ᠰᠠᠶᠢᠬᠠᠨ ᠲᠣᠭᠤᠷᠢᠭ ᠲᠣᠰᠬᠤᠨ ᠤ ︽ᠬᠤᠶᠠᠷ ᠵᠥᠪᠯᠡᠯ︾ ᠤᠨ ᠪᠦᠷᠢᠯᠳᠦᠬᠦᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠤᠰᠬᠠᠢ ᠰᠡᠳᠦᠪᠲᠦ ᠪᠣᠯᠪᠠᠰᠤᠷᠠᠯ ᠤᠨ ᠠᠩᠬᠢ ᠶᠢ ᠡᠬᠢᠯᠡᠭᠦᠯᠪᠡ
ᠨᠡᠶᠢᠲᠡᠯᠡᠭᠰᠡᠨ ᠴᠠᠭ᠄
2019/4/3
     3 ᠰᠠᠷ᠎ᠠ ᠶᠢᠨ 30 ᠤ ᠡᠳᠦᠷ᠂ ᠰᠠᠶᠢᠬᠠᠨ ᠲᠣᠭᠤᠷᠢᠭ ᠲᠣᠰᠬᠤᠨ ᠤ ︽ᠬᠤᠶᠠᠷ ᠵᠥᠪᠯᠡᠯ︾ ᠤᠨ ᠪᠦᠷᠢᠯᠳᠦᠬᠦᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠤᠰᠬᠠᠢ ᠰᠡᠳᠦᠪᠲᠦ ᠪᠣᠯᠪᠠᠰᠤᠷᠠᠯ ᠤᠨ ᠠᠩᠭᠢ ᠶᠢ ᠡᠬᠢᠯᠡᠭᠦᠯᠪᠡ᠃ ᠲᠣᠭᠤᠷᠢᠭ ᠤᠨ ᠨᠠᠮ ᠤᠨ ᠬᠤᠷᠢᠶ᠎ᠠ ᠶᠢᠨ ᠵᠣᠬᠢᠶᠠᠨ ᠪᠠᠢᠭᠤᠯᠬᠤ ᠬᠡᠯᠲᠡᠰ ᠤᠨ ᠳᠡᠳ᠋ ᠳᠠᠷᠤᠭ᠎ᠠ ᠯᠢ ᡁᠢ ᠶᠦᠩ ᠠᠩᠭᠢ ᠡᠬᠢᠯᠡᠬᠦ ᠶᠣᠰᠣᠯᠠᠯ ᠳᠤ ᠣᠷᠣᠯᠴᠠᠭᠰᠠᠨ ᠪᠥᠭᠡᠳ ᠠᠩᠭᠢ ᠡᠬᠢᠯᠡᠬᠦ ᠳᠠᠢᠴᠢᠯᠠᠯᠲᠠ ᠶᠢᠨ ᠶᠠᠷᠢᠶ᠎ᠠ ᠲᠠᠯᠪᠢᠵᠠᠢ᠃ ᠡᠯ᠎ᠡ ᠪᠠᠯᠭᠠᠰᠤ᠂ ᠲᠠᠷᠢᠶᠠᠯᠠᠩ ᠳᠤ ᠬᠤᠯᠪᠣᠭᠳᠠᠬᠤ ᠵᠡᠭᠡᠯᠢ ᠭᠤᠳᠤᠮᠵᠢ ᠶᠢᠨ ᠨᠠᠮ ︵ᠠᠵᠢᠯᠴᠢᠨ︶ ᠤᠨ ᠬᠤᠷᠢᠶᠠᠨ ᠤ ᠳᠡᠳ᠋ ᠱᠦᠵᠢ᠂ ᠵᠣᠬᠢᠶᠠᠨ ᠪᠠᠶᠢᠭᠤᠯᠤᠭᠴᠢ ᠪᠠ ᠲᠣᠰᠬᠤᠨ ᠤ ︽ᠬᠤᠶᠠᠷ ᠵᠥᠪᠯᠡᠯ︾ ᠤᠨ ᠪᠠᠭ ᠤᠨ ᠪᠦᠷᠢᠯᠳᠦᠬᠦᠨ ᠪᠣᠯᠪᠠᠰᠤᠷᠠᠯ ᠳᠤ ᠣᠷᠣᠯᠴᠠᠪᠠ᠃      ᠬᠤᠷᠠᠯ ᠠᠴᠠ᠂ ᠪᠦᠬᠦ ᠲᠣᠭᠤᠷᠢᠭ ᠤᠨ ᠲᠣᠰᠬᠤᠨ ᠤ ︽ᠬᠤᠶᠠᠷ ᠵᠥᠪᠯᠡᠯ︾ ᠤᠨ ᠺᠠᠲᠠᠷᠴᠤᠳ ᠤᠯᠤᠰ ᠲᠥᠷᠥ ᠶᠢᠨ ᠵᠣᠭᠰᠣᠴᠠ ᠪᠠᠨ ᠴᠢᠨᠠᠭᠰᠢᠳᠠ ᠳᠡᠭᠡᠭᠰᠢᠯᠡᠭᠦᠯᠵᠦ᠂ ︽ᠳᠥᠷᠪᠡᠨ ᠤᠬᠠᠮᠰᠠᠷ︾ ᠢ ᠪᠠᠲᠤ ᠪᠣᠶ ᠪᠣᠯᠭᠠᠵᠤ᠂ ︽ᠳᠥᠷᠪᠡᠨ ᠢᠲᠡᠭᠡᠯ︾ ᠢᠶᠠᠨ ᠪᠠᠲᠤᠳᠬᠠᠵᠤ᠂ ᠲᠠᠰᠤᠷᠠᠯᠲᠠ ᠦᠭᠡᠢ ᠣᠨᠣᠯ ᠤᠨ ᠮᠡᠳᠡᠯᠭᠡ ᠪᠠᠨ ᠲᠡᠭᠦᠯᠳᠡᠷᠵᠢᠭᠦᠯᠵᠦ᠂ ᠠᠵᠢᠯ ᠤᠨ ᠲᠦᠪᠰᠢᠨ ᠢᠶᠠᠨ ᠳᠡᠭᠡᠭᠰᠢᠯᠡᠭᠦᠯᠵᠦ᠂ ᠲᠥᠪ ᠤᠨ ᠥᠪᠡᠷᠲᠡᠭᠡᠨ ᠵᠠᠰᠠᠬᠤ ᠣᠷᠣᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠯᠲᠠ ᠶᠢ ᠪᠠᠶᠢᠴᠠᠭᠠᠭᠰᠠᠨ ᠲᠤᠰᠬᠠᠢ ᠡᠭᠦᠷᠭᠡᠲᠦ ᠴᠡᠭᠴᠡᠯᠡᠨ ᠵᠠᠰᠠᠯᠲᠠ ᠶᠢ ᠰᠠᠶᠢᠲᠤᠷ ᠪᠠᠷᠢᠬᠤ ᠳᠤ ᠲᠦᠪᠯᠡᠷᠡᠨ᠂  ᠴᠠᠭ ᠤᠨ ᠪᠠᠶᠢᠳᠠᠯ ᠢ ᠡᠵᠡᠮᠳᠡᠬᠦ᠂ ᠲᠥᠷᠥ ᠶᠢᠨ ᠪᠣᠳᠣᠯᠭ᠎ᠠ ᠶᠢ ᠡᠵᠡᠮᠰᠢᠬᠦ᠂ ᠠᠰᠠᠭᠤᠳᠠᠯ ᠢ ᠰᠢᠢᠳᠪᠦᠷᠢᠯᠡᠬᠦ᠂ ᠴᠢᠳᠠᠪᠤᠷᠢ ᠬᠡᠪ ᠴᠢᠨᠠᠷ ᠢᠶᠠᠨ ᠳᠡᠭᠡᠭᠰᠢᠯᠡᠭᠦᠯᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠳᠤ ᠬᠦᠴᠦᠨ ᠴᠢᠳᠠᠯ ᠢᠶᠠᠨ ᠡᠷᠭᠦᠬᠦ ᠶᠢ ᠱᠠᠭᠠᠷᠳᠠᠪᠠ᠃      ᠬᠤᠷᠠᠯ ᠠᠴᠠ᠂ ᠪᠦᠬᠦ ᠲᠤᠭᠤᠷᠢᠭ ᠤᠨ ᠲᠣᠰᠬᠤᠨ ᠤ ︽ᠬᠤᠶᠠᠷ ᠵᠥᠪᠯᠡᠯ︾ ᠤᠨ ᠺᠠᠲᠠᠷᠴᠤᠳ ᠬᠠᠷᠠᠯᠲᠠ ᠡᠭᠦᠷᠭᠡ ᠪᠠᠨ ᠲᠣᠳᠣᠷᠬᠠᠶᠢᠯᠠᠵᠤ᠂ ᠰᠤᠷᠤᠯᠴᠠᠬᠤ ᠪᠠᠷ ᠳᠠᠮᠵᠢᠨ ᠤᠯᠤᠰ ᠲᠥᠷᠥ ᠶᠢᠨ ᠣᠨᠣᠯ ᠤᠨ ᠲᠦᠪᠰᠢᠨ ᠪᠣᠯᠤᠨ ᠲᠤᠬᠠᠶᠢᠯᠠᠭᠰᠠᠨ ᠠᠵᠢᠯ ᠤᠨ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠬᠤᠯᠪᠣᠭᠳᠠᠯ ᠪᠦᠬᠦᠢ ᠠᠭᠤᠯᠭ᠎ᠠ ᠪᠣᠯᠤᠨ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠪᠣᠯᠪᠠᠰᠤᠷᠠᠩᠭᠤᠢ ᠡᠵᠡᠮᠰᠢᠬᠦ ᠶᠢ  ᠪᠠᠲᠤᠯᠠᠵᠤ ᠂ ᠲᠤᠰ ᠪᠡᠶ᠎ᠡ ᠶᠢᠨ ᠪᠠᠶᠢᠭᠤᠯᠤᠯᠲᠠ ᠪᠠᠨ ᠴᠢᠨᠠᠭᠰᠢᠳᠠ ᠴᠢᠩᠭᠠᠳᠬᠠᠵᠤ᠂ ᠠᠵᠢᠯ ᠤᠨ ᠰᠢᠨ᠎ᠡ ᠶᠢ ᠡᠭᠦᠳᠬᠦ ᠶᠢ ᠪᠠᠷᠢᠮᠲᠠᠯᠠᠵᠤ᠂ ᠰᠠᠶᠢᠬᠠᠨ ᠲᠣᠭᠤᠷᠢᠭ ᠤᠨ ᠬᠥᠳᠡᠭᠡ ᠲᠣᠰᠬᠤᠨ ᠤ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ ᠢ ᠰᠢᠨ᠎ᠡ ᠳᠡᠭᠲᠡᠷ ᠲᠤ ᠭᠠᠷᠭᠠᠬᠤ ᠶᠢ ᠠᠬᠢᠭᠤᠯᠵᠤ᠂ ᠨᠠᠮ ᠤᠨ ᠪᠠᠶᠢᠭᠤᠯᠤᠯᠲᠠ ᠶᠢᠨ ᠬᠥᠲᠥᠯᠥᠨ ᠳᠠᠭᠠᠭᠤᠯᠬᠤ ᠦᠢᠯᠡᠳᠦᠯ ᠢ ᠪᠠᠳᠠᠷᠠᠭᠤᠯᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠳᠤ ᠪᠠᠲᠤ ᠴᠢᠩᠭ᠎ᠠ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠬᠠᠩᠭᠠᠬᠤ ᠬᠡᠷᠡᠭᠲᠡᠢ ᠭᠡᠵᠦ ᠴᠢᠬᠤᠯᠠᠴᠢᠯᠠᠪᠠ᠃      ᠣᠶᠢᠯᠠᠭᠠᠭᠰᠠᠨ ᠢᠶᠠᠷ᠂ ᠲᠤᠰ ᠤᠳᠠᠭᠠᠨ ᠤ ᠲᠥᠪᠯᠡᠷᠡᠭᠦᠯᠦᠨ ᠡᠭᠡᠯᠵᠢᠯᠡᠨ ᠪᠣᠯᠪᠠᠰᠤᠷᠠᠭᠤᠯᠬᠤ ᠶᠢ ᠨᠡᠶᠢᠲᠡ ᠬᠤᠶᠠᠷ ᠬᠤᠭᠤᠴᠠᠭ᠎ᠠ ᠬᠤᠪᠢᠶᠠᠵᠤ᠂ ᠬᠤᠭᠤᠴᠠᠭ᠎ᠠ ᠪᠦᠷᠢ ᠬᠤᠶᠠᠷ ᠡᠳᠦᠷ᠂ ᠨᠡᠶᠢᠲᠡ738 ᠭᠠᠴᠠᠭᠠᠨ ᠤ ︽ᠬᠤᠶᠠᠷ ᠵᠥᠪᠯᠡᠯ︾ ᠤᠨ ᠪᠦᠷᠢᠯᠳᠦᠬᠦᠨ ᠢ ᠪᠦᠬᠦ ᠲᠠᠯ᠎ᠠ ᠪᠠᠷ ᠡᠭᠡᠯᠵᠢᠯᠡᠨ ᠪᠣᠯᠪᠠᠰᠤᠷᠠᠭᠤᠯᠤᠨ᠎ᠠ᠃ ᠥᠪᠥᠷ ᠮᠣᠩᠭᠤᠯ ᠤᠨ ᠨᠠᠮ ᠤᠨ ᠰᠤᠷᠭᠠᠭᠤᠯᠢ ᠶᠢᠨ ᠳᠡᠳ᠋ ᠫᠷᠣᠹᠧᠰᠰᠣᠷ ᠱᠠ ᠶᠦᠩ ᠮᠧᠶ᠂ ᠬᠦᠬᠡᠬᠤᠲᠠ ᠶᠢᠨ ᠨᠠᠮ ᠤᠨ ᠰᠤᠷᠭᠠᠭᠤᠯᠢ ᠶᠢᠨ ᠳᠡᠳ᠋ ᠫᠷᠣᠹᠧᠰᠰᠣᠷ ᠸᠧᠶ ᠯᠠᠨ᠂ ᠯᠢ ᠧᠨ ᠸᠧᠶ ᠶᠢ ᠪᠤᠯᠪᠠᠰᠤᠷᠠᠭᠤᠯᠠᠯ ᠳᠤ ᠤᠷᠢᠵᠤ ᠲᠤᠰᠬᠠᠶ ᠰᠡᠳᠦᠪᠲᠦ ᠬᠢᠴᠢᠶᠡᠯ ᠤᠷᠤᠭᠤᠯᠪᠠ᠂ ᠡᠭᠦᠨ ᠳᠤ ᠲᠥᠪ ᠤᠨ 1 ᠳ᠋ᠦᠭᠡᠷ ᠲᠣᠭᠠᠲᠤ ᠪᠢᠴᠢᠭ ᠮᠠᠲ᠋ᠧᠷᠢᠶᠠᠯ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ᠂ ᠶᠠᠳᠠᠭᠤ ᠠᠴᠠ ᠠᠩᠭᠢᠵᠢᠷᠠᠭᠤᠯᠬᠤ ᠪᠡᠷᠬᠡ ᠰᠡᠳᠦᠪ ᠢ ᠰᠢᠢᠳᠪᠦᠷᠢᠯᠡᠬᠦ᠂ ᠬᠥᠳᠡᠭᠡ ᠲᠣᠰᠬᠤᠨ ᠤ ᠨᠠᠮ ᠤᠨ ᠪᠠᠢᠭᠤᠯᠤᠯᠲᠠ ᠶᠢ ᠴᠢᠩᠭᠠᠳᠬᠠᠬᠤ᠂ ᠬᠠᠷ᠎ᠠ ᠬᠠᠷᠭᠢᠰ ᠬᠦᠴᠦᠨ ᠢ ᠠᠷᠢᠯᠭᠠᠬᠤ ᠵᠡᠷᠭᠡ ᠠᠭᠤᠯᠭ᠎ᠠ ᠶᠢ ᠪᠠᠭᠲᠠᠭᠠᠪᠠ᠃ ᠪᠣᠯᠪᠠᠰᠤᠷᠠᠯ ᠢᠶᠠᠷ ᠳᠠᠮᠵᠢᠨ᠂ ᠲᠣᠰᠬᠤᠨ ᠤ ︽ᠬᠤᠶᠠᠷ ᠵᠥᠪᠯᠡᠯ︾ ᠤᠨ ᠺᠠᠲᠠᠷᠴᠤᠳ ᠤᠨ ᠠᠵᠢᠯ ᠤᠨ ᠣᠢᠯᠠᠭᠠᠭᠳᠠᠬᠤᠨ ᠢ ᠴᠢᠨᠠᠭᠰᠢᠳᠠ ᠳᠡᠭᠡᠭᠰᠢᠯᠡᠭᠦᠯᠵᠦ᠂ ᠬᠠᠷᠠᠭ᠎ᠠ ᠪᠠᠨ ᠥᠷᠭᠡᠳᠬᠡᠵᠦ᠂ ᠲᠣᠰᠬᠤᠨ ᠤ ︽ᠬᠤᠶᠠᠷ ᠵᠥᠪᠯᠡᠯ︾ ᠤᠨ ᠪᠦᠷᠢᠯᠳᠦᠬᠦᠨ ᠤ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠶᠢ ᠠᠬᠢᠭᠤᠯᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠣᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠵᠦ᠂ ᠮᠠᠨ ᠤ ᠲᠣᠭᠤᠷᠢᠭ ᠤᠨ ᠬᠥᠳᠡᠭᠡ ᠲᠣᠰᠬᠤᠨ ᠤ ᠠᠵᠤ ᠠᠬᠤᠢ ᠨᠡᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠬᠥᠲᠥᠯᠥᠨ ᠳᠠᠭᠠᠭᠤᠯᠪᠠ᠃ ︵ᠰᠢᠨ᠎ᠡ ᠵᠠᠭᠤᠴᠢᠯᠠᠭᠤᠷ ᠤᠨ ᠲᠥᠪ ᠦ᠋ ᠯᠧ ᠯᠢᠦ ᠭᠠᠩ︶
 
ᠢᠷᠡᠯᠲᠡ᠄ ᠰᠠᠶᠢᠬᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号