ᠴᠡᠩᠬᠡᠷ ᠤᠰᠤ ᠶᠢ ᠬᠠᠮᠠᠭᠠᠯᠠᠬᠤ ᠳᠠᠶᠢᠯᠠᠯᠳᠤᠭᠠᠨ ᠤ ᠢᠯᠠᠯᠲᠠ ᠶᠢ ᠣᠯᠵᠠᠢ︕ ᠶᠡᠭᠡ ᠲᠦᠷᠭᠡᠨ ᠭᠤᠤᠯ ᠤᠨ ᠵᠠᠮ | ᠥᠭᠡᠷᠡᠲᠡᠵᠡᠶ ᠁ ᠁ | — ᠰᠠᠶᠢᠬᠠᠨ ᠲᠣᠭᠤᠷᠢᠭ ᠤᠨ ᠤᠰᠤᠨ ᠤ ᠶᠠᠪᠤᠳᠠᠯ ᠤᠨ ᠲᠣᠪᠴᠢᠶᠠᠨ ᠤ ᠣᠰᠣᠨ ᠠᠰᠢᠭᠯᠠᠯᠲᠠ ᠶᠢᠨ | ᠪᠠᠷᠢᠯᠭ᠎ᠠ ᠶᠢᠨ ᠵᠦᠢᠯᠡᠰ ᠤᠨ ᠠᠯᠪᠠᠨ ᠭᠡᠷ ᠤᠨ ᠡᠷᠬᠢᠯᠡᠭᠴᠢ ᠴᠧᠨ ᠭᠦᠸᠧ ᠯᠢᠶᠠᠩ | ᠭᠤᠣᠯ ᠤᠨ ᠵᠠᠮ ᠢ ᠴᠡᠭᠴᠡᠯᠡᠨ ᠵᠠᠰᠠᠬᠤ ᠨᠢ ᠤᠰᠤ ᠬᠠᠳᠠᠭᠠᠯᠠᠬᠤ᠂ ᠭᠤᠣᠯ ᠮᠦᠷᠡᠨ ᠤ ᠤᠷᠤᠰᠬᠠᠯ ᠢ | ᠲᠣᠬᠢᠷᠠᠭᠤᠯᠬᠤ᠂ ᠭᠠᠵᠠᠷ ᠳᠣᠣᠷᠠᠬᠢ ᠤᠰᠤ ᠶᠢ ᠨᠥᠬᠦᠪᠥᠷᠢᠯᠡᠬᠦ ᠪᠠ ᠣᠷᠣᠨ ᠪᠦᠰᠡ ᠶᠢᠨ ᠤᠰᠤᠨ ᠤ ᠲᠡᠩᠴᠡᠭᠦᠷᠢ | ᠶᠢ ᠪᠠᠲᠤᠯᠠᠬᠤ ᠳᠤ ᠴᠢᠬᠤᠯᠠ ᠦᠢᠯᠡᠳᠦᠯ ᠦᠵᠡᠭᠦᠯᠵᠦ ᠪᠠᠶᠢᠳᠠᠭ᠂ ᠡᠨᠡ ᠪᠣᠯ ᠤᠰᠤ ᠬᠠᠳᠠᠭᠠᠯᠠᠵᠤ ᠦᠶᠡᠷ ᠢ | ᠰᠡᠷᠭᠡᠶᠢᠯᠡᠬᠦ ᠪᠠᠶᠢᠭᠠᠯᠢ ᠶᠢᠨ ︽ᠬᠠᠶᠢᠮᠢᠶᠠᠨ︾ ᠪᠣᠯᠤᠨ᠎ᠠ᠃ ᠲᠥᠪ ᠬᠤᠳᠠ ᠶᠢᠨ ᠡᠮᠦᠨᠡᠭᠦᠷ ᠤᠷᠤᠰᠤᠨ ᠥᠩᠭᠡᠷᠡᠬᠦ | ᠭᠤᠣᠯ ᠤᠷᠤᠰᠬᠠᠯ ᠪᠣᠯᠤᠭᠰᠠᠨ ᠤ ᠬᠤᠪᠢ ᠳᠤ᠂ ᠶᠡᠭᠡ ᠲᠦᠷᠭᠡᠨ ᠭᠤᠣᠯ ᠤᠨ ᠭᠤᠣᠯ ᠤᠨ ᠵᠠᠮ ᠢ ᠴᠡᠭᠴᠡᠯᠡᠨ | ᠵᠠᠰᠠᠬᠤ ᠨᠢ ᠤᠯᠠᠨ ᠲᠦᠮᠡᠨ ᠤ ᠠᠩᠬᠠᠷᠴᠤ ᠪᠠᠶᠢᠭ᠎ᠠ ᠬᠠᠯᠠᠮᠰᠢᠯ ᠠᠰᠠᠭᠤᠳᠠᠯ ᠪᠣᠯᠤᠭᠰᠠᠭᠠᠷ ᠢᠷᠡᠵᠡᠢ᠃ ᠢᠮᠦ ᠠᠴᠠ | ᠭᠤᠣᠯ ᠤᠨ ᠵᠠᠮ ᠤᠨ ᠰᠠᠭᠠᠳ ᠦᠭᠡᠢ ᠨᠡᠪᠲᠡᠷᠡᠬᠦ ᠶᠢ ᠪᠠᠲᠤᠯᠠᠬᠤ ᠳᠤ ᠡᠷᠭᠢᠨ ᠲᠣᠭᠤᠷᠢᠨ ᠤ ᠣᠷᠴᠢᠨ ᠨᠥᠬᠦᠴᠡᠯ ᠢ | ᠵᠠᠰᠠᠬᠤ ᠨᠢ ᠨᠠᠩ ᠴᠢᠬᠤᠯᠠ ᠪᠣᠯᠵᠤ ᠪᠠᠶᠢᠨ᠎ᠠ᠃ 1 ᠰᠠᠷ᠎ᠠ ᠶᠢᠨ 7 ᠤ ᠡᠳᠦᠷ᠂ ᠰᠤᠷᠪᠤᠯᠵᠢᠯᠠᠭᠴᠢ ᠰᠠᠶᠢᠬᠠᠨ | ᠲᠣᠭᠤᠷᠢᠭ ᠤᠨ ᠶᠡᠭᠡ ᠲᠦᠷᠭᠡᠨ ᠭᠤᠤᠯ ᠤᠨ ᠵᠡᠭᠦᠨᠰᠢ ᠬᠤᠲᠣᠭᠤᠷᠢᠭᠰᠠᠨ ᠵᠠᠮ — ᠬᠤᠷᠴᠢᠨ ᠤ ᠲᠦᠷᠭᠡᠨ | ᠵᠠᠮ ᠤᠨ ᠬᠡᠰᠡᠭ ᠲᠤ ᠬᠦᠷᠴᠦ᠂ ᠶᠡᠭᠡ ᠲᠦᠷᠭᠡᠨ ᠭᠤᠤᠯ ᠤᠨ ᠭᠤᠣᠯ ᠤᠨ ᠵᠠᠮ ᠢ ᠴᠡᠭᠴᠡᠯᠡᠨ ᠵᠠᠰᠠᠬᠤ | ᠠᠰᠠᠭᠤᠳᠠᠯ ᠤᠨ ᠲᠤᠬᠠᠢ ᠲᠤᠬᠠᠶ ᠶᠢᠨ ᠲᠠᠯᠠᠪᠤᠷ ᠲᠤ ᠰᠤᠷᠪᠤᠯᠵᠢᠯᠠᠭ᠎ᠠ ᠬᠢᠪᠡ᠃ | ᠶᠡᠭᠡ ᠲᠦᠷᠭᠡᠨ ᠭᠤᠤᠯ ᠤᠨ ᠲᠤᠰ ᠬᠡᠰᠡᠭ ᠤᠨ ᠬᠠᠰᠢᠯᠭ᠎ᠠ ᠳᠠᠯᠠᠩ ᠳᠡᠭᠡᠷ᠎ᠡ ᠠᠴᠠ ᠡᠷᠭᠢᠨ ᠲᠤᠭᠤᠷᠢᠨ ᠢ | ᠬᠤᠯᠠ ᠠᠴᠠ ᠪᠠᠷᠠᠯᠠᠬᠤ ᠳᠤ᠂ ᠬᠡᠮᠬᠡᠷᠬᠡᠶ ᠴᠢᠯᠠᠭᠤ ᠪᠠᠷ ᠳᠡᠪᠢᠰᠦᠭᠰᠡᠨ ᠬᠥᠲᠥᠯ ᠨᠢ ᠦᠷᠭᠦᠯᠵᠢᠯᠡᠵᠦ᠂ ᠬᠥᠪᠡᠭᠡ | ᠬᠢᠵᠠᠭᠠᠷ ᠨᠢ ᠬᠠᠷᠠᠭᠳᠠᠬᠤ ᠦᠭᠡᠢ ᠪᠠᠶᠢᠯ᠎ᠠ᠃ ᠰᠠᠶᠢᠬᠠᠨ ᠲᠣᠭᠤᠷᠢᠭ ᠤᠨ ᠤᠰᠤᠨ ᠤ ᠶᠠᠪᠤᠳᠠᠯ ᠤᠨ ᠲᠣᠪᠴᠢᠶᠠᠨ ᠤ | ᠣᠰᠣᠨ ᠠᠰᠢᠭᠯᠠᠯᠲᠠ ᠶᠢᠨ ᠢᠨᠵᠧᠨᠧᠷᠢᠩ ᠤᠨ ᠲᠥᠷᠥᠯ ᠵᠦᠢᠯ ᠤᠨ ᠠᠯᠪᠠᠨ ᠭᠡᠷ ᠤᠨ ᠡᠷᠬᠢᠯᠡᠭᠴᠢ ᠴᠧᠨ ᠭᠦᠸᠧ | ᠯᠢᠶᠠᠩ ᠰᠤᠷᠪᠤᠯᠵᠢᠯᠠᠭᠴᠢ ᠳᠤ᠄ ︽ᠶᠡᠭᠡ ᠲᠦᠷᠭᠡᠨ ᠭᠤᠣᠯ ᠤᠨ ᠪᠠᠷᠠᠭᠤᠨ ᠡᠷᠭᠢ ᠶᠢᠨ ᠦᠶᠡᠷ ᠢ ᠰᠡᠷᠭᠡᠶᠢᠯᠡᠬᠦ | ᠬᠠᠰᠢᠯᠭ᠎ᠠ ᠶᠢ ᠴᠡᠭᠴᠡᠯᠡᠨ ᠵᠠᠰᠠᠬᠤ ᠢᠨᠵᠧᠨᠧᠷᠢᠩ ᠨᠢ ᠰᠠᠶᠢᠬᠠᠨ ᠲᠣᠭᠤᠷᠢᠭ ᠤᠨ ᠵᠠᠰᠠᠭ ᠤᠨ ᠣᠷᠳᠣᠨ ᠤ | ᠭᠤᠣᠯᠳᠠᠯᠭ᠎ᠠ ᠲᠠᠢ ᠢᠨᠵᠧᠨᠧᠷᠢᠩ ᠪᠠᠶᠢᠵᠤ᠂ ᠵᠠᠭᠤᠨ ᠵᠢᠯ ᠳᠤ ᠤᠴᠠᠷᠠᠳᠠᠭ ᠦᠶᠡᠷ ᠢ ᠰᠡᠷᠭᠡᠶᠢᠯᠡᠬᠦ ᠵᠢᠷᠤᠭ | ᠲᠥᠯᠥᠪᠯᠡᠭᠡ ᠪᠠᠷ ᠪᠦᠲᠦᠭᠡᠨ ᠪᠠᠶᠢᠭᠤᠯᠵᠤ᠂ ᠲᠥᠷᠥᠯ ᠵᠦᠢᠯ ᠤᠨ ᠶᠡᠷᠦᠩᠬᠡᠢ ᠪᠡᠯᠡ ᠣᠷᠣᠭᠤᠯᠤᠯᠲᠠ ᠨᠢ 1 . 74 | ᠳ᠋ᠦᠩᠰᠢᠭᠤᠷ ᠲᠥᠭᠦᠷᠢᠭ ᠪᠠᠶᠢᠵᠤ᠂ ᠭᠤᠣᠯ ᠤᠨ ᠵᠠᠮ ᠤᠨ ᠪᠦᠬᠦ ᠤᠷᠳᠤ ᠨᠢ 6 . 5 ᠺᠢᠯᠣᠮᠧᠳ᠋ᠷ ᠪᠠᠶᠢᠵᠤ᠂ | ᠬᠠᠰᠢᠯᠭ᠎ᠠ ᠳᠠᠯᠠᠩ᠂ ᠵᠠᠮ᠂ ᠪᠠᠯ ᠬᠠᠮᠠᠭᠠᠯᠠᠬᠤ᠂ ᠬᠥᠯ ᠬᠠᠮᠠᠭᠠᠯᠠᠬᠤ᠂ ᠭᠡᠷᠡᠯᠲᠦᠭᠦᠯᠭᠡ᠂ ᠨᠣᠭᠤᠭᠠᠷᠠᠭᠤᠯᠬᠤ ᠵᠡᠷᠭᠡ | ᠢᠨᠵᠧᠨᠧᠷᠢᠩ ᠢ ᠪᠠᠭᠲᠠᠭᠠᠭᠰᠠᠨ ᠪᠠᠶᠢᠨ᠎ᠠ︾ ᠭᠡᠵᠦ ᠬᠡᠯᠡᠪᠡ᠃ | ᠰᠤᠷᠪᠤᠯᠵᠢᠯᠠᠭᠴᠢ ᠲᠤᠬᠠᠶ ᠶᠢᠨ ᠲᠠᠯᠠᠪᠤᠷ ᠠᠴᠠ ᠣᠢᠯᠠᠭᠠᠭᠰᠠᠨ ᠨᠢ᠂ ᠥᠩᠭᠡᠷᠡᠭᠡᠭᠰᠡᠨ ᠳᠤ ᠬᠤᠭ ᠨᠣᠪᠰᠢ | ᠡᠷᠦᠶ ᠬᠤᠷᠤᠶ ᠥᠬᠡᠶ ᠣᠪᠣᠭᠠᠯᠠᠵᠤ᠂ ᠦᠮᠡᠬᠡᠶ ᠦᠨᠦᠷ ᠦᠨᠦᠷᠲᠦᠵᠦ ᠪᠠᠶᠢᠭᠰᠠᠨ ᠪᠠᠶᠢᠳᠠᠯ ᠲᠠᠢ ᠬᠠᠷᠢᠴᠠᠭᠤᠯᠪᠠᠯ᠂ | ᠣᠳᠣ ᠳ᠋ᠠ ᠾᠧᠢ ᠾᠧ ᠭᠤᠤᠯ ᠤᠨ ᠭᠤᠤᠯ ᠨᠢ ᠨᠢᠭᠡᠨᠲᠡ ᠮᠠᠰᠢ ᠶᠡᠭᠡ ᠬᠤᠪᠢᠷᠠᠯᠲᠠ ᠭᠠᠷᠴᠠᠶ᠃ ᠣᠳᠣᠬᠠᠨ | ᠪᠣᠯᠲᠠᠯ᠎ᠠ᠂ ᠶᠡᠭᠡ ᠲᠦᠷᠭᠡᠨ ᠭᠤᠤᠯ ᠤᠨ ᠪᠠᠷᠠᠭᠤᠨ ᠡᠷᠭᠢ ᠶᠢᠨ ᠦᠶᠡᠷ ᠢ ᠰᠡᠷᠭᠡᠶᠢᠯᠡᠬᠦ ᠬᠠᠰᠢᠯᠭ᠎ᠠ ᠶᠢ ᠴᠡᠭᠴᠡᠯᠡᠨ | ᠵᠠᠰᠠᠬᠤ ᠢᠨᠵᠧᠨᠧᠷᠢᠩ 32 ᠲᠦᠮᠡᠨ ᠪᠣᠰᠤᠭ᠎ᠠ ᠳᠥᠷᠪᠡᠯᠵᠢᠨ ᠮᠧᠲᠷ ᠪᠤᠵᠠᠷ ᠰᠢᠷᠣᠶ ᠶᠢ ᠴᠡᠪᠡᠷᠯᠡᠨ ᠲᠡᠭᠡᠭᠡᠪᠦᠷᠢᠯᠡᠵᠦ | ᠂ ᠪᠠᠷᠢᠯᠭ᠎ᠠ ᠶᠢᠨ ᠠᠵᠢᠯ ᠤᠨ ᠳᠥᠭᠦᠮ ᠵᠠᠮ 8 . 7 ᠺᠢᠯᠣᠮᠧᠲᠷ᠂ ᠪᠠᠷᠢᠯᠭ᠎ᠠ ᠶᠢᠨ ᠤᠷᠤᠰᠬᠠᠯ ᠵᠠᠯᠠᠬᠤ ᠵᠢᠴᠢ ᠲᠦᠷ | ᠴᠠᠭ ᠤᠨ ᠬᠠᠰᠢᠯᠭ᠎ᠠ 1500 ᠮᠧᠲᠷ᠂ ᠲᠦᠷ ᠴᠠᠭ ᠤᠨ ᠲᠥᠬᠦᠭᠡᠷᠦᠮᠵᠢ ᠶᠢ 1200 ᠲᠡᠭᠰᠢ ᠳᠥᠷᠪᠡᠯᠵᠢᠨ ᠮᠧᠲᠷ | ᠵᠠᠰᠠᠵᠤ᠂ ᠬᠠᠰᠢᠯᠭ᠎ᠠ ᠶᠢᠨ ᠰᠠᠭᠤᠷᠢ ᠶᠢ 21 ᠲᠦᠮᠡᠨ ᠪᠣᠰᠤᠭ᠎ᠠ ᠳᠥᠷᠪᠡᠯᠵᠢᠨ ᠮᠧᠲᠷ ᠰᠢᠢᠳᠪᠦᠷᠢᠯᠡᠵᠦ᠂ ᠰᠢᠪᠠᠷ | ᠰᠢᠷᠣᠶ ᠶᠢ 62 ᠲᠦᠮᠡᠨ ᠪᠣᠰᠤᠭ᠎ᠠ ᠳᠥᠷᠪᠡᠯᠵᠢᠨ ᠮᠧᠲᠷ ᠮᠠᠯᠲᠠᠪᠠ᠃ 2019 ᠤᠨ ᠳᠤ᠂ ᠲᠥᠷᠥᠯ ᠵᠦᠢᠯ ᠳᠤ | ᠪᠠᠰᠠ ᠦᠢᠯᠡᠳᠦᠭᠰᠡᠨ ᠳᠠᠯᠠᠩ ᠤᠨ ᠪᠡᠶ᠎ᠡ ᠶᠢᠨ ᠴᠢᠯᠠᠭᠤᠨ ᠰᠢᠩᠭᠡᠯᠢᠭ ᠵᠢᠴᠢ ᠰᠢᠷᠣᠶ ᠶᠢᠨ ᠠᠵᠢᠯ ᠤᠨ ᠵᠠᠭᠪᠤᠷ ᠢᠶᠠᠷ | ᠰᠡᠷᠭᠡᠶᠢᠯᠡᠨ ᠬᠠᠮᠠᠭᠠᠯᠠᠬᠤ᠂ ᠡᠪᠡᠰᠦ ᠮᠣᠳᠣ ᠲᠠᠷᠢᠵᠤ ᠬᠥᠲᠥᠯ ᠢ ᠬᠠᠮᠠᠭᠠᠯᠠᠬᠤ᠂ ᠳᠠᠯᠠᠩ ᠤᠨ ᠣᠷᠣᠢ ᠶᠢᠨ ᠵᠠᠮ ᠢ | ᠢᠵᠢ ᠪᠦᠷᠢᠳᠦᠭᠦᠯᠬᠦ᠂ ᠭᠡᠷᠡᠯᠲᠦᠭᠦᠯᠬᠦ ᠵᠢᠴᠢ ᠪᠦᠬᠦᠯᠢ ᠴᠣᠭᠴᠠ ᠶᠢᠨ ᠢᠨᠵᠧᠨᠧᠷᠢᠩ ᠤᠨ ᠪᠠᠷᠢᠯᠭ᠎ᠠ ᠳᠠᠭᠤᠰᠤᠭᠰᠠᠨ ᠢ | ᠰᠢᠯᠭᠠᠨ ᠠᠪᠬᠤ ᠵᠡᠷᠭᠡ ᠠᠵᠢᠯ ᠢ ᠦᠷᠭᠦᠯᠵᠢᠯᠡᠨ ᠪᠡᠶᠡᠯᠡᠭᠦᠯᠦᠨ᠎ᠡ᠃ | 2019 ᠤᠨ ᠳᠤ᠂ ᠬᠦᠬᠡᠬᠤᠲᠠ ᠶᠢᠨ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠤ᠂ ᠪᠣᠬᠢᠷᠲᠤᠯ ᠢ | ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠭᠦᠨᠵᠡᠭᠡᠢ ᠠᠬᠢᠭᠤᠯᠵᠤ᠂ ᠬᠡᠢ ᠶᠢ ᠵᠠᠰᠠᠬᠤ᠂ | ᠤᠰᠤ ᠶᠢ ᠵᠠᠰᠠᠬᠤ᠂ ᠬᠥᠷᠥᠰᠥ ᠶᠢ ᠵᠠᠰᠠᠬᠤ᠂ ᠠᠭᠤᠯᠠ ᠶᠢ ᠵᠠᠰᠠᠬᠤ ᠢᠨᠵᠧᠨᠧᠷᠢᠩ ᠢ ᠶᠡᠬᠡᠪᠡᠷ ᠥᠷᠨᠢᠭᠦᠯᠬᠦ ᠬᠡᠷᠡᠭᠲᠡᠢ | ᠭᠡᠵᠦ ᠲᠣᠳᠣᠷᠬᠠᠢ ᠳᠤᠷᠠᠳᠴᠠᠢ᠃ ᠬᠤᠳᠠ ᠶᠢᠨ ᠨᠠᠮ ᠤᠨ ᠬᠤᠷᠢᠶ᠎ᠠ ᠵᠠᠰᠠᠭ ᠤᠨ ᠣᠷᠳᠣᠨ ᠤ ᠱᠠᠭᠠᠷᠳᠠᠯᠭ᠎ᠠ ᠶᠢ | ᠨᠠᠶᠢᠳᠠᠪᠤᠷᠢᠵᠢᠭᠤᠯᠬᠤ ᠶᠢ ᠴᠢᠩᠭᠠᠳᠬᠠᠬᠤ ᠶᠢᠨ ᠲᠥᠯᠥᠭᠡ᠂ ᠰᠠᠶᠢᠬᠠᠨ ᠲᠣᠭᠤᠷᠢᠭ ᠤᠨ ᠬᠢᠨ ᠲᠥᠪ ᠤᠨ ᠣᠷᠴᠢᠨ | ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠯᠲᠠ ᠶᠢᠨ ︽ᠡᠷᠭᠢᠨ ᠬᠠᠷᠠᠬᠤ︾ ᠴᠡᠭᠴᠡᠯᠡᠨ | ᠰᠠᠶᠢᠵᠢᠷᠠᠭᠤᠯᠤᠭᠰᠠᠨ ᠦᠷ᠎ᠡ ᠪᠦᠲᠦᠮᠵᠢ ᠶᠢ ᠦᠷᠭᠦᠯᠵᠢᠯᠡᠨ ᠪᠠᠬᠢᠵᠢᠭᠦᠯᠵᠦ᠂ ᠴᠡᠩᠬᠡᠷ ᠤᠰᠤ ᠬᠥᠬᠡ ᠣᠭᠲᠠᠷᠭᠤᠢ ᠶᠢ | ᠬᠠᠮᠠᠭᠠᠯᠠᠬᠤ ᠳᠠᠶᠢᠯᠠᠯᠳᠤᠭᠠᠨ ᠢ ᠬᠦᠴᠦᠯᠡᠨ ᠰᠠᠶᠢᠲᠤᠷ ᠬᠢᠨ᠎ᠡ᠃ ᠭᠤᠣᠯ ᠤᠨ ᠵᠠᠮ ᠢ ᠵᠠᠰᠠᠬᠤ ᠪᠠ ᠤᠰᠤᠨ ᠤ ᠡᠬᠢ | ᠪᠠᠶᠠᠯᠢᠭ ᠤᠨ ᠠᠮᠢ ᠠᠬᠤᠢ ᠣᠷᠴᠢᠨ ᠲᠤᠭᠤᠷᠢᠨ ᠢ ᠰᠡᠷᠭᠦᠭᠡᠨ ᠵᠠᠰᠠᠬᠤ ᠪᠣᠯ ︿ᠭᠠᠪᠢᠶ᠎ᠠ ᠨᠢ ᠣᠳᠣ ᠣᠶᠢᠶ᠎ᠠ ᠳᠤ ᠪᠣᠶ | ᠠᠰᠢᠭ ᠨᠢ ᠥᠨᠢ ᠡᠭᠦᠷᠢᠳᠡ ᠪᠣᠶ﹀ ᠠᠮᠢ ᠠᠬᠤᠢ ᠶᠢᠨ ᠢᠨᠵᠧᠨᠧᠷᠢᠩ᠂ ᠠᠷᠠᠳ ᠤᠨ ᠠᠮᠢᠳᠤᠷᠠᠯ ᠤᠨ ᠢᠨᠵᠧᠨᠧᠷᠢᠩ᠂ | ᠶᠣᠰᠣ ᠰᠤᠷᠲᠠᠬᠤᠨ ᠤ ᠢᠨᠵᠧᠨᠧᠷᠢᠩ ᠪᠣᠯᠤᠨ᠎ᠠ᠂ ᠮᠠᠨ ᠤ ᠶᠡᠭᠡ ᠲᠦᠷᠭᠡᠨ ᠭᠤᠣᠯ ᠢ ᠰᠡᠷᠭᠦᠭᠡᠵᠦ᠂ ᠥᠩᠭᠡᠷᠡᠭᠡᠭᠰᠡᠨ | ᠤ ᠰᠦᠷ ᠳᠠᠯᠠᠶᠢᠴᠠᠲᠠᠢ ᠪᠠᠶᠢᠳᠠᠯ ᠢ ᠰᠡᠷᠭᠦᠭᠡᠵᠦ᠂ ᠨᠣᠮᠢᠨ ᠳᠣᠯᠭᠢᠶᠠᠨ ᠦᠷᠭᠦᠯᠵᠢᠯᠡᠬᠦ ᠶᠢ ᠬᠦᠰᠡᠵᠦ ᠪᠠᠶᠢᠨ᠎ᠠ᠃ ︵ | ᠰᠢᠨ᠎ᠡ ᠵᠠᠭᠤᠴᠢᠯᠠᠭᠤᠷ ᠤᠨ ᠲᠥᠪ᠄ ᠦᠷᠡᠨ ᠹᠧᠩ ᠯᠧᠢ︶ |