ᠵᠦᠩ ᠵᠤᠸᠠᠨ ᠵᠠᠮ ᠶᠢᠨ ᠨᠡᠶᠢᠭᠡᠮ ᠲᠣᠭᠤᠷᠢᠭ ᠤᠨ ᠨᠠᠮ ᠤᠨ ᠡᠭᠦᠷ ᠴᠦᠨ ᠳ᠋ᠦ᠋ ᠴᠢᠬᠡᠴᠢ ᠵᠠᠰᠠᠭ ᠤᠨ ᠰᠣᠶᠣᠯ ᠤᠨ ᠴᠡᠴᠡᠷᠯᠢᠭ ᠲᠤ ᠠᠵᠢᠯᠯᠠᠭ᠎ᠠ ᠦᠷᠨᠢᠭᠦᠯᠪᠡ︕
ᠨᠡᠶᠢᠲᠡᠯᠡᠭᠰᠡᠨ ᠴᠠᠭ᠄
2019/4/23
     ᠤᠶᠢᠷ᠎ᠠ ᠳᠤ᠂  ᠵᠦᠩ ᠵᠤᠸᠠᠨ ᠵᠠᠮ ᠶᠢᠨ ᠨᠡᠶᠢᠭᠡᠮ ᠲᠣᠭᠤᠷᠢᠭ ᠤᠨ ᠨᠠᠮ ᠤᠨ ᠡᠭᠦᠷ ᠠᠮᠠᠨ ᠬᠥᠨᠳᠡᠶ ᠶᠢᠨ ᠡᠮᠨᠡᠯᠭᠡ ᠶᠢᠨ ᠬᠤᠷᠢᠶᠠᠨ ᠤ ᠲᠤᠰᠬᠠᠶ ᠮᠡᠷᠭᠡᠵᠢᠯᠲᠡᠨ ᠢ ᠤᠷᠢᠵᠤ ᠴᠦᠨ ᠳ᠋ᠦ᠋ ᠴᠢᠬᠡᠴᠢ ᠵᠠᠰᠠᠭ ᠤᠨ ᠰᠣᠶᠣᠯ ᠤᠨ ᠴᠡᠴᠡᠷᠯᠢᠭ ᠲᠤ ︽ᠦᠶᠯᠡᠴᠢᠯᠡᠭᠡ ᠥᠴᠦᠬᠡᠨ ᠴᠦ ᠵᠠᠶ ᠥᠬᠡᠶ᠂ ᠵᠣᠯ ᠵᠢᠷᠭᠠᠯᠲᠤ ᠠᠮᠢᠳᠤᠷᠠᠯ  ︿ᠰᠢᠳᠦ﹀ ᠠᠴᠠ ᠡᠬᠢᠯᠡᠨ᠎ᠡ︾ ᠭᠡᠰᠡᠨ ᠠᠯᠪᠠᠨ ᠵᠢᠷᠤᠮ ᠤᠨ ᠡᠮᠴᠢᠯᠡᠭᠡᠨ ᠤ ᠠᠵᠢᠯᠯᠠᠭ᠎ᠠ ᠥᠷᠨᠢᠭᠦᠯᠵᠦ᠂ ᠣᠯᠠᠨ ᠢᠶᠠᠷ ᠢᠶᠠᠨ ᠰᠢᠳᠦ ᠪᠠᠨ ᠬᠠᠶᠢᠷᠠᠯᠠᠬᠤ ᠶᠢᠨ ᠬᠠᠮᠲᠤ ᠬᠠᠷᠢᠶ᠎ᠠ ᠲᠤᠭᠤᠷᠢᠭ ᠤᠨ ᠰᠠᠭᠤᠭᠠᠯᠢ ᠠᠷᠠᠳ ᠲᠤ ᠰᠦᠢᠳᠬᠡᠯ ᠬᠤᠷᠢᠶᠠᠬᠤ ᠦᠭᠡᠢ ᠪᠠᠷ ᠠᠮᠠᠨ ᠬᠥᠨᠳᠡᠶ ᠶᠢᠨ ᠡᠷᠡᠭᠦᠯ ᠮᠡᠨᠳᠦ ᠶᠢᠨ ᠪᠠᠶᠢᠴᠠᠭᠠᠯᠲᠠ ᠬᠢᠪᠡ᠃      ᠠᠵᠢᠯᠯᠠᠭᠠᠨ ᠤ ᠲᠤᠬᠠᠶ ᠶᠢᠨ ᠲᠠᠯᠠᠪᠤᠷ ᠲᠤ᠂ ᠠᠮᠠᠨ ᠬᠥᠨᠳᠡᠶ ᠶᠢᠨ ᠮᠡᠷᠭᠡᠵᠢᠯᠲᠡᠨ ᠰᠠᠭᠤᠭᠠᠯᠢ ᠠᠷᠠᠳ ᠤᠨ ᠰᠢᠳᠦ ᠶᠢ ᠪᠠᠶᠢᠴᠠᠭᠠᠬᠤ ᠪᠠᠷ ᠢᠷᠡᠭᠰᠡᠨ ᠬᠥᠮᠥᠨ ᠨᠢᠭᠡᠪᠦᠷᠢ ᠶᠢᠨ ᠰᠢᠳᠦ ᠶᠢ ᠨᠠᠷᠢᠨ ᠨᠢᠮᠪᠠᠶ ᠪᠠᠶᠢᠴᠠᠭᠠᠨ ᠦᠵᠡᠵᠦ᠂ ᠡᠳᠦᠷ ᠲᠣᠲᠤᠮ ᠤᠨ ᠰᠢᠳᠦᠨ ᠤ ᠪᠠᠶᠢᠳᠠᠯ ᠢ ᠠᠰᠠᠭᠤᠨ ᠯᠠᠪᠯᠠᠵᠤ᠂ ᠰᠠᠭᠤᠭᠠᠯᠢ ᠠᠷᠠᠳ ᠤᠨ ᠰᠢᠳᠦ ᠪᠠᠨ ᠬᠠᠶᠢᠷᠠᠯᠠᠨ ᠰᠢᠳᠦ ᠪᠠᠨ  ᠬᠠᠮᠠᠭᠠᠯᠠᠬᠤ ᠡᠯ᠎ᠡ ᠵᠦᠢᠯ ᠤᠨ ᠠᠰᠠᠭᠤᠳᠠᠯ ᠤᠨ ᠲᠤᠬᠠᠢ ᠨᠠᠷᠢᠨ ᠨᠢᠮᠪᠠᠶ ᠲᠠᠶᠢᠯᠪᠤᠷᠢᠯᠠᠯᠲᠠ ᠬᠢᠵᠡᠶ᠃ ᠬᠠᠷᠢᠶ᠎ᠠ ᠲᠣᠭᠤᠷᠢᠭ ᠠᠴᠠ ᠪᠠᠨ ᠡᠮᠴᠢᠯᠡᠭᠦᠯᠬᠦ ᠪᠠᠷ ᠢᠷᠡᠭᠰᠡᠨ ᠵᠠᠷᠢᠮ ᠨᠠᠰᠤᠲᠠᠨ ᠡᠮᠨᠡᠯᠭᠡ ᠶᠢᠨ ᠬᠤᠷᠢᠶᠠᠨ ᠳᠤ ᠣᠴᠢᠵᠤ ᠡᠮᠨᠡᠭᠦᠯᠬᠦ ᠳᠡᠭᠡᠨ ᠳ᠋ᠤᠭᠠᠷ ᠠᠪᠴᠤ ᠮᠥᠷᠯᠡᠬᠦ ᠬᠡᠷᠡᠭᠲᠡᠶ᠂ ᠶᠠᠷᠰᠢᠭ ᠲᠦᠪᠡᠭᠲᠡᠶ᠂ ᠳᠡᠭᠡᠷ᠎ᠡ ᠨᠢ ᠨᠠᠰᠦᠲᠠᠶᠢᠴᠤᠳ ᠬᠦᠯ ᠭᠠᠷ ᠳᠦᠭᠦᠮ ᠦᠭᠡᠢ ᠤᠴᠢᠷ ᠠᠴᠠ ᠰᠢᠳᠦᠨ ᠤ ᠠᠰᠠᠭᠤᠳᠠᠯ ᠠᠷᠭ᠎ᠠ ᠦᠭᠡᠢ ᠬᠤᠶᠢᠰᠢᠯᠠᠭᠤᠯᠵᠤ ᠪᠠᠶᠢᠨ᠎ᠠ ᠭᠡᠪᠡ᠃      ᠲᠤᠰ ᠤᠳᠠᠭᠠᠨ ᠤ ᠰᠢᠳᠦᠨ ᠤ ᠰᠠᠯᠠᠭᠠᠨ ᠤ ᠵᠢᠷᠤᠮ ᠤᠨ ᠡᠮᠴᠢᠯᠡᠭᠡ ᠶᠢ ᠨᠡᠶᠢᠭᠡᠮ ᠲᠣᠭᠤᠷᠢᠭ ᠲᠤ ᠣᠷᠣᠭᠤᠯᠬᠤ ᠠᠵᠢᠯᠯᠠᠭ᠎ᠠ ᠨᠢ ᠲᠡᠳᠡᠨ ᠢ ᠭᠡᠷ ᠠᠴᠠ ᠪᠠᠨ ᠭᠠᠷᠬᠤ ᠦᠭᠡᠢ ᠪᠠᠷ ᠰᠢᠳᠦᠨ ᠤ ᠰᠠᠯᠠᠭᠠᠨ ᠤ ᠠᠰᠠᠭᠤᠳᠠᠯ  ᠢ ᠰᠢᠶᠳᠪᠦᠷᠢᠯᠡᠵᠦ ᠴᠢᠳᠠᠬᠤ ᠮᠥᠷᠲᠡᠭᠡᠨ ᠠᠮᠠᠨ ᠬᠥᠨᠳᠡᠶ ᠶᠢᠨ ᠡᠷᠡᠭᠦᠯ ᠮᠡᠨᠳᠦ ᠶᠢᠨ ᠮᠡᠳᠡᠯᠭᠡ ᠶᠢ ᠴᠦ ᠰᠤᠷᠴᠤ ᠴᠢᠳᠠᠬᠤ ᠪᠣᠯᠭᠠᠵᠠᠶ  ᠡᠶᠢᠮᠦ ᠠᠵᠢᠯᠯᠠᠭ᠎ᠠ ᠶᠢ ᠥᠷᠨᠢᠭᠦᠯᠬᠦ ᠨᠢ ᠮᠠᠰᠢ ᠰᠠᠶᠢᠨ ᠶᠤᠮ᠃ ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ ᠪᠠᠰᠠ ᠰᠦᠢᠳᠬᠡᠯ ᠬᠤᠷᠢᠶᠠᠬᠤ ᠦᠭᠡᠢ ᠪᠠᠷ ᠴᠢᠰᠤᠨ ᠳᠠᠷᠤᠯᠲᠠ᠂ ᠴᠢᠰᠤᠨ ᠰᠢᠬᠢᠷ ᠢ ᠬᠡᠮᠵᠢᠬᠦ ᠦᠢᠯᠡᠴᠢᠯᠡᠭᠡ ᠨᠡᠮᠡᠵᠦ᠂ ᠬᠦᠷᠦᠯᠴᠡᠨ ᠢᠷᠡᠭᠰᠡᠨ ᠰᠠᠭᠤᠭᠠᠯᠢ ᠠᠷᠠᠳ ᠨᠢᠭᠡᠪᠦᠷᠢ ᠳᠤ ᠪᠦᠬᠦ ᠲᠠᠯ᠎ᠠ ᠶᠢᠨ ᠡᠷᠡᠭᠦᠯ ᠮᠡᠨᠳᠦ  ᠶᠢᠨ ᠦᠢᠯᠡᠴᠢᠯᠡᠭᠡ ᠬᠦᠷᠲᠡᠭᠡᠵᠦ᠂ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠰᠠᠶᠢᠨ ᠦᠨᠡᠯᠡᠯᠲᠡ ᠶᠢ ᠣᠯᠵᠠᠢ᠃
 
ᠢᠷᠡᠯᠲᠡ᠄ ᠰᠠᠶᠢᠬᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号