠨᠠᠷ ᠰᠢᠯᠢᠳᠡᠭ ᠰᠠᠶᠢᠨ ᠡᠳᠦᠷ ᠤᠨ ᠲᠤᠭ᠎ᠠ ᠶᠢ 300 ᠡᠳᠦᠷ ᠠᠴᠠ ᠳᠡᠭᠡᠭᠰᠢ ᠪᠣᠯᠭᠠᠨ᠎ᠠ︔ ᠤᠤᠭᠤᠬᠤ ᠤᠰᠤᠨ ᠤ | ᠡᠬᠢ ᠰᠤᠷᠪᠤᠯᠵᠢ ᠶᠢᠨ ᠬᠠᠮᠠᠭᠠᠯᠠᠯᠲᠠ ᠶᠢ ᠴᠢᠩᠭᠠᠳᠬᠠᠵᠤ᠂ ᠤᠤᠭᠤᠬᠤ ᠤᠰᠤᠨ ᠤ ᠡᠬᠢ ᠰᠤᠷᠪᠤᠯᠵᠢ ᠶᠢᠨ | ᠬᠠᠮᠠᠭᠠᠯᠠᠯᠲᠠ ᠶᠢᠨ ᠣᠷᠣᠨ ᠢ ᠵᠢᠷᠤᠮᠵᠢᠭᠤᠯᠬᠤ ᠪᠠᠶᠢᠭᠤᠯᠤᠯᠲᠠ ᠶᠢ ᠦᠷᠭᠦᠯᠵᠢᠯᠡᠨ ᠲᠦᠯᠬᠢᠨ ᠠᠬᠢᠭᠤᠯᠵᠤ᠂ | ᠤᠤᠭᠤᠬᠤ ᠤᠰᠤᠨ ᠤ ᠡᠬᠢ ᠰᠤᠷᠪᠤᠯᠵᠢ ᠶᠢᠨ ᠬᠠᠮᠠᠭᠠᠯᠠᠯᠲᠠ ᠶᠢᠨ ᠣᠷᠣᠨ ᠢ ᠪᠠᠶᠢᠩᠭᠤᠵᠢᠭᠤᠯᠤᠨ ᠬᠠᠤᠯᠢ | ᠬᠡᠷᠡᠭᠵᠢᠭᠦᠯᠬᠦ ᠶᠢ ᠴᠢᠩᠳᠠᠯᠠᠨ᠎ᠠ᠃ ᠤᠰᠤ ᠶᠢ ᠠᠷᠪᠢᠯᠠᠨ ᠭᠠᠮᠨᠠᠬᠤ ᠤᠬᠠᠮᠰᠠᠷ ᠢ ᠴᠢᠩᠭᠠᠳᠬᠠᠵᠤ᠂ ᠬᠥᠳᠡᠭᠡ | ᠲᠣᠰᠬᠤᠨ ᠳᠤ ᠤᠰᠤᠨ ᠤ ᠬᠡᠮᠵᠢᠭᠦᠷ ᠨᠡᠮᠡᠬᠦ ᠲᠤᠷᠰᠢᠯᠲᠠ ᠬᠢᠵᠦ᠂ ᠤᠰᠤᠨ ᠤ ᠱᠠᠲᠤᠯᠢᠭ ᠦᠨ᠎ᠡ ᠶᠢ ᠲᠤᠷᠰᠢᠨ | ᠬᠡᠷᠡᠭᠵᠢᠭᠦᠯᠦᠨ᠎ᠡ᠃ ︽ᠵᠢᠵᠢᠭ ᠲᠠᠷᠠᠬᠠᠶ ᠪᠤᠲᠠᠷᠬᠠᠶ᠂ ᠡᠮᠬᠢ ᠵᠠᠮᠪᠠᠷᠠᠭ᠎ᠠ ᠥᠬᠡᠶ᠂ ᠪᠣᠬᠢᠷᠲᠤᠯ ᠶᠡᠬᠡᠲᠡᠶ︾ ᠵᠢᠵᠢᠭ | ᠦᠢᠯᠡᠳᠬᠡᠯ᠂ ᠨᠡᠮᠡᠭᠦᠷᠢ ᠶᠢ ᠡᠷᠡᠰ ᠴᠠᠭᠠᠵᠠᠯᠠᠵᠤ᠂ ᠦᠮᠡᠬᠡᠶ ᠣᠰᠣᠨ ᠴᠣᠭᠴᠠ ᠶᠢᠨ ᠪᠣᠬᠢᠷᠲᠤᠯ ᠢ ᠭᠤᠣᠯᠳᠠᠯᠭ᠎ᠠ ᠲᠠᠢ | ᠰᠡᠷᠭᠡᠶᠢᠯᠡᠨ ᠬᠢᠵᠠᠭᠠᠷᠯᠠᠨ᠎ᠠ᠃ ᠭᠤᠣᠯᠳᠠᠯᠭ᠎ᠠ ᠲᠠᠢ ᠪᠣᠬᠢᠷ ᠤᠰᠤ ᠰᠢᠢᠳᠪᠦᠷᠢᠯᠡᠬᠦ 4 ᠦᠢᠯᠡᠳᠪᠦᠷᠢ ᠶᠢᠨ ᠡᠳᠦᠷ | ᠲᠣᠲᠤᠮ ᠤᠨ ᠬᠠᠮᠢᠶᠠᠷᠤᠯᠲᠠ ᠶᠢ ᠴᠢᠩᠭᠠᠳᠬᠠᠵᠤ᠂ ᠭᠤᠣᠯ ᠤᠨ ᠵᠠᠮ ᠵᠢᠴᠢ ᠪᠣᠬᠢᠷᠲᠤᠯ ᠭᠠᠳᠠᠭᠰᠢᠯᠠᠭᠤᠯᠬᠤ ᠠᠮᠠ ᠶᠢ | ᠬᠢᠨᠠᠨ ᠬᠠᠮᠢᠶᠠᠷᠴᠤ ᠲᠣᠭᠤᠷᠢᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂ ᠨᠢᠭᠡᠳᠦᠭᠡᠷ ᠲᠡᠰ ᠤᠨ ᠤᠤᠭᠤᠬᠤ | ᠤᠰᠤᠨ ᠤ ᠡᠬᠢ ᠰᠤᠷᠪᠤᠯᠵᠢ ᠶᠢᠨ ᠭᠠᠵᠠᠷ᠂ ᠬᠤᠶᠠᠳᠤᠭᠠᠷ ᠲᠡᠰ ᠤᠨ ᠤᠰᠤᠨ ᠤ ᠡᠬᠢ ᠰᠤᠷᠪᠤᠯᠵᠢ ᠶᠢᠨ | ᠬᠠᠮᠠᠭᠠᠯᠠᠯᠲᠠ ᠶᠢᠨ ᠭᠠᠵᠠᠷ᠂ ᠱᠢ ᠷᠧᠨ ᠸᠠᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ᠂ ᠳᠠᠯᠠᠨ ᠬᠠᠷ᠎ᠠ | ᠠᠭᠤᠯᠠ ᠶᠢᠨ ᠠᠮᠢ ᠠᠬᠤᠢ ᠶᠢᠨ ᠬᠠᠮᠠᠭᠠᠯᠠᠯᠲᠠ ᠶᠢᠨ ᠣᠷᠣᠨ ᠤ ᠬᠠᠮᠢᠶᠠᠷᠤᠯᠲᠠ ᠶᠢ ᠴᠢᠩᠭᠠᠳᠬᠠᠨ᠎ᠠ︔ ᠬᠥᠷᠥᠰᠥ | ᠰᠢᠷᠣᠢ ᠶᠢᠨ ᠣᠷᠴᠢᠨ ᠲᠣᠭᠤᠷᠢᠨ ᠢ ᠬᠢᠨᠠᠨ ᠬᠡᠮᠵᠢᠬᠦ᠂ ᠬᠠᠤᠯᠢ ᠬᠡᠷᠡᠭᠵᠢᠭᠦᠯᠬᠦ ᠬᠢᠷᠢ ᠬᠡᠮᠵᠢᠶ᠎ᠡ ᠶᠢ ᠠᠯᠬᠤᠮ | ᠠᠯᠬᠤᠮ ᠢᠶᠠᠷ ᠳᠡᠭᠡᠭᠰᠢᠯᠡᠭᠦᠯᠵᠦ᠂ ᠬᠥᠷᠥᠰᠥ ᠰᠢᠷᠣᠢ ᠶᠢᠨ ᠪᠣᠬᠢᠷᠲᠤᠯ ᠤᠨ ᠣᠳᠣᠬᠢ ᠪᠠᠶᠢᠳᠠᠯ ᠤᠨ ᠰᠢᠨᠵᠢ ᠴᠢᠨᠠᠷ ᠢ | ᠲᠣᠭᠲᠠᠭᠠᠬᠤ ᠪᠠᠶᠢᠴᠠᠭᠠᠯᠲᠠ ᠶᠢ ᠪᠡᠶᠡᠯᠡᠭᠦᠯᠵᠦ᠂ ᠲᠡᠵᠢᠭᠡᠬᠦ ᠶᠢ ᠴᠠᠭᠠᠵᠠᠯᠠᠬᠤ ᠣᠷᠣᠨ ᠤ ᠲᠡᠵᠢᠭᠡᠨ ᠦᠷᠡᠵᠢᠭᠦᠯᠬᠦ | ᠲᠠᠯᠠᠪᠠᠢ ︵ᠡᠷᠦᠬᠡ︶ ᠶᠢ ᠠᠯᠬᠤᠮ ᠠᠯᠬᠤᠮ ᠢᠶᠠᠷ ᠴᠠᠭᠠᠵᠠᠯᠠᠵᠤ᠂ ᠬᠥᠳᠡᠭᠡ ᠲᠣᠰᠬᠤᠨ ᠤ ᠤᠯᠠᠨ ᠡᠬᠢᠲᠦ | ᠪᠣᠬᠢᠷᠲᠤᠯ ᠢ ᠪᠦᠲᠦᠮᠵᠢᠲᠡᠢ ᠪᠠᠭᠤᠷᠠᠭᠤᠯᠵᠤ᠂ ᠬᠥᠷᠥᠰᠥ ᠰᠢᠷᠣᠢ ᠶᠢᠨ ᠪᠣᠬᠢᠷᠲᠤᠯ ᠢ ᠬᠠᠮᠢᠶᠠᠷᠤᠨ ᠡᠵᠡᠮᠳᠡᠬᠦ | ᠴᠢᠳᠠᠪᠤᠷᠢ ᠶᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ | ᠬᠠᠮᠢᠶᠠᠷᠤᠯᠲᠠ ᠶᠢ ᠴᠢᠩᠭᠠᠳᠬᠠᠵᠤ᠂ ᠠᠶᠤᠯᠲᠠᠶ ᠬᠠᠶᠠᠭᠳᠠᠮᠠᠯ ᠪᠣᠳᠠᠰ ᠢ ᠰᠢᠢᠳᠪᠦᠷᠢᠯᠡᠬᠦ ᠪᠡᠷᠬᠡ ᠰᠡᠳᠦᠪ ᠢ | ᠰᠦᠪᠡᠭᠴᠢᠯᠡᠨ ᠰᠢᠶ᠋ᠳᠪᠦᠷᠢᠯᠡᠵᠦ᠂ ᠠᠶᠤᠯᠲᠠᠶ ᠬᠠᠶᠠᠭᠳᠠᠮᠠᠯ ᠪᠣᠳᠠᠰ ᠢ ᠰᠢᠢᠳᠪᠦᠷᠢᠯᠡᠬᠦ ᠴᠢᠳᠠᠪᠤᠷᠢ ᠪᠠᠨ | ᠳᠡᠭᠡᠭᠰᠢᠯᠡᠭᠦᠯᠦᠨ᠎ᠡ᠃ | ᠡᠭᠦᠨ ᠤ ᠬᠠᠮᠲᠤ᠂ ᠲᠠᠷᠢᠶᠠᠯᠠᠩ ᠤᠨ ᠬᠥᠭᠵᠢᠯᠲᠡ ᠶᠢᠨ ᠲᠠᠯ᠎ᠠ ᠪᠠᠷ᠂ ᠰᠠᠶᠢᠬᠠᠨ ᠲᠣᠭᠤᠷᠢᠭ ︽ᠨᠢᠭᠡ | ᠪᠠᠯᠭᠠᠰᠤ ᠨᠢᠭᠡ ᠣᠨᠴᠠᠭᠠᠢ᠂ ᠨᠢᠭᠡ ᠲᠣᠰᠬᠤᠨ ᠨᠢᠭᠡ ᠨᠠᠷᠠᠲᠤ ᠪᠦᠲᠦᠭᠡᠭᠳᠡᠬᠦᠨ︾ ᠤ ᠱᠠᠭᠠᠷᠳᠠᠯᠭ᠎ᠠ ᠶᠣᠰᠣᠭᠠᠷ᠂ | ᠳᠠᠪᠠᠭᠤᠯᠢᠭ ᠣᠨᠴᠠᠯᠢᠭᠲᠤ ᠠᠵᠤ ᠦᠢᠯᠡᠰ ᠢ ᠳᠡᠰ ᠳᠡᠪᠰᠢᠭᠦᠯᠦᠨ ᠬᠥᠭᠵᠢᠭᠦᠯᠬᠦ ᠶᠢ ᠰᠠᠶᠢᠲᠤᠷ ᠠᠳᠬᠤᠵᠤ᠂ | ᠲᠠᠷᠢᠶᠠᠯᠠᠩ ᠤᠨ ᠪᠦᠲᠦᠭᠡᠭᠳᠡᠬᠦᠨ ᠤ ᠲᠠᠷᠢᠮᠠᠯ ᠤᠨ ᠪᠦᠲᠦᠴᠡ ᠳᠤ ᠲᠣᠬᠢᠷᠠᠭᠤᠯᠤᠯᠲᠠ ᠬᠢᠵᠦ᠂ ᠣᠨᠴᠠᠯᠢᠭᠲᠤ ᠨᠠᠷᠠᠲᠤ | ᠲᠡᠮᠳᠡᠭ ᠢ ᠪᠤᠢ ᠪᠣᠯᠭᠠᠨ᠎ᠠ᠃ ᠠᠵᠤ ᠦᠢᠯᠡᠰ ᠤᠨ ᠬᠥᠭᠵᠢᠯᠲᠡ ᠶᠢᠨ ᠬᠡᠯᠬᠢᠶ᠎ᠡ ᠶᠢ ᠥᠷᠭᠡᠳᠬᠡᠵᠦ᠂ ︽ᠢᠨᠲ᠋ᠧᠷ | ᠰᠦᠯᠵᠢᠶ᠎ᠡ + ᠲᠠᠷᠢᠶᠠᠯᠠᠩ︾ ᠤᠨ ᠬᠥᠭᠵᠢᠯᠲᠡ ᠶᠢ ᠲᠦᠯᠬᠢᠨ ᠠᠬᠢᠭᠤᠯᠵᠤ᠂ ᠵᠢᠭᠤᠯᠴᠢᠯᠠᠯ᠂ ᠰᠡᠯᠡᠭᠦᠴᠡᠯ ᠵᠡᠷᠭᠡ ᠶᠢ | ᠣᠳᠣ ᠦᠶ᠎ᠡ ᠶᠢᠨ ᠲᠠᠷᠢᠶᠠᠯᠠᠩ ᠳᠤ ᠠᠭᠤᠰᠬᠠᠨ ᠣᠷᠣᠭᠤᠯᠵᠤ᠂ ᠲᠠᠷᠢᠶᠠᠴᠢᠳ ᠤᠨ ᠣᠷᠣᠯᠭ᠎ᠠ ᠶᠢ ᠪᠦᠲᠦᠮᠵᠢᠲᠡᠶ ᠪᠠᠷ | ᠨᠡᠮᠡᠭᠳᠡᠭᠦᠯᠦᠨ᠎ᠡ᠃ | ᠠᠵᠤ ᠦᠢᠯᠡᠳᠪᠦᠷᠢ ᠶᠢᠨ ᠬᠥᠭᠵᠢᠯᠲᠡ ᠶᠢᠨ ᠲᠠᠯ᠎ᠠ ᠪᠠᠷ᠂ ᠰᠠᠶᠢᠬᠠᠨ ᠲᠣᠭᠤᠷᠢᠭ ᠭᠡᠷᠡᠯ ᠴᠡᠨᠡᠩ ᠤᠨ ᠠᠵᠤ | ᠦᠢᠯᠡᠰ ᠤᠨ ᠰᠤᠨᠵᠢᠷᠠᠮᠠᠯ ᠬᠡᠯᠬᠢᠶᠡᠰᠦ ᠶᠢᠨ ᠨᠥᠬᠦᠪᠥᠷᠢ ᠬᠡᠯᠬᠢᠶ᠎ᠡ ᠪᠠᠷ ᠭᠤᠣᠯᠳᠠᠭᠤᠯᠵᠤ᠂ ᠬᠤᠳᠠᠯᠳᠤᠭ᠎ᠠ ᠪᠠᠷ | ᠠᠷᠠᠯᠵᠢᠶᠠᠴᠢᠨ ᠤᠷᠢᠬᠤ᠂ ᠠᠵᠤ ᠠᠬᠤᠢᠯᠠᠯ ᠢᠶᠠᠷ ᠠᠷᠠᠯᠵᠢᠶᠠᠴᠢᠨ ᠤᠷᠢᠬᠤ ᠪᠠᠷ ᠳᠠᠮᠵᠢᠭᠤᠯᠵᠤ᠂ ᠠᠵᠤ ᠦᠢᠯᠡᠰ ᠤᠨ | ᠬᠡᠯᠬᠢᠶ᠎ᠡ ᠶᠢᠨ ᠳᠡᠭᠡᠳᠦ ᠳᠡᠰ ᠲᠡᠰᠢ ᠥᠷᠭᠡᠵᠢᠬᠦ ᠶᠢ ᠪᠡᠶᠡᠯᠡᠭᠦᠯᠦᠨ᠎ᠡ᠃ ᠰᠢᠨ᠎ᠡ ᠡᠨᠧᠷᠭᠢ᠂ ᠰᠢᠨ᠎ᠡ ᠮᠠᠲ᠋ᠧᠷᠢᠶᠠᠯ ᠤᠨ | ᠲᠣᠭᠤᠷᠢᠨ ᠳᠤ᠂ ᠰᠢᠶᠧ ᠰᠢᠨ ᠵᠦᠩᠺᠠ ᠪᠦᠬᠦᠢ ᠤᠮᠠᠷᠠᠲᠤ ᠤᠷᠤᠨ ᠤ ᠲᠠᠰᠤᠯᠤᠨ ᠪᠣᠳᠣᠬᠤ ᠶᠡᠷᠦᠩᠬᠡᠢ | ᠭᠠᠵᠠᠷ ᠢ ᠢᠳᠡᠪᠬᠢᠲᠡᠢ ᠪᠠᠷ ᠣᠷᠣᠭᠤᠯᠤᠨ ᠠᠪᠴᠢᠷᠠᠨ᠎ᠠ᠃ ᠪᠠᠲᠤᠯᠠᠭ᠎ᠠ ᠶᠢᠨ ᠦᠢᠯᠡᠴᠢᠯᠡᠭᠡ ᠶᠢ ᠴᠢᠩᠭᠠᠷᠠᠭᠤᠯᠬᠤ ᠲᠠᠢ | ᠤᠶᠠᠯᠳᠤᠭᠤᠯᠤᠨ᠂ 90 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠭᠰᠠᠨ ᠳᠤᠮᠳᠠ ᠴᠠᠭᠠᠷᠢᠭ ᠲᠠᠪᠤᠳᠤᠭᠠᠷ | ᠬᠤᠭᠤᠴᠠᠭᠠᠨ ᠤ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠪᠥᠬᠦ ᠬᠦᠴᠦᠨ ᠢᠶᠠᠷ ᠢᠶᠠᠨ ᠳᠡᠮᠵᠢᠵᠦ᠂ | ᠡᠷᠲᠡᠬᠡᠨ ᠠᠰᠢᠭᠯᠠᠯᠲᠠ ᠳᠤ ᠣᠷᠣᠭᠤᠯᠬᠤ ᠪᠠᠷ ᠴᠢᠷᠮᠠᠶᠢᠨ᠎ᠠ᠃ | ᠣᠳᠣ ᠦᠶ᠎ᠡ ᠶᠢᠨ ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢᠨ ᠲᠠᠯ᠎ᠠ ᠪᠠᠷ᠂ ᠰᠠᠶᠢᠬᠠᠨ ᠲᠣᠭᠤᠷᠢᠭ ᠤᠨ ᠬᠢᠨ | ᠣᠳᠣ ᠦᠶ᠎ᠡ ᠶᠢᠨ ᠪᠠᠷᠠᠭ᠎ᠠ ᠶᠢᠨ ᠭᠦᠢᠯᠭᠡᠭᠡᠨ ᠤ ᠠᠵᠤ ᠦᠢᠯᠡᠰ ᠢ ᠪᠤᠵᠠᠭᠠᠶᠢᠷᠠᠭᠤᠯᠤᠨ᠂ ᠰᠢᠨᠬᠤᠸᠠ ᠰᠣᠶᠣᠯ ᠤᠨ | ᠪᠠᠷᠠᠭ᠎ᠠ ᠶᠢᠨ ᠭᠦᠢᠯᠭᠡᠭᠡ᠂ ᠵᠢᠦ ᠵᠧᠤ ᠲᠤᠩ ᠡᠮ ᠡᠮᠨᠡᠯᠭᠡ ᠶᠢᠨ ᠪᠠᠷᠠᠭ᠎ᠠ ᠶᠢᠨ ᠭᠦᠢᠯᠭᠡᠭᠡ ᠶᠢᠨ ᠳᠥᠷᠪᠡᠳᠦᠭᠡᠷ | ᠬᠤᠭᠤᠴᠠᠭ᠎ᠠ ᠵᠡᠷᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠵᠦᠩ | ᠨᠦᠩ ᠬᠦᠢᠲᠡᠨ ᠪᠠᠷᠠᠭ᠎ᠠ ᠶᠢᠨ ᠭᠦᠢᠯᠭᠡᠭᠡ ᠶᠢᠨ ᠲᠥᠷᠥᠯ ᠵᠦᠢᠯ ᠢ ᠪᠣᠳᠠᠲᠠᠶᠢᠵᠢᠭᠤᠯᠤᠨ ᠪᠦᠲᠦᠭᠡᠨ ᠪᠠᠶᠢᠭᠤᠯᠬᠤ ᠪᠠᠷ | ᠴᠢᠷᠮᠠᠶᠢᠬᠤ ᠬᠡᠷᠡᠭᠲᠡᠶ︔ ᠪᠠᠷᠠᠭ᠎ᠠ ᠶᠢᠨ ᠭᠦᠢᠯᠭᠡᠭᠡᠨ ᠤ ᠥᠷᠲᠡᠭᠡ ︵ᠲᠠᠯᠠᠪᠠᠢ︶ ᠪᠠ ᠮᠡᠳᠡᠭᠡ ᠵᠠᠩᠭᠢ ᠶᠢᠨ ᠲᠠᠪᠴᠠᠩ | ᠤᠨ ᠪᠦᠲᠦᠭᠡᠨ ᠪᠠᠶᠢᠭᠤᠯᠤᠯᠲᠠ ᠶᠢ ᠪᠥᠬᠦ ᠬᠦᠴᠦᠨ ᠢᠶᠠᠷ ᠢᠶᠠᠨ ᠠᠬᠢᠭᠤᠯᠵᠤ᠂ ᠲᠣᠭᠤᠷᠢᠭ ᠪᠠᠯᠭᠠᠰᠤ ᠲᠣᠰᠬᠤᠨ | ᠭᠤᠷᠪᠠᠨ ᠱᠠᠲᠤ ᠶᠢ ᠬᠠᠮᠤᠷᠤᠭᠰᠠᠨ ᠪᠠᠷᠠᠭ᠎ᠠ ᠶᠢᠨ ᠭᠦᠢᠯᠭᠡᠭᠡᠨ ᠤ ᠲᠣᠤᠷ ᠰᠦᠯᠵᠢᠶ᠎ᠡ ᠶᠢ ᠪᠠᠶᠢᠭᠤᠯᠤᠨ᠎ᠠ᠃ ᠶᠢᠨ | ᠴᠢᠶᠣᠤ ᠶᠢᠨ ᠡᠯᠧᠺᠳ᠋ᠷᠣᠨ ᠬᠤᠳᠠᠯᠳᠤᠭᠠᠨ ᠤ ᠶᠠᠪᠤᠳᠠᠯ ᠤᠨ ᠠᠵᠤ ᠦᠢᠯᠡᠰ ᠤᠨ ᠬᠦᠷᠢᠶᠡᠯᠡᠩ ᠢ ᠰᠢᠯᠢᠳᠡᠭ ᠪᠤᠯᠭᠠᠵᠤ᠂ | ᠤᠯᠤᠰ ᠤᠨ ᠳᠡᠰ ᠤᠨ ᠡᠯᠧᠺᠳ᠋ᠷᠣᠨ ᠬᠤᠳᠠᠯᠳᠤᠭᠠᠨ ᠤ ᠶᠠᠪᠤᠳᠠᠯ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ | ᠢᠳᠡᠪᠬᠢᠲᠡᠶ ᠭᠤᠶᠤᠴᠢᠯᠠᠨ ᠮᠡᠳᠡᠭᠦᠯᠵᠦ᠂ ᠵᠢᠯ ᠤᠨ ᠳᠣᠲᠣᠷ᠎ᠠ ᠳᠠᠬᠢᠨ 100 ᠡᠯᠧᠺᠳ᠋ᠷᠣᠨ ᠬᠤᠳᠠᠯᠳᠤᠭᠠᠨ ᠤ | ᠳᠤᠮᠳᠠ ᠵᠢᠵᠢᠭ ᠠᠵᠤ ᠠᠬᠤᠢᠯᠠᠯ ᠢ ᠪᠤᠶᠢᠵᠢᠭᠤᠯᠵᠤ᠂ 20 ᠤᠯᠠᠮᠵᠢᠯᠠᠯᠲᠤ ᠠᠵᠤ ᠠᠬᠤᠢᠯᠠᠯ ᠢ ᠬᠤᠪᠢᠷᠠᠭᠤᠯᠤᠨ᠂ | 60 ᠳ᠋ᠦᠩᠰᠢᠭᠤᠷ ᠲᠥᠭᠦᠷᠢᠭ ᠤᠨ ᠠᠷᠠᠯᠵᠢᠶᠠᠨ ᠤ ᠨᠣᠷᠮ᠎ᠠ ᠶᠢ ᠪᠡᠶᠡᠯᠡᠭᠦᠯᠬᠦ ᠪᠠᠷ ᠴᠢᠷᠮᠠᠶᠢᠨ᠎ᠠ᠃ | ᠬᠤᠳᠠᠯᠳᠤᠭᠠᠴᠢᠨ ᠤᠷᠢᠵᠤ ᠪᠠᠯᠠ ᠲᠠᠲᠠᠬᠤ ᠲᠠᠯ᠎ᠠ ᠪᠠᠷ᠂ ᠰᠠᠶᠢᠬᠠᠨ ᠲᠣᠭᠤᠷᠢᠭ ᠤᠨ ᠬᠢᠨ ᠰᠢᠨ᠎ᠡ ᠮᠡᠷᠭᠡᠵᠢᠯ᠂ | ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ᠂ ᠰᠢᠨ᠎ᠡ ᠵᠠᠭᠪᠤᠷ ᠲᠤ ᠠᠩᠬᠠᠷᠤᠯ ᠢᠶᠠᠨ ᠲᠥᠪᠯᠡᠷᠡᠭᠦᠯᠵᠦ᠂ ︽ | ᠲᠣᠯᠣᠭᠠᠶᠢᠯᠠᠭᠴᠢ ᠶᠢ ᠴᠢᠩᠭᠠᠷᠠᠭᠤᠯᠬᠤ᠂ ᠬᠡᠯᠬᠢᠶ᠎ᠡ ᠶᠢ ᠨᠥᠬᠦᠪᠥᠷᠢᠯᠡᠬᠦ᠂ ᠰᠦᠷᠦᠭᠵᠢᠯ ᠢ ᠲᠥᠪᠯᠡᠷᠡᠭᠦᠯᠬᠦ︾ ᠲᠠᠢ | ᠨᠢᠭᠲᠠ ᠤᠶᠠᠯᠳᠤᠭᠤᠯᠤᠨ ᠬᠤᠳᠠᠯᠳᠤᠭᠠᠴᠢᠨ ᠤᠷᠢᠵᠤ ᠪᠠᠯᠠ ᠰᠣᠩᠭᠤᠵᠤ᠂ ᠪᠣᠬᠢᠷᠲᠤᠯ ᠥᠬᠡᠶ ᠬᠤᠳᠠᠯᠳᠤᠭᠠᠴᠢᠨ | ᠤᠷᠢᠬᠤ ᠣᠨᠣᠯᠵᠢᠬᠤᠨ ᠢ ᠴᠢᠩᠭᠠᠷᠠᠭᠤᠯᠵᠤ᠂ ᠲᠥᠷᠥᠯ ᠵᠦᠢᠯ ᠤᠨ ᠵᠥᠪᠰᠢᠶᠡᠷᠡᠨ ᠣᠷᠣᠭᠤᠯᠬᠤ ᠲᠣᠭᠲᠠᠴᠠ ᠪᠠ | ᠣᠷᠴᠢᠨ ᠲᠣᠭᠤᠷᠢᠨ ᠤ ᠬᠠᠮᠠᠭᠠᠯᠠᠯᠲᠠ ᠶᠢᠨ ᠤᠷᠢᠳᠠᠴᠢ ᠬᠢᠨᠠᠨ ᠵᠥᠪᠰᠢᠶᠡᠷᠡᠯ ᠢ ᠴᠢᠩᠳᠠᠯᠠᠵᠤ᠂ ᠦᠢᠯᠡᠳᠪᠦᠷᠢᠯᠡᠬᠦ | ᠴᠢᠳᠠᠪᠤᠷᠢ ᠶᠢ ᠬᠠᠰᠤᠬᠤ ᠬᠠᠷᠠᠯᠲᠠ ᠡᠭᠦᠷᠭᠡ ᠶᠢ ᠡᠷᠡᠰ ᠨᠠᠶᠢᠳᠠᠪᠤᠷᠢᠵᠢᠭᠤᠯᠤᠨ᠂ ᠳᠣᠤᠷ᠎ᠠ ᠳᠡᠰ ᠤᠨ ᠦᠢᠯᠡᠳᠪᠦᠷᠢᠯᠡᠬᠦ | ᠴᠢᠳᠠᠪᠤᠷᠢ ᠶᠢᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠶᠢ ᠬᠡᠳᠡᠷᠬᠦ ᠰᠢᠬᠠᠮᠳᠠᠭᠤᠯᠵᠤ᠂ ᠲᠡᠷᠢᠭᠦᠨ ᠤ | ᠦᠢᠯᠡᠳᠪᠦᠷᠢᠯᠡᠬᠦ ᠴᠢᠳᠠᠪᠤᠷᠢ ᠳᠤ ᠬᠥᠭᠵᠢᠯᠲᠡ ᠶᠢᠨ ᠣᠷᠣᠨ ᠵᠠᠶ ᠭᠠᠷᠭᠠᠵᠤ ᠦᠭᠭᠦᠨ᠎ᠡ᠃ | ︽ᠡᠪᠡᠰᠦ ᠮᠣᠳᠣ ᠲᠠᠷᠢᠵᠤ᠂ ᠤᠯᠤᠰ ᠭᠦᠷᠦᠨ ᠢᠶᠠᠨ ᠴᠢᠨᠡᠭᠡᠯᠢᠭᠵᠢᠭᠦᠯᠦᠨ᠎ᠡ︾ ᠶᠦᠨ ᠵᠦᠩ ᠾᠧᠦ᠂ | ᠰᠠᠶᠢᠬᠠᠨ ᠲᠣᠭᠤᠷᠢᠭ ᠤᠨ ᠬᠢᠨ ᠡᠬᠢ ᠪᠠᠶᠠᠯᠢᠭ ᠢ ᠠᠷᠪᠢᠯᠠᠬᠤ ᠪᠠ ᠣᠷᠴᠢᠨ ᠲᠣᠭᠤᠷᠢᠨ ᠢ ᠬᠠᠮᠠᠭᠠᠯᠠᠬᠤ ᠣᠷᠣᠨ | ᠵᠠᠢ ᠶᠢᠨ ᠪᠠᠶᠢᠷᠢᠰᠢᠯ᠂ ᠠᠵᠤ ᠦᠢᠯᠡᠰ ᠤᠨ ᠪᠦᠲᠦᠴᠡ᠂ ᠦᠢᠯᠡᠳᠪᠦᠷᠢᠯᠡᠯ ᠤᠨ ᠠᠷᠭ᠎ᠠ ᠬᠡᠯᠪᠡᠷᠢ᠂ ᠠᠮᠢᠳᠤᠷᠠᠯ ᠤᠨ | ᠠᠷᠭ᠎ᠠ ᠬᠡᠯᠪᠡᠷᠢ ᠶᠢ ᠲᠦᠷᠭᠡᠨ ᠪᠦᠷᠢᠯᠳᠦᠭᠦᠯᠵᠦ᠂ ᠣᠷᠴᠢᠨ ᠲᠣᠭᠤᠷᠢᠨ ᠢ ᠶᠡᠷᠦᠩᠬᠡᠶᠢᠯᠡᠨ ᠴᠡᠭᠴᠡᠯᠡᠨ ᠵᠠᠰᠠᠵᠤ | ᠳᠡᠭᠡᠭᠰᠢᠯᠡᠭᠦᠯᠬᠦ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠠᠶᠢᠭᠤᠯᠵᠤ᠂ ᠬᠥᠬᠡᠮᠳᠦᠭ ᠠᠭᠤᠯᠠ | ᠮᠥᠩᠬᠡ᠂ ᠴᠡᠩᠭᠡᠭ ᠤᠰᠤ ᠤᠷᠳᠤ᠂ ᠠᠭᠤᠷ ᠠᠮᠢᠰᠬᠤᠯ ᠪᠠᠶᠢᠩᠭᠤ ᠰᠢᠨᠡᠳᠴᠦ᠂ ᠡᠬᠡ ᠤᠯᠤᠰ ᠤᠨ ᠤᠮᠠᠷᠠᠲᠤ ᠶᠢᠨ | ᠦᠵᠡᠰᠬᠦᠯᠡᠩᠲᠦ ᠰᠠᠶᠢᠬᠠᠨ ᠦᠵᠡᠮᠵᠢ ᠶᠢᠨ ᠣᠷᠣᠨ ᠢ ᠰᠠᠶᠢᠲᠤᠷ ᠪᠦᠲᠦᠭᠡᠨ ᠪᠠᠶᠢᠭᠤᠯᠬᠤ ᠳᠤ ᠰᠢᠨ᠎ᠡ ᠬᠤᠪᠢ ᠨᠡᠮᠡᠷᠢ | ᠦᠵᠡᠭᠦᠯᠵᠦ᠂ ᠰᠢᠯᠢᠳᠡᠭ ᠠᠮᠵᠢᠯᠲᠠ ᠪᠠᠷ ᠢᠶᠠᠨ ᠰᠢᠨ᠎ᠡ ᠳᠤᠮᠳᠠᠳᠤ ᠤᠯᠤᠰ ᠪᠠᠢᠭᠤᠯᠤᠭᠳᠠᠭᠰᠠᠨ 70 ᠵᠢᠯ ᠤᠨ | ᠣᠢ ᠶᠢ ᠤᠭᠲᠤᠨ᠎ᠠ ᠭᠡᠵᠦ ᠢᠯᠡᠳᠬᠡᠪᠡ᠃ ︵ᠢᠷᠡᠯᠲᠡ᠄ ᠬᠦᠬᠡᠬᠤᠲᠠ ᠶᠢᠨ ᠡᠳᠦᠷ ᠤᠨ ᠰᠣᠨᠢᠨ︶ |