ᠠᠷᠠᠳ ᠤᠨ ᠳᠡᠭᠡᠳᠦ ᠰᠢᠭᠦᠬᠦ ᠬᠤᠷᠢᠶᠠᠨ ᠤ ᠠᠵᠢᠯ ᠤᠨ ᠮᠡᠳᠡᠬᠦᠯᠦᠯᠳᠡ ᠶᠢᠨ ᠲᠤᠬᠠᠶ ᠰᠢᠢᠳᠪᠦᠷᠢ
ᠨᠡᠶᠢᠲᠡᠯᠡᠭᠰᠡᠨ ᠴᠠᠭ᠄
2020/5/29
      ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ ᠠᠴᠠ ᠠᠷᠠᠳ ᠤᠨ ᠳᠡᠭᠡᠳᠦ ᠰᠢᠭᠦᠬᠦ ᠬᠤᠷᠢᠶᠠᠨ ᠤ ᠲᠠᠷᠤᠭ᠎ᠠ ᠵᠧᠤ ᠴᠢᠶᠠᠩ ᠤᠨ ᠬᠢᠭᠰᠡᠨ ᠠᠵᠢᠯ ᠤᠨ ᠮᠡᠳᠡᠬᠦᠯᠦᠯᠳᠡ ᠶᠢ ᠰᠣᠨᠣᠰᠤᠭᠰᠠᠨ ᠪᠦᠬᠡᠳ ᠬᠢᠨᠠᠨ ᠵᠦᠪᠯᠡᠪᠡ᠃ ᠬᠤᠷᠠᠯ ᠠᠴᠠ ᠠᠷᠠᠳ ᠤᠨ ᠳᠡᠭᠡᠳᠦ ᠰᠢᠭᠦᠬᠦ ᠬᠤᠷᠢᠶᠠᠨ ᠤ ᠠᠵᠢᠯ ᠢ ᠭᠦᠢᠴᠡᠳ ᠨᠤᠲᠠᠯᠠᠵᠤ᠂ ᠮᠡᠳᠡᠬᠦᠯᠦᠯᠳᠡ ᠳᠤ ᠳᠤᠷᠠᠳᠤᠭᠰᠠᠨ ᠬᠤᠶᠢᠰᠢᠳᠠ ᠶᠢᠨ ᠨᠢᠬᠡ ᠬᠤᠭᠤᠴᠠᠭᠠᠨ ᠤ ᠠᠵᠢᠯ ᠤᠨ ᠲᠤᠬᠢᠷᠠᠭᠤᠯᠤᠯᠲᠠ ᠶᠢ ᠵᠥᠪᠰᠢᠶᠡᠷᠡᠵᠦ᠂ ᠡᠨᠡ ᠬᠦ ᠮᠡᠳᠡᠬᠦᠯᠦᠯᠳᠡ ᠶᠢ ᠵᠥᠪᠰᠢᠶᠡᠷᠡᠬᠦ ᠪᠠᠷ ᠳᠤᠭᠳᠠᠵᠠᠢ᠃      ᠬᠤᠷᠠᠯ ᠠᠴᠠ᠂ ᠠᠷᠠᠳ ᠤᠨ ᠳᠡᠭᠡᠳᠦ ᠰᠢᠭᠦᠬᠦ ᠬᠤᠷᠢᠶ᠎ᠠ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠨ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠤᠯᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠵᠤ᠂ ︽ᠳᠥᠷᠪᠡᠨ ᠤᠬᠠᠮᠰᠠᠷ︾ ᠢᠶᠠᠨ ᠴᠢᠩᠭᠠᠳᠬᠠᠨ ︽ᠳᠥᠷᠪᠡᠨ ᠢᠲᠡᠭᠡᠯ︾ ᠢᠶᠠᠨ ᠪᠠᠲᠤᠳᠬᠠᠵᠤ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠨᠠᠮ ᠤᠨ ᠬᠠᠷᠢᠴᠠᠯᠠᠰᠢᠬᠦᠢ ᠤᠳᠤᠷᠢᠳᠤᠯᠭ᠎ᠠ ᠶᠢ ᠡᠷᠡᠰ ᠭᠤᠶᠢᠪᠢᠰᠢ ᠦᠭᠡᠢ ᠪᠠᠷᠢᠮᠲᠠᠯᠠᠨ᠂ ᠠᠷᠠᠳ ᠲᠦᠮᠡᠨ ᠢᠶᠠᠷ ᠭᠤᠣᠯ ᠪᠣᠯᠭᠠᠬᠤ ᠶᠢ ᠪᠠᠷᠢᠮᠲᠠᠯᠠᠵᠤ᠂ ᠦᠨᠳᠦᠰᠦᠨ ᠬᠠᠤᠯᠢ ᠬᠠᠤᠯᠢ ᠴᠠᠭᠠᠵᠠ ᠠᠴᠠ ᠣᠯᠭᠤᠭᠰᠠᠨ ᠲᠤᠰᠢᠶᠠᠯ ᠬᠠᠷᠢᠭᠤᠴᠠᠯᠭ᠎ᠠ ᠪᠠᠨ ᠦᠨᠡᠨᠴᠢ ᠪᠠᠷ ᠬᠦᠢᠴᠡᠳᠬᠡᠨ᠂ ᠤᠯᠤᠰ ᠤᠨ ᠤᠯᠤᠰ ᠲᠦᠷᠦ ᠶᠢᠨ ᠠᠮᠤᠷ ᠲᠥᠪᠰᠢᠨ ᠢ ᠬᠦᠴᠦᠯᠡᠨ ᠬᠠᠮᠠᠭᠠᠯᠠᠵᠤ ᠠᠵᠤ ᠠᠬᠤᠢ ᠶᠢᠨ ᠬᠥᠭᠵᠢᠯᠲᠡ ᠪᠣᠯᠣᠨ ᠨᠡᠶᠢᠭᠡᠮ ᠤᠨ ᠲᠤᠭᠳᠠᠭᠤᠨ ᠤ ᠶᠡᠭᠡ ᠲᠠᠯ᠎ᠠ ᠶᠢ ᠬᠦᠴᠦᠯᠡᠨ ᠬᠠᠮᠠᠭᠠᠯᠠᠵᠤ᠂ ᠨᠡᠶᠢᠭᠡᠮ ᠤᠨ ᠲᠥᠪ ᠭᠤᠤᠯᠴᠢ ᠰᠢᠳᠤᠷᠭᠤ ᠶᠣᠰᠣ ᠶᠢ ᠬᠠᠮᠠᠭᠠᠯᠠᠨ᠂ ᠬᠠᠤᠯᠢ ᠪᠠᠷᠢᠬᠤ ᠪᠠᠶᠢᠭᠤᠯᠤᠮᠵᠢ ᠶᠢᠨ ᠦᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠣᠶᠤᠨᠴᠢ ᠰᠢᠭᠦᠬᠦ ᠬᠤᠷᠢᠶ᠎ᠠ ᠶᠢ ᠲᠦᠷᠭᠡᠳᠬᠡᠨ ᠪᠠᠶᠢᠭᠤᠯᠵᠤ᠂ ᠴᠠᠭᠠᠷᠠᠭᠰᠠᠨ ᠡᠩᠨᠡᠭᠡ ᠶᠢᠨ ᠪᠠᠶᠢᠭᠤᠯᠤᠯᠳᠠ ᠶᠢ ᠶᠡᠭᠡ ᠪᠠᠷ ᠴᠢᠩᠭᠠᠳᠬᠠᠨ᠂ ᠰᠢᠭᠦᠨ ᠲᠠᠰᠤᠯᠬᠤ ᠡᠭᠦᠷᠭᠡ ᠴᠢᠳᠠᠪᠤᠷᠢ ᠶᠢ ᠬᠦᠢᠴᠡᠳ ᠪᠠᠳᠠᠷᠠᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠶ ᠨᠡᠶᠢᠭᠡᠮ ᠤᠨ ᠬᠦᠭᠵᠢᠯᠲᠡ ᠶᠢᠨ ᠠᠵᠢᠯ ᠢ ᠨᠢᠭᠡᠳᠦᠯᠲᠡᠶ ᠲᠦᠯᠦᠪᠵᠢᠬᠦᠯᠦᠨ ᠠᠬᠢᠭᠤᠯᠬᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠰᠢᠢᠳᠪᠦᠷᠢᠳᠤ ᠳᠠᠶᠢᠯᠠᠯᠳᠤᠭᠠᠨ ᠬᠢᠵᠤ ᠰᠢᠢᠳᠪᠦᠷᠢᠳᠦ ᠢᠯᠠᠯᠲᠠ ᠤᠯᠬᠤ ᠬᠠᠷᠠᠯᠲᠠ ᠡᠭᠦᠷᠭᠡ ᠶᠢ ᠪᠡᠶᠡᠯᠡᠭᠦᠯᠬᠦ᠂ ᠴᠢᠨᠡᠭᠡᠯᠢᠭ ᠨᠡᠶᠢᠭᠡᠮ ᠢ ᠪᠥᠬᠦ ᠲᠠᠯ᠎ᠠ ᠪᠠᠷ ᠪᠡᠶᠡᠯᠡᠬᠦᠯᠬᠦ ᠳᠤ ᠴᠢᠩᠭ᠎ᠠ ᠬᠦᠴᠦᠲᠡᠶ ᠬᠠᠤᠯᠢ ᠴᠠᠭᠠᠵᠠ ᠶᠢᠨ ᠪᠠᠳᠤᠯᠠᠭ᠎ᠠ ᠬᠠᠩᠭᠠᠬᠤ ᠬᠡᠷᠡᠭᠳᠡᠢ ᠬᠡᠵᠦ ᠱᠠᠭᠠᠷᠳᠠᠪᠠ᠃ ︵ᠰᠢᠨᠬᠤᠸᠠ ᠬᠤᠷᠢᠶᠠᠨ ᠤ ᠪᠡᠬᠡᠵᠢᠩ ᠤᠨ 5 ᠰᠠᠷ᠎ᠠ ᠶᠢᠨ 28 ᠤ ᠴᠠᠬᠢᠯᠭᠠᠨ ᠮᠡᠳᠡᠭᠡ︶
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号