4 ᠰᠠᠷ᠎ᠠ ᠶᠢᠨ 1 ᠤ ᠡᠳᠦᠷ᠂ ᠰᠠᠶᠢᠬᠠᠨ ᠲᠣᠭᠤᠷᠢᠭ ᠤᠨ ᠨᠠᠮ ᠤᠨ ᠪᠠᠶᠢᠭᠤᠯᠤᠯᠲᠠ ᠶᠢᠨ ᠬᠥᠲᠥᠯᠥᠨ | ᠳᠠᠭᠠᠭᠤᠯᠬᠤ ᠵᠡᠭᠡᠯᠢ ᠭᠤᠳᠤᠮᠵᠢ ᠶᠢᠨ ᠪᠠᠶᠢᠭᠤᠯᠤᠮᠵᠢ ᠲᠣᠭᠲᠠᠴᠠ ᠶᠢᠨ ᠰᠢᠨ᠎ᠡ ᠶᠢ ᠡᠭᠦᠳᠬᠦ ᠲᠤᠰᠬᠠᠢ ᠰᠡᠳᠦᠪᠲᠦ | ᠪᠣᠯᠪᠠᠰᠤᠷᠠᠯ ᠤᠨ ᠠᠩᠭᠢ ᠪᠡᠭᠡᠵᠢᠩ ᠬᠤᠳᠠ ᠶᠢᠨ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ ᠬᠤᠶᠠᠳᠤᠭᠠᠷ | ᠬᠤᠪᠢᠶᠠᠷᠢ ᠰᠤᠷᠭᠠᠭᠤᠯᠢ ᠳᠤ ᠠᠩᠭᠢ ᠡᠷᠬᠢᠯᠡᠪᠡ᠃ ᠲᠤᠭᠤᠷᠢᠭ ᠤᠨ ᠨᠠᠮ ᠤᠨ ᠬᠤᠷᠢᠶᠠᠨ ᠤ ᠱᠦᠵᠢ ᠶᠦᠨ ᠵᠦᠩ | ᠾᠧᠦ ᠠᠩᠭᠢ ᠡᠬᠢᠯᠡᠬᠦ ᠶᠣᠰᠣᠯᠠᠯ ᠳᠤ ᠣᠷᠣᠯᠴᠠᠵᠤ ᠶᠠᠷᠢᠶ᠎ᠠ ᠲᠠᠯᠪᠢᠵᠤ᠂ ᠬᠠᠮᠢᠶ᠎ᠠ ᠪᠦᠬᠦᠢ ᠲᠣᠭᠤᠷᠢᠭ ᠤᠨ | ᠤᠳᠤᠷᠢᠳᠤᠯᠭ᠎ᠠ ᠵᠢᠴᠢ ᠬᠠᠮᠢᠶ᠎ᠠ ᠪᠦᠬᠦᠢ ᠭᠠᠵᠠᠷ ᠣᠷᠣᠨ ᠪᠣᠯᠤᠨ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠡᠶᠢᠲᠡ | 50 ᠬᠥᠮᠥᠨ ᠪᠣᠯᠪᠠᠰᠤᠷᠠᠯ ᠳᠤ ᠣᠷᠣᠯᠴᠠᠪᠠ᠃ | ᠲᠤᠰ ᠬᠤᠭᠤᠴᠠᠭᠠᠨ ᠤ ᠪᠣᠯᠪᠠᠰᠤᠷᠠᠯ ᠤᠨ ᠠᠩᠭᠢ ᠶᠢᠨ ᠵᠣᠷᠢᠯᠭ᠎ᠠ ᠨᠢ ᠵᠡᠭᠡᠯᠢ ᠭᠤᠳᠤᠮᠵᠢ ᠪᠣᠯᠤᠨ ᠨᠡᠶᠢᠭᠡᠮ | ᠲᠣᠭᠤᠷᠢᠭ ᠤᠨ ᠺᠠᠳ᠋ᠷ ᠢ ᠬᠥᠮᠦᠵᠢᠭᠦᠯᠦᠨ ᠵᠢᠯᠣᠭᠤᠳᠴᠤ ᠪᠠᠶᠢᠭᠠᠳ ᠪᠡᠭᠡᠵᠢᠩ ᠤᠨ ︽ᠵᠡᠭᠡᠯᠢ ᠭᠤᠳᠤᠮᠵᠢ ᠰᠢᠶᠠᠩ | ᠪᠠᠯᠭᠠᠰᠤ ᠱᠦᠭᠯᠦ ᠦᠯᠢᠶᠡᠵᠦ᠂ ᠰᠠᠯᠠᠭ᠎ᠠ ᠮᠥᠴᠢᠷ ᠨᠡᠷ᠎ᠡ ᠮᠡᠳᠡᠭᠦᠯᠬᠦ︾ ᠲᠡᠷᠢᠭᠦᠨ ᠤ ᠲᠤᠷᠰᠢᠯᠭ᠎ᠠ᠂ ᠲᠡᠷᠢᠭᠦᠨ ᠤ | ᠤᠶᠢᠯᠠᠭᠠᠭᠳᠠᠬᠤᠨ ᠢ ᠭᠦᠨᠵᠡᠭᠡᠢ ᠤᠶᠢᠯᠠᠭᠠᠭᠤᠯᠵᠤ᠂ ᠣᠨᠣᠪᠴᠢᠲᠠᠢ ᠡᠵᠡᠮᠰᠢᠭᠦᠯᠵᠦ᠂ ᠰᠠᠶᠢᠬᠠᠨ ᠲᠣᠭᠤᠷᠢᠭ ᠤᠨ | ᠨᠡᠶᠢᠭᠡᠮ ᠤᠨ ᠵᠠᠰᠠᠯᠲᠠ ᠶᠢᠨ ᠰᠢᠨ᠎ᠡ ᠶᠢ ᠡᠭᠦᠳᠬᠦ ᠶᠢ ᠠᠬᠢᠭᠤᠯᠬᠤ ᠰᠢᠨ᠎ᠡ ᠠᠷᠭ᠎ᠠ ᠵᠠᠮ ᠪᠣᠯᠤᠨ ᠰᠢᠨ᠎ᠡ ᠠᠷᠭ᠎ᠠ ᠶᠢ | ᠢᠳᠡᠪᠬᠢᠲᠡᠢ ᠰᠦᠪᠡᠭᠴᠢᠯᠡᠵᠦ᠂ ᠵᠡᠭᠡᠯᠢ ᠭᠤᠳᠤᠮᠵᠢ ᠨᠡᠶᠢᠭᠡᠮ ᠲᠣᠭᠤᠷᠢᠭ ᠤᠨ ᠺᠠᠳ᠋ᠷ ᠤᠨ ᠦᠢᠯᠡᠴᠢᠯᠡᠭᠡ ᠶᠢ | ᠠᠳᠬᠤᠬᠤ᠂ ᠵᠠᠰᠠᠯᠲᠠ ᠶᠢ ᠠᠳᠬᠤᠬᠤ ᠴᠢᠳᠠᠪᠤᠷᠢ ᠪᠣᠯᠤᠨ ᠲᠦᠪᠰᠢᠨ ᠢ ᠪᠦᠲᠦᠮᠵᠢᠲᠡᠢ ᠳᠡᠭᠡᠭᠰᠢᠯᠡᠭᠦᠯᠬᠦ ᠶᠢᠨ | ᠲᠥᠯᠥᠭᠡ ᠪᠤᠯᠤᠨ᠎ᠠ᠃ | ᠰᠤᠷᠤᠯᠭ᠎ᠠ ᠡᠬᠢᠯᠡᠬᠦ ᠶᠣᠰᠣᠯᠠᠯ ᠳᠡᠭᠡᠷ᠎ᠡ᠂ ᠲᠣᠭᠤᠷᠢᠭ ᠤᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ | ᠣᠷᠣᠨ ᠤ ᠨᠠᠮ ᠤᠨ ᠬᠤᠷᠢᠶ᠎ᠠ ᠶᠢᠨ ᠠᠯᠪᠠᠨ ᠭᠡᠷ ᠤᠨ ᠡᠷᠬᠢᠯᠡᠭᠴᠢ ᠵᠠᠩ ᠰᠦ᠋ ᠸᠧᠢ ᠪᠣᠯᠪᠠᠰᠤᠷᠠᠯ ᠤᠨ ᠠᠵᠢᠯᠲᠠᠨ ᠤ | ᠳᠤᠭᠤᠢᠯᠠᠩ ᠬᠤᠪᠢᠶᠠᠭᠰᠠᠨ ᠲᠣᠬᠢᠷᠠᠭᠤᠯᠤᠯᠲᠠ ᠶᠢ ᠤᠩᠰᠢᠨ ᠨᠡᠶᠢᠲᠡᠯᠡᠵᠦ᠂ ᠲᠣᠭᠤᠷᠢᠭ ᠤᠨ ᠨᠠᠮ ᠤᠨ ᠬᠤᠷᠢᠶ᠎ᠠ ᠶᠢᠨ | ᠪᠠᠶᠢᠩᠭᠤ ᠶᠢᠨ ᠭᠡᠰᠢᠭᠦᠨ᠂ ᠲᠣᠭᠤᠷᠢᠭ ᠤᠨ ᠳᠡᠳ᠋ ᠳᠠᠷᠤᠭ᠎ᠠ ᠬᠠᠨ ᠴᠢᠤᠸᠠᠨ ᠹᠧᠨ ᠪᠣᠯᠪᠠᠰᠤᠷᠠᠯ ᠤᠨ ᠠᠩᠭᠢ ᠶᠢ | ᠰᠠᠶᠢᠲᠤᠷ ᠡᠷᠬᠢᠯᠡᠬᠦ ᠲᠤᠬᠠᠢ ᠪᠣᠳᠠᠲᠠᠢ ᠱᠠᠭᠠᠷᠳᠠᠯᠭ᠎ᠠ ᠳᠤᠷᠠᠳᠴᠤ᠂ ᠠᠷᠠᠳ ᠤᠨ ᠵᠠᠮ ᠤᠨ ᠵᠡᠭᠡᠯᠢ ᠭᠤᠳᠤᠮᠵᠢ ᠶᠢᠨ | ᠰᠢᠩ ᠺᠠᠩ ᠨᠡᠶᠢᠭᠡᠮ ᠲᠣᠭᠤᠷᠢᠭ ᠤᠨ ᠨᠠᠮ ᠤᠨ ᠬᠤᠷᠢᠶ᠎ᠠ ᠶᠢᠨ ᠱᠦᠵᠢ ᠪᠥᠭᠡᠳ ᠡᠷᠬᠢᠯᠡᠭᠴᠢ ᠯᠢ ᠢ ᠱᠠᠨ ᠪᠦᠬᠦ | ᠰᠤᠷᠤᠭᠴᠢᠳ ᠢ ᠲᠥᠯᠥᠭᠡᠯᠡᠨ ᠣᠪᠣᠷ ᠢᠶᠠᠨ ᠢᠯᠡᠳᠬᠡᠬᠦ ᠶᠠᠷᠢᠶ᠎ᠠ ᠲᠠᠯᠪᠢᠪᠠ᠃ | ᠬᠤᠷᠠᠯ ᠠᠴᠠ᠂ ᠲᠤᠰ ᠤᠳᠠᠭ᠎ᠠ ᠶᠢᠨ ᠲᠤᠰᠬᠠᠢ ᠰᠡᠳᠦᠪᠲᠦ ᠪᠣᠯᠪᠠᠰᠤᠷᠠᠯ ᠪᠣᠯ ᠰᠠᠶᠢᠬᠠᠨ ᠲᠣᠭᠤᠷᠢᠭ ᠤᠨ | ᠵᠡᠭᠡᠯᠢ ᠭᠤᠳᠤᠮᠵᠢ ᠨᠡᠶᠢᠭᠡᠮ ᠲᠣᠭᠤᠷᠢᠭ ᠤᠨ ᠤᠯᠠᠨ ᠲᠦᠮᠡᠨ ᠳᠤ ᠦᠢᠯᠡᠴᠢᠯᠡᠬᠦ ᠴᠢᠳᠠᠪᠤᠷᠢ ᠶᠢ ᠳᠡᠭᠡᠭᠰᠢᠯᠡᠭᠦᠯᠬᠦ | ᠬᠦᠴᠦᠲᠡᠢ ᠠᠷᠭ᠎ᠠ ᠬᠡᠮᠵᠢᠶ᠎ᠡ ᠪᠣᠯᠬᠤ ᠪᠥᠭᠡᠳ ᠪᠠᠰᠠ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢᠨ | ᠰᠢᠨ᠎ᠡ ᠶᠢ ᠡᠭᠦᠳᠬᠦ ᠶᠢ ᠠᠬᠢᠭᠤᠯᠬᠤ ᠪᠣᠳᠠᠲᠤ ᠬᠡᠷᠡᠭᠴᠡᠭᠡ ᠪᠣᠯᠤᠨ᠎ᠠ᠃ ᠪᠣᠯᠪᠠᠰᠤᠷᠠᠯ ᠳᠤ ᠣᠷᠣᠯᠴᠠᠭᠰᠠᠨ | ᠰᠤᠷᠤᠭᠴᠢᠳ ︽ᠵᠡᠭᠡᠯᠢ ᠭᠤᠳᠤᠮᠵᠢ ᠰᠢᠶᠠᠩ ᠪᠠᠯᠭᠠᠰᠤ ᠱᠦᠭᠯᠦ ᠦᠯᠢᠶᠡᠵᠦ᠂ ᠰᠠᠯᠠᠭ᠎ᠠ ᠮᠥᠴᠢᠷ ᠨᠡᠷ᠎ᠡ ᠮᠡᠳᠡᠭᠦᠯᠬᠦ︾ | ᠥᠭᠡᠷᠡᠴᠢᠯᠡᠯᠲᠡ ᠶᠢᠨ ᠳᠦᠷᠢᠮ ᠤᠨ ᠦᠷ᠎ᠡ ᠪᠦᠲᠦᠭᠡᠯ ᠪᠠ ᠦᠢᠯᠡᠳᠦᠯᠭᠡ ᠶᠢᠨ ᠦᠨ᠎ᠡ ᠥᠷᠲᠡᠭ ᠢ ᠭᠦᠨᠵᠡᠭᠡᠶ | ᠣᠶᠢᠯᠠᠭᠠᠵᠤ᠂ ᠥᠭᠡᠷᠡᠴᠢᠯᠡᠯᠲᠡ ᠶᠢᠨ ᠠᠮᠵᠢᠯᠲᠠ ᠣᠯᠤᠭᠰᠠᠨ ᠴᠢᠬᠤᠯᠠ ᠰᠢᠯᠲᠠᠭᠠᠨ ᠪᠠ ᠠᠷᠭ᠎ᠠ ᠵᠠᠮ ᠢ ᠭᠦᠨᠵᠡᠭᠡᠶ | ᠪᠣᠳᠣᠯᠬᠢᠯᠠᠵᠤ᠂ ᠡᠯ᠎ᠡ ᠭᠠᠵᠠᠷ ᠤᠨ ᠦᠨᠳᠦᠰᠦᠨ ᠱᠠᠲᠤᠨ ᠤ ᠵᠠᠰᠠᠯᠲᠠ ᠶᠢᠨ ᠲᠠᠯ᠎ᠠ ᠪᠠᠷ ᠣᠷᠣᠰᠢᠵᠤ ᠪᠠᠶᠢᠭ᠎ᠠ ᠪᠣᠳᠠᠲᠠᠶ | ᠠᠰᠠᠭᠤᠳᠠᠯ ᠲᠠᠢ ᠨᠢᠭᠲᠠ ᠤᠶᠠᠯᠳᠤᠭᠤᠯᠤᠨ᠂ ᠨᠢᠭᠡ ᠠᠴᠠ ᠨᠥᠬᠦᠭᠡ ᠶᠢ ᠵᠦᠢᠴᠢᠯᠡᠨ ᠮᠡᠳᠡᠵᠦ᠂ ᠮᠠᠨ ᠤ ᠲᠣᠭᠤᠷᠢᠭ | ᠤᠨ ᠵᠡᠭᠡᠯᠢ ᠭᠤᠳᠤᠮᠵᠢ ᠶᠢᠨ ᠵᠠᠰᠠᠯᠲᠠ ᠶᠢᠨ ᠬᠠᠷᠢᠴᠠᠭ᠎ᠠ ᠶᠢ ᠤᠯᠠᠮ ᠨᠢᠭᠡ ᠠᠯᠬᠤᠮ ᠰᠢᠯᠤᠭᠤᠳᠬᠠᠵᠤ᠂ ᠰᠠᠶᠢᠬᠠᠨ | ᠲᠣᠭᠤᠷᠢᠭ ᠤᠨ ᠬᠤᠲᠠ ᠶᠢᠨ ᠬᠥᠭᠵᠢᠯᠲᠡ ᠶᠢᠨ ᠪᠣᠳᠠᠲᠤ ᠪᠠᠢᠳᠠᠯ ᠳᠤ ᠨᠡᠢᠴᠡᠭᠰᠡᠨ ᠦᠨᠳᠦᠰᠦᠨ ᠱᠠᠲᠤᠨ ᠤ | ᠵᠠᠰᠠᠯᠲᠠ ᠶᠢᠨ ᠰᠢᠨ᠎ᠡ ᠵᠠᠮ ᠢ ᠴᠢᠷᠮᠠᠶᠢᠨ ᠰᠦᠪᠡᠭᠴᠢᠯᠡᠬᠦ ᠬᠡᠷᠡᠭᠲᠡᠶ᠃ | ᠬᠤᠷᠠᠯ ᠠᠴᠠ᠂ ᠪᠣᠯᠪᠠᠰᠤᠷᠠᠯ ᠳᠤ ᠣᠷᠣᠯᠴᠠᠭᠰᠠᠨ ᠰᠤᠷᠤᠭᠴᠢᠳ ᠡᠯ᠎ᠡ ᠭᠠᠵᠠᠷ ᠣᠷᠣᠨ ᠤ ᠦᠨᠳᠦᠰᠦᠨ | ᠱᠠᠲᠤᠨ ᠤ ᠨᠡᠶᠢᠭᠡᠮ ᠤᠨ ᠵᠠᠰᠠᠯᠲᠠ ᠳᠠᠬᠢ ᠵᠠᠩᠭᠢᠯᠠᠭ᠎ᠠ ᠶᠢᠨ ᠭᠤᠭᠴᠤᠭ᠎ᠠ ᠶᠢ ᠡᠵᠡᠮᠳᠡᠵᠦ᠂ ᠬᠠᠷᠠᠯᠲᠠ ᠲᠠᠢ ᠪᠠᠷ | ᠪᠡᠭᠡᠵᠢᠩ ᠬᠤᠳᠠ ᠶᠢᠨ ᠨᠠᠮ ᠤᠨ ᠪᠠᠶᠢᠭᠤᠯᠤᠯᠲᠠ ᠶᠢᠨ ᠠᠵᠢᠯ ᠪᠣᠯᠤᠨ ᠭᠤᠣᠯ ᠠᠵᠢᠯ ᠤᠨ ᠭᠦᠨᠵᠡᠭᠡᠢ | ᠠᠭᠤᠰᠤᠯᠴᠠᠭᠰᠠᠨ ᠲᠡᠷᠢᠭᠦᠨ ᠤ ᠲᠤᠷᠰᠢᠯᠭ᠎ᠠ ᠶᠢ ᠰᠤᠷᠤᠯᠴᠠᠵᠤ᠂ ᠪᠡᠭᠡᠵᠢᠩ ᠬᠤᠳᠠ ᠶᠢᠨ ᠭᠠᠵᠠᠷ ᠣᠷᠣᠨ ᠤ | ᠪᠠᠶᠢᠳᠠᠯ ᠳᠠᠭᠠᠨ ᠲᠤᠬᠢᠷᠠᠭᠤᠯᠤᠨ ᠦᠨᠳᠦᠰᠦᠨ ᠱᠠᠲᠤᠨ ᠤ ᠵᠠᠰᠠᠯᠲᠠ ᠶᠢᠨ ᠪᠠᠶᠢᠭᠤᠯᠤᠮᠵᠢ ᠲᠣᠭᠲᠠᠴᠠ ᠶᠢᠨ ᠰᠢᠨ᠎ᠡ ᠶᠢ | ᠡᠭᠦᠳᠬᠦ ᠪᠠ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠬᠥᠲᠥᠯᠥᠨ ᠳᠠᠭᠠᠭᠤᠯᠬᠤ ᠬᠦᠴᠦᠨ ᠢ | ᠪᠠᠳᠠᠷᠠᠭᠤᠯᠬᠤ᠂ ᠬᠤᠳᠠ ᠶᠢᠨ ᠵᠠᠰᠠᠯᠲᠠ ᠶᠢᠨ ᠴᠢᠳᠠᠪᠤᠷᠢ ᠶᠢ ᠳᠡᠭᠡᠭᠰᠢᠯᠡᠭᠦᠯᠬᠦ ᠲᠡᠷᠢᠭᠦᠨ ᠤ ᠲᠤᠷᠰᠢᠯᠭ᠎ᠠ ᠶᠢ | ᠰᠤᠷᠤᠯᠴᠠᠵᠤ᠂ ᠪᠦᠬᠦ ᠲᠣᠭᠤᠷᠢᠭ ᠤᠨ ᠵᠡᠭᠡᠯᠢ ᠭᠤᠳᠤᠮᠵᠢ ᠨᠡᠶᠢᠭᠡᠮ ᠲᠣᠭᠤᠷᠢᠭ ᠤᠨ ᠺᠠᠳ᠋ᠷ ᠤᠨ ᠦᠨᠳᠦᠰᠦᠨ | ᠱᠠᠲᠤᠨ ᠤ ᠵᠠᠰᠠᠯᠲᠠ ᠶᠢᠨ ᠰᠢᠨ᠎ᠡ ᠶᠢ ᠡᠭᠦᠳᠬᠦ ᠶᠢ ᠠᠬᠢᠭᠤᠯᠬᠤ ᠴᠢᠳᠠᠪᠤᠷᠢ ᠪᠣᠯᠤᠨ ᠲᠦᠪᠰᠢᠨ ᠢ ᠴᠢᠨᠠᠭᠰᠢᠳᠠ | ᠳᠡᠭᠡᠭᠰᠢᠯᠡᠭᠦᠯᠬᠦ ᠬᠡᠷᠡᠭᠲᠡᠢ᠃ | ᠬᠤᠷᠠᠯ ᠠᠴᠠ ᠱᠠᠭᠠᠷᠳᠠᠭᠰᠠᠨ ᠨᠢ᠂ ᠡᠯ᠎ᠡ ᠭᠠᠵᠠᠷ ᠤᠨ ᠠᠵᠢᠯ ᠤᠨ ᠪᠣᠳᠠᠲᠤ ᠪᠠᠢᠳᠠᠯ ᠲᠠᠢ ᠤᠶᠠᠯᠳᠤᠭᠤᠯᠵᠤ᠂ | ︽ᠵᠡᠭᠡᠯᠢ ᠭᠤᠳᠤᠮᠵᠢ ᠰᠢᠶᠠᠩ ᠪᠠᠯᠭᠠᠰᠤ ᠱᠦᠭᠯᠦ ᠦᠯᠢᠶᠡᠵᠦ᠂ ᠰᠠᠯᠠᠭ᠎ᠠ ᠮᠥᠴᠢᠷ ᠨᠡᠷ᠎ᠡ ᠮᠡᠳᠡᠭᠦᠯᠬᠦ︾ | ᠥᠭᠡᠷᠡᠴᠢᠯᠡᠯᠲᠡ ᠶᠢᠨ ᠰᠢᠨᠵᠢᠯᠡᠬᠦ ᠤᠬᠠᠭᠠᠨᠴᠢ ᠦᠵᠡᠯ ᠰᠠᠨᠠᠭᠠᠨ ᠤ ᠠᠷᠭ᠎ᠠ ᠪᠣᠯᠤᠨ ᠠᠵᠢᠯ ᠤᠨ ᠠᠷᠭ᠎ᠠ ᠶᠢ ᠵᠣᠬᠢᠰᠲᠠᠢ | ᠬᠡᠷᠡᠭᠯᠡᠵᠦ᠂ ᠠᠰᠠᠭᠤᠳᠠᠯ ᠢ ᠰᠢᠢᠳᠪᠦᠷᠢᠯᠡᠬᠦ ᠪᠠᠷ ᠤᠳᠤᠷᠢᠳᠤᠮᠵᠢ ᠪᠣᠯᠭᠠᠵᠤ᠂ ᠪᠦᠬᠦ ᠲᠣᠭᠤᠷᠢᠭ ᠤᠨ ᠭᠤᠣᠯ ᠠᠵᠢᠯ | ᠪᠣᠯᠤᠨ ᠭᠤᠣᠯᠳᠠᠯᠭ᠎ᠠ ᠲᠠᠢ ᠡᠭᠦᠷᠭᠡ ᠲᠠᠢ ᠤᠶᠠᠯᠳᠤᠭᠤᠯᠵᠤ᠂ ᠵᠠᠷᠢᠮ ᠭᠤᠣᠯᠳᠠᠯᠭ᠎ᠠ ᠲᠠᠢ ᠠᠰᠠᠭᠤᠳᠠᠯ᠂ ᠬᠦᠴᠢᠷ | ᠠᠰᠠᠭᠤᠳᠠᠯ᠂ ᠵᠠᠩᠭᠢᠯᠠᠭ᠎ᠠ ᠶᠢᠨ ᠠᠰᠠᠭᠤᠳᠠᠯ ᠢ ᠠᠳᠬᠤᠵᠤ ᠰᠤᠳᠤᠯᠤᠨ ᠰᠦᠪᠡᠭᠴᠢᠯᠡᠬᠦ ᠬᠡᠷᠡᠭᠲᠡᠢ᠃ ︽ᠵᠡᠭᠡᠯᠢ | ᠭᠤᠳᠤᠮᠵᠢ ᠰᠢᠶᠠᠩ ᠪᠠᠯᠭᠠᠰᠤ ᠱᠦᠭᠯᠦ ᠦᠯᠢᠶᠡᠵᠦ᠂ ᠰᠠᠯᠠᠭ᠎ᠠ ᠮᠥᠴᠢᠷ ᠨᠡᠷ᠎ᠡ ᠮᠡᠳᠡᠭᠦᠯᠬᠦ︾ ᠥᠭᠡᠷᠡᠴᠢᠯᠡᠯᠲᠡ ᠶᠢᠨ | ᠲᠤᠷᠰᠢᠯᠭ᠎ᠠ ᠶᠢ ᠣᠷᠣᠨ ᠪᠦᠰᠡᠴᠢᠯᠡᠭᠰᠡᠨ ᠨᠠᠮ ᠤᠨ ᠪᠠᠶᠢᠭᠤᠯᠤᠯᠲᠠ ᠶᠢᠨ ᠠᠵᠢᠯ ᠳᠤ ᠠᠭᠤᠰᠤᠯᠴᠠᠭᠤᠯᠵᠤ᠂ | ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠢᠨ ᠵᠣᠬᠢᠶᠠᠨ ᠪᠠᠶᠢᠭᠤᠯᠤᠯᠲᠠ ᠶᠢᠨ ᠬᠦᠴᠦᠨ ᠢ ᠳᠡᠭᠡᠭᠰᠢᠯᠡᠭᠦᠯᠬᠦ | ᠶᠠᠪᠤᠴᠠ ᠳᠤ ᠠᠭᠤᠰᠤᠯᠴᠠᠭᠤᠯᠵᠤ᠂ ᠨᠠᠮ ᠤᠨ ᠡᠭᠦᠷ ᠤᠨ ᠪᠠᠷᠢᠮᠵᠢᠶᠠᠵᠢᠭᠤᠯᠤᠭᠰᠠᠨ ᠪᠦᠲᠦᠭᠡᠨ ᠪᠠᠶᠢᠭᠤᠯᠤᠯᠲᠠ ᠶᠢᠨ | ᠠᠵᠢᠯ ᠳᠤ ᠠᠭᠤᠰᠤᠯᠴᠠᠭᠤᠯᠵᠤ᠂ ᠨᠠᠮ ᠤᠨ ᠤᠯᠤᠰ ᠲᠥᠷᠥ ᠶᠢᠨ ᠳᠠᠪᠠᠭᠤᠯᠢᠭ᠂ ᠵᠣᠬᠢᠶᠠᠨ ᠪᠠᠶᠢᠭᠤᠯᠤᠯᠲᠠ ᠶᠢᠨ | ᠳᠠᠪᠠᠭᠤᠯᠢᠭ ᠢ ᠠᠯᠬᠤᠮ ᠠᠯᠬᠤᠮ ᠢᠶᠠᠷ ᠬᠤᠳᠠ ᠶᠢᠨ ᠵᠠᠰᠠᠯᠲᠠ ᠶᠢᠨ ᠳᠠᠪᠠᠭᠤᠯᠢᠭ ᠪᠣᠯᠭᠠᠨ ᠬᠤᠪᠢᠷᠠᠭᠤᠯᠵᠤ᠂ ᠤᠯᠠᠨ | ᠲᠦᠮᠡᠨ ᠤ ᠬᠡᠷᠡᠭᠴᠡᠭᠡ ᠬᠠᠮᠢᠭᠠᠪᠠᠶᠢᠪᠠᠯ ᠨᠠᠮ ᠤᠨ ᠪᠠᠶᠢᠭᠤᠯᠤᠯᠲᠠ ᠶᠢᠨ ᠠᠵᠢᠯ ᠢ ᠳᠠᠷᠤᠢ ᠲᠡᠨᠳᠡ ᠠᠭᠤᠰᠤᠯᠴᠠᠭᠤᠯᠵᠤ | ᠂ ᠠᠷᠠᠳ ᠲᠦᠮᠡᠨ ᠬᠦᠰᠡᠯ ᠱᠠᠭᠠᠷᠳᠠᠯᠭ᠎ᠠ ᠲᠠᠢ ᠪᠣᠯ ᠬᠠᠷᠢᠭᠤ ᠥᠭᠬᠦ ᠶᠢ ᠪᠡᠶᠡᠯᠡᠭᠦᠯᠬᠦ ᠬᠡᠷᠡᠭᠲᠡᠢ᠃ | ᠣᠶᠢᠯᠠᠭᠠᠭᠰᠠᠨ ᠢᠶᠠᠷ᠂ ᠲᠤᠰ ᠤᠳᠠᠭᠠᠨ ᠤ ᠲᠤᠰᠬᠠᠶ ᠰᠡᠳᠦᠪᠲᠦ ᠪᠣᠯᠪᠠᠰᠤᠷᠠᠭᠤᠯᠤᠯ ᠤᠨ ᠬᠤᠭᠤᠴᠠᠭ᠎ᠠ ᠨᠢ 5 | ᠡᠳᠦᠷ ᠪᠣᠯᠤᠨ᠎ᠠ᠂ ᠲᠥᠪᠯᠡᠷᠡᠭᠦᠯᠦᠨ ᠬᠢᠴᠢᠶᠡᠯᠯᠡᠬᠦ ᠪᠠ ᠲᠤᠬᠠᠶ ᠶᠢᠨ ᠭᠠᠵᠠᠷ ᠲᠤᠨᠢ ᠲᠣᠭᠤᠷᠢᠨ ᠦᠵᠡᠬᠦ ᠶᠢ | ᠤᠶᠠᠯᠳᠤᠭᠤᠯᠬᠤ ᠠᠷᠭ᠎ᠠ ᠮᠠᠶ᠋ᠢᠭ ᠢ ᠠᠪᠴᠤ᠂ ᠪᠣᠯᠪᠠᠰᠤᠷᠠᠭᠤᠯᠤᠯ ᠤᠨ ᠠᠭᠤᠯᠭ᠎ᠠ ᠨᠢ ᠰᠢ ᠶᠢᠨ ᠫᠢᠩ ᠤᠨ ᠰᠢᠨ᠎ᠡ ᠴᠠᠭ | ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠵᠥᠪ | ᠣᠨᠣᠪᠴᠢᠲᠠᠶ ᠡᠵᠡᠮᠳᠡᠬᠦ᠂ ︽ᠵᠡᠭᠡᠯᠢ ᠭᠤᠳᠤᠮᠵᠢ ᠰᠢᠶᠠᠩ ᠪᠠᠯᠭᠠᠰᠤ ᠱᠦᠭᠯᠦ ᠦᠯᠢᠶᠡᠵᠦ᠂ ᠰᠠᠯᠠᠭ᠎ᠠ ᠮᠥᠴᠢᠷ ᠨᠡᠷ᠎ᠡ | ᠮᠡᠳᠡᠭᠦᠯᠬᠦ︾ ᠠᠮᠵᠢᠯᠲᠠᠲᠠᠶ ᠲᠤᠷᠰᠢᠯᠭ᠎ᠠ᠂ ᠨᠠᠮ ᠤᠨ ᠪᠠᠶᠢᠭᠤᠯᠤᠯᠲᠠ ᠶᠢᠨ ᠵᠢᠯᠣᠭᠤᠳᠣᠯᠭ᠎ᠠ ᠳᠣᠤᠷᠠᠬᠢ ᠨᠡᠶᠢᠭᠡᠮ ᠤᠨ | ᠵᠠᠰᠠᠯᠲᠠ ᠶᠢᠨ ᠰᠦᠪᠡᠭᠴᠢᠯᠡᠯᠲᠡ ᠵᠡᠷᠭᠡ ᠠᠭᠤᠯᠭ᠎ᠠ ᠪᠠᠷ ᠭᠤᠤᠯᠯᠠᠭᠤᠯᠤᠨ ᠶᠠᠪᠤᠭᠳᠠᠭᠤᠯᠤᠨ᠎ᠠ᠃ ︵ᠲᠣᠭᠤᠷᠢᠭ ᠤᠨ | ᠨᠠᠮ ᠤᠨ ᠬᠤᠷᠢᠶᠠᠨ ᠤ ᠵᠣᠬᠢᠶᠠᠨ ᠪᠠᠢᠭᠤᠯᠬᠤ ᠬᠡᠯᠲᠡᠰ︶ |