ᠥᠨᠳᠥᠷ ᠬᠡᠪ ᠪᠣᠯᠪᠠᠰᠤᠷᠠᠯ ᠲᠠᠢ ᠲᠠᠷᠢᠶᠠᠴᠢᠨ ᠢ ᠬᠥᠮᠦᠵᠢᠭᠦᠯᠵᠦ᠂ ᠤᠳᠬ᠎ᠠ ᠤᠷᠠᠯᠢᠭ ᠨᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠨ᠎ᠡ︕
ᠨᠡᠶᠢᠲᠡᠯᠡᠭᠰᠡᠨ ᠴᠠᠭ᠄
2019/4/29
       4 ᠰᠠᠷ᠎ᠠ ᠶᠢᠨ 25 ᠤ ᠡᠳᠦᠷ᠂ ᠶᠢᠨ ᠾᠧ ᠪᠠᠯᠭᠠᠰᠤ ᠶᠢᠨ ᠭᠡᠷᠡᠯᠲᠦ ᠰᠦᠮ᠎ᠡ ᠲᠣᠰᠬᠤᠨ ᠪᠣᠯᠤᠨ ᠬᠠᠭᠤᠴᠢᠨ ᠠᠶᠢᠯ ᠳᠤ᠂ ᠤᠷᠠᠨ ᠪᠢᠴᠢᠯᠭᠡ᠂ ᠤᠷᠠᠨ ᠵᠢᠷᠤᠭ ᠵᠡᠷᠭᠡ ᠤᠷᠠᠯᠢᠭ ᠤᠨ ᠪᠦᠲᠦᠭᠡᠯ ᠲᠣᠰᠬᠤᠨ ᠤ ᠰᠣᠶᠣᠯ ᠤᠨ ᠬᠥᠳᠡᠯᠭᠡᠭᠡᠨ ᠤ ᠲᠠᠰᠤᠭ ᠤᠨ ᠬᠠᠨ᠎ᠠ ᠳᠤ ᠡᠯᠭᠦᠵᠦ᠂ ᠠᠳᠡ ᠭᠠᠵᠠᠷ ᠰᠠᠢ ᠦᠭᠡᠢ ᠰᠣᠶᠣᠯ ᠤᠨ ᠠᠭᠤᠷ ᠠᠮᠢᠰᠬᠤᠯ ᠢᠶᠠᠷ ᠪᠢᠯᠬᠠᠵᠤ᠂  ᠲᠣᠰᠬᠤᠨ ᠤ ᠠᠷᠠᠳ ᠶᠠᠭ ᠰᠠᠶᠢᠬᠠᠨ ᠠᠳᠡ ᠵᠣᠭᠰᠣᠵᠤ ᠰᠣᠨᠢᠷᠬᠠᠨ ᠦᠵᠡᠵᠦ ᠪᠠᠶᠢᠯ᠎ᠠ ᠃ ᠰᠠᠶᠢᠬᠠᠨ ᠲᠣᠭᠤᠷᠢᠭ ᠤᠨ ᠤᠳᠬ᠎ᠠ ᠤᠷᠠᠯᠢᠭ ᠤᠨ ᠬᠢᠨ ᠤ ᠬᠤᠯᠪᠣᠭ᠎ᠠ ᠶᠢᠨ ᠡᠷᠭᠢᠯᠡᠭᠰᠡᠨ ︽ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠠᠵᠢᠯᠯᠠᠭ᠎ᠠ · ᠮᠠᠯᠴᠢᠨ ᠲᠠᠷᠢᠶᠠᠴᠢᠨ ᠤ ᠬᠡᠪ ᠴᠢᠨᠠᠷ ᠢ ᠳᠡᠭᠡᠭᠰᠢᠯᠡᠭᠦᠯᠬᠦ ᠲᠤᠬᠠᠢ ᠪᠢᠴᠢᠯᠭᠡ ᠵᠢᠷᠤᠭ᠂ ᠭᠡᠷᠡᠯ ᠵᠢᠷᠤᠭ᠂ ᠴᠠᠭᠠᠰᠤᠨ ᠬᠠᠶᠢᠴᠢᠯᠠᠮᠠᠯ ᠤᠨ ᠪᠦᠲᠦᠭᠡᠯ ᠤᠨ ᠲᠣᠭᠤᠷᠢᠨ ᠦᠵᠡᠭᠦᠯᠦᠯᠭᠡ ︾ ᠶᠠᠭ ᠠᠳᠡ ᠶᠠᠪᠤᠭᠳᠠᠵᠤ ᠪᠠᠶᠢᠨ᠎ᠠ᠃      ︽ᠡᠨᠡ ᠮᠤᠤᠷ ᠢ ᠶᠡᠭᠡ ᠰᠠᠶᠢᠬᠠᠨ ᠬᠠᠶᠢᠴᠢᠯᠠᠵᠤ ᠪᠠᠶᠢᠨ᠎ᠠ᠂ ᠦᠨᠡᠬᠡᠷ ᠬᠥᠮᠦᠨ ᠢ ᠪᠠᠶᠠᠷᠯᠠᠭᠤᠯᠤᠨ᠎ᠠ︕︾ ᠬᠠᠭᠤᠴᠢᠨ ᠠᠶᠢᠯ ᠤ ᠠᠷᠠᠳ ᠵᠢᠢ ᠰᠢᠤ ᠰᠢᠶᠠ ︽ᠮᠤᠤᠷ︾ ᠰᠢᠷᠢᠰ ᠴᠠᠭᠠᠰᠤᠨ ᠬᠠᠶᠢᠴᠢᠯᠠᠮᠠᠯ ᠤᠨ ᠪᠦᠲᠦᠭᠡᠯ ᠤᠨ ᠡᠮᠦᠨ᠎ᠡ᠂ ᠮᠠᠰᠢ ᠥᠨᠳᠥᠷ ᠴᠠᠭᠠᠰᠤᠨ ᠬᠠᠶᠢᠴᠢᠯᠠᠮᠠᠯ ᠤᠨ ᠤᠷ᠎ᠠ ᠮᠡᠷᠭᠡᠵᠢᠯ ᠳᠤ ᠲᠠᠲᠠᠭᠳᠠᠵᠤ᠂ ᠪᠠᠶᠢᠨ ᠪᠠᠶᠢᠨ ᠮᠠᠭᠲᠠᠨ ᠰᠠᠶᠢᠰᠢᠶᠠᠵᠤ ᠪᠠᠶᠢᠯ᠎ᠠ᠃ ᠢᠳᠡᠷᠡᠭᠦᠨ ᠢᠳᠡᠷᠡᠭᠦᠨ ᠤᠷᠠᠨ ᠪᠢᠴᠢᠯᠭᠡ᠂ ᠦᠩᠭᠡ ᠪᠤᠳᠤᠭ ᠭᠤᠶᠣ ᠰᠠᠶᠢᠬᠠᠨ ᠬᠢᠲᠠᠳ ᠵᠢᠷᠤᠭ᠂ ᠠᠮᠢᠳᠤᠯᠢᠭ ᠰᠠᠶᠢᠬᠠᠨ ᠴᠠᠭᠠᠰᠤᠨ ᠬᠠᠶᠢᠴᠢᠯᠠᠮᠠᠯ᠂ ᠭᠤᠸ᠎ᠠ ᠰᠠᠶᠢᠬᠠᠨ ᠢᠶᠠᠷ ᠪᠣᠳᠠᠲᠤ ᠪᠠᠶᠢᠳᠠᠯ ᠢ ᠵᠢᠷᠤᠭᠯᠠᠭᠰᠠᠨ ᠭᠡᠷᠡᠯ ᠵᠢᠷᠤᠭ᠂ ᠡᠯ᠎ᠡ ᠲᠥᠷᠥᠯ ᠤᠨ ᠤᠷᠠᠨ ᠪᠢᠴᠢᠯᠭᠡ ᠵᠢᠷᠤᠭ ᠤᠨ ᠭᠡᠷᠡᠯ ᠵᠢᠷᠤᠭ ᠤᠨ ᠢᠯᠡᠷᠡᠭᠦᠯᠦᠯ  ᠤᠨ ᠬᠡᠯᠪᠡᠷᠢ ᠪᠤᠶᠤ ᠨᠠᠷᠢᠯᠢᠭ ᠨᠠᠷᠢᠯᠢᠭ᠂ ᠡᠰᠡᠬᠦᠯ᠎ᠡ ᠢᠳᠡᠷᠡᠭᠦᠨ ᠢᠳᠡᠷᠡᠭᠦᠨ᠂ ᠠᠭᠤᠳᠠᠮ ᠰᠦᠷᠯᠢᠭ᠂ ᠨᠠᠷᠢᠯᠢᠭ ᠰᠠᠶᠢᠬᠠᠨ ᠤᠷᠠᠯᠢᠭ ᠤᠨ ᠪᠦᠲᠦᠭᠡᠯ ᠨᠢ ᠲᠣᠰᠬᠤᠨ ᠤ ᠠᠷᠠᠳ ᠤᠨ ᠳᠤᠷ᠎ᠠ ᠰᠣᠨᠢᠷᠬᠠᠯ ᠢ ᠶᠡᠬᠡᠳᠡ ᠬᠥᠭᠵᠢᠭᠡᠭᠰᠡᠨ ᠪᠠᠶᠢᠨ᠎ᠠ᠃      ︽ᠪᠢ ᠪᠠᠶᠠᠨ ᠡᠷᠬᠢᠮ ᠳᠤ ᠳᠤᠷᠠᠲᠠᠶ᠂ ᠮᠠᠨᠳᠠᠷᠠᠸ᠎ᠠ ᠴᠡᠴᠡᠭ ᠪᠠᠶᠠᠨ ᠡᠷᠬᠢᠮ᠂ ᠪᠠᠶᠠᠷ ᠪᠠᠶᠠᠰᠤᠯ ᠢ ᠪᠡᠯᠭᠡᠳᠡᠳᠡᠭ᠃︾ ᠭᠡᠵᠦ ᠭᠡᠷᠡᠯᠲᠦ ᠰᠦᠮ᠎ᠡ ᠲᠣᠰᠬᠤᠨ ᠤ ᠠᠷᠠᠳ ᠰᠢᠤᠸᠠᠢ ᠯᠢᠨ ᠰᠤᠷᠪᠤᠯᠵᠢᠯᠠᠭᠴᠢ ᠳᠤ ᠬᠡᠯᠡᠪᠡ᠃ ᠡᠳᠡᠭᠡᠷ ᠴᠠᠭᠠᠰᠤᠨ ᠬᠠᠶᠢᠴᠢᠯᠠᠮᠠᠯ᠂ ᠤᠷᠠᠨ ᠪᠢᠴᠢᠯᠭᠡ ᠶᠢᠨ ᠪᠦᠲᠦᠭᠡᠯ ᠦᠨᠡᠬᠡᠷ ᠭᠤᠶᠤ᠂ ᠡᠳᠡᠭᠡᠷ ᠤᠷᠠᠯᠢᠭ ᠤᠨ ᠪᠦᠲᠦᠭᠡᠯ ᠢ ᠦᠵᠡᠭᠰᠡᠨ ᠤ ᠲᠠᠷᠠᠭ᠎ᠠ᠂ ᠪᠢᠳᠡ ᠪᠠᠰᠠ ᠤᠷᠠᠨ ᠪᠢᠴᠢᠯᠭᠡ ᠪᠣᠯᠪᠠᠰᠤᠷᠠᠵᠤ᠂ ᠴᠠᠭᠠᠰᠤᠨ ᠬᠠᠶᠢᠴᠢᠯᠠᠮᠠᠯ ᠢ ᠰᠤᠷᠴᠤ᠂ ᠡᠶᠢᠮᠦ ᠦᠵᠡᠰᠬᠦᠯᠡᠩ ᠢ ᠡᠷᠬᠢᠯᠡᠵᠦ᠂ ᠮᠠᠨ ᠤ ᠠᠮᠢᠳᠤᠷᠠᠯ ᠢᠶᠠᠨ ᠪᠠᠶᠠᠯᠢᠭᠵᠢᠭᠤᠯᠤᠶ᠎ᠠ ᠭᠡᠵᠦ ᠪᠣᠳᠣᠵᠤ ᠪᠠᠶᠢᠨ᠎ᠠ ᠭᠡᠪᠡ᠃      ᠣᠶᠢᠯᠠᠭᠠᠭᠰᠠᠨ ᠢᠶᠠᠷ᠂ ᠥᠪᠡᠷᠲᠡᠭᠡᠨ ᠵᠠᠰᠠᠬᠤ ᠣᠷᠣᠨ ᠤ ᠰᠢᠨ᠎ᠡ ᠴᠠᠭ ᠦᠶ᠎ᠡ ᠶᠢᠨ ᠮᠠᠯᠴᠢᠨ ᠲᠠᠷᠢᠶᠠᠴᠢᠨ ᠤ ᠬᠡᠪ ᠴᠢᠨᠠᠷ ᠢ ᠳᠡᠭᠡᠭᠰᠢᠯᠡᠭᠦᠯᠬᠦ ︽ᠮᠢᠩᠭᠠᠨ ᠲᠣᠰᠬᠤᠨ ᠳᠤ ᠵᠢᠱᠢᠶ᠎ᠡ ᠦᠵᠡᠭᠦᠯᠬᠦ ᠲᠦᠮᠡᠨ ᠲᠣᠰᠬᠤᠨ ᠤ ᠠᠵᠢᠯᠯᠠᠭ᠎ᠠ︾ ᠶᠢᠨ ᠲᠣᠬᠢᠷᠠᠭᠤᠯᠤᠯᠲᠠ ᠶᠣᠰᠣᠭᠠᠷ᠂ ᠰᠠᠶᠢᠬᠠᠨ ᠲᠣᠭᠤᠷᠢᠭ ᠤᠨ ᠤᠳᠬ᠎ᠠ ᠤᠷᠠᠯᠢᠭ ᠤᠨ ᠬᠢᠨ ᠤ ᠬᠤᠯᠪᠣᠭ᠎ᠠ ᠤᠷᠠᠨ ᠪᠢᠴᠢᠯᠭᠡ ᠤᠷᠠᠨ ᠵᠢᠷᠤᠭ᠂ ᠭᠡᠷᠡᠯ ᠵᠢᠷᠤᠭ᠂ ᠴᠠᠭᠠᠰᠤᠨ ᠬᠠᠶᠢᠴᠢᠯᠠᠮᠠᠯ ᠤᠨ ᠪᠦᠲᠦᠭᠡᠯ ᠤᠨ ︽ᠤᠳᠬ᠎ᠠ ᠤᠷᠠᠯᠢᠭ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ︾ ᠲᠣᠭᠤᠷᠢᠨ ᠦᠵᠡᠭᠦᠯᠦᠯᠭᠡ ᠶᠢᠨ ᠠᠩᠬᠠᠨ ᠤ ᠦᠵᠡᠭᠦᠯᠦᠯᠭᠡ ᠶᠢ ᠥᠷᠨᠢᠭᠦᠯᠪᠡ᠂ ᠵᠠᠯᠭᠠᠭᠠᠳ᠂ ᠲᠣᠭᠤᠷᠢᠨ ᠦᠵᠡᠭᠦᠯᠬᠦ ᠦᠵᠡᠭᠦᠯᠦᠯᠭᠡ ᠨᠢ ᠬᠠᠷᠢᠶ᠎ᠠ ᠲᠣᠭᠤᠷᠢᠭ ᠤᠨ ᠬᠡᠰᠡᠭ ᠵᠠᠰᠠᠭ ᠵᠠᠬᠢᠷᠭᠠᠨ ᠤ ᠲᠣᠰᠬᠤᠨ ᠳᠤ ᠣᠷᠣᠵᠤ᠂ ᠤᠳᠬ᠎ᠠ ᠤᠷᠠᠯᠢᠭ ᠤᠨ ᠠᠷᠠᠳ ᠣᠯᠠᠨ ᠤ ᠬᠡᠪ ᠴᠢᠨᠠᠷ ᠢ ᠳᠡᠭᠡᠭᠰᠢᠯᠡᠭᠦᠯᠬᠦ ᠥᠪᠡᠷᠮᠢᠴᠡ ᠦᠢᠯᠡᠳᠦᠯ ᠢ ᠭᠦᠢᠴᠡᠳ ᠪᠠᠳᠠᠷᠠᠭᠤᠯᠵᠤ᠂ ᠤᠷᠠᠯᠢᠭ ᠢ ᠠᠷᠠᠳ ᠲᠦᠮᠡᠨ ᠤ ᠳᠤᠮᠳᠠ ᠣᠷᠣᠭᠤᠯᠬᠤ ᠪᠣᠯᠤᠨ᠎ᠠ ᠭᠡᠪᠡ᠃ ︵ᠰᠢᠨ᠎ᠡ ᠵᠠᠭᠤᠴᠢᠯᠠᠭᠤᠷ ᠤᠨ ᠲᠥᠪ᠄ ᠯᠢ ᠶᠢᠩ ᠵᠢᠶᠠᠨ  ᠾᠧ ᠸᠧᠢ︶
 
ᠢᠷᠡᠯᠲᠡ᠄ ᠰᠠᠶᠢᠬᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号