| ︽ᠬᠥᠮᠥᠨ ᠪᠣᠯᠭᠠᠨ ᠳᠤ ᠪᠠᠶᠠᠷᠲᠤ ᠶᠠᠪᠤᠳᠠᠯ ᠲᠠᠭᠠᠷᠠᠯᠳᠤᠪᠠᠯ ᠴᠤᠭ ᠰᠦᠯᠳᠡ ᠲᠠᠢ ᠪᠣᠯᠳᠠᠭ︾᠂ ᠭᠡᠰᠡᠨ | ᠬᠠᠭᠤᠴᠢ ᠦᠭᠡ ᠦᠨᠡᠭᠡᠷ ᠵᠦᠪ ᠪᠠᠶᠢᠨ᠎ᠠ᠂ ᠰᠠᠶᠢᠬᠠᠨ ᠲᠣᠭᠤᠷᠢᠭ ᠤᠨ ᠢᠦ᠋ᠢ ᠯᠢᠨ ᠪᠠᠯᠭᠠᠰᠤᠨ ᠤ ᠠᠷᠤ ᠳᠠᠬᠢ | ᠨᠠᠢᠮᠠᠨ ᠪᠠᠶᠢᠰᠢᠩ ᠲᠣᠰᠬᠤᠨ ᠤ ᠵᠢᠶᠠ ᠫᠦ᠋ ᠴᠧᠩ ᠶᠢᠨ ᠠᠮᠵᠢᠯᠲᠠ ᠪᠣᠯ ᠡᠨᠡ ᠦᠭᠡ ᠶᠢᠨ ᠬᠠᠮᠤᠭ ᠤᠨ ᠰᠠᠶᠢᠨ | ᠭᠡᠷᠡᠴᠢᠯᠡᠭᠴᠢ ᠮᠥᠨ᠃ ᠨᠢᠭᠤᠷ ᠲᠠᠬᠢ ᠦᠷᠴᠢᠯᠡᠭᠡᠰᠦ ᠠᠴᠠ ᠭᠠᠳᠠᠨ᠎ᠠ᠂ ᠡᠨᠡ ᠬᠦ ᠬᠦᠳᠡᠷ ᠴᠢᠭᠢᠷᠠᠭ ᠨᠠᠰᠤᠲᠠᠨ 79 | ᠨᠠᠰᠤᠯᠠᠭᠰᠠᠨ ᠢ ᠤᠭᠲᠤ ᠣᠯᠵᠤ ᠬᠠᠷᠠᠬᠤ ᠦᠭᠡᠢ᠃ ᠵᠢᠶᠠ ᠫᠦ᠋ ᠴᠧᠩ ᠤᠨ ᠬᠥᠭᠰᠢᠨ ᠯᠠᠨ ᠶᠢᠨ ᠧ ᠬᠡᠷᠡᠮ | ᠳᠡᠭᠡᠷᠡᠬᠢ ᠰᠡᠭᠦᠳᠡᠷ ᠢ ᠵᠢᠭᠠᠵᠤ ᠰᠤᠷᠪᠤᠯᠵᠢᠯᠠᠭᠴᠢ ᠳᠤ᠂ ︽ᠲᠡᠭᠦᠨ ᠤ ᠴᠢᠷᠠᠢ ᠳᠡᠭᠡᠷᠡᠬᠢ ᠦᠷᠴᠢᠯᠡᠭᠡᠰᠦ ᠨᠢ ᠤᠶᠢᠷ᠎ᠠ | ᠶᠢᠨ ᠬᠤᠶᠠᠷ ᠵᠢᠯ ᠤᠨ ᠠᠮᠢᠳᠤᠷᠠᠯ ᠤᠯᠠᠮ ᠠᠴᠠ ᠤᠯᠠᠮ ᠰᠠᠶᠢᠨ ᠪᠤᠯᠤᠭᠰᠠᠨ ᠠᠴᠠ ᠪᠤᠯᠵᠠᠢ︾ ᠭᠡᠪᠡ᠃ | ᠠᠮᠢᠳᠤᠷᠠᠯ ᠤᠨ ᠭᠡᠷᠡᠯ ᠵᠢᠷᠤᠭ ᠢᠶᠠᠷ ᠪᠦᠷᠢᠯᠳᠦᠭᠰᠡᠨ ᠭᠡᠷᠡᠯ ᠵᠢᠷᠤᠭ ᠤᠨ ᠬᠡᠷᠡᠮ ᠪᠣᠯ ᠵᠢᠶᠠ ᠫᠦ᠋ ᠴᠧᠩ ᠤᠨ | ᠭᠡᠷ ᠪᠦᠯᠢ ᠶᠢᠨ ᠨᠢᠭᠡᠨ ᠭᠢᠯᠠᠰ ᠴᠡᠭ ᠪᠣᠯᠬᠤ ᠨᠢ ᠳᠠᠮᠵᠢᠭ ᠦᠭᠡᠢ᠂ ᠬᠡᠨ ᠲᠡᠭᠦᠨ ᠤ ᠭᠡᠷ ᠲᠤ ᠣᠷᠣᠭᠰᠠᠨ ᠴᠤ ᠲᠡᠷᠡ | ᠳᠠᠷᠤᠶ ᠭᠡᠷᠡᠯ ᠵᠢᠷᠤᠭ ᠲᠠᠬᠢ ᠭᠡᠷᠡᠯ ᠰᠠᠴᠤᠷᠠᠩᠭᠤᠶ ᠢᠨᠢᠶᠡᠮᠰᠦᠭᠯᠡᠯ ᠳᠤ ᠲᠠᠲᠠᠭᠳᠠᠨ᠂ ᠬᠥᠮᠦᠰ ᠲᠤ ᠳᠦᠭᠦᠷᠡᠩ ᠵᠣᠯ | ᠵᠢᠷᠭᠠᠯ ᠢ ᠮᠡᠳᠡᠷᠡᠭᠦᠯᠵᠦ᠂ ᠥᠪᠡᠷ ᠤᠨ ᠡᠷᠬᠡ ᠦᠭᠡᠢ᠄ ︽ᠶᠠᠮᠠᠷ ᠶᠠᠪᠤᠳᠠᠯ ᠭᠡᠳ ᠡᠶᠢᠮᠦ ᠪᠠᠶᠠᠷ ᠬᠥᠷ ᠲᠠᠢ ᠢᠨᠢᠶᠡᠬᠦ | ᠪᠣᠢ︖︾ ᠭᠡᠵᠦ ᠠᠰᠠᠭᠤᠨ᠎ᠠ᠃ ᠵᠢᠶᠠ ᠫᠦ᠋ ᠴᠧᠩ ᠪᠣᠯᠤᠨ ᠬᠥᠭᠰᠢᠨ ᠨᠢ ᠴᠦ ᠡᠳᠡᠭᠡᠷ ᠠᠮᠢᠳᠤᠷᠠᠯ ᠤᠨ ᠳᠤᠮᠳᠠᠬᠢ | ᠵᠢᠵᠢᠭ ᠦᠯᠢᠭᠡᠷ ᠢ ᠪᠦᠭᠦᠳᠡᠭᠡᠷ ᠲᠠᠢ ᠬᠤᠪᠢᠶᠠᠯᠴᠠᠬᠤ ᠳᠤᠷᠠᠲᠠᠶ ᠪᠠᠶᠢᠳᠠᠭ᠃ ︽ᠡᠨᠡ ᠰᠡᠭᠦᠳᠡᠷ ᠪᠣᠯ ᠭᠤᠷᠪᠠᠨ | ᠬᠦᠷᠳᠦᠲᠦ ᠲᠡᠷᠭᠡ ᠬᠤᠳᠠᠯᠳᠤᠨ ᠠᠪᠤᠭᠠᠳ ᠭᠠᠷᠴᠤ ᠲᠣᠭᠤᠷᠢᠭᠠᠳ ᠰᠡᠭᠦᠳᠡᠷᠯᠡᠭᠰᠡᠨ ᠶᠤᠮ᠃ ᠭᠤᠷᠪᠠᠨ ᠬᠦᠷᠳᠦᠲᠦ | ᠲᠡᠷᠭᠡ ᠬᠤᠳᠠᠯᠳᠤᠨ ᠠᠪᠴᠤ᠂ ᠬᠠᠭᠤᠴᠢᠨ ᠨᠠᠶᠢᠵᠠ ᠪᠠᠨ ᠳᠠᠭᠠᠭᠤᠯᠤᠨ ᠵᠡᠭᠡᠯᠢ ᠳᠡᠭᠡᠷ᠎ᠡ ᠲᠤᠭᠤᠷᠢᠵᠤ | ᠰᠡᠭᠦᠳᠡᠷᠯᠡᠭᠰᠡᠨ ᠶᠤᠮ︾ ᠭᠡᠪᠡ᠃ | ︽ᠪᠦᠷ ᠶᠡᠭᠡ ᠰᠠᠶᠢᠨ︾᠂ ︽ᠶᠠᠭᠤ ᠴᠤ ᠵᠣᠪᠠᠭ᠋ᠤ ᠦᠭᠡᠢ︾ ᠭᠡᠬᠦ ᠦᠭᠡ ᠡᠨᠡ ᠬᠤᠶᠠᠷ ᠵᠢᠯ ᠤᠨ | ᠠᠮᠢᠳᠤᠷᠠᠯ ᠤᠨ ᠬᠤᠪᠢᠷᠠᠯᠲᠠ ᠶᠢ ᠶᠠᠷᠢᠵᠠᠢ᠂ ᠭᠤᠷᠪᠠᠨ ᠬᠦᠷᠳᠦᠲᠦ ᠲᠡᠷᠭᠡ ᠬᠤᠳᠠᠯᠳᠤᠨ ᠠᠪᠤᠭᠰᠠᠨ ᠪᠠᠶᠢᠲᠤᠭᠠᠢ | ᠣᠳᠣ ᠶᠢᠨ ᠭᠡᠷᠡᠯ ᠵᠢᠷᠤᠭ ᠤᠨ ᠬᠡᠷᠡᠮ ᠢ ᠡᠯᠭᠦᠭᠰᠡᠨ ᠲᠣᠭᠤᠰᠬᠠᠨ ᠭᠡᠷ ᠴᠦ 2017 ᠣᠨ ᠳᠤ ᠲᠣᠰᠬᠤᠨ ᠳᠤ | ᠤᠨᠢᠨ ᠳᠡᠭᠡᠷ᠎ᠡ ᠨᠢ ᠢᠯᠭᠠᠨ ᠲᠠᠨᠢᠭᠰᠠᠨ ᠤ ᠳᠠᠷᠠᠭ᠎ᠠ ᠪᠠᠷᠢᠭᠰᠠᠨ ᠶᠤᠮ᠂ 40 ᠭᠠᠷᠤᠢ ᠵᠢᠯ ᠤᠨ ᠡᠮᠦᠨᠡᠬᠢ ᠰᠠᠯᠬᠢ | ᠪᠣᠷᠣᠭᠠᠨ ᠭᠤᠭᠤᠵᠢᠭᠰᠠᠨ ᠰᠢᠪᠠᠷ ᠪᠠᠶᠢᠰᠢᠩ ᠲᠠᠢ ᠬᠠᠷᠢᠴᠠᠭᠤᠯᠪᠠᠯ᠂ ᠵᠢᠶᠠ ᠫᠦ᠋ ᠴᠧᠩ ᠪᠣᠯᠤᠨ ᠬᠥᠭᠰᠢᠨ ᠤ | ᠬᠡᠯᠡᠬᠦ ᠪᠠᠷ ᠬᠤᠪᠢᠷᠠᠯᠲᠠ ᠪᠠᠭ᠎ᠠ ᠪᠢᠰᠢ᠂ ᠲᠦᠢᠯ ᠤᠨ ᠶᠡᠭᠡ ᠬᠤᠪᠢᠷᠠᠯᠲᠠ ᠲᠠᠢ ᠪᠠᠶᠢᠨ᠎ᠠ᠃ ︽ᠥᠩᠭᠡᠷᠡᠭᠡᠭᠰᠡᠨ ᠳᠤ | ᠦᠨᠡᠬᠡᠷ ᠬᠥᠭᠡᠷᠦᠬᠦᠶ ᠪᠠᠶᠢᠭᠰᠠᠨ ᠶᠤᠮ᠂ ᠠᠮᠢᠳᠤᠷᠠᠯ ᠥᠩᠭᠡᠷᠡᠬᠦ ᠶᠢᠨ ᠠᠷᠭ᠎ᠠ ᠦᠭᠡᠢ ᠪᠠᠶᠢᠵᠠᠢ᠃ ᠣᠳᠣ ᠴᠢ ᠶᠠᠭᠤ | ᠠᠪᠤᠪᠠᠯ ᠶᠠᠭᠤ ᠪᠠᠶᠢᠨ᠎ᠠ᠃ ᠰᠢᠨ᠎ᠡ ᠭᠡᠷ ᠲᠤ ᠰᠠᠭᠤᠯ᠎ᠠ᠂ ᠡᠪᠡᠳᠴᠢᠨ ᠦᠵᠡᠭᠦᠯᠬᠦ ᠳᠤ ᠳᠠᠩᠰᠠᠨ ᠠᠴᠠ ᠲᠠᠶᠢᠯᠵᠤ᠂ | ᠡᠮᠨᠡᠯᠭᠡ ᠶᠢᠨ ᠬᠤᠷᠢᠶ᠎ᠠ ᠰᠠᠷ᠎ᠠ ᠪᠦᠷᠢ ᠪᠠᠰᠠ ᠵᠢᠭᠠᠬᠠᠨ ᠡᠮ ᠬᠦᠷᠭᠡᠵᠦ ᠦᠭᠭᠦᠨ᠎ᠡ᠂ ᠢᠳᠡᠵᠦ ᠤᠤᠭᠤᠬᠤ ᠨᠢ ᠰᠠᠶᠢᠨ᠂ | ᠡᠮᠦᠰᠴᠦ ᠵᠡᠭᠦᠬᠦ ᠨᠢ ᠴᠦ ᠰᠠᠶᠢᠨ ᠪᠣᠯᠵᠠᠶ᠃ ᠵᠠᠰᠠᠭ ᠤᠨ ᠣᠷᠳᠣᠨ ᠳᠤ ᠦᠨᠡᠬᠡᠷ ᠲᠠᠯᠠᠷᠬᠠᠵᠤ ᠪᠠᠶᠢᠨ᠎ᠠ᠂ ᠮᠠᠰᠢ | ᠪᠠᠶᠠᠷᠲᠠᠢ ᠪᠠᠶᠢᠨ᠎ᠠ ᠃ | ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ᠂ ᠡᠮ ᠡᠮᠨᠡᠯᠭᠡ ᠶᠢᠨ ᠳᠠᠭᠠᠳᠬᠠᠯ᠂ ᠨᠠᠰᠤᠵᠢᠯ ᠤᠨ | ᠠᠰᠠᠷᠠᠮᠵᠢ ᠶᠢᠨ ᠳᠠᠭᠠᠳᠬᠠᠯ᠂ ᠵᠡᠮᠳᠡᠭ ᠤᠨ ᠨᠥᠬᠦᠪᠥᠷᠢ ᠵᠡᠷᠭᠡ ᠵᠦᠢᠯᠡᠰ ᠢ ᠴᠥᠮ ᠵᠢᠶᠠ ᠫᠦ᠋ ᠴᠧᠩ ᠪᠣᠯᠤᠨ | ᠬᠦᠭᠰᠢᠨ ᠤ ᠭᠠᠷ ᠲᠤ ᠬᠦᠷᠭᠡᠪᠡ ᠭᠡᠵᠦ ᠭᠠᠴᠠᠭᠠᠨ ᠤ ᠠᠷᠠᠳ ᠤᠨ ᠵᠥᠪᠯᠡᠯ ᠤᠨ ᠡᠷᠬᠢᠯᠡᠭᠴᠢ ᠵᠢᠶᠠ ᠮᠢᠩ ᠳᠠᠩ | ᠰᠤᠷᠪᠤᠯᠵᠢᠯᠠᠭᠴᠢ ᠳᠤ ᠨᠠᠷᠢᠨ ᠶᠠᠷᠢᠪᠠ᠃ ︽ᠬᠤᠶᠠᠷ ᠬᠥᠮᠥᠨ ᠨᠢᠭᠡ ᠨᠢ 79 ᠨᠠᠰᠤ᠂ ᠨᠦᠭᠦᠭᠡ ᠨᠢ 69 ᠨᠠᠰᠤ᠂ | ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠰᠠᠷ᠎ᠠ ᠪᠦᠷᠢ 600 ᠲᠥᠭᠦᠷᠢᠭ᠂ ᠨᠠᠰᠤᠵᠢᠯ ᠤᠨ ᠠᠰᠠᠷᠠᠮᠵᠢ ᠶᠢᠨ | ᠳᠠᠭᠠᠳᠬᠠᠯ ᠤᠨ ᠶᠠᠳᠠᠭᠤ ᠬᠦᠴᠢᠷᠳᠡᠯ ᠤᠨ ᠨᠥᠬᠦᠪᠥᠷᠢ ᠵᠡᠷᠭᠡ ᠶᠢ ᠨᠡᠮᠡᠪᠡᠯ ᠪᠠᠰᠠ ᠲᠦᠮᠡᠨ ᠲᠥᠭᠦᠷᠢᠭ ᠠᠴᠠ | ᠳᠡᠭᠡᠭᠰᠢ ᠪᠣᠯᠤᠨ᠎ᠠ᠂ ᠡᠶᠢᠮᠦ ᠠᠴᠠ ᠭᠡᠷ ᠪᠦᠯᠢ ᠶᠢᠨ ᠠᠮᠢᠳᠤᠷᠠᠯ ᠰᠠᠶᠢᠨ ᠪᠤᠯᠵᠠᠢ ᠭᠡᠪᠡ᠃ | ᠣᠳᠣ ᠠᠮᠢᠳᠤᠷᠠᠯ ᠤᠯᠠᠮ ᠠᠴᠠ ᠤᠯᠠᠮ ᠪᠠᠶᠠᠨ ᠴᠢᠨᠡᠭᠡᠯᠢᠭ ᠪᠣᠯᠵᠤ ᠪᠠᠶᠢᠨ᠎ᠠ᠂ ᠵᠢᠶᠠ ᠫᠦ᠋ ᠴᠧᠩ ᠤᠨ ᠭᠡᠷ | ᠪᠦᠯᠢ ᠪᠠᠷ ᠢᠶᠠᠨ ᠶᠠᠳᠠᠭᠤ ᠠᠴᠠ ᠠᠩᠭᠢᠵᠢᠷᠠᠵᠤ ᠲᠥᠷᠥ ᠶᠢᠨ ᠪᠣᠳᠣᠯᠭ᠎ᠠ ᠶᠢ ᠡᠳ᠋ᠯᠡᠵᠦ ᠪᠠᠶᠢᠨ᠎ᠠ᠂ ᠭᠡᠪᠡᠴᠦ ᠲᠡᠳᠡᠨ | ᠳᠤ ᠠᠪᠴᠤ ᠬᠡᠯᠡᠪᠡᠯ᠂ ᠨᠠᠰᠤ ᠵᠢᠯ ᠨᠢ ᠠᠵᠢᠯᠯᠠᠭ᠎ᠠ ᠶᠢ ᠬᠠᠷᠰᠢᠯᠠᠬᠤ ᠰᠢᠯᠲᠠᠭ ᠪᠣᠯᠵᠤ ᠪᠣᠯᠬᠤ ᠦᠭᠡᠢ᠂ ᠬᠡᠳᠦᠶᠢᠪᠡᠷ | ᠨᠢᠳᠤᠨᠤᠨ ᠬᠥᠳᠡᠯᠮᠦᠷᠢ ᠶᠢᠨ ᠬᠦᠴᠦ ᠣᠷᠣᠭᠤᠯᠵᠤ ᠶᠠᠳᠠᠭᠤ ᠶᠢ ᠲᠡᠳᠬᠦᠬᠦ ᠭᠠᠭ᠋ᠠᠶ ᠶᠢ ᠲᠡᠵᠢᠭᠡᠨ ᠦᠷᠡᠵᠢᠭᠦᠯᠦᠭᠰᠡᠨ | ᠦᠭᠡᠢ ᠪᠣᠯᠪᠠᠴᠤ᠂ ᠶᠠᠳᠠᠭᠤ ᠶᠢ ᠲᠡᠳᠬᠦᠬᠦ ᠠᠯᠪᠠᠨ ᠭᠡᠷ᠂ ᠭᠠᠴᠠᠭᠠᠨ ᠤ ᠠᠷᠠᠳ ᠤᠨ ᠵᠥᠪᠯᠡᠯ ᠤᠨ ᠪᠤᠰᠤᠳ ᠠᠷᠭ᠎ᠠ | ᠪᠣᠳᠣᠵᠤ ᠪᠠᠶᠢᠭᠠᠳ ᠲᠡᠳᠡᠨ ᠤ ᠬᠦᠷᠢᠶ᠎ᠡ ᠬᠠᠰᠢᠶᠠᠨ ᠳᠤ ᠨᠢ ᠴᠠᠰᠤᠨ ᠤᠳᠪᠠᠯᠠ ᠲᠠᠷᠢᠬᠤ ᠲᠥᠯᠥᠪᠯᠡᠭᠡ | ᠲᠤᠭᠲᠠᠭᠠᠪᠠ᠃ ᠬᠡᠳᠦᠶᠢᠪᠡᠷ ᠬᠡᠮᠵᠢᠶ᠎ᠡ ᠨᠢ ᠪᠠᠭ᠎ᠠ ᠪᠣᠯᠪᠠᠴᠤ ᠡᠮ ᠳᠤ ᠬᠡᠷᠡᠭᠯᠡᠬᠦ ᠡᠷᠡᠭᠦᠯ ᠮᠡᠨᠳᠦ ᠶᠢ ᠬᠠᠮᠠᠭᠠᠯᠠᠬᠤ | ᠥᠷᠲᠡᠭ ᠢ ᠨᠢ ᠶᠡᠭᠡ ᠪᠠᠶᠢᠳᠠᠭ᠃ ᠵᠢᠶᠠ ᠫᠦ᠋ ᠴᠧᠩ ᠤᠨ ᠨᠠᠷᠢᠨ ᠨᠢᠮᠪᠠᠶ ᠬᠠᠷᠠᠭᠠᠯᠵᠠᠯ ᠳᠣᠣᠷ᠎ᠠ᠂ ᠬᠦᠰᠡᠯ ᠡᠷᠡᠮᠡᠯᠵᠡᠯ | ᠲᠠᠢ ᠴᠠᠰᠤᠨ ᠤᠳᠪᠠᠯᠠ ᠶᠢᠨ ᠪᠠᠳᠠᠷᠠᠨ ᠳᠡᠯᠭᠡᠷᠡᠵᠦ᠂ ᠡᠴᠦᠰ ᠲᠡᠭᠡᠨ ᠲᠡᠳᠡᠨ ᠤ ᠭᠡᠷ ᠲᠤ 3000 ᠭᠠᠷᠤᠶ | ᠲᠥᠭᠦᠷᠢᠭ ᠤᠨ ᠦᠷ᠎ᠡ ᠠᠰᠢᠭ ᠨᠡᠮᠡᠭᠳᠡᠭᠦᠯᠪᠡ᠃ ︽ᠤᠯᠤᠰ ᠠᠴᠠ ᠬᠠᠷᠠᠭᠠᠯᠵᠠᠵᠤ ᠪᠠᠶᠢᠨ᠎ᠠ᠂ ᠪᠢ ᠴᠦ ᠥᠪᠡᠷ ᠢᠶᠠᠨ | ᠬᠤᠶᠠᠷ ᠵᠣᠭᠤᠰ ᠣᠯᠵᠤ᠂ ᠪᠠᠭ᠎ᠠ ᠴᠤ ᠭᠡᠰᠡᠨ ᠬᠦᠷᠢᠶᠡᠨ ᠳᠣᠲᠣᠷ᠎ᠠ ᠲᠠᠷᠢᠪᠠᠯ ᠣᠷᠣᠯᠭ᠎ᠠ ᠣᠯᠵᠤ ᠴᠢᠳᠠᠨ᠎ᠠ᠃ | 3000 ᠲᠥᠭᠦᠷᠢᠭ ᠵᠣᠭᠤᠰ ᠶᠡᠭᠡ ᠬᠠᠪᠰᠤᠷᠴᠠᠢ᠂ ᠤᠯᠤᠰ ᠠᠴᠠ ᠴᠢᠮ᠎ᠠ ᠶᠢ ᠬᠠᠪᠰᠤᠷᠪᠠᠯ᠂ ᠪᠢ ᠴᠦ ᠪᠠᠰᠠ | ᠦᠪᠡᠷ ᠢᠶᠠᠨ ᠤᠷᠤᠯᠭ᠎ᠠ ᠲᠠᠢ ᠪᠠᠶᠢᠬᠤ ᠬᠡᠷᠡᠭᠲᠡᠢ︾ ᠭᠡᠪᠡ᠃ | ᠡᠨᠡ ᠬᠠᠪᠤᠷ ᠡᠬᠢᠯᠡᠬᠦ ᠦᠶ᠎ᠡ ᠳᠤ᠂ ᠡᠪᠦᠭᠡᠨ ᠬᠦᠭᠰᠢᠨ ᠬᠤᠶᠠᠷ ᠠᠯᠢ ᠡᠷᠲᠡ ᠬᠠᠪᠤᠷ ᠤᠨ ᠲᠠᠷᠢᠶᠠᠯᠠᠭ᠎ᠠ ᠶᠢᠨ | ᠲᠥᠯᠥᠭᠡ ᠮᠤᠩᠭᠠᠨᠢᠵᠤ ᠶᠠᠭᠠᠷᠠᠭᠠᠳ᠂ ᠭᠠᠵᠠᠷ ᠲᠠᠷᠢᠶ᠎ᠠ ᠶᠢ ᠲᠡᠭᠰᠢᠯᠡᠵᠦ᠂ ᠪᠣᠷᠳᠣᠭᠤᠷ ᠣᠷᠣᠭᠤᠯᠵᠤ᠂ | ᠲᠥᠯᠥᠪᠵᠢᠭᠦᠯᠪᠡ ᠬᠢᠪᠡ᠂ ᠨᠢᠭᠡ ᠬᠡᠰᠡᠭ ᠲᠤ ᠨᠢ ᠴᠠᠰᠤᠨ ᠤᠳᠪᠠᠯᠠ᠂ ᠨᠦᠭᠦᠭᠡ ᠬᠡᠰᠡᠭ ᠲᠤ ᠨᠢ ᠢᠳᠡᠰᠢᠨ | ᠨᠣᠭᠤᠭ᠎ᠠ ᠲᠠᠷᠢᠪᠠᠯ ᠤᠷᠤᠯᠭ᠎ᠠ ᠶᠢ ᠪᠠᠲᠤᠯᠠᠬᠤ ᠮᠥᠷᠲᠡᠭᠡᠨ ᠪᠠᠰᠠ ᠢᠳᠡᠰᠢᠨ ᠨᠤᠭᠤᠭ᠎ᠠ ᠶᠢᠨ ᠮᠦᠩᠬᠦ ᠶᠢ ᠠᠷᠪᠢᠯᠠᠵᠤ | ᠂ ᠨᠢᠭᠡ ᠯᠠ ᠳᠡᠭᠡᠷ᠎ᠡ ᠬᠤᠶᠠᠷ ᠢ ᠰᠢᠢᠳᠪᠦᠷᠢᠯᠡᠵᠦ ᠴᠢᠳᠠᠨ᠎ᠠ ᠭᠡᠪᠡ ᠃ ︵ᠰᠢᠨ᠎ᠡ ᠵᠠᠭᠤᠴᠢᠯᠠᠭᠤᠷ ᠤᠨ ᠲᠥᠪ ᠡᠦ | ᠯᠧᠢ ᠵᠤᠤ ᠧᠨ ᠽᠧ︶ |