ᠬᠠᠪᠤᠷ ᠤᠨ ᠰᠠᠶᠢᠬᠠᠨ ᠴᠠᠭ ᠲᠤ ᠮᠣᠳᠣ ᠲᠠᠷᠢᠵᠠᠭᠠᠶ᠎ᠠ
ᠨᠡᠶᠢᠲᠡᠯᠡᠭᠰᠡᠨ ᠴᠠᠭ᠄
2019/5/5
     4 ᠰᠠᠷ᠎ᠠ ᠶᠢᠨ 29 ᠤ ᠡᠳᠦᠷ᠂  ᠬᠤᠸᠠᠬᠤᠰᠢᠭᠤ ᠪᠠᠯᠭᠠᠰᠤ ᠪᠠᠶᠢᠭᠤᠯᠤᠯᠭ᠎ᠠ ᠶᠢᠨ ᠨᠠᠮ ᠤᠨ ᠡᠭᠦᠷ ᠤᠨ ᠨᠠᠮ ᠤᠨ ᠭᠡᠰᠢᠭᠦᠨ᠂ ᠰᠢᠨ᠎ᠡ ᠴᠠᠭ ᠦᠶ᠎ᠡ ᠶᠢᠨ ᠪᠣᠯᠪᠠᠰᠤᠨ ᠦᠢᠯᠡᠳᠦᠯᠭᠡ ᠶᠢᠨ ᠠᠩᠭᠢ ᠶᠢᠨ ᠪᠦᠷᠢᠯᠳᠦᠬᠦᠨ ᠵᠢᠴᠢ ᠬᠡᠰᠡᠭ ᠡᠪᠯᠡᠯ ᠤᠨ ᠭᠡᠰᠢᠭᠦᠨ ᠵᠠᠯᠠᠭᠤᠴᠤᠳ ᠢ ᠵᠣᠬᠢᠶᠠᠨ  ᠪᠠᠶᠢᠭᠤᠯᠵᠤ᠂ ᠬᠤᠸᠠᠬᠤᠰᠢᠭᠤ ᠪᠠᠯᠭᠠᠰᠤᠨ ᠤ ᠬᠤᠳᠠᠯᠳᠤᠭᠠᠨ ᠤ ᠵᠡᠭᠡᠯᠢ ᠲᠥᠪᠯᠡᠷᠡᠭᠰᠡᠨ ᠣᠷᠣᠨ ᠳᠤ ᠠᠯᠪᠠᠨ ᠵᠢᠷᠤᠮ ᠤᠨ ᠮᠣᠳᠣ ᠵᠠᠶᠢᠯᠠᠪᠠ᠃      ᠬᠦᠷᠵᠡ ᠬᠤᠷᠦ᠋ᠢᠯᠠᠵᠤ ᠮᠣᠳᠣᠨ ᠨᠦᠬᠡ ᠶᠢ ᠪᠥᠭᠯᠡᠭᠡᠳ᠂ ᠰᠢᠨ᠎ᠡ ᠰᠢᠷᠣᠶ ᠶᠢᠨ ᠣᠪᠣᠭ᠎ᠠ ᠶᠢ ᠪᠠᠬᠢᠯᠡᠨ ᠬᠠᠰᠢᠯᠭ᠎ᠠ ᠪᠣᠰᠬᠠᠨ᠎ᠠ᠃ ᠮᠣᠳᠣ ᠵᠠᠶᠢᠯᠠᠬᠤ ᠲᠤᠬᠠᠢ ᠶᠢᠨ ᠲᠠᠯᠠᠪᠠᠢ ᠮᠠᠰᠢ ᠶᠠᠭᠠᠷᠠᠯᠲᠠᠢ ᠪᠠᠶᠢᠯ᠎ᠠ᠂ ᠬᠥᠳᠡᠯᠮᠦᠷᠢ ᠳᠤ ᠣᠷᠣᠯᠴᠠᠭᠰᠠᠨ ᠨᠠᠮ ᠤᠨ ᠭᠡᠰᠢᠭᠦᠨ ᠰᠠᠶᠢᠨ ᠳᠤᠷ᠎ᠠ ᠶᠢᠨ ᠠᠵᠢᠭᠯᠠᠭᠴᠢ ᠶᠢᠨ ᠵᠠᠷᠢᠮ ᠨᠢ ᠬᠦᠷᠵᠡ ᠪᠠᠷ ᠰᠢᠷᠣᠢ ᠪᠥᠭᠯᠡᠵᠦ᠂ ᠵᠠᠷᠢᠮ ᠨᠢ ᠪᠡᠶ᠎ᠡ ᠪᠥᠬᠦ᠋ᠢᠨ ᠴᠢᠬᠢ ᠮᠣᠳᠣ ᠤᠰᠤᠯᠠᠵᠤ᠂ ᠵᠠᠷᠢᠮ ᠨᠢ ᠠᠵᠢᠯᠯᠠᠬᠤ ᠶᠢᠨ ᠳᠠᠭᠠᠤ ᠣᠯᠠᠨ ᠲᠠᠢ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠬᠤ᠂ ᠠᠮᠢ ᠠᠬᠤᠢ ᠶᠢᠨ ᠣᠷᠴᠢᠨ ᠲᠣᠭᠤᠷᠢᠨ ᠢ ᠰᠠᠶᠢᠵᠢᠷᠠᠭᠤᠯᠬᠤ ᠦᠵᠡᠯᠲᠡ ᠪᠠᠨ ᠰᠣᠯᠢᠯᠴᠠᠵᠠᠢ᠃ ᠬᠥᠷ ᠬᠥᠭᠵᠢᠶᠡᠨ ᠲᠠᠢ ᠬᠥᠳᠡᠯᠮᠦᠷᠢ ᠪᠠᠷ ᠳᠠᠮᠵᠢᠨ᠂ ᠰᠢᠨ᠎ᠡ ᠪᠠᠷ   ᠵᠠᠶᠢᠯᠠᠭᠰᠠᠨ ᠨᠢᠭᠡ ᠰᠠᠭᠤᠷᠢ ᠴᠢᠬᠢ ᠮᠣᠳᠣ ᠰᠠᠯᠬᠢᠨ ᠤ ᠠᠶ᠎ᠠ ᠪᠠᠷ ᠰᠡᠬᠦ᠋ᠢᠨ ᠰᠦᠨᠳᠡᠷᠯᠡᠵᠦ᠂ ᠬᠤᠳᠠᠯᠳᠤᠭᠠᠨ ᠤ ᠲᠣᠭᠤᠷᠢᠭ ᠲᠤ ᠪᠠᠰᠠ ᠨᠢᠭᠡ ᠬᠡᠰᠡᠭ ᠨᠣᠭᠤᠭᠠᠨ ᠠᠮᠢᠵᠢᠷᠠᠯ ᠤᠨ ᠬᠦᠴᠦᠨ ᠨᠡᠮᠡᠷᠢᠯᠡᠪᠡ᠃      ᠮᠣᠳᠣ ᠵᠠᠶᠢᠯᠠᠵᠤ ᠣᠶᠢᠵᠢᠭᠤᠯᠬᠤ ᠨᠢ ᠣᠳᠣ ᠦᠶ᠎ᠡ ᠳᠤ ᠭᠠᠪᠢᠶ᠎ᠠ ᠲᠠᠢ᠂ ᠥᠨᠢ ᠡᠭᠦᠷᠢᠳᠡ ᠠᠰᠢᠭ ᠲᠤᠰᠠ ᠲᠠᠢ ᠶᠤᠮ᠂ ᠰᠠᠶᠢᠨ ᠳᠤᠷ᠎ᠠ ᠶᠢᠨ ᠠᠵᠢᠭᠯᠠᠭᠰᠠᠳ ᠮᠣᠳᠣ ᠵᠠᠶᠢᠯᠠᠬᠤ ᠠᠵᠢᠯᠯᠠᠭ᠎ᠠ ᠳᠤ ᠣᠷᠣᠯᠴᠠᠬᠤ ᠨᠢ ᠮᠠᠰᠢ ᠶᠡᠭᠡ ᠠᠴᠢ ᠬᠤᠯᠪᠣᠭᠳᠠᠯ ᠲᠠᠢ ᠶᠤᠮ ᠭᠡᠵᠦ ᠢᠯᠡᠳᠬᠡᠵᠡᠭᠡᠪᠡ᠃ ︵ ᠰᠠᠶᠢᠬᠠᠨ ᠲᠣᠭᠤᠷᠢᠭ ᠤᠨ ᠬᠤᠸᠠᠬᠤᠰᠢᠭᠤ  ᠪᠠᠯᠭᠠᠰᠤ︶  
 
ᠢᠷᠡᠯᠲᠡ᠄ ᠰᠠᠶᠢᠬᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号