| ᠲᠦᠪ ᠤᠨ ᠴᠡᠷᠢᠭ ᠤᠨ ᠶᠠᠪᠤᠲᠠᠯ ᠤᠨ ᠬᠤᠷᠢᠶᠠᠠ ᠤ ᠵᠦᠪᠰᠢᠶᠡᠷᠡᠯ ᠢᠶᠠᠷ᠂ ᠪᠦᠬᠦ ᠴᠡᠷᠢᠭ ᠤᠨ ᠪᠠᠶᠢᠯᠲᠤᠬᠤ | ᠪᠤᠲᠤᠯᠭ᠎ᠠ ᠶᠢᠨ ᠬᠠᠮᠢᠶᠠᠷᠤᠯᠲᠠ ᠶᠢᠨ ᠲᠦᠪᠯᠡᠷᠡᠩᠭᠦᠢ ᠪᠤᠯᠪᠠᠰᠤᠷᠠᠯ ᠤᠢᠢᠷ᠎ᠠ ᠳᠤ ᠲᠧᠯᠸᠢᠰ ᠬᠤᠷᠠᠯ ᠤᠨ ᠰᠢᠰᠲ᠋ᠧᠮ ᠢᠶᠠᠷ | ᠲᠠᠮᠵᠢᠨ ᠶᠠᠪᠤᠭᠲᠠᠵᠠᠢ᠃ ᠨᠠᠮ ᠤᠨ ᠲᠦᠪ ᠬᠤᠷᠢᠶᠠᠠ ᠤ ᠶᠡᠷᠦᠩᠭᠡᠢ ᠱᠦᠵᠢ᠂ ᠤᠯᠤᠰ ᠤᠨ ᠲᠡᠷᠢᠭᠦᠯᠡᠭᠴᠢ᠂ | ᠲᠦᠪ ᠤᠨ ᠴᠡᠷᠢᠭ ᠤᠨ ᠶᠠᠪᠤᠲᠠᠯ ᠤᠨ ᠬᠤᠷᠢᠶᠠᠠ ᠤ ᠲᠡᠷᠢᠭᠦᠯᠡᠭᠴᠢ ᠰᠢ ᠶᠢᠨ ᠫᠢᠩ ᠴᠢᠬᠤᠯᠠ ᠵᠢᠭᠠᠪᠤᠷᠢ ᠦᠭᠴᠤ᠂ | ᠪᠦᠬᠦ ᠴᠡᠷᠢᠭ ᠤᠨ ᠪᠠᠶᠢᠯᠲᠤᠬᠤ ᠪᠤᠲᠤᠯᠭ᠎ᠠ ᠶᠢᠨ ᠬᠠᠮᠢᠶᠠᠷᠤᠯᠲᠠ ᠶᠢᠨ ᠲᠦᠪᠯᠡᠷᠡᠩᠭᠦᠢ ᠪᠤᠯᠪᠠᠰᠤᠷᠠᠯ ᠢ ᠬᠢᠬᠦ ᠨᠢ ᠮᠠᠰᠢ | ᠠᠴᠢ ᠬᠤᠯᠪᠤᠭᠲᠠᠯ ᠲᠠᠢ ᠶᠤᠮ᠂ ᠨᠢᠮᠪᠠᠢ ᠰᠠᠶᠢᠲᠤᠷ ᠵᠤᠬᠢᠶᠠᠠ ᠪᠠᠶᠢᠭᠤᠯᠬᠤ ᠭᠡᠷᠡᠭᠲᠡᠢ᠃ ᠬᠠᠷᠠᠯᠲᠠ ᠪᠠᠷ | ᠤᠲᠤᠷᠢᠲᠤᠮᠵᠢ ᠪᠤᠯᠭᠠᠬᠤ᠂ ᠠᠰᠠᠭᠤᠲᠠᠯ ᠢᠶᠠᠷ ᠤᠲᠤᠷᠢᠲᠤᠮᠵᠢ ᠪᠤᠯᠭᠠᠬᠤ᠂ ᠦᠷ᠎ᠠ ᠳ᠋ᠦᠩ ᠢᠶᠠᠷ ᠤᠲᠤᠷᠢᠲᠤᠮᠵᠢ | ᠪᠤᠯᠭᠠᠬᠤ ᠶᠢ ᠪᠠᠷᠢᠮᠲᠠᠯᠠᠵᠦ᠂ ᠬᠠᠮᠢᠶᠠᠷᠤᠯᠲᠠ ᠶᠢᠨ ᠤᠢᠢᠯᠠᠭᠠᠭᠲᠠᠬᠤᠨ ᠢᠶᠠᠨ ᠴᠢᠷᠮᠠᠶᠢᠨ ᠰᠢᠨᠡᠴᠢᠯᠡᠵᠦ ᠪᠠᠶᠢᠯᠲᠤᠬᠤ | ᠪᠤᠲᠤᠯᠭ᠎ᠠ ᠶᠢᠨ ᠬᠡᠪ ᠪᠤᠯᠪᠠᠰᠤᠷᠠᠯ ᠢᠶᠠᠨ ᠲᠡᠭᠡᠭᠰᠢᠯᠡᠭᠦᠯᠦᠨ᠂ ᠪᠠᠶᠢᠯᠲᠤᠬᠤ ᠪᠤᠲᠤᠯᠭ᠎ᠠ ᠶᠢᠨ ᠬᠠᠮᠢᠶᠠᠷᠤᠯᠲᠠ ᠶᠢᠨ | ᠲᠦᠷᠢᠮ ᠲᠤᠭᠲᠠᠴᠠ ᠶᠢ ᠴᠢᠷᠮᠠᠶᠢᠨ ᠪᠦᠷᠢᠠᠰᠢᠭᠦᠯᠤᠨ ᠲᠡᠭᠦᠯᠲᠡᠷᠵᠢᠭᠦᠯᠵᠦ᠂ ᠮᠠᠠ ᠤ ᠴᠡᠷᠢᠭ ᠤᠨ ︽ᠠᠷᠪᠠᠠ | ᠭᠤᠷᠪᠠᠲᠤᠭᠠᠷ ᠲᠠᠪᠤᠠ ᠵᠢᠯ︾ ᠤᠨ ᠲᠦᠯᠦᠪᠵᠢᠭᠦᠯᠭᠡ ᠶᠢ ᠨᠠᠶᠢᠲᠠᠪᠤᠷᠢᠵᠢᠭᠤᠯᠬᠤ ᠪᠠ ︽ᠠᠷᠪᠠᠠ ᠲᠦᠷᠪᠡᠲᠦᠭᠡᠷ | ᠲᠠᠪᠤᠠ ᠵᠢᠯ︾ ᠤᠨ ᠲᠦᠯᠦᠪᠵᠢᠭᠦᠯᠭᠡ ᠶᠢ ᠨᠠᠶᠢᠷᠠᠭᠤᠯᠤᠨ ᠵᠤᠬᠢᠶᠠᠬᠤ ᠠᠵᠢᠯ ᠢ ᠴᠢᠷᠮᠠᠶᠢᠨ ᠠᠬᠢᠭᠤᠯᠬᠤ ᠭᠡᠷᠡᠭᠲᠡᠢ᠃ | ᠴᠡᠷᠢᠭ ᠤᠨ ᠶᠠᠪᠤᠲᠠᠯ ᠤᠨ ᠬᠤᠷᠢᠶᠠᠠ ᠤ ᠪᠠᠶᠢᠭᠤᠯᠭ᠎ᠠ ᠶᠢᠨ ᠡᠯ᠎ᠠ ᠰᠠᠯᠠᠭ᠎ᠠ ᠮᠦᠴᠢᠷ᠂ ᠡᠯ᠎ᠠ ᠲᠤᠮᠤ ᠨᠢᠭᠡᠴᠢ ᠶᠢᠨ ᠬᠢᠨ | ᠲᠦᠪᠯᠡᠷᠡᠩᠭᠦᠢ ᠪᠤᠯᠪᠠᠰᠤᠷᠠᠯ ᠤᠨ ᠦᠷ᠎ᠡ ᠪᠦᠳᠦᠭᠡᠯ ᠢ ᠰᠤᠷᠤᠯᠴᠠᠠ ᠠᠰᠢᠬᠯᠠᠬᠤ ᠠᠵᠢᠯ ᠢ ᠰᠠᠶᠢᠲᠤᠷ ᠬᠢᠵᠦ᠂ | ᠪᠠᠶᠢᠯᠲᠤᠬᠤ ᠪᠤᠲᠤᠯᠭ᠎ᠠ ᠶᠢᠨ ᠬᠠᠮᠢᠶᠠᠷᠤᠯᠲᠠ ᠶᠢᠨ ᠲᠦᠪᠰᠢᠨ ᠢᠶᠠᠨ ᠴᠢᠷᠮᠠᠶᠢᠨ ᠲᠡᠭᠡᠭᠰᠢᠯᠡᠭᠦᠯᠵᠦ᠂ ᠮᠠᠠ ᠤ ᠴᠡᠷᠢᠭ ᠤᠨ | ᠪᠠᠶᠢᠭᠤᠯᠤᠯᠲᠠ ᠶᠢᠨ ᠴᠢᠨᠠᠷ ᠰᠠᠶᠢᠲᠠᠢ ᠬᠦᠭᠵᠢᠯᠳᠡ ᠶᠢ ᠲᠠᠰᠤᠷᠠᠯᠲᠠ ᠦᠭᠡᠢ ᠠᠬᠢᠭᠤᠯᠬᠤ ᠭᠡᠷᠡᠭᠲᠡᠢ ᠭᠡᠵᠦ | ᠴᠢᠬᠤᠯᠠᠴᠢᠯᠠᠪᠠ᠃ | ᠨᠠᠮ ᠤᠨ ᠲᠦᠪ ᠬᠤᠷᠢᠶᠠᠠ ᠤ ᠤᠯᠤᠰ ᠲᠦᠷᠦ ᠶᠢᠨ ᠲᠤᠪᠴᠢᠶᠠᠠ ᠤ ᠭᠡᠰᠢᠭᠦᠨ᠂ ᠲᠦᠪ ᠤᠨ ᠴᠡᠷᠢᠭ ᠤᠨ | ᠶᠠᠪᠤᠲᠠᠯ ᠤᠨ ᠬᠤᠷᠢᠶᠠᠠ ᠤ ᠲᠡᠳ᠋ ᠲᠡᠷᠢᠭᠦᠯᠡᠭᠴᠢ ᠰᠢᠤᠢ ᠴᠢ ᠯᠢᠶᠠᠩ᠂ ᠵᠠᠩ ᠶᠢᠤ ᠰᠢᠶᠠ᠂ ᠲᠦᠪ ᠤᠨ ᠴᠡᠷᠢᠭ ᠤᠨ | ᠶᠠᠪᠤᠲᠠᠯ ᠤᠨ ᠬᠤᠷᠢᠶᠠᠠ ᠤ ᠭᠡᠰᠢᠭᠦᠨ ᠸᠧᠢ ᠹᠧᠩ ᠡᡁᠧ᠂ ᠯᠢ ᠽᠦᠸᠧ ᠴᠧᠩ᠂ ᠮᠢᠶᠤᠤ ᠬᠤᠸᠠ᠂ ᠵᠠᠩ ᠱᠧᠩ | ᠮᠢᠨ ᠲᠦᠪᠯᠡᠷᠡᠩᠭᠦᠢ ᠪᠤᠯᠪᠠᠰᠤᠷᠠᠯ ᠤᠨ ᠠᠵᠢᠯᠯᠠᠭ᠎ᠠ ᠳᠤ ᠤᠷᠤᠯᠴᠠᠵᠠᠢ᠃ ᠴᠡᠷᠢᠭ ᠤᠨ ᠶᠠᠪᠤᠲᠠᠯ ᠤᠨ ᠬᠤᠷᠢᠶᠠᠠ ᠤ | ᠪᠠᠶᠢᠭᠤᠯᠭ᠎ᠠ ᠶᠢᠨ ᠡᠯ᠎ᠠ ᠰᠠᠯᠠᠭ᠎ᠠ ᠮᠦᠴᠢᠷ᠂ ᠡᠯ᠎ᠠ ᠲᠤᠮᠤ ᠨᠢᠭᠡᠴᠢ ᠶᠢᠨ ᠬᠤᠯᠪᠤᠭᠲᠠᠯ ᠪᠦᠬᠦᠢ ᠤᠲᠤᠷᠢᠲᠤᠯᠭ᠎ᠠ ᠲᠤᠰ | ᠲᠤᠰ ᠭᠤᠤᠯ ᠬᠤᠷᠠᠯ ᠤᠨ ᠲᠠᠯᠠᠪᠠᠢ ᠪᠠ ᠬᠤᠪᠢᠶᠠᠷᠢ ᠬᠤᠷᠠᠯ ᠤᠨ ᠲᠠᠯᠠᠪᠠᠢ ᠳᠤ ᠪᠤᠯᠪᠠᠰᠤᠷᠠᠯ ᠳᠤ ᠤᠷᠤᠯᠴᠠᠭᠰᠠᠠ | ᠪᠠᠶᠢᠨ᠎ᠠ᠃ | |