ᠰᠤᠷᠪᠤᠯᠵᠢᠯᠠᠭᠰᠠᠨ ᠴᠠᠭ᠄ 2019 ᠣᠨ ᠤ 03 ᠳ᠋ᠤᠭᠠᠷ ᠰᠠᠷ᠎ᠠ ᠶᠢᠨ 27 ᠤ ᠡᠳᠦᠷ ᠤᠨ 15 ᠴᠠᠭ | | ᠰᠤᠷᠪᠤᠯᠵᠢᠯᠠᠭ᠎ᠠ ᠬᠦᠯᠢᠶᠡᠭᠴᠢ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠢᠨᠠᠨ ᠪᠣᠳᠣᠬᠤ | ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ ︵ᠳᠡᠳ᠋ ᠲᠢᠩᠬᠢᠮ ᠤᠨ ᠳᠡᠰ︶ ᠵᠠᠩ ᠯᠢᠶᠠᠩ | ᠰᠤᠷᠪᠤᠯᠵᠢᠯᠠᠭ᠎ᠠ ᠶᠢᠨ ᠲᠣᠪᠴᠢ ᠲᠠᠨᠢᠯᠴᠠᠭᠤᠯᠭ᠎ᠠ᠄ ᠣᠶᠢᠷ᠎ᠠ ᠳᠤ᠂ ᠪᠢᠳᠡ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠬᠢᠨᠠᠨ ᠪᠣᠳᠣᠬᠤ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ | ᠭᠡᠰᠢᠭᠦᠨ ᠵᠠᠩ ᠯᠢᠶᠠᠩ ᠢ ᠤᠷᠢᠵᠤ᠂ ᠬᠢᠨᠠᠨ ᠪᠣᠳᠣᠬᠤ ᠹᠷᠣᠨᠲ ᠤᠨ ᠬᠢᠨ ᠤ ᠶᠠᠳᠠᠭᠤ ᠠᠴᠠ ᠠᠩᠭᠢᠵᠢᠷᠠᠭᠤᠯᠬᠤ | ᠰᠢᠪᠲᠤᠯᠤᠯᠲᠠ ᠶᠢᠨ ᠳᠠᠶᠢᠯᠠᠯᠳᠤᠭᠠᠨ ᠤ ᠢᠯᠠᠯᠲᠠ ᠶᠢ ᠣᠯᠬᠤ ᠳᠤ ᠬᠦᠴᠦᠯᠡᠬᠦ ᠶᠠᠪᠤᠴᠠ ᠳᠤ ᠦᠵᠡᠭᠦᠯᠦᠭᠰᠡᠨ | ᠴᠢᠬᠤᠯᠠ ᠦᠢᠯᠡᠳᠦᠯ ᠤᠨ ᠲᠤᠬᠠᠢ ᠲᠠᠶᠢᠯᠤᠮᠵᠢ ᠬᠢᠯᠭᠡᠪᠡ᠃ | ᠰᠤᠷᠪᠤᠯᠵᠢᠯᠠᠭ᠎ᠠ ᠶᠢᠨ ᠪᠣᠳᠠᠲᠤ ᠲᠡᠮᠳᠡᠭᠯᠡᠯ | ᠬᠥᠲᠥᠯᠥᠭᠴᠢ᠄ ᠰᠦᠯᠵᠢᠶᠡᠨ ᠤ ᠠᠨᠳᠠ ᠨᠠᠷ ᠰᠠᠶᠢᠨ ᠪᠠᠶᠢᠵᠠᠭᠠᠨ᠎ᠠ ᠦᠦ︕ ᠲᠤᠰ ᠬᠤᠭᠤᠴᠠᠭᠠᠨ ᠤ | ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠦᠯᠵᠢᠶᠡᠨ ᠤ ᠰᠤᠷᠪᠤᠯᠵᠢᠯᠠᠭ᠎ᠠ ᠶᠢᠨ ᠪᠤᠯᠤᠩ ᠢ | ᠬᠦᠯᠢᠶᠡᠨ ᠠᠪᠴᠤ ᠦᠵᠡᠬᠦ ᠶᠢ ᠴᠢᠨᠢ ᠪᠠᠶᠠᠷᠯᠠᠨ ᠤᠭᠲᠤᠵᠤ ᠪᠠᠶᠢᠨ᠎ᠠ᠃ ᠥᠨᠥᠳᠥᠷ ᠪᠢᠳᠡ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠬᠢᠨᠠᠨ ᠪᠣᠳᠣᠬᠤ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ | ᠭᠡᠰᠢᠭᠦᠨ ᠵᠠᠩ ᠯᠢᠶᠠᠩ ᠢ ᠤᠷᠢᠵᠤ᠂ ᠬᠢᠨᠠᠨ ᠪᠣᠳᠣᠬᠤ ᠹᠷᠣᠨᠲ ᠤᠨ ᠬᠢᠨ ᠤ ᠶᠠᠳᠠᠭᠤ ᠠᠴᠠ ᠠᠩᠭᠢᠵᠢᠷᠠᠭᠤᠯᠬᠤ | ᠰᠢᠪᠲᠤᠯᠤᠯᠲᠠ ᠶᠢᠨ ᠳᠠᠶᠢᠯᠠᠯᠳᠤᠭᠠᠨ ᠤ ᠢᠯᠠᠯᠲᠠ ᠶᠢ ᠣᠯᠬᠤ ᠳᠤ ᠬᠦᠴᠦᠯᠡᠬᠦ ᠶᠠᠪᠤᠴᠠ ᠳᠤ ᠦᠵᠡᠭᠦᠯᠦᠭᠰᠡᠨ | ᠴᠢᠬᠤᠯᠠ ᠦᠢᠯᠡᠳᠦᠯ ᠤᠨ ᠲᠤᠬᠠᠢ ᠲᠠᠶᠢᠯᠤᠮᠵᠢ ᠬᠢᠯᠭᠡᠬᠦ ᠪᠣᠯᠣᠯ᠎ᠠ᠃ ᠵᠠᠩ ᠲᠢᠩᠬᠢᠮ ᠤᠨ ᠳᠠᠷᠤᠭ᠎ᠠ ᠶᠢ ᠪᠠᠶᠠᠷᠯᠠᠨ | ᠤᠭᠲᠤᠵᠤ ᠪᠠᠶᠢᠨ᠎ᠠ᠃ | ᠵᠠᠩ ᠯᠢᠶᠠᠩ᠄ ᠬᠥᠲᠥᠯᠥᠭᠴᠢ ᠪᠠ ᠰᠦᠯᠵᠢᠶᠡᠨ ᠤ ᠠᠨᠳᠠ ᠨᠠᠷ ᠰᠠᠶᠢᠨ ᠪᠠᠶᠢᠵᠠᠭᠠᠨ᠎ᠠ ᠦᠦ︕ ᠠᠳᠡ | ᠣᠯᠠᠨ ᠲᠠᠢ ᠰᠠᠨᠠᠯ ᠰᠣᠯᠢᠯᠴᠠᠵᠤ᠂ ᠬᠢᠨᠠᠨ ᠪᠣᠳᠣᠬᠤ ᠠᠵᠢᠯ ᠤᠨ ᠲᠤᠬᠠᠢ ᠬᠤᠪᠢᠶᠠᠯᠴᠠᠬᠤ ᠪᠣᠯᠣᠭᠰᠠᠨ ᠳᠤ ᠪᠠᠨ | ᠰᠡᠳᠬᠢᠯ ᠮᠠᠰᠢ ᠥᠨᠳᠥᠷ ᠪᠠᠶᠢᠨ᠎ᠠ᠃ | ᠬᠥᠲᠥᠯᠥᠭᠴᠢ᠄ ᠮᠠᠰᠢ ᠣᠯᠠᠨ ᠰᠦᠯᠵᠢᠶᠡᠨ ᠤ ᠠᠨᠳᠠ ᠬᠢᠨᠠᠨ ᠪᠣᠳᠣᠬᠤ ᠶᠢᠨ ᠶᠠᠳᠠᠭᠤ ᠠᠴᠠ | ᠠᠩᠭᠢᠵᠢᠷᠠᠭᠤᠯᠬᠤ ᠰᠢᠪᠲᠤᠯᠤᠯᠲᠠ ᠶᠢᠨ ᠳᠠᠶᠢᠯᠠᠯᠳᠤᠭᠠᠨ ᠤ ᠢᠯᠠᠯᠲᠠ ᠶᠢ ᠣᠯᠬᠤ ᠳᠤ ᠦᠵᠡᠭᠦᠯᠦᠭᠰᠡᠨ | ᠦᠢᠯᠡᠳᠦᠯ ᠤᠨ ᠲᠤᠬᠠᠢ ᠲᠡᠳᠦᠢ ᠣᠶᠢᠯᠭᠠᠬᠤ ᠦᠭᠡᠢ ᠪᠠᠶᠢᠵᠤ ᠮᠡᠳᠡᠨ᠎ᠡ᠃ ᠲᠠ ᠣᠶᠢᠷ᠎ᠠ ᠶᠢᠨ ᠵᠢᠯ ᠤᠳ ᠠᠴᠠ | ᠨᠠᠭᠠᠰᠢ ᠥᠪᠡᠷᠲᠡᠭᠡᠨ ᠵᠠᠰᠠᠬᠤ ᠣᠷᠣᠨ ᠤ ᠬᠢᠨᠠᠨ ᠪᠣᠳᠣᠬᠤ ᠲᠢᠩᠬᠢᠮ ᠠᠴᠠ ᠶᠠᠳᠠᠭᠤ ᠠᠴᠠ ᠠᠩᠭᠢᠵᠢᠷᠠᠭᠤᠯᠬᠤ | ᠰᠢᠪᠲᠤᠯᠤᠯᠲᠠ ᠶᠢᠨ ᠳᠠᠶᠢᠯᠠᠯᠳᠤᠭᠠᠨ ᠤ ᠢᠯᠠᠯᠲᠠ ᠶᠢ ᠣᠯᠬᠤ ᠳᠤ ᠶᠠᠮᠠᠷ ᠶᠠᠮᠠᠷ ᠠᠷᠭ᠎ᠠ ᠬᠡᠮᠵᠢᠶ᠎ᠡ ᠠᠪᠤᠭᠰᠠᠨ ᠢ | ᠣᠯᠠᠨ ᠳᠤ ᠲᠠᠨᠢᠯᠴᠠᠭᠤᠯᠤᠭᠠᠳ ᠥᠭᠭᠦᠨ᠎ᠡ ᠦᠦ︖ | ᠵᠠᠩ ᠯᠢᠶᠠᠩ᠄ ︽ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠳᠠᠶᠢᠯᠠᠯᠳᠤᠭᠠᠨ ᠤ ᠢᠯᠠᠯᠲᠠ ᠶᠢ | ᠣᠯᠬᠤ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ | ᠬᠤᠷᠢᠶ᠎ᠠ ᠶᠢᠨ ᠲᠣᠭᠲᠠᠭᠠᠯ︾ ᠢ ᠲᠠᠷᠬᠠᠭᠠᠭᠰᠠᠨ ᠤ ᠳᠠᠷᠠᠭ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ | ᠵᠠᠰᠠᠭ ᠤᠨ ᠣᠷᠳᠣᠨ ᠪᠠ ᠤᠯᠤᠰ ᠤᠨ ᠬᠢᠨᠠᠨ ᠪᠣᠳᠣᠬᠤ ᠵᠠᠬᠢᠷᠭ᠎ᠠ ᠶᠢᠨ ᠪᠠᠶᠢᠷᠢᠯᠠᠭᠤᠯᠤᠯᠲᠠ ᠶᠣᠰᠣᠭᠠᠷ᠂ | ᠥᠪᠡᠷᠲᠡᠭᠡᠨ ᠵᠠᠰᠠᠬᠤ ᠣᠷᠣᠨ ᠤ ᠬᠢᠨᠠᠨ ᠪᠣᠳᠣᠬᠤ ᠲᠢᠩᠬᠢᠮ ᠠᠴᠠ ᠲᠦᠷᠭᠡᠨ ᠢᠶᠠᠷ ᠠᠵᠢᠯᠯᠠᠭ᠎ᠠ ᠥᠷᠨᠢᠭᠦᠯᠦᠨ᠂ | ᠨᠠᠷᠢᠨ ᠨᠢᠭᠲᠠ ᠲᠣᠬᠢᠷᠠᠭᠤᠯᠤᠯᠲᠠ ᠬᠢᠵᠦ᠂ ᠡᠭᠦᠷᠭᠡ ᠬᠠᠷᠢᠭᠤᠴᠠᠯᠭ᠎ᠠ ᠪᠠᠨ ᠬᠢᠨᠠᠮᠠᠭᠠᠢ ᠭᠦᠢᠴᠡᠳᠬᠡᠨ᠂ ᠶᠠᠳᠠᠭᠤ ᠠᠴᠠ | ᠠᠩᠭᠢᠵᠢᠷᠠᠭᠤᠯᠬᠤ ᠰᠢᠪᠲᠤᠯᠤᠯᠲᠠ ᠶᠢᠨ ᠳᠠᠶᠢᠯᠠᠯᠳᠤᠭᠠᠨ ᠤ ᠢᠯᠠᠯᠲᠠ ᠶᠢ ᠣᠯᠬᠤ ᠳᠤ ᠬᠦᠴᠦᠯᠡᠪᠡ᠃ ᠨᠢᠭᠡ ᠳᠤ᠂ | ᠵᠣᠬᠢᠶᠠᠨ ᠪᠠᠶᠢᠭᠤᠯᠤᠯᠲᠠ ᠪᠠ ᠪᠠᠶᠢᠭᠤᠯᠤᠮᠵᠢ ᠶᠢ ᠪᠦᠷᠢᠨᠰᠢᠭᠦᠯᠦᠨ᠂ ᠪᠦᠬᠦ ᠣᠷᠣᠨ ᠤ ᠶᠠᠳᠠᠭᠤ ᠶᠢ ᠲᠡᠳᠬᠦᠬᠦ ᠪᠡᠯᠡ | ᠮᠥᠩᠭᠦ ᠶᠢᠨ ᠬᠢᠨᠠᠨ ᠪᠣᠳᠣᠬᠤ ᠠᠵᠢᠯ ᠤᠨ ᠤᠳᠤᠷᠢᠳᠬᠤ ᠳᠤᠭᠤᠶᠢᠯᠠᠩ ᠢ ᠪᠠᠶᠢᠭᠤᠯᠵᠤ᠂ ᠬᠠᠷᠢᠶᠠᠨ ᠳᠤ ᠨᠢ | ᠲᠤᠬᠠᠢ ᠶᠢᠨ ᠲᠠᠯᠠᠪᠤᠷ ᠤᠨ ᠬᠢᠨᠠᠨ ᠪᠣᠳᠣᠬᠤ ᠳᠤᠭᠤᠶᠢᠯᠠᠩ᠂ ᠪᠠᠶᠢᠴᠠᠭᠠᠯᠲᠠ ᠬᠢᠵᠦ ᠰᠢᠮᠳᠠᠭᠤᠯᠤᠨ ᠵᠢᠯᠣᠭᠤᠳᠬᠤ | ᠳᠤᠭᠤᠶᠢᠯᠠᠩ᠂ ᠴᠡᠭᠴᠡᠯᠡᠨ ᠥᠭᠡᠷᠡᠴᠢᠯᠡᠵᠦ ᠨᠠᠶᠢᠳᠠᠪᠤᠷᠢᠵᠢᠭᠤᠯᠬᠤ ᠳᠤᠭᠤᠶᠢᠯᠠᠩ ᠲᠣᠬᠢᠷᠠᠭᠤᠯᠤᠭᠰᠠᠨ ᠤ ᠬᠠᠮᠲᠤ᠂ | ᠲᠢᠩᠬᠢᠮ ᠤᠨ ᠨᠢᠭᠡᠨ ᠳᠡᠳ᠋ ᠳᠠᠷᠤᠭ᠎ᠠ ᠪᠠᠷ ᠲᠤᠰ ᠵᠦᠢᠯ ᠤᠨ ᠠᠵᠢᠯ ᠢ ᠲᠤᠰᠬᠠᠶᠢᠯᠠᠨ ᠬᠠᠷᠢᠭᠤᠴᠠᠭᠤᠯᠪᠠ᠃ | ᠬᠤᠶᠠᠷ ᠲᠤ᠂ ᠬᠠᠷᠢᠭᠤᠴᠠᠯᠭ᠎ᠠ ᠪᠠ ᠠᠵᠢᠯ ᠤᠨ ᠬᠤᠪᠢᠶᠠᠷᠢᠯᠠᠯ ᠢ ᠲᠣᠳᠣᠷᠬᠠᠶᠢᠯᠠᠨ᠂ ᠪᠦᠬᠦ ᠣᠷᠣᠨ ᠤ ᠬᠢᠨᠠᠨ | ᠪᠣᠳᠣᠬᠤ ᠹᠷᠣᠨᠲ ᠳᠤ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠬᠢᠨᠠᠨ ᠪᠣᠳᠣᠬᠤ ᠬᠠᠷᠢᠭᠤᠴᠠᠯᠭ᠎ᠠ ᠶᠢᠨ | ᠳᠦᠷᠢᠮ ᠢ ᠬᠡᠷᠡᠭᠵᠢᠭᠦᠯᠵᠦ᠂ ︽ᠨᠢᠭᠡᠳᠦᠯᠲᠡᠢ ᠵᠣᠬᠢᠶᠠᠨ ᠪᠠᠶᠢᠭᠤᠯᠤᠯᠲᠠ ᠲᠠᠢ᠂ ᠬᠠᠷᠢᠭᠤᠴᠠᠯᠭ᠎ᠠ ᠲᠣᠳᠣᠷᠬᠠᠢ᠂ | ᠥᠪᠡᠷ ᠥᠪᠡᠷ ᠤᠨ ᠬᠠᠷᠢᠭᠤᠴᠠᠯᠭ᠎ᠠ ᠪᠠᠨ ᠡᠭᠦᠷᠭᠡᠯᠡᠬᠦ᠂ ᠬᠦᠴᠦ ᠪᠠᠨ ᠬᠠᠮᠲᠤᠳᠬᠠᠨ ᠰᠢᠪᠲᠤᠯᠤᠯᠲᠠ ᠬᠢᠬᠦ | ᠬᠠᠷᠢᠭᠤᠴᠠᠯᠭ᠎ᠠ ᠶᠢᠨ ᠰᠢᠰᠲ᠋ᠧᠮᠵᠢ︾ ᠶᠢ ᠪᠠᠶᠢᠭᠤᠯᠵᠤ᠂ ︽ᠲᠠᠪᠤ ᠶᠢ ᠨᠢᠭᠡᠳᠬᠡᠬᠦ︾ ᠵᠠᠭᠪᠤᠷ ᠶᠣᠰᠣᠭᠠᠷ᠂ ︽ᠳᠡᠭᠡᠳᠦ | ᠱᠠᠲᠤ ᠨᠢ ᠳᠣᠣᠷᠠᠳᠤ ᠱᠠᠲᠤ ᠪᠠᠨ ᠬᠢᠨᠠᠬᠤ᠂ ᠰᠣᠯᠪᠢᠴᠠᠭᠤᠯᠤᠨ ᠬᠢᠨᠠᠬᠤ︾ ᠠᠷᠭ᠎ᠠ ᠬᠡᠯᠪᠡᠷᠢ ᠪᠠᠷ ᠶᠠᠳᠠᠭᠤ ᠶᠢ | ᠲᠡᠳᠬᠦᠬᠦ ᠪᠡᠯᠡ ᠮᠥᠩᠭᠦ ᠶᠢᠨ ᠬᠠᠮᠢᠶᠠᠷᠤᠯᠲᠠ ᠬᠡᠷᠡᠭᠯᠡᠯᠲᠡ ᠶᠢᠨ ᠪᠠᠶᠢᠳᠠᠯ ᠳᠤ ᠪᠦᠬᠦ ᠲᠠᠯ᠎ᠠ ᠪᠠᠷ ᠮᠥᠷᠳᠡᠵᠦ ᠬᠢᠨᠠᠯᠲᠠ | ᠪᠣᠳᠣᠯᠲᠠ ᠬᠢᠪᠡ᠃ ᠭᠤᠷᠪᠠ ᠳᠤ᠂ ᠳᠦᠷᠢᠮ ᠢ ᠪᠦᠷᠢᠨᠰᠢᠭᠦᠯᠦᠨ᠂ ︽ᠶᠠᠳᠠᠭᠤ ᠶᠢ ᠲᠡᠳᠬᠦᠬᠦ ᠠᠵᠢᠯ ᠤᠨ ᠬᠢᠨᠠᠨ | ᠪᠣᠳᠣᠬᠤ ᠲᠥᠰᠥᠯ︾᠂ ︽ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠳᠠᠶᠢᠯᠠᠯᠳᠤᠭᠠᠨ ᠤ ᠢᠯᠠᠯᠲᠠ ᠶᠢ | ᠣᠯᠬᠤ ᠲᠤᠬᠠᠢ ᠭᠤᠷᠪᠠᠨ ᠵᠢᠯ ᠤᠨ ᠠᠵᠢᠯᠯᠠᠭ᠎ᠠ ᠶᠢᠨ ᠬᠢᠨᠠᠨ ᠪᠣᠳᠣᠬᠤ ᠠᠵᠢᠯ ᠤᠨ ᠲᠥᠰᠥᠯ︾ ᠢ ᠲᠣᠭᠲᠠᠭᠠᠨ | ᠨᠡᠶᠢᠲᠡᠯᠡᠵᠦ᠂ ︽ᠶᠠᠳᠠᠭᠤ ᠶᠢ ᠲᠡᠳᠬᠦᠬᠦ ᠬᠢᠨᠠᠯᠲᠠ ᠪᠣᠳᠣᠯᠲᠠ ᠶᠢᠨ ᠬᠠᠤᠯᠢ ᠲᠣᠭᠲᠠᠭᠠᠯ ᠤᠨ ᠬᠤᠷᠢᠶᠠᠩᠭᠤᠢ︾ ᠪᠠ | ︽ᠶᠠᠳᠠᠭᠤ ᠶᠢ ᠲᠡᠳᠬᠦᠬᠦ ᠪᠡᠯᠡ ᠮᠥᠩᠭᠦ ᠶᠢᠨ ᠬᠠᠮᠢᠶᠠᠷᠤᠯᠲᠠ ᠬᠡᠷᠡᠭᠯᠡᠯᠲᠡ ᠶᠢᠨ ᠠᠯᠳᠠᠭᠳᠠᠯ ᠲᠠᠢ ᠨᠠᠷᠢᠨ ᠬᠠᠭᠤᠳᠠᠰᠤ︾ | ᠶᠢ ᠨᠠᠶᠢᠷᠠᠭᠤᠯᠤᠨ ᠵᠣᠬᠢᠶᠠᠵᠤ᠂ ᠪᠦᠬᠦ ᠣᠷᠣᠨ ᠤ ᠬᠢᠨᠠᠨ ᠪᠣᠳᠣᠬᠤ ᠪᠠᠶᠢᠭᠤᠯᠭ᠎ᠠ ᠶᠢ ᠬᠠᠤᠯᠢ ᠲᠣᠭᠲᠠᠭᠠᠯ ᠶᠣᠰᠣᠭᠠᠷ | ᠵᠣᠬᠢᠶᠠᠨ ᠪᠠᠶᠢᠭᠤᠯᠵᠤ ᠪᠠᠶᠢᠭᠠᠳ ᠶᠠᠳᠠᠭᠤ ᠶᠢ ᠲᠡᠳᠬᠦᠬᠦ ᠬᠢᠨᠠᠯᠲᠠ ᠪᠣᠳᠣᠯᠲᠠ ᠶᠢ ᠪᠦᠬᠦ ᠲᠠᠯ᠎ᠠ ᠪᠠᠷ ᠥᠷᠨᠢᠭᠦᠯᠵᠦ᠂ | 2020 ᠣᠨ ᠪᠣᠯᠬᠤ ᠳᠤ ᠪᠦᠬᠦ ᠣᠷᠣᠨ ᠤ 57 ᠶᠠᠳᠠᠭᠤ ᠬᠦᠴᠢᠷᠳᠡᠯᠲᠡᠢ ᠬᠤᠰᠢᠭᠤ ᠰᠢᠶᠠᠨ ᠪᠠ ᠶᠠᠳᠠᠭᠤ | ᠬᠦᠴᠢᠷᠳᠡᠯᠲᠡᠢ ᠬᠥᠮᠥᠨ ᠠᠮᠠ ᠪᠠᠶᠢᠬᠤ 29 ᠶᠠᠳᠠᠭᠤ ᠬᠦᠴᠢᠷᠳᠡᠯᠲᠡᠢ ᠪᠤᠰᠤ ᠬᠤᠰᠢᠭᠤ ᠰᠢᠶᠠᠨ ᠳᠤ ᠬᠢᠨᠠᠯᠲᠠ | ᠪᠣᠳᠣᠯᠲᠠ ᠶᠢ ᠪᠦᠬᠦ ᠲᠠᠯ᠎ᠠ ᠪᠠᠷ ᠬᠠᠮᠤᠷᠤᠭᠤᠯᠬᠤ ᠶᠢ ᠪᠡᠶᠡᠯᠡᠭᠦᠯᠦᠨ᠎ᠡ ᠭᠡᠵᠦ ᠲᠣᠳᠣᠷᠬᠠᠶᠢᠯᠠᠪᠠ᠃ | ᠬᠥᠲᠥᠯᠥᠭᠴᠢ᠄ ᠡᠳᠡᠭᠡᠷ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠶᠠᠳᠠᠭᠤ ᠠᠴᠠ ᠠᠩᠭᠢᠵᠢᠷᠠᠭᠤᠯᠬᠤ | ᠰᠢᠪᠲᠤᠯᠤᠯᠲᠠ ᠶᠢᠨ ᠬᠢᠨᠠᠯᠲᠠ ᠪᠣᠳᠣᠯᠲᠠ ᠳᠤ ᠶᠠᠮᠠᠷ ᠶᠠᠮᠠᠷ ᠦᠷ᠎ᠡ ᠪᠦᠲᠦᠮᠵᠢ ᠣᠯᠣᠭᠰᠠᠨ ᠪᠣᠢ︖ | ᠵᠠᠩ ᠯᠢᠶᠠᠩ᠄ ᠶᠡᠷᠦᠩᠬᠡᠢ ᠪᠠᠶᠢᠳᠠᠯ ᠠᠴᠠ ᠠᠪᠴᠤ ᠦᠵᠡᠪᠡᠯ᠂ ᠶᠠᠳᠠᠭᠤ ᠶᠢ ᠲᠡᠳᠬᠦᠬᠦ ᠬᠢᠨᠠᠯᠲᠠ | ᠪᠣᠳᠣᠯᠲᠠ ᠳᠤ ᠢᠯᠡᠳᠲᠡ ᠦᠷ᠎ᠡ ᠪᠦᠲᠦᠮᠵᠢ ᠣᠯᠵᠤ᠂ ᠨᠡᠯᠢᠶᠡᠳ ᠰᠠᠶᠢᠨ ᠬᠢᠨᠠᠯᠲᠠ ᠲᠠᠯᠪᠢᠵᠤ ᠪᠠᠲᠤᠯᠠᠬᠤ | ᠦᠢᠯᠡᠳᠦᠯ ᠢ ᠪᠠᠳᠠᠷᠠᠭᠤᠯᠤᠨ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠠ | ᠤᠯᠤᠰ ᠤᠨ ᠬᠢᠨᠠᠨ ᠪᠣᠳᠣᠬᠤ ᠵᠠᠬᠢᠷᠭ᠎ᠠ ᠶᠢᠨ ᠭᠦᠢᠴᠡᠳ ᠨᠤᠲᠠᠯᠠᠯᠲᠠ ᠶᠢ ᠣᠯᠪᠠ᠃ 2016 ᠣᠨ ᠠᠴᠠ 2018 | ᠣᠨ ᠤ ᠰᠡᠭᠦᠯᠴᠢ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠬᠢᠨᠠᠨ ᠪᠣᠳᠣᠬᠤ ᠲᠢᠩᠬᠢᠮ ᠠᠴᠠ ᠨᠢᠭᠡᠳᠦᠯᠲᠡᠢ | ᠵᠣᠬᠢᠶᠠᠨ ᠪᠠᠶᠢᠭᠤᠯᠵᠤ᠂ ᠲᠢᠩᠬᠢᠮ ᠤᠨ ᠲᠤᠰ ᠱᠠᠲᠤ ᠪᠠ ᠠᠶᠢᠮᠠᠭ ᠬᠤᠲᠠ ᠬᠤᠰᠢᠭᠤ ᠰᠢᠶᠠᠨ ᠭᠤᠷᠪᠠᠨ ᠱᠠᠲᠤᠨ ᠤ | ᠬᠢᠨᠠᠨ ᠪᠣᠳᠣᠬᠤ ᠡᠬᠢ ᠪᠠᠶᠠᠯᠢᠭ ᠢ ᠨᠡᠶᠢᠯᠡᠭᠦᠯᠦᠨ ᠨᠢᠭᠡᠳᠬᠡᠵᠦ᠂ 1000 ᠭᠠᠷᠤᠢ ᠬᠥᠮᠥᠨ ᠢ ᠰᠤᠭᠤᠴᠢᠨ | ᠲᠣᠬᠢᠷᠠᠭᠤᠯᠵᠤ᠂ ︽ᠳᠡᠭᠡᠳᠦ ᠱᠠᠲᠤ ᠨᠢ ᠳᠣᠣᠷᠠᠳᠤ ᠱᠠᠲᠤ ᠪᠠᠨ ᠬᠢᠨᠠᠬᠤ︾ ᠵᠣᠬᠢᠶᠠᠨ ᠪᠠᠶᠢᠭᠤᠯᠬᠤ ᠬᠡᠯᠪᠡᠷᠢ ᠪᠠᠷ᠂ | ︽ᠨᠢᠭᠡᠳᠦᠯᠲᠡᠢ ᠪᠠᠷ ᠲᠥᠯᠥᠪᠯᠡᠬᠦ᠂ ᠨᠢᠭᠡᠳᠦᠯᠲᠡᠢ ᠪᠠᠷ ᠲᠥᠰᠥᠯ ᠲᠣᠭᠲᠠᠭᠠᠬᠤ᠂ ᠨᠢᠭᠡᠳᠦᠯᠲᠡᠢ ᠪᠠᠷ ᠵᠣᠬᠢᠶᠠᠨ | ᠪᠠᠶᠢᠭᠤᠯᠤᠨ ᠬᠡᠷᠡᠭᠵᠢᠭᠦᠯᠬᠦ᠂ ᠨᠢᠭᠡᠳᠦᠯᠲᠡᠢ ᠪᠠᠷ ᠢᠯᠭᠠᠨ ᠲᠣᠭᠲᠠᠭᠠᠵᠤ ᠰᠢᠢᠳᠪᠦᠷᠢᠯᠡᠬᠦ᠂ ᠨᠢᠭᠡᠳᠦᠯᠲᠡᠢ ᠪᠠᠷ | ᠳᠠᠩᠰᠠᠯᠠᠨ ᠲᠡᠮᠳᠡᠭᠯᠡᠬᠦ︾ ᠬᠢᠨᠠᠨ ᠪᠣᠳᠣᠬᠤ ᠠᠷᠭ᠎ᠠ ᠬᠡᠯᠪᠡᠷᠢ ᠶᠢ ᠬᠡᠷᠡᠭᠵᠢᠭᠦᠯᠵᠦ᠂ ᠨᠡᠶᠢᠲᠡ 120 ᠬᠤᠰᠢᠭᠤ | ᠰᠢᠶᠠᠨ ᠳᠤ ᠮᠥᠷᠳᠡᠨ ᠬᠢᠨᠠᠯᠲᠠ ᠪᠣᠳᠣᠯᠲᠠ ᠬᠢᠵᠦ᠂ 3100 ᠭᠠᠷᠤᠢ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ | ᠪᠠ ᠵᠣᠭᠤᠰ ᠬᠡᠷᠡᠭᠯᠡᠬᠦ ᠨᠢᠭᠡᠴᠢ ᠶᠢ ᠬᠢᠨᠠᠨ ᠪᠣᠳᠣᠵᠤ᠂ ᠶᠠᠳᠠᠭᠤ ᠶᠢ ᠲᠡᠳᠬᠦᠬᠦ 5200 ᠭᠠᠷᠤᠢ ᠲᠥᠷᠥᠯ ᠵᠦᠢᠯ ᠢ | ᠤᠷᠲᠤᠳᠬᠠᠨ ᠬᠢᠨᠠᠨ ᠪᠣᠳᠣᠬᠤ ᠪᠠ ᠪᠠᠶᠢᠴᠠᠭᠠᠯᠲᠠ ᠬᠢᠵᠦ᠂ 1.3 ᠲᠦᠮᠡᠨ ᠡᠷᠦᠭᠡ ᠳᠤ ᠣᠷᠣᠵᠤ ᠪᠠᠶᠢᠴᠠᠭᠠᠯᠲᠠ | ᠬᠢᠵᠦ᠂ ᠶᠠᠳᠠᠭᠤ ᠬᠦᠴᠢᠷᠲᠡᠢ 57 ᠬᠤᠰᠢᠭᠤ ᠰᠢᠶᠠᠨ ᠤ ᠶᠠᠳᠠᠭᠤ ᠶᠢ ᠲᠡᠳᠬᠦᠬᠦ ᠪᠡᠯᠡ ᠮᠥᠩᠭᠦ ᠳᠤ ᠬᠢᠨᠠᠯᠲᠠ | ᠪᠣᠳᠣᠯᠲᠠ ᠬᠢᠬᠦ ᠶᠢ ᠪᠦᠬᠦ ᠲᠠᠯ᠎ᠠ ᠪᠠᠷ ᠬᠠᠮᠤᠷᠤᠭᠤᠯᠪᠠ᠃ ᠡᠭᠦᠨ ᠤ ᠬᠠᠮᠲᠤ 14 ᠬᠤᠰᠢᠭᠤ ᠰᠢᠶᠠᠨ ᠤ ᠬᠢᠨᠠᠨ | ᠪᠣᠳᠣᠵᠤ ᠴᠡᠭᠴᠡᠯᠡᠨ ᠥᠭᠡᠷᠡᠴᠢᠯᠡᠭᠰᠡᠨ ᠪᠠᠶᠢᠳᠠᠯ ᠳᠤ ︽ᠪᠤᠴᠠᠵᠤ ᠪᠠᠶᠢᠴᠠᠭᠠᠨ ᠦᠵᠡᠬᠦ︾ ᠰᠢᠮᠳᠠᠭᠤᠯᠤᠨ | ᠪᠠᠶᠢᠴᠠᠭᠠᠯᠲᠠ ᠬᠢᠪᠡ᠃ ᠬᠢᠨᠠᠨ ᠪᠣᠳᠣᠬᠤ ᠪᠠᠷ ᠳᠠᠮᠵᠢᠭᠤᠯᠤᠨ ᠬᠡᠰᠡᠭ ᠭᠠᠵᠠᠷ ᠣᠷᠣᠨ᠂ ᠰᠠᠯᠠᠭ᠎ᠠ ᠮᠥᠴᠢᠷ ᠪᠠ | ᠨᠢᠭᠡᠴᠢ ᠶᠢᠨ ᠶᠠᠳᠠᠭᠤ ᠶᠢ ᠲᠡᠳᠬᠦᠬᠦ ᠪᠡᠯᠡ ᠮᠥᠩᠭᠦ ᠶᠢ ᠬᠤᠪᠢᠶᠠᠷᠢᠯᠠᠨ ᠬᠠᠮᠢᠶᠠᠷᠴᠤ ᠬᠡᠷᠡᠭᠯᠡᠬᠦ᠂ ᠶᠠᠳᠠᠭᠤ ᠶᠢ | ᠲᠡᠳᠬᠦᠬᠦ ᠲᠥᠷᠥᠯ ᠵᠦᠢᠯ ᠤᠨ ᠪᠠᠶᠢᠭᠤᠯᠤᠯᠲᠠ ᠬᠠᠮᠢᠶᠠᠷᠤᠯᠲᠠ ᠬᠢᠭᠡᠳ ᠠᠵᠢᠯ ᠤᠨ ᠦᠷ᠎ᠡ ᠪᠦᠲᠦᠮᠵᠢ᠂ ᠶᠠᠳᠠᠭᠤ ᠶᠢ | ᠲᠡᠳᠬᠦᠬᠦ ᠪᠡᠯᠡ ᠮᠥᠩᠭᠦ ᠶᠢᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠵᠡᠷᠭᠡ ᠲᠠᠯ᠎ᠠ ᠪᠠᠷ ᠵᠠᠷᠢᠮ | ᠠᠰᠠᠭᠤᠳᠠᠯ ᠣᠷᠣᠰᠢᠵᠤ ᠪᠠᠶᠢᠬᠤ ᠶᠢ ᠢᠯᠡᠷᠡᠭᠦᠯᠪᠡ᠃ ᠢᠯᠡᠷᠡᠭᠦᠯᠦᠭᠰᠡᠨ ᠠᠰᠠᠭᠤᠳᠠᠯ ᠳᠤ᠂ ᠬᠢᠨᠠᠨ ᠪᠣᠳᠣᠬᠤ | ᠲᠢᠩᠬᠢᠮ ᠠᠴᠠ ᠬᠠᠤᠯᠢ ᠲᠣᠭᠲᠠᠭᠠᠯ ᠶᠣᠰᠣᠭᠠᠷ ᠳᠥᠷᠪᠡᠨ ᠵᠦᠢᠯ ᠤᠨ ᠠᠷᠭ᠎ᠠ ᠬᠡᠮᠵᠢᠶ᠎ᠡ ᠠᠪᠴᠤ ᠰᠢᠢᠳᠪᠦᠷᠢᠯᠡᠪᠡ᠄ | ᠨᠢᠭᠡ ᠳᠤ᠂ ᠡᠯ᠎ᠡ ᠭᠠᠵᠠᠷ ᠤᠨ ᠬᠢᠨ ᠢ ᠰᠢᠮᠳᠠᠭᠤᠯᠤᠨ ᠴᠠᠭ ᠲᠤᠬᠠᠢ ᠳᠤ ᠨᠢ ᠴᠡᠭᠴᠡᠯᠡᠨ ᠥᠭᠡᠷᠡᠴᠢᠯᠡᠵᠦ᠂ ᠵᠠᠷᠢᠮ ᠨᠢ | ᠰᠠᠭᠤᠳᠬᠠᠨ ᠠᠪᠤᠭᠰᠠᠨ ᠰᠤᠯᠠ ᠪᠡᠯᠡ ᠮᠥᠩᠭᠦ ᠶᠢ ᠠᠯᠢ ᠲᠦᠷᠭᠡᠨ ᠢᠶᠠᠷ ᠰᠠᠯᠭᠠᠨ ᠥᠭᠴᠦ᠂ ᠵᠠᠷᠢᠮ ᠨᠢ ᠪᠡᠯᠡ | ᠮᠥᠩᠭᠦ ᠶᠢᠨ ᠤᠤᠯ ᠤᠨ ᠠᠷᠭ᠎ᠠ ᠵᠠᠮ ᠳᠤ ᠡᠷᠭᠢᠭᠦᠯᠦᠨ ᠪᠤᠴᠠᠭᠠᠵᠤ᠂ ᠵᠠᠷᠢᠮ ᠨᠢ ᠴᠠᠭ ᠲᠤᠬᠠᠢ ᠳᠤ ᠨᠢ ᠤᠯᠤᠰ ᠤᠨ | ᠬᠥᠮᠥᠷᠭᠡ ᠳᠤ ᠲᠤᠰᠢᠶᠠᠭᠰᠠᠨ ᠤ ᠬᠠᠮᠲᠤ ᠶᠠᠳᠠᠭᠤ ᠶᠢ ᠲᠡᠳᠬᠦᠬᠦ ᠲᠥᠷᠥᠯ ᠲᠥᠷᠥᠯ ᠳᠤ ᠲᠣᠬᠢᠷᠠᠭᠤᠯᠤᠨ ᠬᠡᠷᠡᠭᠯᠡᠵᠦ᠂ | ᠵᠠᠷᠢᠮ ᠨᠢ ᠲᠥᠷᠥᠯ ᠵᠦᠢᠯ ᠤᠨ ᠬᠡᠷᠡᠭᠵᠢᠭᠦᠯᠬᠦ ᠠᠬᠢᠴᠠ ᠪᠠᠨ ᠲᠦᠷᠭᠡᠳᠬᠡᠨ᠂ ᠪᠡᠯᠡ ᠮᠥᠩᠭᠦ ᠶᠢ ᠴᠠᠭ | ᠲᠤᠬᠠᠢ ᠳᠤ ᠨᠢ ᠭᠦᠢᠴᠡᠳ ᠣᠯᠭᠤᠬᠤ ᠶᠢ ᠠᠬᠢᠭᠤᠯᠵᠤ᠂ ᠦᠯᠡᠳᠡᠭᠡᠨ ᠬᠠᠳᠠᠭᠠᠯᠠᠵᠤ ᠳ᠋ᠦᠩᠨᠡᠨ ᠰᠢᠯᠵᠢᠭᠦᠯᠦᠭᠰᠡᠨ | ᠪᠡᠯᠡ ᠮᠥᠩᠭᠦ ᠶᠢ ᠳᠠᠬᠢᠨ ᠭᠦᠢᠯᠭᠡᠭᠡᠨ ᠲᠠᠢ ᠪᠣᠯᠭᠠᠵᠤ᠂ ᠶᠠᠳᠠᠭᠤ ᠶᠢ ᠲᠡᠳᠬᠦᠬᠦ ᠪᠡᠯᠡ ᠮᠥᠩᠭᠦ ᠵᠢᠴᠢ ᠲᠥᠷᠥᠯ | ᠵᠦᠢᠯ ᠤᠨ ᠠᠵᠢᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠵᠡᠢ᠃ ᠬᠤᠶᠠᠷ ᠲᠤ᠂ ᠶᠠᠳᠠᠭᠤ ᠶᠢ ᠲᠡᠳᠬᠦᠬᠦ ᠬᠦᠷᠢᠶ᠎ᠡ | ᠴᠠᠷᠠᠭᠠᠨ ᠳᠠᠬᠢ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠭᠰᠡᠨ ᠢᠶᠠᠷ ᠬᠦᠷᠦᠯᠴᠡᠬᠦ ᠦᠭᠡᠢ ᠵᠡᠷᠭᠡ ᠬᠠᠮᠢᠶ᠎ᠠ ᠪᠦᠬᠦᠢ | ᠬᠠᠷᠢᠭᠤᠴᠠᠯᠭᠠᠲᠠᠨ ᠳᠤ ᠨᠠᠮ ᠤᠨ ᠰᠠᠬᠢᠯᠭ᠎ᠠ ᠵᠠᠰᠠᠭ ᠤᠨ ᠰᠠᠬᠢᠯᠭ᠎ᠠ ᠶᠢᠨ ᠰᠢᠢᠳᠬᠡᠯ ᠣᠯᠭᠤᠪᠠ᠃ ᠭᠤᠷᠪᠠ ᠳᠤ᠂ | ᠶᠠᠳᠠᠭᠤ ᠶᠢ ᠲᠡᠳᠬᠦᠬᠦ ᠬᠦᠷᠢᠶ᠎ᠡ ᠴᠠᠷᠠᠭᠠᠨ ᠳᠠᠬᠢ ᠳᠦᠷᠢᠮ ᠰᠠᠬᠢᠯᠭ᠎ᠠ ᠶᠢ ᠵᠥᠷᠢᠴᠡᠭᠰᠡᠨ ᠣᠯᠠᠨ ᠬᠡᠷᠡᠭ ᠤᠨ | ᠰᠦᠪᠡᠭᠴᠢ ᠶᠢ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ ᠰᠢᠯᠵᠢᠭᠦᠯᠦᠨ ᠬᠦᠷᠭᠡᠭᠰᠡᠨ ᠤ ᠬᠠᠮᠲᠤ ᠬᠡᠷᠡᠭ ᠪᠣᠯᠭᠠᠨ | ᠪᠠᠶᠢᠴᠠᠭᠠᠨ ᠰᠢᠢᠳᠪᠦᠷᠢᠯᠡᠵᠦ᠂ ᠰᠦᠷ ᠦᠵᠡᠭᠦᠯᠬᠦ ᠦᠢᠯᠡᠳᠦᠯ ᠦᠵᠡᠭᠦᠯᠪᠡ᠃ ᠳᠥᠷᠪᠡ ᠳᠤ᠂ ᠬᠢᠨᠠᠨ ᠪᠣᠳᠣᠵᠤ | ᠢᠯᠡᠷᠡᠭᠦᠯᠦᠭᠰᠡᠨ ᠨᠡᠶᠢᠳᠡᠮ ᠤᠨ ᠴᠢᠨᠠᠷᠲᠠᠢ᠂ ᠨᠡᠶᠢᠲᠡᠯᠢᠭ ᠴᠢᠨᠠᠷᠲᠠᠢ ᠠᠰᠠᠭᠤᠳᠠᠯ ᠳᠤ ᠴᠢᠭᠯᠡᠭᠦᠯᠦᠨ ᠪᠠᠶᠢᠭᠤᠯᠤᠯ | ᠲᠣᠭᠲᠠᠴᠠ ᠪᠠ ᠳᠦᠷᠢᠮ ᠤᠨ ᠳᠡᠰ ᠳᠠᠪᠬᠤᠷᠭ᠎ᠠ ᠠᠴᠠ ᠰᠢᠯᠲᠠᠭᠠᠨ ᠢ ᠨᠢ ᠵᠠᠳᠠᠯᠵᠤ᠂ ᠴᠢᠭᠯᠡᠯᠲᠦ ᠴᠢᠨᠠᠷᠲᠠᠢ ᠪᠠᠷ | ᠬᠢᠨᠠᠨ ᠪᠣᠳᠣᠬᠤ ᠰᠠᠨᠠᠯ ᠰᠠᠨᠠᠭᠤᠯᠭ᠎ᠠ ᠶᠢ ᠳᠤᠷᠠᠳᠤᠨ ᠭᠠᠷᠭᠠᠵᠤ᠂ ᠬᠠᠮᠢᠶ᠎ᠠ ᠪᠦᠬᠦᠢ ᠰᠠᠯᠠᠭ᠎ᠠ ᠮᠥᠴᠢᠷ᠂ | ᠨᠢᠭᠡᠴᠢ ᠶᠢᠨ ᠬᠢᠨ ᠤ ᠬᠡᠳᠦᠨ ᠠᠷᠪᠠᠨ ᠵᠦᠢᠯ ᠤᠨ ᠳᠦᠷᠢᠮ ᠪᠠ ᠠᠷᠭ᠎ᠠ ᠶᠢ ᠲᠣᠭᠲᠠᠭᠠᠨ ᠲᠡᠭᠦᠯᠳᠡᠷᠵᠢᠭᠦᠯᠬᠦ ᠶᠢ | ᠠᠬᠢᠭᠤᠯᠵᠠᠢ᠃ | ᠬᠥᠲᠥᠯᠥᠭᠴᠢ᠄ ᠵᠠᠩ ᠲᠢᠩᠬᠢᠮ ᠤᠨ ᠳᠠᠷᠤᠭ᠎ᠠ ᠶᠢᠨ ᠲᠠᠨᠢᠯᠴᠠᠭᠤᠯᠭ᠎ᠠ ᠪᠠᠷ ᠳᠠᠮᠵᠢᠭᠤᠯᠤᠨ᠂ ᠪᠢᠳᠡ ᠬᠢᠨᠠᠯᠲᠠ | ᠪᠣᠳᠣᠯᠲᠠ ᠶᠢᠨ ᠶᠠᠳᠠᠭᠤ ᠶᠢ ᠲᠡᠳᠬᠦᠨ ᠰᠢᠪᠲᠤᠯᠤᠯᠲᠠ ᠬᠢᠬᠦ ᠳᠤᠮᠳᠠ ᠲᠣᠪᠤᠶᠢᠮ᠎ᠠ ᠦᠷ᠎ᠡ ᠪᠦᠲᠦᠮᠵᠢ ᠲᠠᠢ ᠪᠠᠷ | ᠬᠠᠩᠭᠠᠨ ᠪᠠᠲᠤᠯᠠᠵᠤ ᠬᠢᠨᠠᠯᠲᠠ ᠲᠠᠯᠪᠢᠬᠤ ᠦᠢᠯᠡᠳᠦᠯ ᠦᠵᠡᠭᠦᠯᠦᠭᠰᠡᠨ ᠲᠤᠬᠠᠢ ᠣᠶᠢᠯᠠᠭᠠᠯᠲᠠ ᠲᠠᠢ ᠪᠣᠯᠪᠠ᠃ | ᠭᠡᠲᠡᠯ᠎ᠡ ᠮᠠᠰᠢ ᠣᠯᠠᠨ ᠰᠦᠯᠵᠢᠶᠡᠨ ᠤ ᠠᠨᠳᠠ ᠮᠥᠨ ᠬᠦ ᠬᠢᠨᠠᠨ ᠪᠣᠳᠣᠵᠤ ᠬᠢᠨᠠᠯᠲᠠ ᠲᠠᠯᠪᠢᠬᠤ ᠠᠷᠭ᠎ᠠ ᠪᠠᠷᠢᠯ᠂ | ᠠᠷᠭ᠎ᠠ ᠬᠡᠮᠵᠢᠶ᠎ᠡ ᠶᠢ ᠣᠶᠢᠯᠠᠭᠠᠬᠤ ᠦᠭᠡᠢ ᠪᠠᠶᠢᠵᠤ ᠮᠡᠳᠡᠨ᠎ᠡ᠂ ᠲᠠ ᠡᠨᠡ ᠲᠠᠯ᠎ᠠ ᠪᠠᠷ ᠪᠣᠳᠠᠲᠠᠢ ᠪᠠᠷ | ᠲᠠᠨᠢᠯᠴᠠᠭᠤᠯᠤᠭᠠᠳ ᠥᠭᠭᠦᠨ᠎ᠡ ᠦᠦ︖ | ᠵᠠᠩ ᠯᠢᠶᠠᠩ᠄ ᠲᠡᠭᠡᠶ᠎ᠡ᠃ ᠬᠢᠨᠠᠨ ᠪᠣᠳᠣᠬᠤ ᠪᠣᠯ ᠶᠠᠪᠤᠴᠠ ᠪᠠ ᠠᠷᠭ᠎ᠠ ᠪᠠᠷᠢᠯ ᠪᠣᠯᠣᠨ᠎ᠠ︔ ᠠᠰᠠᠭᠤᠳᠠᠯ ᠢ | ᠴᠡᠭᠴᠡᠯᠡᠨ ᠥᠭᠡᠷᠡᠴᠢᠯᠡᠬᠦ ᠶᠢ ᠠᠬᠢᠭᠤᠯᠬᠤ ᠨᠢ ᠰᠠᠶ᠋ᠢ ᠬᠠᠷᠠᠯᠲᠠ ᠪᠠ ᠦᠷ᠎ᠡ ᠳ᠋ᠦᠩ ᠪᠣᠯᠣᠨ᠎ᠠ᠃ ᠶᠡᠷᠦᠩᠬᠡᠢ ᠱᠦᠵᠢ | ᠰᠢ ᠶᠢᠨ ᠫᠢᠩ ᠲᠥᠪ ᠤᠨ ᠬᠢᠨᠠᠨ ᠪᠣᠳᠣᠬᠤ ᠵᠥᠪᠯᠡᠯ ᠤᠨ ᠠᠩᠬᠠᠳᠤᠭᠠᠷ ᠤᠳᠠᠭᠠᠨ ᠤ ᠬᠤᠷᠠᠯ ᠳᠡᠭᠡᠷ᠎ᠡ᠄ ᠬᠢᠨᠠᠨ | ᠪᠣᠳᠣᠬᠤ ᠪᠣᠯ ᠨᠠᠮ ᠪᠠ ᠤᠯᠤᠰ ᠤᠨ ᠬᠢᠨᠠᠯᠲᠠ ᠲᠠᠯᠪᠢᠬᠤ ᠰᠢᠰᠲ᠋ᠧᠮᠵᠢ ᠶᠢᠨ ᠴᠢᠬᠤᠯᠠ ᠪᠦᠷᠢᠯᠳᠦᠬᠦᠨ ᠬᠡᠰᠡᠭ | ᠪᠣᠯᠣᠨ᠎ᠠ᠃ ᠬᠢᠨᠠᠨ ᠪᠣᠳᠣᠬᠤ ᠡᠬᠢ ᠪᠠᠶᠠᠯᠢᠭ ᠤᠨ ᠲᠣᠬᠢᠷᠠᠭᠤᠯᠤᠯᠲᠠ ᠶᠢ ᠰᠢᠯᠢᠳᠡᠭᠵᠢᠭᠦᠯᠦᠨ᠂ ᠬᠢᠨᠠᠨ ᠪᠣᠳᠣᠪᠠᠰᠤ | ᠵᠣᠬᠢᠬᠤ ᠶᠢ ᠨᠢ ᠪᠦᠬᠦᠨ ᠢ ᠬᠢᠨᠠᠨ ᠪᠣᠳᠣᠵᠤ᠂ ᠬᠢᠨᠠᠯᠲᠠ ᠪᠣᠳᠣᠯᠲᠠ ᠪᠦᠬᠦᠨ ᠢ ᠴᠢᠩᠭ᠎ᠠ ᠬᠡᠷᠡᠭᠵᠢᠭᠦᠯᠦᠨ᠂ ᠴᠢᠩᠭ᠎ᠠ | ᠬᠠᠷᠢᠭᠤᠴᠠᠯᠭ᠎ᠠ ᠨᠡᠬᠡᠮᠵᠢᠯᠡᠬᠦ ᠶᠢ ᠭᠦᠢᠴᠡᠳᠬᠡᠵᠦ᠂ ᠲᠥᠪᠯᠡᠷᠡᠩᠭᠦᠢ ᠨᠢᠭᠡᠳᠦᠯᠲᠡᠢ᠂ ᠪᠦᠬᠦᠨ ᠢ ᠬᠠᠮᠤᠷᠤᠭᠰᠠᠨ᠂ ᠡᠷᠬᠡ | ᠰᠦᠷ ᠲᠠᠢ ᠪᠥᠭᠡᠳ ᠪᠦᠲᠦᠮᠵᠢ ᠰᠠᠶᠢᠲᠠᠢ ᠬᠢᠨᠠᠨ ᠪᠣᠳᠣᠵᠤ ᠬᠢᠨᠠᠯᠲᠠ ᠲᠠᠯᠪᠢᠬᠤ ᠰᠢᠰᠲ᠋ᠧᠮᠵᠢ ᠶᠢ ᠴᠢᠷᠮᠠᠶᠢᠨ | ᠪᠠᠶᠢᠭᠤᠯᠵᠤ᠂ ᠨᠠᠮ ᠪᠠ ᠤᠯᠤᠰ ᠤᠨ ᠬᠢᠨᠠᠯᠲᠠ ᠲᠠᠯᠪᠢᠬᠤ ᠰᠢᠰᠲ᠋ᠧᠮᠵᠢ ᠳᠤᠮᠳᠠᠬᠢ ᠬᠢᠨᠠᠨ ᠪᠣᠳᠣᠬᠤ ᠶᠢᠨ ᠴᠢᠬᠤᠯᠠ | ᠦᠢᠯᠡᠳᠦᠯ ᠢ ᠨᠡᠩ ᠰᠠᠶᠢᠲᠤᠷ ᠪᠠᠳᠠᠷᠠᠭᠤᠯᠬᠤ ᠬᠡᠷᠡᠭᠲᠡᠢ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ | ᠣᠨᠴᠠᠭᠠᠶᠢᠯᠠᠨ ᠡᠯ᠎ᠡ ᠱᠠᠲᠤᠨ ᠤ ᠤᠳᠤᠷᠢᠳᠬᠤ ᠺᠠᠳ᠋ᠷᠴᠤᠳ ᠬᠢᠨᠠᠨ ᠪᠣᠳᠣᠬᠤ ᠠᠵᠢᠯ ᠢ ᠢᠳᠡᠪᠬᠢᠲᠡᠢ ᠪᠥᠭᠡᠳ | ᠰᠠᠨᠠᠭᠠᠴᠢᠯᠠᠭ᠎ᠠ ᠠᠴᠠ ᠪᠠᠨ ᠳᠡᠮᠵᠢᠨ ᠬᠠᠮᠵᠢᠯᠴᠠᠵᠤ᠂ ᠬᠢᠨᠠᠨ ᠪᠣᠳᠣᠵᠤ ᠬᠢᠨᠠᠯᠲᠠ ᠲᠠᠯᠪᠢᠬᠤ ᠶᠢ ᠬᠠᠤᠯᠢ ᠶᠣᠰᠣᠭᠠᠷ | ᠤᠬᠠᠮᠰᠠᠷ ᠠᠴᠠ ᠪᠠᠨ ᠬᠦᠯᠢᠶᠡᠨ᠂ ᠬᠢᠨᠠᠯᠲᠠ ᠪᠣᠳᠣᠯᠲᠠ ᠳᠤ ᠪᠠᠶᠢᠴᠠᠭᠠᠨ ᠭᠠᠷᠭᠠᠭᠰᠠᠨ ᠠᠰᠠᠭᠤᠳᠠᠯ ᠢᠶᠠᠨ ᠬᠢᠨᠠᠮᠠᠭᠠᠢ | ᠴᠡᠭᠴᠡᠯᠡᠨ ᠥᠭᠡᠷᠡᠴᠢᠯᠡᠵᠦ᠂ ᠬᠢᠨᠠᠯᠲᠠ ᠪᠣᠳᠣᠯᠲᠠ ᠳᠤ ᠳᠤᠷᠠᠳᠤᠨ ᠭᠠᠷᠭᠠᠭᠰᠠᠨ ᠰᠠᠨᠠᠭᠤᠯᠭ᠎ᠠ ᠶᠢ ᠭᠦᠨᠵᠡᠭᠡᠢ | ᠰᠤᠳᠤᠯᠬᠤ ᠪᠠ ᠬᠡᠷᠡᠭᠯᠡᠵᠦ᠂ ᠡᠯ᠎ᠡ ᠬᠦᠷᠢᠶ᠎ᠡ ᠴᠠᠷᠠᠭᠠᠨ ᠤ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠪᠠ | ᠳᠦᠷᠢᠮ ᠭᠤᠷᠢᠮ ᠢ ᠲᠡᠭᠦᠯᠳᠡᠷᠵᠢᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ ᠣᠶᠢᠷ᠎ᠠ ᠶᠢᠨ ᠵᠢᠯ ᠤᠳ ᠠᠴᠠ ᠨᠠᠭᠠᠰᠢ᠂ | ᠥᠪᠡᠷᠲᠡᠭᠡᠨ ᠵᠠᠰᠠᠬᠤ ᠣᠷᠣᠨ ᠤ ᠬᠢᠨᠠᠨ ᠪᠣᠳᠣᠬᠤ ᠲᠢᠩᠬᠢᠮ ᠠᠴᠠ ᠬᠢᠨᠠᠯᠲᠠ ᠪᠣᠳᠣᠯᠲᠠ ᠳᠤ ᠢᠯᠡᠷᠡᠭᠦᠯᠦᠭᠰᠡᠨ | ᠠᠰᠠᠭᠤᠳᠠᠯ ᠢ ᠴᠡᠭᠴᠡᠯᠡᠨ ᠥᠭᠡᠷᠡᠴᠢᠯᠡᠬᠦ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠣᠨᠴᠠᠭᠠᠶᠢᠯᠠᠨ | ᠶᠠᠳᠠᠭᠤ ᠶᠢ ᠲᠡᠳᠬᠦᠬᠦ ᠬᠦᠷᠢᠶ᠎ᠡ ᠴᠠᠷᠠᠭ᠎ᠠ ᠳᠤ᠂ ᠣᠯᠠᠨ ᠵᠦᠢᠯ ᠤᠨ ᠠᠷᠭ᠎ᠠ ᠪᠠᠷᠢᠯ ᠪᠠ ᠠᠷᠭ᠎ᠠ ᠬᠡᠮᠵᠢᠶ᠎ᠡ ᠠᠪᠴᠤ | ᠪᠠᠶᠢᠭᠠᠳ ᠴᠡᠭᠴᠡᠯᠡᠨ ᠥᠭᠡᠷᠡᠴᠢᠯᠡᠬᠦ ᠶᠢᠨ ᠨᠠᠶᠢᠳᠠᠪᠤᠷᠢᠵᠢᠭᠤᠯᠤᠯᠲᠠ ᠶᠢ ᠠᠬᠢᠭᠤᠯᠵᠠᠢ᠃ ᠨᠢᠭᠡ ᠳᠤ᠂ ᠬᠢᠨᠠᠯᠲᠠ | ᠪᠣᠳᠣᠯᠲᠠ ᠳᠤ ᠢᠯᠡᠷᠡᠭᠦᠯᠦᠭᠰᠡᠨ ᠠᠰᠠᠭᠤᠳᠠᠯ ᠳᠤ᠂ ᠡᠯ᠎ᠡ ᠬᠤᠰᠢᠭᠤ ᠰᠢᠶᠠᠨ ᠤ ᠵᠠᠰᠠᠭ ᠤᠨ ᠣᠷᠳᠣᠨ ᠠᠴᠠ | ᠪᠠᠶᠢᠴᠠᠭᠠᠯᠲᠠ ᠬᠢᠬᠦ ᠶᠢᠨ ᠳᠠᠭᠠᠤ ᠴᠡᠭᠴᠡᠯᠡᠨ ᠥᠭᠡᠷᠡᠴᠢᠯᠡᠵᠦ᠂ ᠰᠠᠭᠤᠳᠬᠠᠨ ᠦᠯᠡᠳᠡᠭᠡᠭᠰᠡᠨ ᠰᠤᠯᠠ ᠪᠡᠯᠡ | ᠮᠥᠩᠭᠦ ᠶᠢ ᠰᠠᠯᠭᠠᠨ ᠥᠭᠴᠦ᠂ ᠪᠡᠯᠡ ᠮᠥᠩᠭᠦ ᠶᠢᠨ ᠤᠤᠯ ᠤᠨ ᠠᠷᠭ᠎ᠠ ᠵᠠᠮ ᠳᠤ ᠡᠷᠭᠢᠭᠦᠯᠦᠨ ᠪᠤᠴᠠᠭᠠᠵᠤ᠂ | ᠤᠯᠤᠰ ᠤᠨ ᠬᠥᠮᠥᠷᠭᠡ ᠳᠤ ᠲᠤᠰᠢᠶᠠᠵᠤ ᠳᠠᠬᠢᠨ ᠶᠠᠳᠠᠭᠤ ᠶᠢ ᠲᠡᠳᠬᠦᠬᠦ ᠲᠥᠷᠥᠯ ᠵᠦᠢᠯ ᠳᠤ ᠲᠣᠬᠢᠷᠠᠭᠤᠯᠤᠨ | ᠬᠡᠷᠡᠭᠯᠡᠬᠦ ᠬᠡᠷᠡᠭᠲᠡᠢ ᠭᠡᠵᠦ ᠱᠠᠭᠠᠷᠳᠠᠪᠠ᠃ ᠬᠤᠶᠠᠷ ᠲᠤ᠂ ᠳᠠᠷᠤᠢ ᠳᠤ ᠨᠢ ᠬᠡᠷᠡᠭᠵᠢᠭᠦᠯᠦᠨ ᠳᠠᠷᠤᠢ ᠳᠤ ᠨᠢ | ᠥᠭᠡᠷᠡᠴᠢᠯᠡᠵᠦ ᠳᠡᠶᠢᠯᠬᠦ ᠦᠭᠡᠢ ᠪᠣᠯ᠂ ᠬᠢᠨᠠᠨ ᠪᠣᠳᠣᠬᠤ ᠲᠣᠭᠲᠠᠭᠠᠯ ᠭᠠᠷᠭᠠᠵᠤ ᠬᠤᠭᠤᠴᠠᠭ᠎ᠠ ᠲᠣᠭᠲᠠᠭᠠᠨ | ᠴᠡᠭᠴᠡᠯᠡᠨ ᠥᠭᠡᠷᠡᠴᠢᠯᠡᠭᠦᠯᠬᠦ ᠶᠢᠨ ᠬᠠᠮᠲᠤ᠂ ︽ᠪᠤᠴᠠᠵᠤ ᠪᠠᠶᠢᠴᠠᠭᠠᠨ ᠦᠵᠡᠬᠦ︾ ᠶᠢ ᠴᠠᠭ ᠲᠤᠬᠠᠢ ᠳᠤ ᠨᠢ | ᠵᠣᠬᠢᠶᠠᠨ ᠪᠠᠶᠢᠭᠤᠯᠵᠤ ᠪᠠᠶᠢᠭᠠᠳ ᠰᠢᠮᠳᠠᠭᠤᠯᠤᠨ ᠪᠠᠶᠢᠴᠠᠭᠠᠵᠠᠢ᠃ ᠭᠤᠷᠪᠠ ᠳᠤ᠂ ᠬᠢᠨᠠᠨ ᠪᠣᠳᠣᠬᠤ ᠶᠠᠪᠤᠴᠠ ᠳᠤ | ᠢᠯᠡᠷᠡᠭᠦᠯᠦᠭᠰᠡᠨ ᠡᠭᠦᠷᠭᠡ ᠲᠤᠰᠢᠶᠠᠯ ᠢᠶᠠᠨ ᠭᠦᠢᠴᠡᠳᠬᠡᠭᠰᠡᠨ ᠢᠶᠠᠷ ᠬᠦᠷᠦᠯᠴᠡᠬᠦ ᠦᠭᠡᠢ ᠠᠰᠠᠭᠤᠳᠠᠯ ᠳᠤ᠂ ᠵᠠᠰᠠᠭ ᠤᠨ | ᠣᠷᠳᠣᠨ ᠵᠢᠴᠢ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠰᠢᠯᠵᠢᠭᠦᠯᠦᠨ ᠬᠦᠷᠭᠡᠵᠦ ᠬᠠᠷᠢᠭᠤᠴᠠᠯᠭ᠎ᠠ | ᠨᠡᠬᠡᠮᠵᠢᠯᠡᠪᠡ᠃ ᠳᠥᠷᠪᠡ ᠳᠤ᠂ ᠰᠠᠬᠢᠯᠭ᠎ᠠ ᠪᠠᠲᠤ ᠬᠠᠤᠯᠢ ᠴᠠᠭᠠᠵᠠ ᠠᠴᠠ ᠵᠥᠷᠢᠴᠡᠭᠰᠡᠨ ᠠᠰᠠᠭᠤᠳᠠᠯ ᠤᠨ | ᠰᠦᠪᠡᠭᠴᠢ ᠳᠤ ᠬᠤᠯᠪᠣᠭᠳᠠᠭᠰᠠᠨ ᠢᠶᠠᠷ ᠰᠡᠵᠢᠯᠡᠭᠳᠡᠭᠰᠡᠨ ᠪᠣᠯ᠂ ᠰᠠᠬᠢᠯᠭ᠎ᠠ ᠪᠠᠲᠤ ᠪᠠᠶᠢᠴᠠᠭᠠᠵᠤ ᠬᠢᠨᠠᠨ ᠪᠠᠶᠢᠴᠠᠭᠠᠵᠤ | ᠰᠠᠯᠠᠭ᠎ᠠ ᠮᠥᠴᠢᠷ ᠲᠤ ᠰᠢᠯᠵᠢᠭᠦᠯᠦᠨ ᠬᠦᠷᠭᠡᠵᠦ ᠪᠠᠶᠢᠴᠠᠭᠠᠨ ᠰᠢᠢᠳᠪᠦᠷᠢᠯᠡᠪᠡ᠃ ᠲᠠᠪᠤ ᠳᠤ᠂ ᠢᠯᠡᠷᠡᠭᠦᠯᠦᠭᠰᠡᠨ | ᠨᠡᠶᠢᠲᠡᠴᠢ ᠴᠢᠨᠠᠷᠲᠠᠢ᠂ ᠲᠦᠭᠡᠮᠡᠯ ᠴᠢᠨᠠᠷᠲᠠᠢ ᠠᠰᠠᠭᠤᠳᠠᠯ ᠳᠤ᠂ ᠬᠢᠨᠠᠨ ᠪᠣᠳᠣᠬᠤ ᠰᠠᠨᠠᠭᠤᠯᠭ᠎ᠠ ᠳᠤᠷᠠᠳᠤᠨ | ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠲᠤᠰᠢᠶᠠᠨ ᠳᠦᠷᠢᠮ ᠲᠣᠭᠲᠠᠭᠠᠯ ᠢ ᠲᠡᠭᠦᠯᠳᠡᠷᠵᠢᠭᠦᠯᠵᠦ᠂ | ᠠᠯᠳᠠᠭᠳᠠᠯ ᠳᠤᠲᠠᠭᠳᠠᠯ ᠢ ᠨᠢ ᠨᠥᠬᠦᠪᠦᠷᠢᠯᠡᠪᠡ᠃ | ᠬᠥᠲᠥᠯᠥᠭᠴᠢ᠄ 2019 ᠣᠨ ᠪᠣᠯ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ | ᠳᠠᠶᠢᠯᠠᠯᠳᠤᠭᠠᠨ ᠤ ᠢᠯᠠᠯᠲᠠ ᠶᠢ ᠣᠯᠬᠤ ᠵᠠᠩᠭᠢᠯᠠᠭ᠎ᠠ ᠶᠢᠨ ᠵᠢᠯ ᠪᠣᠯᠣᠨ᠎ᠠ᠂ ᠥᠪᠡᠷᠲᠡᠭᠡᠨ ᠵᠠᠰᠠᠬᠤ ᠣᠷᠣᠨ ᠤ ᠬᠢᠨᠠᠨ | ᠪᠣᠳᠣᠬᠤ ᠲᠢᠩᠬᠢᠮ ᠤᠨ ᠡᠨᠡ ᠵᠢᠯ ᠤᠨ ᠶᠠᠳᠠᠭᠤ ᠶᠢ ᠲᠡᠳᠬᠦᠬᠦ ᠬᠢᠨᠠᠯᠲᠠ ᠪᠣᠳᠣᠯᠲᠠ ᠶᠢᠨ ᠠᠵᠢᠯ ᠳᠤ ᠶᠠᠮᠠᠷ ᠶᠠᠮᠠᠷ | ᠰᠢᠨ᠎ᠡ ᠠᠷᠭ᠎ᠠ ᠬᠡᠮᠵᠢᠶ᠎ᠡ ᠪᠠᠶᠢᠬᠤ ᠪᠣᠢ︖ | ᠵᠠᠩ ᠯᠢᠶᠠᠩ᠄ 2019 ᠣᠨ ᠳᠤ᠂ ᠥᠪᠡᠷᠲᠡᠭᠡᠨ ᠵᠠᠰᠠᠬᠤ ᠣᠷᠣᠨ ᠤ ᠬᠢᠨᠠᠨ ᠪᠣᠳᠣᠬᠤ ᠲᠢᠩᠬᠢᠮ ᠠᠴᠠ | ᠶᠡᠷᠦᠩᠬᠡᠢ ᠱᠦᠵᠢ ᠰᠢ ᠶᠢᠨ ᠫᠢᠩ ᠤᠨ ᠶᠠᠳᠠᠭᠤ ᠶᠢ ᠲᠡᠳᠬᠦᠬᠦ ᠥᠭᠦᠯᠡᠯᠲᠡ ᠪᠠᠷ ᠦᠨᠳᠦᠰᠦᠨ ᠵᠢᠷᠤᠮᠯᠠᠯ ᠪᠣᠯᠭᠠᠨ᠂ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠶᠠᠳᠠᠭᠤ ᠶᠢ ᠲᠡᠳᠬᠦᠬᠦ | ᠰᠢᠪᠲᠤᠯᠤᠯᠲᠠ ᠶᠢᠨ ᠳᠠᠶᠢᠯᠠᠯᠳᠤᠭᠠᠨ ᠢ ᠯᠠᠪᠳᠠᠭᠤᠨ ᠪᠠᠲᠤᠲᠠᠢ ᠪᠠᠷ ᠠᠬᠢᠭᠤᠯᠬᠤ ᠲᠤᠬᠠᠢ ᠱᠠᠭᠠᠷᠳᠠᠯᠭ᠎ᠠ ᠶᠣᠰᠣᠭᠠᠷ᠂ | ᠲᠦᠢᠯ ᠤᠨ ᠣᠨᠣᠪᠴᠢᠲᠠᠢ ᠪᠠᠷ ᠶᠠᠳᠠᠭᠤ ᠶᠢ ᠲᠡᠳᠬᠦᠬᠦ᠂ ᠲᠦᠢᠯ ᠤᠨ ᠣᠨᠣᠪᠴᠢᠲᠠᠢ ᠪᠠᠷ ᠶᠠᠳᠠᠭᠤ ᠠᠴᠠ | ᠠᠩᠭᠢᠵᠢᠷᠠᠭᠤᠯᠬᠤ ᠦᠨᠳᠦᠰᠦᠨ ᠠᠷᠭ᠎ᠠ ᠪᠣᠳᠣᠯᠭ᠎ᠠ ᠶᠢᠨ ᠲᠣᠭᠤᠷᠢᠨ ᠳᠤ᠂ ᠠᠵᠢᠯ ᠤᠨ ᠡᠷᠴᠢᠮ ᠢᠶᠠᠨ ᠤᠯᠠᠮ ᠨᠢᠭᠡ | ᠠᠯᠬᠤᠮ ᠴᠢᠩᠭᠠᠷᠠᠭᠤᠯᠵᠤ᠂ ᠲᠥᠪᠯᠡᠷᠡᠯ ᠤᠨ ᠴᠡᠭ ᠢᠶᠠᠨ ᠠᠯᠳᠠᠬᠤ ᠦᠭᠡᠢ᠂ ᠭᠤᠣᠯᠳᠠᠯᠭ᠎ᠠ ᠪᠠᠨ ᠬᠤᠪᠢᠷᠠᠭᠤᠯᠬᠤ | ᠦᠭᠡᠢ᠂ ᠶᠠᠳᠠᠭᠤ ᠶᠢ ᠲᠡᠳᠬᠦᠬᠦ ᠪᠡᠯᠡ ᠮᠥᠩᠭᠦ ᠶᠢᠨ ᠬᠢᠨᠠᠯᠲᠠ ᠪᠣᠳᠣᠯᠲᠠ ᠶᠢ ᠪᠦᠬᠦ ᠲᠠᠯ᠎ᠠ ᠪᠠᠷ ᠬᠠᠮᠤᠷᠤᠭᠤᠯᠬᠤ ᠶᠢ | ᠦᠷᠭᠦᠯᠵᠢᠯᠡᠨ ᠥᠷᠨᠢᠭᠦᠯᠬᠦ ᠶᠢᠨ ᠬᠠᠮᠲᠤ᠂ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠪᠠᠷ ᠨᠢᠭᠡ ᠵᠦᠢᠯ ᠤᠨ | ᠴᠢᠬᠤᠯᠠ ᠠᠭᠤᠯᠭ᠎ᠠ ᠪᠣᠯᠭᠠᠨ ᠨᠠᠮ ᠵᠠᠰᠠᠭ ᠤᠨ ᠤᠳᠤᠷᠢᠳᠬᠤ ᠺᠠᠳ᠋ᠷ ᠤᠨ ᠠᠵᠤ ᠠᠬᠤᠢ ᠶᠢᠨ ᠬᠠᠷᠢᠭᠤᠴᠠᠯᠭ᠎ᠠ ᠶᠢᠨ | ᠬᠢᠨᠠᠯᠲᠠ ᠪᠣᠳᠣᠯᠲᠠ ᠳᠤ ᠣᠷᠣᠭᠤᠯᠤᠨ ᠬᠠᠮᠲᠤ ᠳᠤ ᠨᠢ ᠥᠷᠨᠢᠭᠦᠯᠦᠨ᠎ᠡ᠃ ᠨᠢᠭᠡ ᠳᠤ᠂ ᠶᠠᠳᠠᠭᠤ ᠶᠢ ᠲᠡᠳᠬᠦᠬᠦ ᠪᠡᠯᠡ | ᠮᠥᠩᠭᠦ ᠶᠢᠨ ᠬᠢᠨᠠᠯᠲᠠ ᠪᠣᠳᠣᠯᠲᠠ ᠶᠢ ᠪᠦᠬᠦ ᠲᠠᠯ᠎ᠠ ᠪᠠᠷ ᠬᠠᠮᠤᠷᠤᠭᠤᠯᠬᠤ ᠶᠢ ᠦᠷᠭᠦᠯᠵᠢᠯᠡᠨ ᠥᠷᠨᠢᠭᠦᠯᠦᠨ᠎ᠡ᠃ | ᠶᠠᠳᠠᠭᠤ ᠶᠢ ᠲᠡᠳᠬᠦᠬᠦ ᠡᠲᠡᠭᠡᠳ ᠲᠤ ᠬᠢᠨᠠᠨ ᠪᠣᠳᠣᠬᠤ ᠶᠢ ᠪᠦᠬᠦ ᠲᠠᠯ᠎ᠠ ᠪᠠᠷ ᠬᠠᠮᠤᠷᠤᠭᠤᠯᠬᠤ ᠶᠢ ᠪᠡᠶᠡᠯᠡᠭᠦᠯᠦᠨ᠎ᠡ᠃ | ᠶᠠᠳᠠᠭᠤ ᠶᠢ ᠲᠡᠳᠬᠦᠬᠦ ᠪᠡᠯᠡ ᠮᠥᠩᠭᠦ ᠶᠢ ᠬᠤᠪᠢᠶᠠᠷᠢᠯᠠᠨ ᠬᠠᠮᠢᠶᠠᠷᠴᠤ ᠬᠡᠷᠡᠭᠯᠡᠬᠦ ᠰᠠᠯᠠᠭ᠎ᠠ ᠮᠥᠴᠢᠷ ᠪᠠ ᠨᠢᠭᠡᠴᠢ ᠠᠴᠠ | ᠂ ᠮᠠᠯᠴᠢᠨ ᠲᠠᠷᠢᠶᠠᠴᠢᠨ ᠳᠤ ᠬᠤᠯᠪᠣᠭᠳᠠᠭᠰᠠᠨ ᠪᠡᠯᠡ ᠮᠥᠩᠭᠦ ᠶᠢ ᠨᠡᠶᠢᠯᠡᠭᠦᠯᠦᠨ ᠨᠢᠭᠡᠳᠬᠡᠵᠦ ᠶᠠᠳᠠᠭᠤ ᠶᠢ ᠲᠡᠳᠬᠦᠬᠦ | ᠲᠥᠷᠥᠯ ᠵᠦᠢᠯ ᠳᠤ ᠬᠡᠷᠡᠭᠯᠡᠬᠦ ᠰᠠᠯᠠᠭ᠎ᠠ ᠮᠥᠴᠢᠷ ᠪᠠ ᠨᠢᠭᠡᠴᠢ ᠳᠤ ᠬᠦᠷᠲᠡᠯ᠎ᠡ ᠬᠥᠨᠳᠡᠯᠡᠨ ᠴᠢᠭᠯᠡᠯ ᠢᠶᠠᠷ | ᠬᠠᠮᠤᠷᠤᠭᠤᠯᠬᠤ ᠶᠢ ᠪᠡᠶᠡᠯᠡᠭᠦᠯᠦᠨ᠎ᠡ᠃ ᠬᠤᠲᠠ ᠰᠢᠶᠠᠨ ᠤ ᠳᠡᠰ ᠤᠨ ᠵᠠᠰᠠᠭ ᠤᠨ ᠣᠷᠳᠣᠨ ᠠᠴᠠ ᠰᠠᠯᠠᠭ᠎ᠠ ᠮᠥᠴᠢᠷ᠂ | ᠰᠢᠶᠠᠩ ᠪᠠᠯᠭᠠᠰᠤ᠂ ᠭᠠᠴᠠᠭ᠎ᠠ ᠲᠣᠰᠬᠤᠨ ᠵᠢᠴᠢ ᠲᠥᠷᠥᠯ ᠵᠦᠢᠯ ᠢ ᠬᠠᠮᠤᠷᠤᠭᠤᠯᠤᠭᠰᠠᠨ ᠮᠠᠯᠴᠢᠨ ᠲᠠᠷᠢᠶᠠᠴᠢᠨ | ᠡᠷᠦᠬᠡ ᠳᠤ ᠬᠦᠷᠲᠡᠯ᠎ᠡ᠂ ᠭᠤᠯᠳᠤ ᠴᠢᠭᠯᠡᠯ ᠢᠶᠠᠷ ᠬᠠᠮᠤᠷᠤᠭᠤᠯᠬᠤ ᠶᠢ ᠪᠡᠶᠡᠯᠡᠭᠦᠯᠬᠦ ᠶᠢᠨ ᠬᠠᠮᠲᠤ᠂ ᠪᠡᠭᠡᠵᠢᠩ ᠥᠪᠥᠷ | ᠮᠣᠩᠭᠤᠯ ᠤᠨ ᠶᠠᠳᠠᠭᠤ ᠶᠢ ᠲᠡᠳᠬᠦᠬᠦ ᠪᠡᠯᠡ ᠮᠥᠩᠭᠦ ᠶᠢᠨ ᠲᠥᠷᠥᠯ ᠵᠦᠢᠯ ᠢ ᠬᠢᠨᠠᠨ ᠪᠣᠳᠣᠬᠤ ᠬᠡᠪᠴᠢᠶᠡᠨ ᠳᠤ | ᠣᠷᠣᠭᠤᠯᠵᠤ ᠨᠢᠭᠡ ᠴᠣᠭᠴᠠᠵᠢᠭᠤᠯᠤᠨ ᠬᠢᠨᠠᠯᠲᠠ ᠪᠣᠳᠣᠯᠲᠠ ᠬᠢᠨ᠎ᠡ᠃ ᠶᠠᠳᠠᠭᠤ ᠬᠦᠴᠢᠷᠳᠡᠯᠲᠡᠢ ᠬᠤᠰᠢᠭᠤ | ᠰᠢᠶᠠᠨ ᠳᠤ ᠬᠢᠨᠠᠨ ᠪᠣᠳᠣᠬᠤ ᠶᠢ ᠪᠦᠬᠦ ᠲᠠᠯ᠎ᠠ ᠪᠠᠷ ᠬᠠᠮᠤᠷᠤᠭᠤᠯᠬᠤ ᠶᠢ ᠪᠡᠶᠡᠯᠡᠭᠦᠯᠦᠨ᠎ᠡ᠃ ᠮᠠᠨ ᠤ ᠣᠷᠣᠨ ᠳᠤ | ᠨᠡᠶᠢᠲᠡ 57 ᠶᠠᠳᠠᠭᠤ ᠬᠦᠴᠢᠷᠳᠡᠯᠲᠡᠢ ᠬᠤᠰᠢᠭᠤ ᠰᠢᠶᠠᠨ ᠪᠠᠶᠢᠵᠤ᠂ 2016 ᠣᠨ ᠠᠴᠠ 2018 ᠣᠨ ᠪᠣᠯᠲᠠᠯ᠎ᠠ | ᠮᠠᠨ ᠤ ᠲᠢᠩᠬᠢᠮ ᠠᠴᠠ ᠮᠥᠷᠳᠡᠨ ᠬᠢᠨᠠᠯᠲᠠ ᠪᠣᠳᠣᠯᠲᠠ ᠪᠠᠷ ᠳᠠᠮᠵᠢᠭᠤᠯᠤᠨ᠂ ︽ᠪᠤᠴᠠᠵᠤ ᠪᠠᠶᠢᠴᠠᠭᠠᠨ ᠦᠵᠡᠬᠦ︾ | ᠰᠢᠮᠳᠠᠭᠤᠯᠤᠨ ᠪᠠᠶᠢᠴᠠᠭᠠᠯᠲᠠ ᠶᠢᠨ ᠬᠡᠯᠪᠡᠷᠢ ᠲᠠᠢ ᠤᠶᠠᠯᠳᠤᠭᠤᠯᠵᠤ ᠪᠠᠶᠢᠭᠠᠳ ᠨᠢᠭᠡᠨᠲᠡ ᠬᠤᠶᠠᠷ ᠡᠭᠡᠯᠵᠢ ᠶᠢᠨ | ᠪᠦᠬᠦᠨ ᠢ ᠬᠠᠮᠤᠷᠤᠭᠤᠯᠬᠤ ᠶᠢ ᠪᠡᠶᠡᠯᠡᠭᠦᠯᠪᠡ᠃ 2019 ᠣᠨ ᠳᠤ᠂ ᠪᠢᠳᠡ ᠭᠤᠷᠪᠠᠳᠤᠭᠠᠷ ᠡᠭᠡᠯᠵᠢ ᠶᠢᠨ ᠪᠦᠬᠦᠨ ᠢ | ᠬᠠᠮᠤᠷᠤᠭᠤᠯᠬᠤ ᠶᠢ ᠪᠡᠶᠡᠯᠡᠭᠦᠯᠬᠦ ᠬᠡᠷᠡᠭᠲᠡᠢ᠃ ᠶᠠᠳᠠᠭᠤ ᠠᠴᠠ ᠠᠩᠭᠢᠵᠢᠷᠠᠭ᠎ᠠ ᠦᠭᠡᠢ 20 ᠬᠤᠰᠢᠭᠤ ᠰᠢᠶᠠᠨ ᠳᠤ | ᠲᠤᠰᠬᠠᠢ ᠵᠦᠢᠯ ᠤᠨ ᠶᠠᠳᠠᠭᠤ ᠶᠢ ᠲᠡᠳᠬᠦᠬᠦ ᠬᠢᠨᠠᠯᠲᠠ ᠪᠣᠳᠣᠯᠲᠠ ᠬᠢᠵᠦ᠂ ᠨᠢᠭᠡᠨᠲᠡ ᠶᠠᠳᠠᠭᠤ ᠠᠴᠠ ᠠᠩᠭᠢᠵᠢᠷᠠᠭᠰᠠᠨ | 31 ᠬᠤᠰᠢᠭᠤ ᠰᠢᠶᠠᠨ ᠳᠤ ︽ᠪᠤᠴᠠᠵᠤ ᠪᠠᠶᠢᠴᠠᠭᠠᠨ ᠦᠵᠡᠬᠦ︾ ᠭᠤᠣᠯᠳᠠᠯᠭ᠎ᠠ ᠲᠠᠢ ᠪᠠᠷ ᠰᠤᠭᠤᠴᠢᠨ ᠬᠢᠨᠠᠬᠤ | ᠠᠵᠢᠯᠯᠠᠭ᠎ᠠ ᠥᠷᠨᠢᠭᠦᠯᠦᠨ᠂ ᠶᠠᠳᠠᠭᠤ ᠬᠦᠴᠢᠷᠳᠡᠯᠲᠡᠢ ᠬᠥᠮᠥᠨ ᠠᠮᠠ ᠲᠠᠢ 29 ᠶᠠᠳᠠᠭᠤ ᠬᠦᠴᠢᠷᠳᠡᠯᠲᠡᠢ ᠪᠤᠰᠤ | ᠬᠤᠰᠢᠭᠤ ᠰᠢᠶᠠᠨ ᠳᠤ ᠮᠥᠷᠳᠡᠨ ᠬᠢᠨᠠᠯᠲᠠ ᠪᠣᠳᠣᠯᠲᠠ ᠬᠢᠵᠦ᠂ 3 ᠬᠤᠰᠢᠭᠤ ᠰᠢᠶᠠᠨ ᠳᠤ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠦᠭᠰᠡᠨ ᠪᠠᠶᠢᠳᠠᠯ ᠤᠨ ᠬᠢᠨᠠᠯᠲᠠ ᠪᠣᠳᠣᠯᠲᠠ | ᠬᠢᠨ᠎ᠡ᠃ ᠡᠭᠦᠨ ᠤ ᠬᠠᠮᠲᠤ᠂ ᠪᠦᠬᠦ ᠣᠷᠣᠨ ᠤ ᠲᠠᠷᠢᠶᠠᠴᠢᠳ ᠲᠤ ᠠᠰᠢᠭ ᠬᠦᠷᠲᠡᠭᠡᠬᠦ ᠨᠡᠮᠡᠭᠦᠷᠢ ᠶᠢᠨ ︽ᠨᠢᠭᠡ | ᠺᠠᠷᠲ ᠢᠶᠠᠷ ᠪᠦᠬᠦᠨ ᠢ ᠭᠦᠢᠴᠡᠳᠬᠡᠬᠦ︾ ᠬᠠᠮᠢᠶᠠᠷᠤᠯᠲᠠ ᠬᠡᠷᠡᠭᠯᠡᠯᠲᠡ ᠶᠢᠨ ᠪᠠᠶᠢᠳᠠᠯ ᠳᠤ ᠲᠤᠰᠬᠠᠢ ᠵᠦᠢᠯ ᠤᠨ | ᠬᠢᠨᠠᠯᠲᠠ ᠪᠣᠳᠣᠯᠲᠠ ᠬᠢᠨ᠎ᠡ᠃ ᠣᠳᠣᠬᠠᠨ ᠳᠤ ︽ᠲᠠᠪᠤ ᠶᠢ ᠨᠢᠭᠡᠳᠬᠡᠬᠦ︾ ᠬᠤᠶᠠᠷ ᠲᠥᠷᠥᠯ ᠢ ᠶᠠᠭ ᠰᠠᠶᠢᠬᠠᠨ | ᠬᠡᠷᠡᠭᠵᠢᠭᠦᠯᠵᠦ ᠪᠠᠶᠢᠨ᠎ᠠ᠃ ᠬᠤᠶᠠᠷ ᠲᠤ᠂ ᠬᠢᠨᠠᠨ ᠪᠣᠳᠣᠭᠰᠠᠨ ᠦᠷ᠎ᠡ ᠪᠦᠲᠦᠭᠡᠯ ᠢ ᠬᠡᠷᠡᠭᠯᠡᠬᠦ ᠡᠷᠴᠢᠮ ᠢ | ᠴᠢᠩᠭᠠᠷᠠᠭᠤᠯᠤᠨ᠎ᠠ᠃ ᠬᠢᠨᠠᠨ ᠪᠣᠳᠣᠬᠤ ᠶᠠᠪᠤᠴᠠ ᠳᠤ ᠪᠠᠶᠢᠴᠠᠭᠠᠨ ᠭᠠᠷᠭᠠᠭᠰᠠᠨ ᠠᠰᠠᠭᠤᠳᠠᠯ ᠢ ᠴᠡᠭᠴᠡᠯᠡᠨ | ᠥᠭᠡᠷᠡᠴᠢᠯᠡᠬᠦ ᠠᠵᠢᠯ ᠢ ᠣᠨᠢᠯᠠᠨ᠂ ᠪᠦᠲᠦᠮᠵᠢᠲᠡᠢ ᠠᠷᠭ᠎ᠠ ᠬᠡᠮᠵᠢᠶ᠎ᠡ ᠠᠪᠴᠤ᠂ ᠬᠢᠨᠠᠨ ᠪᠣᠳᠣᠬᠤ ᠶᠠᠪᠤᠴᠠ ᠳᠤ | ᠢᠯᠡᠷᠡᠭᠦᠯᠦᠭᠰᠡᠨ ᠠᠰᠠᠭᠤᠳᠠᠯ ᠢ ︽ᠡᠴᠦᠰ ᠲᠤ ᠨᠢ ᠲᠤᠯᠲᠠᠯ᠎ᠠ ᠰᠢᠮᠳᠠᠭᠤᠯᠤᠨ ᠪᠠᠶᠢᠴᠠᠭᠠᠵᠤ︾᠂ ᠬᠢᠨᠠᠨ ᠪᠣᠳᠣᠵᠤ | ᠴᠡᠭᠴᠡᠯᠡᠨ ᠥᠭᠡᠷᠡᠴᠢᠯᠡᠬᠦ ᠨᠣᠷᠮ᠎ᠠ ᠶᠢ ᠦᠨᠡᠨ ᠬᠦ ᠳᠡᠭᠡᠭᠰᠢᠯᠡᠭᠦᠯᠦᠨ᠎ᠡ᠃ ᠬᠢᠨᠠᠨ ᠪᠣᠳᠣᠭᠰᠠᠨ ᠦᠷ᠎ᠡ ᠳ᠋ᠦᠩ ᠢ | ᠨᠡᠶᠢᠭᠡᠮ ᠳᠤ ᠢᠯᠡ ᠪᠠᠷ ᠨᠡᠶᠢᠲᠡᠯᠡᠵᠦ᠂ ᠨᠡᠶᠢᠭᠡᠮ ᠤᠨ ᠬᠢᠨᠠᠯᠲᠠ ᠲᠠᠯᠪᠢᠯᠲᠠ ᠶᠢ ᠬᠦᠯᠢᠶᠡᠨ᠎ᠡ᠃ ᠳᠦᠷᠢᠮ ᠲᠣᠭᠲᠠᠭᠠᠯ | ᠰᠠᠬᠢᠯᠭ᠎ᠠ ᠪᠠᠲᠤ ᠬᠠᠤᠯᠢ ᠴᠠᠭᠠᠵᠠ ᠠᠴᠠ ᠵᠥᠷᠢᠴᠡᠭᠰᠡᠨ ᠠᠰᠠᠭᠤᠳᠠᠯ ᠳᠤ᠂ ᠳᠦᠷᠢᠮ ᠲᠣᠭᠲᠠᠭᠠᠯ ᠶᠣᠰᠣᠭᠠᠷ ᠬᠠᠮᠢᠶ᠎ᠠ | ᠪᠦᠬᠦᠢ ᠰᠠᠯᠠᠭ᠎ᠠ ᠮᠥᠴᠢᠷ ᠲᠤ ᠰᠢᠯᠵᠢᠭᠦᠯᠦᠨ ᠴᠢᠩᠭ᠎ᠠ ᠰᠢᠢᠳᠬᠡᠵᠦ᠂ ᠰᠦᠷ ᠦᠢᠯᠡᠳᠦᠯ ᠦᠵᠡᠭᠦᠯᠬᠦ ᠬᠡᠷᠡᠭᠲᠡᠢ᠃ | ᠭᠤᠷᠪᠠ ᠳᠤ᠂ ᠵᠣᠬᠢᠶᠠᠨ ᠪᠠᠶᠢᠭᠤᠯᠬᠤ ᠠᠷᠭ᠎ᠠ ᠬᠡᠯᠪᠡᠷᠢ ᠪᠠ ᠬᠢᠨᠠᠨ ᠪᠣᠳᠣᠬᠤ ᠠᠷᠭ᠎ᠠ ᠠᠪᠴᠠᠯ ᠢᠶᠠᠨ | ᠰᠠᠶᠢᠵᠢᠷᠠᠭᠤᠯᠤᠨ᠎ᠠ᠃ ᠶᠠᠳᠠᠭᠤ ᠶᠢ ᠲᠡᠳᠬᠦᠬᠦ ᠪᠡᠯᠡ ᠮᠥᠩᠭᠦ ᠪᠠᠷ ᠭᠤᠣᠯ ᠱᠤᠭᠤᠮ ᠪᠣᠯᠭᠠᠨ᠂ ᠶᠠᠳᠠᠭᠤ ᠶᠢ ᠲᠡᠳᠬᠦᠬᠦ | ᠲᠥᠷᠥᠯ ᠵᠦᠢᠯ ᠲᠠᠢ ᠤᠶᠠᠯᠳᠤᠭᠤᠯᠵᠤ᠂ ᠬᠢᠨᠠᠨ ᠪᠣᠳᠣᠬᠤ ᠠᠷᠭ᠎ᠠ ᠬᠡᠯᠪᠡᠷᠢ ᠳᠤ ᠰᠢᠨ᠎ᠡ ᠶᠢ ᠡᠭᠦᠳᠦᠨ᠂ ᠮᠡᠳᠡᠭᠡ | ᠵᠠᠩᠭᠢᠵᠢᠯᠲᠠ ᠠᠴᠠ ᠡᠬᠢ ᠪᠠᠶᠠᠯᠢᠭ ᠠᠪᠴᠤ᠂ ᠲᠣᠮᠣ ᠳ᠋ᠠᠶᠢᠲ᠋ᠠ ᠪᠠᠷ ᠬᠢᠨᠠᠨ ᠪᠣᠳᠣᠬᠤ ᠠᠷᠭ᠎ᠠ ᠠᠪᠴᠠᠯ ᠢ ᠭᠦᠢᠴᠡᠳ | ᠠᠰᠢᠭᠯᠠᠨ᠂ ᠢᠯᠡᠷᠡᠭᠦᠯᠦᠭᠰᠡᠨ ᠰᠡᠵᠢᠭᠲᠡᠢ ᠬᠡᠷᠡᠭ ᠢ ᠬᠠᠷᠢᠴᠠᠭᠤᠯᠤᠨ ᠵᠠᠳᠠᠯᠬᠤ ᠪᠠᠷ ᠳᠠᠮᠵᠢᠭᠤᠯᠵᠤ᠂ ᠬᠢᠨᠠᠨ ᠪᠣᠳᠣᠬᠤ | ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ | ᠬᠥᠲᠥᠯᠥᠭᠴᠢ᠄ ᠰᠠᠶᠢᠨ ᠪᠣᠯᠣᠯ᠎ᠠ᠃ ᠴᠠᠭ ᠤᠨ ᠬᠠᠷᠠᠭ᠎ᠠ ᠠᠴᠠ ᠮᠠᠨ ᠤ ᠰᠤᠷᠪᠤᠯᠵᠢᠯᠠᠭ᠎ᠠ ᠠᠳᠡ ᠬᠦᠷᠦᠭᠡᠳ | ᠥᠨᠳᠥᠷᠯᠡᠬᠦ ᠪᠣᠯᠣᠯ᠎ᠠ᠃ ᠵᠠᠩ ᠲᠢᠩᠬᠢᠮ ᠤᠨ ᠳᠠᠷᠤᠭ᠎ᠠ ᠶᠢᠨ ᠲᠠᠶᠢᠯᠤᠮᠵᠢ ᠬᠢᠭᠰᠡᠨ ᠳᠤ ᠲᠤᠩ ᠪᠠᠶᠠᠷᠯᠠᠯ᠎ᠠ᠂ ᠮᠥᠨ | ᠴᠤ ᠰᠦᠯᠵᠢᠶᠡᠨ ᠤ ᠠᠨᠳᠠ ᠨᠠᠷ ᠤᠨ ᠬᠦᠯᠢᠶᠡᠨ ᠠᠪᠴᠤ ᠦᠵᠡᠭᠰᠡᠨ ᠳᠤ ᠪᠠᠶᠠᠷᠯᠠᠯ᠎ᠠ᠃ ᠳᠠᠷᠠᠭᠠᠴᠢ ᠶᠢᠨ | ᠬᠤᠭᠤᠴᠠᠭᠠᠨ ᠳᠤ ᠳᠠᠬᠢᠨ ᠵᠣᠯᠭᠠᠶ᠎ᠠ᠂ ᠪᠠᠶᠠᠷᠲᠠᠢ︕ | ᠵᠠᠩ ᠯᠢᠶᠠᠩ᠄ ᠪᠠᠶᠠᠷᠲᠠᠢ︕ | |