ᠦᠷᠭᠦᠯᠵᠢᠯᠡᠨ ᠭᠦᠨᠵᠡᠭᠡᠢ ᠪᠥᠭᠡᠳ ᠦᠷᠭᠦᠯᠵᠢᠯᠡᠨ ᠬᠦᠴᠦᠯᠡᠨ᠎ᠡ — ᠰᠠᠶᠢᠬᠠᠨ ᠲᠣᠭᠤᠷᠢᠭ ᠤᠨ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠵᠤ ᠠᠮᠤᠷ ᠠᠮᠤᠭᠤᠯᠠᠩ ᠢ ᠴᠣᠭᠴᠠᠯᠠᠨ᠎ᠠ︕
ᠨᠡᠶᠢᠲᠡᠯᠡᠭᠰᠡᠨ ᠴᠠᠭ᠄
2019/4/23
     ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠶ ᠲᠡᠮᠡᠴᠡᠯ ᠤᠨ ᠠᠴᠢ ᠬᠤᠯᠪᠣᠭᠳᠠᠯ ᠨᠢ ᠴᠢᠬᠤᠯᠠ ᠶᠡᠭᠡ ᠪᠠᠶᠢᠵᠤ᠂ ᠠᠷᠠᠳ ᠲᠦᠮᠡᠨ ᠤ ᠠᠮᠤᠷ ᠲᠠᠶᠢᠪᠤᠩ ᠠᠵᠤ ᠲᠦᠷᠦᠭᠦ᠂ ᠠᠮᠤᠷ ᠲᠣᠭᠲᠠᠭᠤᠨ ᠡᠮᠬᠢ ᠵᠢᠷᠤᠮ ᠲᠠᠢ ᠪᠠᠶᠢᠬᠤ ᠪᠠ ᠤᠯᠤᠰ ᠣᠷᠣᠨ ᠤ ᠥᠨᠢ ᠤᠳᠠᠭᠠᠨ ᠠᠮᠤᠷ ᠲᠦᠪᠰᠢᠨ ᠪᠠᠶᠢᠬᠤ ᠲᠠᠢ ᠬᠤᠯᠪᠣᠭᠳᠠᠵᠤ ᠪᠠᠶᠢᠨ᠎ᠠ᠂ ᠣᠢᠷ᠎ᠠ ᠳᠤ ᠰᠠᠶᠢᠬᠠᠨ ᠲᠣᠭᠤᠷᠢᠭ ᠤᠨ ᠡᠯ᠎ᠡ ᠭᠠᠵᠠᠷ ᠣᠷᠣᠨ ᠤ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠶ ᠲᠡᠮᠡᠴᠡᠯ ᠤᠨ ᠠᠵᠢᠯ ᠢ ᠳᠠᠬᠢᠨ ᠲᠣᠬᠢᠷᠠᠭᠤᠯᠵᠤ᠂ ᠲᠤᠰᠬᠠᠶ ᠲᠡᠮᠡᠴᠡᠯ ᠤᠨ ᠭᠦᠨᠵᠡᠭᠡᠶᠢᠷᠡᠨ ᠬᠥᠭᠵᠢᠬᠦ ᠶᠢ ᠠᠬᠢᠭᠤᠯᠬᠤ ᠲᠤᠬᠠᠢ ᠳᠠᠬᠢᠨᠲᠠ ᠪᠠᠶᠢᠷᠢᠯᠠᠭᠤᠯᠪᠠ᠃      ᠤᠶᠢᠷ᠎ᠠ ᠳᠤ᠂ ᠰᠠᠶᠢᠬᠠᠨ ᠲᠣᠭᠤᠷᠢᠭ ᠤᠨ ᠶᠢᠨ ᠾᠧ ᠪᠠᠯᠭᠠᠰᠤ ᠶᠢᠨ ᠱᠠ ᠯᠢᠶᠠᠩ ᠲᠣᠰᠬᠤᠨ᠂  ᠪᠠᠷᠠᠭᠤᠨ ᠳᠠᠯᠠᠢ ᠠᠶᠢᠯ ᠲᠣᠰᠬᠤᠨ᠂ ᠰᠢᠨ᠎ᠡ ᠪᠠᠶᠢᠰᠢᠩ ᠠᠶᠢᠯ  ᠂ ᠲᠢᠶᠠᠨ ᠫᠢᠩ ᠶᠢᠩ ᠲᠣᠰᠬᠤᠨ ᠤ ᠨᠠᠮ ᠤᠨ ᠡᠭᠦᠷ ᠤᠷᠢᠳ ᠬᠤᠵᠢᠳ ᠨᠠᠮ ᠤᠨ ᠭᠡᠰᠢᠭᠦᠨ ᠺᠠᠳ᠋ᠷ ᠢ ᠵᠣᠬᠢᠶᠠᠨ ᠪᠠᠶᠢᠭᠤᠯᠵᠤ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ ᠤᠨ ᠠᠰᠠᠭᠤᠯᠲᠠ ᠶᠢᠨ ᠬᠠᠭᠤᠳᠠᠰᠤ ᠪᠠᠶᠢᠴᠠᠭᠠᠬᠤ ᠠᠵᠢᠯᠯᠠᠭ᠎ᠠ ᠥᠷᠨᠢᠭᠦᠯᠪᠡ᠃ ᠲᠤᠰ ᠤᠳᠠᠭᠠᠨ ᠤ ᠠᠰᠠᠭᠤᠯᠲᠠ ᠶᠢᠨ ᠬᠠᠭᠤᠳᠠᠰᠤ ᠶᠢᠨ ᠪᠠᠶᠢᠴᠠᠭᠠᠯᠲᠠ ᠳᠤ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠶ ᠲᠡᠮᠡᠴᠡᠯ ᠤᠨ ᠵᠠᠷᠴᠢᠮ᠂ ᠠᠴᠢ ᠬᠤᠯᠪᠣᠭᠳᠠᠯ ᠵᠡᠷᠭᠡ ᠠᠰᠠᠭᠤᠳᠠᠯ ᠢ ᠪᠠᠭᠲᠠᠭᠠᠵᠤ᠂ ᠨᠠᠮ ᠤᠨ ᠭᠡᠰᠢᠭᠦᠨ ᠺᠠᠳ᠋ᠷᠴᠤᠳ ᠤᠨ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠶ ᠲᠡᠮᠡᠴᠡᠯ ᠤᠨ ᠲᠤᠬᠠᠢ ᠲᠠᠨᠢᠯᠲᠠ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠪᠡ᠃ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ ᠤᠨ ᠤᠬᠠᠭᠤᠯᠭ᠎ᠠ ᠶᠢᠨ ᠬᠡᠪᠴᠢᠶ᠎ᠡ ᠶᠢ ᠴᠢᠨᠠᠭᠰᠢᠳᠠ ᠥᠷᠭᠡᠳᠬᠡᠵᠦ᠂ ᠠᠷᠠᠳ ᠣᠯᠠᠨ ᠤ ᠣᠶᠢᠯᠠᠭᠠᠬᠤ ᠨᠤᠷᠮ᠎ᠠ ᠶᠢ ᠳᠡᠭᠡᠭᠰᠢᠯᠡᠭᠦᠯᠵᠦ᠂ ᠠᠷᠠᠳ ᠣᠯᠠᠨ ᠤ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ ᠳᠤ ᠣᠷᠣᠯᠴᠠᠬᠤ ᠢᠳᠡᠪᠬᠢᠵᠢᠯ᠂ ᠰᠠᠨᠠᠭᠠᠴᠢᠯᠠᠭᠠᠲᠤ ᠴᠢᠨᠠᠷ ᠢ ᠭᠦᠢᠴᠡᠳ ᠳᠠᠶᠢᠴᠢᠯᠠᠬᠤ ᠪᠠ ᠬᠥᠭᠵᠢᠭᠡᠨ᠎ᠡ᠃ ᠠᠷᠠᠳ ᠤᠨ ᠵᠠᠮ ᠤᠨ ᠵᠡᠭᠡᠯᠢ ᠭᠤᠳᠤᠮᠵᠢ ᠶᠢᠨ ᠡᠷᠡᠭᠦᠯ ᠮᠡᠨᠳᠦ ᠶᠢᠨ ᠨᠡᠶᠢᠭᠡᠮ ᠲᠤᠭᠤᠷᠢᠭ᠂ ᠱᠢ ᠴᠢ ᠨᠡᠶᠢᠭᠡᠮ ᠲᠤᠭᠤᠷᠢᠭ᠂ ᠳ᠋ᠢ ᠪᠧᠢ ᠨᠡᠶᠢᠭᠡᠮ ᠲᠤᠭᠤᠷᠢᠭ᠂ ᠴᠠᠬᠢᠯᠭᠠᠨ ᠬᠦᠴᠦᠨ ᠤ ᠭᠡᠷ ᠣᠷᠣᠨ ᠤ ᠨᠡᠶᠢᠭᠡᠮ ᠲᠤᠭᠤᠷᠢᠭ ᠣᠢᠷ᠎ᠠ ᠳᠤ ᠵᠠᠯᠭᠠᠭ᠎ᠠ ᠪᠠᠷ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃ ᠵᠡᠭᠡᠯᠢ ᠭᠤᠳᠤᠮᠵᠢ ᠶᠢᠨ ᠬᠠᠷ᠎ᠠ ᠬᠠᠷᠭᠢᠰ ᠬᠦᠴᠦᠨ ᠢ ᠠᠷᠢᠯᠭᠠᠬᠤ ᠲᠤᠰᠬᠠᠶ ᠲᠡᠮᠡᠴᠡᠯ ᠤᠨ ᠠᠵᠢᠯ ᠢ ᠭᠦᠨᠵᠡᠭᠡᠶ ᠲᠦᠯᠬᠢᠨ ᠠᠬᠢᠭᠤᠯᠵᠤ᠂ ᠡᠩᠨᠡᠭᠡ ᠶᠢᠨ ᠬᠡᠪ ᠴᠢᠨᠠᠷ ᠪᠠ ᠠᠵᠢᠯ ᠤᠨ ᠴᠢᠳᠠᠪᠤᠷᠢ ᠶᠢ ᠤᠯᠠᠮ ᠨᠢᠭᠡ ᠠᠯᠬᠤᠮ ᠴᠢᠩᠭᠠᠳᠬᠠᠬᠤ ᠶᠢᠨ ᠲᠥᠯᠥᠭᠡ᠂ 3 ᠰᠠᠷ᠎ᠠ ᠶᠢᠨ 26 ᠤ ᠡᠳᠦᠷ ᠤᠨ ᠦᠳᠡ ᠬᠤᠶᠢᠨ᠎ᠠ᠂ ᠶᠡᠭᠡ ᠰᠤᠷᠭᠠᠭᠤᠯᠢ ᠶᠢᠨ ᠪᠠᠷᠠᠭᠤᠨ ᠵᠠᠮ ᠤᠨ ᠵᠡᠭᠡᠯᠢ ᠭᠤᠳᠤᠮᠵᠢ ᠳᠤ ᠬᠠᠷ᠎ᠠ ᠬᠠᠷᠭᠢᠰ ᠬᠦᠴᠦᠨ ᠢ ᠠᠷᠢᠯᠭᠠᠬᠤ ᠲᠤᠰᠬᠠᠶ ᠲᠡᠮᠡᠴᠡᠯ ᠤᠨ ᠲᠤᠰᠬᠠᠶ ᠰᠡᠳᠦᠪᠲᠦ ᠪᠣᠯᠪᠠᠰᠤᠷᠠᠭᠤᠯᠤᠯ ᠤᠨ ᠬᠤᠷᠠᠯ ᠬᠢᠵᠦ᠂ ᠵᠡᠭᠡᠯᠢ ᠭᠤᠳᠤᠮᠵᠢ ᠶᠢᠨ ᠪᠥᠬᠦ ᠺᠠᠳ᠋ᠷ ᠲᠤᠰ ᠤᠳᠠᠭᠠᠨ ᠤ ᠪᠣᠯᠪᠠᠰᠤᠷᠠᠭᠤᠯᠤᠯ ᠤᠨ ᠬᠤᠷᠠᠯ ᠳᠤ ᠣᠷᠣᠯᠴᠠᠪᠠ᠃ ᠪᠣᠯᠪᠠᠰᠤᠷᠠᠯ ᠤᠨ ᠳᠤᠮᠳᠠ᠂ ᠠᠵᠢᠯᠲᠠᠳ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠢ ᠰᠡᠳᠦᠪᠲᠦ ᠤᠬᠠᠭᠤᠯᠭ᠎ᠠ ᠶᠢᠨ ᠹᠢᠯᠢᠮ ᠢ ᠨᠡᠪᠲᠡᠷᠡᠭᠦᠯᠦᠭᠰᠡᠨ ᠪᠥᠭᠡᠳ ᠤᠬᠠᠭᠤᠯᠭ᠎ᠠ ᠶᠢᠨ ᠳᠡᠪᠲᠡᠷ ᠲᠠᠷᠬᠠᠭᠠᠵᠤ᠂ ᠬᠤᠷᠠᠯ ᠳᠤ ᠣᠷᠣᠯᠴᠠᠭᠰᠠᠨ ᠪᠦᠬᠦ ᠬᠥᠮᠦᠰ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠢ ᠰᠡᠳᠦᠪᠲᠦ ᠤᠬᠠᠭᠤᠯᠭ᠎ᠠ ᠶᠢᠨ ᠹᠢᠯᠢᠮ ᠪᠠ ᠤᠬᠠᠭᠤᠯᠭ᠎ᠠ ᠶᠢᠨ ᠳᠡᠪᠲᠡᠷ ᠢ ᠦᠵᠡᠬᠦ ᠪᠠᠷ ᠳᠠᠮᠵᠢᠨ ᠰᠤᠷᠤᠯᠴᠠᠵᠤ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ ᠤᠨ ᠲᠤᠬᠠᠢ ᠲᠠᠨᠢᠯᠲᠠ ᠪᠠᠨ ᠴᠢᠨᠠᠭᠰᠢᠳᠠ ᠴᠢᠩᠭᠠᠳᠬᠠᠵᠤ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠠᠵᠢᠯ ᠤᠨ ᠬᠠᠨᠳᠤᠯᠭᠠᠲᠤ ᠴᠢᠨᠠᠷ ᠪᠠ ᠪᠣᠳᠠᠲᠤ ᠪᠦᠲᠦᠮᠵᠢ ᠳᠤ ᠴᠢᠨᠠᠷ ᠢ ᠤᠯᠠᠮ ᠴᠢᠨᠠᠭᠰᠢᠳᠠ ᠳᠡᠭᠡᠭᠰᠢᠯᠡᠭᠦᠯᠪᠡ᠃ ᠣᠢᠷ᠎ᠠ ᠳᠤ᠂ ᠶᠡᠭᠡ ᠰᠤᠷᠭᠠᠭᠤᠯᠢ ᠶᠢᠨ ᠵᠡᠭᠦᠨ ᠵᠠᠮ ᠤᠨ ᠵᠡᠭᠡᠯᠢ ᠭᠤᠳᠤᠮᠵᠢ ᠶᠢᠨ ᠤᠯᠠᠭᠠᠨ ᠨᠡᠶᠢᠭᠡᠮ ᠲᠤᠭᠤᠷᠢᠭ ᠤᠨ ᠠᠵᠢᠯᠲᠠᠳ ᠨᠡᠶᠢᠭᠡᠮ ᠲᠤᠭᠤᠷᠢᠭ ᠤᠨ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠶ ᠲᠡᠮᠡᠴᠡᠯ ᠤᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃ ᠲᠤᠰ ᠠᠵᠢᠯᠯᠠᠭ᠎ᠠ ᠨᠢ ᠰᠠᠭᠤᠭᠠᠯᠢ ᠠᠷᠠᠳ ᠲᠤ ᠬᠠᠷ᠎ᠠ ᠬᠠᠷᠭᠢᠰ ᠬᠦᠴᠦᠨ ᠢ ᠠᠷᠢᠯᠭᠠᠬᠤ ᠲᠤᠰᠬᠠᠶ ᠲᠡᠮᠡᠴᠡᠯ ᠤᠨ ᠠᠰᠠᠭᠤᠯᠲᠠ ᠶᠢᠨ ᠬᠠᠭᠤᠳᠠᠰᠤ ᠶᠢᠨ ᠪᠠᠶᠢᠴᠠᠭᠠᠯᠲᠠ ᠵᠢᠴᠢ ᠲᠤᠰ ᠨᠡᠶᠢᠭᠡᠮ ᠲᠤᠭᠤᠷᠢᠭ ᠤᠨ ᠬᠡᠲᠦ ᠳᠡᠯᠭᠡᠭᠦᠷ᠂ ᠪᠠᠩᠬᠢ᠂ ᠵᠣᠴᠢᠳ ᠤᠨ ᠪᠠᠭᠤᠳᠠᠯ ᠵᠡᠷᠭᠡ ᠢᠯᠠ ᠭᠠᠵᠠᠷ ᠲᠤ ᠵᠠᠷᠯᠠᠯ ᠨᠠᠭᠠᠬᠤ ᠬᠡᠯᠪᠡᠷᠢ ᠪᠠᠷ ᠰᠠᠭᠤᠭᠠᠯᠢ ᠠᠷᠠᠳ ᠲᠤ ᠤᠬᠠᠭᠤᠯᠭ᠎ᠠ ᠬᠥᠮᠦᠵᠢᠯ ᠬᠢᠵᠦ᠂ ᠰᠠᠭᠤᠭᠠᠯᠢ ᠠᠷᠠᠳ ᠢ ᠢᠳᠡᠪᠬᠢᠲᠡᠶ ᠳᠠᠶᠢᠴᠢᠯᠠᠨ ᠬᠠᠷ᠎ᠠ ᠬᠠᠷᠭᠢᠰ ᠬᠦᠴᠦᠨ ᠢ ᠠᠷᠢᠯᠭᠠᠬᠤ ᠲᠤᠰᠬᠠᠶ ᠲᠡᠮᠡᠴᠡᠯ ᠳᠤ ᠣᠷᠣᠯᠴᠠᠭᠤᠯᠵᠠᠶ᠃      4 ᠰᠠᠷ᠎ᠠ ᠶᠢᠨ 3 ᠤ ᠦᠳᠡ ᠶᠢᠨ ᠡᠮᠦᠨ᠎ᠡ᠂ ᠵᠦᠩ ᠵᠤᠸᠠᠨ ᠵᠠᠮ ᠤᠨ ᠵᠡᠭᠡᠯᠢ ᠭᠤᠳᠤᠮᠵᠢ ᠶᠢᠨ ᠵᠢᠤᠢ ᠬᠠᠢ ᠨᠡᠶᠢᠭᠡᠮ ᠲᠤᠭᠤᠷᠢᠭ ᠤᠨ ᠨᠠᠮ ᠤᠨ ᠡᠭᠦᠷ ᠨᠡᠶᠢᠭᠡᠮ ᠲᠤᠭᠤᠷᠢᠭ ᠤᠨ ᠺᠠᠳ᠋ᠷ ᠵᠢᠴᠢ ᠨᠠᠮ ᠤᠨ ᠭᠡᠰᠢᠭᠦᠨ ᠰᠠᠶᠢᠨ ᠳᠤᠷ᠎ᠠ ᠶᠢᠨ ᠠᠵᠢᠯᠯᠠᠭᠴᠢ ᠶᠢ ᠵᠣᠬᠢᠶᠠᠨ ᠪᠠᠶᠢᠭᠤᠯᠵᠤ᠂ ᠬᠠᠷᠢᠶ᠎ᠠ  ᠲᠤᠭᠤᠷᠢᠭ ᠳᠠᠭᠠᠨ ︽ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠵᠤ ᠲᠥᠪ ᠰᠤᠷᠲᠠᠯ ᠢ ᠪᠠᠳᠠᠷᠠᠭᠤᠯᠵᠤ᠂ ᠣᠯᠠᠨ ᠢᠶᠠᠷ ᠢᠶᠠᠨ ᠰᠡᠷᠭᠡᠶᠢᠯᠡᠵᠦ ᠣᠯᠠᠨ ᠢᠶᠠᠷ ᠢᠶᠠᠨ ᠵᠠᠰᠠᠵᠤ ᠠᠮᠤᠷ ᠠᠮᠤᠭᠤᠯᠠᠩ ᠢ ᠴᠣᠭᠴᠠᠯᠠᠶ᠎ᠠ︾ ᠭᠡᠬᠦ ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠥᠷᠨᠢᠭᠦᠯᠪᠡ᠃ ᠠᠵᠢᠯᠯᠠᠭ᠎ᠠ ᠶᠢᠨ ᠳᠤᠮᠳᠠ᠂ ᠨᠡᠶᠢᠭᠡᠮ ᠲᠤᠭᠤᠷᠢᠭ ᠤᠨ ᠺᠠᠳ᠋ᠷ ᠪᠣᠯᠤᠨ ᠨᠠᠮ ᠤᠨ ᠭᠡᠰᠢᠭᠦᠨ ᠰᠠᠶᠢᠨ ᠳᠤᠷ᠎ᠠ ᠶᠢᠨ ᠠᠵᠢᠭᠯᠠᠭᠰᠠᠳ ᠰᠠᠭᠤᠭᠠᠯᠢ ᠠᠷᠠᠳ ᠲᠤ ︽ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠵᠤ ᠬᠠᠷᠭᠢᠰ ᠬᠦᠴᠦᠨ ᠢ ᠠᠷᠢᠯᠭᠠᠬᠤ ᠳᠠᠯᠳᠠ ᠭᠡᠮ ᠢ ᠠᠷᠢᠯᠭᠠᠬᠤ᠂ ᠪᠦᠬᠦ ᠠᠷᠠᠳ ᠢᠶᠠᠷ ᠢᠶᠠᠨ ᠡᠶ᠎ᠡ ᠵᠣᠬᠢᠴᠠᠯ ᠢ ᠠᠬᠢᠭᠤᠯᠬᠤ ᠳᠤ ᠣᠷᠣᠯᠴᠠᠬᠤ — ᠵᠦᠩ ᠵᠤᠸᠠᠨ ᠵᠠᠮ ᠤᠨ ᠵᠡᠭᠡᠯᠢ ᠭᠤᠳᠤᠮᠵᠢ ᠠᠴᠠ ᠰᠠᠭᠤᠭᠠᠯᠢ ᠠᠷᠠᠳ ᠲᠤ ᠥᠭᠭᠦᠭᠰᠡᠨ ᠨᠢᠭᠡ ᠵᠠᠬᠢᠳᠠᠯ︾ ᠵᠡᠷᠭᠡ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠵᠤ᠂ ᠨᠡᠶᠢᠭᠡᠮ ᠲᠤᠭᠤᠷᠢᠭ ᠤᠨ ᠠᠵᠢᠯᠲᠠᠨ ᠪᠠᠰᠠ ︽ᠳᠡᠷᠭᠡᠳᠡᠬᠢ ᠬᠠᠷ᠎ᠠ ᠪᠦᠯᠦᠭᠲᠡᠨ ᠬᠠᠷᠭᠢᠰ ᠬᠦᠴᠦᠨ ᠤ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠶᠢ ᠣᠯᠵᠤ ᠮᠡᠳᠡᠪᠡᠯ ᠶᠠᠭᠠᠬᠢᠬᠤ ᠪᠣᠶ︾᠂ ︽ᠶᠠᠭᠤ ᠶᠢ ᠬᠠᠷ᠎ᠠ ᠪᠦᠯᠦᠭᠲᠡᠨ ᠬᠠᠷᠭᠢᠰ ᠬᠦᠴᠦᠨ ᠤ ︿ᠬᠠᠮᠠᠭᠠᠯᠠᠭᠴᠢ﹀ ᠭᠡᠬᠦ ᠵᠡᠷᠭᠡ ᠠᠰᠠᠭᠤᠳᠠᠯ ᠤᠨ ᠲᠤᠬᠠᠢ ᠰᠠᠭᠤᠭᠠᠯᠢ ᠠᠷᠠᠳ ᠲᠤ ᠨᠠᠷᠢᠨ ᠨᠢᠮᠪᠠᠢ ᠲᠠᠶᠢᠯᠪᠤᠷᠢᠯᠠᠯᠲᠠ ᠬᠢᠵᠡᠢ᠃      4 ᠰᠠᠷ᠎ᠠ ᠶᠢᠨ 16 ᠤ ᠡᠳᠦᠷ ᠤᠨ ᠦᠳᠡ ᠶᠢᠨ ᠡᠮᠦᠨ᠎ᠡ᠂ ᠵᠣᠣ ᠤᠳᠠ ᠵᠠᠮ ᠤᠨ ᠶᠡᠭᠡ ᠲᠠᠶᠢᠱᠢ ᠨᠡᠶᠢᠭᠡᠮ ᠲᠤᠭᠤᠷᠢᠭ ᠲᠤ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠶ ᠲᠡᠮᠡᠴᠡᠯ ᠢ ᠲᠦᠯᠬᠢᠨ ᠠᠬᠢᠭᠤᠯᠬᠤ ᠬᠤᠷᠠᠯ ᠬᠢᠵᠦ᠂ ᠬᠤᠷᠠᠯ ᠢ  ᠶᠡᠭᠡ ᠲᠠᠶᠢᠱᠢ ᠨᠡᠶᠢᠭᠡᠮ ᠲᠤᠭᠤᠷᠢᠭ ᠤᠨ ᠨᠠᠮ ᠤᠨ ᠡᠭᠦᠷ ᠤᠨ ᠱᠦᠵᠢ ᠡᠷᠬᠢᠯᠡᠵᠦ᠂ ᠨᠡᠶᠢᠭᠡᠮ ᠲᠤᠭᠤᠷᠢᠭ ᠤᠨ ︽ᠬᠤᠶᠠᠷ ᠵᠥᠪᠯᠡᠯ︾ ᠤᠨ ᠪᠦᠷᠢᠯᠳᠦᠬᠦᠨ ᠬᠤᠷᠠᠯ ᠳᠤ ᠣᠷᠣᠯᠴᠠᠪᠠ᠃ ᠬᠤᠷᠠᠯ ᠠᠴᠠ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ ᠤᠨ ᠴᠢᠬᠤᠯᠠ ᠶᠡᠭᠡ ᠠᠴᠢ ᠬᠤᠯᠪᠣᠭᠳᠠᠯ ᠢ ᠦᠷᠭᠦᠯᠵᠢᠯᠡᠨ ᠭᠦᠨᠵᠡᠭᠡᠢ  ᠰᠤᠷᠤᠯᠴᠠᠵᠤ᠂ ᠤᠯᠠᠨ ᠲᠦᠮᠡᠨ ᠢ ᠢᠳᠡᠪᠬᠢᠲᠡᠢ ᠳᠠᠶᠢᠴᠢᠯᠠᠵᠤ ᠬᠠᠷ᠎ᠠ ᠪᠦᠯᠦᠭᠲᠡᠨ ᠬᠠᠷᠭᠢᠰ ᠬᠦᠴᠦᠨ ᠤ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠶᠢ ᠢᠯᠡᠴᠢᠯᠡᠨ ᠮᠡᠳᠡᠭᠦᠯᠵᠦ᠂ ᠰᠦᠪᠡᠭᠴᠢ ᠶᠢ  ᠤᠶᠢᠯᠠᠭᠠᠨ ᠭᠠᠳᠠᠭᠤᠷᠴᠢᠯᠠᠬᠤ ᠠᠵᠢᠯ ᠢ ᠪᠦᠬᠦ ᠲᠠᠯ᠎ᠠ ᠪᠠᠷ ᠥᠷᠨᠢᠭᠦᠯᠵᠦ᠂ ᠬᠠᠷ᠎ᠠ ᠪᠦᠯᠦᠭᠲᠡᠨ ᠬᠠᠷᠭᠢᠰ ᠬᠦᠴᠦᠨ ᠢ ᠡᠷᠡᠰ ᠠᠷᠢᠯᠭᠠᠵᠤ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠠᠵᠢᠯ ᠢ ᠯᠠᠪᠳᠠᠭᠤᠨ ᠪᠠᠲᠤᠲᠠᠢ ᠠᠬᠢᠭᠤᠯᠬᠤ ᠳᠤ ᠰᠠᠭᠤᠷᠢ ᠶᠢ ᠪᠠᠬᠢᠵᠢᠭᠦᠯᠪᠡ᠃      4 ᠰᠠᠷ᠎ᠠ ᠶᠢᠨ 18 ᠤ ᠦᠳᠡ ᠤᠨ ᠡᠮᠦᠨ᠎ᠡ᠂ ᠴᠡᠯᠡᠭᠡᠷ ᠲᠠᠯ᠎ᠠ ᠵᠠᠮ ᠤᠨ ᠵᠡᠭᠡᠯᠢ ᠶᠢᠨ ᠪᠠ ᠪᠠᠢ ᠲᠣᠰᠬᠤᠨ ᠪᠠᠷᠠᠭᠤᠨ ᠪᠠᠶᠠᠨ ᠪᠡᠯᠴᠢᠭᠡᠷ ᠤᠨ ᠲᠣᠮᠢᠯᠠᠭᠰᠠᠨ ᠰᠠᠯᠪᠤᠷᠢ ᠶᠢᠨ ᠠᠷᠠᠳ ᠤᠨ ᠴᠠᠭᠳᠠᠭ᠎ᠠ ᠶᠢ ᠤᠷᠢᠵᠤ ᠨᠡᠶᠢᠭᠡᠮ ᠲᠤᠭᠤᠷᠢᠭ ᠤᠨ ᠠᠵᠢᠯᠲᠠᠨ ᠵᠢᠴᠢ ᠰᠠᠶᠢᠨ ᠳᠤᠷ᠎ᠠ ᠶᠢᠨ ᠠᠵᠢᠭᠯᠠᠭᠴᠢ ᠳᠤ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ ᠤᠨ ᠮᠡᠳᠡᠯᠭᠡ ᠶᠢᠨ ᠲᠠᠶᠢᠯᠤᠮᠵᠢ ᠬᠢᠯᠭᠡᠭᠰᠡᠨ ᠪᠥᠭᠡᠳ ᠬᠤᠷᠠᠯ ᠤᠨ ᠲᠠᠷᠠᠭ᠎ᠠ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃ ᠴᠡᠯᠡᠭᠡᠷ ᠲᠠᠯ᠎ᠠ ᠵᠠᠮ ᠤᠨ ᠵᠡᠭᠡᠯᠢ ᠭᠤᠳᠤᠮᠵᠢ ᠶᠢᠨ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠠᠯᠪᠠᠨ ᠭᠡᠷ ᠤᠨ ᠠᠵᠢᠯᠲᠠᠨ᠂ ᠲᠣᠮᠢᠯᠠᠭᠰᠠᠨ ᠰᠠᠯᠪᠤᠷᠢ ᠶᠢᠨ ᠠᠷᠠᠳ ᠤᠨ ᠴᠠᠭᠳᠠᠭ᠎ᠠ ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠥᠷᠲᠡᠭᠡ ᠶᠢᠨ ᠰᠠᠶᠢᠨ ᠳᠤᠷ᠎ᠠ ᠶᠢᠨ ᠠᠵᠢᠭᠯᠠᠭᠴᠢ ᠶᠢᠨ ᠲᠣᠰᠬᠤᠨ ᠤ ᠳᠣᠲᠣᠷᠠᠬᠢ ᠬᠥᠮᠥᠨ ᠣᠯᠠᠨᠲᠠᠶ ᠵᠡᠭᠡᠯᠢ ᠭᠤᠳᠤᠮᠵᠢ ᠵᠢᠴᠢ ᠬᠤᠳᠠᠯᠳᠤᠭᠠᠨ ᠤ ᠫᠦᠰᠡ ᠳᠤ ︽ᠰᠠᠭᠤᠭᠠᠯᠢ ᠠᠷᠠᠳ ᠲᠤ ᠵᠣᠷᠢᠭᠤᠯᠤᠭᠰᠠᠨ ᠢᠯᠠ ᠵᠠᠬᠢᠳᠠᠯ︾ ᠤᠨ ᠤᠬᠠᠭᠤᠯᠭ᠎ᠠ ᠶᠢᠨ ᠬᠠᠭᠤᠳᠠᠰᠤ ᠣᠯᠭᠤᠬᠤ ᠶᠢᠨ ᠬᠠᠮᠲᠤ ᠲᠣᠰᠬᠤᠨ ᠤ ᠠᠷᠠᠳ ᠲᠤ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ ᠤᠨ ᠬᠤᠯᠪᠣᠭᠳᠠᠯ ᠪᠦᠬᠦᠢ ᠮᠡᠳᠡᠯᠭᠡ ᠶᠢ ᠲᠠᠶᠢᠯᠪᠤᠷᠢᠯᠠᠵᠤ᠂ ᠣᠯᠠᠨ ᠢ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ ᠳᠤ ᠢᠳᠡᠪᠬᠢᠲᠡᠢ ᠣᠷᠣᠯᠴᠠᠵᠤ᠂ ᠬᠠᠷ᠎ᠠ ᠪᠦᠯᠦᠭᠲᠡᠨ ᠬᠠᠷᠭᠢᠰ ᠬᠦᠴᠦᠨ ᠳᠤ ᠬᠤᠯᠪᠣᠭᠳᠠᠭᠰᠠᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠶᠢ ᠵᠣᠷᠢᠭᠲᠠᠢ ᠢᠯᠡᠴᠢᠯᠡᠬᠦ ᠶᠢ ᠵᠣᠷᠢᠭᠵᠢᠭᠤᠯᠪᠠ᠃  
 
ᠢᠷᠡᠯᠲᠡ᠄ ᠰᠠᠶᠢᠬᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号