ᠮᠡᠳᠡᠯᠭᠡ ᠪᠠᠨ ᠳᠡᠭᠡᠭᠰᠢᠯᠡᠭᠦᠯᠵᠦ ᠬᠤᠷᠢᠶᠠᠯᠲᠠ ᠪᠠᠨ ᠡᠯᠪᠡᠭᠵᠢᠭᠦᠯᠦᠨ᠎ᠡ
ᠨᠡᠶᠢᠲᠡᠯᠡᠭᠰᠡᠨ ᠴᠠᠭ᠄
2019/4/24
     ᠡᠨᠡ ᠬᠤᠶᠠᠷ ᠡᠳᠦᠷ᠂ ᠰᠠᠶᠢᠬᠠᠨ ᠲᠤᠭᠤᠷᠢᠭ ᠤᠨ ᠶᠢᠨ ᠾᠧ ᠪᠠᠯᠭᠠᠰᠤ ᠶᠢᠨ  ᠰᠢᠪᠠᠷ ᠨᠠᠭᠤᠷ ᠲᠣᠰᠬᠤᠨ ᠤ ᠰᠢᠨᠵᠢᠯᠡᠬᠦ ᠤᠬᠠᠭᠠᠨ ᠮᠡᠷᠭᠡᠵᠢᠯ ᠤᠨ ᠣᠨᠴᠠ ᠲᠣᠮᠢᠯᠠᠭᠳᠠᠭᠴᠢ ᠸᠠᠩ ᠵᠢᠶᠦ᠋ᠨ ᠲᠦᠢᠯ ᠢᠶᠠᠷ ᠪᠠᠶᠠᠷᠯᠠᠵᠤ᠂ ︽ᠡᠨᠡ ᠵᠢᠯ ᠤᠨ ᠬᠦᠬᠡᠬᠤᠲᠠ ᠶᠢᠨ ᠬᠥᠳᠡᠭᠡ ᠲᠣᠰᠬᠤᠨ ᠤ ᠷᠠᠳᠢᠣ᠋ ᠲᠧᠯᠸᠢᠰ ᠰᠤᠷᠭᠠᠭᠤᠯᠢ ᠰᠤᠷᠤᠭᠴᠢ ᠡᠯᠰᠡᠬᠦ ᠪᠣᠯᠤᠯ᠎ᠠ᠂ ᠪᠢ ᠪᠠᠰᠠ ᠨᠡᠷ᠎ᠡ ᠮᠡᠳᠡᠭᠦᠯᠵᠦ ᠳᠠᠬᠢᠨ ᠰᠤᠷᠤᠭᠴᠢ ᠪᠤᠯᠬᠤᠷ ᠪᠠᠶᠢᠨ᠎ᠠ ᠭᠡᠪᠡ᠃      ᠤᠤᠯ ᠨᠢ᠂ ᠸᠠᠩ ᠵᠢᠶᠦ᠋ᠨ ᠶᠠᠷᠢᠵᠤ ᠪᠠᠶᠢᠭ᠎ᠠ ︽ᠰᠤᠷᠤᠭᠴᠢ ᠡᠯᠰᠡᠬᠦ︾ ᠭᠡᠳᠡᠭ ᠨᠢ ᠤᠯᠤᠰ ᠤᠨ ᠰᠢᠨ᠎ᠡ ᠮᠠᠶ᠋ᠢᠭ ᠤᠨ ᠠᠵᠢᠯ ᠮᠡᠷᠭᠡᠵᠢᠯ ᠤᠨ ᠲᠠᠷᠢᠶᠠᠴᠢᠳ ᠲᠤ ᠪᠣᠯᠪᠠᠰᠤᠷᠠᠯ ᠬᠦᠷᠲᠡᠭᠡᠬᠦ ᠬᠤᠯᠪᠣᠭᠳᠠᠯ ᠪᠦᠬᠦᠢ ᠱᠠᠭᠠᠷᠳᠠᠯᠭ᠎ᠠ ᠶᠢ ᠦᠨᠳᠦᠰᠦᠯᠡᠨ᠂ ᠮᠠᠨ ᠤ ᠬᠤᠲᠠ ᠡᠨᠡ ᠵᠢᠯ ᠬᠤᠯᠪᠣᠭᠳᠠᠯ ᠪᠦᠬᠦᠢ ᠬᠤᠰᠢᠭᠤ ᠰᠢᠶᠠᠨ ᠲᠣᠭᠤᠷᠢᠭ ᠲᠤ 18 ᠠᠴᠠ 60 ᠨᠠᠰᠤᠨ ᠤ᠂ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠠᠴᠠ ᠳᠡᠭᠡᠭᠰᠢᠬᠢ ᠰᠣᠶᠣᠯ ᠤᠨ ᠬᠢᠷᠢ ᠬᠡᠮᠵᠢᠶ᠎ᠡ ᠲᠠᠢ 1900 ᠲᠠᠷᠢᠶᠠᠴᠢᠨ ᠢ ᠡᠯᠰᠡᠵᠦ ᠪᠣᠯᠪᠠᠰᠤᠷᠠᠯ ᠬᠢᠯᠭᠡᠬᠦ ᠶᠢ ᠵᠢᠭᠠᠵᠤ ᠪᠠᠶᠢᠪᠠ᠃      ︽ᠪᠣᠯᠪᠠᠰᠤᠷᠠᠯ ᠬᠦᠷᠲᠡᠬᠦ ᠪᠠᠷ ᠳᠠᠮᠵᠢᠨ ᠰᠢᠨ᠎ᠡ ᠮᠡᠳᠡᠯᠭᠡ ᠪᠠ ᠲᠥᠷᠥ ᠶᠢᠨ ᠪᠣᠳᠣᠯᠭ᠎ᠠ ᠶᠢ ᠰᠤᠷᠬᠤ ᠪᠠᠷ ᠪᠠᠷᠠᠬᠤ ᠥᠬᠡᠶ ᠪᠠᠰᠠ ᠮᠠᠰᠢ ᠣᠯᠠᠨ ᠠᠵᠢᠯ ᠨᠢᠭᠡᠲᠡᠨ ᠲᠠᠢ ᠲᠤᠷᠰᠢᠯᠭ᠎ᠠ ᠪᠠᠨ ᠰᠣᠯᠢᠯᠴᠠᠵᠤ ᠪᠣᠯᠤᠨ᠎ᠠ᠂ ᠢᠮᠦᠷᠬᠦ ᠪᠣᠯᠪᠠᠰᠤᠷᠠᠯ ᠳᠤ ᠪᠢ ᠢᠯᠡᠭᠦᠤ ᠬᠡᠳᠦᠨ ᠤᠳᠠᠭ᠎ᠠ ᠣᠷᠣᠯᠴᠠᠬᠤ ᠰᠠᠨᠠᠭ᠎ᠠ ᠲᠠᠢ ᠭᠡᠵᠦ ᠸᠠᠩ ᠵᠢᠶᠦ᠋ᠨ ᠬᠡᠯᠡᠬᠦ ᠳᠡᠭᠡᠨ᠂ ᠪᠢ ᠤᠷᠵᠢᠨᠤᠨ ᠳᠠᠷᠤᠶ ᠰᠠᠶᠢᠬᠠᠨ ᠲᠤᠭᠤᠷᠢᠭ ᠤᠨ ᠡᠷᠬᠢᠯᠡᠭᠰᠡᠨ ᠰᠢᠨ᠎ᠡ ᠮᠠᠶ᠋ᠢᠭ ᠤᠨ ᠠᠵᠢᠯ ᠮᠡᠷᠭᠡᠵᠢᠯ ᠤᠨ ᠮᠠᠯᠴᠢᠨ ᠲᠠᠷᠢᠶᠠᠴᠢᠨ ᠤ ᠪᠣᠯᠪᠠᠰᠤᠷᠠᠯ ᠤᠨ ᠠᠩᠭᠢ ᠳᠤ ᠣᠷᠣᠯᠴᠠᠭᠠᠳ ᠣᠯᠤᠭᠰᠠᠨ ᠤᠯᠤᠯᠲᠠ ᠣᠨᠴᠠᠭᠠᠢ ᠶᠡᠭᠡ ᠪᠠᠶᠢᠨ᠎ᠠ᠂ ᠡᠶᠢᠮᠦ ᠠᠴᠠ ᠡᠨᠡ ᠵᠢᠯ ᠡᠨᠡ ᠬᠦ ᠴᠢᠮᠡᠭᠡ ᠶᠢ ᠰᠣᠨᠣᠰᠤᠭᠰᠠᠨ ᠤ ᠳᠠᠷᠠᠭ᠎ᠠ᠂ ᠸᠠᠩ ᠵᠢᠶᠦ᠋ᠨ ᠲᠡᠷᠡ ᠳᠠᠷᠤᠶ ᠳᠤᠨᠢ ᠨᠡᠷ᠎ᠡ ᠮᠡᠳᠡᠭᠦᠯᠬᠦ ᠤᠴᠢᠷ ᠢ ᠰᠤᠷᠠᠭᠯᠠᠪᠠ᠃      ᠪᠣᠯᠪᠠᠰᠤᠷᠠᠯ ᠳᠤ ᠣᠷᠣᠯᠴᠠᠬᠤ ᠳᠠᠭᠠᠨ ᠸᠠᠩ ᠵᠢᠶᠦ᠋ᠨ ᠤ ᠦᠭᠡ ᠪᠠᠷ ᠬᠡᠯᠡᠪᠡᠯ᠂ ᠶᠠᠭ ᠯᠠ ︽ᠰᠤᠷᠤᠭᠴᠢ ᠶᠢᠨ ᠦᠶ᠎ᠡ︾ ᠲᠡᠭᠡᠨ ᠪᠤᠴᠠᠭᠰᠠᠨ ᠰᠢᠭ᠋ ᠪᠠᠶᠢᠨ᠎ᠠ᠂ ᠡᠳᠦᠷ ᠪᠦᠷᠢ ᠪᠣᠭᠴᠣ ᠡᠭᠦᠷᠦᠨ᠂ ᠲᠡᠮᠳᠡᠭᠯᠡᠯ ᠤᠨ ᠳᠡᠪᠲᠡᠷ ᠪᠠ ᠪᠢᠷ ᠤᠭᠰᠠᠷᠠᠵᠤ᠂ ᠴᠠᠭ ᠲᠠᠭᠠᠨ ᠭᠠᠳᠠᠭᠰᠢ ᠭᠠᠷᠤᠨ᠎ᠠ︔ ᠣᠷᠣᠢ ᠭᠡᠷ ᠲᠡᠭᠡᠨ ᠬᠠᠷᠢᠵᠤ ᠢᠷᠡᠭᠡᠳ ᠲᠡᠮᠲᠡᠭᠯᠡᠭᠰᠡᠨ ᠢᠶᠠᠨ ᠨᠠᠷᠢᠨ ᠬᠢᠨᠠᠮᠠᠭᠠᠶ ᠳ᠋ᠦᠩᠨᠡᠨ᠎ᠡ᠁ ᠁ ᠬᠡᠳᠦ᠋ᠢᠪᠡᠷ ᠨᠢᠭᠡ ᠡᠳᠦᠷ ᠤᠨ ᠴᠠᠭ ᠢ ᠳᠦᠭᠦᠷᠲᠡᠯ᠎ᠡ ᠲᠣᠬᠢᠷᠠᠭᠤᠯᠤᠭᠰᠠᠨ ᠪᠣᠯᠪᠠᠴᠤ᠂ ᠸᠠᠩ ᠵᠢᠶᠦ᠋ᠨ ᠳᠤ ᠠᠪᠴᠤ ᠬᠡᠯᠡᠪᠡᠯ᠂ ︽ᠰᠤᠷᠭᠠᠭᠤᠯᠢ ᠳᠤ ᠣᠷᠣᠬᠤ︾ ᠠᠮᠢᠳᠤᠷᠠᠯ ᠨᠢ ᠬᠠᠷᠢᠨ ᠥᠪᠡᠷ ᠢ ᠪᠠᠨ ᠣᠨᠴᠠᠭᠠᠢ ᠪᠦᠷᠢᠨ ᠲᠡᠭᠦᠯᠳᠡᠷ ᠪᠣᠯᠭᠠᠵᠤ᠂ ᠣᠯᠤᠯᠲᠠ ᠨᠢ ᠴᠦ ᠮᠠᠰᠢ ᠠᠷᠪᠢᠨ ᠪᠠᠶᠢᠳᠠᠭ᠃      ᠸᠠᠩ ᠵᠢᠶᠦ᠋ᠨ 30 ᠭᠠᠷᠤᠶ ᠨᠠᠰᠤᠲᠠᠶ᠂ ᠱᠠᠨ ᠰᠢ ᠮᠤᠵᠢ ᠶᠢᠨ ᠨᠢᠭᠡᠨ ᠵᠠᠯᠠᠭᠤ  ᠂ ᠨᠢᠳᠦᠨ ᠰᠢᠯ ᠵᠡᠭᠦᠵᠦ᠂  ᠶᠡᠷᠦ ᠠᠴᠠ ᠨᠢᠭᠡᠨ ᠪᠢᠴᠢᠩ ᠤᠨ ᠬᠦᠮᠦᠨ ᠤ ᠤᠪᠤᠷ ᠲᠠᠢ ᠪᠠᠶᠢᠵᠤ᠂ ᠶᠠᠭ ᠨᠢᠭᠡᠨ ᠰᠢᠨ᠎ᠡ ᠲᠡᠰᠦᠭᠰᠡᠨ ᠶᠡᠭᠡ ᠰᠤᠷᠭᠠᠭᠤᠯᠢ ᠶᠢᠨ ᠤᠶᠤᠲᠠᠨ ᠰᠢᠭ᠋᠃ ᠭᠡᠲᠡᠯ᠎ᠡ ᠣᠳᠣ ᠸᠠᠩ ᠵᠢᠶᠦ᠋ᠨ ᠪᠣᠯ ᠨᠢᠭᠡᠨ ︽ᠲᠠᠷᠢᠶᠠᠴᠢᠨ︾ ᠮᠥᠨ᠂ ᠵᠥᠪᠬᠡᠨ ᠲᠡᠭᠦᠨ ᠤ ᠪᠡᠶ᠎ᠡ ᠭᠠᠷᠤᠯ ᠨᠢ ᠵᠢᠭᠠᠬᠠᠨ ᠠᠳᠠᠯᠢ ᠦᠭᠡᠢ᠂ ᠲᠤᠬᠠᠢ ᠶᠢᠨ ᠭᠠᠵᠠᠷ ᠤᠨ ᠲᠠᠷᠢᠮᠠᠯ ᠤᠨ ᠲᠣᠮᠣ ᠡᠷᠦᠬᠡ ᠪᠣᠯᠬᠤ ᠪᠠᠷ ᠪᠠᠷᠠᠬᠤ ᠦᠭᠡᠢ᠂ ᠰᠠᠶᠢᠬᠠᠨ ᠲᠤᠭᠤᠷᠢᠭ ᠤᠨ ᠶᠢᠨ ᠾᠧ ᠪᠠᠯᠭᠠᠰᠤ ᠶᠢᠨ ᠰᠢᠪᠠᠷ ᠨᠠᠭᠤᠷ ᠲᠣᠰᠬᠤᠨ ᠤ ᠨᠢᠭᠡᠨ ᠰᠢᠨᠵᠢᠯᠡᠬᠦ ᠤᠬᠠᠭᠠᠨ ᠮᠡᠷᠭᠡᠵᠢᠯ ᠤᠨ ᠣᠨᠴᠠ ᠲᠣᠮᠢᠯᠠᠭᠳᠠᠭᠴᠢ ᠪᠠᠶᠢᠵᠤ᠂ ᠡᠷᠭᠢᠨ ᠲᠣᠭᠤᠷᠢᠨ ᠤ 50 ᠭᠠᠷᠤᠢ ᠬᠦᠯᠡᠮᠵᠢ ᠲᠠᠢ ᠢᠳᠡᠰᠢᠨ ᠨᠣᠭᠤᠭ᠎ᠠ ᠶᠢᠨ ᠬᠠᠮᠢᠶᠠᠷᠤᠯᠲᠠ ᠶᠢ ᠬᠠᠷᠢᠭᠤᠴᠠᠵᠤ ᠪᠠᠶᠢᠨ᠎ᠠ᠃ ᠲᠡᠭᠡᠪᠡᠯ ᠶᠠᠭᠤ ᠶᠢ ᠰᠠᠶ᠋ᠢ ᠰᠢᠨ᠎ᠡ ᠮᠠᠶ᠋ᠢᠭ ᠤᠨ ᠲᠤᠰᠬᠠᠶ ᠲᠠᠷᠢᠶᠠᠴᠢᠨ ᠭᠡᠬᠦ ᠪᠤᠢ︖          ᠣᠶᠢᠯᠠᠭᠠᠭᠰᠠᠨ ᠢᠶᠠᠷ᠂ ᠰᠢᠨ᠎ᠡ ᠮᠠᠶ᠋ᠢᠭ ᠤᠨ ᠠᠵᠢᠯ ᠮᠡᠷᠭᠡᠵᠢᠯ ᠤᠨ ᠲᠠᠷᠢᠶᠠᠴᠢᠨ ᠭᠡᠳᠡᠭ ᠨᠢ ᠲᠠᠷᠢᠶᠠᠯᠠᠩ ᠤᠨ ᠣᠳᠣᠬᠢᠴᠢᠯᠠᠭᠰᠠᠨ ᠦᠢᠯᠡᠳᠪᠦᠷᠢᠯᠡᠯ ᠪᠠ ᠠᠵᠤ ᠦᠢᠯᠡᠰ ᠤᠨ ᠬᠥᠭᠵᠢᠯᠲᠡ ᠶᠢᠨ ᠬᠡᠷᠡᠭᠴᠡᠭᠡ ᠳᠤ ᠰᠠᠨᠠᠭᠠᠴᠢᠯᠠᠭ᠎ᠠ ᠠᠴᠠ ᠪᠠᠨ ᠵᠣᠬᠢᠴᠠᠵᠤ᠂ ᠭᠤᠣᠯᠳᠠᠭᠤ ᠲᠠᠷᠢᠶᠠᠯᠠᠩ ᠵᠢᠴᠢ ᠬᠤᠯᠪᠣᠭᠳᠠᠯ ᠪᠦᠬᠦᠢ ᠠᠵᠤ ᠦᠢᠯᠡᠰ ᠤᠨ ᠡᠵᠡᠩᠨᠡᠯᠲᠡ ᠳᠤ ᠲᠦᠰᠢᠭᠯᠡᠨ ᠣᠷᠣᠯᠭ᠎ᠠ ᠣᠯᠵᠤ᠂ ᠲᠠᠷᠢᠶᠠᠯᠠᠩ ᠡᠷᠬᠢᠯᠡᠬᠦ ᠪᠠᠷ ᠲᠤᠬᠠᠶᠢᠯᠠᠭᠰᠠᠨ ᠠᠵᠢᠯ ᠢᠶᠠᠨ ᠪᠣᠯᠭᠠᠭᠰᠠᠨ ᠣᠳᠣ ᠦᠶ᠎ᠡ ᠶᠢᠨ ᠲᠠᠷᠢᠶᠠᠯᠠᠩ ᠤᠨ ᠠᠵᠢᠯ ᠡᠷᠬᠢᠯᠡᠭᠴᠢᠳ ᠢ ᠵᠢᠭᠠᠵᠤ ᠪᠠᠶᠢᠨ᠎ᠠ᠃ ᠲᠡᠭᠦᠨ ᠤ ᠦᠨᠳᠦᠰᠦᠨ ᠱᠠᠭᠠᠷᠳᠠᠯᠭ᠎ᠠ ᠳᠤ᠄ ᠵᠣᠬᠢᠬᠤ ᠰᠣᠶᠣᠯ ᠪᠠ ᠰᠢᠨᠵᠢᠯᠡᠬᠦ ᠤᠬᠠᠭᠠᠨ ᠮᠡᠷᠭᠡᠵᠢᠯ ᠤᠨ ᠮᠡᠳᠡᠯᠭᠡ ᠶᠢ ᠪᠦᠷᠢᠯᠳᠦᠭᠦᠯᠦᠭᠰᠡᠨ᠂ ᠣᠳᠣ ᠦᠶ᠎ᠡ ᠶᠢᠨ ᠲᠠᠷᠢᠶᠠᠯᠠᠩ ᠤᠨ ᠦᠢᠯᠡᠳᠪᠦᠷᠢᠯᠡᠯ ᠤᠨ ᠤᠷ᠎ᠠ ᠴᠢᠳᠠᠪᠤᠷᠢ ᠶᠢ ᠡᠵᠡᠮᠰᠢᠭᠰᠡᠨ᠂ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠴᠦ ᠠᠳᠠᠯ ᠦᠢᠯᠡᠰ ᠴᠣᠭᠴᠠᠯᠠᠬᠤ ᠵᠣᠷᠢᠭ ᠰᠠᠨᠠᠭ᠎ᠠ ᠲᠠᠢ᠂ ᠠᠵᠢᠯ ᠮᠡᠷᠭᠡᠵᠢᠯ ᠤᠨ ᠬᠡᠪ ᠪᠣᠯᠪᠠᠰᠤᠷᠠᠯ ᠪᠠ ᠨᠡᠶᠢᠭᠡᠮ ᠤᠨ ᠬᠠᠷᠢᠭᠤᠴᠠᠯᠭᠠᠲᠤ ᠰᠡᠳᠬᠢᠯᠭᠡ ᠲᠠᠢ ᠪᠠᠶᠢᠬᠤ ᠵᠡᠷᠭᠡ ᠪᠠᠭᠲᠠᠨ᠎ᠠ᠃      ︽ᠣᠳᠣᠬᠠᠨ ᠳᠤ᠂ ᠤᠯᠤᠰ ᠤᠨ ᠰᠢᠨ᠎ᠡ ᠮᠠᠶ᠋ᠢᠭ ᠤᠨ ᠠᠵᠢᠯ ᠮᠡᠷᠭᠡᠵᠢᠯ ᠤᠨ ᠲᠠᠷᠢᠶᠠᠴᠢᠨ ᠢ ᠬᠥᠮᠦᠵᠢᠭᠦᠯᠬᠦ ᠡᠷᠴᠢᠮ ᠲᠠᠰᠤᠷᠠᠯᠲᠠ ᠥᠬᠡᠶ ᠴᠢᠩᠭᠠᠷᠠᠬᠤ ᠶᠢ ᠳᠠᠭᠠᠯᠳᠤᠨ᠂ ᠶᠡᠭᠡ ᠬᠡᠮᠵᠢᠶᠡᠨ ᠤ ᠰᠢᠯᠢᠳᠡᠭ ᠴᠢᠳᠠᠪᠤᠷᠢᠲᠠᠨ ᠰᠢᠨ᠎ᠡ ᠮᠠᠶ᠋ᠢᠭ ᠤᠨ ᠠᠵᠢᠯ ᠮᠡᠷᠭᠡᠵᠢᠯ ᠤᠨ ᠲᠠᠷᠢᠶᠠᠴᠢᠨ ᠡᠩᠨᠡᠭᠡ ᠳᠤ ᠣᠷᠣᠪᠠ᠃ ᠲᠤᠭ᠎ᠠ ᠪᠠᠷᠢᠮᠲᠠ ᠳᠤ ᠬᠠᠷᠠᠭᠤᠯᠤᠭᠰᠠᠨ ᠢᠶᠠᠷ ᠂ ᠪᠦᠬᠦ ᠤᠯᠤᠰ ᠤᠨ ᠬᠥᠳᠡᠭᠡ ᠲᠣᠰᠬᠤᠨ ᠤ ᠬᠡᠷᠡᠭᠯᠡᠭᠡᠨ ᠤ ᠴᠢᠳᠠᠪᠤᠷᠢᠲᠠᠨ ᠤ ᠶᠡᠷᠦᠩᠬᠡᠢ ᠬᠡᠮᠵᠢᠶ᠎ᠡ ᠣᠳᠣᠬᠠᠨ ᠳᠤ 2000 ᠲᠦᠮᠡᠨ ᠬᠥᠮᠦᠨ ᠢ ᠳᠠᠪᠠᠵᠤ᠂ ᠡᠭᠦᠨ ᠳᠤ ᠰᠢᠨ᠎ᠡ ᠮᠠᠶ᠋ᠢᠭ ᠤᠨ ᠠᠵᠢᠯ ᠮᠡᠷᠭᠡᠵᠢᠯ ᠤᠨ ᠲᠠᠷᠢᠶᠠᠴᠢᠨ 1500 ᠲᠦᠮᠡᠨ ᠬᠥᠮᠦᠨ ᠢ ᠳᠠᠪᠠᠭᠰᠠᠨ ᠪᠠᠶᠢᠨ᠎ᠠ᠃ ᠣᠳᠣᠬᠢ ᠱᠠᠲᠤᠨ ᠳᠤ᠂ ᠰᠢᠨ᠎ᠡ ᠮᠠᠶ᠋ᠢᠭ ᠤᠨ ᠠᠵᠢᠯ ᠮᠡᠷᠭᠡᠵᠢᠯ ᠤᠨ ᠲᠠᠷᠢᠶᠠᠴᠢᠨ ᠤ ᠬᠥᠮᠦᠵᠢᠭᠦᠯᠬᠦ ᠦᠢᠯᠡᠴᠢᠯᠡᠭᠡ ᠳᠤ ᠢᠳᠡᠷ ᠵᠠᠯᠠᠭᠤ ᠲᠠᠷᠢᠶᠠᠴᠢᠨ ᠢ ᠪᠠᠭᠲᠠᠭᠠᠬᠤ ᠪᠠᠷ ᠪᠠᠷᠠᠬᠤ ᠦᠭᠡᠢ ᠪᠠᠰᠠ ᠲᠠᠷᠢᠶᠠᠯᠠᠩ ᠤᠨ ᠮᠠᠰᠢᠨ ᠤ ᠲᠣᠮᠣ ᠡᠷᠦᠬᠡ᠂ ᠬᠥᠳᠡᠭᠡ ᠲᠣᠰᠬᠤᠨ ᠤ ᠬᠤᠷᠰᠢᠶᠠᠨ ᠤ ᠳᠠᠭᠠᠭᠤᠯᠤᠭᠴᠢ᠂ ᠬᠥᠳᠡᠭᠡ ᠲᠣᠰᠬᠤᠨ ᠤ ᠬᠡᠷᠡᠭᠯᠡᠭᠡᠨ ᠤ ᠴᠢᠳᠠᠪᠤᠷᠢᠲᠠᠨ ᠤ ᠳᠠᠭᠠᠭᠤᠯᠤᠭᠴᠢ ᠪᠠ ᠣᠳᠣ ᠦᠶ᠎ᠡ ᠶᠢᠨ ᠵᠠᠯᠠᠭᠤ ᠲᠠᠷᠢᠶᠠᠯᠠᠩ ᠤᠨ ᠲᠠᠯᠠᠪᠠᠢ ᠶᠢᠨ ᠡᠵᠡᠨ ᠵᠡᠷᠭᠡ ᠤᠯᠠᠨ ᠲᠠᠯ᠎ᠠ ᠶᠢᠨ ᠪᠡᠶᠡᠴᠢ ᠴᠣᠭᠴᠠ ᠶᠢ ᠪᠠᠭᠲᠠᠭᠠᠨ᠎ᠠ᠃︾ ᠥᠪᠥᠷ ᠮᠣᠩᠭᠤᠯ ᠤᠨ ᠨᠡᠶᠢᠭᠡᠮ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠰᠤᠳᠤᠯᠤᠭᠴᠢ ᠬᠠᠨ ᠴᠧᠩ ᠹᠦ᠋ ᠰᠤᠷᠪᠤᠯᠵᠢᠯᠠᠭᠴᠢ ᠳᠤ ᠬᠡᠯᠡᠬᠦ ᠳᠡᠭᠡᠨ᠂ ᠤᠯᠠᠮᠵᠢᠯᠠᠯᠲᠤ ᠲᠠᠷᠢᠶᠠᠴᠢᠳ ᠲᠠᠢ ᠠᠳᠠᠯᠢᠳᠬᠠᠪᠠᠯ᠂ ᠰᠢᠨ᠎ᠡ ᠮᠠᠶ᠋ᠢᠭ ᠤᠨ ᠠᠵᠢᠯ ᠮᠡᠷᠭᠡᠵᠢᠯ ᠤᠨ ᠲᠠᠷᠢᠶᠠᠴᠢᠨ ᠤ ︽ᠰᠢᠨ᠎ᠡ︾ ᠨᠢ ᠡᠨᠡ ᠬᠡᠳᠦᠨ ᠲᠠᠯ᠎ᠠ ᠪᠠᠷ ᠢᠯᠡᠷᠡᠵᠦ ᠪᠠᠶᠢᠨ᠎ᠠ᠄ ᠲᠠᠷᠢᠶᠠᠯᠠᠩ ᠤᠨ ᠰᠢᠨ᠎ᠡ ᠡᠵᠡᠩᠨᠡᠯᠲᠡ᠂ ᠲᠠᠷᠢᠶᠠᠯᠠᠩ ᠤᠨ ᠲᠤᠰᠬᠠᠶᠢᠵᠢᠭᠰᠠᠨ ᠦᠢᠯᠡᠴᠢᠯᠡᠭᠡ᠂ ᠲᠠᠷᠢᠶᠠᠯᠠᠩ ᠤᠨ ᠬᠠᠮᠢᠶᠠᠷᠤᠯᠲᠠ ᠶᠢᠨ ᠭᠤᠤᠯ ᠴᠣᠭᠴᠠ᠂ ᠡᠵᠡᠩᠨᠡᠯᠲᠡ ᠶᠢ ᠣᠶᠢᠯᠠᠭᠠᠬᠤ ᠮᠥᠷᠲᠡᠭᠡᠨ ᠬᠠᠮᠢᠶᠠᠷᠤᠯᠲᠠ ᠶᠢ ᠴᠤ ᠮᠡᠳᠡᠬᠦ᠂ ᠪᠠᠰᠠ ᠲᠠᠷᠢᠶᠠᠯᠠᠩ ᠳᠤ ᠨᠡᠶᠢᠭᠡᠮᠴᠢᠯᠡᠭᠰᠡᠨ ᠦᠢᠯᠡᠴᠢᠯᠡᠭᠡ ᠬᠠᠩᠭᠠᠬᠤ ᠶᠢ ᠬᠡᠯᠡᠨ᠎ᠡ︔ ᠲᠠᠷᠢᠶᠠᠯᠠᠩ ᠤᠨ ᠰᠢᠨ᠎ᠡ ᠮᠡᠳᠡᠯᠭᠡ ᠶᠢᠨ ᠡᠵᠡᠮᠰᠢᠭᠴᠢ ᠪᠠ ᠳᠡᠯᠭᠡᠷᠡᠭᠦᠯᠦᠭᠴᠢ᠂ ᠭᠠᠭᠴᠠ ᠬᠦ ᠠᠮᠢᠳᠤ ᠪᠣᠳᠠᠰ ᠤᠨ ᠰᠢᠨᠵᠢᠯᠡᠬᠦ ᠤᠬᠠᠭᠠᠨ ᠮᠡᠷᠭᠡᠵᠢᠯ᠂ ᠪᠣᠳᠣᠯᠭ᠎ᠠ ᠶᠢᠨ ᠰᠢᠨᠵᠢᠯᠡᠬᠦ ᠤᠬᠠᠭᠠᠨ᠂ ᠣᠳᠣ ᠦᠶ᠎ᠡ ᠶᠢᠨ ᠬᠠᠮᠢᠶᠠᠷᠤᠯᠲᠠ ᠵᠡᠷᠭᠡ ᠮᠡᠳᠡᠯᠭᠡ ᠶᠢ ᠥᠷᠭᠡᠨ ᠢᠶᠠᠷ ᠡᠵᠡᠮᠰᠢᠪᠡᠯ ᠰᠠᠶ᠋ᠢ ᠲᠠᠷᠢᠶᠠᠯᠠᠩ ᠤᠨ ᠳᠡᠯᠡᠬᠡᠶ ᠶᠢᠨ ᠵᠠᠬ᠎ᠠ ᠳᠡᠯᠭᠡᠭᠦᠷ ᠲᠠᠬᠢ ᠥᠷᠢᠰᠦᠯᠳᠦᠬᠦ ᠬᠦᠴᠦᠨ ᠢ ᠳᠡᠭᠡᠭᠰᠢᠯᠡᠭᠦᠯᠵᠦ ᠴᠢᠳᠠᠨ᠎ᠠ︔ ᠰᠢᠨ᠎ᠡ ᠲᠧᠭᠨᠢᠭ ᠮᠡᠷᠭᠡᠵᠢᠯ᠂ ᠰᠢᠨ᠎ᠡ ᠲᠥᠷᠥᠯ ᠵᠦᠢᠯ᠂ ᠰᠢᠨ᠎ᠡ ᠮᠡᠷᠭᠡᠵᠢᠯ ᠴᠢᠳᠠᠪᠤᠷᠢ ᠲᠠᠢ ᠬᠡᠷᠡᠭᠯᠡᠭᠴᠢ ᠪᠠ ᠡᠭᠦᠳᠦᠭᠴᠢ᠂ ᠲᠧᠭᠨᠢᠭ ᠮᠡᠷᠭᠡᠵᠢᠯ ᠤᠨ ᠰᠢᠨ᠎ᠡ ᠲᠣᠨᠣᠭᠯᠠᠯ ᠣᠳᠣ ᠦᠶ᠎ᠡ ᠶᠢᠨ ᠲᠠᠷᠢᠶᠠᠯᠠᠩ ᠢ ᠵᠡᠪᠰᠡᠭᠯᠡᠬᠦ ᠦᠭᠡᠢ ᠪᠣᠯ ᠬᠡᠪᠴᠢᠶᠡᠲᠦ ᠠᠵᠤ ᠠᠬᠤᠶ ᠶᠢ ᠪᠡᠶᠡᠯᠡᠭᠦᠯᠵᠦ ᠴᠢᠳᠠᠬᠤ ᠦᠭᠡᠢ᠂ ᠬᠠᠷᠢᠨ ᠰᠢᠨ᠎ᠡ ᠰᠢᠯᠢᠳᠡᠭ ᠡᠭᠦᠯᠳᠡᠷ ᠢ ᠪᠤᠶᠢᠵᠢᠭᠤᠯᠤᠨ ᠳᠡᠯᠭᠡᠷᠡᠭᠦᠯᠬᠦ ᠦᠭᠡᠢ ᠪᠣᠯ ᠵᠠᠬ᠎ᠠ ᠳᠡᠯᠭᠡᠭᠦᠷ ᠤᠨ ᠥᠷᠢᠰᠦᠯᠳᠦᠬᠦ ᠬᠦᠴᠦᠨ ᠢ ᠳᠡᠭᠡᠭᠰᠢᠯᠡᠭᠦᠯᠵᠦ ᠴᠢᠳᠠᠬᠤ ᠦᠭᠡᠢ︔ ᠣᠳᠣ ᠦᠶ᠎ᠡ ᠶᠢᠨ ᠲᠠᠷᠢᠶᠠᠯᠠᠩ ᠤᠨ ᠰᠢᠨ᠎ᠡ ᠡᠵᠡᠩᠨᠡᠯᠲᠡ ᠶᠢᠨ ᠬᠡᠯᠪᠡᠷᠢ ᠶᠢᠨ ᠰᠢᠨ᠎ᠡ ᠶᠢ ᠡᠭᠦᠳᠦᠭᠴᠢ ᠮᠥᠨ᠂ ᠰᠢᠨ᠎ᠡ ᠮᠠᠶ᠋ᠢᠭ ᠤᠨ ᠠᠵᠢᠯ ᠮᠡᠷᠭᠡᠵᠢᠯ ᠤᠨ ᠲᠠᠷᠢᠶᠠᠴᠢᠨ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ᠂ ᠪᠣᠯᠪᠠᠰᠤᠷᠠᠭᠤᠯᠤᠯᠲᠠ᠂ ᠡᠵᠡᠩᠨᠡᠯᠲᠡ ᠪᠣᠷᠣᠯᠠᠭᠤᠯᠤᠯᠲᠠ ᠶᠢ ᠨᠢᠭᠡ ᠴᠣᠭᠴᠠᠵᠢᠭᠤᠯᠵᠤ᠂ ᠣᠨᠴᠠᠯᠢᠭᠲᠤ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠪᠣᠯᠤᠨ ᠬᠥᠳᠡᠭᠡ ᠲᠣᠰᠬᠤᠨ ᠤ ᠠᠮᠢ ᠠᠬᠤᠢ ᠶᠢᠨ ᠵᠢᠭᠤᠯᠴᠢᠯᠠᠯ ᠢ ᠨᠢᠭᠡ ᠴᠣᠭᠴᠠᠵᠢᠭᠤᠯᠵᠤ᠂ ᠲᠠᠷᠢᠶᠠᠯᠠᠩ ᠢ ᠲᠠᠷᠢᠵᠤ ᠲᠡᠵᠢᠭᠡᠬᠦ᠂ ᠵᠢᠭᠤᠯᠴᠢᠯᠠᠬᠤ᠂ ᠰᠤᠷᠭᠠᠨ ᠬᠥᠮᠦᠵᠢᠭᠦᠯᠬᠦ ᠶᠢ ᠨᠢᠭᠡ ᠴᠣᠭᠴᠠᠵᠢᠭᠤᠯᠤᠭᠰᠠᠨ ᠤᠯᠠᠨ ᠴᠢᠳᠠᠮᠵᠢᠲᠤ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠪᠤᠯᠤᠨ᠎ᠠ᠃      ︽ᠮᠢᠨᠦ ᠦᠵᠡᠬᠦ ᠪᠠᠷ ᠣᠨᠴᠠᠭᠠᠢ ᠰᠠᠶᠢᠨ᠂ ᠮᠠᠨ ᠤ ᠵᠠᠰᠠᠭ ᠤᠨ ᠣᠷᠳᠣᠨ ᠡᠶᠢᠮᠦᠷᠬᠦ ᠰᠢᠨ᠎ᠡ ᠮᠠᠶ᠋ᠢᠭ ᠤᠨ ᠠᠵᠢᠯ ᠮᠡᠷᠭᠡᠵᠢᠯ ᠤᠨ ᠲᠠᠷᠢᠶᠠᠴᠢᠨ ᠢ ᠳᠠᠪᠲᠠᠨ ᠪᠣᠯᠪᠠᠰᠤᠷᠠᠭᠤᠯᠬᠤ ᠳᠠᠭᠠᠨ᠂ ᠰᠢᠭᠤᠳ ᠬᠡᠯᠡᠪᠡᠯ ᠳᠠᠷᠤᠢ ᠨᠢᠭᠡ ᠪᠦᠯᠦᠭ ᠮᠡᠷᠭᠡᠵᠢᠯ ᠤᠨ ᠳᠠᠭᠠᠭᠤᠯᠤᠭᠴᠢ ᠶᠢ ᠬᠥᠮᠦᠵᠢᠭᠦᠯᠵᠦ᠂ ᠪᠢᠳᠡᠨ ᠢ ᠪᠣᠯᠪᠠᠰᠤᠷᠠᠭᠤᠯᠤᠨ ᠭᠠᠷᠭᠠᠭᠰᠠᠨ ᠤ ᠳᠠᠷᠠᠭ᠎ᠠ᠂ ᠲᠤᠬᠠᠢ ᠶᠢᠨ ᠭᠠᠵᠠᠷ ᠤᠨ ᠲᠠᠷᠢᠵᠤ ᠣᠷᠭᠤᠭᠤᠯᠬᠤ ᠡᠷᠦᠬᠡ ᠶᠢ ᠨᠠᠩ ᠰᠠᠶᠢᠨ ᠨᠥᠯᠥᠭᠡᠯᠡᠵᠦ᠂ ᠰᠤᠷᠴᠤ ᠣᠯᠤᠭᠰᠠᠨ ᠮᠡᠷᠭᠡᠵᠢᠯ ᠢᠶᠠᠷ ᠲᠡᠳᠡᠨ ᠳᠤ ᠨᠠᠩ ᠰᠠᠶᠢᠨ ᠵᠢᠯᠣᠭᠤᠳᠤᠨ ᠦᠢᠯᠡᠴᠢᠯᠡᠵᠦ᠂ ᠨᠠᠩ ᠰᠠᠶᠢᠨ ᠴᠢᠨᠠᠷ ᠪᠦᠬᠦᠢ ᠭᠤᠸᠠ ᠵᠢᠮᠢᠰ ᠢᠳᠡᠰᠢᠨ ᠨᠣᠭᠤᠭ᠎ᠠ ᠲᠠᠷᠢᠵᠤ ᠪᠣᠯᠤᠨ᠎ᠠ︾᠃ ᠳᠡᠭᠡᠷ᠎ᠡ ᠤᠳᠠᠭᠠᠨ ᠤ ᠪᠣᠯᠪᠠᠰᠤᠷᠠᠯ ᠤᠨ ᠲᠤᠬᠠᠢ ᠬᠡᠯᠡᠪᠡᠯ᠂ ᠸᠠᠩ ᠵᠢᠶᠦ᠋ᠨ ᠥᠪᠡᠷ ᠢᠶᠠᠨ ᠡᠯᠪᠡᠭ ᠬᠤᠷᠢᠶᠠᠯᠲᠠ ᠣᠯᠤᠭᠰᠠᠨ ᠭᠡᠵᠦ ᠬᠡᠯᠡᠭᠰᠡᠨ ᠪᠣᠯᠪᠠᠴᠤ ᠲᠡᠭᠦᠨ ᠤ ᠰᠠᠨᠠᠭ᠎ᠠ ᠨᠢ ᠪᠠᠷᠠᠭᠠᠳᠤᠢ ᠪᠠᠶᠢᠯ᠎ᠠ᠃ ︽ᠦᠨᠡᠨ ᠳᠡᠭᠡᠨ ᠮᠢᠨᠦ ᠰᠢᠨ᠎ᠡ ᠬᠡᠯᠪᠡᠷᠢ ᠶᠢᠨ ᠲᠠᠷᠢᠶᠠᠴᠢᠨ ᠤ ᠲᠤᠬᠠᠢ ᠤᠶᠢᠯᠠᠭᠠᠯᠲᠠ ᠪᠣᠯ ᠵᠥᠪᠬᠡᠨ ᠨᠣᠭᠤᠭ᠎ᠠ ᠲᠠᠷᠢᠬᠤ ᠮᠡᠷᠭᠡᠵᠢᠯ ᠲᠡᠳᠦᠢ ᠪᠢᠰᠢ᠂ ᠲᠥᠷᠥ ᠶᠢᠨ ᠪᠣᠳᠣᠯᠭ᠎ᠠ ᠶᠢᠨ ᠲᠤᠬᠠᠢ ᠤᠶᠢᠯᠠᠭᠠᠯᠲᠠ᠂ ᠰᠡᠭᠦᠯᠴᠢ ᠶᠢᠨ ᠬᠤᠭᠤᠴᠠᠭᠠᠨ ᠤ ᠪᠣᠷᠣᠯᠠᠭᠤᠯᠤᠯᠲᠠ ᠶᠢ ᠪᠠᠭᠲᠠᠭᠠᠭᠰᠠᠨ ᠶᠤᠮ᠂ ᠡᠨᠡ ᠪᠣᠯ ᠮᠠᠰᠢ ᠤᠯᠠᠨ ᠶᠠᠭᠤᠮ᠎ᠠ ᠮᠥᠨ᠂ ᠳᠠᠩ ᠭᠠᠭᠴᠠ ᠪᠢᠰᠢ︾᠃ ᠥᠩᠭᠡᠷᠡᠭᠡᠭᠰᠡᠨ ᠳᠤ ᠪᠢᠳᠠ ᠮᠡᠷᠭᠡᠵᠢᠯ ᠤᠨ ᠲᠠᠯ᠎ᠠ ᠪᠠᠷ ᠣᠨᠴᠠᠭᠠᠢ ᠴᠠᠭᠠᠷᠠᠭᠰᠠᠨ ᠪᠢᠰᠢ᠂ ᠪᠠᠰᠠ ᠪᠠᠭ᠋ᠠᠨ ᠳᠤᠲᠠᠭᠳᠠᠵᠤ ᠪᠠᠶᠢᠪᠠ᠃ ᠣᠳᠣ ᠡᠨᠡ ᠬᠦ ᠪᠣᠯᠪᠠᠰᠤᠷᠠᠯ ᠢᠶᠠᠷ ᠳᠠᠮᠵᠢᠨ᠂ ᠪᠠᠭᠰᠢ ᠶᠢᠨ ᠲᠠᠶᠢᠯᠪᠤᠷᠢᠯᠠᠯᠲᠠ ᠪᠠᠷ ᠳᠠᠮᠵᠢᠨ᠂ ᠮᠢᠨᠦ ᠮᠡᠷᠭᠡᠵᠢᠯ ᠢ ᠨᠠᠩ ᠰᠠᠶᠢᠨ ᠳᠡᠭᠡᠭᠰᠢᠯᠡᠭᠦᠯᠵᠦ ᠴᠢᠳᠠᠨ᠎ᠠ᠃ ᠸᠠᠩ ᠵᠢᠶᠦ᠋ᠨ ᠡᠭᠦᠨ ᠤ ᠲᠤᠬᠠᠢ ᠭᠦᠨ ᠲᠥᠷᠥᠭᠳᠡᠯ ᠲᠠᠢ᠂ ︽ᠪᠣᠯᠪᠠᠰᠤᠷᠠᠭᠤᠯᠤᠯ ᠤᠨ ᠠᠭᠤᠯᠠᠨ᠎ᠠ ᠨᠢ ᠮᠠᠰᠢ ᠪᠥᠬᠦ ᠲᠠᠯ᠎ᠠ ᠶᠢᠨ ᠪᠠᠶᠢᠵᠤ᠂ ᠡᠩ ᠤᠨ ᠦᠶ᠎ᠡ ᠶᠢᠨ ᠲᠣᠬᠢᠷᠠᠭᠤᠯᠤᠭᠰᠠᠨ ᠪᠣᠯᠪᠠᠰᠤᠷᠠᠭᠤᠯᠤᠯ ᠲᠠᠢ ᠠᠳᠠᠯᠢ ᠥᠬᠡᠶ ᠶᠤᠮ᠂ ᠬᠡᠷᠪᠡ ᠴᠠᠭ ᠨᠢ ᠬᠡᠳᠦᠶ ᠣᠷᠳᠣ ᠪᠣᠯ ᠨᠠᠩ ᠰᠠᠶᠢᠨ᠂ ᠪᠢ ᠨᠠᠩ ᠣᠯᠠᠨ ᠶᠠᠭᠤᠮ᠎ᠠ ᠶᠢ ᠣᠢᠯᠠᠭᠠᠨ᠎ᠠ ᠪᠢ ᠥᠪᠡᠷ ᠢ ᠪᠠᠨ ᠨᠢᠭᠡᠨ ᠮᠠᠰᠢ ᠪᠦᠷᠢᠨ ᠮᠡᠷᠭᠡᠵᠢᠯ ᠲᠠᠢ ᠬᠥᠮᠥᠨ ᠪᠣᠯᠭᠠᠬᠤ ᠰᠠᠨᠠᠭ᠎ᠠ ᠲᠠᠢ ᠭᠡᠪᠡ᠃      ︽ᠡᠶᠢᠮᠦᠷᠬᠦ ᠪᠣᠯᠪᠠᠰᠤᠷᠠᠯ ᠢ ᠢᠯᠡᠭᠦᠬᠡᠨ ᠬᠢᠬᠦ ᠶᠢ ᠬᠦᠰᠡᠵᠦ ᠪᠠᠶᠢᠨ᠎ᠠ︾᠃ ᠡᠨᠡ ᠨᠢ ᠪᠠᠰᠠ ᠸᠠᠩ ᠵᠢᠶᠦ᠋ᠨ ᠰᠢᠭ ᠰᠤᠷᠤᠭᠴᠢᠳ ᠤᠨ ᠬᠠᠮᠲᠤ ᠶᠢᠨ ᠰᠡᠳᠬᠢᠯ ᠤᠨ ᠳᠠᠭᠤᠨ ᠪᠣᠯᠵᠠᠢ᠃ ᠣᠶᠢᠯᠠᠭᠠᠭᠰᠠᠨ ᠢᠶᠠᠷ᠂ ᠬᠦᠬᠡᠬᠤᠲᠠ ᠶᠢᠨ ᠲᠠᠷᠢᠶᠠᠯᠠᠩ ᠤᠨ ᠷᠠᠳᠢᠣ᠋ ᠲᠧᠯᠸᠢᠰ ᠰᠤᠷᠭᠠᠭᠤᠯᠢ ᠲᠦᠷᠦᠭᠦᠬᠡᠨ ᠨᠢᠭᠡᠨᠲᠡ ᠲᠦᠮᠡᠳ ᠵᠡᠭᠦᠨ ᠬᠤᠰᠢᠭᠤ᠂ ᠴᠢᠩ ᠱᠦᠶ ᠾᠧ ᠰᠢᠶᠠᠨ ᠵᠡᠷᠭᠡ ᠬᠤᠰᠢᠭᠤ ᠰᠢᠶᠠᠨ ᠲᠣᠭᠤᠷᠢᠭ ᠲᠤ ᠰᠢᠨ᠎ᠡ ᠮᠠᠶ᠋ᠢᠭ ᠤᠨ ᠠᠵᠢᠯ ᠮᠡᠷᠭᠡᠵᠢᠯ ᠤᠨ ᠲᠠᠷᠢᠶᠠᠴᠢᠨ ᠤ ᠪᠣᠯᠪᠠᠰᠤᠷᠠᠭᠤᠯᠤᠯ ᠢ ᠵᠠᠯᠭᠠᠭ᠎ᠠ ᠪᠠᠷ ᠥᠷᠨᠢᠭᠦᠯᠵᠦ᠂ 2019 ᠣᠨ ᠳᠤ ᠰᠢᠨ᠎ᠡ ᠮᠠᠶ᠋ᠢᠭ ᠤᠨ ᠠᠵᠢᠯ ᠮᠡᠷᠭᠡᠵᠢᠯ ᠤᠨ ᠲᠠᠷᠢᠶᠠᠴᠢᠨ ᠤ ᠪᠣᠯᠪᠠᠰᠤᠷᠠᠭᠤᠯᠤᠯ ᠤᠨ ᠬᠥᠰᠢᠭᠡ ᠶᠢ ᠰᠡᠬᠦᠭᠰᠡᠨ ᠪᠠᠶᠢᠨ᠎ᠠ᠃ ᠣᠳᠣ ᠪᠣᠯᠲᠠᠯ᠎ᠠ ᠨᠡᠶᠢᠲᠡ 1300 ᠬᠥᠮᠥᠨ ᠤᠳᠠᠭ᠎ᠠ ᠰᠢᠨ᠎ᠡ ᠮᠠᠶ᠋ᠢᠭ ᠤᠨ ᠠᠵᠢᠯ ᠮᠡᠷᠭᠡᠵᠢᠯ ᠤᠨ ᠲᠠᠷᠢᠶᠠᠴᠢᠨ ᠤ ᠪᠣᠯᠪᠠᠰᠤᠷᠠᠭᠤᠯᠤᠯ ᠢ ᠬᠦᠷᠲᠡᠭᠰᠡᠨ ᠪᠠᠶᠢᠨ᠎ᠠ᠃ ᠰᠢᠨ᠎ᠡ ᠮᠠᠶ᠋ᠢᠭ ᠤᠨ ᠠᠵᠢᠯ ᠮᠡᠷᠭᠡᠵᠢᠯ ᠤᠨ ᠲᠠᠷᠢᠶᠠᠴᠢᠨ ᠤ ᠪᠣᠯᠪᠠᠰᠤᠷᠠᠭᠤᠯᠤᠯ ᠳᠤ ᠪᠦᠷᠢᠨ ᠲᠡᠭᠦᠯᠳᠡᠷ ᠵᠢᠭᠠᠨ ᠰᠤᠷᠭᠠᠯᠲᠠ ᠶᠢᠨ ᠬᠢᠴᠢᠶᠡᠯ ᠤᠨ ᠲᠣᠬᠢᠷᠠᠭᠤᠯᠤᠯᠲᠠ ᠪᠠᠶᠢᠳᠠᠭ᠂ ᠡᠭᠦᠨ ᠳᠤ ᠭᠤᠤᠯᠳᠠᠭᠤ ᠣᠨᠣᠯ ᠤᠨ ᠵᠢᠭᠠᠨ ᠰᠤᠷᠭᠠᠯᠲᠠ᠂ ᠲᠠᠷᠢᠶᠠᠨ ᠭᠠᠵᠠᠷ ᠤᠨ ᠵᠢᠭᠠᠨ ᠰᠤᠷᠭᠠᠯᠲᠠ᠂ ᠦᠢᠯᠡᠳᠦᠯᠭᠡ ᠶᠢᠨ ᠦᠵᠡᠭᠦᠯᠦᠯᠭᠡ ᠶᠢᠨ ᠬᠢᠴᠢᠶᠡᠯ᠂ ᠵᠠᠬ᠎ᠠ ᠳᠡᠯᠭᠡᠭᠦᠷ ᠤᠨ ᠴᠢᠳᠠᠪᠤᠷᠢ ᠶᠢ ᠥᠷᠭᠡᠳᠬᠡᠬᠦ ᠬᠢᠴᠢᠶᠡᠯ ᠵᠢᠴᠢ ᠴᠡᠷᠢᠭ ᠤᠨ ᠪᠣᠯᠪᠠᠰᠤᠷᠠᠯ᠂ ᠤᠯᠤᠰ ᠢᠶᠠᠨ ᠬᠠᠶᠢᠷᠠᠯᠠᠬᠤ ᠦᠵᠡᠯ ᠢᠶᠠᠨ ᠬᠥᠮᠦᠵᠢᠯ ᠵᠡᠷᠭᠡ ᠠᠭᠤᠯᠠᠨ᠎ᠠ ᠪᠠᠭᠲᠠᠨ᠎ᠠ᠂ ᠡᠭᠦᠨ ᠳᠤ ᠣᠨᠣᠯ ᠤᠨ ᠵᠢᠭᠠᠨ ᠰᠤᠷᠭᠠᠯᠲᠠ ᠳᠤ ᠪᠠᠰᠠ ᠣᠯᠠᠨ ᠨᠡᠶᠢᠲᠡ ᠶᠢᠨ ᠬᠢᠴᠢᠶᠡᠯ ︵ᠰᠢᠨ᠎ᠡ ᠮᠠᠶ᠋ᠢᠭ ᠤᠨ ᠠᠵᠢᠯ ᠮᠡᠷᠭᠡᠵᠢᠯ ᠤᠨ ᠲᠠᠷᠢᠶᠠᠴᠢᠳ ᠤᠨ ᠬᠡᠪ ᠴᠢᠨᠠᠷ ᠪᠠ ᠶᠣᠰᠣ ᠮᠣᠷᠠᠯ᠂ ᠲᠠᠷᠢᠶᠠᠯᠠᠩ ᠳᠤ ᠬᠤᠯᠪᠣᠭᠳᠠᠬᠤ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ᠂ ᠵᠠᠬ᠎ᠠ ᠳᠡᠯᠭᠡᠭᠦᠷ ᠤᠨ ᠡᠵᠡᠩᠨᠡᠨ ᠪᠣᠷᠣᠯᠠᠭᠤᠯᠤᠯᠲᠠ᠂ ᠬᠥᠳᠡᠭᠡ ᠲᠣᠰᠬᠤᠨ ᠤ ᠡᠯᠧᠺᠳ᠋ᠷᠣᠨ ᠬᠤᠳᠠᠯᠳᠤᠭ᠎ᠠ᠂ ᠭᠡᠷ ᠪᠦᠯᠢ ᠶᠢᠨ ᠲᠠᠷᠢᠶᠠᠯᠠᠩ ᠤᠨ ᠲᠠᠯᠠᠪᠠᠢ ᠶᠢᠨ ᠡᠵᠡᠩᠨᠡᠯᠲᠡ ᠬᠠᠮᠢᠶᠠᠷᠤᠯᠲᠠ᠂ ᠣᠶᠤᠨᠴᠢ ᠲᠠᠷᠢᠶᠠᠯᠠᠩ ᠵᠡᠷᠭᠡ︶ ᠪᠣᠯᠤᠨ ᠲᠠᠷᠢᠶᠠᠯᠠᠩ ᠮᠠᠯ ᠠᠵᠤ ᠠᠬᠤᠢ ᠶᠢᠨ ᠲᠤᠰᠬᠠᠶ ᠮᠡᠷᠭᠡᠵᠢᠯ ᠤᠨ ᠬᠢᠴᠢᠶᠡᠯ ᠪᠠᠭᠲᠠᠨ᠎ᠠ᠃ ᠸᠠᠩ ᠵᠢᠶᠦ᠋ᠨ ᠲᠠᠢ ᠠᠳᠠᠯᠢ ᠪᠠᠷ᠂ ᠰᠠᠶᠢᠬᠠᠨ ᠲᠤᠭᠤᠷᠢᠭ ᠤᠨ ᠶᠢᠨ ᠾᠧ ᠪᠠᠯᠭᠠᠰᠤ ᠶᠢᠨ  ᠪᠠᠷᠠᠭᠤᠨ ᠾᠧᠢ ᠲᠠᠨ ᠪᠠᠨ ᠲᠣᠰᠬᠤᠨ ᠤ ᠯᠢ ᠴᠦᠨ ᠮᠢᠩ ᠪᠠᠰᠠ ᠪᠣᠯᠪᠠᠰᠤᠷᠠᠯ ᠤᠨ ᠠᠩᠭᠢ ᠳᠤ ᠣᠷᠣᠯᠴᠠᠬᠤ ᠪᠠᠷ ᠪᠡᠯᠡᠳᠬᠡᠵᠦ ᠪᠣᠶ᠃ ᠯᠢ ᠴᠦᠨ ᠮᠢᠩ ᠥᠪᠡᠷ ᠢᠶᠠᠨ ᠠᠷᠪᠠᠨ ᠬᠡᠳᠦᠨ ᠬᠦᠯᠡᠮᠵᠢ ᠳᠠᠭᠠᠭᠠᠴᠢᠯᠠᠭᠰᠠᠨ ᠢᠶᠠᠷ ᠪᠠᠷᠠᠬᠤ ᠦᠭᠡᠢ᠂ ᠪᠠᠰᠠ ᠲᠠᠷᠢᠶᠠᠯᠠᠩ ᠤᠨ ᠬᠤᠷᠰᠢᠶ᠎ᠠ ᠪᠠᠶᠢᠭᠤᠯᠵᠠᠶ᠃ ︽ᠰᠤᠷᠤᠯᠴᠠᠯᠭ᠎ᠠ ᠵᠢᠴᠢ ᠰᠤᠷᠤᠭᠴᠢᠳ ᠲᠠᠢ ᠬᠠᠷᠢᠯᠴᠠᠨ ᠶᠠᠷᠢᠯᠴᠠᠵᠤ᠂ ᠥᠩᠭᠡᠷᠡᠭᠡᠭᠰᠡᠨ  ᠤ ᠲᠠᠷᠢᠬᠤ ᠶᠠᠪᠤᠴᠠ ᠳᠤ ᠲᠣᠬᠢᠶᠠᠯᠳᠤᠭᠰᠠᠨ ᠠᠰᠠᠭᠤᠳᠠᠯ ᠤᠳ ᠢ ᠲᠣᠳᠣᠷᠬᠠᠢ ᠪᠣᠯᠭᠠᠬᠤ ᠶᠢ ᠬᠦᠰᠡᠵᠦ ᠪᠠᠶᠢᠨ᠎ᠠ︾ ᠭᠡᠵᠡᠶ᠃ ᠯᠢ ᠴᠦᠨ ᠮᠢᠩ ᠰᠤᠷᠪᠤᠯᠵᠢᠯᠠᠭᠴᠢ ᠳᠤ᠂ ︽ᠥᠪᠡᠷ ᠢᠶᠠᠨ ᠪᠠᠰᠠ‌ᠡᠶᠢᠮᠦ ᠪᠣᠯᠪᠠᠰᠤᠷᠠᠯ ᠳᠤ ᠣᠷᠣᠯᠴᠠᠵᠤ ᠥᠩᠭᠡᠷᠡᠭᠰᠡᠨ᠂ ᠦᠷ᠎ᠡ ᠪᠦᠲᠦᠮᠵᠢ ᠨᠢ ᠮᠠᠰᠢ ᠰᠠᠶᠢᠨ᠂ ᠡᠩ ᠤᠨ ᠦᠶ᠎ᠡ ᠳᠤ ᠲᠠᠷᠢᠬᠤ ᠳᠤᠮᠳᠠ ᠰᠢᠢᠳᠪᠦᠷᠢᠯᠡᠬᠦ ᠳᠤ ᠬᠦᠴᠢᠷ ᠡᠪᠡᠳᠴᠢᠨ ᠬᠤᠷᠣᠬᠠᠶ ᠶᠢᠨ ᠭᠠᠮᠰᠢᠭ ᠤᠨ ᠠᠰᠠᠭᠤᠳᠠᠯ᠂ ᠪᠠᠰᠠ ᠵᠢᠮᠢᠰ ᠤᠨ ᠮᠣᠳᠣ ᠲᠠᠷᠢᠬᠤ ᠵᠡᠷᠭᠡ ᠲᠠᠯ᠎ᠠ ᠶᠢᠨ ᠠᠰᠠᠭᠤᠳᠠᠯ ᠨᠢ ᠪᠣᠯᠪᠠᠰᠤᠷᠠᠯ ᠤᠨ ᠳᠤᠮᠳᠠ ᠪᠦᠷ ᠰᠢᠢᠳᠪᠦᠷᠢᠯᠡᠭᠳᠡᠵᠦ᠂ ᠥᠪᠡᠷ ᠤᠨ ᠲᠠᠷᠢᠬᠤ ᠮᠡᠷᠭᠡᠵᠢᠯ ᠢᠶᠠᠨ ᠳᠡᠭᠡᠭᠰᠢᠯᠡᠭᠦᠯᠵᠡᠢ︾ ᠭᠡᠪᠡ᠃      ᠰᠤᠷᠪᠤᠯᠵᠢᠯᠠᠬᠤ ᠳᠤᠮᠳᠠ᠂ ᠰᠤᠷᠪᠤᠯᠵᠢᠯᠠᠭᠴᠢ ᠬᠤᠲᠠ ᠶᠢᠨ ᠲᠠᠷᠢᠶᠠᠯᠠᠩ ᠤᠨ ᠰᠠᠯᠠᠭ᠎ᠠ ᠮᠥᠴᠢᠷ ᠠᠴᠠ ᠣᠢᠯᠠᠭᠠᠭᠰᠠᠨ ᠨᠢ᠂ ᠲᠤᠰ ᠤᠳᠠᠭᠠᠨ ᠤ ᠪᠣᠯᠪᠠᠰᠤᠷᠠᠭᠤᠯᠤᠯ ᠳᠤ ᠮᠡᠷᠭᠡᠵᠢᠯ ᠤᠨ ᠠᠵᠢᠯᠲᠠᠨ ᠪᠣᠯᠤᠨ ᠲᠠᠷᠢᠮᠠᠯ ᠤᠨ ᠲᠣᠮᠣ ᠡᠷᠦᠬᠡ ᠪᠣᠯᠤᠨ ᠲᠠᠷᠢᠮᠠᠯ ᠤᠨ ᠴᠢᠳᠠᠪᠤᠷᠢᠲᠠᠨ ᠰᠣᠩᠭᠤᠬᠤ ᠶᠢ ᠴᠢᠬᠤᠯᠠᠴᠢᠯᠠᠵᠤ᠂ ᠨᠢᠭᠡ ᠪᠦᠯᠦᠭ ᠮᠡᠳᠡᠯᠭᠡ ᠲᠠᠢ ᠂ ᠰᠣᠶᠣᠯ ᠲᠠᠢ᠂ ᠴᠢᠳᠠᠪᠤᠷᠢ ᠲᠠᠢ ᠰᠢᠨ᠎ᠡ ᠬᠡᠯᠪᠡᠷᠢ ᠶᠢᠨ ᠠᠵᠢᠯ ᠮᠡᠷᠭᠡᠵᠢᠯ ᠤᠨ ᠮᠠᠯᠴᠢᠨ ᠲᠠᠷᠢᠶᠠᠴᠢᠨ ᠢ ᠬᠥᠮᠦᠵᠢᠭᠦᠯᠵᠦ᠂ ᠣᠳᠣ ᠶᠢᠨ ᠲᠠᠷᠢᠶᠠᠯᠠᠩ ᠤᠨ ᠪᠠᠶᠢᠳᠠᠯ ᠢ ᠰᠠᠶᠢᠵᠢᠷᠠᠭᠤᠯᠵᠤ᠂ ᠠᠵᠤ ᠦᠢᠯᠡᠰ ᠤᠨ ᠬᠢᠷᠢ ᠬᠡᠮᠵᠢᠶ᠎ᠡ ᠪᠣᠯᠤᠨ ᠮᠧᠬᠠᠨᠢᠭᠵᠢᠭᠤᠯᠤᠯᠲᠠ ᠶᠢᠨ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠡᠭᠦᠨ ᠤ ᠬᠠᠮᠲᠤ᠂ ︽ᠢᠨᠲ᠋ᠧᠷ ᠰᠦᠯᠵᠢᠶ᠎ᠡ +︾ ᠶᠢ ᠲᠠᠷᠢᠶᠠᠯᠠᠩ ᠤᠨ ᠦᠢᠯᠡᠳᠪᠦᠷᠢᠯᠡᠯ ᠪᠣᠷᠣᠯᠠᠭᠤᠯᠭ᠎ᠠ ᠶᠢᠨ ᠪᠣᠯᠪᠠᠰᠤᠷᠠᠭᠤᠯᠤᠯ ᠳᠤ ᠬᠡᠷᠡᠭᠯᠡᠵᠦ᠂ ᠰᠤᠷᠤᠭᠴᠢᠳ ᠢ ᠰᠤᠷᠤᠯᠴᠠᠯᠭ᠎ᠠ ᠪᠠᠷ ᠳᠠᠮᠵᠢᠭᠤᠯᠤᠨ ᠲᠠᠷᠢᠶᠠᠯᠠᠩ ᠤᠨ ᠮᠡᠷᠭᠡᠵᠢᠯ ᠢ ᠦᠨᠡᠨ ᠪᠣᠳᠠᠲᠠᠶ ᠪᠠᠷ ᠨᠠᠩ ᠰᠠᠶᠢᠨ ᠡᠵᠡᠮᠰᠢᠭᠦᠯᠦᠨ᠎ᠡ᠃ ︵ᠢᠷᠡᠯᠲᠡ᠄ ᠬᠦᠬᠡᠬᠤᠲᠠ ᠶᠢᠨ ᠡᠳᠦᠷ ᠤᠨ ᠰᠣᠨᠢᠨ︶  
 
ᠢᠷᠡᠯᠲᠡ᠄ ᠰᠠᠶᠢᠬᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号