ᠱᠢ ᠴᠢ ᠨᠡᠶᠢᠭᠡᠮ ᠲᠣᠭᠤᠷᠢᠭ ᠬᠤᠳᠠᠯᠳᠤᠭᠠᠴᠢᠳ ᠤᠨ ᠦᠢᠯᠡᠳᠪᠦᠷᠢᠯᠡᠯ ᠢᠶᠠᠨ ᠰᠡᠷᠭᠦᠭᠡᠬᠦ ᠶᠢ ᠲᠦᠷᠭᠡᠳᠬᠡᠪᠡ
ᠨᠡᠶᠢᠲᠡᠯᠡᠭᠰᠡᠨ ᠴᠠᠭ᠄
2020/3/18
      ︽ᠮᠠᠨ ᠤ ᠨᠡᠶᠢᠭᠡᠮ ᠲᠣᠭᠤᠷᠢᠭ ᠤᠨ ᠬᠥᠮᠦᠰ ᠲᠠᠨ ᠤ ᠬᠤᠳᠠᠯᠳᠤᠭᠠᠨ ᠤ ᠫᠦᠰᠡ ᠳᠤ ᠪᠠᠶᠢᠴᠠᠭᠠᠯᠲᠠ ᠬᠢᠬᠦ  ᠳᠤ᠂ ᠡᠭᠦᠳᠡ ᠪᠠᠨ ᠨᠡᠭᠡᠭᠡᠭᠡ ᠦᠭᠡᠢ᠂ ᠲᠠ ᠡᠵᠡᠩᠨᠡᠬᠦ ᠠᠴᠠ ᠡᠮᠦᠨ᠎ᠡ ᠴᠠᠭ ᠮᠠᠨ ᠲᠠᠢ ᠬᠠᠷᠢᠯᠴᠠᠵᠤ᠂ ᠬᠤᠯᠪᠣᠭᠳᠠᠯ ᠪᠥᠬᠦᠶ ᠪᠠᠶᠢᠳᠠᠯ ᠢᠶᠠᠨ ᠮᠡᠳᠡᠭᠦᠯᠦᠭᠡᠷᠡᠢ᠃︾ ᠱᠢ ᠴᠢ ᠨᠡᠶᠢᠭᠡᠮ ᠲᠣᠭᠤᠷᠢᠭ ᠤᠨ ᠰᠦᠯᠵᠢᠶᠡᠨ ᠤ ᠠᠵᠢᠯᠲᠠᠨ ᠬᠠᠷᠢᠶᠠᠨ  ᠳᠠᠬᠢ ᠬᠤᠳᠠᠯᠳᠤᠭᠠᠨ ᠤ ᠳᠡᠯᠭᠡᠭᠦᠷ ᠢ ᠪᠠᠶᠢᠴᠠᠭᠠᠨ ᠦᠵᠡᠬᠦ ᠳᠡᠭᠡᠨ᠂ ︽ᠪᠠᠶᠢᠴᠠᠭᠠᠬᠤ ᠪᠠᠷ ᠣᠴᠢᠬᠤ ᠳᠤ ᠠᠭᠤᠯᠵᠠᠭᠰᠠᠨ ᠥᠬᠡᠶ ᠮᠡᠳᠡᠭᠳᠡᠯ ᠤᠨ ᠬᠠᠭᠤᠳᠠᠰᠤ︾ ᠶᠢ ᠨᠠᠭᠠᠵᠤ᠂ ᠠᠵᠢᠯ ᠢᠶᠠᠨ ᠰᠡᠷᠭᠦᠭᠡᠬᠦ ᠪᠠᠷ ᠪᠡᠯᠡᠳᠬᠡᠵᠦ ᠪᠠᠶᠢᠭ᠎ᠠ ᠬᠤᠳᠠᠯᠳᠤᠭᠠᠨ ᠤ ᠫᠦᠰᠡ ᠶᠢᠨ ᠡᠵᠡᠩᠨᠡᠭᠴᠢᠳ ᠴᠠᠭ ᠲᠤᠬᠠᠶ ᠳᠤᠨᠢ ᠨᠡᠶᠢᠭᠡᠮ ᠲᠣᠭᠤᠷᠢᠭ ᠲᠠᠢ ᠬᠠᠷᠢᠯᠴᠠᠵᠤ᠂ ᠬᠠᠷᠢᠶᠠᠨ ᠳᠠᠬᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠨᠡᠶᠢᠭᠡᠮ ᠤᠨ ᠠᠵᠤ ᠠᠬᠤᠶ ᠶᠢᠨ ᠡᠮᠬᠢ ᠵᠢᠷᠤᠮ  ᠤᠨ ᠲᠣᠭᠲᠠᠭᠤᠨ ᠪᠠᠶᠢᠬᠤ ᠶᠢ ᠰᠠᠭᠠᠲᠠᠯ ᠥᠬᠡᠶ ᠪᠠᠲᠤᠯᠠᠪᠠ᠃
     ︽ᠲᠠᠨ ᠤ ᠠᠵᠢᠯᠲᠠᠨ ᠬᠡᠳᠦᠶ ᠪᠠᠶᠢᠬᠤ ᠪᠣᠶ︖ ᠠᠵᠢᠯ ᠰᠡᠷᠭᠦᠭᠡᠬᠦ ᠡᠳ᠋ ᠪᠣᠳᠠᠰ ᠤᠨ ᠨᠥᠭᠡᠴᠡᠯᠡᠯ ᠪᠦᠷᠢᠨ ᠭᠦᠢᠴᠡᠳ ᠪᠠᠶᠢᠨ᠎ᠠ ᠤᠤ︖ ᠠᠵᠢᠯᠯᠠᠬᠤ ᠲᠠᠯᠠᠪᠤᠷ ᠢᠶᠠᠨ ᠡᠳᠦᠷ ᠪᠦᠷᠢ ᠠᠷᠢᠭᠤᠳᠬᠠᠷᠠᠢ ᠁︾ ᠭᠡᠵᠦ ᠱᠢ ᠴᠢ ᠨᠡᠶᠢᠭᠡᠮ ᠲᠣᠭᠤᠷᠢᠭ ᠤᠨ ᠠᠵᠢᠯᠲᠠᠨ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ ᠭᠠᠷ ᠭᠦᠢᠴᠡᠳᠬᠡᠯ ᠬᠢᠬᠦ ᠪᠠᠷ ᠢᠷᠡᠭᠰᠡᠨ ᠬᠥᠮᠦᠰ ᠠᠴᠠ ᠬᠠᠮᠢᠶ᠎ᠠ ᠪᠦᠬᠦᠢ ᠪᠠᠶᠢᠳᠠᠯ ᠢ ᠠᠰᠠᠭᠤᠨ ᠣᠶᠢᠯᠠᠭᠠᠬᠤ ᠶᠢᠨ ᠬᠠᠮᠲᠤ ᠲᠡᠳᠡᠨ ᠳᠤ ᠰᠡᠷᠭᠡᠶᠢᠯᠡᠬᠦ ᠠᠷᠭ᠎ᠠ ᠬᠡᠮᠵᠢᠶ᠎ᠡ ᠶᠢ ᠴᠢᠩᠭ᠎ᠠ ᠲᠣᠭᠲᠠᠭᠠᠬᠤ ᠬᠡᠷᠡᠭᠲᠡᠢ ᠭᠡᠵᠦ ᠵᠠᠬᠢᠪᠠ᠃ ᠠᠵᠢᠯ ᠰᠡᠷᠭᠦᠭᠡᠬᠦ ᠨᠥᠬᠦᠴᠡᠯ  ᠳᠤ ᠨᠡᠶᠢᠴᠡᠭᠰᠡᠨ ᠬᠤᠳᠠᠯᠳᠤᠭᠠᠨ ᠤ ᠫᠦᠰᠡ ᠠᠵᠢᠯᠲᠠᠨ ᠶᠢᠨ ᠨᠡᠶᠢᠭᠡᠮ ᠲᠣᠭᠤᠷᠢᠭ ᠲᠤ ᠳᠠᠩᠰᠠᠯᠠᠭᠤᠯᠤᠭᠰᠠᠨ ᠤ ᠳᠠᠷᠠᠭ᠎ᠠ ᠠᠵᠢᠯ ᠢᠶᠠᠨ ᠰᠡᠷᠭᠦᠭᠡᠵᠦ ᠪᠣᠯᠤᠨ᠎ᠠ᠃

     ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ ᠳᠤ ᠴᠢᠭᠯᠡᠭᠦᠯᠦᠨ᠂ ᠱᠢ ᠴᠢ ᠨᠡᠶᠢᠭᠡᠮ

ᠲᠣᠭᠤᠷᠢᠭ ᠤᠨ ᠬᠢᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠶᠢ

ᠪᠤᠲᠠᠲᠠᠢ ᠨᠠᠶᠢᠳᠠᠪᠤᠷᠢᠵᠢᠭᠤᠯᠪᠠ᠃ ᠨᠡᠶᠢᠭᠡᠮ ᠲᠣᠭᠤᠷᠢᠭ ᠤᠨ ᠬᠠᠷᠢᠶᠠᠨ ᠳᠠᠬᠢ119 ᠬᠤᠳᠠᠯᠳᠤᠭᠠᠨ ᠤ ᠡᠷᠦᠬᠡ ᠶᠢᠨ

ᠰᠠᠨᠠᠭᠠᠴᠢᠯᠠᠭ᠎ᠠ ᠠᠴᠠ ᠪᠠᠨ ᠳᠡᠩᠰᠡᠯᠡᠵᠦ ᠳᠠᠩᠰᠠᠯᠠᠭᠤᠯᠤᠭᠰᠠᠨ ᠬᠤᠳᠠᠯᠳᠤᠭᠠᠨ ᠤ ᠡᠷᠦᠬᠡ 80 ᠭᠠᠷᠤᠶ ᠪᠠᠶᠢᠵᠤ᠂

ᠠᠵᠢᠯ ᠢᠶᠠᠨ ᠰᠡᠷᠭᠦᠭᠡᠭᠰᠡᠨ ᠨᠣᠷᠮ᠎ᠠ ᠨᠢ 70% ᠰᠢᠬᠠᠮ ᠪᠣᠯᠵᠠᠶ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ

ᠪᠠᠶᠢᠳᠠᠯ ᠢᠯᠡᠳᠲᠡ ᠲᠣᠭᠲᠠᠭᠤᠨ ᠪᠠᠶᠢᠭ᠎ᠠ ᠪᠠᠶᠢᠳᠠᠯ ᠳᠤᠤᠷ᠎ᠠ᠂ ᠨᠡᠶᠢᠭᠡᠮ ᠲᠣᠭᠤᠷᠢᠭ ᠤᠨ ᠬᠢᠨ ᠦᠢᠯᠡᠳᠪᠦᠷᠢᠯᠡᠯ

 ᠢᠶᠠᠨ ᠰᠡᠷᠭᠦᠭᠡᠬᠦ ᠠᠵᠢᠯ ᠢ ᠲᠣᠪᠤᠶᠢᠮ᠎ᠠ ᠰᠠᠶᠢᠲᠤᠷ ᠠᠳᠬᠤᠵᠤ᠂ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ

 ᠶᠢᠨ ︽ᠲᠦᠷᠭᠡᠨ ᠤᠷᠤᠭᠰᠢᠯᠠᠬᠤ︾ ᠶᠢ ᠠᠬᠢᠭᠤᠯᠵᠠᠶ᠃

 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号