ᠦᠵᠡᠰᠬᠦᠯᠡᠩ ᠤᠨ ᠣᠷᠳᠣᠨ ᠨᠡᠶᠢᠭᠡᠮ ᠲᠣᠭᠤᠷᠢᠭ ᠲᠤ ︽ᠡᠬᠡ ᠤᠯᠤᠰ ᠢᠶᠠᠨ ᠮᠠᠭᠲᠠᠨ ᠳᠠᠭᠤᠯᠠᠵᠤ ᠰᠢᠨ᠎ᠡ ᠠᠶᠠᠯᠠᠯ ᠢᠶᠠᠨ ᠡᠬᠢᠯᠡᠬᠦ︾ ᠤᠯᠤᠰ ᠢᠶᠠᠨ ᠬᠠᠶᠢᠷᠠᠯᠠᠬᠤ ᠳᠠᠭᠤᠤ ᠶᠢᠨ ᠨᠠᠶᠢᠷᠠᠯ ᠥᠷᠨᠢᠭᠦᠯᠵᠡᠢ
ᠨᠡᠶᠢᠲᠡᠯᠡᠭᠰᠡᠨ ᠴᠠᠭ᠄
2019/4/18
     ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ70 ᠵᠢᠯ ᠤᠨ ᠣᠢ ᠶᠢ ᠪᠡᠯᠭᠡᠯᠡᠵᠦ᠂ ᠨᠠᠮ ᠤᠨ ᠭᠡᠷᠡᠯ ᠰᠠᠴᠤᠷᠠᠩᠭᠤᠢ ᠲᠡᠤᠬᠡ ᠶᠢ ᠡᠷᠭᠢᠴᠡᠭᠦᠯᠵᠦ᠂ ᠬᠤᠪᠢᠰᠬᠠᠯ ᠤᠨ ᠳᠤᠷᠠᠳᠬᠠᠯ ᠢ ᠬᠥᠭᠡᠭᠡᠴᠡᠯᠳᠦᠬᠦ ᠶᠢᠨ ᠲᠥᠯᠥᠭᠡ᠂ ᠤᠶᠢᠷ᠎ᠡ ᠳᠤ᠂ ᠳᠤᠮᠳᠠᠳᠤ ᠤᠯᠤᠰ ᠢᠶᠠᠨ ᠡᠪ ᠬᠠᠮᠲᠤ ᠨᠠᠮ ᠤᠨ ᠲᠤᠰᠬᠠᠢ ᠮᠡᠷᠭᠡᠵᠢᠯ ᠤᠨ ᠰᠤᠷᠭᠠᠭᠤᠯᠢ ᠶᠢᠨ ᠵᠡᠭᠡᠯᠢ ᠭᠤᠳᠤᠮᠵᠢ ᠶᠢᠨ ᠦᠵᠡᠰᠬᠦᠯᠡᠩ ᠤᠨ ᠣᠷᠳᠣᠨ ᠨᠡᠶᠢᠭᠡᠮ ᠲᠣᠭᠤᠷᠢᠭ ᠤᠨ  ᠰᠠᠶᠢᠨ ᠳᠤᠷ᠎ᠠ ᠶᠢᠨ ᠠᠵᠢᠭᠯᠠᠭᠰᠠᠳ ᠬᠠᠷᠢᠶ᠎ᠠ ᠣᠷᠣᠨ ᠤ ᠡᠮᠡᠭᠲᠡᠢ ᠺᠠᠳ᠋ᠷᠴᠤᠳ ᠢ ᠵᠣᠬᠢᠶᠠᠨ ᠪᠠᠶᠢᠭᠤᠯᠵᠤ ︽ᠡᠬᠡ ᠤᠯᠤᠰ ᠢᠶᠠᠨ ᠮᠠᠭᠲᠠᠨ ᠳᠠᠭᠤᠯᠠᠵᠤ ᠰᠢᠨ᠎ᠡ ᠠᠶᠠᠯᠠᠯ ᠢᠶᠠᠨ ᠡᠬᠢᠯᠡᠬᠦ︾ ᠭᠡᠬᠦ ᠡᠬᠡ ᠣᠷᠣᠨᠴᠢ ᠳᠠᠭᠤᠤ ᠶᠢᠨ ᠨᠠᠶᠢᠷᠠᠯ ᠳᠠᠭᠤᠤ ᠶᠢ ᠬᠠᠮᠲᠤᠪᠠᠷ ᠳᠠᠭᠤᠯᠠᠪᠠ᠃ ᠢᠷᠠᠭᠤ ᠳᠠᠭᠤᠤ ᠪᠠᠷ ᠢᠶᠠᠨ ᠴᠠᠭ ᠦᠶ᠎ᠡ ᠶᠢᠨ ᠭᠤᠣᠯ ᠬᠥᠭ ᠠᠶᠠᠰ ᠢ ᠴᠢᠪᠬᠠᠳᠠᠵᠤ᠂ ᠨᠠᠮ ᠤᠨ ᠠᠭᠤᠤ ᠶᠡᠭᠡ ᠭᠠᠪᠢᠶ᠎ᠠ ᠵᠢᠳᠬᠦᠯ ᠢ ᠮᠠᠭᠲᠠᠨ ᠳᠠᠭᠤᠯᠠᠵᠤ᠂ ᠠᠭᠤᠤ ᠶᠡᠭᠡ ᠡᠬᠡ ᠤᠯᠤᠰ ᠲᠠᠭᠠᠨ ᠴᠢᠩ ᠰᠡᠳᠬᠢᠯ ᠤᠨ ᠵᠥᠩᠨᠡᠯ ᠪᠠ ᠬᠠᠶᠢᠷ᠎ᠠ ᠪᠠᠨ ᠢᠯᠡᠳᠬᠡᠪᠡ᠃      ᠡᠬᠡ ᠣᠷᠣᠨᠴᠢ ᠰᠣᠩᠭᠤᠳᠠᠭ ᠳᠠᠭᠤᠤ ︽ᠪᠢ ᠴᠢᠮ᠎ᠠ ᠳᠤ ᠬᠠᠶᠢᠷᠠᠲᠠᠢ᠂ ᠳᠤᠮᠳᠠᠳᠤ ᠤᠯᠤᠰ︾᠂ ︽ᠡᠬᠡ ᠤᠯᠤᠰ ᠢᠶᠠᠨ ᠮᠠᠭᠲᠠᠨ ᠳᠠᠭᠤᠯᠠᠶ᠎ᠠ︾᠂ ︽ᠪᠢ ᠪᠣᠯᠤᠨ ᠮᠢᠨᠦ ᠡᠬᠡ ᠤᠯᠤᠰ︾᠂ ︽ᠥᠨᠥᠳᠥᠷ ᠪᠣᠯ ᠴᠢᠨᠦ ᠲᠦᠷᠦᠭᠰᠡᠨ ᠡᠳᠦᠷ ᠮᠥᠨ᠂ ᠮᠢᠨᠦ ᠡᠬᠡ ᠤᠯᠤᠰ︾ ᠵᠡᠷᠭᠡ ᠨᠠᠶᠢᠷᠠᠯ ᠳᠠᠭᠤᠤ ᠨᠢ ᠬᠠᠷᠢᠶ᠎ᠠ ᠣᠷᠣᠨ ᠤ ᠡᠮᠡᠭᠲᠡᠢ ᠺᠠᠳ᠋ᠷᠴᠤᠳ ᠤᠨ ᠠᠭᠤᠤ ᠶᠡᠭᠡ ᠡᠬᠡ ᠤᠯᠤᠰ ᠲᠠᠭᠠᠨ ᠬᠠᠨᠳᠤᠭᠤᠯᠤᠭᠰᠠᠨ ᠴᠢᠩ ᠦᠨᠡᠨᠴᠢ ᠬᠠᠶᠢᠷ᠎ᠠ ᠰᠡᠳᠬᠢᠯᠭᠡ ᠪᠣᠯᠤᠨ ᠰᠠᠶᠢᠨ ᠰᠠᠶᠢᠬᠠᠨ ᠠᠮᠢᠳᠤᠷᠠᠯ ᠤᠨ ᠲᠤᠬᠠᠢ ᠬᠢᠵᠠᠭᠠᠯᠠᠰᠢ ᠦᠭᠡᠢ ᠬᠠᠶᠢᠷ᠎ᠠ ᠰᠡᠳᠬᠢᠯᠭᠡ ᠶᠢ ᠤᠶᠠᠩᠭᠠᠯᠠᠭᠰᠠᠨ ᠪᠠᠶᠢᠨ᠎ᠠ᠃ ᠴᠢᠬᠢᠨ ᠳᠤ ᠬᠠᠳᠠᠩᠰᠢᠭᠰᠠᠨ ᠡᠬᠡ ᠣᠷᠣᠨᠴᠢ ᠦᠵᠡᠯ ᠢᠶᠠᠨ ᠰᠣᠩᠭᠤᠳᠠᠭ ᠳᠠᠭᠤᠤ ᠨᠢ ᠲᠤᠬᠠᠢ ᠶᠢᠨ ᠲᠠᠯᠠᠪᠠᠢ ᠳᠤ ᠳᠠᠭᠤᠯᠠᠭᠴᠢ ᠨᠢᠭᠡᠪᠦᠷᠢ ᠶᠢᠨ ᠤᠯᠤᠰ ᠢᠶᠠᠨ ᠬᠠᠶᠢᠷᠠᠯᠠᠬᠤ ᠭᠦᠨ ᠵᠤᠵᠠᠭᠠᠨ ᠬᠠᠶᠢᠷ᠎ᠠ ᠰᠡᠳᠬᠢᠯᠭᠡ ᠶᠢ ᠳᠠᠭᠤᠯᠠᠵᠤ᠂ ᠲᠡᠭᠦᠰ ᠲᠡᠭᠦᠯᠳᠡᠷ ᠢᠳᠡᠪᠬᠢ ᠬᠦᠴᠦᠨ ᠢ ᠳᠠᠭᠤᠯᠠᠪᠠ᠃      ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠭᠦᠸᠧ ᠠᠨᠢᠶ᠎ᠠ ᠰᠡᠳᠬᠢᠯ ᠳᠣᠭᠳᠣᠯᠤᠨ᠄ ︽ᠡᠬᠡ ᠣᠷᠣᠨᠴᠢ ᠳᠠᠭᠤᠤ ᠶᠢᠨ ᠶᠡᠭᠡ ᠨᠠᠶᠢᠷᠠᠯ ᠳᠠᠭᠤᠤ ᠶᠢᠨ ᠠᠵᠢᠯᠯᠠᠭ᠎ᠠ ᠳᠤ ᠣᠷᠣᠯᠴᠠᠬᠤ ᠪᠣᠯᠤᠭᠰᠠᠨ ᠳᠠᠭᠠᠨ ᠮᠠᠰᠢ ᠪᠠᠶᠠᠷᠲᠠᠢ ᠪᠠᠶᠢᠨ᠎ᠠ᠂ ᠡᠳᠡᠭᠡᠷ ᠴᠢᠬᠢ ᠲᠠᠰᠤᠯ ᠡᠬᠡ ᠣᠷᠣᠨᠴᠢ ᠳᠠᠭᠤᠤ ᠶᠢ ᠳᠠᠭᠤᠯᠠᠬᠤ ᠪᠠᠷ ᠳᠠᠮᠵᠢᠨ᠂ ᠪᠢᠳᠡᠨ ᠤ ᠠᠭᠤᠤ ᠶᠡᠭᠡ ᠡᠬᠡ ᠤᠯᠤᠰ ᠲᠠᠭᠠᠨ ᠵᠥᠩᠨᠡᠯ ᠳᠡᠪᠰᠢᠭᠦᠯᠵᠦ ᠪᠠᠶᠢᠭ᠎ᠠ ᠰᠡᠳᠬᠢᠯᠭᠡ ᠪᠠᠨ ᠢᠯᠡᠳᠬᠡᠵᠦ᠂ ᠮᠠᠨ ᠤ ᠡᠬᠡ ᠤᠯᠤᠰ᠂ ᠴᠡᠴᠡᠭᠯᠡᠨ ᠬᠥᠭᠵᠢᠵᠦ᠂ ᠪᠢᠳᠡᠨ ᠤ ᠠᠮᠢᠳᠤᠷᠠᠯ ᠤᠯᠠᠮ ᠠᠴᠠ ᠤᠯᠠᠮ ᠰᠠᠶᠢᠨ ᠰᠠᠶᠢᠬᠠᠨ ᠪᠣᠯᠬᠤ ᠶᠢ ᠢᠷᠦᠭᠡᠵᠦ ᠪᠠᠶᠢᠨ᠎ᠠ ᠭᠡᠪᠡ᠃      ᠠᠭᠤᠤ ᠶᠡᠭᠡ ᠡᠬᠡ ᠤᠯᠤᠰ ᠤᠨ 70 ᠵᠢᠯ ᠤᠨ ᠠᠶᠠᠨ ᠵᠠᠮ ᠳᠤ᠂ ᠡᠮᠡᠭᠲᠡᠢ ᠺᠠᠳ᠋ᠷ ᠥᠪᠡᠷ ᠤᠨ ᠠᠵᠢᠯᠴᠢ ᠬᠥᠳᠡᠯᠮᠦᠷᠢᠴᠢ᠂ ᠣᠶᠣᠨ ᠤᠬᠠᠭᠠᠨ᠂ ᠴᠠᠶᠢᠯᠭᠠᠨ ᠴᠠᠭᠠᠪᠤᠷ ᠰᠢᠯᠢᠳᠡᠭ ᠵᠠᠩ ᠴᠢᠨᠠᠷ ᠢᠶᠠᠷ ᠢᠶᠠᠨ ᠥᠪᠡᠷ ᠥᠪᠡᠷ ᠤᠨ ᠠᠵᠢᠯ ᠤᠨ ᠪᠠᠶᠢᠷᠢ ᠳᠡᠭᠡᠷ᠎ᠡ ᠪᠠᠨ ᠴᠢᠷᠮᠠᠶᠢᠨ ᠲᠡᠮᠡᠴᠡᠵᠦ᠂ ᠳᠤᠪᠤᠶᠢᠮ᠎ᠠ ᠠᠮᠵᠢᠯᠲᠠ ᠣᠯᠵᠤ᠂ ᠡᠮᠡᠭᠲᠡᠢᠴᠦᠳ ᠤᠨ ᠬᠠᠭᠠᠰ ᠲᠩᠷᠢ ᠶᠢᠨ ᠦᠢᠯᠡᠳᠦᠯ ᠢ ᠪᠠᠳᠠᠷᠠᠭᠤᠯᠵᠠᠢ᠃ ᠲᠤᠰ ᠤᠳᠠᠭᠠᠨ ᠤ ᠳᠠᠭᠤᠤ ᠶᠢᠨ ᠠᠵᠢᠯᠯᠠᠭ᠎ᠠ ᠶᠢ ᠥᠷᠨᠢᠭᠦᠯᠦᠭᠰᠡᠨ ᠨᠢ ᠰᠣᠶᠣᠯ ᠤᠨ ᠴᠢᠭᠯᠡᠯ ᠢ ᠬᠥᠲᠥᠯᠥᠨ ᠳᠠᠭᠠᠭᠤᠯᠬᠤ᠂ ᠨᠡᠶᠢᠭᠡᠮ ᠳᠤ ᠦᠶᠯᠡᠴᠢᠯᠡᠬᠦ᠂ ᠬᠦᠴᠦᠨ ᠴᠢᠳᠠᠯ ᠢ ᠨᠢᠭᠲᠠᠷᠠᠭᠤᠯᠬᠤ᠂ ᠬᠥᠭᠵᠢᠯᠲᠡ ᠶᠢ ᠠᠬᠢᠭᠤᠯᠬᠤ ᠦᠶᠯᠡᠳᠦᠯ ᠢ ᠭᠦᠶᠴᠡᠳ ᠢᠯᠡᠷᠡᠭᠦᠯᠦᠭᠰᠡᠨ ᠪᠠᠶᠢᠨ᠎ᠠ᠃ ᠡᠭᠦᠨ ᠤ ᠬᠠᠮᠲᠤ ᠪᠠᠰᠠ ᠦᠨᠳᠦᠰᠦᠨ ᠱᠠᠲᠤᠨ ᠤ ᠤᠯᠠᠨ ᠲᠦᠮᠡᠨ ᠤ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠵᠤ ᠂ ᠨᠡᠶᠢᠭᠡᠮ ᠲᠣᠭᠤᠷᠢᠭ ᠪᠣᠯᠤᠨ ᠰᠠᠭᠤᠭᠠᠯᠢ ᠠᠷᠠᠳ ᠤᠨ ᠬᠤᠭᠤᠷᠣᠨᠳᠣᠬᠢ ᠰᠣᠯᠢᠯᠴᠠᠭ᠎ᠠ ᠨᠡᠪᠲᠡᠷᠡᠯᠴᠡᠭᠡ ᠶᠢᠨ ᠲᠠᠪᠴᠠᠩ ᠢ ᠪᠠᠶᠢᠭᠤᠯᠵᠤ᠂ ᠡᠶ᠎ᠡ ᠵᠣᠬᠢᠴᠠᠯ ᠲᠠᠢ ᠨᠡᠶᠢᠭᠡᠮ ᠲᠣᠭᠤᠷᠢᠭ ᠢ ᠪᠠᠶᠢᠭᠤᠯᠬᠤ ᠳᠤ  ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠵᠤ ᠥᠭᠭᠦᠭᠰᠡᠨ ᠪᠠᠶᠢᠨ᠎ᠠ᠃ ( ᠦᠵᠡᠰᠬᠦᠯᠡᠩ ᠤᠨ ᠣᠷᠳᠣᠨ ᠨᠡᠶᠢᠭᠡᠮ ᠲᠣᠭᠤᠷᠢᠭ )  
 
ᠢᠷᠡᠯᠲᠡ᠄ ᠰᠠᠶᠢᠬᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号