ᠪᠠᠶᠠᠨ ᠵᠡᠭᠡᠯᠢ ᠭᠤᠳᠤᠮᠵᠢ ᠨᠠᠮ ᠤᠨ ᠪᠠᠶᠢᠭᠤᠯᠤᠯᠲᠠ ᠶᠢ ᠠᠳᠬᠤᠵᠤ᠂ ᠬᠥᠭᠵᠢᠯ ᠮᠠᠨᠳᠤᠯ ᠢ ᠠᠬᠢᠭᠤᠯᠵᠤ᠂  ᠬᠦᠭᠵᠢᠭᠦᠯᠬᠦ ᠪᠠᠷ ᠴᠢᠷᠮᠠᠶᠢᠪᠠ︕
ᠨᠡᠶᠢᠲᠡᠯᠡᠭᠰᠡᠨ ᠴᠠᠭ᠄
2019/5/5
     ᠰᠠᠶᠢᠬᠠᠨ ᠲᠤᠭᠤᠷᠢᠭ ᠤᠨ ᠪᠠᠶᠠᠨ ᠵᠡᠭᠡᠯᠢ ᠭᠤᠳᠤᠮᠵᠢ ᠲᠤᠭᠤᠷᠢᠭ ᠤᠨ ᠵᠡᠭᠦᠨ ᠲᠡᠭᠦᠷᠭᠡ ᠳᠤ ᠪᠠᠶᠢᠷᠢᠯᠠᠵᠤ᠂ ᠥᠪᠥᠷ ᠮᠣᠩᠭᠤᠯ ᠤᠨ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠬᠦᠷᠢᠶᠡᠯᠡᠩ ᠲᠣᠭᠤᠷᠢᠭ ᠶᠢᠨ ᠬᠢᠯᠢ ᠶᠢᠨ ᠳᠣᠲᠣᠷ᠎ᠠ ᠪᠠᠶᠢᠷᠢᠯᠠᠵᠤ᠂ ᠴᠠᠭᠠᠨ ᠰᠤᠪᠤᠷᠭ᠎ᠠ ᠶᠢᠨ ᠣᠯᠠᠨ ᠤᠯᠤᠰ ᠤᠨ ᠨᠢᠰᠬᠡᠯ ᠤᠨ ᠪᠠᠭᠤᠳᠠᠯ ᠲᠠᠢ ᠬᠥᠷᠰᠢᠯᠡᠵᠦ᠂ ᠵᠠᠮ ᠬᠠᠷᠢᠯᠴᠠᠭ᠎ᠠ ᠲᠦᠢᠯ ᠤᠨ ᠳᠥᠭᠦᠮ᠂ ᠭᠡᠪᠡᠴᠦ ᠡᠮᠦᠨ᠎ᠡ ᠤᠮᠠᠷ᠎ᠠ ᠶᠢᠨ ᠠᠯᠭᠠᠰᠠᠯ ᠨᠡᠯᠢᠶᠡᠳ ᠶᠡᠭᠡ᠂ ᠠᠵᠤ ᠦᠢᠯᠡᠰ ᠤᠨ ᠬᠥᠭᠵᠢᠯᠲᠡ ᠲᠡᠭᠰᠢ ᠪᠤᠰᠤ᠂ ᠰᠠᠭᠤᠭᠠᠯᠢ ᠠᠷᠠᠳ ᠤᠨ ᠣᠷᠣᠯᠭ᠎ᠠ ᠶᠢᠨ ᠵᠥᠷᠢᠶ᠎ᠡ ᠢᠯᠡᠷᠬᠡᠶ ᠪᠠᠶᠢᠬᠤ ᠵᠥᠷᠢᠴᠡᠯ ᠣᠷᠣᠰᠢᠵᠤ  ᠪᠠᠶᠢᠨ᠎ᠠ᠃ ᠠᠵᠤ ᠦᠢᠯᠡᠰ ᠤᠨ ᠬᠥᠭᠵᠢᠯᠲᠡ ᠶᠢ ᠠᠬᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢᠨ ᠲᠥᠯᠥᠭᠡ᠂ 4 ᠰᠠᠷ᠎ᠠ ᠶᠢᠨ 30 ᠤ ᠡᠳᠦᠷ᠂ ᠪᠠᠶᠠᠨ ᠵᠡᠭᠡᠯᠢ ᠭᠤᠳᠤᠮᠵᠢ ᠶᠢᠨ ᠥᠨᠳᠥᠷ ᠦᠷ᠎ᠡ ᠠᠰᠢᠭᠲᠤ ᠲᠠᠷᠢᠶᠠᠯᠠᠩ ᠢ ᠬᠥᠭᠵᠢᠭᠦᠯᠬᠦ ᠲᠤᠬᠠᠢ ᠰᠤᠳᠤᠯᠤᠨ ᠶᠠᠷᠢᠯᠴᠠᠬᠤ ᠬᠤᠷᠠᠯ ᠪᠠᠶᠠᠨ ᠲᠤᠰᠬᠤᠨ ᠤ ᠵᠠᠰᠠᠭ ᠤᠨ ᠣᠷᠳᠣᠨ ᠳᠤ ᠬᠤᠷᠠᠯᠳᠤᠵᠤ᠂ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠪᠣᠯᠤᠨ ᠰᠠᠶᠢᠬᠠᠨ ᠲᠤᠭᠤᠷᠢᠭ ᠤᠨ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠤᠳᠤᠷᠢᠳᠤᠯᠭ᠎ᠠ ᠤᠷᠢᠯᠭ᠎ᠠ ᠪᠠᠷ ᠣᠷᠣᠯᠴᠠᠵᠤ᠂ ᠡᠯ᠎ᠡ ᠲᠣᠰᠬᠤᠨ ᠤ ᠭᠤᠤᠯ ᠬᠠᠷᠢᠭᠤᠴᠠᠯᠭᠠᠲᠠᠨ᠂ ᠲᠠᠷᠢᠮᠠᠯ ᠤᠨ ᠬᠤᠷᠰᠢᠶ᠎ᠠ ᠶᠢᠨ ᠳᠠᠭᠠᠭᠤᠯᠤᠭᠴᠢ᠂ ᠰᠢᠨᠵᠢᠯᠡᠬᠦ ᠤᠬᠠᠭᠠᠨ ᠮᠡᠷᠭᠡᠵᠢᠯ ᠤᠨ ᠣᠨᠴᠠ ᠲᠣᠮᠢᠯᠠᠭᠳᠠᠭᠴᠢ᠂ ᠪᠡᠯᠡᠳᠭᠡᠮᠵᠢᠳᠦ ᠲᠠᠷᠢᠶᠠᠯᠠᠩ ᠤᠨ ᠲᠠᠷᠢᠮᠠᠯ ᠤᠨ ᠲᠣᠮᠣ ᠡᠷᠦᠬᠡ ᠲᠠᠢ ᠬᠠᠮᠲᠤᠪᠠᠷ ᠪᠠᠶᠠᠨ ᠵᠡᠭᠡᠯᠢ ᠭᠤᠳᠤᠮᠵᠢ ᠶᠢᠨ ᠢᠷᠡᠭᠡᠳᠦᠶ ᠶᠢᠨ ᠠᠵᠤ ᠦᠢᠯᠡᠰ ᠤᠨ ᠬᠥᠭᠵᠢᠯᠲᠡ ᠶᠢᠨ ᠴᠢᠭᠯᠡᠯ ᠢ ᠰᠤᠳᠤᠯᠤᠨ ᠶᠠᠷᠢᠯᠴᠠᠪᠠ᠃

  ᠪᠦᠲᠦᠴᠡ ᠳᠤ ᠲᠣᠬᠢᠷᠠᠭᠤᠯᠤᠯᠲᠠ ᠬᠢᠵᠦ ᠲᠠᠷᠢᠶᠠᠴᠢᠳ ᠢ ︽ᠵᠣᠭᠤᠰᠣᠨ ᠤᠭᠤᠲᠠ︾ ᠲᠠᠢ ᠪᠣᠯᠭᠠᠪᠠ᠃

      ᠲᠠᠶᠢᠪᠤᠩ ᠠᠶᠢᠯ ᠰᠢᠶᠠᠩ ᠤᠨ ᠪᠦᠦ ᠯᠢ ᠰᠢᠨ ᠲᠥᠬᠦᠭᠡᠷᠦᠮᠵᠢ ᠶᠢᠨ ᠲᠠᠷᠢᠶᠠᠯᠠᠩ ᠤᠨ ᠬᠦᠷᠢᠶᠡᠯᠡᠩ ᠳᠤ᠂

ᠲᠣᠰᠬᠤᠨ ᠤ ᠠᠷᠠᠳ ᠵᠤᠤ ᠯᠢᠨ ᠯᠢᠨ ᠬᠦᠯᠡᠮᠵᠢ ᠳᠤ ᠶᠠᠭᠠᠷᠠᠯᠲᠠᠶ ᠠᠵᠢᠯᠯᠠᠵᠤ᠂ ᠬᠦᠯᠡᠮᠵᠢ ᠳᠤ ᠤᠷᠭᠤᠴᠠ ᠰᠠᠶᠢᠲᠠᠶ

ᠲᠥᠪᠡᠳ ᠬᠠᠰᠢ ᠶᠢ ᠬᠠᠷᠠᠭᠠᠳ ᠲᠡᠷᠡ ᠮᠠᠰᠢ ᠪᠠᠶᠠᠷᠯᠠᠪᠠ᠃ ︽ᠸᠠᠩ ᠮᠡᠷᠭᠡᠵᠢᠯᠲᠠᠨ ᠤ ᠰᠠᠶᠢᠨ ᠢᠶᠠᠷ ᠡᠨᠡ ᠬᠦ

ᠬᠦᠯᠡᠮᠵᠢ ᠲᠡᠭᠦᠨ ᠤ ᠵᠢᠯᠣᠭᠤᠳᠤᠯᠭ᠎ᠠ ᠶᠢᠨ ᠳᠤᠤᠷ᠎ᠠ ᠬᠢᠭᠰᠡᠨ ᠶᠤᠮ᠂ ᠳᠠᠯᠠᠩ ᠲᠠᠷᠢᠬᠤ᠂ ᠭᠠᠵᠠᠷ ᠤᠨ ᠪᠦᠷᠬᠦᠪᠴᠢ

ᠳᠡᠪᠢᠰᠬᠦ᠂ ᠴᠢᠬᠢ ᠰᠠᠭᠤᠯᠭᠠᠬᠤ ᠵᠡᠷᠭᠡ᠂ ᠲᠥᠷᠥᠯ ᠵᠦᠢᠯ ᠤᠨ ᠭᠡᠷᠡᠯ ᠲᠤᠰᠤᠯᠲᠠ  ᠰᠠᠶᠢᠨ᠂ ᠡᠪᠡᠳᠴᠢᠨ ᠤ ᠬᠤᠣᠷ

ᠬᠥᠨᠥᠭᠡᠯ ᠪᠠᠭ᠎ᠠ᠂ ᠭᠠᠷᠤᠯᠲᠠ ᠨᠢ ᠴᠦ ᠳᠡᠭᠡᠭᠰᠢᠯᠡᠵᠡᠢ ᠭᠡᠵᠦ ᠵᠤᠤ ᠯᠢᠨ ᠯᠢᠨ ᠨᠢᠭᠡ ᠲᠠᠯ᠎ᠠ ᠪᠠᠷ ᠲᠥᠪᠡᠳ ᠬᠠᠰᠢ ᠶᠢᠨ

ᠴᠢᠬᠢ ᠶᠢ ᠲᠡᠮᠲᠡᠷᠢᠵᠦ᠂ ᠨᠥᠭᠦᠭᠡ ᠲᠠᠯ᠎ᠠ ᠪᠠᠷ ᠰᠤᠷᠪᠤᠯᠵᠢᠯᠠᠭᠴᠢ ᠳᠤ  ᠬᠡᠯᠡᠪᠡ᠄ ︽ᠡᠮᠦᠨ᠎ᠡ ᠬᠠᠪᠤᠷ ᠠᠴᠠ ᠡᠬᠢᠯᠡᠨ

ᠨᠢᠭᠡ ᠬᠦᠯᠡᠮᠵᠢ ᠲᠦᠪᠡᠳ ᠬᠠᠰᠢ ᠲᠠᠷᠢᠳᠠᠭ᠂ ᠶᠠᠭᠠᠷᠠᠯᠲᠠᠢ ᠬᠢᠵᠦ ᠵᠢᠯ ᠤᠨ ᠬᠤᠶᠠᠷ ᠲᠦᠮᠡ ᠭᠠᠷᠤᠢ ᠲᠥᠭᠦᠷᠢᠭ ᠤᠨ

ᠣᠷᠣᠯᠭ᠎ᠠ ᠲᠠᠢ ᠪᠠᠶᠢᠳᠠᠭ᠂ ᠡᠨᠡ ᠵᠢᠯ ᠤᠨ ᠨᠤᠭᠤᠭ᠎ᠠ ᠶᠢᠨ ᠦᠨ᠎ᠡ ᠥᠨᠳᠥᠷ᠂ ᠴᠢᠬᠢ ᠨᠢ ᠴᠦ  ᠰᠠᠶᠢᠨ᠂

ᠣᠷᠣᠯᠭ᠎ᠠ ᠨᠢ ᠯᠠᠪᠲᠠᠢ ᠥᠩᠭᠡᠷᠡᠭᠰᠡᠨ ᠵᠢᠯ ᠤᠳ ᠠᠴᠠ  ᠰᠠᠶᠢᠨ ᠪᠣᠯᠤᠨ᠎ᠠ︕︾ ᠭᠡᠪᠡ᠃

     ᠲᠠᠷᠢᠶᠠᠯᠠᠩ ᠤᠨ ᠲᠠᠷᠢᠮᠠᠯ ᠤᠨ ᠪᠦᠲᠦᠴᠡ ᠶᠢᠨ ᠲᠣᠬᠢᠷᠠᠭᠤᠯᠤᠯᠲᠠ ᠨᠢ ᠲᠠᠷᠢᠮᠠᠯ ᠤᠨ ᠭᠠᠷᠤᠯᠲᠠ ᠶᠢᠨ

ᠨᠡᠮᠡᠭᠳᠡᠵᠦ ᠲᠠᠷᠢᠶᠠᠴᠢᠳ ᠤᠨ ᠣᠷᠣᠯᠭ᠎ᠠ ᠶᠢᠨ ᠳᠡᠭᠡᠭᠰᠢᠯᠡᠯᠲᠡ ᠳᠤ ᠲᠤᠶᠢᠯ ᠤᠨ ᠴᠢᠬᠤᠯᠠ ᠠᠴᠢ ᠬᠤᠯᠪᠤᠭᠳᠠᠯ ᠲᠠᠢ

ᠪᠠᠶᠢᠳᠠᠭ᠃ ︽ᠣᠳᠣᠬᠠᠨ ᠳᠤ ᠮᠠᠨ ᠤ ᠠᠳᠡᠬᠢ ᠲᠣᠰᠬᠤᠨ ᠤ ᠠᠷᠠᠳ ᠪᠦᠷ ᠲᠥᠪᠡᠳ ᠬᠠᠰᠢ ᠲᠠᠷᠢᠵᠤ᠂ ᠳᠠᠬᠢᠨ

ᠨᠢᠭᠡ ᠤᠳᠠᠭ᠎ᠠ ᠰᠢ ᠬᠤᠯᠤ ᠪᠤᠶᠤ ᠪᠤᠷᠴᠠᠭ  ᠲᠠᠷᠢᠳᠠᠭ᠂ ᠢᠩᠭᠢᠪᠡᠯ ᠭᠠᠵᠠᠷ ᠰᠢᠷᠣᠢ ᠶᠢᠨ

ᠨᠢᠭᠡ‌ᠬᠤᠭᠤᠴᠠᠭᠠᠨ ᠳᠤ ᠰᠤᠯᠠ ᠲᠠᠯᠪᠢᠭᠳᠠᠨ᠎ᠠ︾᠃ ᠮᠠᠨ ᠤ ᠣᠳᠣ ᠶᠢᠨ ᠬᠢᠵᠦ ᠪᠠᠶᠢᠭ᠎ᠠ ᠵᠦᠢᠯ ᠪᠣᠯ ᠳᠠᠷᠤᠶ ᠨᠢᠭᠡ

ᠵᠦᠢᠯ ᠤᠨ ᠨᠠᠩ ᠥᠨᠳᠥᠷ ᠪᠦᠲᠦᠮᠵᠢᠲᠡᠶ ᠦᠢᠯᠡᠳᠪᠦᠷᠢᠯᠡᠯ ᠤᠨ ᠬᠡᠪ ᠵᠠᠭᠪᠤᠷ ᠢ ᠪᠡᠶᠡᠯᠡᠭᠦᠯᠵᠦ ᠲᠠᠷᠢᠶᠠᠴᠢᠨ

ᠡᠷᠦᠬᠡ ᠳᠤ  ᠨᠢᠭᠡ ᠤᠳᠠᠭ᠎ᠠ ᠲᠥᠪᠡᠳ ᠬᠠᠰᠢ᠂ ᠬᠤᠶᠠᠷ ᠤᠳᠠᠭ᠎ᠠ ᠶᠢᠨ ᠠᠮᠲᠠᠲᠤ ᠬᠡᠮᠬᠡ᠂ ᠨᠢᠭᠡ ᠵᠢᠯ ᠳᠤ ᠭᠤᠷᠪᠠ

ᠤᠳᠠᠭ᠎ᠠ ᠲᠠᠷᠢᠭᠤᠯᠤᠨ᠎ᠠ᠂ ᠵᠢᠯ ᠤᠨ ᠦᠢᠯᠡᠳᠪᠦᠷᠢᠯᠡᠯ ᠤᠨ ᠰᠢᠨ᠎ᠡ ᠬᠡᠪ ᠵᠠᠭᠪᠤᠷ ᠲᠤ ᠪᠢᠳᠡ ᠲᠧᠭᠨᠢᠭ ᠮᠡᠷᠭᠡᠵᠢᠯ ᠪᠠ

ᠪᠠᠷᠢᠮᠵᠢᠶ᠎ᠠ ᠶᠢ  ᠬᠠᠩᠭᠠᠨ᠎ᠠ᠃︾ ᠭᠡᠵᠦ ᠥᠪᠥᠷ ᠮᠣᠩᠭᠤᠯ ᠤᠨ ᠶᠤᠸᠠᠨ ᠢᠦᠶ ᠰᠢᠨᠵᠢᠯᠡᠬᠦ ᠤᠬᠠᠭᠠᠨ ᠮᠡᠷᠭᠡᠵᠢᠯ ᠤᠨ

ᠬᠢᠵᠠᠭᠠᠷᠲᠤ ᠺᠣᠮᠫᠠᠨᠢ ᠶᠢᠨ ᠬᠠᠷᠢᠭᠤᠴᠠᠯᠭᠠᠲᠠᠨ ᠸᠠᠩ ᠵᠢᠶᠠᠨ ᠵᠢᠶᠦ᠋ᠨ ᠰᠤᠷᠪᠤᠯᠵᠢᠯᠠᠭᠴᠢ ᠳᠤ ᠲᠠᠨᠢᠯᠴᠠᠭᠤᠯᠪᠠ᠃

     ᠬᠥᠭᠵᠢᠯ ᠮᠠᠨᠳᠤᠯ ᠢ ᠠᠬᠢᠭᠤᠯᠵᠤ᠂ ᠨᠠᠮ ᠤᠨ ᠪᠠᠶᠢᠭᠤᠯᠤᠯᠲᠠ ︽ᠰᠢᠨ᠎ᠡ ᠠᠵᠤ ᠦᠢᠯᠡᠰ︾ ᠢ ᠬᠥᠲᠥᠯᠥᠨ

ᠳᠠᠭᠠᠭᠤᠯᠤᠨ᠎ᠠ

     ᠲᠣᠭᠤᠷᠢᠨ ᠦᠵᠡᠬᠦ ᠪᠦᠯᠬᠦᠮ ᠪᠠᠶᠠᠨ ᠵᠡᠭᠡᠯᠢ ᠭᠤᠳᠤᠮᠵᠢ ᠶᠢᠨ ᠡᠯ᠎ᠡ ᠲᠥᠬᠦᠭᠡᠷᠦᠮᠵᠢ ᠶᠢᠨ ᠲᠠᠷᠢᠶᠠᠯᠠᠩ ᠤᠨ

ᠬᠦᠷᠢᠶᠡᠯᠡᠩ ᠳᠤ ᠭᠦᠨᠵᠡᠭᠡᠶᠢᠷᠡᠵᠦ᠂ ᠬᠥᠳᠡᠭᠡ ᠠᠵᠤ ᠠᠬᠤᠢ ᠶᠢᠨ ᠬᠦᠷᠢᠶᠡᠯᠡᠩ ᠲᠣᠭᠤᠷᠢᠭ ᠤᠨ ᠬᠠᠷᠢᠭᠤᠴᠠᠯᠭᠠᠲᠠᠨ ᠤ

ᠰᠠᠭᠤᠷᠢᠨ ᠭᠠᠵᠠᠷ ᠤᠨ ᠬᠥᠭᠵᠢᠯᠲᠡ ᠶᠢᠨ ᠣᠶᠢᠯᠠᠭᠠᠭᠳᠠᠬᠤᠨ᠂ ᠣᠨᠴᠠᠯᠢᠭᠲᠤ ᠦᠢᠯᠡᠳᠬᠦᠨ᠂ ᠦᠢᠯᠡᠳᠪᠦᠷᠢᠯᠡᠯ ᠤᠨ

ᠦᠷ᠎ᠡ ᠠᠰᠢᠭ᠂ ᠡᠵᠡᠩᠨᠡᠯᠲᠡ ᠶᠢᠨ ᠵᠠᠭᠪᠤᠷ ᠵᠡᠷᠭᠡ ᠪᠠᠶᠢᠳᠠᠯ ᠤᠨ ᠲᠤᠬᠠᠢ ᠲᠠᠨᠢᠯᠴᠠᠭᠤᠯᠭ᠎ᠠ ᠶᠢ ᠨᠠᠷᠢᠨ ᠬᠢᠨᠠᠮᠠᠭᠠᠢ

ᠰᠣᠨᠣᠰᠴᠤ᠂ ᠲᠡᠳᠡᠨ ᠤ ᠥᠨᠳᠥᠷ ᠦᠷ᠎ᠡ ᠪᠦᠲᠦᠮᠵᠢᠲᠡᠢ ᠬᠥᠳᠡᠭᠡ ᠠᠵᠤ ᠠᠬᠤᠢ ᠶᠢᠨ ᠠᠵᠤ ᠦᠢᠯᠡᠰᠵᠢᠯᠲᠡ ᠶᠢ

ᠠᠬᠢᠭᠤᠯᠬᠤ ᠶᠠᠪᠤᠴᠠ ᠳᠤ ᠲᠣᠬᠢᠶᠠᠯᠳᠤᠭᠰᠠᠨ ᠠᠰᠠᠭᠤᠳᠠᠯ ᠵᠢᠴᠢ ᠰᠢᠢᠳᠪᠦᠷᠢᠯᠡᠬᠦ ᠲᠥᠰᠦᠯ ᠢ ᠨᠠᠷᠢᠨ ᠣᠶᠢᠯᠠᠭᠠᠪᠠ᠃

ᠳᠠᠷᠠᠭᠠᠴᠢ ᠶᠢᠨ ᠶᠠᠷᠢᠯᠴᠠᠬᠤ ᠬᠤᠷᠠᠯ ᠳᠡᠭᠡᠷ᠎ᠡ᠂ ᠲᠣᠭᠤᠷᠢᠨ ᠦᠵᠡᠬᠦ ᠪᠦᠯᠬᠦᠮ ᠤᠨ ᠭᠡᠰᠢᠭᠦᠳ ᠥᠪᠡᠷ ᠥᠪᠡᠷ ᠤᠨ

ᠰᠠᠨᠠᠯ ᠢᠶᠠᠨ ᠶᠠᠷᠢᠵᠤ᠂ ᠬᠠᠮᠲᠤᠪᠠᠷ ᠪᠠᠶᠠᠨ ᠵᠡᠭᠡᠯᠢ ᠭᠤᠳᠤᠮᠵᠢ ᠶᠢᠨ ᠬᠥᠭᠵᠢᠯᠲᠡ ᠶᠢᠨ ᠰᠤᠳᠠᠰᠤ ᠶᠢ ᠪᠠᠷᠢᠵᠠᠢ᠃ ︽

ᠵᠡᠭᠡᠯᠢ ᠭᠤᠳᠤᠮᠵᠢ ᠪᠤᠶᠤ ᠲᠣᠰᠬᠤᠨ ᠤ ᠬᠢᠨ ᠪᠢᠳᠡᠨ ᠳᠤ ᠨᠢᠭᠡ ᠲᠠᠯᠠᠪᠤᠷ ᠬᠠᠩᠭᠠᠵᠤ ᠥᠭᠬᠦ ᠶᠢ ᠪᠢ ᠰᠠᠨᠠᠭᠤᠯᠵᠤ

ᠪᠠᠶᠢᠨ᠎ᠠ᠂ ᠪᠢᠳᠡ ᠦᠨᠳᠦᠰᠦᠨ ᠱᠠᠲᠤᠨ ᠳᠤ ᠭᠦᠨᠵᠡᠭᠡᠶᠢᠷᠡᠬᠦ ᠠᠷᠭ᠎ᠠ ᠪᠠᠷ᠂ ᠵᠡᠭᠡᠯᠢ ᠭᠤᠳᠤᠮᠵᠢ ᠪᠠᠷ ᠶᠠᠪᠤᠵᠤ᠂

ᠲᠠᠷᠢᠶᠠᠴᠢᠨ ᠡᠷᠦᠬᠡ ᠶᠢᠨ ᠣᠷᠣᠢ ᠶᠢᠨ ᠴᠠᠭ ᠢ ᠠᠰᠢᠭᠯᠠ᠂ ᠰᠤᠷᠤᠯᠴᠠᠬᠤ ᠰᠤᠷᠭᠠᠭᠤᠯᠢ ᠪᠤᠶᠤ ᠬᠢᠴᠢᠶᠡᠯ ᠤᠨ

ᠲᠠᠩᠬᠢᠮ ᠪᠠᠶᠢᠭᠤᠯᠵᠤ᠂ ᠲᠠᠷᠢᠮᠠᠯ ᠤᠨ ᠤᠷᠭᠤᠯᠲᠠ ᠶᠢᠨ ᠡᠯ᠎ᠡ ᠭᠤᠭᠴᠤᠭ᠎ᠠ ᠳᠤ ᠴᠢᠭᠯᠡᠭᠦᠯᠦᠨ᠂ ᠲᠡᠳᠡᠨ ᠳᠤ ᠬᠠᠮᠢᠶ᠎ᠠ

ᠪᠦᠬᠦᠢ ᠮᠡᠳᠡᠯᠭᠡ ᠶᠢ ᠬᠠᠩᠭᠠᠪᠠ᠃︾ ᠭᠡᠵᠦ ᠲᠣᠭᠤᠷᠢᠨ ᠦᠵᠡᠬᠦ ᠪᠦᠯᠬᠦᠮ ᠤᠨ ᠰᠢᠨᠵᠢᠯᠡᠬᠦ ᠤᠬᠠᠭᠠᠨ ᠮᠡᠷᠭᠡᠵᠢᠯ ᠤᠨ

ᠣᠨᠴᠠ ᠲᠣᠮᠢᠯᠠᠭᠴᠢ ᠠᠴᠠ ᠬᠡᠯᠡᠪᠡ᠃

     ᠵᠠᠰᠠᠭ ᠤᠨ ᠣᠷᠳᠣᠨ ︽ᠲᠠᠪᠴᠠᠩ︾ ᠢ ᠪᠠᠶᠢᠭᠤᠯᠵᠤ᠂ ᠠᠵᠤ ᠠᠬᠤᠶᠢᠯᠠᠯ ᠪᠣᠯᠤᠨ ᠠᠵᠤ ᠠᠬᠤᠶᠢᠯᠠᠯ᠂

ᠮᠡᠷᠭᠡᠵᠢᠯᠲᠡᠨ ᠪᠣᠯᠤᠨ ᠲᠠᠷᠢᠶᠠᠴᠢᠨ ᠡᠷᠦᠬᠡ ᠡᠨᠡ ᠬᠦ ᠲᠠᠪᠴᠠᠩ ᠳᠡᠭᠡᠷ᠎ᠡ ᠬᠠᠷᠢᠯᠴᠠᠨ ᠰᠣᠯᠢᠯᠴᠠᠵᠤ᠂ ᠰᠢᠨ᠎ᠡ ᠮᠡᠷᠭᠡᠵᠢᠯ

ᠪᠣᠯᠤᠨ ᠰᠢᠨ᠎ᠡ ᠵᠠᠭᠪᠤᠷ ᠢ ᠰᠤᠷᠤᠯᠴᠠᠭᠤᠯᠪᠠ᠃ ︽ᠨᠠᠮ ᠤᠨ ᠪᠠᠶᠢᠭᠤᠯᠤᠯᠲᠠ ᠶᠢᠨ ᠳᠠᠭᠠᠭᠤᠯᠭ᠎ᠠ ᠳᠣᠣᠷ᠎ᠠ᠂

ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠢᠨ ᠳᠠᠢᠴᠢᠨ ᠬᠦᠴᠦᠨ᠂ ᠵᠣᠬᠢᠶᠠᠨ ᠪᠠᠶᠢᠭᠤᠯᠬᠤ ᠬᠦᠴᠦᠨ ᠢ

ᠴᠢᠩᠭᠠᠳᠬᠠᠵᠤ᠂ ᠲᠠᠷᠢᠶᠠᠴᠢᠳ ᠤᠨ ᠦᠢᠯᠡᠳᠪᠦᠷᠢᠯᠡᠯ ᠢᠶᠠᠨ ᠨᠡᠮᠡᠭᠳᠡᠭᠦᠯᠦᠨ ᠣᠷᠣᠯᠭ᠎ᠠ ᠪᠠᠨ ᠨᠡᠮᠡᠭᠳᠡᠭᠦᠯᠬᠦ ᠶᠢ

ᠬᠥᠲᠥᠯᠥᠨ ᠵᠢᠯᠣᠭᠤᠳᠴᠤ᠂ ᠵᠠᠷᠢᠮ ᠳᠡᠭᠡᠳᠦ ᠰᠢᠨᠵᠢᠯᠡᠬᠦ ᠤᠬᠠᠭᠠᠨ ᠮᠡᠷᠭᠡᠵᠢᠯ ᠤᠨ ᠠᠭᠤᠯᠤᠭᠳᠠᠴᠠ ᠶᠢᠨ᠂

ᠲᠤᠷᠰᠢᠯᠲᠠ ᠬᠢᠵᠦ ᠠᠮᠵᠢᠯᠲᠠ ᠣᠯᠤᠭᠰᠠᠨ ᠬᠥᠳᠡᠭᠡ ᠠᠵᠤ ᠠᠬᠤᠢ ᠶᠢᠨ ᠬᠥᠭᠵᠢᠯᠲᠡ ᠶᠢᠨ ᠵᠠᠭᠪᠤᠷ ᠢ ᠪᠦᠬᠦ

ᠪᠠᠯᠭᠠᠰᠤᠨ ᠤ ᠪᠤᠰᠤᠳ ᠭᠠᠵᠠᠷ ᠲᠤ ᠳᠡᠯᠭᠡᠷᠡᠭᠦᠯᠵᠦ᠂ ᠴᠡᠭ ᠢᠶᠠᠷ ᠪᠦᠬᠦ ᠲᠠᠯ᠎ᠠ ᠶᠢ ᠳᠠᠶᠢᠴᠢᠯᠠᠵᠤ ᠪᠦᠬᠦᠯᠢ

ᠴᠣᠭᠴᠠ ᠪᠠᠷ ᠨᠢ ᠠᠬᠢᠭᠤᠯᠬᠤ ᠶᠢ ᠪᠡᠶᠡᠯᠡᠭᠦᠯᠦᠨ᠎ᠡ︾᠃  ᠡᠭᠦᠨ ᠤ ᠬᠠᠮᠲᠤ᠂ ᠳᠡᠭᠡᠳᠦ ᠰᠢᠨᠵᠢᠯᠡᠬᠦ ᠤᠬᠠᠭᠠᠨ

ᠮᠡᠷᠭᠡᠵᠢᠯ ᠤᠨ ᠴᠢᠳᠠᠪᠤᠷᠢᠲᠠᠨ ᠤ ᠪᠦᠯᠬᠦᠮ ᠢ ᠵᠣᠬᠢᠶᠠᠨ ᠪᠠᠶᠢᠭᠤᠯᠤᠨ᠂ ᠰᠢᠨᠵᠢᠯᠡᠬᠦ ᠤᠬᠠᠭᠠᠨ ᠮᠡᠷᠭᠡᠵᠢᠯ ᠤᠨ

ᠶᠡᠷᠦᠩᠬᠡᠢ ᠥᠷᠲᠡᠭᠡ  ᠪᠠᠶᠢᠭᠤᠯᠵᠤ᠂ ᠡᠯ᠎ᠡ ᠭᠠᠵᠠᠷ ᠣᠷᠣᠨ ᠳᠤ ᠬᠤᠪᠢᠶᠠᠷᠢ ᠥᠷᠲᠡᠭᠡ ᠪᠠᠶᠢᠭᠤᠯᠵᠤ᠂ ᠡᠭᠦᠨ ᠤ

ᠤᠯᠠᠮ ᠠᠴᠠ ᠪᠠᠶᠠᠨ ᠵᠡᠭᠡᠯᠢ ᠭᠤᠳᠤᠮᠵᠢ ᠶᠢᠨ ᠲᠠᠷᠢᠶᠠᠯᠠᠩ ᠠᠵᠤ ᠠᠬᠤᠢ ᠶᠢᠨ ᠥᠨᠳᠥᠷ ᠦᠷ᠎ᠡ ᠪᠦᠲᠦᠮᠵᠢᠲᠡᠢ

ᠬᠥᠭᠵᠢᠬᠦ ᠶᠢ ᠲᠦᠯᠬᠢᠨ  ᠠᠬᠢᠭᠤᠯᠤᠨ᠎ᠠ᠃︾ ᠭᠡᠵᠦ ᠰᠠᠶᠢᠬᠠᠨ ᠲᠤᠭᠤᠷᠢᠭ ᠤᠨ ᠵᠠᠰᠠᠭ ᠤᠨ ᠣᠷᠳᠣᠨ ᠤ ᠠᠯᠪᠠᠨ

ᠭᠡᠷ ᠤᠨ ᠡᠷᠬᠢᠯᠡᠭᠴᠢ᠂ ᠪᠠᠶᠠᠨ ᠵᠡᠭᠡᠯᠢ ᠭᠤᠳᠤᠮᠵᠢ ᠶᠢᠨ ᠨᠠᠮ ᠤᠨ ᠠᠵᠢᠯᠯᠠᠬᠤ ᠬᠤᠷᠢᠶ᠎ᠠ ᠶᠢᠨ ᠬᠠᠷᠢᠭᠤᠴᠠᠯᠭᠠᠲᠠᠨ ᠦ᠋

ᠵᠢᠶᠦ᠋ᠨ ᠢ ᠰᠤᠷᠪᠤᠯᠵᠢᠯᠠᠭᠴᠢ ᠳᠤ ᠲᠠᠨᠢᠯᠴᠠᠭᠤᠯᠪᠠ᠃

     ︽ᠨᠠᠮ ᠤᠨ ᠪᠠᠶᠢᠭᠤᠯᠤᠯᠲᠠ ᠵᠢᠱᠢᠶ᠎ᠡ ᠦᠵᠡᠭᠦᠯᠬᠦ ᠠᠵᠢᠯ ᠢ ᠬᠥᠲᠥᠯᠥᠨ ᠳᠠᠭᠠᠭᠤᠯᠵᠤ᠂ ᠬᠥᠳᠡᠭᠡ ᠠᠵᠤ

ᠠᠬᠤᠢ ᠶᠢᠨ ᠭᠤᠣᠯ ᠱᠤᠭᠤᠮ ᠳᠤ ᠪᠤᠴᠠᠵᠤ᠂ ᠥᠨᠳᠥᠷ ᠦᠷ᠎ᠡ ᠪᠦᠲᠦᠮᠵᠢᠲᠡᠢ ᠬᠥᠳᠡᠭᠡ ᠠᠵᠤ ᠠᠬᠤᠢ ᠶᠢ

ᠬᠥᠭᠵᠢᠭᠦᠯᠬᠦ︾ ᠨᠢ ᠪᠠᠶᠠᠨ ᠵᠡᠭᠡᠯᠢ ᠭᠤᠳᠤᠮᠵᠢ ᠶᠢᠨ ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ ᠰᠢᠨ᠎ᠡ ᠴᠢᠭᠯᠡᠯ

ᠪᠣᠯᠬᠤ ᠪᠣᠯᠤᠨ᠎ᠠ᠃ ᠬᠤᠵᠢᠮ ᠪᠠᠶᠠᠨ ᠵᠡᠭᠡᠯᠢ ᠭᠤᠳᠤᠮᠵᠢ ᠪᠣᠳᠠᠲᠤ  ᠪᠠᠶᠢᠳᠠᠯ ᠳᠤ ᠰᠠᠭᠤᠷᠢᠯᠠᠨ᠂ ᠭᠠᠵᠠᠷ ᠣᠷᠣᠨ ᠤ

ᠪᠠᠶᠢᠳᠠᠯ ᠳᠠᠭᠠᠨ ᠲᠣᠬᠢᠷᠠᠭᠤᠯᠵᠤ᠂ ᠣᠨᠴᠠᠯᠢᠭᠲᠤ ᠭᠢᠯᠠᠰ ᠴᠡᠭ ᠢ ᠠᠭᠤᠳᠠᠯᠤᠨ ᠪᠤᠶᠢᠵᠢᠭᠤᠯᠵᠤ᠂ ᠪᠣᠭᠤᠮᠢ ᠶᠢ

ᠰᠢᠪᠲᠤᠯᠤᠨ ᠭᠠᠷᠬᠤ ᠵᠠᠮ ᠢᠶᠠᠨ ᠣᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠡᠶᠡᠯᠡᠭᠦᠯᠦᠨ᠎ᠡ᠃

︵ᠰᠢᠨ᠎ᠡ ᠵᠠᠭᠤᠴᠢᠯᠠᠭᠤᠷ ᠤᠨ ᠲᠥᠪ ᠸᠠᠨ ᠶᠦᠩ ᠵᠢᠶᠧ  ᠵᠤᠤ ᠧᠨ  ᠽᠧ︶

 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号