ᠠᠯᠲᠠᠨᠰᠠᠩ ᠭᠡᠰᠢᠭᠦᠨ᠄ ᠦᠨᠳᠦᠰᠦᠲᠡᠨ ᠤ ᠤᠷᠤᠨ ᠤ ᠰᠤᠷᠭᠠᠨ ᠬᠦᠮᠦᠵᠢᠯ ᠤᠨ ᠪᠦᠬᠦᠯᠢ ᠴᠤᠭᠴᠠ ᠶᠢᠨ ᠬᠦᠭᠵᠢᠯᠲᠡ ᠶᠢᠨ ᠲᠦᠪᠰᠢᠨ ᠢ ᠴᠢᠨᠠᠭᠰᠢᠳᠠ ᠳᠡᠭᠡᠭᠰᠢᠯᠡᠭᠦᠯᠬᠦ ᠴᠢᠬᠤᠯᠠᠲᠠᠢ
ᠨᠡᠶᠢᠲᠡᠯᠡᠭᠰᠡᠨ ᠴᠠᠭ᠄
2020/5/29
     ᠶᠡᠷᠦᠩᠬᠡᠢ ᠱᠦᠵᠢ ᠰᠢ ᠶᠢᠨ ᠫᠢᠡᠭ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ ᠤᠨ ᠥᠪᠥᠷ ᠮᠣᠩᠭᠤᠯ ᠤᠨ ᠲᠦᠯᠦᠭᠡᠯᠡᠭᠴᠢᠳ ᠤᠨ ᠪᠦᠯᠬᠦᠮ ᠤᠨ ᠬᠢᠨᠠᠨ ᠵᠦᠪᠯᠡᠬᠦ ᠳᠤ ᠤᠷᠤᠯᠴᠠᠬᠤ ᠳᠠᠭᠠᠨ᠂ ᠦᠪᠦᠷ ᠮᠤᠩᠭᠤᠯ ᠦᠨᠳᠦᠰᠦᠲᠡᠨ ᠤ ᠭᠠᠵᠠᠷ ᠤᠷᠤᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢ ᠲᠦᠷᠭᠡᠳᠭᠡᠬᠦ᠂ ᠦᠨᠳᠦᠰᠦᠲᠡᠨ ᠨᠦᠭᠦᠳ ᠤᠨ ᠪᠦᠯᠬᠦᠮᠳᠡᠯ ᠳᠡᠪᠰᠢᠯᠲᠡ ᠶᠢ ᠠᠬᠢᠭᠤᠯᠬᠤ ᠳᠤ ᠲᠤᠳᠤᠷᠬᠠᠢ ᠱᠠᠭᠠᠷᠳᠠᠯᠭ᠎ᠠ ᠳᠤᠷᠠᠳᠤᠭᠰᠠᠨ ᠨᠢ ᠪᠢᠳᠡᠨ ᠤ ᠦᠨᠳᠦᠰᠦᠲᠡᠨ ᠤ ᠰᠤᠷᠭᠠᠨ ᠬᠦᠮᠦᠵᠢᠯ ᠤᠨ ᠠᠵᠢᠯ ᠢ ᠰᠠᠶᠢᠲᠤᠷ ᠬᠢᠬᠦ ᠳᠤ ᠴᠢᠬᠤᠯᠠ ᠶᠡᠭᠡ ᠵᠢᠯᠤᠭᠤᠳᠬᠤ ᠠᠴᠢ ᠬᠤᠯᠪᠤᠭᠳᠠᠯ ᠲᠠᠢ ᠶᠤᠮ      ᠪᠦᠬᠦ ᠤᠯᠤᠰ ᠤᠨ ᠤᠯᠤᠰ ᠲᠦᠷᠦ ᠶᠢᠨ ᠵᠦᠪᠯᠡᠯᠭᠡᠨ ᠤ ᠠᠷᠪᠠᠨ ᠭᠤᠷᠪᠠᠳᠤᠭᠠᠷ ᠬᠤᠭᠤᠴᠠᠭᠠᠨ ᠤ ᠬᠤᠷᠢᠶᠠᠨ ᠤ ᠭᠤᠷᠪᠠᠳᠤᠭᠠᠷ ᠬᠤᠷᠠᠯ ᠳᠡᠭᠡᠷ᠎ᠡ᠂ ᠪᠦᠬᠦ ᠤᠯᠤᠰ ᠤᠨ ᠤᠯᠤᠰ ᠲᠦᠷᠦ ᠶᠢᠨ ᠵᠦᠪᠯᠡᠯᠭᠡᠨ ᠤ ᠭᠡᠰᠢᠭᠦᠨ᠂ ᠦᠪᠦᠷ ᠮᠤᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠵᠠᠬᠢᠷᠤᠯ ᠠᠯᠲᠠᠨᠰᠠᠩ ︽︿ᠦᠨᠳᠦᠰᠦᠲᠡᠨ ᠤ ᠰᠤᠷᠭᠠᠨ ᠬᠥᠮᠥᠵᠢᠯ ᠢ ᠲᠦᠷᠭᠡᠳᠬᠡᠨ ᠬᠥᠭᠵᠢᠭᠦᠯᠬᠦ ᠲᠤᠬᠠᠢ ᠲᠦᠷᠦ ᠶᠢᠨ ᠶᠠᠪᠤᠳᠠᠯ ᠤᠨ ᠬᠤᠷᠢᠶᠠᠨ ᠤ ᠳᠣᠭᠳᠠᠭᠠᠯ﹀ ᠢ ᠴᠢᠨᠠᠭᠰᠢᠳᠠ ᠨᠠᠷᠢᠯᠢᠭᠵᠢᠭᠤᠯᠤᠨ ᠨᠠᠶᠢᠳᠠᠪᠤᠷᠢᠵᠢᠭᠤᠯᠬᠤ ᠵᠢᠴᠢ ᠰᠢᠨ᠎ᠡ ᠡᠭᠡᠯᠵᠢ ᠶᠢᠨ ᠲᠠᠪᠤᠨ ᠵᠢᠯ ᠤᠨ ᠲᠦᠯᠦᠪᠵᠢᠭᠦᠯᠭᠡ ᠳᠣᠭᠳᠠᠭᠠᠬᠤ ᠳᠣᠬᠠᠢ︾ ᠰᠠᠨᠠᠯ ᠳᠤᠷᠠᠳᠤᠯᠭ᠎ᠠ ᠳᠡᠪᠰᠢᠭᠦᠯᠪᠡ᠃      ᠠᠯᠲᠠᠨᠰᠠᠩ ᠤᠨ ᠦᠵᠡᠬᠦ ᠪᠠᠷ᠂ ᠦᠨᠳᠦᠰᠦᠲᠡᠨ ᠤ ᠤᠷᠤᠨ ᠤ ᠠᠵᠤ ᠠᠬᠤᠢ ᠨᠡᠶᠢᠭᠡᠮ ᠤᠨ ᠬᠦᠭᠵᠢᠯᠲᠡ ᠶᠢ ᠲᠦᠷᠭᠡᠳᠬᠡᠬᠦ ᠳᠤ ᠦᠨᠳᠦᠰᠦᠲᠡᠨ ᠤ ᠤᠷᠤᠨ ᠤ ᠳᠡᠭᠡᠳᠤ ᠵᠡᠷᠭᠡ ᠶᠢᠨ ᠰᠤᠷᠭᠠᠨ ᠬᠦᠮᠦᠵᠢᠯ ᠤᠨ ᠦᠭᠡᠷᠡᠴᠢᠯᠡᠯᠲᠡ ᠶᠢ ᠬᠦᠨᠵᠡᠭᠡᠶᠢᠷᠡᠭᠦᠯᠵᠤ᠂ ᠦᠨᠳᠦᠰᠦᠲᠡᠨ ᠤ ᠳᠡᠭᠡᠳᠤ ᠵᠡᠷᠭᠡ ᠶᠢᠨ ᠰᠤᠷᠭᠠᠨ ᠬᠥᠮᠥᠵᠢᠯ ᠢ ᠤᠯᠠᠮ ᠲᠦᠷᠭᠡᠳᠬᠡᠨ ᠬᠦᠭᠵᠢᠬᠦᠯᠵᠤ᠂ ᠴᠢᠲᠠᠪᠤᠷᠢᠲᠠᠨ ᠬᠦᠮᠦᠵᠢᠬᠦᠯᠬᠦ ᠪᠠ ᠤᠷᠤᠭᠤᠯᠤᠨ ᠠᠪᠴᠢᠷᠠᠬᠤ ᠢᠨᠵᠧᠨᠧᠷᠢᠩ ᠤᠨ ᠪᠠᠶᠢᠭᠤᠯᠤᠯᠲᠠ ᠶᠢ ᠲᠦᠷᠭᠡᠳᠬᠡᠬᠦ ᠴᠢᠬᠤᠯᠠᠳᠠᠢ ᠠᠵᠢ᠃      ᠠᠯᠲᠠᠨᠰᠠᠩ ᠬᠡᠯᠡᠭᠰᠡᠨ ᠨᠢ᠂ ︽ᠦᠨᠳᠦᠰᠦᠲᠡᠨ ᠤ ᠰᠤᠷᠭᠠᠨ ᠬᠥᠮᠥᠵᠢᠯ ᠢ ᠲᠦᠷᠭᠡᠳᠬᠡᠨ ᠬᠦᠭᠵᠢᠭᠦᠯᠬᠦ ᠳᠣᠬᠠᠢ ᠲᠦᠷᠦ ᠶᠢᠨ ᠶᠠᠪᠤᠳᠠᠯ ᠤᠨ ᠬᠤᠷᠢᠶᠠᠨ ᠤ ᠳᠣᠭᠳᠠᠭᠠᠯ︾ ᠢ ᠬᠡᠷᠡᠭᠵᠢᠬᠦᠯᠦᠭᠰᠡᠨ ᠠᠴᠠ ᠨᠠᠭᠠᠰᠢ᠂ ᠦᠨᠳᠦᠰᠦᠲᠡᠨ ᠤ ᠤᠷᠤᠨ ᠤ ᠦᠨᠳᠦᠰᠦᠲᠡᠨ ᠤ ᠰᠤᠷᠭᠠᠨ ᠬᠦᠮᠦᠵᠢᠯ ᠤᠨ ᠦᠢᠯᠡᠰ ᠲᠦᠷᠭᠡᠨ ᠬᠦᠭᠵᠢᠵᠤ ᠢᠯᠡᠳᠲᠡ ᠠᠮᠵᠢᠯᠲᠠ ᠤᠯᠤᠭᠰᠠᠨ ᠪᠤᠯᠪᠠᠴᠤ᠂ ᠲᠡᠦᠬᠡ ᠶᠢᠨ ᠪᠠ ᠪᠠᠶᠢᠭᠠᠯᠢ ᠶᠢᠨ ᠵᠡᠷᠭᠡ ᠰᠢᠯᠲᠠᠭᠠᠨ ᠠᠴᠠ ᠪᠤᠯᠵᠤ᠂ ᠦᠨᠳᠦᠰᠦᠲᠡᠨ ᠤ ᠰᠤᠷᠭᠠᠨ ᠬᠥᠮᠥᠵᠢᠯ ᠤᠨ ᠪᠦᠬᠦᠯᠢ ᠴᠣᠭᠴᠠ ᠶᠢᠨ ᠬᠥᠭᠵᠢᠯᠲᠡ ᠶᠢᠨ ᠲᠦᠪᠰᠢᠨ ᠪᠦᠬᠦ ᠤᠯᠤᠰ ᠤᠨ ᠳᠤᠮᠳᠠᠴᠢ ᠲᠦᠪᠰᠢᠨ ᠲᠠᠢ ᠬᠠᠷᠢᠴᠠᠭᠤᠯᠪᠠᠯ ᠮᠦᠨ ᠬᠦ ᠨᠡᠯᠢᠶᠡᠳ ᠶᠡᠭᠡ ᠵᠥᠷᠢᠶ᠎ᠡ ᠲᠠᠢ ᠪᠠᠶᠢᠭᠰᠠᠭᠠᠷ᠃      ᠠᠯᠲᠠᠨᠰᠠᠩ᠂ ︽ᠤᠯᠤᠰ ᠠᠴᠠ ᠡᠷᠳᠡᠮ ᠤᠨ ᠴᠤᠯᠠ ᠣᠯᠭᠤᠬᠤ ᠴᠡᠭ ᠢ ᠬᠢᠨᠠᠨ ᠵᠦᠪᠰᠢᠶᠡᠷᠡᠬᠦ ᠶᠠᠪᠤᠴᠠ ᠳᠤ ᠦᠨᠳᠦᠰᠦᠲᠡᠨ ᠤ ᠤᠷᠤᠨ ᠤ ᠶᠡᠭᠡ ᠳᠡᠭᠡᠳᠤ ᠰᠤᠷᠭᠠᠭᠤᠯᠢ ᠪᠤᠯᠤᠨ ᠦᠨᠳᠦᠰᠦᠲᠡᠨ ᠤ ᠳᠡᠭᠡᠳᠤ ᠰᠤᠷᠭᠠᠭᠤᠯᠢ ᠲᠡᠶᠢᠰᠢ ᠬᠡᠯᠪᠠᠶᠢᠯᠭᠡᠵᠤ᠂ ᠦᠨᠳᠦᠰᠦᠲᠡᠨ ᠤ ᠤᠷᠤᠨ ᠤ ᠶᠡᠭᠡ ᠳᠡᠭᠡᠳᠤ ᠰᠤᠷᠭᠠᠭᠤᠯᠢ ᠪᠤᠯᠤᠨ ᠦᠨᠳᠦᠰᠦᠲᠡᠨ ᠤ ᠳᠡᠭᠡᠳᠤ ᠰᠤᠷᠭᠠᠭᠤᠯᠢ ᠶᠢᠨ ᠮᠠᠰᠲ᠋ᠧᠷ ᠳ᠋ᠤᠺᠲ᠋ᠤᠷ ᠴᠤᠯᠠ ᠤᠯᠭᠤᠬᠤ ᠨᠢᠭᠡᠴᠢ ᠶᠢᠨ ᠠᠵᠢᠯ ᠢ ᠲᠡᠳᠭᠦᠨ ᠳᠡᠮᠵᠢᠵᠤ᠂ ᠮᠠᠰᠲ᠋ᠧᠷ ᠳ᠋ᠤᠺᠲ᠋ᠤᠷ ᠤᠨ ᠡᠷᠳᠡᠮ ᠤᠨ ᠴᠤᠯᠠ ᠤᠯᠭᠤᠬᠤ ᠴᠡᠭ ᠢ ᠨᠡᠮᠡᠨ ᠪᠠᠶᠢᠭᠤᠯᠵᠤ᠂ ᠦᠨᠳᠦᠰᠦᠲᠡᠨ ᠤ ᠳᠡᠭᠡᠳᠤ ᠵᠡᠷᠭᠡ ᠶᠢᠨ ᠰᠤᠷᠭᠠᠨ ᠬᠥᠮᠥᠵᠢᠯ ᠤᠨ ᠳᠡᠭᠡᠳᠤ ᠳᠡᠰ ᠳᠠᠪᠬᠤᠷᠭ᠎ᠠ ᠶᠢᠨ ᠴᠢᠳᠠᠪᠤᠷᠢᠲᠠᠨ ᠬᠦᠮᠦᠵᠢᠭᠦᠯᠬᠦ ᠢᠨᠵᠧᠨᠧᠷᠢᠩ ᠤᠨ ᠲᠤᠰᠬᠠᠢ ᠪᠠᠯᠡ ᠣᠷᠣᠭᠤᠯᠤᠯᠲᠠ ᠶᠢ ᠨᠡᠶᠢᠳᠠᠪᠤᠷᠢᠵᠭᠤᠯᠤᠨ᠂ ᠳᠡᠭᠡᠳᠤ ᠳᠡᠰ ᠤᠨ ᠴᠢᠳᠠᠪᠤᠷᠢᠲᠠᠨ ᠢ ᠤᠷᠤᠭᠤᠯᠤᠨ ᠠᠪᠴᠢᠷᠠᠬᠤ ᠢᠨᠵᠧᠨᠧᠷᠢᠩ ᠢ ᠶᠡᠭᠡ ᠪᠠᠷ ᠳᠡᠮᠵᠢᠵᠤ᠂ ᠬᠦᠮᠦᠨ ᠤ ᠬᠦᠴᠦᠨ ᠤ ᠡᠬᠢ ᠪᠠᠶᠠᠯᠢᠭ ᠳᠤᠲᠠᠭᠳᠠᠵᠣ ᠪᠠᠶᠢᠭ᠎ᠠ ᠠᠰᠠᠭᠤᠳᠠᠯ ᠢ ᠰᠢᠢᠳᠪᠦᠷᠢᠯᠡᠪᠠᠯ ᠵᠣᠬᠢᠨ᠎ᠠ ᠭᠡᠵᠦ ᠰᠠᠨᠠᠭᠤᠯᠵᠠᠢ᠃      ᠠᠯᠲᠠᠨᠰᠠᠩ᠂ ᠲᠦᠷᠦ ᠶᠢᠨ ᠶᠠᠪᠤᠳᠠᠯ ᠤᠨ ᠬᠤᠷᠢᠶᠠᠨ ᠠᠴᠠ ᠰᠢᠨ᠎ᠡ ᠨᠢᠭᠡ ᠡᠭᠡᠯᠵᠢ ᠶᠢᠨ ᠦᠨᠳᠦᠰᠦᠲᠡᠨ ᠤ ᠰᠤᠷᠭᠠᠨ ᠬᠦᠮᠦᠵᠢᠯ ᠤᠨ ᠬᠦᠭᠵᠢᠯᠳᠡ ᠶᠢ ᠲᠦᠷᠭᠡᠳᠬᠡᠬᠦ ᠲᠠᠪᠤᠨ ᠵᠢᠯ ᠤᠨ ᠲᠦᠯᠦᠪᠵᠢᠭᠦᠯᠭᠡ ᠲᠤᠭᠲᠠᠭᠠᠵᠤ᠂ ᠦᠨᠳᠦᠰᠦᠲᠡᠨ ᠤ ᠰᠤᠷᠭᠠᠨ ᠬᠦᠮᠦᠵᠢᠯ ᠤᠨ ᠬᠦᠭᠵᠢᠯᠲᠡ ᠶᠢ ᠦᠷᠭᠦᠯᠵᠢᠯᠡᠨ ᠠᠬᠢᠭᠤᠯᠵᠤ᠂ ᠦᠨᠳᠦᠰᠦᠲᠡᠨ ᠤ ᠤᠷᠤᠨ ᠤ ᠠᠯᠪᠠᠨ ᠵᠢᠷᠦᠮ ᠤᠨ ᠰᠤᠷᠭᠠᠨ ᠬᠦᠮᠦᠵᠢᠯ ᠤᠨ ᠰᠤᠷᠭᠠᠭᠤᠯᠢ ᠡᠷᠬᠢᠯᠡᠬᠦ ᠨᠦᠬᠦᠴᠡᠯ ᠢ ᠦᠷᠭᠦᠯᠵᠢᠯᠡᠨ ᠰᠠᠶᠢᠵᠢᠷᠠᠭᠤᠯᠵᠤ᠂ ᠦᠨᠳᠦᠰᠦᠲᠡᠨ ᠤ ᠤᠷᠤᠨ ᠤ ᠶᠡᠭᠡ ᠳᠡᠭᠡᠳᠤ ᠰᠤᠷᠭᠠᠭᠤᠯᠢ ᠪᠤᠯᠤᠨ ᠦᠨᠳᠦᠰᠦᠲᠡᠨ ᠤ ᠶᠡᠭᠡ ᠳᠡᠭᠡᠳᠤ ᠰᠤᠷᠭᠠᠭᠤᠯᠢ ᠶᠢ ᠪᠦᠳᠦᠭᠡᠨ ᠪᠠᠶᠢᠭᠤᠯᠬᠤ ᠡᠷᠴᠢᠮ ᠢᠶᠠᠨ ᠴᠢᠩᠭᠠᠷᠠᠭᠤᠯᠵᠤ᠂ ᠦᠨᠳᠦᠰᠦᠲᠡᠨ ᠤ ᠦᠭᠡ ᠬᠡᠯᠡ ᠶᠢ ᠬᠠᠮᠠᠭᠠᠯᠠᠬᠤ ᠠᠵᠢᠯ ᠳᠠᠬᠢ ᠤᠷᠤᠭᠤᠯᠤᠯᠲᠠ ᠪᠠᠨ ᠨᠡᠮᠡᠭᠳᠡᠭᠦᠯᠬᠦ ᠶᠢ ᠬᠦᠰᠡᠪᠡ︔ ᠦᠨᠳᠦᠰᠦᠲᠡᠨ ᠤ ᠤᠷᠤᠨ ᠤ ᠬᠦᠭᠵᠢᠯᠲᠡ ᠶᠢᠨ ᠬᠡᠷᠡᠭᠴᠡᠭᠡ ᠱᠠᠭᠠᠷᠳᠠᠯᠭ᠎ᠠ ᠲᠠᠢ ᠤᠶᠠᠯᠳᠤᠭᠤᠯᠤᠨ ᠰᠢᠨᠵᠢᠯᠡᠭᠡᠨ ᠤ ᠰᠠᠯᠠᠭ᠎ᠠ ᠶᠢᠨ ᠲᠤᠰᠬᠠᠢ ᠮᠡᠷᠭᠡᠵᠢᠯ ᠤᠨ ᠪᠦᠲᠦᠴᠡ ᠶᠢ ᠰᠢᠯᠢᠳᠡᠭᠵᠢᠭᠦᠯᠵᠤ᠂ ᠬᠡᠷᠡᠭᠯᠡᠭᠡᠨ ᠤ ᠬᠡᠯᠪᠡᠷᠢ᠂ ᠬᠠᠮ ᠬᠡᠯᠪᠡᠷᠢ᠂ ᠮᠡᠷᠭᠡᠵᠢᠯ ᠤᠨ ᠬᠡᠯᠪᠡᠷᠢ ᠶᠢᠨ ᠴᠢᠳᠠᠪᠤᠷᠢᠲᠠᠨ ᠢ ᠶᠡᠭᠡ ᠪᠠᠷ ᠬᠦᠮᠦᠵᠢᠭᠦᠯᠵᠤ᠂ ᠦᠨᠳᠦᠰᠦᠲᠡᠨ ᠤ ᠤᠷᠤᠨ ᠤ ᠰᠤᠷᠭᠠᠨ ᠬᠥᠮᠥᠵᠢᠯ ᠤᠨ ᠪᠦᠬᠦᠯᠢ ᠴᠣᠭᠴᠠ ᠶᠢᠨ ᠬᠥᠭᠵᠢᠯᠲᠡ ᠶᠢᠨ ᠲᠦᠪᠰᠢᠨ ᠢ ᠴᠢᠨᠠᠭᠰᠢᠳᠠ ᠳᠡᠭᠡᠭᠰᠢᠯᠡᠭᠦᠯᠬᠦ ᠶᠢ ᠭᠦᠰᠡᠵᠠᠢ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号