ᠰᠤᠷᠪᠤᠯᠵᠢᠯᠠᠭᠰᠠᠨ ᠴᠠᠭ᠄ 2019 ᠣᠨ ᠤ 02 ᠳ᠋ᠤᠭᠠᠷ ᠰᠠᠷ᠎ᠠ ᠶᠢᠨ 19 ᠤ ᠡᠳᠦᠷ ᠤᠨ 15 ᠴᠠᠭ | ᠰᠤᠷᠪᠤᠯᠵᠢᠯᠠᠭ᠎ᠠ ᠬᠦᠯᠢᠶᠡᠭᠴᠢ᠄ ᠥᠪᠡᠷᠲᠡᠭᠡᠨ ᠵᠠᠰᠠᠬᠤ ᠣᠷᠣᠨ ᠤ ᠤᠯᠤᠰ ᠤᠨ ᠥᠮᠴᠢᠯᠡᠯᠲᠦ ᠡᠳ᠋ | ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠤᠨ ᠨᠠᠮ ᠤᠨ ᠬᠤᠷᠢᠶ᠎ᠠ ᠶᠢᠨ ᠭᠡᠰᠢᠭᠦᠨ᠂ ᠳᠡᠳ᠋ ᠡᠷᠬᠢᠯᠡᠭᠴᠢ | ᠡᠾᠧ ᠢᠦᠢ ᠴᠦᠨ | ᠰᠤᠷᠪᠤᠯᠵᠢᠯᠠᠭ᠎ᠠ ᠶᠢᠨ ᠲᠣᠪᠴᠢ ᠲᠠᠨᠢᠯᠴᠠᠭᠤᠯᠭ᠎ᠠ᠄ ᠣᠶᠢᠷ᠎ᠠ ᠳᠤ᠂ ᠪᠢᠳᠡ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ | ᠵᠥᠪᠯᠡᠯ ᠤᠨ ᠨᠠᠮ ᠤᠨ ᠬᠤᠷᠢᠶ᠎ᠠ ᠶᠢᠨ ᠭᠡᠰᠢᠭᠦᠨ᠂ ᠳᠡᠳ᠋ ᠡᠷᠬᠢᠯᠡᠭᠴᠢ ᠡᠾᠧ ᠢᠦᠢ ᠴᠦᠨ ᠢ ᠤᠷᠢᠵᠤ᠂ ᠮᠠᠨ ᠤ | ᠣᠷᠣᠨ ᠤ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠥᠷᠢ ᠥᠭᠴᠡᠭᠡ ᠶᠢ ᠪᠠᠭᠤᠷᠠᠭᠤᠯᠤᠨ᠂ | ᠲᠦᠭᠰᠢᠭᠦᠷᠢ ᠶᠢ ᠰᠡᠷᠭᠡᠶᠢᠯᠡᠬᠦ ᠠᠵᠢᠯ ᠤᠨ ᠬᠠᠮᠢᠶ᠎ᠠ ᠪᠦᠬᠦᠢ ᠪᠠᠶᠢᠳᠠᠯ ᠤᠨ ᠲᠤᠬᠠᠢ ᠰᠦᠯᠵᠢᠶ᠎ᠡ ᠪᠠᠷ ᠣᠯᠠᠨ ᠲᠠᠢ ᠰᠠᠨᠠᠯ | ᠰᠣᠯᠢᠯᠴᠠᠭᠤᠯᠪᠠ᠃ | ᠰᠤᠷᠪᠤᠯᠵᠢᠯᠠᠭ᠎ᠠ ᠶᠢᠨ ᠪᠣᠳᠠᠲᠤ ᠲᠡᠮᠳᠡᠭᠯᠡᠯ | ᠬᠥᠲᠥᠯᠥᠭᠴᠢ᠄ ᠰᠦᠯᠵᠢᠶᠡᠨ ᠤ ᠠᠨᠳᠠ ᠨᠠᠷ ᠰᠠᠶᠢᠨ ᠪᠠᠶᠢᠵᠠᠭᠠᠨ᠎ᠠ ᠦᠦ︕ ᠲᠤᠰ ᠬᠤᠭᠤᠴᠠᠭᠠᠨ ᠤ | ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠦᠯᠵᠢᠶᠡᠨ ᠤ ᠰᠤᠷᠪᠤᠯᠵᠢᠯᠠᠭ᠎ᠠ ᠶᠢᠨ ᠪᠤᠯᠤᠩ ᠢ | ᠬᠦᠯᠢᠶᠡᠨ ᠠᠪᠴᠤ ᠦᠵᠡᠬᠦ ᠶᠢ ᠴᠢᠨᠢ ᠪᠠᠶᠠᠷᠯᠠᠨ ᠤᠭᠲᠤᠵᠤ ᠪᠠᠶᠢᠨ᠎ᠠ᠃ ᠥᠨᠥᠳᠥᠷ ᠪᠢᠳᠡ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ | ᠵᠥᠪᠯᠡᠯ ᠤᠨ ᠨᠠᠮ ᠤᠨ ᠬᠤᠷᠢᠶ᠎ᠠ ᠶᠢᠨ ᠭᠡᠰᠢᠭᠦᠨ᠂ ᠳᠡᠳ᠋ ᠡᠷᠬᠢᠯᠡᠭᠴᠢ ᠡᠾᠧ ᠢᠦᠢ ᠴᠦᠨ ᠢ ᠤᠷᠢᠵᠤ᠂ ᠮᠠᠨ ᠤ | ᠣᠷᠣᠨ ᠤ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠥᠷᠢ ᠥᠭᠴᠡᠭᠡ ᠶᠢ ᠪᠠᠭᠤᠷᠠᠭᠤᠯᠤᠨ᠂ | ᠲᠦᠭᠰᠢᠭᠦᠷᠢ ᠶᠢ ᠰᠡᠷᠭᠡᠶᠢᠯᠡᠬᠦ ᠠᠵᠢᠯ ᠤᠨ ᠬᠠᠮᠢᠶ᠎ᠠ ᠪᠦᠬᠦᠢ ᠪᠠᠶᠢᠳᠠᠯ ᠤᠨ ᠲᠤᠬᠠᠢ ᠰᠦᠯᠵᠢᠶ᠎ᠡ ᠪᠠᠷ ᠣᠯᠠᠨ ᠲᠠᠢ ᠰᠠᠨᠠᠯ | ᠰᠣᠯᠢᠯᠴᠠᠭᠤᠯᠬᠤ ᠪᠣᠯᠣᠯ᠎ᠠ᠃ ᠡᠾᠧ ᠡᠷᠬᠢᠯᠡᠭᠴᠢ ᠶᠢ ᠪᠠᠶᠠᠷᠯᠠᠨ ᠤᠭᠲᠤᠵᠤ ᠪᠠᠶᠢᠨ᠎ᠠ᠃ | ᠡᠾᠧ ᠢᠦᠢ ᠴᠦᠨ᠄ ᠬᠥᠲᠥᠯᠥᠭᠴᠢ ᠪᠠ ᠰᠦᠯᠵᠢᠶᠡᠨ ᠤ ᠠᠨᠳᠠ ᠨᠠᠷ ᠰᠠᠶᠢᠨ ᠪᠠᠶᠢᠵᠠᠭᠠᠨ᠎ᠠ ᠦᠦ︕ ᠠᠳᠡ | ᠣᠯᠠᠨ ᠲᠠᠢ ᠰᠠᠨᠠᠯ ᠰᠣᠯᠢᠯᠴᠠᠬᠤ ᠪᠣᠯᠣᠭᠰᠠᠨ ᠳᠤ ᠪᠠᠨ ᠰᠡᠳᠬᠢᠯ ᠮᠠᠰᠢ ᠥᠨᠳᠥᠷ ᠪᠠᠶᠢᠨ᠎ᠠ᠃ ᠡᠨᠡ ᠬᠦ ᠲᠣᠬᠢᠶᠠᠯ ᠢ | ᠠᠰᠢᠭᠯᠠᠨ᠂ ᠥᠪᠡᠷᠲᠡᠭᠡᠨ ᠵᠠᠰᠠᠬᠤ ᠣᠷᠣᠨ ᠤ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ | ᠬᠠᠮᠢᠶᠠᠷᠤᠯᠲᠠ ᠶᠢᠨ ᠵᠥᠪᠯᠡᠯ ᠤᠨ ᠡᠮᠦᠨ᠎ᠡ ᠠᠴᠠ ᠮᠠᠨ ᠤ ᠣᠷᠣᠨ ᠤ ᠤᠯᠤᠰ ᠤᠨ ᠥᠮᠴᠢᠯᠡᠯᠲᠦ ᠠᠵᠤ ᠠᠬᠤᠶᠢᠯᠠᠯ ᠪᠠ | ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠥᠭᠡᠷᠡᠴᠢᠯᠡᠯᠲᠡ ᠬᠥᠭᠵᠢᠯᠲᠡ ᠶᠢᠨ ᠠᠵᠢᠯ ᠢ ᠢᠮᠠᠭᠲᠠ | ᠬᠠᠷᠠᠭᠠᠯᠵᠠᠨ᠂ ᠣᠷᠣᠯᠴᠠᠵᠤ᠂ ᠳᠡᠮᠵᠢᠭᠰᠡᠭᠡᠷ ᠢᠷᠡᠭᠰᠡᠨ ᠥᠷᠭᠡᠨ ᠣᠯᠠᠨ ᠰᠦᠯᠵᠢᠶᠡᠨ ᠤ ᠠᠨᠳᠠ ᠳᠤ ᠴᠢᠩ | ᠰᠡᠳᠬᠢᠯ ᠤᠨ ᠪᠠᠶᠠᠷ ᠲᠠᠯᠠᠷᠬᠠᠯ ᠢᠶᠠᠨ ᠳᠡᠪᠰᠢᠭᠦᠯᠵᠦ ᠪᠠᠶᠢᠨ᠎ᠠ︕ | ᠬᠥᠲᠥᠯᠥᠭᠴᠢ᠄ ᠡᠩ ᠲᠡᠷᠢᠭᠦᠨ ᠳᠤ ᠲᠠ ᠣᠳᠣᠬᠠᠨ ᠤ ᠮᠠᠨ ᠤ ᠣᠷᠣᠨ ᠤ ᠤᠯᠤᠰ ᠤᠨ ᠥᠮᠴᠢᠯᠡᠯᠲᠦ ᠠᠵᠤ | ᠠᠬᠤᠶᠢᠯᠠᠯ ᠤᠨ ᠥᠭᠴᠡᠭᠡᠨ ᠤ ᠶᠠᠪᠤᠳᠠᠯ ᠤᠨ ᠬᠠᠮᠢᠶ᠎ᠠ ᠪᠦᠬᠦᠢ ᠪᠠᠶᠢᠳᠠᠯ ᠢ ᠲᠠᠨᠢᠯᠴᠠᠭᠤᠯᠤᠭᠠᠳ ᠥᠭᠭᠦᠨ᠎ᠡ ᠦᠦ︖ | ᠡᠾᠧ ᠢᠦᠢ ᠴᠦᠨ᠄ ᠲᠡᠭᠡᠶ᠎ᠡ᠃ 2017 ᠣᠨ ᠤ ᠰᠡᠭᠦᠯᠴᠢ ᠪᠠᠷ ᠮᠠᠨ ᠤ ᠣᠷᠣᠨ ᠤ ᠤᠯᠤᠰ ᠤᠨ | ᠥᠮᠴᠢᠯᠡᠯᠲᠦ ᠠᠵᠤ ᠠᠬᠤᠶᠢᠯᠠᠯ ᠤᠨ ᠳᠤᠮᠳᠠᠴᠢ ᠬᠥᠷᠥᠩᠭᠡ ᠥᠷᠢ ᠶᠢᠨ ᠨᠣᠷᠮ᠎ᠠ ᠨᠢ 59%᠂ ᠣᠷᠣᠨ ᠤ ᠬᠠᠷᠢᠶ᠎ᠠ | ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠳᠤᠮᠳᠠᠴᠢ ᠬᠥᠷᠥᠩᠭᠡ ᠥᠷᠢ ᠶᠢᠨ ᠨᠣᠷᠮ᠎ᠠ ᠨᠢ 74.2%᠂ | ᠥᠪᠡᠷᠲᠡᠭᠡᠨ ᠵᠠᠰᠠᠬᠤ ᠣᠷᠣᠨ ᠤ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ | ᠵᠥᠪᠯᠡᠯ ᠤᠨ ᠬᠢᠨᠠᠨ ᠬᠠᠮᠢᠶᠠᠷᠴᠤ ᠪᠠᠶᠢᠭ᠎ᠠ ᠠᠵᠤ ᠠᠬᠤᠶᠢᠯᠠᠯ ᠤᠨ ᠬᠥᠷᠥᠩᠭᠡ ᠥᠷᠢ ᠶᠢᠨ ᠨᠣᠷᠮ᠎ᠠ ᠨᠢ 71.3% ᠳᠤ | ᠬᠦᠷᠴᠦ᠂ ᠣᠨᠴᠠ ᠵᠠᠷᠢᠮ ᠠᠵᠤ ᠠᠬᠤᠶᠢᠯᠠᠯ ᠤᠨ ᠥᠷᠢ ᠥᠭᠴᠡᠭᠡ ᠨᠢ ᠬᠠᠷᠢᠴᠠᠩᠭᠤᠢ ᠠᠷᠪᠢᠨ᠂ ᠥᠷᠢ | ᠥᠭᠴᠡᠭᠡᠨ ᠤ ᠨᠣᠷᠮ᠎ᠠ ᠨᠢ ᠨᠡᠯᠢᠶᠡᠳ ᠥᠨᠳᠥᠷ ᠪᠠᠶᠢᠵᠤ᠂ ᠡᠵᠡᠩᠨᠡᠯᠲᠡ ᠶᠢᠨ ᠲᠦᠭᠰᠢᠭᠦᠷᠢ ᠣᠷᠣᠰᠢᠵᠤ᠂ ᠤᠯᠤᠰ ᠤᠨ | ᠥᠮᠴᠢᠯᠡᠯᠲᠦ ᠠᠵᠤ ᠠᠬᠤᠶᠢᠯᠠᠯ ᠤᠨ ᠥᠭᠴᠡᠭᠡᠨ ᠤ ᠶᠠᠪᠤᠳᠠᠯ ᠤᠨ ᠲᠦᠭᠰᠢᠭᠦᠷᠢ ᠶᠢ ᠰᠡᠷᠭᠡᠶᠢᠯᠡᠬᠦ ᠡᠭᠦᠷᠭᠡ ᠨᠢ | ᠬᠠᠲᠠᠭᠤ ᠪᠡᠷᠬᠡᠲᠡᠢ ᠪᠠᠶᠢᠨ᠎ᠠ᠃ | ᠬᠥᠲᠥᠯᠥᠭᠴᠢ᠄ ᠲᠠ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠥᠭᠴᠡᠭᠡᠨ ᠤ ᠶᠠᠪᠤᠳᠠᠯ ᠤᠨ | ᠠᠰᠠᠭᠤᠳᠠᠯ ᠳᠤ ᠶᠠᠭᠠᠬᠢᠵᠤ ᠬᠠᠨᠳᠤᠵᠤ ᠪᠠᠶᠢᠬᠤ ᠪᠣᠢ︖ | ᠡᠾᠧ ᠢᠦᠢ ᠴᠦᠨ᠄ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠠᠴᠠ | ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠥᠭᠴᠡᠭᠡᠨ ᠤ ᠶᠠᠪᠤᠳᠠᠯ ᠤᠨ ᠠᠰᠠᠭᠤᠳᠠᠯ ᠢ ᠳᠡᠭᠡᠳᠦ ᠬᠡᠮᠵᠢᠶ᠎ᠡ ᠪᠠᠷ | ᠴᠢᠬᠤᠯᠠᠴᠢᠯᠠᠨ ᠦᠵᠡᠵᠦ᠂ ᠪᠦᠬᠦ ᠣᠷᠣᠨ ᠤ ᠠᠵᠤ ᠠᠬᠤᠢ ᠶᠢᠨ ᠠᠵᠢᠯ ᠤᠨ ᠬᠤᠷᠠᠯ ᠪᠠ ︽ᠵᠠᠰᠠᠭ ᠤᠨ ᠣᠷᠳᠣᠨ ᠤ | ᠠᠵᠢᠯ ᠤᠨ ᠢᠯᠡᠳᠬᠡᠯ︾ ᠳᠤ ᠪᠠᠨ᠂ 2018 ᠣᠨ ᠳᠤ ᠴᠢᠬᠤᠯᠠ ᠶᠡᠭᠡ ᠲᠦᠭᠰᠢᠭᠦᠷᠢ ᠶᠢ ᠰᠡᠷᠭᠡᠶᠢᠯᠡᠨ ᠨᠠᠮᠳᠠᠭᠠᠬᠤ᠂ | ᠲᠦᠢᠯ ᠤᠨ ᠣᠨᠣᠪᠴᠢᠲᠠᠢ ᠪᠠᠷ ᠶᠠᠳᠠᠭᠤ ᠠᠴᠠ ᠠᠩᠭᠢᠵᠢᠷᠠᠭᠤᠯᠬᠤ᠂ ᠪᠣᠬᠢᠷᠲᠤᠯ ᠢ ᠰᠡᠷᠭᠡᠶᠢᠯᠡᠨ ᠵᠠᠰᠠᠬᠤ ᠭᠤᠷᠪᠠᠨ | ᠶᠡᠭᠡ ᠰᠢᠪᠲᠤᠯᠤᠯᠲᠠ ᠶᠢᠨ ᠳᠠᠶᠢᠯᠠᠯᠳᠤᠭᠠᠨ ᠢ ᠡᠷᠡᠰ ᠰᠢᠭᠤᠷᠬᠠᠢ ᠪᠠᠷ ᠰᠠᠶᠢᠲᠤᠷ ᠬᠢᠵᠦ᠂ ᠣᠨᠴᠠᠭᠠᠶᠢᠯᠠᠨ ᠤᠯᠤᠰ ᠤᠨ | ᠥᠮᠴᠢᠯᠡᠯᠲᠦ ᠠᠵᠤ ᠠᠬᠤᠶᠢᠯᠠᠯ ᠤᠨ ᠥᠭᠴᠡᠭᠡᠨ ᠤ ᠶᠠᠪᠤᠳᠠᠯ ᠵᠡᠷᠭᠡ ᠲᠠᠯ᠎ᠠ ᠶᠢᠨ ᠲᠦᠭᠰᠢᠭᠦᠷᠢ ᠶᠢ ᠨᠢᠭᠲᠠ | ᠠᠩᠬᠠᠷᠬᠤ ᠬᠡᠷᠡᠭᠲᠡᠢ ᠭᠡᠵᠦ ᠲᠣᠳᠣᠷᠬᠠᠢ ᠳᠤᠷᠠᠳᠤᠨ ᠭᠠᠷᠭᠠᠪᠠ᠃ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ | ᠥᠭᠴᠡᠭᠡᠨ ᠤ ᠶᠠᠪᠤᠳᠠᠯ ᠤᠨ ᠪᠦᠷᠢᠯᠳᠦᠭᠰᠡᠨ ᠰᠢᠯᠲᠠᠭᠠᠨ ᠨᠢ ᠨᠡᠯᠢᠶᠡᠳ ᠪᠤᠳᠤᠯᠢᠶᠠᠨᠲᠠᠢ ᠪᠠᠶᠢᠳᠠᠭ᠂ ᠡᠭᠦᠨ ᠳᠤ | ᠲᠡᠦᠬᠡ ᠶᠢᠨ ᠬᠦᠴᠦᠨ ᠵᠦᠢᠯ ᠪᠠᠶᠢᠬᠤ ᠪᠠᠷ ᠪᠠᠷᠠᠬᠤ ᠦᠭᠡᠢ᠂ ᠦᠨᠡᠨ ᠪᠣᠳᠠᠲᠠᠢ ᠬᠦᠴᠦᠨ ᠵᠦᠢᠯ ᠪᠠᠶᠢᠳᠠᠭ︔ ᠵᠠᠬ᠎ᠠ | ᠳᠡᠯᠭᠡᠭᠦᠷ ᠤᠨ ᠰᠢᠯᠲᠠᠭᠠᠨ ᠪᠠᠶᠢᠬᠤ ᠪᠠᠷ ᠪᠠᠷᠠᠬᠤ ᠦᠭᠡᠢ᠂ ᠡᠵᠡᠩᠨᠡᠯᠲᠡ ᠬᠠᠮᠢᠶᠠᠷᠤᠯᠲᠠ ᠶᠢᠨ ᠲᠠᠯ᠎ᠠ ᠶᠢᠨ ᠰᠢᠯᠲᠠᠭᠠᠨ | ᠴᠤ ᠪᠠᠶᠢᠳᠠᠭ᠃ ᠲᠡᠷᠡ ᠨᠢ ᠴᠣᠬᠤᠮ ᠶᠠᠭᠠᠬᠢᠵᠤ ᠪᠦᠷᠢᠯᠳᠦᠭᠰᠡᠨ ᠴᠤ᠂ ᠡᠷᠬᠡᠪᠰᠢ ᠦᠨᠡᠨ ᠪᠣᠳᠠᠲᠠᠢ ᠪᠠᠷ | ᠰᠢᠢᠳᠪᠦᠷᠢᠯᠡᠵᠦ᠂ ᠥᠭᠴᠡᠭᠡᠨ ᠤ ᠶᠠᠪᠤᠳᠠᠯ ᠤᠨ ᠲᠦᠭᠰᠢᠭᠦᠷᠢ ᠶᠢ ᠡᠷᠡᠰ ᠰᠡᠷᠭᠡᠶᠢᠯᠡᠬᠦ ᠬᠡᠷᠡᠭᠲᠡᠢ᠃ ᠥᠪᠡᠷᠲᠡᠭᠡᠨ | ᠵᠠᠰᠠᠬᠤ ᠣᠷᠣᠨ ᠤ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠠᠴᠠ | ᠤᠯᠤᠰ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠠᠵᠢᠯ ᠤᠨ | ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠤᠨ᠂ ᠰᠢᠨ᠎ᠡ ᠬᠥᠭᠵᠢᠯᠲᠡ ᠶᠢᠨ | ᠣᠨᠣᠯᠵᠢᠬᠤᠨ ᠢ ᠯᠠᠪᠳᠠᠭᠤᠨ ᠪᠠᠲᠤᠲᠠᠢ ᠪᠣᠢ ᠪᠣᠯᠭᠠᠵᠤ᠂ ᠲᠣᠭᠲᠠᠭᠤᠨ ᠪᠠᠶᠢᠯᠭᠠᠬᠤ ᠮᠥᠷᠲᠡᠭᠡᠨ ᠤᠷᠤᠭᠰᠢ | ᠳᠠᠪᠰᠢᠭᠤᠯᠬᠤ ᠠᠵᠢᠯ ᠤᠨ ᠦᠨᠳᠦᠰᠦᠨ ᠬᠥᠭ ᠢ ᠪᠠᠷᠢᠮᠲᠠᠯᠠᠨ᠂ ᠶᠠᠰᠤ ᠴᠢᠨᠠᠷ ᠢ ᠲᠡᠷᠢᠭᠦᠨ ᠳᠤ ᠲᠠᠯᠪᠢᠬᠤ ᠶᠢ | ᠪᠠᠷᠢᠮᠲᠠᠯᠠᠵᠤ᠂ ᠦᠷ᠎ᠡ ᠠᠰᠢᠭ ᠢ ᠤᠷᠢᠳ ᠢᠶᠠᠷ ᠪᠣᠳᠣᠯᠬᠢᠯᠠᠵᠤ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ | ᠴᠢᠨᠠᠷᠲᠠᠢ ᠥᠭᠡᠷᠡᠴᠢᠯᠡᠯᠲᠡ ᠶᠢ ᠠᠬᠢᠭᠤᠯᠬᠤ ᠪᠠᠷ ᠭᠤᠣᠯ ᠱᠤᠭᠤᠮ ᠪᠣᠯᠭᠠᠨ᠂ ᠤᠯᠤᠰ ᠤᠨ ᠥᠮᠴᠢᠯᠡᠯᠲᠦ ᠠᠵᠤ | ᠠᠬᠤᠶᠢᠯᠠᠯ ᠪᠠ ᠤᠯᠤᠰ ᠤᠨ ᠥᠮᠴᠢᠯᠡᠯᠲᠦ ᠠᠵᠤ ᠠᠬᠤᠢ ᠶᠢᠨ ᠴᠢᠨᠠᠷᠯᠢᠭ ᠬᠥᠭᠵᠢᠯᠲᠡ ᠶᠢ ᠪᠦᠬᠦ ᠬᠦᠴᠦᠨ ᠢᠶᠠᠷ | ᠠᠬᠢᠭᠤᠯᠵᠤ᠂ ᠭᠤᠣᠯᠳᠠᠯᠭ᠎ᠠ ᠲᠠᠢ ᠬᠦᠷᠢᠶ᠎ᠡ ᠴᠠᠷᠠᠭᠠᠨ ᠤ ᠲᠦᠭᠰᠢᠭᠦᠷᠢ ᠶᠢ ᠰᠡᠷᠭᠡᠶᠢᠯᠡᠨ ᠬᠢᠵᠠᠭᠠᠷᠯᠠᠬᠤ ᠠᠵᠢᠯ ᠢ | ᠬᠦᠴᠦᠯᠡᠨ ᠠᠳᠬᠤᠵᠤ᠂ ᠬᠢᠨᠠᠯᠲᠠ ᠬᠠᠮᠢᠶᠠᠷᠤᠯᠲᠠ ᠶᠢ ᠴᠢᠩᠭᠠᠷᠠᠭᠤᠯᠬᠤ ᠬᠢᠭᠡᠳ ᠠᠮᠢᠵᠢᠷᠠᠯ ᠤᠨ ᠬᠦᠴᠦᠨ ᠢ | ᠴᠢᠩᠭᠠᠷᠠᠭᠤᠯᠬᠤ ᠶᠢ ᠬᠠᠷᠢᠯᠴᠠᠨ ᠤᠶᠠᠯᠳᠤᠭᠤᠯᠬᠤ ᠶᠢ ᠪᠠᠷᠢᠮᠲᠠᠯᠠᠨ᠂ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ | ᠬᠢᠨᠠᠯᠲᠠ ᠬᠠᠮᠢᠶᠠᠷᠤᠯᠲᠠ ᠶᠢᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠᠷ ᠰᠢᠪᠲᠤᠯᠤᠯᠲᠠ | ᠪᠣᠯᠭᠠᠵᠤ᠂ ᠤᠯᠤᠰ ᠤᠨ ᠥᠮᠴᠢᠯᠡᠯᠲᠦ ᠠᠵᠤ ᠠᠬᠤᠶᠢᠯᠠᠯ ᠢ ᠳᠠᠶᠢᠴᠢᠯᠠᠨ ᠵᠠᠬ᠎ᠠ ᠳᠡᠯᠭᠡᠭᠦᠷᠴᠢᠯᠡᠭᠰᠡᠨ ᠡᠵᠡᠩᠨᠡᠯᠲᠡ ᠶᠢᠨ | ᠲᠣᠭᠲᠠᠴᠠ ᠶᠢ ᠲᠦᠷᠭᠡᠳᠬᠡᠨ ᠪᠠᠶᠢᠭᠤᠯᠵᠤ᠂ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠠᠵᠤ ᠠᠬᠤᠢ ᠶᠢᠨ | ᠦᠷ᠎ᠡ ᠠᠰᠢᠭ ᠤᠨ ᠲᠣᠭᠲᠠᠭᠤᠨ ᠢᠶᠠᠷ ᠨᠡᠮᠡᠭᠳᠡᠬᠦ ᠶᠢ ᠠᠬᠢᠭᠤᠯᠤᠨ᠂ ᠠᠵᠤ ᠠᠬᠤᠢ ᠶᠢᠨ ᠬᠡᠯᠪᠡᠷᠢ ᠪᠠᠨ | ᠬᠤᠪᠢᠷᠠᠭᠤᠯᠤᠨ ᠳᠡᠰ ᠳᠡᠪᠰᠢᠬᠦ ᠪᠠ ᠪᠠᠶᠢᠷᠢᠯᠠᠭᠤᠯᠤᠯᠲᠠ ᠪᠠᠨ ᠰᠢᠯᠢᠳᠡᠭᠵᠢᠭᠦᠯᠬᠦ ᠶᠢ ᠬᠠᠪᠰᠤᠷᠤᠨ ᠠᠬᠢᠭᠤᠯᠵᠤ᠂ | ᠥᠪᠡᠷᠲᠡᠭᠡᠨ ᠵᠠᠰᠠᠬᠤ ᠣᠷᠣᠨ ᠤ ᠠᠵᠤ ᠠᠬᠤᠢ ᠶᠢᠨ ᠤᠷᠲᠤ ᠬᠤᠭᠤᠴᠠᠭ᠎ᠠ ᠪᠠᠷ ᠦᠷᠭᠦᠯᠵᠢᠯᠡᠨ ᠡᠷᠡᠭᠦᠯ ᠢᠶᠠᠷ | ᠬᠥᠭᠵᠢᠬᠦ ᠳᠤ ᠪᠠᠲᠤ ᠴᠢᠩᠭ᠎ᠠ ᠰᠠᠭᠤᠷᠢ ᠶᠢ ᠲᠠᠯᠪᠢᠨ᠎ᠠ᠃ | ᠬᠥᠲᠥᠯᠥᠭᠴᠢ᠄ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠥᠭᠴᠡᠭᠡᠨ ᠤ ᠶᠠᠪᠤᠳᠠᠯ ᠤᠨ | ᠲᠦᠭᠰᠢᠭᠦᠷᠢ ᠶᠢ ᠰᠡᠷᠭᠡᠶᠢᠯᠡᠬᠦ ᠲᠠᠯ᠎ᠠ ᠪᠠᠷ ᠶᠠᠮᠠᠷ ᠶᠠᠮᠠᠷ ᠠᠷᠭ᠎ᠠ ᠬᠡᠮᠵᠢᠶ᠎ᠡ ᠠᠪᠤᠭᠰᠠᠨ ᠪᠣᠢ︖ | ᠡᠾᠧ ᠢᠦᠢ ᠴᠦᠨ᠄ ᠪᠢᠳᠡ ᠡᠨᠡ ᠵᠢᠯ ᠭᠤᠣᠯᠳᠠᠭᠤ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ | ᠬᠥᠷᠥᠩᠭᠡ ᠥᠷᠢ ᠶᠢ ᠬᠢᠵᠠᠭᠠᠷᠯᠠᠬᠤ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠲᠥᠷᠥᠯ ᠬᠤᠪᠢᠶᠠᠨ | ᠬᠠᠮᠢᠶᠠᠷᠴᠤ ᠡᠵᠡᠮᠳᠡᠬᠦ ᠪᠠ ᠰᠢᠯᠭᠠᠨ ᠬᠢᠨᠠᠵᠤ ᠬᠢᠵᠠᠭᠠᠷᠯᠠᠬᠤ ᠶᠢ ᠴᠢᠩᠭᠠᠳᠬᠠᠬᠤ ᠵᠡᠷᠭᠡ ᠠᠷᠭ᠎ᠠ ᠬᠡᠮᠵᠢᠶ᠎ᠡ ᠪᠠᠷ | ᠳᠠᠮᠵᠢᠭᠤᠯᠤᠨ᠂ ᠬᠢᠨᠠᠯᠲᠠ ᠬᠠᠮᠢᠶᠠᠷᠤᠯᠲᠠ ᠪᠠᠨ ᠴᠢᠩᠭᠠᠷᠠᠭᠤᠯᠪᠠ︔ ᠡᠭᠦᠨ ᠤ ᠬᠠᠮᠲᠤ ᠵᠠᠬ᠎ᠠ ᠳᠡᠯᠭᠡᠭᠦᠷᠴᠢᠯᠡᠬᠦ᠂ | ᠬᠠᠤᠯᠢ ᠪᠠᠷ ᠵᠠᠰᠠᠵᠢᠬᠤ ᠵᠡᠷᠭᠡ ᠠᠷᠭ᠎ᠠ ᠬᠡᠯᠪᠡᠷᠢ ᠪᠠᠷ ᠨᠡᠶᠢᠯᠡᠭᠦᠯᠦᠨ ᠨᠢᠭᠡᠳᠬᠡᠵᠦ ᠳᠠᠬᠢᠨ ᠪᠠᠶᠢᠭᠤᠯᠬᠤ ᠶᠢ ᠠᠬᠢᠭᠤᠯᠤᠨ | ᠂ ᠣᠳᠣ ᠦᠶ᠎ᠡ ᠶᠢᠨ ᠠᠵᠤ ᠠᠬᠤᠶᠢᠯᠠᠯ ᠤᠨ ᠳᠦᠷᠢᠮ ᠢ ᠲᠡᠭᠦᠯᠳᠡᠷᠵᠢᠭᠦᠯᠬᠦ ᠪᠠᠷ ᠳᠠᠮᠵᠢᠭᠤᠯᠤᠨ ᠥᠪᠡᠷ ᠢ ᠪᠠᠨ | ᠬᠢᠵᠠᠭᠠᠷᠯᠠᠬᠤ ᠶᠢ ᠴᠢᠩᠭᠠᠷᠠᠭᠤᠯᠬᠤ᠂ ᠥᠭᠴᠡᠭᠡᠨ ᠤ ᠶᠠᠪᠤᠳᠠᠯ ᠤᠨ ᠪᠦᠲᠦᠴᠡ ᠶᠢ ᠰᠢᠯᠢᠳᠡᠭᠵᠢᠭᠦᠯᠬᠦ᠂ ᠣᠯᠠᠨ ᠠᠷᠭ᠎ᠠ | ᠵᠠᠮ ᠢᠶᠠᠷ ᠡᠷᠬᠡ ᠠᠰᠢᠭ ᠡᠳ᠋ ᠬᠥᠷᠥᠩᠭᠡ ᠶᠢ ᠨᠥᠬᠦᠪᠦᠷᠢᠯᠡᠬᠦ ᠵᠢᠴᠢ ᠦᠯᠡᠳᠡᠭᠡᠯ ᠡᠳ᠋ ᠬᠥᠷᠥᠩᠭᠡ ᠶᠢ ᠴᠢᠯᠦᠭᠡᠲᠡᠢ | ᠭᠦᠢᠯᠭᠡᠭᠡᠬᠦ ᠵᠡᠷᠭᠡ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠵᠦ᠂ ᠠᠵᠤ ᠠᠬᠤᠶᠢᠯᠠᠯ ᠤᠨ ᠬᠥᠰᠢᠭᠦᠷᠭᠡ ᠶᠢᠨ ᠨᠣᠷᠮ᠎ᠠ ᠶᠢ | ᠢᠳᠡᠪᠬᠢᠲᠡᠢ ᠪᠥᠭᠡᠳ ᠲᠣᠭᠲᠠᠭᠤᠨ ᠢᠶᠠᠷ ᠳᠣᠷᠣᠭᠰᠢᠯᠠᠭᠤᠯᠵᠤ᠂ ᠲᠦᠭᠰᠢᠭᠦᠷᠢ ᠶᠢ ᠪᠦᠲᠦᠮᠵᠢᠲᠡᠢ ᠰᠡᠷᠭᠡᠶᠢᠯᠡᠵᠡᠢ᠃ | ᠬᠥᠲᠥᠯᠥᠭᠴᠢ᠄ ᠪᠣᠳᠠᠲᠠᠢ ᠪᠠᠷ ᠴᠣᠬᠤᠮ ᠶᠠᠭᠠᠬᠢᠵᠤ ᠬᠢᠭᠰᠡᠨ ᠢ ᠲᠠᠨᠢᠯᠴᠠᠭᠤᠯᠤᠭᠠᠳ ᠥᠭᠭᠦᠨ᠎ᠡ ᠦᠦ︖ | ᠡᠾᠧ ᠢᠦᠢ ᠴᠦᠨ᠄ ᠨᠢᠭᠡ ᠳᠤ᠂ ᠬᠥᠰᠢᠭᠦᠷᠭᠡ ᠶᠢ ᠳᠣᠷᠣᠭᠰᠢᠯᠠᠭᠤᠯᠬᠤ ᠠᠵᠢᠯ ᠤᠨ ᠬᠠᠷᠠᠯᠲᠠ ᠶᠢ | ᠲᠣᠭᠲᠠᠭᠠᠪᠠ᠃ 2017 ᠣᠨ ᠤ ᠰᠡᠭᠦᠯᠴᠢ ᠶᠢᠨ ᠬᠥᠷᠥᠩᠭᠡ ᠥᠷᠢ ᠶᠢᠨ ᠨᠣᠷᠮ᠎ᠠ ᠪᠠᠷ ᠰᠠᠭᠤᠷᠢ ᠲᠤᠭ᠎ᠠ ᠪᠣᠯᠭᠠᠨ᠂ | ᠥᠪᠡᠷᠲᠡᠭᠡᠨ ᠵᠠᠰᠠᠬᠤ ᠣᠷᠣᠨ ᠤ ᠤᠯᠤᠰ ᠤᠨ ᠥᠮᠴᠢᠯᠡᠯᠲᠦ ᠠᠵᠤ ᠠᠬᠤᠶᠢᠯᠠᠯ ᠢ 2020 ᠣᠨ ᠤ ᠰᠡᠭᠦᠯᠴᠢ | ᠪᠣᠯᠲᠠᠯ᠎ᠠ᠂ ᠬᠥᠷᠥᠩᠭᠡ ᠥᠷᠢ ᠶᠢᠨ ᠨᠣᠷᠮ᠎ᠠ ᠶᠢᠨ ᠭᠤᠣᠯᠳᠠᠯᠭ᠎ᠠ ᠲᠠᠢ ᠪᠠᠷ ᠬᠢᠨᠠᠨ ᠡᠵᠡᠮᠳᠡᠬᠦ ᠱᠤᠭᠤᠮ ᠢ | ᠬᠡᠲᠦᠷᠡᠭᠰᠡᠨ ᠢ ᠨᠢ ᠭᠤᠣᠯᠳᠠᠯᠭ᠎ᠠ ᠲᠠᠢ ᠪᠠᠷ ᠬᠢᠨᠠᠨ ᠡᠵᠡᠮᠳᠡᠬᠦ ᠱᠤᠭᠤᠮ ᠤᠨ ᠳᠣᠲᠣᠷ᠎ᠠ ᠪᠠᠶᠢᠯᠭᠠᠬᠤ ᠪᠣᠯᠲᠠᠯ᠎ᠠ | ᠪᠠᠭᠤᠷᠠᠭᠤᠯᠬᠤ ᠶᠢ ᠠᠬᠢᠭᠤᠯᠤᠨ᠎ᠠ︔ ᠬᠥᠷᠥᠩᠭᠡ ᠥᠷᠢ ᠶᠢᠨ ᠨᠣᠷᠮ᠎ᠠ ᠶᠢᠨ ᠰᠡᠷᠡᠮᠵᠢᠯᠡᠭᠦᠯᠬᠦ ᠱᠤᠭᠤᠮ ᠢ | ᠬᠡᠲᠦᠷᠡᠭᠰᠡᠨ ᠢ ᠨᠢ ᠰᠡᠷᠡᠮᠵᠢᠯᠡᠭᠦᠯᠬᠦ ᠱᠤᠭᠤᠮ ᠤᠨ ᠳᠣᠲᠣᠷ᠎ᠠ ᠪᠠᠶᠢᠯᠭᠠᠬᠤ ᠪᠣᠯᠲᠠᠯ᠎ᠠ ᠪᠠᠭᠤᠷᠠᠭᠤᠯᠵᠤ᠂ ᠪᠦᠬᠦ | ᠣᠷᠣᠨ ᠤ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠳᠤᠮᠳᠠᠴᠢ ᠬᠥᠷᠥᠩᠭᠡ ᠥᠷᠢ ᠶᠢᠨ ᠨᠣᠷᠮ᠎ᠠ ᠶᠢ | 2020 ᠣᠨ ᠤ ᠰᠡᠭᠦᠯᠴᠢ ᠪᠣᠯᠲᠠᠯ᠎ᠠ 2017 ᠣᠨ ᠤ ᠰᠡᠭᠦᠯᠴᠢ ᠶᠢᠨ ᠬᠢ ᠠᠴᠠ 2 ᠵᠠᠭᠤᠨ ᠤ ᠴᠡᠭ ᠣᠷᠴᠢᠮ | ᠪᠠᠭᠤᠷᠠᠭᠤᠯᠤᠨ᠂ ᠳᠠᠷᠠᠭ᠎ᠠ ᠳᠤ ᠨᠢ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠬᠥᠷᠥᠩᠭᠡ ᠥᠷᠢ ᠶᠢᠨ | ᠨᠣᠷᠮ᠎ᠠ ᠶᠢ ᠢᠵᠢᠯᠢ ᠠᠵᠢᠯ ᠲᠥᠷᠥᠯ ᠤᠨ ᠢᠵᠢᠯᠢ ᠬᠡᠪᠴᠢᠶᠡᠨ ᠤ ᠠᠵᠤ ᠠᠬᠤᠶᠢᠯᠠᠯ ᠤᠨ ᠳᠤᠮᠳᠠᠴᠢ ᠬᠢᠷᠢ | ᠲᠦᠪᠰᠢᠨ ᠳᠤ ᠪᠠᠶᠢᠯᠭᠠᠬᠤ ᠶᠢ ᠦᠨᠳᠦᠰᠦᠨ ᠳᠤ ᠪᠠᠨ ᠪᠠᠲᠤᠯᠠᠨ᠎ᠠ᠃ ᠬᠤᠶᠠᠷ ᠲᠤ᠂ ᠠᠵᠤ ᠠᠬᠤᠶᠢᠯᠠᠯ ᠤᠨ ᠥᠷᠢ | ᠥᠭᠴᠡᠭᠡ ᠶᠢ ᠪᠠᠭᠤᠷᠠᠭᠤᠯᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠪᠠ᠃ ᠬᠢᠨᠠᠨ | ᠬᠠᠮᠢᠶᠠᠷᠬᠤ ᠡᠯ᠎ᠡ ᠠᠵᠤ ᠠᠬᠤᠶᠢᠯᠠᠯ ᠠᠴᠠ ᠠᠵᠤ ᠠᠬᠤᠶᠢᠯᠠᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢᠨ | ᠵᠠᠷᠴᠢᠮ ᠢ ᠪᠠᠷᠢᠮᠲᠠᠯᠠᠨ᠂ ᠭᠤᠣᠯ ᠴᠣᠭᠴᠠ ᠶᠢᠨ ᠬᠠᠷᠢᠭᠤᠴᠠᠯᠭ᠎ᠠ ᠶᠢ ᠭᠦᠢᠴᠡᠳᠬᠡᠬᠦ ᠪᠠ ᠵᠠᠬ᠎ᠠ ᠳᠡᠯᠭᠡᠭᠦᠷ ᠤᠨ ᠦᠢᠯᠡ | ᠠᠵᠢᠯᠯᠠᠭ᠎ᠠ ᠶᠢ ᠭᠦᠢᠴᠡᠳᠬᠡᠵᠦ᠂ ᠲᠦᠭᠰᠢᠭᠦᠷᠢ ᠶᠢ ᠥᠪᠡᠷ ᠢᠶᠠᠨ ᠰᠡᠷᠭᠡᠶᠢᠯᠡᠬᠦ ᠦᠵᠡᠯ ᠤᠬᠠᠮᠰᠠᠷ ᠢ ᠴᠢᠩᠭᠠᠷᠠᠭᠤᠯᠤᠨ᠂ | ᠠᠵᠢᠯ ᠲᠥᠷᠥᠯ ᠤᠨ ᠬᠢᠨ ᠤ ᠳᠤᠮᠳᠠᠴᠢ ᠬᠢᠷᠢ ᠲᠦᠪᠰᠢᠨ ᠲᠠᠢ ᠬᠠᠷᠢᠴᠠᠭᠤᠯᠵᠤ᠂ ᠬᠠᠷᠢᠶᠠᠲᠤ ᠳᠠᠭᠠᠯᠲᠠ ᠠᠵᠤ | ᠠᠬᠤᠶᠢᠯᠠᠯ ᠬᠤᠪᠢᠶᠠᠷᠢ ᠠᠵᠢᠯ ᠲᠥᠷᠥᠯ ᠤᠨ ᠬᠥᠷᠥᠩᠭᠡ ᠥᠷᠢ ᠶᠢᠨ ᠨᠣᠷᠮ᠎ᠠ ᠶᠢᠨ ᠰᠡᠷᠡᠮᠵᠢᠯᠡᠭᠦᠯᠬᠦ ᠱᠤᠭᠤᠮ ᠤᠨ | ᠬᠠᠮᠢᠶᠠᠷᠤᠨ ᠡᠵᠡᠮᠳᠡᠬᠦ ᠳᠦᠷᠢᠮ ᠢ ᠪᠠᠶᠢᠭᠤᠯᠵᠤ᠂ ᠤᠯᠤᠰ ᠤᠨ ᠥᠮᠴᠢᠯᠡᠯᠲᠦ ᠠᠵᠣ ᠠᠬᠤᠶᠢᠯᠠᠯ ᠤᠨ ᠪᠦᠯᠦᠭᠯᠡᠯ | ᠺᠣᠮᠫᠠᠨᠢ ᠶᠢᠨ ᠬᠠᠷᠢᠶᠠᠲᠤ ᠳᠠᠭᠠᠯᠲᠠ ᠠᠵᠤ ᠠᠬᠤᠶᠢᠯᠠᠯ ᠤᠨ ᠬᠥᠷᠥᠩᠭᠡ ᠥᠷᠢ ᠶᠢᠨ ᠬᠢᠵᠠᠭᠠᠷᠯᠠᠯ ᠢ ᠴᠢᠩᠭᠠᠳᠬᠠᠵᠤ᠂ | ᠡᠯ᠎ᠡ ᠠᠵᠤ ᠠᠬᠤᠶᠢᠯᠠᠯ ᠤᠨ ᠥᠭᠴᠡᠭᠡᠨ ᠤ ᠶᠠᠪᠤᠳᠠᠯ ᠤᠨ ᠲᠦᠭᠰᠢᠭᠦᠷᠢ ᠶᠢ ᠡᠵᠡᠮᠳᠡᠬᠦ ᠭᠦᠢᠴᠡᠳᠬᠡᠯ ᠲᠣᠭᠠᠨ ᠤ | ᠰᠢᠰᠲ᠋ᠧᠮᠵᠢ ᠶᠢ ᠲᠣᠭᠲᠠᠭᠠᠨ᠂ ᠡᠯ᠎ᠡ ᠠᠵᠤ ᠠᠬᠤᠶᠢᠯᠠᠯ ᠤᠨ ᠥᠭᠴᠡᠭᠡᠨ ᠤ ᠶᠠᠪᠤᠳᠠᠯ ᠤᠨ ᠲᠦᠭᠰᠢᠭᠦᠷᠢ ᠶᠢᠨ | ᠪᠠᠷᠢᠮᠵᠢᠶ᠎ᠠ ᠶᠢ ᠲᠣᠭᠲᠠᠭᠠᠵᠤ᠂ ᠠᠵᠤ ᠠᠬᠤᠶᠢᠯᠠᠯ ᠤᠨ ᠥᠭᠴᠡᠭᠡᠨ ᠤ ᠶᠠᠪᠤᠳᠠᠯ ᠤᠨ ᠲᠦᠭᠰᠢᠭᠦᠷᠢ ᠶᠢᠨ ᠠᠵᠢᠯ ᠤᠨ | ᠲᠥᠰᠥᠯ ᠪᠠ ᠪᠣᠳᠠᠲᠠᠢ ᠪᠡᠯᠡᠳᠬᠡᠯ ᠲᠥᠰᠥᠯ ᠢ ᠲᠣᠭᠲᠠᠭᠠᠬᠤ ᠬᠡᠷᠡᠭᠲᠡᠢ᠃ ᠭᠤᠷᠪᠠ ᠳᠤ᠂ ᠬᠢᠨᠠᠯᠲᠠ | ᠬᠠᠮᠢᠶᠠᠷᠤᠯᠲᠠ ᠪᠠᠨ ᠴᠢᠩᠭᠠᠷᠠᠭᠤᠯᠵᠤ᠂ ᠲᠥᠷᠥᠯ ᠬᠤᠪᠢᠶᠠᠨ ᠬᠠᠮᠢᠶᠠᠷᠤᠨ ᠡᠵᠡᠮᠳᠡᠪᠡ᠃ ᠬᠢᠨᠠᠨ ᠬᠠᠮᠢᠶᠠᠷᠬᠤ ᠠᠵᠤ | ᠠᠬᠤᠶᠢᠯᠠᠯ ᠢ ᠵᠢᠯᠣᠭᠤᠳᠤᠨ ᠥᠭᠴᠡᠭᠡᠨ ᠤ ᠶᠠᠪᠤᠳᠠᠯ ᠤᠨ ᠲᠦᠭᠰᠢᠭᠦᠷᠢ ᠶᠢ ᠡᠵᠡᠮᠳᠡᠬᠦ ᠭᠦᠢᠴᠡᠳᠬᠡᠯ ᠲᠣᠭᠠᠨ ᠤ | ᠰᠢᠰᠲ᠋ᠧᠮᠵᠢ ᠶᠢ ᠲᠣᠭᠲᠠᠭᠠᠵᠤ᠂ ᠡᠯ᠎ᠡ ᠠᠵᠤ ᠠᠬᠤᠶᠢᠯᠠᠯ ᠤᠨ ᠥᠭᠴᠡᠭᠡᠨ ᠤ ᠶᠠᠪᠤᠳᠠᠯ ᠤᠨ ᠲᠦᠭᠰᠢᠭᠦᠷᠢ ᠶᠢᠨ | ᠪᠠᠷᠢᠮᠵᠢᠶ᠎ᠠ ᠶᠢ ᠲᠣᠭᠲᠠᠭᠠᠨ᠂ ᠬᠥᠷᠥᠩᠭᠡ ᠥᠷᠢ ᠶᠢᠨ ᠨᠣᠷᠮ᠎ᠠ ᠨᠢ ᠨᠡᠯᠢᠶᠡᠳ ᠥᠨᠳᠥᠷ ᠠᠵᠤ ᠠᠬᠤᠶᠢᠯᠠᠯ ᠢ | ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠤᠨ ᠥᠭᠴᠡᠭᠡᠨ ᠤ | ᠶᠠᠪᠤᠳᠠᠯ ᠤᠨ ᠬᠠᠮᠢᠶᠠᠷᠤᠨ ᠡᠵᠡᠮᠳᠡᠬᠦ ᠬᠡᠪᠴᠢᠶᠡᠨ ᠳᠤ ᠣᠷᠣᠭᠤᠯᠵᠤ᠂ ᠥᠭᠴᠡᠭᠡᠨ ᠤ ᠶᠠᠪᠤᠳᠠᠯ ᠤᠨ ᠲᠦᠭᠰᠢᠭᠦᠷᠢ ᠨᠢ | ᠮᠠᠰᠢ ᠥᠨᠳᠥᠷ ᠠᠵᠤ ᠠᠬᠤᠶᠢᠯᠠᠯ ᠳᠤ ᠬᠥᠷᠥᠩᠭᠡ ᠥᠷᠢ ᠶᠢᠨ ᠨᠣᠷᠮ᠎ᠠ ᠪᠠ ᠥᠷᠢ ᠥᠭᠴᠡᠭᠡᠨ ᠤ ᠶᠡᠷᠦᠩᠬᠡᠢ | ᠲᠣᠭᠠᠨ ᠤ ᠳᠠᠪᠬᠤᠷ ᠬᠠᠮᠢᠶᠠᠷᠤᠯᠲᠠ ᠡᠵᠡᠮᠳᠡᠯ ᠶᠠᠪᠤᠭᠤᠯᠵᠤ᠂ ᠭᠤᠣᠯᠳᠠᠯᠭ᠎ᠠ ᠲᠠᠢ ᠪᠠᠷ ᠬᠠᠮᠢᠶᠠᠷᠤᠨ ᠡᠵᠡᠮᠳᠡᠬᠦ ᠠᠵᠤ | ᠠᠬᠤᠶᠢᠯᠠᠯ ᠤᠨ ᠥᠷᠢ ᠥᠭᠴᠡᠭᠡ ᠶᠢ ᠪᠠᠭᠤᠷᠠᠭᠤᠯᠬᠤ ᠡᠭᠦᠷᠭᠡ ᠶᠢ ᠣᠨ ᠤ ᠡᠵᠡᠩᠨᠡᠯᠲᠡ ᠶᠢᠨ ᠦᠢᠯᠡᠰ ᠤᠨ | ᠠᠵᠢᠯ ᠤᠨ ᠦᠷ᠎ᠡ ᠪᠦᠲᠦᠮᠵᠢ ᠶᠢᠨ ᠰᠢᠯᠭᠠᠯᠲᠠ ᠬᠢᠨᠠᠯᠲᠠ ᠳᠤ ᠣᠷᠣᠭᠤᠯᠤᠨ᠂ ᠬᠥᠰᠢᠭᠦᠷᠭᠡ ᠶᠢ ᠳᠣᠷᠣᠭᠰᠢᠯᠠᠭᠤᠯᠤᠨ | ᠥᠷᠢ ᠥᠭᠴᠡᠭᠡ ᠪᠠᠨ ᠪᠠᠭᠤᠷᠠᠭᠤᠯᠤᠭᠰᠠᠨ ᠦᠷ᠎ᠡ ᠪᠦᠲᠦᠮᠵᠢ ᠪᠠᠷ ᠠᠵᠤ ᠠᠬᠤᠶᠢᠯᠠᠯ ᠢ ᠰᠢᠯᠭᠠᠨ ᠬᠢᠨᠠᠬᠤ ᠪᠠ | ᠦᠨᠡᠯᠡᠯᠲᠡ ᠬᠢᠬᠦ ᠴᠢᠬᠤᠯᠠ ᠠᠭᠤᠯᠭ᠎ᠠ ᠪᠣᠯᠭᠠᠵᠤ᠂ ᠥᠷᠢ ᠥᠭᠴᠡᠭᠡᠨ ᠤ ᠨᠣᠷᠮ᠎ᠠ ᠨᠢ ᠦᠷᠭᠦᠯᠵᠢᠯᠡᠨ ᠳᠡᠭᠡᠭᠰᠢᠯᠡᠵᠦ | ᠪᠠᠶᠢᠭ᠎ᠠ ᠠᠵᠤ ᠠᠬᠤᠶᠢᠯᠠᠯ ᠲᠠᠢ ᠪᠣᠯᠵᠣᠨ ᠶᠠᠷᠢᠯᠴᠠᠬᠤ ᠪᠠ ᠠᠩᠬᠠᠷᠤᠭᠤᠯᠤᠨ ᠰᠠᠨᠠᠭᠤᠯᠵᠤ᠂ ᠴᠢᠬᠤᠯᠠ ᠶᠡᠭᠡ | ᠬᠤᠬᠢᠷᠠᠯ ᠪᠤᠶᠤ ᠡᠷᠡᠭᠦᠯ ᠪᠤᠰᠤ ᠨᠥᠯᠥᠭᠡ ᠶᠢ ᠪᠣᠢ ᠪᠣᠯᠭᠠᠭᠰᠠᠨ ᠪᠣᠯ ᠲᠥᠪ ᠴᠢᠩᠭ᠎ᠠ ᠪᠠᠷ ᠬᠠᠷᠢᠭᠤᠴᠠᠯᠭ᠎ᠠ | ᠨᠡᠬᠡᠮᠵᠢᠯᠡᠬᠦ ᠬᠡᠷᠡᠭᠲᠡᠢ︔ ᠡᠭᠦᠨ ᠤ ᠬᠠᠮᠲᠤ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠡᠵᠡᠩᠨᠡᠯᠲᠡ ᠶᠢᠨ | ᠲᠥᠰᠥᠪ ᠤᠨ ᠪᠡᠯᠡ ᠮᠥᠩᠭᠦ ᠶᠢᠨ ᠦᠢᠯᠡᠳᠦᠯ ᠢ ᠭᠦᠢᠴᠡᠳ ᠪᠠᠳᠠᠷᠠᠭᠤᠯᠤᠨ᠂ ᠠᠵᠤ ᠠᠬᠤᠶᠢᠯᠠᠯ ᠳᠤ ᠬᠥᠷᠥᠩᠭᠡ | ᠮᠥᠩᠭᠦ ᠣᠷᠣᠭᠤᠯᠬᠤ ᠡᠷᠴᠢᠮ ᠢᠶᠠᠨ ᠴᠢᠩᠭᠠᠷᠠᠭᠤᠯᠤᠨ᠎ᠠ︔ ᠠᠵᠤ ᠠᠬᠤᠶᠢᠯᠠᠯ ᠢ ᠳᠡᠮᠵᠢᠨ ᠦᠯᠡᠳᠡᠭᠡᠯ ᠡᠳ᠋ | ᠬᠥᠷᠥᠩᠭᠡ ᠶᠢ ᠨᠢ ᠭᠦᠢᠯᠭᠡᠭᠡᠨ ᠲᠠᠢ ᠪᠣᠯᠭᠠᠵᠤ ᠥᠭᠴᠡᠭᠡᠨ ᠤ ᠶᠠᠪᠤᠳᠠᠯ ᠤᠨ ᠪᠦᠲᠦᠴᠡ ᠶᠢ ᠨᠢ ᠰᠢᠯᠢᠳᠡᠭᠵᠢᠭᠦᠯᠦᠨ᠎ᠡ᠃ | | ᠬᠥᠲᠥᠯᠥᠭᠴᠢ᠄ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠥᠷᠢ ᠥᠭᠴᠡᠭᠡ ᠶᠢ ᠪᠠᠭᠤᠷᠠᠭᠤᠯᠬᠤ | ᠲᠠᠯ᠎ᠠ ᠪᠠᠷ ᠶᠠᠮᠠᠷ ᠶᠠᠮᠠᠷ ᠠᠷᠭ᠎ᠠ ᠬᠡᠮᠵᠢᠶ᠎ᠡ ᠠᠪᠤᠭᠰᠠᠨ ᠪᠣᠢ︖ | ᠡᠾᠧ ᠢᠦᠢ ᠴᠦᠨ᠄ ᠨᠢᠭᠡ ᠳᠤ᠂ ᠶᠠᠰᠤ ᠴᠢᠨᠠᠷ ᠢᠶᠠᠨ ᠳᠡᠭᠡᠭᠰᠢᠯᠡᠭᠦᠯᠦᠨ ᠦᠷ᠎ᠡ ᠪᠦᠲᠦᠮᠵᠢ ᠪᠠᠨ | ᠨᠡᠮᠡᠭᠳᠡᠭᠦᠯᠵᠦ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠭᠦᠯᠪᠡ᠃ ᠤᠯᠤᠰ ᠤᠨ ᠥᠮᠴᠢᠯᠡᠯᠲᠦ ᠠᠵᠤ | ᠠᠬᠤᠶᠢᠯᠠᠯ ᠠᠴᠠ ᠶᠠᠰᠤ ᠴᠢᠨᠠᠷ ᠢᠶᠠᠨ ᠳᠡᠭᠡᠭᠰᠢᠯᠡᠭᠦᠯᠦᠨ ᠦᠷ᠎ᠡ ᠪᠦᠲᠦᠮᠵᠢ ᠪᠠᠨ ᠨᠡᠮᠡᠭᠳᠡᠭᠦᠯᠵᠦ᠂ ᠳᠣᠲᠣᠭᠠᠳᠤ ᠶᠢᠨ | ᠬᠦᠴᠦᠨ ᠲᠠᠮᠢᠷ ᠢᠶᠠᠨ ᠴᠢᠩᠭᠠᠷᠠᠭᠤᠯᠤᠨ ᠪᠣᠯᠪᠠᠰᠤᠷᠠᠭᠤᠯᠬᠤ ᠶᠢ ᠪᠠᠷᠢᠮᠲᠠᠯᠠᠵᠤ᠂ ᠡᠵᠡᠩᠨᠡᠯᠲᠡ ᠬᠤᠷᠠᠮᠳᠤᠭᠤᠯᠭ᠎ᠠ ᠪᠠᠨ | ᠥᠷᠭᠡᠳᠬᠡᠬᠦ ᠪᠠᠷ ᠳᠠᠮᠵᠢᠭᠤᠯᠤᠨ ᠠᠵᠤ ᠠᠬᠤᠶᠢᠯᠠᠯ ᠤᠨ ᠬᠥᠷᠥᠩᠭᠡ ᠶᠢᠨ ᠪᠣᠳᠠᠲᠤ ᠬᠦᠴᠦᠨ ᠢᠶᠠᠨ ᠴᠢᠩᠭᠠᠷᠠᠭᠤᠯᠵᠤ᠂ | ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠠᠯᠳᠠᠭᠳᠠᠯ ᠢ ᠴᠢᠩᠭ᠎ᠠ ᠰᠡᠷᠭᠡᠶᠢᠯᠡᠭᠰᠡᠨ ᠤᠷᠢᠳᠠᠯ ᠳᠣᠣᠷ᠎ᠠ᠂ | ᠬᠥᠷᠥᠩᠭᠡ ᠥᠷᠢ ᠶᠢᠨ ᠨᠣᠷᠮ᠎ᠠ ᠪᠠᠨ ᠲᠠᠰᠤᠷᠠᠯᠲᠠ ᠦᠭᠡᠢ ᠪᠠᠭᠤᠷᠠᠭᠤᠯᠬᠤ ᠬᠡᠷᠡᠭᠲᠡᠢ᠃ ᠡᠭᠦᠨ ᠤ ᠬᠠᠮᠲᠤ᠂ ᠥᠨᠳᠥᠷ | ᠥᠷᠢ ᠥᠭᠴᠡᠭᠡ ᠲᠠᠢ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠬᠥᠷᠥᠩᠭᠡ ᠥᠷᠢ ᠶᠢᠨ ᠨᠣᠷᠮ᠎ᠠ ᠪᠠᠨ | ᠪᠠᠭᠤᠷᠠᠭᠤᠯᠬᠤ ᠳᠤ ᠲᠥᠷᠥ ᠶᠢᠨ ᠪᠣᠳᠣᠯᠭ᠎ᠠ ᠪᠠ ᠳᠦᠷᠢᠮ ᠤᠨ ᠰᠠᠶᠢᠨ ᠰᠠᠶᠢᠬᠠᠨ ᠣᠷᠴᠢᠨ ᠠᠬᠤᠢ ᠶᠢ ᠡᠭᠦᠳᠦᠨ | ᠥᠭᠬᠦ ᠶᠢᠨ ᠲᠤᠰᠠᠳᠠ᠂ ᠬᠥᠷᠥᠩᠭᠡ ᠶᠢᠨ ᠨᠥᠬᠦᠪᠦᠷᠢᠯᠡᠨ ᠬᠠᠳᠠᠭᠠᠯᠠᠬᠤ ᠲᠣᠭᠲᠠᠴᠠ ᠶᠢ ᠲᠡᠭᠦᠯᠳᠡᠷᠵᠢᠭᠦᠯᠦᠨ᠂ | ᠰᠲ᠋ᠣᠺ ᠤᠨ ᠡᠷᠬᠡ ᠶᠢᠨ ᠪᠡᠯᠡ ᠲᠣᠬᠢᠷᠠᠭᠤᠯᠤᠯᠲᠠ ᠶᠢ ᠥᠷᠭᠡᠳᠬᠡᠵᠦ᠂ ᠥᠭᠴᠡᠭᠡᠨ ᠤ ᠶᠠᠪᠤᠳᠠᠯ ᠢ ᠳᠠᠬᠢᠨ ᠵᠣᠬᠢᠶᠠᠨ | ᠪᠠᠶᠢᠭᠤᠯᠬᠤ ᠪᠠ ᠵᠠᠬ᠎ᠠ ᠳᠡᠯᠭᠡᠭᠦᠷᠴᠢᠯᠡᠨ᠂ ᠬᠠᠤᠯᠢ ᠪᠠᠷ ᠵᠠᠰᠠᠵᠢᠵᠤ ᠪᠠᠶᠢᠭᠠᠳ ᠥᠷᠢ ᠥᠭᠴᠡᠭᠡ ᠶᠢ ᠰᠲ᠋ᠣᠺ ᠪᠣᠯᠭᠠᠨ | ᠬᠤᠪᠢᠷᠠᠭᠤᠯᠬᠤ ᠶᠢ ᠲᠣᠭᠲᠠᠭᠤᠨ ᠪᠥᠭᠡᠳ ᠡᠮᠬᠢ ᠵᠢᠷᠤᠮ ᠲᠠᠢ ᠪᠠᠷ ᠥᠷᠨᠢᠭᠦᠯᠬᠦ ᠬᠡᠷᠡᠭᠲᠡᠢ᠃ ᠬᠤᠶᠠᠷ ᠲᠤ᠂ ᠪᠡᠯᠡ | ᠣᠷᠣᠭᠤᠯᠤᠯᠲᠠ ᠶᠢᠨ ᠲᠦᠭᠰᠢᠭᠦᠷᠢ ᠶᠢ ᠴᠢᠩᠭ᠎ᠠ ᠬᠢᠵᠠᠭᠠᠷᠯᠠᠵᠤ᠂ ᠲᠦᠭᠰᠢᠭᠦᠷᠢ ᠲᠠᠢ ᠠᠵᠢᠯ ᠮᠡᠷᠭᠡᠵᠢᠯ ᠢ ᠢᠯᠭᠠᠨ | ᠴᠡᠪᠡᠷᠯᠡᠪᠡ᠃ ᠨᠢᠭᠡ ᠳᠤ ᠪᠡᠯᠡ ᠣᠷᠣᠭᠤᠯᠤᠯᠲᠠ ᠶᠢᠨ ᠬᠡᠪᠴᠢᠶ᠎ᠡ ᠶᠢ ᠬᠢᠵᠠᠭᠠᠷᠯᠠᠬᠤ ᠪᠠᠷ ᠲᠦᠭᠰᠢᠭᠦᠷᠢ ᠶᠢ ᠡᠵᠡᠮᠳᠡᠬᠦ | ᠴᠢᠬᠤᠯᠠ ᠠᠷᠭ᠎ᠠ ᠬᠡᠮᠵᠢᠶ᠎ᠡ ᠪᠣᠯᠭᠠᠪᠠ᠃ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ | ᠬᠠᠮᠢᠶᠠᠷᠤᠯᠲᠠ ᠶᠢᠨ ᠵᠥᠪᠯᠡᠯ ᠤᠨ ᠬᠠᠮᠢᠶᠠᠷᠤᠨ ᠡᠵᠡᠮᠳᠡᠬᠦ ᠬᠡᠪᠴᠢᠶᠡᠨ ᠳᠤ ᠣᠷᠣᠭᠤᠯᠤᠭᠰᠠᠨ ᠠᠵᠤ ᠠᠬᠤᠶᠢᠯᠠᠯ ᠤᠨ | ᠪᠡᠯᠡ ᠣᠷᠣᠭᠤᠯᠬᠤ ᠬᠡᠪᠴᠢᠶ᠎ᠡ ᠶᠢ ᠴᠢᠩᠭ᠎ᠠ ᠬᠠᠮᠢᠶᠠᠷᠤᠨ ᠡᠵᠡᠮᠳᠡᠵᠦ᠂ ᠥᠨᠳᠥᠷ ᠥᠷᠢ ᠥᠭᠴᠡᠭᠡ ᠲᠠᠢ ᠠᠵᠤ | ᠠᠬᠤᠶᠢᠯᠠᠯ ᠤᠨ ᠭᠤᠣᠯ ᠪᠤᠰᠤ ᠠᠵᠢᠯ ᠦᠢᠯᠡᠰ ᠲᠤ ᠪᠡᠯᠡ ᠣᠷᠣᠭᠤᠯᠬᠤ ᠶᠢ ᠴᠠᠭᠠᠵᠠᠯᠠᠨ᠂ ᠳᠣᠣᠷ᠎ᠠ ᠦᠷ᠎ᠡ | ᠠᠰᠢᠭᠲᠤ ᠠᠵᠢᠯ ᠮᠡᠷᠭᠡᠵᠢᠯ ᠪᠠ ᠭᠤᠣᠯ ᠠᠵᠢᠯ ᠦᠢᠯᠡᠰ ᠠᠴᠠ ᠰᠠᠯᠤᠩᠭᠢᠷᠠᠭᠰᠠᠨ ᠪᠡᠯᠡ ᠣᠷᠣᠭᠤᠯᠤᠯᠲᠠ᠂ | ᠣᠨᠴᠠᠭᠠᠶᠢᠯᠠᠨ ᠡᠳ᠋ ᠤᠨ ᠶᠠᠪᠤᠳᠠᠯ ᠤᠨ ᠳᠠᠭᠠᠭᠠᠨ ᠬᠦᠴᠦᠷᠡᠬᠦ ᠴᠢᠳᠠᠪᠤᠷᠢ ᠠᠴᠠ ᠬᠡᠲᠦᠷᠡᠭᠰᠡᠨ ᠪᠡᠯᠡ | ᠣᠷᠣᠭᠤᠯᠤᠯᠲᠠ ᠶᠢ ᠴᠢᠩᠭ᠎ᠠ ᠬᠢᠵᠠᠭᠠᠷᠯᠠᠬᠤ ᠬᠡᠷᠡᠭᠲᠡᠢ᠃ ᠬᠤᠶᠠᠷ ᠲᠤ ᠪᠡᠯᠡ ᠮᠥᠩᠭᠦ ᠵᠠᠷᠤᠴᠠᠭᠤᠯᠬᠤ ᠶᠢ ᠬᠢᠨᠠᠨ | ᠬᠠᠮᠢᠶᠠᠷᠬᠤ ᠠᠵᠤ ᠠᠬᠤᠶᠢᠯᠠᠯ ᠤᠨ ᠪᠡᠯᠡ ᠣᠷᠣᠭᠤᠯᠤᠯᠲᠠ ᠳᠤ ᠬᠢᠨᠠᠯᠲᠠ ᠲᠠᠯᠪᠢᠵᠤ ᠬᠠᠮᠢᠶᠠᠷᠬᠤ ᠠᠷᠭ᠎ᠠ ᠶᠢᠨ | ᠬᠡᠷᠡᠭᠵᠢᠭᠦᠯᠬᠦ ᠨᠠᠷᠢᠨ ᠳᠦᠷᠢᠮ ᠢ ᠰᠤᠳᠤᠯᠤᠨ ᠲᠣᠭᠲᠠᠭᠠᠵᠤ᠂ ᠠᠵᠤ ᠠᠬᠤᠶᠢᠯᠠᠯ ᠤᠨ ᠴᠢᠬᠤᠯᠠ ᠶᠡᠭᠡ ᠪᠡᠯᠡ | ᠣᠷᠣᠭᠤᠯᠤᠯᠲᠠ ᠶᠢᠨ ᠲᠥᠷᠥᠯ ᠵᠦᠢᠯ ᠤᠨ ᠤᠷᠢᠳᠴᠢᠯᠠᠨ ᠮᠡᠳᠡᠭᠦᠯᠬᠦ ᠳᠦᠷᠢᠮ ᠪᠠ ᠭᠤᠷᠪᠠᠳᠠᠭᠴᠢ ᠲᠠᠯ᠎ᠠ ᠶᠢᠨ | ᠦᠨᠡᠯᠡᠨ ᠵᠢᠱᠢᠬᠦ ᠳᠦᠷᠢᠮ ᠢ ᠪᠠᠶᠢᠭᠤᠯᠵᠤ᠂ ᠪᠡᠯᠡ ᠣᠷᠣᠭᠤᠯᠤᠯᠲᠠ ᠶᠢᠨ ᠬᠡᠷᠡᠭ ᠶᠠᠪᠤᠳᠠᠯ ᠤᠨ ᠡᠮᠦᠨᠡᠬᠢ᠂ ᠬᠡᠷᠡᠭ | ᠶᠠᠪᠤᠳᠠᠯ ᠤᠨ ᠳᠤᠮᠳᠠᠬᠢ᠂ ᠬᠡᠷᠡᠭ ᠶᠠᠪᠤᠳᠠᠯ ᠤᠨ ᠳᠠᠷᠠᠭᠠᠬᠢ ᠱᠠᠭᠠᠷᠳᠠᠯᠭ᠎ᠠ ᠶᠢ ᠨᠠᠷᠢᠯᠢᠭᠵᠢᠭᠤᠯᠵᠤ᠂ ᠪᠡᠯᠡ | ᠣᠷᠣᠭᠤᠯᠤᠯᠲᠠ ᠳᠤ ᠬᠢᠨᠠᠯᠲᠠ ᠲᠠᠯᠪᠢᠬᠤ ᠪᠦᠷᠢᠨ ᠲᠡᠭᠦᠯᠳᠡᠷ ᠪᠢᠲᠡᠭᠦᠮᠵᠢᠲᠦ ᠭᠤᠭᠴᠤᠭ᠎ᠠ ᠶᠢ ᠪᠦᠷᠢᠯᠳᠦᠭᠦᠯᠬᠦ | ᠬᠡᠷᠡᠭᠲᠡᠢ︔ ᠥᠷᠢ ᠥᠭᠴᠡᠭᠡᠨ ᠤ ᠨᠣᠷᠮ᠎ᠠ ᠶᠢ ᠶᠡᠭᠡ ᠬᠡᠮᠵᠢᠶ᠎ᠡ ᠪᠠᠷ ᠳᠡᠭᠡᠭᠰᠢᠯᠡᠭᠦᠯᠦᠭᠰᠡᠨ ᠣᠨᠴᠠᠭᠠᠶᠢᠯᠠᠨ ᠬᠢᠨᠠᠨ | ᠬᠠᠮᠢᠶᠠᠷᠬᠤ ᠲᠥᠷᠥᠯ ᠤᠨ ᠲᠥᠷᠥᠯ ᠵᠦᠢᠯ ᠤᠨ ᠣᠷᠣᠭᠤᠯᠤᠯᠲᠠ ᠶᠢ ᠴᠢᠩᠭ᠎ᠠ ᠬᠢᠵᠠᠭᠠᠷᠯᠠᠵᠤ᠂ ᠬᠥᠷᠥᠩᠭᠡ ᠨᠢ | ᠥᠷᠢ ᠳᠤ ᠪᠠᠨ ᠬᠦᠷᠬᠦ ᠦᠭᠡᠢ ᠦᠵᠡᠭᠳᠡᠯ ᠡᠭᠦᠰᠬᠦ ᠠᠴᠠ ᠡᠷᠡᠰ ᠰᠡᠷᠭᠡᠶᠢᠯᠡᠬᠦ ᠬᠡᠷᠡᠭᠲᠡᠢ︔ ᠭᠤᠷᠪᠠ ᠳᠤ ᠥᠷᠢ | ᠥᠭᠴᠡᠭᠡᠨ ᠤ ᠨᠣᠷᠮ᠎ᠠ ᠨᠢ ᠨᠡᠯᠢᠶᠡᠳ ᠥᠨᠳᠥᠷ᠂ ᠲᠦᠭᠰᠢᠭᠦᠷᠢ ᠶᠢ ᠡᠰᠡᠷᠭᠦᠴᠡᠬᠦ ᠴᠢᠳᠠᠪᠤᠷᠢ ᠨᠢ ᠨᠡᠯᠢᠶᠡᠳ ᠪᠠᠭᠤᠷᠢ | ᠠᠵᠤ ᠠᠬᠤᠶᠢᠯᠠᠯ ᠳᠤ᠂ ᠲᠦᠭᠰᠢᠭᠦᠷᠢ ᠣᠷᠣᠰᠢᠵᠤ ᠪᠠᠶᠢᠭ᠎ᠠ ᠠᠵᠢᠯ ᠮᠡᠷᠭᠡᠵᠢᠯ ᠢ ᠴᠢᠩᠭ᠎ᠠ ᠬᠠᠮᠢᠶᠠᠷᠬᠤ ᠪᠠ ᠬᠢᠨᠠᠮᠠᠭᠠᠢ | ᠢᠯᠭᠠᠨ ᠴᠡᠪᠡᠷᠯᠡᠪᠡ᠂ ᠡᠭᠦᠨ ᠳᠤ ᠭᠤᠣᠯᠳᠠᠭᠤ ᠬᠤᠷᠢᠶᠠᠪᠠᠰᠤ ᠵᠣᠬᠢᠬᠤ ᠳᠠᠩᠰᠠᠨ ᠤ ᠵᠣᠭᠤᠰ ᠪᠠ ᠦᠯᠡᠳᠡᠭᠡᠯ | ᠪᠠᠷᠠᠭ᠎ᠠ ᠶᠢ ᠡᠵᠡᠯᠡᠨ ᠬᠡᠷᠡᠭᠯᠡᠬᠦ᠂ ᠭᠠᠳᠠᠭᠰᠢ ᠬᠢᠭᠰᠡᠨ ᠳᠠᠭᠠᠭᠠᠯᠲᠠ᠂ ᠨᠠᠶᠢᠳᠠᠭᠰᠠᠨ ᠵᠢᠭᠡᠯᠡᠯᠭᠡ ᠵᠢᠴᠢ ᠪᠡᠯᠡ | ᠲᠣᠬᠢᠷᠠᠭᠤᠯᠤᠯᠲᠠ ᠶᠢᠨ ᠴᠢᠨᠠᠷᠲᠠᠢ ᠠᠷᠠᠯᠵᠢᠶᠠᠨ ᠤ ᠠᠵᠢᠯ ᠮᠡᠷᠭᠡᠵᠢᠯ ᠵᠡᠷᠭᠡ ᠡᠯ᠎ᠡ ᠲᠥᠷᠥᠯ ᠤᠨ ᠬᠥᠷᠥᠩᠭᠡ ᠶᠢ | ᠣᠷᠣᠯᠠᠨ ᠲᠥᠯᠥᠬᠦ ᠠᠵᠢᠯ ᠮᠡᠷᠭᠡᠵᠢᠯ ᠢ ᠪᠠᠭᠲᠠᠭᠠᠵᠤ ᠪᠠᠶᠢᠨ᠎ᠠ᠃ 2018 ᠣᠨ ᠳᠤ ︽ᠬᠤᠶᠠᠷ ᠵᠦᠢᠯ ᠤᠨ ᠮᠥᠩᠭᠦ | ︾ ᠶᠢᠨ ᠳᠠᠷᠤᠭᠠᠰᠤ ᠶᠢ ᠬᠥᠩᠭᠡᠯᠡᠬᠦ ᠡᠷᠴᠢᠮ ᠢ ᠤᠯᠠᠮ ᠨᠢᠭᠡ ᠠᠯᠬᠤᠮ ᠴᠢᠩᠭᠠᠷᠠᠭᠤᠯᠤᠨ᠂ ︽ᠬᠤᠶᠠᠷ ᠵᠦᠢᠯ ᠤᠨ | ᠮᠥᠩᠭᠦ︾ ᠶᠢᠨ ᠨᠡᠮᠡᠭᠳᠡᠯ ᠤᠨ ᠬᠡᠮᠵᠢᠶ᠎ᠡ ᠶᠢ ᠣᠷᠣᠯᠭ᠎ᠠ ᠶᠢᠨ ᠨᠡᠮᠡᠭᠳᠡᠯ ᠤᠨ ᠬᠡᠮᠵᠢᠶ᠎ᠡ ᠠᠴᠠ ᠳᠣᠣᠷ᠎ᠠ ᠪᠠᠶᠢᠯᠭᠠᠬᠤ ᠶᠢ | ᠪᠠᠲᠤᠯᠠᠵᠠᠢ᠃ | ᠡᠾᠧ ᠢᠦᠢ ᠴᠦᠨ᠄ ᠭᠤᠷᠪᠠ ᠳᠤ᠂ ᠲᠤᠬᠠᠶᠢᠯᠠᠭᠰᠠᠨ ᠠᠵᠢᠯ ᠢᠶᠠᠨ ᠬᠠᠰᠤᠵᠤ ᠠᠰᠢᠭᠲᠠᠢ ᠬᠥᠭᠵᠢᠯᠲᠡ ᠶᠢ | ᠠᠬᠢᠭᠤᠯᠪᠠ᠃ ᠦᠯᠡᠭᠦᠳᠡᠭᠰᠡᠨ ᠦᠢᠯᠡᠳᠪᠦᠷᠢᠯᠡᠬᠦ ᠴᠢᠳᠠᠪᠤᠷᠢ ᠪᠠᠨ ᠬᠠᠰᠤᠨ ᠠᠪᠴᠢᠭᠤᠯᠵᠤ᠂ ᠬᠡᠮᠵᠢᠶ᠎ᠡ ᠶᠢ ᠨᠢ | ᠬᠠᠰᠤᠵᠤ ᠲᠣᠬᠢᠷᠠᠭᠤᠯᠤᠨ ᠰᠣᠯᠢᠬᠤ ᠵᠠᠷᠴᠢᠮ ᠶᠣᠰᠣᠭᠠᠷ ᠰᠢᠨ᠎ᠡ ᠪᠠᠷ ᠨᠡᠮᠡᠭᠳᠡᠭᠰᠡᠨ ᠦᠢᠯᠡᠳᠪᠦᠷᠢᠯᠡᠬᠦ ᠴᠢᠳᠠᠪᠤᠷᠢ ᠶᠢᠨ | ᠲᠥᠷᠥᠯ ᠵᠦᠢᠯ ᠤᠨ ᠪᠡᠯᠡ ᠣᠷᠣᠭᠤᠯᠤᠯᠲᠠ ᠶᠢ ᠴᠢᠩᠭ᠎ᠠ ᠬᠢᠵᠠᠭᠠᠷᠯᠠᠪᠠ︔ ᠬᠠᠮᠢᠶᠠᠷᠤᠯᠲᠠ ᠶᠢᠨ ᠪᠦᠲᠦᠴᠡ ᠪᠠᠨ | ᠰᠢᠯᠢᠳᠡᠭᠵᠢᠭᠦᠯᠦᠨ᠂ ᠲᠤᠬᠠᠶᠢᠯᠠᠭᠰᠠᠨ ᠠᠵᠢᠯ ᠢᠶᠠᠨ ᠴᠣᠮᠬᠠᠳᠬᠠᠨ ᠴᠢᠩᠭᠠᠷᠠᠭᠤᠯᠵᠤ᠂ ᠬᠠᠮᠢᠶᠠᠷᠤᠯᠲᠠ ᠶᠢᠨ ᠱᠠᠲᠤ | ᠳᠡᠰ ᠢᠶᠠᠨ ᠴᠣᠮᠬᠠᠳᠬᠠᠵᠤ᠂ ᠴᠣᠮᠬᠠᠳᠬᠠᠵᠢᠭᠤᠯᠤᠭᠰᠠᠨ ᠬᠠᠮᠢᠶᠠᠷᠤᠯᠲᠠ ᠶᠢ ᠬᠡᠷᠡᠭᠵᠢᠭᠦᠯᠦᠨ᠂ ᠠᠵᠤ ᠠᠬᠤᠶᠢᠯᠠᠯ ᠤᠨ | ᠬᠠᠮᠢᠶᠠᠷᠤᠨ ᠡᠵᠡᠮᠳᠡᠬᠦ ᠴᠢᠳᠠᠪᠤᠷᠢ ᠪᠠ ᠠᠵᠢᠯᠯᠠᠭᠤᠯᠬᠤ ᠦᠷ᠎ᠡ ᠪᠦᠲᠦᠮᠵᠢ ᠶᠢ ᠦᠨᠡᠨ ᠬᠦ ᠳᠡᠭᠡᠭᠰᠢᠯᠡᠭᠦᠯᠪᠡ᠃ ᠤᠷᠲᠤ | ᠬᠤᠭᠤᠴᠠᠭ᠎ᠠ ᠪᠠᠷ ᠠᠯᠳᠠᠭᠳᠠᠯ ᠲᠠᠢ᠂ ᠠᠯᠳᠠᠭᠳᠠᠯ ᠲᠠᠢ ᠪᠠᠶᠢᠳᠠᠯ ᠢᠶᠠᠨ ᠡᠷᠭᠢᠭᠦᠯᠬᠦ ᠳᠤ ᠬᠦᠴᠢᠷᠲᠡᠢ ᠠᠵᠤ ᠠᠬᠤᠶᠢᠯᠠᠯ | ᠂ ︽ᠦᠬᠦᠮᠡᠯ ᠠᠵᠤ ᠠᠬᠤᠶᠢᠯᠠᠯ︾ ᠪᠠ ᠳᠣᠣᠷ᠎ᠠ ᠦᠷ᠎ᠡ ᠪᠦᠲᠦᠮᠵᠢ ᠪᠤᠶᠤ ᠦᠷ᠎ᠡ ᠪᠦᠲᠦᠮᠵᠢ ᠦᠭᠡᠢ ᠡᠳ᠋ | ᠬᠥᠷᠥᠩᠭᠡ ᠶᠢ ᠢᠯᠭᠠᠨ ᠴᠡᠪᠡᠷᠯᠡᠬᠦ ᠡᠷᠴᠢᠮ ᠢ ᠴᠢᠩᠭᠠᠷᠠᠭᠤᠯᠵᠤ᠂ ᠬᠥᠭᠵᠢᠯᠲᠡ ᠶᠢᠨ ᠳᠠᠪᠠᠭᠤᠯᠢᠭ ᠦᠭᠡᠢ ᠭᠤᠣᠯ | ᠡᠵᠡᠩᠨᠡᠯᠲᠡ ᠶᠢᠨ ᠪᠤᠰᠤ ᠨᠢᠭᠡ ᠪᠦᠯᠦᠭ ᠠᠵᠢᠯ ᠮᠡᠷᠭᠡᠵᠢᠯ ᠢ ᠶᠡᠭᠡ ᠪᠠᠷ ᠪᠤᠴᠠᠭᠠᠨ ᠭᠠᠷᠭᠠᠵᠤ᠂ ᠰᠠᠯᠤᠩᠭᠢᠳᠠ ᠠᠵᠤ | ᠠᠬᠤᠶᠢᠯᠠᠯ ᠤᠨ ᠨᠡᠶᠢᠭᠡᠮ ᠤᠨ ᠡᠭᠦᠷᠭᠡ ᠴᠢᠳᠠᠪᠤᠷᠢ ᠶᠢ ᠭᠦᠢᠴᠡᠳᠬᠡᠬᠦ ᠪᠠ ᠲᠡᠦᠬᠡᠨ ᠠᠴᠠ ᠦᠯᠡᠳᠡᠭᠳᠡᠵᠦ ᠢᠷᠡᠭᠰᠡᠨ | ᠠᠰᠠᠭᠤᠳᠠᠯ ᠢ ᠰᠢᠢᠳᠪᠦᠷᠢᠯᠡᠬᠦ ᠡᠭᠦᠷᠭᠡ ᠶᠢ ᠲᠣᠭᠲᠠᠭᠰᠠᠨ ᠴᠠᠭ ᠶᠣᠰᠣᠭᠠᠷ ᠪᠡᠶᠡᠯᠡᠭᠦᠯᠵᠦ᠂ ᠤᠯᠤᠰ ᠤᠨ | ᠥᠮᠴᠢᠯᠡᠯᠲᠦ ᠬᠥᠷᠥᠩᠭᠡ ᠶᠢᠨ ᠲᠥᠯᠥᠪ ᠪᠠᠶᠢᠳᠠᠯ ᠢ ᠬᠤᠪᠢᠷᠠᠭᠤᠯᠬᠤ ᠪᠠ ᠪᠦᠲᠦᠴᠡ ᠶᠢ ᠲᠣᠬᠢᠷᠠᠭᠤᠯᠬᠤ ᠶᠢ | ᠢᠳᠡᠪᠬᠢᠲᠡᠢ ᠠᠬᠢᠭᠤᠯᠵᠤ᠂ ᠤᠯᠤᠰ ᠤᠨ ᠥᠮᠴᠢᠯᠡᠯᠲᠦ ᠬᠥᠷᠥᠩᠭᠡ ᠶᠢᠨ ᠲᠣᠬᠢᠷᠠᠭᠤᠯᠤᠯᠲᠠ ᠶᠢᠨ ᠦᠷ᠎ᠡ | ᠪᠦᠲᠦᠮᠵᠢ ᠶᠢ ᠳᠡᠭᠡᠭᠰᠢᠯᠡᠭᠦᠯᠪᠡ᠃ ᠳᠥᠷᠪᠡ ᠳᠤ᠂ ᠰᠲ᠋ᠣᠺ ᠤᠨ ᠡᠷᠬᠡ ᠶᠢᠨ ᠪᠡᠯᠡ ᠲᠣᠬᠢᠷᠠᠭᠤᠯᠤᠯᠲᠠ ᠪᠠ ᠥᠷᠢ | ᠥᠭᠴᠡᠭᠡ ᠶᠢ ᠰᠲ᠋ᠣᠺ ᠪᠣᠯᠭᠠᠨ ᠬᠤᠪᠢᠷᠠᠭᠤᠯᠬᠤ ᠶᠢ ᠠᠬᠢᠭᠤᠯᠪᠠ᠃ ᠠᠵᠤ ᠠᠬᠤᠶᠢᠯᠠᠯ ᠤᠨ ᠡᠳ᠋ ᠬᠥᠷᠥᠩᠭᠡ ᠶᠢ | ᠲᠡᠮᠳᠡᠭᠲᠦ ᠪᠣᠯᠭᠠᠬᠤ ᠶᠢ ᠢᠳᠡᠪᠬᠢᠲᠡᠢ ᠠᠬᠢᠭᠤᠯᠤᠨ᠂ ᠰᠲ᠋ᠣᠺ ᠤᠨ ᠡᠷᠬᠡ ᠶᠢᠨ ᠪᠡᠯᠡ ᠲᠣᠬᠢᠷᠠᠭᠤᠯᠬᠤ ᠬᠠᠷᠢᠴᠠᠯ ᠢ | ᠨᠡᠮᠡᠭᠳᠡᠭᠦᠯᠵᠦ᠂ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠬᠤᠯᠢᠮᠠᠭ ᠥᠮᠴᠢᠯᠡᠯ ᠤᠨ ᠳᠦᠷᠢᠮ ᠤᠨ | ᠥᠭᠡᠷᠡᠴᠢᠯᠡᠯᠲᠡ ᠶᠢ ᠲᠣᠭᠲᠠᠭᠤᠨ ᠢᠶᠠᠷ ᠠᠬᠢᠭᠤᠯᠪᠠ᠃ ᠨᠥᠬᠦᠴᠡᠯ ᠲᠠᠢ ᠠᠵᠤ ᠠᠬᠤᠶᠢᠯᠠᠯ ᠤᠨ ᠰᠢᠭᠤᠳ ᠵᠠᠬ᠎ᠠ | ᠳᠡᠯᠭᠡᠭᠦᠷ ᠲᠤ ᠭᠠᠷᠬᠤ ᠶᠢ ᠦᠷᠭᠦᠯᠵᠢᠯᠡᠨ ᠠᠬᠢᠭᠤᠯᠵᠤ᠂ ᠰᠢᠭᠤᠳ ᠪᠡᠯᠡ ᠲᠣᠬᠢᠷᠠᠭᠤᠯᠬᠤ ᠬᠠᠷᠢᠴᠠᠯ ᠢ | ᠳᠡᠭᠡᠭᠰᠢᠯᠡᠭᠦᠯᠪᠡ︔ ᠤᠯᠤᠰ ᠤᠨ ᠥᠮᠴᠢᠯᠡᠯᠲᠦ ᠠᠵᠤ ᠠᠬᠤᠶᠢᠯᠠᠯ ᠢ ᠨᠡᠶᠢᠯᠡᠭᠦᠯᠦᠨ ᠨᠢᠭᠡᠳᠬᠡᠵᠦ ᠳᠠᠬᠢᠨ ᠵᠣᠬᠢᠶᠠᠨ | ᠪᠠᠶᠢᠭᠤᠯᠬᠤ ᠡᠷᠴᠢᠮ ᠢ ᠴᠢᠩᠭᠠᠷᠠᠭᠤᠯᠤᠨ᠂ ᠬᠤᠯᠢᠮᠠᠭ ᠥᠮᠴᠢᠯᠡᠯ ᠤᠨ ᠳᠦᠷᠢᠮ ᠤᠨ ᠥᠭᠡᠷᠡᠴᠢᠯᠡᠯᠲᠡ ᠶᠢ | ᠲᠣᠭᠲᠠᠭᠤᠨ ᠢᠶᠠᠷ ᠬᠡᠷᠡᠭᠵᠢᠭᠦᠯᠵᠦ᠂ ᠠᠵᠤ ᠠᠬᠤᠶᠢᠯᠠᠯ ᠤᠨ ᠪᠦᠯᠦᠭᠯᠡᠯ ᠤᠨ ᠳᠡᠰ ᠳᠠᠪᠬᠤᠷᠭ᠎ᠠ ᠳᠤ ᠬᠤᠯᠢᠮᠠᠭ | ᠥᠮᠴᠢᠯᠡᠯ ᠤᠨ ᠳᠦᠷᠢᠮ ᠤᠨ ᠥᠭᠡᠷᠡᠴᠢᠯᠡᠯᠲᠡ ᠬᠢᠬᠦ ᠲᠤᠷᠰᠢᠯᠲᠠ ᠶᠢᠨ ᠴᠡᠭ ᠢ ᠥᠷᠨᠢᠭᠦᠯᠦᠨ᠂ ᠬᠢᠨᠠᠨ ᠬᠠᠮᠢᠶᠠᠷᠬᠤ | ᠠᠵᠤ ᠠᠬᠤᠶᠢᠯᠠᠯ ᠤᠨ ᠬᠤᠶᠠᠳᠤᠭᠠᠷ ᠱᠠᠲᠤᠨ ᠤ ᠳᠠᠭᠠᠯᠲᠠ ᠠᠵᠤ ᠠᠬᠤᠶᠢᠯᠠᠯ ᠤᠨ ᠬᠤᠯᠢᠮᠠᠭ ᠥᠮᠴᠢᠯᠡᠯ ᠤᠨ | ᠳᠦᠷᠢᠮ ᠳᠤ ᠥᠭᠡᠷᠡᠴᠢᠯᠡᠯᠲᠡ ᠬᠢᠬᠦ ᠡᠷᠴᠢᠮ ᠢ ᠦᠷᠭᠦᠯᠵᠢᠯᠡᠨ ᠴᠢᠩᠭᠠᠷᠠᠭᠤᠯᠵᠤ᠂ ᠨᠡᠶᠢᠭᠡᠮ ᠤᠨ ᠪᠤᠰᠤᠳ ᠡᠯ᠎ᠡ | ᠲᠥᠷᠥᠯ ᠤᠨ ᠰᠢᠯᠢᠳᠡᠭ ᠴᠢᠨᠠᠷᠲᠠᠢ ᠬᠥᠷᠥᠩᠭᠡ ᠶᠢ ᠢᠳᠡᠪᠬᠢᠲᠡᠢ ᠪᠥᠭᠡᠳ ᠲᠣᠭᠲᠠᠭᠤᠨ ᠢᠶᠠᠷ ᠲᠠᠲᠠᠨ ᠣᠷᠣᠭᠤᠯᠪᠠ᠃ | ᠥᠪᠡᠷᠲᠡᠭᠡᠨ ᠵᠠᠰᠠᠬᠤ ᠣᠷᠣᠨ ᠤ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠬᠡᠯᠪᠡᠷᠢ ᠪᠠᠨ ᠬᠤᠪᠢᠷᠠᠭᠤᠯᠤᠨ | ᠳᠡᠰ ᠳᠡᠪᠰᠢᠬᠦ ᠳᠤ ᠬᠡᠷᠡᠭᠯᠡᠬᠦ ᠰᠠᠭᠤᠷᠢ ᠮᠥᠩᠭᠦ ᠶᠢ ᠰᠠᠨᠠᠭᠠᠴᠢᠯᠠᠭ᠎ᠠ ᠠᠴᠠ ᠪᠠᠨ ᠰᠠᠶᠢᠲᠤᠷ ᠠᠰᠢᠭᠯᠠᠪᠠ᠃ | ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠳᠤ ᠬᠡᠷᠡᠭᠯᠡᠬᠦ ᠰᠠᠭᠤᠷᠢ ᠮᠥᠩᠭᠦ ᠶᠢᠨ ᠬᠠᠮᠢᠶᠠᠷᠤᠯᠲᠠ ᠶᠢᠨ ᠺᠣᠮᠫᠠᠨᠢ ᠨᠢ | ᠨᠢᠭᠡᠨᠲᠡ ᠵᠠᠬ᠎ᠠ ᠳᠡᠯᠭᠡᠭᠦᠷᠴᠢᠯᠡᠭᠰᠡᠨ ᠰᠣᠩᠭᠤᠯᠲᠠ ᠡᠯᠰᠡᠲᠡ ᠪᠠᠨ ᠪᠡᠶᠡᠯᠡᠭᠦᠯᠵᠦ᠂ ᠬᠡᠰᠡᠭ ᠬᠥᠲᠥᠯᠥᠨ | ᠵᠢᠯᠣᠭᠤᠳᠬᠤ ᠳᠤ ᠬᠡᠷᠡᠭᠯᠡᠬᠦ ᠪᠡᠯᠡ ᠮᠥᠩᠭᠦ ᠶᠢ ᠨᠢᠭᠡᠨᠲᠡ ᠭᠦᠢᠴᠡᠳ ᠲᠣᠬᠢᠷᠠᠭᠤᠯᠵᠤ᠂ ᠮᠥᠩᠭᠦᠨ ᠭᠦᠢᠯᠭᠡᠭᠡᠨ ᠤ | ᠪᠠᠶᠢᠭᠤᠯᠤᠮᠵᠢ ᠪᠠ ᠪᠤᠰᠤᠳ ᠡᠯ᠎ᠡ ᠲᠥᠷᠥᠯ ᠤᠨ ᠨᠡᠶᠢᠭᠡᠮ ᠤᠨ ᠬᠥᠷᠥᠩᠭᠡ ᠶᠢ ᠶᠠᠭ ᠰᠠᠶᠢᠬᠠᠨ ᠢᠳᠡᠪᠬᠢᠲᠡᠢ ᠪᠥᠭᠡᠳ | ᠲᠣᠭᠲᠠᠭᠤᠨ ᠢᠶᠠᠷ ᠬᠥᠲᠥᠯᠥᠨ ᠣᠷᠣᠭᠤᠯᠵᠤ ᠰᠠᠭᠤᠷᠢ ᠮᠥᠩᠭᠦ ᠶᠢᠨ ᠪᠡᠯᠡ ᠲᠣᠬᠢᠷᠠᠭᠤᠯᠤᠯᠲᠠ ᠳᠤ ᠣᠷᠣᠯᠴᠠᠭᠤᠯᠤᠨ᠂ | ᠬᠢᠨᠠᠨ ᠬᠠᠮᠢᠶᠠᠷᠬᠤ ᠠᠵᠤ ᠠᠬᠤᠶᠢᠯᠠᠯ ᠠᠴᠠ ᠶᠠᠭ ᠰᠠᠶᠢᠬᠠᠨ ᠰᠠᠭᠤᠷᠢ ᠮᠥᠩᠭᠦ ᠶᠢᠨ ᠲᠥᠷᠥᠯ ᠵᠦᠢᠯ ᠤᠨ | ᠬᠥᠮᠥᠷᠭᠡ ᠶᠢ ᠪᠠᠶᠢᠭᠤᠯᠵᠤ᠂ ᠰᠠᠭᠤᠷᠢ ᠮᠥᠩᠭᠦ ᠶᠢᠨ ᠲᠥᠷᠥᠯ ᠵᠦᠢᠯ ᠳᠤ ᠢᠳᠡᠪᠬᠢᠲᠡᠢ ᠣᠷᠣᠯᠴᠠᠬᠤ ᠪᠠ | ᠰᠠᠨᠠᠭᠠᠴᠢᠯᠠᠭ᠎ᠠ ᠠᠴᠠ ᠪᠠᠨ ᠲᠠᠨᠢᠯᠴᠠᠭᠤᠯᠤᠨ᠂ ᠬᠡᠯᠪᠡᠷᠢ ᠪᠠᠷ ᠬᠤᠪᠢᠷᠠᠭᠤᠯᠤᠨ ᠳᠡᠰ ᠳᠡᠪᠰᠢᠬᠦ ᠳᠤ ᠬᠡᠷᠡᠭᠯᠡᠬᠦ ᠰᠠᠭᠤᠷᠢ | ᠮᠥᠩᠭᠦ ᠶᠢᠨ ᠬᠥᠰᠢᠭᠦᠷᠭᠡ ᠶᠢᠨ ᠦᠢᠯᠡᠳᠦᠯ ᠢ ᠰᠠᠶᠢᠲᠤᠷ ᠪᠠᠳᠠᠷᠠᠭᠤᠯᠵᠤ ᠪᠠᠶᠢᠨ᠎ᠠ᠃ ᠵᠠᠬ᠎ᠠ ᠳᠡᠯᠭᠡᠭᠦᠷᠴᠢᠯᠡᠬᠦ ᠪᠠ | ᠬᠠᠤᠯᠢ ᠪᠠᠷ ᠵᠠᠰᠠᠵᠢᠬᠤ ᠪᠠᠷ ᠥᠷᠢ ᠥᠭᠴᠡᠭᠡ ᠶᠢ ᠰᠲ᠋ᠣᠺ ᠪᠣᠯᠭᠠᠨ ᠬᠤᠪᠢᠷᠠᠭᠤᠯᠬᠤ ᠶᠢ ᠢᠳᠡᠪᠬᠢᠲᠡᠢ ᠪᠥᠭᠡᠳ | ᠲᠣᠭᠲᠠᠭᠤᠨ ᠢᠶᠠᠷ ᠠᠬᠢᠭᠤᠯᠪᠠ᠃ ᠪᠤᠭᠤᠲᠤ ᠶᠢᠨ ᠪᠣᠯᠣᠳ ᠲᠡᠮᠦᠷ ᠤᠨ ᠪᠦᠯᠦᠭᠯᠡᠯ ᠠᠴᠠ ᠥᠷᠢ ᠥᠭᠴᠡᠭᠡ ᠪᠠᠨ | ᠰᠲ᠋ᠣᠺ ᠪᠣᠯᠭᠠᠨ ᠬᠤᠪᠢᠷᠠᠭᠤᠯᠬᠤ ᠲᠥᠰᠥᠯ ᠢᠶᠠᠨ ᠬᠠᠮᠢᠶ᠎ᠠ ᠪᠦᠬᠦᠢ ᠪᠠᠩᠬᠢ ᠶᠢᠨ ᠠᠵᠢᠯ ᠲᠠᠢ ᠵᠣᠯᠭᠠᠯᠳᠤᠭᠤᠯᠬᠤ ᠶᠢ | ᠶᠠᠭ ᠰᠠᠶᠢᠬᠠᠨ ᠱᠠᠯᠠᠪᠳᠠᠨ ᠬᠢᠵᠦ᠂ ᠣᠨ ᠤ ᠳᠣᠲᠣᠷ᠎ᠠ ᠬᠤᠯᠪᠣᠭᠳᠠᠯ ᠪᠦᠬᠦᠢ ᠪᠠᠶᠢᠭᠤᠯᠤᠮᠵᠢ ᠯᠤᠭ᠎ᠠ ᠥᠷᠢ | ᠥᠭᠴᠡᠭᠡ ᠪᠠᠨ ᠵᠠᠬ᠎ᠠ ᠳᠡᠯᠭᠡᠭᠦᠷᠴᠢᠯᠡᠵᠦ ᠰᠲ᠋ᠣᠺ ᠪᠣᠯᠭᠠᠨ ᠬᠤᠪᠢᠷᠠᠭᠤᠯᠬᠤ ᠬᠠᠮᠲᠤᠷᠠᠯᠴᠠᠭᠠᠨ ᠤ ᠲᠥᠰᠥᠪ ᠤᠨ | ᠬᠡᠯᠡᠯᠴᠡᠭᠡᠷ ᠲᠣᠭᠲᠠᠬᠤ ᠪᠠᠷ ᠴᠢᠷᠮᠠᠶᠢᠵᠤ ᠬᠢᠵᠦ ᠪᠠᠶᠢᠨ᠎ᠠ︔ ᠥᠭᠴᠡᠭᠡᠨ ᠤ ᠲᠡᠮᠳᠡᠭᠲᠦ ᠪᠠᠷ ᠲᠥᠯᠥᠪᠦᠷᠢᠯᠡᠬᠦ | ᠲᠦᠭᠰᠢᠭᠦᠷᠢ ᠶᠢᠨ ᠬᠠᠮᠢᠶᠠᠷᠤᠯᠲᠠ ᠡᠵᠡᠮᠳᠡᠯ ᠢ ᠦᠷᠭᠦᠯᠵᠢᠯᠡᠨ ᠴᠢᠩᠭᠠᠳᠬᠠᠵᠤ᠂ ᠬᠢᠨᠠᠨ ᠬᠠᠮᠢᠶᠠᠷᠬᠤ ᠠᠵᠤ | ᠠᠬᠤᠶᠢᠯᠠᠯ ᠤᠨ ᠥᠭᠴᠡᠭᠡᠨ ᠤ ᠲᠡᠮᠳᠡᠭᠲᠦ ᠲᠠᠷᠬᠠᠬᠤ ᠬᠠᠷᠢᠴᠠᠯ ᠤᠨ ᠬᠠᠮᠢᠶᠠᠷᠤᠯᠲᠠ ᠪᠠ ᠭᠡᠷ᠎ᠡ ᠶᠢ ᠭᠦᠢᠴᠡᠳᠬᠡᠭᠰᠡᠨ | ᠪᠠᠶᠢᠳᠠᠯ ᠤᠨ ᠬᠢᠨᠠᠯᠲᠠ ᠰᠢᠨᠵᠢᠯᠲᠡ ᠶᠢ ᠴᠢᠩᠭᠠᠷᠠᠭᠤᠯᠪᠠ᠃ | ᠬᠥᠲᠥᠯᠥᠭᠴᠢ᠄ ᠲᠠᠨ ᠤ ᠲᠠᠶᠢᠯᠤᠮᠵᠢ ᠳᠤ ᠪᠠᠶᠠᠷᠯᠠᠯ᠎ᠠ᠃ ᠬᠠᠮᠤᠭ ᠤᠨ ᠰᠡᠭᠦᠯ ᠤᠨ ᠨᠢᠭᠡ ᠠᠰᠠᠭᠤᠯᠲᠠ ᠪᠣᠯ | ᠳᠠᠷᠤᠢ᠂ ᠳᠡᠭᠡᠷᠡᠬᠢ ᠠᠷᠭ᠎ᠠ ᠬᠡᠮᠵᠢᠶ᠎ᠡ ᠪᠠᠷ ᠳᠠᠮᠵᠢᠭᠤᠯᠤᠨ ᠶᠠᠮᠠᠷ ᠵᠢᠱᠢᠭᠰᠡᠨ ᠦᠷ᠎ᠡ ᠪᠦᠲᠦᠮᠵᠢ ᠶᠢ ᠣᠯᠬᠤ ᠪᠣᠢ︖ | ᠡᠾᠧ ᠢᠦᠢ ᠴᠦᠨ᠄ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠬᠥᠷᠥᠩᠭᠡ ᠥᠷᠢ ᠶᠢᠨ | ᠬᠢᠵᠠᠭᠠᠷᠯᠠᠯ ᠤᠨ ᠲᠣᠭᠲᠠᠴᠠ ᠪᠠ ᠬᠥᠰᠢᠭᠦᠷᠭᠡ ᠶᠢ ᠳᠣᠷᠣᠭᠰᠢᠯᠠᠭᠤᠯᠬᠤ ᠡᠯ᠎ᠡ ᠵᠦᠢᠯ ᠤᠨ ᠠᠷᠭ᠎ᠠ ᠬᠡᠮᠵᠢᠶ᠎ᠡ ᠪᠠᠷ | ᠳᠠᠮᠵᠢᠭᠤᠯᠤᠨ᠂ ᠬᠢᠨᠠᠯᠲᠠ ᠲᠠᠯᠪᠢᠨ ᠬᠠᠮᠢᠶᠠᠷᠬᠤ ᠪᠠᠨ ᠴᠢᠩᠭᠠᠷᠠᠭᠤᠯᠵᠤ᠂ ᠥᠷᠢ ᠥᠭᠴᠡᠭᠡ ᠥᠨᠳᠥᠷ ᠤᠯᠤᠰ ᠤᠨ | ᠥᠮᠴᠢᠯᠡᠯᠲᠦ ᠠᠵᠤ ᠠᠬᠤᠶᠢᠯᠠᠯ ᠤᠨ ᠬᠥᠷᠥᠩᠭᠡ ᠥᠷᠢ ᠶᠢᠨ ᠨᠣᠷᠮ᠎ᠠ ᠪᠠᠨ ᠠᠯᠢ ᠲᠦᠷᠭᠡᠨ ᠢᠶᠠᠷ ᠵᠦᠢ ᠵᠣᠬᠢᠰᠲᠠᠢ | ᠬᠢᠷᠢ ᠲᠦᠪᠰᠢᠨ ᠳᠤ ᠪᠤᠴᠠᠭᠠᠬᠤ ᠶᠢ ᠰᠢᠮᠳᠠᠭᠤᠯᠵᠤ᠂ ᠬᠢᠨᠠᠨ ᠬᠠᠮᠢᠶᠠᠷᠬᠤ ᠠᠵᠤ ᠠᠬᠤᠶᠢᠯᠠᠯ ᠤᠨ ᠳᠤᠮᠳᠠᠴᠢ | ᠬᠥᠷᠥᠩᠭᠡ ᠥᠷᠢ ᠶᠢᠨ ᠨᠣᠷᠮ᠎ᠠ ᠶᠢ 2020 ᠣᠨ ᠤ ᠰᠡᠭᠦᠯᠴᠢ ᠪᠣᠯᠬᠤ ᠳᠤ 2017 ᠣᠨ ᠤ | ᠰᠡᠭᠦᠯᠴᠢ ᠶᠢᠨ ᠬᠢ ᠠᠴᠠ 2 ᠵᠠᠭᠤᠨ ᠤ ᠴᠡᠭ ᠣᠷᠴᠢᠮ ᠪᠠᠭᠤᠷᠠᠭᠤᠯᠬᠤ ᠶᠢ ᠠᠬᠢᠭᠤᠯᠤᠨ᠎ᠠ᠃ | ᠬᠥᠲᠥᠯᠥᠭᠴᠢ᠄ ᠰᠠᠶᠢᠨ ᠪᠣᠯᠣᠯ᠎ᠠ᠂ ᠾᠧ ᠡᠷᠬᠢᠯᠡᠭᠴᠢ ᠶᠢᠨ ᠲᠠᠶᠢᠯᠤᠮᠵᠢ ᠳᠤ ᠪᠠᠶᠠᠷᠯᠠᠯ᠎ᠠ᠂ ᠴᠠᠭ ᠤᠨ | ᠬᠠᠷᠠᠭ᠎ᠠ ᠠᠴᠠ ᠪᠣᠯᠵᠤ᠂ ᠮᠠᠨ ᠤ ᠰᠤᠷᠪᠤᠯᠵᠢᠯᠠᠭ᠎ᠠ ᠠᠳᠡ ᠬᠥᠷᠥᠭᠡᠳ ᠥᠨᠳᠥᠷᠯᠡᠬᠦ ᠪᠣᠯᠣᠯ᠎ᠠ᠂ ᠾᠧ | ᠡᠷᠬᠢᠯᠡᠭᠴᠢ ᠶᠢᠨ ᠮᠠᠨ ᠤ ᠰᠤᠷᠪᠤᠯᠵᠢᠯᠠᠭ᠎ᠠ ᠶᠢᠨ ᠪᠤᠯᠤᠩ ᠳᠤ ᠰᠠᠭᠠᠲᠠᠭᠰᠠᠨ ᠳᠤ ᠳᠠᠬᠢᠨᠲᠠ ᠪᠠᠶᠠᠷᠯᠠᠵᠤ ᠪᠠᠶᠢᠨ᠎ᠠ᠂ | ᠮᠥᠨ ᠰᠦᠯᠵᠢᠶᠡᠨ ᠤ ᠠᠨᠳᠠ ᠨᠠᠷ ᠤᠨ ᠬᠦᠯᠢᠶᠡᠨ ᠠᠪᠴᠤ ᠦᠵᠡᠭᠰᠡᠨ ᠳᠤ ᠪᠠᠶᠠᠷᠯᠠᠯ᠎ᠠ᠂ ᠳᠠᠷᠠᠭᠠᠴᠢ ᠶᠢᠨ | ᠬᠤᠭᠤᠴᠠᠭᠠᠨ ᠳᠤ ᠳᠠᠬᠢᠨ ᠵᠣᠯᠭᠠᠶ᠎ᠠ᠂ ᠪᠠᠶᠠᠷᠲᠠᠢ︕ | ᠡᠾᠧ ᠢᠦᠢ ᠴᠦᠨ᠄ ᠪᠠᠶᠠᠷᠲᠠᠢ︕ | |