ᠰᠠᠶᠢᠬᠠᠨ ᠲᠣᠭᠤᠷᠢᠭ ᠬᠠᠪᠤᠷ ᠤᠨ ᠤᠯᠠᠷᠢᠯ ᠤᠨ ᠤᠢ ᠰᠢᠭᠤᠢ ᠨᠤᠲᠤᠭ ᠪᠡᠯᠴᠢᠭᠡᠷ ᠤᠨ ᠲᠦᠢᠮᠡᠷ ᠢ ᠰᠡᠷᠭᠡᠶᠢᠯᠡᠬᠦ ᠠᠵᠢᠯ ᠤᠨ ᠬᠤᠷᠠᠯ ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2019/4/8
     ᠪᠥᠬᠦ ᠤᠯᠤᠰ᠂ ᠪᠥᠬᠦ ᠣᠷᠣᠨ ᠤ ᠣᠢ ᠰᠢᠭᠤᠶ ᠨᠤᠲᠤᠭ ᠪᠡᠯᠴᠢᠭᠡᠷ ᠤᠨ ᠲᠦᠢᠮᠡᠷ ᠢ ᠰᠡᠷᠭᠡᠶᠢᠯᠡᠨ ᠲᠦᠢᠮᠡᠷ ᠢ ᠤᠨᠲᠠᠷᠠᠭᠠᠬᠤ ᠠᠵᠢᠯ ᠤᠨ ᠲᠧᠯᠸᠢᠰ ᠤᠲᠠᠰᠤᠲᠤ ᠬᠤᠷᠠᠯ ᠤᠨ ᠵᠣᠷᠢᠭ ᠰᠠᠨᠠᠭ᠎ᠠ ᠶᠢ ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠬᠠᠪᠤᠷ ᠤᠨ ᠤᠯᠠᠷᠢᠯ ᠤᠨ ᠣᠢ ᠰᠢᠭᠤᠶ ᠨᠤᠲᠤᠭ ᠪᠡᠯᠴᠢᠭᠡᠷ ᠤᠨ ᠲᠦᠢᠮᠡᠷ ᠢ ᠰᠡᠷᠭᠡᠶᠢᠯᠡᠨ ᠲᠦᠢᠮᠡᠷ ᠢ ᠤᠨᠲᠠᠷᠠᠭᠠᠬᠤ ᠠᠵᠢᠯ ᠢ ᠦᠨᠡᠨᠬᠦ ᠰᠠᠶᠢᠲᠤᠷ ᠬᠢᠬᠦ ᠶᠢᠨ ᠲᠥᠯᠥᠭᠡ᠂ 4 ᠰᠠᠷ᠎ᠠ ᠶᠢᠨ 3 ᠤ ᠡᠳᠦᠷ᠂ ᠰᠠᠶᠢᠬᠠᠨ ᠲᠣᠭᠤᠷᠢᠭ ᠬᠠᠪᠤᠷ ᠤᠨ ᠤᠯᠠᠷᠢᠯ ᠤᠨ ᠣᠢ ᠰᠢᠭᠤᠶ ᠨᠤᠲᠤᠭ ᠪᠡᠯᠴᠢᠭᠡᠷ ᠤᠨ ᠲᠦᠢᠮᠡᠷ ᠢ ᠰᠡᠷᠭᠡᠶᠢᠯᠡᠬᠦ ᠠᠵᠢᠯ ᠤᠨ ᠬᠤᠷᠠᠯ ᠢ ᠬᠤᠷᠠᠯᠳᠤᠭᠤᠯᠵᠤ᠂ ᠲᠤᠭᠤᠷᠢᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠲᠣᠭᠤᠷᠢᠭ ᠤᠨ ᠳᠠᠷᠤᠭ᠎ᠠ ᠸᠠᠩ ᠪᠢᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ ᠲᠣᠭᠤᠷᠢᠭ ᠤᠨ ᠳᠠᠷᠤᠭ᠎ᠠ ᠵᠤᠤ ᠵᠢᠦ ᠯᠦᠩ ᠬᠤᠷᠠᠯ ᠢ ᠡᠷᠬᠢᠯᠡᠪᠡ᠃      ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠭᠤᠤᠯ ᠤᠳᠤᠷᠢᠳᠤᠯᠭ᠎ᠠ ᠶᠢᠨ  ᠤᠶᠢᠷ᠎ᠠ ᠶᠢᠨ ᠬᠤᠭᠤᠴᠠᠭᠠᠨ ᠤ ᠣᠢ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠤᠨ ᠲᠤᠬᠠᠢ ᠴᠣᠬᠤᠯᠠᠪᠤᠷᠢ ᠶᠢᠨ ᠵᠣᠷᠢᠭ ᠰᠠᠨᠠᠭ᠎ᠠ᠂ ᠥᠪᠡᠷᠲᠡᠭᠡᠨ ᠵᠠᠰᠠᠬᠤ ᠣᠷᠣᠨ ᠤ ᠣᠢ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠭᠠᠯ ᠤᠨᠲᠠᠷᠠᠭᠠᠬᠤ ᠠᠵᠢᠯ ᠵᠢᠴᠢ ᠨᠡᠶᠢᠭᠡᠮ ᠤᠨ ᠠᠮᠤᠷ ᠲᠦᠪᠰᠢᠨ ᠲᠣᠭᠲᠠᠭᠤᠨ ᠢ ᠬᠠᠮᠠᠭᠠᠯᠠᠬᠤ ᠠᠵᠢᠯ ᠤᠨ ᠬᠠᠷᠠᠭᠠᠨ ᠳᠠᠪᠲᠠᠮᠵᠢ ᠶᠢᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ 2019 ᠤᠨ ᠤ ᠬᠠᠪᠤᠷ ᠤᠨ ᠤᠯᠠᠷᠢᠯ ᠤᠨ ᠭᠠᠯ ᠰᠡᠷᠭᠡᠶᠢᠯᠡᠬᠦ᠂ ᠴᠠᠭ ᠠᠭᠤᠷ ᠤᠨ ᠪᠠᠶᠢᠳᠠᠯ ᠢ ᠵᠠᠳᠠᠯᠤᠨ ᠰᠢᠨᠵᠢᠯᠡᠵᠦ᠂ ᠮᠠᠨ ᠤ  ᠲᠤᠭᠤᠷᠢᠭ ᠤᠨ 2018 ᠣᠨ ᠤ ᠣᠢ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠢ ᠳ᠋ᠦᠩᠨᠡᠭᠰᠡᠨ ᠪᠥᠭᠡᠳ 2019 ᠣᠨ ᠤ ᠠᠵᠢᠯ ᠳᠤ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠪᠡ᠃ ᠵᠤᠤ ᠵᠢᠦ ᠯᠦᠩ ᠲᠤᠭᠤᠷᠢᠭ ᠤᠨ ᠵᠠᠰᠠᠭ ᠤᠨ ᠣᠷᠳᠣᠨ ᠢ ᠲᠥᠯᠥᠭᠡᠯᠡᠨ ᠬᠤᠯᠪᠣᠭᠳᠠᠯ ᠪᠦᠬᠦᠢ ᠨᠢᠭᠡᠴᠡ ᠲᠠᠢ ᠬᠠᠷᠢᠭᠤᠴᠠᠯᠭ᠎ᠠ ᠶᠢᠨ ᠪᠢᠴᠢᠭ ᠲᠤ ᠭᠠᠷ ᠤᠨ ᠦᠰᠦᠭ ᠵᠢᠷᠤᠪᠠ᠃      ᠬᠤᠷᠠᠯ ᠠᠴᠠ ᠴᠢᠬᠤᠯᠠᠴᠢᠯᠠᠭᠰᠠᠨ ᠨᠢ᠂ ᠬᠠᠪᠤᠷ ᠤᠨ ᠤᠯᠠᠷᠢᠯ ᠪᠣᠯ ᠶᠡᠷᠦ ᠠᠴᠠ ᠴᠥᠮ ᠣᠢ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠤᠨ ᠴᠢᠬᠤᠯᠠ ᠴᠠᠭ ᠬᠤᠭᠤᠴᠠᠭ᠎ᠠ ᠮᠥᠨ᠂ ᠪᠠᠰᠠ ᠴᠤ ᠣᠢ ᠰᠢᠭᠤᠶ ᠨᠤᠲᠤᠭ ᠪᠡᠯᠴᠢᠭᠡᠷ ᠤᠨ ᠭᠠᠯ ᠤᠨ ᠭᠠᠮᠰᠢᠭ ᠤᠨ ᠣᠯᠠᠨ ᠡᠭᠦᠰᠬᠦ ᠴᠠᠭ ᠬᠤᠭᠤᠴᠠᠭ᠎ᠠ ᠮᠥᠨ᠂ ᠴᠠᠭ ᠠᠭᠤᠷ ᠤᠨ ᠰᠠᠯᠠᠭ᠎ᠠ ᠮᠥᠴᠢᠷ ᠤᠨ ᠨᠡᠶᠢᠲᠡᠯᠡᠨ ᠮᠡᠳᠡᠭᠳᠡᠭᠰᠡᠨ ᠭᠠᠯ ᠰᠡᠷᠭᠡᠶᠢᠯᠡᠬᠦ ᠴᠠᠭ ᠠᠭᠤᠷ ᠤᠨ ᠪᠠᠶᠢᠳᠠᠯ ᠪᠠ ᠬᠠᠪᠤᠷ ᠴᠠᠭ ᠤᠨ ᠣᠶᠢᠲᠤ ᠣᠷᠣᠨ ᠤ ᠠᠭᠤᠷ ᠠᠮᠢᠰᠬᠤᠯ ᠭᠠᠩ ᠬᠠᠭᠤᠷᠠᠶ ᠪᠠᠶᠢᠬᠤ ᠪᠣᠳᠠᠲᠠᠶ ᠪᠠᠶᠢᠳᠠᠯ ᠠᠴᠠ ᠦᠵᠡᠪᠡᠯ᠂ ᠡᠨᠡ ᠵᠢᠯ ᠤᠨ ᠬᠠᠪᠤᠷ ᠤᠨ ᠤᠯᠠᠷᠢᠯ ᠳᠤ ᠮᠠᠨ ᠤ  ᠲᠤᠭᠤᠷᠢᠭ ᠤᠨ ᠭᠠᠯ ᠤᠨ ᠠᠶᠤᠯ ᠤᠨ ᠳᠠᠯᠳᠠ ᠬᠡᠮ ᠤᠨ ᠳᠠᠷᠤᠯᠲᠠ ᠮᠥᠨ ᠬᠦ ᠮᠠᠰᠢ ᠶᠡᠭᠡ ᠪᠠᠶᠢᠵᠤ᠂ ᠭᠠᠯ ᠤᠨ ᠠᠶᠤᠯ ᠤᠨ ᠪᠠᠢᠳᠠᠯ  ᠮᠦᠨ ᠬᠡᠴᠡᠭᠦᠦ ᠪᠠᠶᠢᠨ᠎ᠠ᠃ ᠡᠯ᠎ᠡ ᠬᠠᠮᠢᠶ᠎ᠠ ᠪᠦᠬᠦᠢ ᠨᠢᠭᠡᠴᠡ ᠪᠠᠶᠢᠳᠠᠯ ᠢ ᠲᠣᠳᠣᠷᠬᠠᠢ ᠲᠠᠨᠢᠵᠤ᠂ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠤᠢ ᠰᠢᠭᠤᠢ ᠶᠢᠨ ᠭᠠᠯ ᠰᠡᠷᠭᠡᠶᠢᠯᠡᠬᠦ ᠠᠵᠢᠯ ᠢ ᠰᠠᠶᠢᠲᠤᠷ ᠬᠢᠬᠦ ᠬᠠᠷᠢᠭᠤᠴᠠᠯᠭᠠᠲᠤ ᠰᠡᠳᠬᠢᠯᠭᠡ ᠪᠣᠯᠤᠨ ᠲᠤᠯᠭᠠᠮ᠎ᠠ ᠰᠡᠳᠬᠢᠯᠭᠡ ᠪᠠᠨ ᠦᠨᠡᠨᠬᠦ ᠴᠢᠩᠭᠠᠳᠬᠠᠬᠤ ᠬᠡᠷᠡᠭᠲᠡᠢ᠃ ᠰᠧᠴᠤᠸᠠᠨ ᠯᠢᠶᠠᠩᠱᠠᠨ ᠤ ᠭᠠᠯ ᠤᠨ ᠭᠠᠮᠰᠢᠭ ᠤᠨ ᠬᠠᠷᠠᠰᠠᠯᠲᠤ ᠰᠤᠷᠭᠠᠮᠵᠢ ᠶᠢ ᠬᠦᠯᠢᠶᠡᠨ ᠠᠪᠴᠤ᠂ ᠤᠯᠠᠨ ᠲᠦᠮᠡᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠬᠠᠮᠠᠭᠠᠯᠠᠬᠤ᠂ ᠠᠮᠢ ᠠᠬᠤᠢ ᠶᠢᠨ ᠡᠬᠢ ᠪᠠᠶᠠᠯᠢᠭ ᠢ ᠬᠠᠮᠠᠭᠠᠯᠠᠬᠤ ᠪᠠ ᠠᠮᠢ ᠠᠬᠤᠢ ᠶᠢᠨ ᠪᠣᠯᠪᠠᠰᠤᠨ ᠤ ᠪᠠᠢᠭᠤᠯᠤᠯᠲᠠ ᠶᠢ ᠠᠬᠢᠭᠤᠯᠬᠤ ᠤᠯᠤᠰ ᠲᠥᠷᠥ ᠶᠢᠨ ᠥᠨᠳᠥᠷᠴᠡ ᠠᠴᠠ ᠣᠳᠣᠬᠠᠨ ᠤ ᠭᠠᠯ ᠰᠡᠷᠭᠡᠶᠢᠯᠡᠬᠦ ᠪᠠᠶᠢᠳᠠᠯ ᠢ ᠲᠠᠨᠢᠵᠤ᠂ ᠤᠯᠤᠰ ᠲᠥᠷᠥ ᠶᠢᠨ ᠵᠣᠭᠰᠣᠴᠠ ᠪᠠᠨ ᠦᠨᠡᠨ ᠬᠦ ᠳᠡᠭᠡᠭᠰᠢᠯᠡᠭᠦᠯᠵᠦ᠂ ᠭᠠᠯ ᠰᠡᠷᠭᠡᠶᠢᠯᠡᠬᠦ ᠠᠵᠢᠯ ᠢ ᠨᠢᠭᠡ ᠵᠦᠢᠯ ᠤᠨ ᠤᠯᠤᠰ ᠲᠥᠷᠥ ᠶᠢᠨ ᠡᠭᠦᠷᠭᠡ ᠪᠣᠯᠭᠠᠨ ᠠᠳᠬᠤᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠨ᠂ ᠥᠨᠳᠥᠷ ᠪᠠᠷᠢᠮᠵᠢᠶ᠎ᠠ᠂ ᠴᠢᠩᠭ᠎ᠠ ᠱᠠᠭᠠᠷᠳᠠᠯᠭ᠎ᠠ ᠪᠠᠷ ᠣᠢ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠤᠨ ᠬᠠᠷᠢᠭᠤᠴᠠᠯᠭ᠎ᠠ ᠶᠢ ᠮᠥᠷᠥᠨ ᠳᠡᠭᠡᠨ ᠡᠭᠦᠷᠭᠡᠯᠡᠨ᠂ ᠭᠠᠷ ᠲᠠᠭᠠᠨ ᠠᠳᠬᠤᠵᠤ᠂ ᠪᠣᠳᠠᠲᠠᠶ ᠪᠠᠷ ᠨᠠᠶᠢᠳᠠᠪᠤᠷᠢᠵᠢᠭᠤᠯᠬᠤ ᠬᠡᠷᠡᠭᠲᠡᠶ᠃ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠠᠷᠭ᠎ᠠ ᠬᠡᠮᠵᠢᠶ᠎ᠡ ᠶᠢᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠵᠤ᠂ ᠰᠡᠷᠭᠡᠶᠢᠯᠡᠨ ᠡᠵᠡᠮᠳᠡᠬᠦ ᠴᠢᠳᠠᠪᠤᠷᠢ ᠪᠣᠯᠤᠨ ᠵᠠᠰᠠᠯᠲᠠ ᠶᠢᠨ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ᠃ ᠡᠯ᠎ᠡ ᠭᠠᠵᠠᠷ ᠣᠷᠣᠨ ᠪᠠ ᠣᠢ ᠰᠢᠭᠤᠶ ᠵᠡᠷᠭᠡ ᠬᠠᠮᠢᠶ᠎ᠠ ᠪᠦᠬᠦᠢ ᠨᠢᠭᠡᠴᠡ ᠶᠢᠨ ᠬᠠᠷᠢᠭᠤᠴᠠᠯᠭᠠᠲᠠᠳ ᠵᠠᠰᠠᠭ ᠵᠠᠬᠢᠷᠭᠠᠨ ᠤ ︽ᠨᠢᠭᠡᠳᠦᠭᠡᠷ ᠭᠠᠷ︾ ᠤᠨ ᠬᠠᠷᠢᠭᠤᠴᠠᠯᠭ᠎ᠠ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ︽ᠰᠡᠷᠭᠡᠶᠢᠯᠡᠬᠦ ᠪᠠᠷ ᠭᠤᠤᠯ ᠪᠣᠯᠭᠠᠵᠤ᠂ ᠰᠡᠷᠭᠡᠶᠢᠯᠡᠨ ᠤᠨᠲᠠᠷᠠᠭᠠᠬᠤ ᠶᠢ ᠤᠶᠠᠯᠳᠤᠭᠤᠯᠬᠤ︾ ᠶᠢ ᠳᠣᠪᠤᠶᠢᠯᠭᠠᠨ ᠰᠠᠶᠢᠲᠤᠷ ᠠᠳᠬᠤᠵᠤ᠂ ᠬᠠᠩᠰᠢ ᠶᠢᠨ ᠡᠳᠦᠷ ᠤᠨ ᠬᠤᠭᠤᠴᠠᠭᠠᠨ ᠳᠠᠬᠢ ᠬᠡᠭᠡᠷ᠎ᠡ ᠭᠠᠳᠠᠨᠠᠬᠢ ᠭᠠᠯ ᠤᠨ ᠢᠷᠡᠯᠲᠡ ᠶᠢᠨ ᠬᠠᠮᠢᠶᠠᠷᠤᠯᠲᠠ ᠶᠢ ᠳᠣᠪᠤᠶᠢᠯᠭᠠᠨ ᠰᠠᠶᠢᠲᠤᠷ ᠠᠳᠬᠤᠵᠤ᠂ ᠯᠠ ᠠᠰᠠᠭᠠᠵᠤ ᠬᠦᠵᠢ ᠠᠰᠠᠭᠠᠬᠤ᠂ ᠴᠠᠭᠠᠰᠤ ᠨᠣᠴᠣᠭᠠᠬᠤ ᠶᠢ ᠴᠢᠩᠭ᠎ᠠ ᠴᠠᠭᠠᠵᠠᠯᠠᠵᠤ᠂ ᠭᠠᠯ ᠤᠨ ᠢᠷᠡᠯᠲᠡ ᠶᠢᠨ ᠳᠠᠯᠳᠠ ᠬᠡᠮ ᠢ ᠡᠬᠢ ᠰᠤᠷᠪᠤᠯᠵᠢ ᠠᠴᠠ ᠨᠢ ᠠᠷᠢᠯᠭᠠᠬᠤ ᠬᠡᠷᠡᠭᠲᠡᠶ᠃ ᠱᠠᠯᠠᠪᠳᠠᠭᠤᠯᠤᠨ ᠪᠠᠶᠢᠴᠠᠭᠠᠵᠤ ᠬᠠᠷᠢᠭᠤᠴᠠᠯᠭ᠎ᠠ ᠨᠡᠬᠡᠮᠵᠢᠯᠡᠬᠦ ᠶᠢ ᠴᠢᠩᠭᠠᠳᠬᠠᠵᠤ᠂ ᠡᠯ᠎ᠡ ᠵᠦᠢᠯ ᠤᠨ ᠠᠵᠢᠯ ᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ᠃ ᠡᠯ᠎ᠡ ᠪᠠᠯᠭᠠᠰᠤ᠂ ᠲᠠᠷᠢᠶᠠᠯᠠᠩ ᠳᠤ ᠬᠤᠯᠪᠣᠭᠳᠠᠬᠤ ᠵᠡᠭᠡᠯᠢ ᠭᠤᠳᠤᠮᠵᠢ ᠪᠣᠯᠤᠨ ᠤᠢ ᠰᠢᠭᠤᠢ ᠶᠢᠨ ᠲᠣᠪᠴᠢᠶ᠎ᠠ ᠰᠢᠮᠳᠠᠭᠤᠯᠤᠨ ᠪᠠᠢᠴᠠᠭᠠᠬᠤ ᠡᠷᠴᠢᠮ ᠢᠶᠠᠨ ᠨᠡᠮᠡᠭᠳᠡᠭᠦᠯᠵᠦ᠂ ᠲᠤᠰᠬᠠᠢ ᠬᠥᠮᠥᠨ ᠢᠶᠠᠷ ᠠᠵᠢᠯ ᠢᠶᠠᠨ ᠪᠦᠬᠦ ᠲᠠᠯ᠎ᠠ ᠪᠠᠷ ᠰᠢᠮᠳᠠᠭᠤᠯᠤᠨ ᠪᠠᠢᠴᠠᠭᠠᠯᠭᠠᠵᠤ᠂ ᠠᠰᠠᠭᠤᠳᠠᠯ ᠢ ᠴᠠᠭ ᠲᠤᠬᠠᠢ ᠲᠤᠨᠢ ᠣᠯᠵᠤ ᠮᠡᠳᠡᠨ᠂ ᠴᠠᠭ  ᠲᠤᠬᠠᠢ ᠳᠤᠨᠢ  ᠴᠡᠭᠴᠡᠯᠡᠨ ᠰᠠᠶᠢᠵᠢᠷᠠᠭᠤᠯᠵᠤ᠂ ᠭᠠᠯ ᠰᠡᠷᠭᠡᠶᠢᠯᠡᠬᠦ  ᠠᠵᠢᠯ ᠤᠨ ᠳᠤᠮᠳᠠ ᠬᠠᠷᠢᠭᠤᠴᠠᠯᠭ᠎ᠠ ᠶᠢ ᠰᠠᠶᠢᠲᠤᠷ ᠨᠠᠶᠢᠳᠠᠪᠤᠷᠢᠵᠢᠭᠤᠯᠤᠭᠰᠠᠨ ᠥᠬᠡᠶ᠂ ᠬᠠᠷᠢᠭᠤᠴᠠᠯᠭ᠎ᠠ ᠪᠠᠨ ᠠᠯᠳᠠᠵᠤ ᠲᠤᠰᠢᠶᠠᠯ ᠢᠶᠠᠨ ᠭᠤᠲᠤᠭᠠᠭᠰᠠᠨ ᠠᠴᠠ ᠪᠣᠯᠵᠤ ᠤᠢ ᠰᠢᠭᠤᠢ ᠶᠢᠨ ᠭᠠᠯ ᠤᠨ ᠠᠶᠤᠯ ᠭᠠᠷᠤᠭᠰᠠᠨ ᠪᠣᠯ ᠬᠠᠷᠢᠭᠤᠴᠠᠯᠭ᠎ᠠ ᠨᠡᠬᠡᠮᠵᠢᠯᠡᠬᠦ ᠲᠣᠭᠲᠠᠴᠠ ᠶᠢ ᠳᠠᠷᠤᠶᠢᠬᠠᠨ ᠡᠬᠢᠯᠡᠭᠦᠯᠵᠦ᠂ ᠬᠠᠤᠯᠢ ᠲᠤᠭᠲᠠᠭᠠᠯ ᠢ ᠴᠢᠩᠭ᠎ᠠ ᠵᠢᠷᠤᠮᠯᠠᠨ ᠪᠣᠳᠠᠲᠠᠢ ᠰᠢᠢᠳᠬᠡᠨ᠂ ᠶᠠᠭᠠᠬᠢᠭᠰᠠᠨ ᠴᠤ ᠢᠯᠳᠠᠷ ᠬᠠᠶᠠᠵᠤ ᠪᠣᠯᠬᠤ ᠥᠬᠡᠶ᠃      ᠬᠤᠷᠠᠯ ᠠᠴᠠ᠂ ᠤᠢ ᠰᠢᠭᠤᠢ ᠨᠤᠲᠤᠭ ᠪᠡᠯᠴᠢᠭᠡᠷ ᠤᠨ ᠲᠦᠢᠮᠡᠷ ᠢ ᠰᠡᠷᠭᠡᠶᠢᠯᠡᠨ ᠲᠦᠢᠮᠡᠷ ᠢ ᠤᠨᠲᠠᠷᠠᠭᠠᠬᠤ ᠠᠵᠢᠯ ᠢ ᠰᠠᠶᠢᠲᠤᠷ ᠬᠢᠬᠦ ᠨᠢ ᠠᠮᠢ ᠠᠬᠤᠢ ᠶᠢᠨ ᠪᠦᠲᠦᠭᠡᠨ  ᠪᠠᠶᠢᠴᠠᠭᠠᠯᠲᠠ ᠪᠣᠯᠤᠨ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠲᠠᠢ ᠬᠤᠯᠪᠣᠭᠳᠠᠵᠤ᠂ ᠪᠦᠬᠦ ᠲᠤᠭᠤᠷᠢᠭ ᠤᠨ ᠵᠠᠶᠢᠯᠠᠭᠤᠯᠵᠤ ᠪᠣᠯᠣᠰᠢ ᠦᠭᠡᠢ ᠬᠠᠷᠢᠭᠤᠴᠠᠯᠭ᠎ᠠ ᠪᠣᠯᠤᠨ᠎ᠠ᠃ ᠬᠠᠩᠰᠢ ᠬᠦᠷᠴᠦ ᠢᠷᠡᠬᠦ ᠲᠠᠰᠢᠷᠠᠮ ᠢᠶᠠᠷ᠂ ᠡᠯ᠎ᠡ ᠨᠢᠭᠡᠴᠡ ᠶᠢᠨ ᠬᠢᠨ ᠳᠠᠷᠤᠶᠢᠬᠠᠨ ᠬᠥᠳᠡᠯᠦᠯᠴᠡᠵᠦ᠂ ᠭᠤᠤᠯᠳᠠᠯᠭ᠎ᠠ ᠪᠠᠨ ᠴᠢᠩᠭ᠎ᠠ ᠠᠩᠬᠠᠷᠴᠤ᠂ ᠴᠢᠩᠭ᠎ᠠ ᠰᠡᠷᠭᠡᠶᠢᠯᠡᠨ ᠴᠢᠩᠭ᠎ᠠ ᠬᠠᠮᠢᠶᠠᠷᠴᠤ᠂ ᠡᠨᠡ ᠬᠠᠪᠤᠷ ᠤᠨ ᠣᠢ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠨᠢᠭᠡᠳᠦᠭᠡᠷ ᠳᠠᠶᠢᠯᠠᠯᠳᠤᠭᠠᠨ ᠢ ᠦᠨᠡᠨ ᠬᠦ ᠰᠠᠶᠢᠲᠤᠷ ᠬᠢᠵᠦ᠂ ᠪᠥᠬᠦ ᠵᠢᠯ ᠤᠨ ᠭᠠᠯ ᠰᠡᠷᠭᠡᠶᠢᠯᠡᠬᠦ ᠠᠵᠢᠯ ᠳᠤ ᠥᠴᠦᠬᠡᠨ ᠴᠦ ᠠᠯᠳᠠᠰᠢ ᠥᠬᠡᠶ ᠪᠠᠶᠢᠬᠤ ᠶᠢ ᠦᠨᠡᠨᠬᠦ ᠪᠠᠲᠤᠯᠠᠵᠤ᠂ ᠠᠷᠠᠳ ᠲᠦᠮᠡᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠠᠲᠤᠯᠠᠬᠤ᠂ ᠣᠢ ᠰᠢᠭᠤᠶ ᠨᠤᠲᠤᠭ ᠪᠡᠯᠴᠢᠭᠡᠷ ᠤᠨ ᠡᠬᠢ ᠪᠠᠶᠠᠯᠢᠭ ᠢ ᠬᠠᠮᠠᠭᠠᠯᠠᠬᠤ᠂ ᠠᠮᠢ ᠠᠬᠤᠢ ᠶᠢᠨ ᠠᠮᠤᠷ ᠲᠦᠪᠰᠢᠨ ᠢ ᠬᠠᠮᠠᠭᠠᠯᠠᠬᠤ ᠳᠤ ᠦᠵᠡᠭᠦᠯᠪᠡᠰᠦ ᠵᠣᠬᠢᠬᠤ ᠬᠤᠪᠢ ᠨᠡᠮᠡᠷᠢ ᠪᠠᠨ ᠦᠵᠡᠭᠦᠯᠬᠦ ᠬᠡᠷᠡᠭᠲᠡᠶ᠃ ︵ᠰᠢᠨ᠎ᠡ ᠵᠠᠭᠤᠴᠢᠯᠠᠭᠤᠷ ᠤᠨ ᠲᠥᠪ ᠹᠧᠩ ᠯᠧᠢ    ᠵᠠᠩ ᠶᠦᠩ ᠱᠧᠩ︶  
 
ᠢᠷᠡᠯᠲᠡ᠄ ᠰᠠᠶᠢᠬᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号