︽ᠦᠨᠡᠨ ᠰᠡᠳᠬᠦᠯ︾ ᠶᠡᠷᠤᠩᠭᠡᠢ ᠱᠦᠵᠢ ᠰᠢ ᠶᠢᠨ ᠫᠢᠩ ᠤᠨ ᠴᠢᠬᠤᠯᠠ ᠵᠤᠬᠢᠶᠠᠯ ︽ᠢᠷᠭᠡᠨ ᠤ ᠬᠠᠤᠯᠢ ᠶᠢᠨ ᠪᠢᠴᠢᠭ ᠢ  ᠨᠡᠶᠢᠳᠡᠯᠡᠨ ᠭᠡᠷᠡᠭᠵᠢᠬᠦᠯᠬᠦ ᠶᠢᠨ ᠴᠢᠬᠤᠯᠠ ᠶᠡᠭᠡ ᠠᠴᠢ ᠬᠤᠯᠪᠤᠬᠳᠠᠯ ᠢ ᠬᠦᠢᠴᠡᠳ ᠲᠠᠨᠢᠵᠤ ᠠᠷᠠᠳ ᠲᠦᠮᠡᠨ ᠤ ᠬᠠᠤᠯᠢ  ᠶᠤᠰᠤᠨ ᠤ ᠡᠷᠭᠡ ᠠᠰᠢᠭ ᠢ ᠬᠠᠤᠯᠢ ᠶᠤᠰᠤᠭᠠᠷ ᠨᠡᠩ ᠰᠠᠶᠢᠨ ᠪᠠᠳᠤᠯᠠᠬᠤ ᠭᠡᠷᠡᠭᠳᠠᠢ︾ ᠢ ᠨᠡᠶᠢᠳᠡᠯᠡᠪᠡ
ᠨᠡᠶᠢᠲᠡᠯᠡᠭᠰᠡᠨ ᠴᠠᠭ᠄
2020/6/17
    6 ᠰᠠᠷ᠎ᠡ ᠶᠢᠨ 16 ᠤ ᠡᠳᠦᠷ ᠭᠡᠪᠯᠡᠭᠳᠡᠬᠦ 12 ᠳ᠋ᠤᠭᠠᠷ ᠬᠤᠭᠤᠴᠠᠭᠠᠨ ᠤ ︽ᠦᠨᠡᠨ︾ ᠰᠡᠳᠬᠦᠯ ᠨᠠᠮ ᠤᠨ ᠲᠦᠪ ᠬᠤᠷᠢᠶᠠᠨ ᠤ ᠶᠡᠷᠤᠩᠭᠡᠢ ᠱᠦᠵᠢ᠂ ᠤᠯᠤᠰ ᠤᠨ ᠲᠡᠷᠢᠬᠦᠯᠡᠭᠴᠢ᠂ ᠲᠦᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠬᠦᠯᠡᠭᠴᠢ ᠰᠢ ᠶᠢᠨ ᠫᠢᠩ ᠤᠨ ︽ᠢᠷᠭᠡᠨ ᠤ ᠬᠠᠤᠯᠢ ᠶᠢᠨ ᠪᠢᠴᠢᠭ ᠢ ᠨᠡᠶᠢᠳᠡᠯᠡᠨ ᠭᠡᠷᠡᠭᠵᠢᠬᠦᠯᠬᠦ ᠶᠢᠨ ᠴᠢᠬᠤᠯᠠ ᠶᠡᠭᠡ ᠠᠴᠢ ᠬᠤᠯᠪᠤᠬᠳᠠᠯ ᠢ ᠬᠦᠢᠴᠡᠳ ᠲᠠᠨᠢᠵᠤ ᠠᠷᠠᠳ ᠲᠦᠮᠡᠨ ᠤ ᠬᠠᠤᠯᠢ ᠶᠤᠰᠤᠨ ᠤ ᠡᠷᠭᠡ ᠠᠰᠢᠭ ᠢ ᠬᠠᠤᠯᠢ ᠶᠤᠰᠤᠭᠠᠷ ᠨᠡᠩ ᠰᠠᠶᠢᠨ ᠪᠠᠳᠤᠯᠠᠬᠤ ᠭᠡᠷᠡᠭᠳᠠᠢ︾ ᠭᠡᠬᠦ ᠴᠢᠬᠤᠯᠠ ᠵᠤᠬᠢᠶᠠᠯ ᠢ ᠨᠠᠶᠢᠳᠡᠯᠡᠪᠡ᠃    ᠵᠤᠬᠢᠶᠠᠯ ᠳᠤ᠂ ᠢᠷᠭᠡᠨ ᠤ ᠬᠠᠤᠯᠢ ᠶᠢᠨ ᠪᠢᠴᠢᠭ ᠨᠢ ᠲᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠬᠠᠤᠯᠢ ᠴᠠᠭᠠᠵᠠ ᠶᠢᠨ ᠰᠢᠰᠲ᠋ᠧᠮ ᠳᠤ ᠴᠢᠬᠤᠯᠠ ᠪᠠᠶᠢᠷᠢ ᠰᠠᠭᠤᠷᠢ ᠲᠠᠢ ᠶᠤᠮ᠂ ᠲᠠᠷᠡ ᠪᠤᠯ ᠦᠨᠳᠤᠰᠤ ᠶᠢ ᠪᠠᠬᠢᠵᠢᠬᠦᠯᠵᠤ᠂ ᠵᠢᠱᠢᠯᠳᠠ ᠶᠢ ᠲᠤᠬᠳᠠᠪᠤᠷᠢᠵᠢᠭᠤᠯᠤᠨ᠂ ᠠᠯᠤᠰ ᠭᠡᠳᠤ ᠳᠤ ᠠᠰᠢᠭᠲᠠᠢ ᠰᠠᠭᠤᠷᠢ ᠴᠢᠨᠠᠷᠳᠠᠢ ᠬᠠᠤᠯᠢ ᠴᠠᠭᠠᠵᠠ ᠮᠦᠨ᠂ ᠡᠨᠡ ᠨᠢ ᠪᠦᠬᠦ ᠲᠠᠯ᠎ᠡ ᠪᠠᠷ ᠬᠠᠤᠯᠢ ᠪᠠᠷ ᠤᠯᠤᠰ ᠢ ᠵᠠᠰᠠᠬᠤ᠂ ᠨᠡᠶᠢᠭᠡᠮ ᠵᠢᠷᠤᠮ ᠤᠨ ᠬᠠᠤᠯᠢᠵᠢᠯ ᠤᠨ ᠤᠯᠤᠰ ᠢ ᠲᠦᠷᠭᠡᠳᠭᠡᠨ ᠪᠦᠳᠦᠬᠡᠨ ᠪᠠᠶᠢᠭᠤᠯᠬᠤ ᠶᠢ ᠠᠬᠢᠭᠤᠯᠬᠤ᠂ ᠨᠡᠶᠢᠭᠡᠮ ᠵᠢᠷᠤᠮ ᠤᠨ ᠵᠠᠬ᠎ᠠ ᠲᠡᠯᠭᠡᠬᠦᠷ ᠤᠨ ᠠᠵᠤ ᠠᠬᠤᠢ ᠶᠢ ᠬᠦᠭᠵᠢᠬᠦᠯᠬᠦ᠂ ᠨᠡᠶᠢᠭᠡᠮ ᠵᠢᠷᠤᠮ ᠤᠨ ᠦᠨᠳᠤᠰᠤᠨ ᠠᠵᠤ ᠠᠬᠤᠢ ᠶᠢᠨ ᠲᠦᠷᠢᠮ ᠢ ᠪᠠᠬᠢᠵᠢᠬᠦᠯᠬᠦ᠂ ᠠᠷᠠᠳ ᠲᠦᠮᠡᠨ ᠢᠶᠠᠷ ᠭᠤᠤᠯ ᠪᠤᠯᠭᠠᠬᠤ ᠬᠦᠭᠵᠢᠯᠳᠠ ᠶᠢᠨ ᠦᠵᠡᠯ ᠰᠠᠨᠠᠭ᠎ᠠ ᠶᠢ ᠪᠠᠷᠢᠮᠳᠠᠯᠠᠬᠤ᠂ ᠠᠷᠠᠳ ᠲᠦᠮᠡᠨ ᠤ ᠬᠠᠤᠯᠢ ᠶᠤᠰᠤᠨ ᠤ ᠡᠷᠭᠡ ᠠᠰᠢᠬ ᠢ ᠬᠠᠤᠯᠢ ᠶᠤᠰᠤᠭᠠᠷ ᠬᠠᠮᠠᠭᠠᠯᠠᠬᠤ ᠂ ᠮᠠᠨ ᠤ ᠤᠯᠤᠰ ᠤᠨ ᠬᠦᠮᠦᠨ ᠤ ᠡᠷᠭᠡ ᠶᠢᠨ ᠦᠢᠯᠡᠰ ᠤᠨ ᠬᠦᠭᠵᠢᠯᠳᠠ ᠶᠢ ᠠᠬᠢᠭᠤᠯᠬᠤ᠂ ᠤᠯᠤᠰ ᠤᠨ ᠵᠠᠰᠠᠯᠳᠠ ᠶᠢᠨ ᠰᠢᠰᠲ᠋ᠧᠮ ᠪᠠ ᠵᠠᠰᠠᠯᠳᠠ ᠶᠢᠨ ᠴᠢᠳᠠᠪᠤᠷᠢ ᠶᠢᠨ ᠤᠳᠤᠬᠢᠴᠢᠯᠠᠯᠳᠠ ᠶᠢ ᠠᠬᠢᠭᠤᠯᠬᠤ ᠳᠤ ᠴᠦᠮ ᠴᠢᠬᠤᠯᠠ ᠶᠡᠭᠡ ᠠᠴᠢ ᠬᠤᠯᠪᠤᠬᠳᠠᠯ ᠲᠠᠢ ᠶᠤᠮ ᠭᠡᠵᠤ      ᠴᠢᠬᠤᠯᠠᠴᠢᠯᠠᠪᠠ᠃    ᠵᠤᠬᠢᠶᠠᠯ ᠳᠤ᠂ ᠮᠠᠨ ᠤ ᠤᠯᠤᠰ ᠤᠨ ᠬᠤᠪᠢᠰᠬᠠᠯ᠂ ᠪᠦᠳᠦᠭᠡᠨ ᠪᠠᠶᠢᠭᠤᠯᠤᠯᠳᠠ᠂ ᠦᠭᠡᠷᠡᠴᠢᠯᠡᠯᠳᠠ ᠶᠢᠨ ᠡᠯ᠎ᠡ ᠲᠡᠤᠭᠡᠨ ᠴᠠᠭ ᠬᠤᠭᠤᠴᠠᠭᠠᠨ ᠳᠤ ᠮᠠᠨ ᠤ ᠨᠠᠮ ᠴᠦᠮ ᠢᠷᠭᠡᠨ ᠤ ᠭᠡᠷᠡᠭ ᠤᠨ ᠬᠠᠤᠯᠢ ᠴᠠᠭᠠᠵᠠ ᠶᠢ ᠲᠤᠬᠳᠠᠭᠠᠨ ᠭᠡᠷᠡᠭᠵᠢᠬᠦᠯᠬᠦ ᠠᠵᠢᠯ ᠢ ᠲᠡᠭᠡᠳᠤ ᠬᠡᠮᠵᠢᠶ᠎ᠡ ᠪᠠᠷ ᠴᠢᠬᠤᠯᠠᠴᠢᠯᠠᠬᠰᠡᠭᠠᠷ ᠢᠷᠡᠵᠠᠢ᠃ ᠨᠠᠮ ᠤᠨ ᠠᠷᠪᠡᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠪᠢᠳᠠ ᠦᠢᠯᠡᠳᠦᠯᠭᠡ ᠶᠢᠨ ᠬᠦᠭᠵᠢᠯᠳᠠ ᠶᠢᠨ ᠱᠠᠭᠠᠷᠳᠠᠯᠭ᠎ᠠ ᠪᠤᠯᠤᠨ ᠤᠯᠠᠨ ᠲᠦᠮᠡᠨ ᠤ ᠬᠦᠰᠡᠯ ᠡᠷᠡᠮᠡᠯᠵᠡᠯ ᠳᠤ ᠨᠡᠶᠢᠴᠡᠬᠦᠯᠵᠤ᠂ ᠢᠷᠭᠡᠨ ᠤ ᠬᠠᠤᠯᠢ ᠶᠢᠨ ᠪᠢᠴᠢᠭ ᠢ ᠲᠤᠭᠤᠷᠪᠢᠨ ᠨᠠᠶᠢᠷᠠᠭᠤᠯᠬᠤ ᠠᠵᠢᠯ ᠢ ᠡᠳᠦᠷ ᠲᠤᠳᠤᠮ ᠤᠨ ᠴᠢᠬᠤᠯᠠ ᠵᠦᠪᠯᠡᠬᠦ ᠵᠦᠢᠯ ᠳᠤ ᠤᠷᠤᠭᠤᠯᠪᠠ᠃ ᠡᠯ᠎ᠡ ᠲᠠᠯ᠎ᠡ ᠶᠢᠨ ᠬᠠᠮᠳᠤ ᠶᠢᠨ ᠴᠢᠷᠮᠠᠶᠢᠯᠭ᠎ᠠ ᠲᠤᠤᠷ᠎ᠠ 5 ᠵᠢᠯ ᠭᠠᠷᠤᠢ ᠠᠵᠢᠯᠯᠠᠬᠤ ᠪᠠᠷ ᠲᠠᠮᠵᠢᠨ ᠢᠷᠭᠡᠨ ᠤ ᠬᠠᠤᠯᠢ ᠶᠢᠨ ᠪᠢᠴᠢᠭ ᠢ ᠡᠴᠤᠰ ᠲᠡᠭᠡᠨ ᠨᠠᠶᠢᠳᠡᠯᠡᠨ ᠭᠡᠷᠡᠭᠵᠢᠬᠦᠯᠬᠦ ᠪᠠᠷ ᠪᠤᠯᠵᠤ᠂ ᠭᠡᠳᠦᠨ ᠦᠶ᠎ᠡ ᠶᠢᠨ ᠬᠢᠨ ᠤ ᠬᠦᠰᠡᠯ ᠡᠷᠡᠮᠡᠯᠵᠡᠯ ᠢ ᠪᠠᠶᠠᠯᠡᠬᠦᠯᠦᠭᠰᠡᠨ ᠪᠠᠶᠢᠨ᠎ᠡ ᠭᠡᠵᠤ ᠵᠢᠭᠠᠵᠤ ᠭᠠᠷᠭᠠᠪᠠ᠃    ᠵᠤᠬᠢᠶᠠᠯ ᠳᠤ᠂ ᠢᠷᠭᠡᠨ ᠤ ᠬᠠᠤᠯᠢ ᠶᠢᠨ ᠪᠢᠴᠢᠭ ᠨᠢ ᠰᠢᠨ᠎ᠡ ᠲᠤᠮᠳᠠᠳᠤ ᠤᠯᠤᠰ ᠪᠠᠶᠢᠭᠤᠯᠤᠬᠳᠠᠬᠰᠡᠨ 70 ᠭᠠᠷᠤᠢ ᠵᠢᠯ ᠤᠨ ᠲᠤᠷᠰᠢᠬᠢ ᠤᠷᠳᠤ ᠬᠤᠭᠤᠴᠠᠭᠠᠨ ᠤ ᠦᠢᠯᠡᠳᠦᠯᠭᠡ ᠪᠠᠷ ᠲᠠᠮᠵᠢᠨ ᠪᠦᠷᠢᠯᠳᠦᠬᠦᠯᠦᠭᠰᠡᠨ ᠢᠷᠭᠡᠨ ᠤ ᠬᠡᠷᠡᠭ ᠤᠨ ᠬᠠᠤᠯᠢ ᠴᠠᠭᠠᠵᠠ ᠶᠢᠨ ᠵᠢᠷᠤᠮᠵᠢᠯ ᠢ ᠰᠢᠰᠲ᠋ᠧᠮ ᠲᠠᠢ ᠨᠡᠶᠢᠳᠭᠡᠵᠤ᠂ ᠲᠤᠮᠳᠠᠳᠤ ᠶᠢᠨ ᠦᠨᠳᠤᠰᠤᠳᠡᠨ ᠤ 5000 ᠭᠠᠷᠤᠢ ᠵᠢᠯ ᠤᠨ ᠰᠢᠯᠢᠳᠡᠭ ᠬᠠᠤᠯᠢ ᠴᠠᠭᠠᠵᠠ ᠶᠢᠨ ᠰᠤᠶᠤᠯ ᠢ ᠰᠢᠩᠭᠡᠭᠡᠵᠤ᠂ ᠬᠦᠮᠦᠨ ᠲᠦᠷᠦᠯᠬᠢᠳᠠᠨ ᠤ ᠬᠠᠤᠯᠢᠵᠢᠯ ᠤᠨ ᠪᠤᠯᠪᠠᠰᠤᠨ ᠤ ᠪᠠᠶᠢᠭᠤᠯᠤᠯᠳᠠ ᠶᠢᠨ ᠠᠰᠢᠬᠳᠠᠢ ᠦᠷ᠎ᠡ ᠪᠦᠳᠦᠭᠡᠯ ᠢ ᠲᠤᠯᠢᠯᠠᠨ᠂ ᠮᠠᠨ ᠤ ᠤᠯᠤᠰ ᠤᠨ ᠨᠡᠶᠢᠭᠡᠮ ᠵᠢᠷᠤᠮ ᠤᠨ ᠰᠢᠨᠵᠢ ᠴᠢᠨᠠᠷ ᠢ ᠬᠠᠷᠠᠭᠤᠯᠵᠤ᠂ ᠠᠷᠠᠳ ᠲᠦᠮᠡᠨ ᠤ ᠠᠰᠢᠭ ᠲᠤᠰᠠ ᠪᠤᠯᠤᠨ ᠬᠦᠰᠡᠯ ᠡᠷᠡᠮᠡᠯᠵᠡᠯ ᠲᠠᠢ ᠨᠡᠶᠢᠴᠡᠵᠤ᠂ ᠴᠠᠭ ᠦᠶ᠎ᠡ ᠶᠢᠨ ᠬᠦᠭᠵᠢᠯᠳᠠ ᠶᠢᠨ ᠱᠠᠭᠠᠷᠳᠠᠯᠭ᠎ᠠ ᠲᠠᠢ ᠵᠤᠬᠢᠴᠠᠬᠰᠡᠨ ᠢᠷᠭᠡᠨ ᠤ ᠬᠠᠤᠯᠢ ᠶᠢᠨ ᠪᠢᠴᠢᠭ ᠮᠦᠨ᠂ ᠡᠨᠡ ᠪᠤᠯ ᠠᠮᠢ ᠨᠠᠰᠤᠨ ᠤ ᠡᠷᠡᠬᠦᠯ ᠮᠠᠨᠳᠤ᠂ ᠡᠳ᠋ ᠬᠦᠷᠤᠩᠭᠡ ᠶᠢᠨ ᠠᠮᠤᠷ ᠲᠦᠪᠰᠢᠨ᠂ ᠠᠷᠠᠯᠵᠢᠶᠠᠨ ᠤ ᠲᠦᠬᠦᠮ ᠲᠦᠳᠡ᠂ ᠠᠮᠢᠳᠤᠷᠠᠯ ᠤᠨ ᠵᠤᠯ ᠵᠢᠷᠭᠠᠯ᠂ ᠬᠦᠮᠦᠨ ᠤ ᠨᠠᠷ᠎ᠡ ᠬᠦᠨᠳᠤ ᠵᠡᠷᠭᠡ ᠡᠯ᠎ᠡ ᠲᠠᠯ᠎ᠡ ᠶᠢᠨ ᠡᠷᠭᠡ ᠠᠰᠢᠭ ᠤᠨ ᠡᠷᠭᠡ ᠲᠡᠭᠰᠢ ᠶᠢ ᠬᠠᠮᠠᠭᠠᠯᠠᠬᠤ ᠢᠷᠭᠡᠨ ᠤ ᠬᠠᠤᠯᠢ ᠶᠢᠨ ᠪᠢᠴᠢᠭ ᠮᠦᠨ᠂ ᠢᠯᠡ ᠲᠤᠳᠤ ᠲᠤᠮᠳᠠᠳᠤ ᠤᠯᠤᠰ ᠤᠨ ᠤᠨᠴᠠᠯᠢᠭ ᠲᠠᠢ᠂ ᠦᠢᠯᠡᠳᠦᠯᠭᠡ ᠶᠢᠨ ᠤᠨᠴᠠᠯᠢᠭ ᠲᠠᠢ᠂ ᠴᠠᠭ ᠦᠶ᠎ᠡ ᠶᠢᠨ ᠤᠨᠴᠠᠯᠢᠭ ᠲᠠᠢ ᠢᠷᠭᠡᠨ ᠤ ᠬᠠᠤᠯᠢ ᠶᠢᠨ ᠪᠢᠴᠢᠭ ᠪᠤᠯᠤᠨ᠎ᠡ ᠭᠡᠵᠤ ᠵᠢᠭᠠᠵᠤ ᠭᠠᠷᠭᠠᠪᠠ᠃    ᠵᠤᠬᠢᠶᠠᠯ ᠳᠤ᠂ ᠢᠷᠭᠡᠨ ᠤ ᠬᠠᠤᠯᠢ ᠶᠢᠨ ᠪᠢᠴᠢᠭ ᠤᠨ ᠴᠢᠬᠤᠯᠠ ᠶᠡᠭᠡ ᠠᠴᠢ ᠬᠤᠯᠪᠤᠬᠳᠠᠯ ᠤᠨ ᠲᠤᠬᠠᠢ ᠤᠬᠠᠭᠤᠯᠭ᠎ᠠ ᠬᠦᠮᠦᠵᠢᠯ ᠢ ᠴᠢᠩᠭᠠᠳᠬᠠᠬᠤ ᠭᠡᠷᠡᠭᠳᠠᠢ᠃ ᠢᠷᠭᠡᠨ ᠤ ᠬᠠᠤᠯᠢ ᠶᠢᠨ ᠪᠢᠴᠢᠭ ᠢ ᠰᠠᠶᠢᠳᠤᠷ ᠭᠡᠷᠡᠭᠵᠢᠬᠦᠯᠬᠦ ᠪᠤᠯ ᠠᠷᠠᠳ ᠲᠦᠮᠡᠨ ᠢᠶᠠᠷ ᠭᠤᠤᠯ ᠪᠤᠯᠭᠠᠬᠤ ᠶᠢ ᠪᠠᠷᠢᠮᠳᠠᠯᠠᠵᠤ᠂ ᠠᠷᠠᠳ ᠲᠦᠮᠡᠨ ᠤ ᠡᠷᠭᠡ ᠠᠰᠢᠭ ᠢ ᠪᠠᠳᠤᠯᠠᠬᠤ ᠶᠢ ᠪᠠᠶᠠᠯᠡᠬᠦᠯᠬᠦ ᠪᠠ ᠬᠦᠭᠵᠢᠬᠦᠯᠬᠦ ᠶᠢᠨ ᠵᠠᠶᠢᠯᠠᠰᠢ ᠦᠭᠡᠢ ᠱᠠᠭᠠᠷᠳᠠᠯᠭ᠎ᠠ ᠪᠤᠯᠬᠤ᠂ ᠨᠡᠶᠢᠭᠡᠮ ᠵᠢᠷᠤᠮ ᠤᠨ ᠵᠠᠬ᠎ᠠ ᠲᠡᠯᠭᠡᠬᠦᠷ ᠤᠨ ᠠᠵᠤ ᠠᠬᠤᠢ ᠶᠢ ᠬᠦᠭᠵᠢᠬᠦᠯᠵᠤ᠂ ᠨᠡᠶᠢᠭᠡᠮ ᠵᠢᠷᠤᠮ ᠤᠨ ᠦᠨᠳᠤᠰᠤᠨ ᠠᠵᠤ ᠠᠬᠤᠢ ᠶᠢᠨ ᠲᠦᠷᠢᠮ ᠢ ᠪᠠᠬᠢᠵᠢᠬᠦᠯᠬᠦ ᠶᠢᠨ ᠵᠠᠶᠢᠯᠠᠰᠢ ᠦᠭᠡᠢ ᠱᠠᠭᠠᠷᠳᠠᠯᠭ᠎ᠠ ᠪᠤᠯᠬᠤ᠂ ᠮᠠᠨ ᠤ ᠨᠠᠮ ᠤᠨ ᠲᠦᠷᠦ ᠶᠢ ᠵᠠᠰᠠᠵᠤ ᠵᠠᠰᠠᠭ ᠢ ᠡᠷᠬᠢᠯᠡᠬᠦ ᠲᠦᠪᠰᠢᠨ ᠢ ᠲᠡᠭᠡᠭᠰᠢᠯᠡᠬᠦᠯᠬᠦ ᠶᠢᠨ ᠵᠠᠶᠢᠯᠠᠰᠢ ᠦᠭᠡᠢ ᠱᠠᠭᠠᠷᠳᠠᠯᠭ᠎ᠠ ᠪᠤᠯᠬᠤ ᠭᠡᠳᠡᠭ ᠢ ᠲᠤᠳᠤᠷᠬᠠᠢ ᠶᠠᠷᠢᠬᠤ ᠭᠡᠷᠡᠭᠳᠠᠢ᠃ ᠢᠷᠬᠡᠨ ᠤ ᠬᠠᠤᠯᠢ ᠶᠢᠨ ᠪᠢᠴᠢᠭ ᠪᠤᠯ ᠪᠦᠬᠦ ᠲᠠᠯ᠎ᠠ ᠪᠠᠷ ᠬᠠᠤᠯᠢ ᠪᠠᠷ ᠤᠯᠤᠰ ᠢᠶᠠᠨ ᠵᠠᠰᠠᠬᠤ ᠶᠢᠨ ᠴᠢᠬᠤᠯᠠ ᠲᠦᠷᠢᠮ ᠤᠨ ᠠᠴᠢᠶᠠᠯᠠᠪᠤᠷᠢ ᠮᠦᠨ᠂ ᠮᠠᠰᠢ ᠤᠯᠠᠨ ᠲᠤᠭᠳᠠᠭᠠᠯ ᠨᠢ ᠬᠤᠯᠪᠤᠬᠳᠠᠯ ᠪᠦᠬᠦᠢ ᠤᠯᠤᠰ ᠤᠨ ᠪᠠᠶᠢᠭᠤᠯᠭ᠎ᠠ ᠲᠠᠢ ᠰᠢᠭᠤᠳ ᠬᠤᠯᠪᠤᠬᠳᠠᠵᠦ᠂ ᠠᠷᠠᠳ ᠢᠷᠬᠡᠨ ᠪᠤᠯᠤᠨ ᠬᠠᠤᠯᠢ ᠶᠢᠨ ᠡᠷᠬᠡᠳᠡᠨ ᠤ ᠡᠷᠬᠡ ᠠᠰᠢᠬ ᠡᠬᠦᠷᠬᠡ ᠲᠠᠢ ᠰᠢᠭᠤᠳ ᠬᠤᠯᠪᠤᠬᠳᠠᠵᠤ ᠪᠠᠶᠢᠨ᠎ᠠ᠃ ᠢᠷᠬᠡᠨ ᠤ ᠬᠠᠤᠯᠢ ᠶᠢᠨ ᠪᠢᠴᠢᠭ ᠢ ᠭᠡᠷᠡᠭᠵᠢᠬᠦᠯᠬᠦ ᠲᠦᠪᠰᠢᠨ ᠪᠠ ᠦᠷ᠎ᠠ ᠠᠰᠢᠬ ᠪᠤᠯ ᠡᠯ᠎ᠠ ᠱᠠᠳᠤᠨ ᠤ ᠨᠠᠮ ᠪᠤᠯᠤᠨ ᠲᠦᠷᠤ ᠶᠢᠨ ᠪᠠᠶᠢᠭᠤᠯᠭ᠎ᠠ ᠶᠢᠨ ᠠᠷᠠᠳ ᠲᠦᠮᠡᠨ ᠳᠤ ᠤᠢᠢᠯᠡᠴᠢᠯᠡᠬᠦ ᠵᠤᠷᠢᠯᠳᠠ ᠶᠢ ᠬᠦᠢᠴᠡᠳᠬᠡᠬᠦ ᠴᠢᠬᠤᠯᠠ ᠬᠡᠮᠵᠢᠬᠦᠷ ᠪᠤᠯᠤᠨ᠎ᠠ ᠭᠡᠵᠤ ᠵᠢᠭᠠᠵᠤ ᠭᠠᠷᠭᠠᠪᠠ᠃    ᠵᠤᠬᠢᠶᠠᠯ ᠳᠤ᠂ ᠢᠷᠬᠡᠨ ᠤ ᠬᠡᠷᠡᠭ ᠤᠨ ᠬᠠᠤᠯᠢ ᠶᠢ ᠲᠤᠭᠳᠠᠭᠠᠬᠤ ᠬᠤᠯᠪᠤᠬᠳᠠᠯ ᠪᠦᠬᠦᠢ ᠠᠵᠢᠯ ᠢ ᠴᠢᠩᠭᠠᠳᠬᠠᠬᠤ ᠭᠡᠷᠡᠭᠳᠠᠢ᠃ ᠢᠷᠬᠡᠨ ᠤ ᠬᠠᠤᠯᠢ ᠶᠢᠨ ᠪᠢᠴᠢᠭ ᠢ ᠨᠡᠶᠢᠳᠠᠯᠠᠨ ᠭᠡᠷᠡᠭᠵᠢᠬᠦᠯᠬᠦ ᠨᠢ ᠢᠷᠬᠡᠨ ᠤ ᠭᠡᠷᠡᠭ ᠤᠨ ᠬᠠᠤᠯᠢᠵᠢᠯ ᠤᠨ ᠪᠠᠶᠢᠭᠤᠯᠤᠯᠳᠠ ᠶᠢᠨ ᠠᠰᠠᠭᠤᠳᠠᠯ ᠪᠦᠬᠦᠨ ᠢ ᠰᠢᠢᠳᠪᠤᠷᠢᠯᠡᠭᠰᠡᠨ ᠶᠠᠪᠤᠳᠠᠯ ᠪᠢᠰᠢ᠂ ᠮᠠᠰᠢ ᠤᠯᠠᠨ ᠠᠰᠠᠭᠤᠳᠠᠯ ᠢ ᠪᠠᠰᠠ ᠤᠢᠢᠯᠡᠳᠤᠯᠬᠡ ᠶᠢᠨ ᠲᠤᠮᠳᠠ ᠰᠢᠯᠭᠠᠨ ᠪᠠᠶᠢᠴᠠᠭᠠᠵᠤ ᠬᠠᠶᠢᠨ ᠰᠦᠪᠡᠭᠴᠢᠯᠠᠨ᠂ ᠪᠠᠰᠠ ᠲᠠᠰᠤᠷᠠᠯᠳᠠ ᠦᠬᠡᠢ ᠢᠵᠢ ᠪᠦᠷᠢᠳᠤᠬᠦᠯᠤᠨ ᠨᠦᠬᠦᠪᠤᠷᠢᠯᠠᠵᠤ ᠨᠠᠷᠢᠯᠢᠭᠵᠢᠭᠤᠯᠬᠤ ᠭᠡᠷᠡᠭᠳᠠᠢ᠃ ᠠᠰᠠᠭᠤᠳᠠᠯ ᠢᠶᠠᠷ ᠤᠳᠤᠷᠢᠳᠤᠮᠵᠢ ᠪᠤᠯᠭᠠᠬᠤ ᠶᠢ ᠪᠠᠷᠢᠮᠳᠠᠯᠠᠵᠤ᠂ ᠰᠢᠨ᠎ᠠ ᠤᠢᠢᠯᠡᠳᠤᠯᠬᠡ ᠶᠢᠨ ᠰᠠᠭᠤᠷᠢᠨ ᠳᠤ ᠢᠷᠬᠡᠨ ᠤ ᠬᠠᠤᠯᠢ ᠶᠢᠨ ᠪᠢᠴᠢᠭ ᠢ ᠲᠠᠰᠤᠷᠠᠯᠳᠠ ᠦᠬᠡᠢ ᠲᠡᠭᠦᠯᠳᠡᠷᠵᠢᠭᠦᠯᠤᠨ ᠬᠦᠭᠵᠢᠬᠦᠯᠬᠦ ᠭᠡᠷᠡᠭᠳᠠᠢ ᠬᠡᠵᠤ ᠵᠢᠭᠠᠵᠤ ᠭᠠᠷᠭᠠᠪᠠ᠃    ᠵᠤᠬᠢᠶᠠᠯ ᠳᠤ᠂ ᠢᠷᠬᠡᠨ ᠤ ᠬᠠᠤᠯᠢ ᠶᠢᠨ ᠪᠢᠴᠢᠭ ᠤᠨ ᠬᠠᠤᠯᠢ ᠭᠡᠷᠡᠭᠵᠢᠬᠦᠯᠬᠦ ᠬᠠᠤᠯᠢ ᠪᠠᠷᠢᠬᠤ ᠠᠵᠢᠯᠯᠠᠭ᠎ᠠ ᠶᠢ ᠴᠢᠩᠭᠠᠳᠬᠠᠬᠤ ᠭᠡᠷᠡᠭᠳᠠᠢ᠃ ᠡᠯ᠎ᠠ ᠱᠠᠳᠤᠨ ᠤ ᠵᠠᠰᠠᠬ ᠤᠨ ᠤᠷᠳᠤᠨ ᠤ ᠬᠢᠨ ᠢᠷᠬᠡᠨ ᠤ ᠬᠠᠤᠯᠢ ᠶᠢᠨ ᠪᠢᠴᠢᠭ ᠢ ᠪᠦᠳᠤᠮᠵᠢᠳᠠᠢ ᠭᠡᠷᠡᠭᠵᠢᠬᠦᠯᠬᠦ ᠪᠠᠷ ᠴᠢᠬᠤᠯᠠ ᠭᠠᠷᠳᠠᠴᠠ ᠪᠤᠯᠭᠠᠨ ᠬᠠᠤᠯᠢᠵᠢᠯ ᠤᠨ ᠵᠠᠰᠠᠬ ᠤᠨ ᠤᠷᠳᠤᠨ ᠤ ᠪᠠᠶᠢᠭᠤᠯᠤᠯᠳᠠ ᠶᠢ ᠠᠬᠢᠭᠤᠯᠵᠤ᠂ ᠢᠷᠬᠡᠨ ᠤ ᠬᠠᠤᠯᠢ ᠶᠢᠨ ᠪᠢᠴᠢᠭ ᠢ ᠵᠠᠰᠠᠬ ᠵᠠᠬᠢᠷᠭᠠᠨ ᠤ ᠰᠢᠢᠳᠪᠤᠷᠢᠳᠤ ᠪᠤᠳᠤᠯᠭ᠎ᠠ᠂ ᠵᠠᠰᠠᠬ ᠵᠠᠬᠢᠷᠭᠠᠨ ᠤ ᠬᠠᠮᠢᠶᠠᠷᠤᠯᠳᠠ᠂ ᠵᠠᠰᠠᠬ ᠵᠠᠬᠢᠷᠭᠠᠨ ᠤ ᠬᠢᠨᠠᠯᠳᠠ ᠶᠢᠨ ᠴᠢᠬᠤᠯᠠ ᠭᠡᠮᠵᠢᠬᠦᠷ ᠪᠤᠯᠭᠠᠬᠤ ᠭᠡᠷᠡᠭᠳᠠᠢ᠃ ᠡᠯ᠎ᠠ ᠱᠠᠳᠤᠨ ᠤ ᠬᠠᠤᠯᠢ ᠴᠠᠭᠠᠵᠠ ᠶᠢᠨ ᠪᠠᠶᠢᠭᠤᠯᠭ᠎ᠠ ᠶᠢᠨ ᠬᠢᠨ ᠲᠦᠪ ᠭᠤᠤᠯᠴᠢ ᠪᠠᠷ ᠬᠠᠤᠯᠢ ᠪᠠᠷᠢᠬᠤ ᠶᠢ ᠪᠠᠷᠢᠮᠳᠠᠯᠠᠵᠤ᠂ ᠢᠷᠬᠡᠨ ᠤ ᠭᠡᠷᠡᠭ ᠢ ᠰᠢᠬᠦᠨ ᠲᠠᠰᠤᠯᠬᠤ ᠲᠦᠪᠰᠢᠨ ᠪᠤᠯᠤᠨ ᠦᠷ᠎ᠠ ᠠᠰᠢᠬ ᠢ ᠲᠡᠭᠡᠭᠰᠢᠯᠡᠬᠦᠯᠬᠦ ᠭᠡᠷᠡᠭᠳᠠᠢ᠃ ᠬᠠᠤᠯᠢᠴᠢ ᠶᠢᠨ ᠭᠡᠷᠡᠭ ᠡᠷᠬᠢᠯᠡᠬᠦ ᠭᠠᠵᠠᠷ ᠪᠤᠯᠤᠨ ᠬᠠᠤᠯᠢᠴᠢ ᠵᠡᠷᠬᠡ ᠬᠠᠤᠯᠢ ᠴᠠᠭᠠᠵᠠ ᠶᠢᠨ ᠲᠤᠰᠬᠠᠢ ᠮᠡᠷᠬᠡᠵᠢᠯ ᠤᠨ ᠪᠠᠶᠢᠭᠤᠯᠤᠮᠵᠢ᠂ ᠲᠤᠰᠬᠠᠢ ᠮᠡᠷᠭᠡᠵᠢᠯ ᠤᠨ ᠠᠵᠢᠯᠳᠠᠨ ᠤ ᠤᠢᠢᠯᠡᠳᠤᠯ ᠢ ᠬᠦᠢᠴᠡᠳ ᠪᠠᠳᠠᠷᠠᠭᠤᠯᠤᠨ᠂ ᠠᠷᠠᠳ ᠤᠨ ᠡᠶᠡᠳᠡᠬᠦᠯᠬᠡ᠂ ᠬᠤᠳᠠᠯᠳᠤᠭᠠᠨ ᠤ ᠶᠠᠪᠤᠳᠠᠯ ᠢ ᠬᠦᠨᠳᠠᠯᠠᠨ ᠠᠴᠠ ᠲᠠᠰᠤᠯᠬᠤ ᠵᠡᠷᠬᠡ ᠵᠢᠭᠤᠷᠠᠭᠠᠨ ᠢ ᠰᠢᠢᠳᠪᠤᠷᠢᠯᠡᠬᠦ ᠤᠯᠠᠨ ᠡᠰᠢᠴᠢᠯᠡᠭᠰᠡᠨ ᠲᠤᠭᠳᠠᠴᠠ ᠶᠢᠨ ᠤᠢᠢᠯᠡᠳᠤᠯ ᠢ ᠪᠠᠳᠠᠷᠠᠭᠤᠯᠵᠤ᠂ ᠢᠷᠬᠡᠨ ᠤ ᠬᠠᠤᠯᠢ ᠶᠢᠨ ᠪᠢᠴᠢᠭ ᠢ ᠭᠡᠷᠡᠭᠵᠢᠬᠦᠯᠬᠦ ᠠᠵᠢᠯ ᠢ ᠤᠯᠠᠨ ᠲᠠᠯ᠎ᠠ ᠪᠠᠷ ᠠᠬᠢᠭᠤᠯᠬᠤ ᠭᠡᠷᠡᠭᠳᠠᠢ ᠬᠡᠵᠤ ᠵᠢᠭᠠᠵᠤ ᠭᠠᠷᠭᠠᠪᠠ᠃    ᠵᠤᠬᠢᠶᠠᠯ ᠳᠤ᠂ ᠢᠷᠬᠡᠨ ᠤ ᠬᠠᠤᠯᠢ ᠶᠢᠨ ᠪᠢᠴᠢᠭ ᠤᠨ ᠬᠠᠤᠯᠢ ᠲᠦᠬᠡᠮᠡᠯᠵᠢᠬᠦᠯᠬᠦ ᠠᠵᠢᠯ ᠢ ᠴᠢᠩᠭᠠᠳᠬᠠᠬᠤ ᠭᠡᠷᠡᠭᠳᠠᠢ᠃ ᠢᠷᠬᠡᠨ ᠤ ᠬᠠᠤᠯᠢ ᠶᠢᠨ ᠪᠢᠴᠢᠭ ᠤᠨ ᠬᠠᠤᠯᠢ ᠲᠦᠬᠡᠮᠡᠯᠵᠢᠬᠦᠯᠬᠦ ᠠᠵᠢᠯ ᠢ ᠦᠷᠬᠡᠨ ᠲᠠᠯᠬᠡᠷ ᠦᠷᠨᠢᠬᠦᠯᠵᠤ ᠂ ᠲᠡᠬᠦᠨ ᠢ ︽ᠠᠷᠪᠠᠨ ᠲᠦᠷᠪᠡᠳᠤᠭᠡᠷ ᠲᠠᠪᠤᠨ ᠵᠢᠯ︾ ᠤᠨ ᠲᠦᠯᠤᠪᠵᠢᠬᠦᠯᠬᠡ ᠶᠢᠨ ᠬᠤᠭᠤᠴᠠᠭᠠᠨ ᠤ ᠬᠠᠤᠯᠢ ᠲᠦᠬᠡᠮᠡᠯᠵᠢᠬᠦᠯᠬᠦ ᠠᠵᠢᠯ ᠤᠨ ᠭᠤᠤᠯᠳᠠᠯᠭ᠎ᠠ ᠪᠤᠯᠭᠠᠨ ᠠᠳᠬᠤᠬᠤ ᠭᠡᠷᠡᠭᠳᠠᠢ᠃ ᠢᠷᠬᠡᠨ ᠤ ᠬᠠᠤᠯᠢ ᠶᠢᠨ ᠪᠢᠴᠢᠭ ᠢ ᠤᠯᠤᠰ ᠠᠷᠠᠳ ᠤᠨ ᠰᠤᠷᠭᠠᠨ ᠬᠦᠮᠤᠵᠢᠯ ᠤᠨ ᠰᠢᠰᠲ᠋ᠧᠮ ᠳᠤ ᠤᠷᠤᠭᠤᠯᠵᠤ᠂ ᠵᠠᠯᠠᠭᠤᠴᠤᠳ ᠪᠠᠭᠠᠴᠤᠳ ᠲᠤ ᠢᠷᠬᠡᠨ ᠤ ᠬᠠᠤᠯᠢ ᠶᠢᠨ ᠪᠢᠴᠢᠭ ᠤᠨ ᠬᠦᠮᠤᠵᠢᠯ ᠬᠢᠬᠦ ᠭᠡᠷᠡᠭᠳᠠᠢ᠃ ᠢᠷᠬᠡᠨ ᠤ ᠬᠠᠤᠯᠢ ᠶᠢᠨ ᠪᠢᠴᠢᠭ ᠤᠨ ᠶᠠᠷᠤᠩᠬᠡᠢ ᠲᠦᠷᠢᠮ ᠤᠨ ᠪᠤᠳᠢ ᠪᠤᠯᠤᠨ ᠡᠯ᠎ᠠ ᠬᠤᠪᠢᠶᠠᠷᠢ ᠪᠤᠳᠢ ᠶᠢᠨ ᠡᠵᠡᠮᠰᠢᠬᠦ ᠴᠢᠬᠤᠯᠠᠳᠠᠢ ᠭᠤᠤᠯ ᠠᠭᠤᠯᠭ᠎ᠠ ᠪᠤᠯᠤᠨ ᠭᠤᠤᠯᠳᠠᠯᠭ᠎ᠠ ᠲᠠᠢ ᠠᠰᠠᠭᠤᠳᠠᠯ ᠳᠤ ᠠᠩᠬᠠᠷᠤᠯ ᠢᠶᠠᠨ ᠲᠦᠪᠯᠡᠷᠡᠬᠦᠯᠵᠤ᠂ ᠢᠷᠬᠡᠨ ᠤ ᠬᠠᠤᠯᠢ ᠶᠢᠨ ᠪᠢᠴᠢᠭ ᠤᠨ ᠦᠨᠳᠤᠰᠤᠨ ᠵᠠᠷᠴᠢᠮ᠂ ᠦᠨᠳᠤᠰᠤᠨ ᠱᠠᠭᠠᠷᠳᠠᠯᠭ᠎ᠠ ᠪᠤᠯᠤᠨ ᠠᠯᠢ ᠤᠯᠠᠨ ᠰᠢᠨ᠎ᠠ ᠲᠤᠭᠳᠠᠭᠠᠯ ᠰᠢᠨ᠎ᠠ ᠤᠢᠢᠯᠠᠭᠠᠭᠳᠠᠬᠤᠨ ᠰᠢᠨ᠎ᠠ ᠵᠤᠷᠢᠬ ᠰᠠᠨᠠᠭ᠎ᠠ ᠶᠢ ᠰᠠᠶᠢᠳᠤᠷ ᠳᠤᠳᠤᠷᠬᠠᠢᠢᠯᠠᠨ ᠲᠠᠶᠢᠯᠪᠤᠷᠢᠯᠠᠬᠤ ᠭᠡᠷᠡᠭᠳᠠᠢ ᠬᠡᠵᠤ ᠵᠢᠭᠠᠵᠤ ᠭᠠᠷᠭᠠᠪᠠ᠃    ᠵᠤᠬᠢᠶᠠᠯ ᠳᠤ᠂ ᠮᠠᠨ ᠤ ᠤᠯᠤᠰ ᠤᠨ ᠢᠷᠬᠡᠨ ᠤ ᠬᠠᠤᠯᠢ ᠲᠦᠷᠢᠮ ᠤᠨ ᠤᠨᠤᠯ ᠤᠨ ᠰᠤᠳᠤᠯᠭᠠᠨ ᠢ ᠴᠢᠩᠭᠠᠳᠬᠠᠵᠤ᠂ ᠢᠷᠬᠡᠨ ᠤ ᠬᠠᠤᠯᠢ ᠶᠢᠨ ᠪᠢᠴᠢᠭ ᠢ ᠪᠦᠳᠤᠮᠵᠢᠳᠠᠢ ᠭᠡᠷᠡᠭᠵᠢᠬᠦᠯᠬᠦ ᠪᠠ ᠮᠠᠨ ᠤ ᠤᠯᠤᠰ ᠤᠨ ᠢᠷᠬᠡᠨ ᠤ ᠬᠠᠤᠯᠢ ᠲᠦᠷᠢᠮ ᠢ ᠬᠦᠭᠵᠢᠬᠦᠯᠬᠦ ᠳᠤ ᠤᠨᠤᠯ ᠤᠨ ᠲᠤᠯᠭᠠᠭᠤᠷᠢᠯᠠᠯ ᠬᠠᠩᠭᠠᠬᠤ ᠭᠡᠷᠡᠭᠳᠠᠢ᠃ ᠡᠯ᠎ᠠ ᠱᠠᠳᠤᠨ ᠤ ᠨᠠᠮ ᠪᠤᠯᠤᠨ ᠲᠦᠷᠤ ᠶᠢᠨ ᠪᠠᠶᠢᠭᠤᠯᠭ᠎ᠠ ᠶᠢᠨ ᠬᠢᠨ ᠢᠷᠬᠡᠨ ᠤ ᠬᠠᠤᠯᠢ ᠶᠢᠨ ᠪᠢᠴᠢᠭ ᠤᠨ ᠭᠡᠷᠡᠭᠵᠢᠬᠦᠯᠤᠯᠳᠠ ᠶᠢ ᠲᠦᠷᠦᠬᠦᠯᠡᠨ ᠤᠬᠠᠭᠤᠯᠵᠤ᠂ ᠠᠬᠢᠭᠤᠯᠵᠤ᠂ ᠪᠠᠳᠤᠯᠠᠬᠤ ᠬᠡᠷᠡᠭᠳᠠᠢ᠂ ᠪᠠᠶᠢᠴᠠᠭᠠᠯᠳᠠ ᠬᠢᠵᠤ ᠬᠢᠨᠠᠯᠳᠠ ᠲᠠᠯᠪᠢᠬᠤ ᠪᠠᠨ ᠴᠢᠩᠭᠠᠳᠬᠠᠨ᠂ ᠢᠷᠬᠡᠨ ᠤ ᠬᠠᠤᠯᠢ ᠶᠢᠨ ᠪᠢᠴᠢᠭ ᠢ ᠪᠦᠬᠦ ᠲᠠᠯ᠎ᠠ ᠪᠠᠷ ᠪᠦᠳᠤᠮᠵᠢᠳᠠᠢ ᠭᠡᠷᠡᠭᠵᠢᠬᠦᠯᠬᠦ ᠶᠢ ᠪᠠᠳᠤᠯᠠᠬᠤ ᠭᠡᠷᠡᠭᠳᠠᠢ᠃ ᠡᠯ᠎ᠠ ᠱᠠᠳᠤᠨ ᠤ ᠤᠳᠤᠷᠢᠳᠬᠤ ᠺᠠᠳ᠋ᠷᠴᠤᠳ ᠢᠷᠬᠡᠨ ᠤ ᠬᠠᠤᠯᠢ ᠶᠢᠨ ᠪᠢᠴᠢᠭ ᠢ ᠰᠤᠷᠤᠯᠴᠠᠬᠤ᠂ ᠵᠢᠷᠤᠮᠯᠠᠬᠤ᠂ ᠬᠠᠮᠠᠭᠠᠯᠠᠬᠤ ᠦᠯᠢᠬᠡᠷ ᠲᠠᠭᠤᠷᠢᠶᠠᠯ ᠪᠤᠯᠵᠤ᠂ ᠢᠷᠬᠡᠨ ᠤ ᠬᠠᠤᠯᠢ ᠶᠢᠨ ᠪᠢᠴᠢᠭ ᠢᠶᠠᠷ ᠠᠷᠠᠳ ᠲᠦᠡᠮᠨ ᠤ ᠡᠷᠬᠡ ᠠᠰᠢᠬ ᠢ ᠬᠠᠮᠠᠭᠠᠯᠠᠬᠤ᠂ ᠵᠦᠷᠢᠴᠠᠯ ᠵᠢᠭᠤᠷᠠᠭᠠᠨ ᠢ ᠰᠢᠢᠳᠪᠤᠷᠢᠯᠡᠬᠦ᠂ ᠨᠡᠶᠢᠬᠡᠮ ᠤᠨ ᠡᠶ᠎ᠡ ᠵᠤᠬᠢᠴᠠᠩᠭᠤᠢ ᠲᠤᠭᠳᠠᠭᠤᠨ ᠪᠠᠶᠢᠳᠠᠯ ᠢ ᠠᠬᠢᠭᠤᠯᠬᠤ ᠴᠢᠳᠠᠪᠤᠷᠢ ᠪᠠ ᠲᠦᠪᠰᠢᠨ ᠢᠶᠠᠨ ᠲᠡᠭᠡᠭᠰᠢᠯᠡᠬᠦᠯᠬᠦ ᠭᠡᠷᠡᠭᠳᠠᠢ ᠬᠡᠵᠤ ᠴᠢᠬᠤᠯᠠᠴᠢᠯᠠᠪᠠ᠃
 
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号