ᠲᠦᠷᠦ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠺᠧ ᠴᠢᠶᠠᠩ 6 ᠰᠠᠷ᠎ᠠ ᠶᠢᠨ 9 ᠤ ᠡᠳᠦᠷ | ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠰᠢᠨ᠎ᠠ ᠪᠠᠷ | ᠨᠡᠮᠡᠭᠳᠡᠭᠰᠡᠨ ᠡᠳ᠋ ᠤᠨ ᠵᠠᠰᠠᠭ ᠤᠨ ᠪᠡᠯᠡ ᠮᠦᠩᠬᠦ ᠪᠠᠷ ᠠᠵᠤ ᠠᠬᠤᠢᠢᠯᠠᠯ ᠠᠷᠠᠳ ᠲᠦᠮᠡᠨ ᠳᠤ ᠰᠢᠭᠤᠳ ᠠᠰᠢᠭ | ᠬᠦᠷᠳᠡᠭᠡᠬᠦ ᠤᠨᠴᠠᠭᠠᠢ ᠰᠢᠯᠵᠢᠭᠦᠯᠦᠨ ᠦᠭᠬᠦ ᠲᠤᠭᠳᠠᠴᠠ ᠶᠢ ᠲᠤᠭᠳᠠᠭᠠᠪᠠ︔ ᠪᠤᠷᠤᠯᠠᠭᠤᠯᠭ᠎ᠠ ᠰᠠᠶᠢᠳᠠᠢ ᠭᠠᠳᠠᠭᠠᠳᠤ | ᠭᠠᠷᠭᠠᠯᠳᠠ ᠶᠢᠨ ᠦᠢᠯᠡᠳᠭᠦᠨ ᠤ ᠤᠯᠤᠰ ᠤᠨ ᠳᠤᠳᠤᠭᠠᠳᠤ ᠶᠢᠨ ᠵᠠᠬ᠎ᠠ ᠳᠡᠯᠭᠡᠭᠦᠷ ᠢ ᠦᠷᠭᠡᠳᠭᠡᠬᠦ ᠳᠤ ᠳᠡᠮᠵᠢᠯᠭᠡ | ᠦᠭᠴᠤ ᠭᠠᠳᠠᠭᠠᠳᠤ ᠠᠷᠠᠯᠵᠢᠶᠠᠨ ᠤ ᠠᠵᠤ ᠠᠬᠤᠢᠢᠯᠠᠯ ᠢ ᠬᠠᠪᠰᠤᠷᠤᠨ ᠬᠦᠴᠢᠷᠳᠡᠯ ᠢ ᠨᠢ ᠰᠢᠢᠳᠪᠦᠷᠢᠯᠡᠬᠦ ᠶᠢ | ᠪᠠᠶᠢᠷᠢᠯᠠᠭᠤᠯᠵᠠᠢ᠃ | ᠬᠤᠷᠠᠯ ᠠᠴᠠ᠂ ᠨᠠᠮ ᠤᠨ ᠲᠦᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠷᠢᠯᠠᠭᠤᠯᠤᠯᠳᠠ | ᠶᠤᠰᠤᠭᠠᠷ᠂ ︽ᠵᠢᠷᠭᠤᠭ᠎ᠠ ᠶᠢ ᠲᠤᠭᠳᠠᠪᠤᠷᠢᠵᠢᠭᠤᠯᠬᠤ︾ ᠠᠵᠢᠯ ᠢ ᠰᠠᠶᠢᠳᠤᠷ ᠬᠢᠵᠤ᠂ ︽ᠵᠢᠷᠭᠤᠭ᠎ᠠ ᠶᠢ ᠪᠠᠳᠤᠯᠠᠬᠤ︾ | ᠡᠭᠦᠷᠭᠡ ᠶᠢ ᠨᠠᠶᠢᠳᠠᠪᠤᠷᠢᠵᠢᠭᠤᠯᠬᠤ ᠪᠤᠯ ᠡᠨᠡ ᠵᠢᠯ ᠤᠨ ᠵᠠᠰᠠᠭ ᠤᠨ ᠤᠷᠳᠤᠨ ᠤ ᠴᠢᠬᠤᠯᠠ ᠠᠵᠢᠯ ᠮᠦᠨ᠂ | ᠠᠯᠭᠤᠷᠯᠠᠵᠤ ᠪᠤᠯᠬᠤ ᠦᠭᠡᠢ ᠲᠤᠯᠭᠠᠮ ᠠᠵᠢᠯ ᠮᠦᠨ᠃ ᠠᠵᠢᠯ ᠤᠯᠭᠤᠯᠳᠠ ᠶᠢ ᠪᠠᠳᠤᠯᠠᠬᠤ ᠠᠷᠠᠳ ᠤᠨ | ᠠᠮᠢᠳᠤᠷᠠᠯ ᠢ ᠪᠠᠳᠤᠯᠠᠬᠤ ᠵᠠᠬ᠎ᠠ ᠳᠡᠯᠭᠡᠭᠦᠷ ᠢ ᠪᠠᠳᠤᠯᠠᠬᠤ ᠳᠤ ᠭᠤᠤᠯᠳᠠᠭᠤ ᠬᠤᠳᠠ ᠰᠢᠶᠠᠨ ᠳᠤ ᠲᠦᠰᠢᠭᠯᠡᠨ | ᠨᠠᠶᠢᠳᠠᠪᠤᠷᠢᠵᠢᠭᠤᠯᠬᠤ ᠬᠡᠷᠡᠭᠳᠠᠢ᠃ ᠡᠨᠡ ᠵᠢᠯ ᠤᠯᠤᠰ ᠠᠴᠠ ᠰᠢᠨ᠎ᠠ ᠪᠠᠷ 2.5 ᠲᠦᠮᠡᠨ ᠳ᠋ᠦᠩᠰᠢᠭᠤᠷ | ᠲᠦᠭᠦᠷᠢᠭ ᠤᠨ ᠭᠠᠶᠢᠯᠢ ᠶᠢ ᠪᠠᠭᠠᠰᠬᠠᠵᠤ ᠰᠦᠢᠳᠭᠡᠯ ᠢ ᠪᠠᠭᠤᠷᠠᠭᠤᠯᠬᠤ ᠪᠠᠷ ᠳᠤᠭᠳᠠᠵᠤ᠂ ᠶᠡᠬᠡᠩᠬᠢ ᠶᠢ ᠨᠢ ᠳᠤᠤᠷ᠎ᠠ | ᠬᠠᠭᠠᠰ ᠵᠢᠯ ᠳᠤ ᠪᠡᠶᠡᠯᠡᠭᠦᠯᠬᠦ ᠪᠠᠷ ᠪᠤᠢ᠂ ᠤᠯᠠᠩᠬᠢ ᠭᠠᠵᠠᠷ ᠤᠷᠤᠨ ᠤ ᠬᠢᠨ ᠪᠠᠰᠠ ᠪᠡᠶ᠎ᠠ ᠪᠠᠨ ᠳᠠᠭᠠᠭᠠᠵᠤ | ᠭᠠᠶᠢᠯᠢ ᠶᠢ ᠪᠠᠭᠠᠰᠬᠠᠵᠤ ᠰᠦᠢᠳᠭᠡᠯ ᠢ ᠪᠠᠭᠤᠷᠠᠭᠤᠯᠵᠤ ᠪᠠᠶᠢᠨ᠎ᠠ᠂ ᠡᠨᠡ ᠨᠢ ᠠᠵᠤ ᠠᠬᠤᠢᠢᠯᠠᠯ ᠤᠨᠴᠠᠭᠠᠢᠢᠯᠠᠨ | ᠳᠤᠮᠳᠠ ᠪᠠᠭ᠎ᠠ ᠵᠢᠵᠢᠭ ᠠᠵᠤ ᠠᠬᠤᠢᠢᠯᠠᠯ ᠤᠨ ᠬᠦᠴᠢᠷᠳᠡᠯ ᠢ ᠰᠢᠢᠳᠪᠤᠷᠢᠯᠡᠵᠦ᠂ ᠬᠦᠴᠢᠷᠳᠡᠯᠳᠠᠢ ᠤᠯᠠᠨ ᠲᠦᠮᠡᠨ ᠤ | ᠪᠠᠴᠢᠮ ᠱᠠᠭᠠᠷᠳᠠᠯᠭ᠎ᠠ ᠶᠢ ᠰᠢᠢᠳᠪᠦᠷᠢᠯᠡᠬᠦ ᠳᠤ ᠶᠡᠭᠡ ᠲᠤᠰᠠ ᠪᠤᠯᠬᠤ ᠪᠤᠯᠪᠠᠴᠤ ᠬᠤᠳᠠ ᠰᠢᠶᠠᠨ ᠤ ᠡᠳ᠋ ᠤᠨ | ᠵᠠᠰᠠᠭ ᠲᠤ ᠶᠡᠭᠡ ᠳᠠᠷᠤᠯᠳᠠ ᠪᠤᠯᠬᠤ ᠨᠢ ᠳᠠᠮᠵᠢᠭ ᠦᠭᠡᠢ᠃ ᠡᠨᠡ ᠬᠦ ᠪᠠᠶᠢᠳᠠᠯ ᠳᠤ ᠴᠢᠭᠯᠡᠭᠦᠯᠦᠨ ᠡᠳ᠋ ᠤᠨ | ᠵᠠᠰᠠᠭ ᠤᠨ ᠤᠯᠠᠭᠠᠨ ᠲᠤᠭ᠎ᠠ ᠪᠠ ᠬᠢᠵᠢᠭ ᠲᠠᠢ ᠲᠡᠮᠡᠴᠡᠬᠦ ᠤᠨᠴᠠᠭᠠᠢ ᠤᠯᠤᠰ ᠤᠨ ᠵᠢᠭᠡᠯᠡᠯᠭᠡ ᠨᠡᠶᠢᠳᠡ 2 ᠲᠦᠮᠡᠨ | ᠳ᠋ᠦᠩᠰᠢᠭᠤᠷ ᠲᠦᠭᠦᠷᠢᠭ ᠤᠨ ᠪᠡᠯᠡ ᠮᠦᠩᠭᠦ ᠶᠢ ᠰᠢᠨ᠎ᠠ ᠪᠠᠷ ᠨᠡᠮᠡᠭᠳᠡᠭᠦᠯᠵᠦ ᠬᠤᠳᠠ ᠰᠢᠶᠠᠨ ᠳᠤ ᠰᠢᠭᠤᠳ | ᠪᠠᠭᠤᠯᠭᠠᠵᠤ᠂ ᠤᠷᠤᠨ ᠨᠤᠲᠤᠭ ᠤᠨ ᠬᠢᠨ ᠤ ᠬᠢᠵᠢᠭ ᠤᠨ ᠳᠠᠭᠠᠷᠢᠯᠳᠠ ᠳᠤ ᠬᠠᠮᠤᠭ ᠶᠡᠭᠡ ᠪᠠᠷ ᠨᠦᠯᠦᠭᠡᠯᠡᠭᠳᠡᠭᠰᠡᠨ | ᠳᠤᠮᠳᠠ ᠪᠠᠭ᠎ᠠ ᠵᠢᠵᠢᠭ ᠠᠵᠤ ᠠᠬᠤᠢᠢᠯᠠᠯ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠪᠠ | ᠬᠦᠴᠢᠷᠳᠡᠯᠳᠠᠢ ᠤᠯᠠᠨ ᠲᠦᠮᠡᠨ ᠢ ᠬᠠᠪᠰᠤᠷᠤᠨ ᠳᠡᠳᠭᠦᠬᠦ ᠠᠷᠭ᠎ᠠ ᠬᠡᠮᠵᠢᠶ᠎ᠠ ᠶᠢ ᠨᠠᠶᠢᠳᠠᠪᠤᠷᠢᠵᠢᠭᠤᠯᠬᠤ᠂ ᠤᠯᠠᠨ | ᠨᠡᠶᠢᠳᠡ ᠶᠢᠨ ᠡᠷᠡᠭᠦᠯ ᠬᠠᠮᠠᠭᠠᠯᠠᠯ ᠵᠡᠷᠭᠡ ᠰᠠᠭᠤᠷᠢ ᠲᠦᠬᠦᠭᠡᠷᠤᠮᠵᠢ ᠶᠢᠨ ᠪᠦᠲᠦᠭᠡᠨ ᠪᠠᠶᠢᠭᠤᠯᠤᠯᠳᠠ ᠶᠢ ᠴᠢᠩᠭᠠᠳᠬᠠᠬᠤ | ᠪᠤᠯᠤᠨ ᠬᠢᠵᠢᠭ ᠲᠠᠢ ᠲᠡᠮᠡᠴᠡᠬᠦ ᠳᠤ ᠬᠠᠮᠢᠶ᠎ᠠ ᠪᠦᠬᠦᠢ ᠵᠠᠷᠤᠯᠭ᠎ᠠ ᠳᠤ ᠬᠡᠷᠡᠭᠯᠡᠬᠦ ᠶᠢ ᠳᠡᠮᠵᠢᠬᠦ ᠪᠤᠯᠤᠨ᠎ᠠ ᠭᠡᠵᠦ ᠵᠢᠭᠠᠵᠤ | ᠭᠠᠷᠭᠠᠵᠠᠢ᠃ ᠬᠤᠷᠠᠯ ᠠᠴᠠ᠂ ᠤᠨᠴᠠᠭᠠᠢ ᠰᠢᠯᠵᠢᠭᠦᠯᠦᠨ ᠦᠭᠬᠦ ᠲᠤᠭᠳᠠᠴᠠ ᠶᠢ ᠪᠠᠶᠢᠭᠤᠯᠵᠤ᠂ ᠰᠢᠨ᠎ᠠ ᠪᠠᠷ | ᠨᠡᠮᠡᠭᠳᠡᠭᠦᠯᠦᠭᠰᠡᠨ ᠡᠳ᠋ ᠤᠨ ᠵᠠᠰᠠᠭ ᠤᠨ ᠪᠡᠯᠡ ᠮᠦᠩᠭᠦ ᠶᠢ ᠲᠦᠪ ᠠᠴᠠ ᠤᠷᠤᠨ ᠨᠤᠲᠤᠭ ᠲᠤ ᠰᠢᠯᠵᠢᠭᠦᠯᠦᠨ | ᠦᠭᠬᠦ ᠶᠢ ᠨᠡᠮᠡᠭᠳᠡᠭᠦᠯᠬᠦ᠂ ᠵᠠᠰᠠᠭ ᠤᠨ ᠤᠷᠳᠤᠨ ᠤ ᠴᠢᠨᠠᠷᠳᠠᠢ ᠰᠠᠭᠤᠷᠢ ᠮᠦᠩᠭᠦ ᠶᠢ ᠰᠢᠯᠵᠢᠭᠦᠯᠦᠨ ᠦᠭᠬᠦ ᠵᠡᠷᠭᠡ | ᠠᠷᠭ᠎ᠠ ᠬᠡᠯᠪᠡᠷᠢ ᠪᠠᠷ ᠳᠠᠮᠵᠢᠵᠤ᠂ ᠴᠠᠭ ᠲᠤᠬᠠᠢ ᠳᠤᠨᠢ ᠪᠦᠬᠦᠨ ᠢ ᠬᠤᠳᠠ ᠰᠢᠶᠠᠨ ᠳᠤ ᠪᠠᠭᠤᠯᠭᠠᠨ᠎ᠠ᠃ ᠲᠦᠪ ᠤᠨ | ᠡᠳ᠋ ᠤᠨ ᠵᠠᠰᠠᠭ ᠠᠴᠠ ᠬᠤᠯᠪᠤᠭᠳᠠᠯ ᠪᠦᠬᠦᠢ ᠰᠠᠯᠠᠭ᠎ᠠ ᠮᠦᠴᠢᠷ ᠲᠠᠢ ᠬᠠᠮᠳᠤᠷᠠᠨ ᠬᠠᠮᠢᠶᠠᠷᠤᠯᠳᠠ ᠶᠢ ᠴᠢᠩᠭᠠᠳᠬᠠᠨ᠎ᠠ᠃ | ᠮᠤᠵᠢ ᠶᠢᠨ ᠱᠠᠳᠤᠨ ᠤ ᠵᠠᠰᠠᠭ ᠤᠨ ᠤᠷᠳᠤᠨ ᠤ ᠬᠢᠨ ︽ᠲᠦᠷ ᠴᠠᠭ ᠤᠨ ᠨᠢᠷᠪᠠ︾ ᠶᠢᠨ ᠡᠭᠦᠷᠭᠡ ᠶᠢ ᠰᠠᠶᠢᠳᠦᠷ | ᠭᠦᠢᠴᠡᠳᠭᠡᠨ᠂ ᠪᠠᠯᠠ ᠮᠦᠩᠬᠦᠨ ᠤ ᠬᠢᠨᠠᠯᠳᠠ ᠬᠠᠮᠢᠶᠠᠷᠤᠯᠳᠠ ᠶᠢ ᠴᠢᠩᠭᠠᠳᠬᠠᠬᠤ ᠶᠢᠨ ᠵᠡᠷᠭᠡ ᠪᠠᠷ ᠳᠤᠰ ᠪᠠᠶ᠎ᠠ ᠶᠢᠨ | ᠡᠳ᠋ ᠤᠨ ᠬᠦᠴᠦᠨ ᠢᠶᠠᠨ ᠦᠨᠳᠦᠰᠦᠨ ᠱᠠᠳᠤᠨ ᠳᠤ ᠨᠡᠩ ᠢᠯᠡᠬᠦᠦ ᠪᠠᠭᠤᠯᠭᠠᠵᠦ᠂ ᠦᠨᠳᠦᠰᠦᠨ ᠱᠠᠳᠤᠨ ᠤ ᠡᠳ᠋ ᠤᠨ | ᠬᠦᠴᠦᠨ ᠤ ᠳᠤᠳᠠᠬᠳᠠᠯ ᠢ ᠨᠦᠬᠦᠪᠦᠷᠢᠯᠡᠵᠦ᠂ ᠳᠦᠪ ᠤᠨ ᠳᠤᠬᠳᠠᠭᠠᠬᠰᠠᠨ ᠠᠵᠢᠯ ᠤᠯᠭᠤᠯᠳᠠ ᠶᠢ ᠪᠠᠳᠤᠯᠠᠬᠤ | ᠠᠷᠠᠳ ᠤᠨ ᠠᠮᠢᠳᠤᠷᠠᠯ ᠢ ᠪᠠᠳᠤᠯᠠᠬᠤ ᠵᠠᠬ᠎ᠠ ᠳᠡᠯᠬᠡᠬᠦᠷ ᠤᠨ ᠭᠤᠤᠯ ᠴᠤᠬᠴᠠ ᠶᠢ ᠪᠠᠳᠤᠯᠠᠬᠤ ᠠᠷᠭ᠎ᠠ ᠬᠡᠮᠵᠢᠶᠠᠨ ᠤ | ᠦᠨᠡᠨ ᠬᠦ ᠪᠤᠳᠠᠳᠠᠢ ᠳᠤ ᠨᠠᠶᠢᠳᠠᠪᠤᠷᠢᠵᠢᠭᠤᠯᠤᠬᠳᠠᠬᠤ ᠶᠢ ᠪᠠᠳᠤᠯᠠᠨ᠎ᠠ᠃ ᠬᠤᠳᠠ ᠰᠢᠶᠠᠨ ᠤ ᠵᠠᠰᠠᠬ ᠤᠨ | ᠤᠷᠳᠤᠨ ᠤ ᠬᠢᠨ ᠪᠡᠯᠡ ᠮᠦᠩᠭᠦᠨ ᠤ ᠬᠡᠷᠡᠭᠯᠡᠭᠡ ᠶᠢᠨ ᠡᠬᠡ ᠳᠠᠩᠰᠠ ᠪᠠᠶᠢᠭᠤᠯᠵᠦ᠂ ᠪᠡᠯᠡ ᠮᠦᠩᠬᠦᠨ ᠤ ᠬᠦᠢᠯᠬᠡᠬᠡᠨ ᠤ | ᠬᠠᠨᠳᠤᠰᠢ ᠲᠤᠳᠤᠷᠬᠠᠢ᠂ ᠳᠠᠩᠰᠠ ᠬᠠᠷ᠎ᠠ ᠶᠢ ᠪᠠᠶᠢᠴᠠᠭᠠᠵᠦ ᠪᠤᠯᠬᠤ ᠶᠢ ᠦᠨᠡᠨ ᠬᠦ ᠪᠠᠳᠤᠯᠠᠬᠤ ᠬᠡᠷᠡᠭᠳᠡᠢ᠃ ᠡᠳ᠋ ᠤᠨ | ᠵᠠᠰᠠᠬ ᠤᠨ ᠶᠠᠮᠤᠨ ᠠᠴᠠ ᠪᠦᠬᠦᠨ ᠢ ᠬᠠᠮᠤᠷᠤᠭᠰᠠᠨ᠂ ᠪᠦᠬᠦ ᠬᠡᠯᠬᠢᠶᠡᠨ ᠤ ᠬᠢᠨᠡᠨ ᠡᠵᠡᠮᠳᠡᠬᠦ ᠰᠢᠰᠲ᠋ᠧᠮ ᠢ ᠵᠡᠷᠭᠡ ᠪᠠᠷ | ᠪᠠᠶᠢᠭᠤᠯᠵᠦ᠂ ᠡᠯ᠎ᠠ ᠱᠠᠳᠤᠨ ᠤ ᠤᠯᠤᠰ ᠤᠨ ᠬᠦᠮᠦᠷᠬᠡ ᠴᠡᠭ ᠬᠠᠷᠭᠤᠭᠤᠯᠤᠨ ᠰᠢᠭᠤᠳ ᠪᠡᠯᠡ ᠮᠦᠩᠬᠦ ᠰᠢᠯᠵᠢᠬᠦᠯᠦᠨ | ᠦᠭᠬᠦ ᠶᠢ ᠱᠠᠯᠠᠪᠳᠠᠭᠤᠯᠵᠦ᠂ ᠳᠠᠩᠰᠠᠨ ᠤ ᠦᠨᠡᠨ ᠪᠤᠳᠠᠳᠠᠢ ᠪᠠᠶᠢᠬᠤ ᠶᠢ ᠦᠨᠡᠨ ᠬᠦ ᠪᠠᠳᠤᠯᠠᠬᠤ ᠬᠡᠷᠡᠭᠳᠡᠢ᠂ ᠬᠢᠨᠠᠨ | ᠪᠤᠳᠤᠬᠤ ᠰᠠᠯᠠᠭ᠎ᠠ ᠮᠦᠴᠢᠷ ᠳᠤᠰᠬᠠᠢ ᠬᠢᠨᠠᠨ ᠪᠤᠳᠤᠯᠳᠠ ᠦᠷᠨᠢᠬᠦᠯᠬᠦ ᠬᠡᠷᠡᠭᠳᠡᠢ᠃ ᠦᠯᠡᠳᠡᠬᠡᠨ ᠠᠪᠴᠦ | ᠰᠢᠯᠵᠢᠬᠦᠯᠦᠨ ᠬᠡᠷᠡᠭᠯᠡᠭᠰᠡᠨ᠂ ᠬᠤᠳᠠᠯ ᠢᠶᠠᠷ ᠮᠡᠳᠡᠬᠦᠯᠵᠦ ᠬᠠᠭᠤᠷᠮᠠᠬᠯᠠᠨ ᠠᠪᠤᠬᠰᠠᠨ ᠪᠠᠶᠢᠪᠡᠯ ᠬᠠᠤᠯᠢ ᠳᠤᠬᠳᠠᠭᠠᠯ | ᠶᠤᠰᠤᠭᠠᠷ ᠳᠦᠪ ᠴᠢᠩᠭ᠎ᠠ ᠪᠠᠷ ᠬᠠᠷᠢᠭᠤᠴᠠᠯᠭ᠎ᠠ ᠨᠡᠬᠡᠮᠵᠢᠯᠡᠵᠦ᠂ ᠡᠷᠡᠰ ᠰᠢᠭᠤᠷᠬᠠᠢ ᠰᠢᠢᠳᠪᠤᠷᠢᠯᠡᠬᠦ ᠬᠡᠷᠡᠭᠳᠡᠢ ᠬᠡᠵᠦ | ᠳᠤᠬᠳᠠᠭᠠᠪᠠ᠃ | ᠬᠤᠷᠠᠯ ᠠᠴᠠ᠂ ᠤᠢᠢᠷ᠎ᠠ ᠶᠢᠨ ᠵᠢᠯ ᠤᠳ ᠲᠤ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠡᠷᠴᠢᠮ | ᠦᠷᠬᠦᠯᠵᠢᠯᠡᠨ ᠴᠢᠩᠭᠠᠷᠠᠭᠠᠳ ᠰᠢᠢᠳᠪᠤᠷᠢᠳᠤ ᠴᠢᠨᠠᠷᠳᠠᠢ ᠠᠮᠵᠢᠯᠳᠡ ᠤᠯᠵᠠᠢ᠃ ᠡᠨᠡ ᠵᠢᠯ ᠶᠠᠳᠠᠭᠤ ᠠᠴᠠ | ᠠᠩᠬᠢᠵᠢᠷᠠᠭᠤᠯᠬᠤ ᠪᠤᠭᠤᠮᠳᠠ ᠰᠢᠪᠳᠤᠯᠬᠤ ᠳᠠᠶᠢᠯᠠᠯᠳᠤᠭᠠᠨ ᠤ ᠢᠯᠠᠯᠳᠠ ᠶᠢ ᠡᠷᠡᠰ ᠲᠡᠮᠡᠴᠡᠨ ᠤᠯᠬᠤ ᠢᠳᠡᠬᠡᠯ | ᠪᠠᠶᠢᠬᠤ ᠪᠦᠭᠡᠳ ᠴᠢᠳᠠᠪᠤᠷᠢ ᠴᠤ ᠪᠤᠢ᠃ ᠳᠦᠪ ᠤᠨ ᠡᠳ᠋ ᠤᠨ ᠵᠠᠰᠠᠬ ᠤᠨ ᠶᠠᠳᠠᠭᠤ ᠠᠴᠠ ᠠᠩᠬᠢᠵᠢᠷᠠᠭᠤᠯᠬᠤ | ᠪᠤᠭᠤᠮᠳᠠ ᠰᠢᠪᠳᠤᠯᠬᠤ ᠠᠵᠢᠯ ᠤᠨ ᠳᠠᠯ᠎ᠠ ᠪᠠᠷ ᠬᠢ ᠳᠡᠮᠵᠢᠯᠬᠡ ᠶᠢ ᠦᠨᠡᠨ ᠪᠤᠳᠠᠳᠠᠢ ᠨᠠᠶᠢᠳᠠᠪᠤᠷᠢᠵᠢᠭᠤᠯᠵᠦ᠂ ᠡᠯ᠎ᠠ | ᠭᠠᠵᠠᠷ ᠤᠷᠤᠨ ᠤ ᠬᠢᠨ ᠪᠡᠯᠡ ᠮᠦᠩᠬᠦᠨ ᠤ ᠳᠤᠬᠢᠷᠠᠭᠤᠯᠤᠯᠳᠠ ᠬᠢᠬᠦ ᠳᠡᠭᠡᠨ ᠴᠤ ᠡᠨᠡ ᠳᠡᠶᠢᠰᠢ ᠢᠯᠡᠬᠦᠦ ᠬᠡᠯᠪᠠᠶᠢᠬᠦ | ᠬᠡᠷᠡᠭᠳᠡᠢ᠃ ᠶᠠᠳᠠᠭᠤ ᠬᠦᠴᠢᠷᠳᠡᠯᠳᠡᠢ ᠬᠦᠳᠡᠯᠮᠤᠷᠢ ᠬᠦᠴᠦᠨ ᠤ ᠠᠵᠢᠯ ᠢ ᠳᠤᠬᠳᠠᠪᠤᠷᠢᠵᠢᠭᠤᠯᠬᠤ᠂ ᠬᠡᠷᠡᠭᠯᠡᠭᠡ ᠪᠠᠷ | ᠶᠠᠳᠠᠭᠤ ᠶᠢ ᠳᠡᠳᠬᠦᠬᠦ᠂ ᠠᠵᠦ ᠦᠢᠯᠡᠰ ᠢᠶᠠᠷ ᠶᠠᠳᠠᠭᠤ ᠶᠢ ᠳᠡᠳᠬᠦᠬᠦ ᠵᠡᠷᠬᠡ ᠡᠯ᠎ᠠ ᠳᠦᠷᠦᠯ ᠤᠨ ᠠᠵᠢᠯ ᠤᠨ | ᠡᠷᠴᠢᠮ ᠢ ᠴᠢᠨᠠᠬᠰᠢᠳᠠ ᠴᠢᠩᠭᠠᠷᠠᠭᠤᠯᠵᠦ᠂ ᠢᠯᠠᠩᠭᠤᠶ᠎ᠠ ᠬᠢᠵᠢᠭ ᠤᠨ ᠳᠠᠭᠠᠷᠢᠯᠳᠠ ᠠᠴᠠ ᠪᠤᠯᠤᠬᠰᠠᠨ ᠨᠦᠯᠦᠭᠡ ᠶᠢ | ᠪᠦᠳᠦᠮᠵᠢᠳᠡᠢ ᠢᠯᠡᠨ ᠳᠠᠪᠠᠵᠦ᠂ ᠡᠨᠡ ᠵᠢᠯ ᠳᠡᠭᠡᠨ ᠤᠳᠤᠬᠢ ᠪᠠᠷᠢᠮᠵᠢᠶ᠎ᠠ ᠳᠤᠤᠷᠠᠬᠢ ᠬᠦᠳᠡᠭᠡ ᠳᠤᠰᠬᠤᠨ ᠤ | ᠦᠯᠡᠳᠡᠵᠤ ᠪᠠᠶᠢᠭ᠎ᠠ ᠶᠠᠳᠠᠭᠤ ᠬᠦᠴᠢᠷᠳᠡᠯᠳᠡᠢ ᠬᠦᠮᠦᠨ ᠠᠮᠠ ᠶᠢ ᠪᠦᠬᠦᠨ ᠢ ᠶᠠᠳᠠᠭᠤ ᠠᠴᠠ ᠠᠩᠬᠢᠵᠢᠷᠠᠭᠤᠯᠬᠤ᠂ ︽ | ᠬᠤᠶᠠᠷ ᠲᠤ ᠵᠤᠪᠠᠭ᠋ᠤ ᠦᠭᠡᠢ ᠭᠤᠷᠪᠠ ᠶᠢ ᠪᠠᠳᠤᠯᠠᠬᠤ︾ ᠶᠢ ᠪᠠᠶᠠᠯᠠᠬᠦᠯᠬᠦ᠂ ᠶᠠᠳᠠᠭᠤ ᠬᠦᠴᠢᠷᠳᠡᠯᠳᠡᠢ ᠰᠢᠶᠡᠨ | ᠪᠦᠬᠦᠨ ᠢᠶᠠᠷ ᠢᠶᠠᠨ ᠶᠠᠳᠠᠭᠤ ᠠᠴᠠ ᠠᠩᠬᠢᠵᠢᠷᠠᠭᠤᠯᠬᠤ ᠶᠢ ᠦᠨᠡᠨ ᠬᠦ ᠪᠠᠳᠤᠯᠠᠬᠤ ᠬᠡᠷᠡᠭᠳᠡᠢ ᠬᠡᠵᠦ ᠵᠢᠭᠠᠵᠦ ᠭᠠᠷᠭᠠᠪᠠ᠃ | | ᠬᠤᠷᠠᠯ ᠠᠴᠠ᠂ 2 ᠳᠦᠮᠡ ᠰᠢᠬᠠᠮ ᠬᠦᠮᠦᠨ ᠤ ᠠᠵᠢᠯ ᠤᠯᠭᠤᠯᠳᠠ ᠲᠠᠢ ᠬᠤᠯᠪᠤᠬᠳᠠᠵᠦ ᠪᠠᠶᠢᠭ᠎ᠠ ᠭᠠᠳᠠᠭᠠᠳᠤ | ᠠᠷᠠᠯᠵᠢᠶᠡᠨ ᠤ ᠠᠵᠦ ᠠᠬᠤᠢᠢᠯᠡᠯ ᠤᠳ ᠢ ᠳᠡᠳᠬᠦᠨ ᠬᠦᠴᠢᠷᠳᠡᠯ ᠠᠴᠠ ᠮᠤᠯᠳᠤᠷᠠᠭᠤᠯᠤᠨ ᠬᠦᠭᠵᠢᠬᠦᠯᠬᠦ ᠶᠢᠨ | ᠳᠤᠰᠠᠳᠠ᠂ ᠠᠵᠦ ᠠᠬᠤᠢᠢᠯᠡᠯ ᠤᠳ ᠤᠨ ᠤᠯᠠᠨ ᠤᠯᠤᠰ ᠤᠨ ᠵᠠᠬ᠎ᠠ ᠳᠡᠯᠬᠡᠬᠦᠷ ᠢᠶᠠᠨ ᠦᠷᠬᠡᠳᠬᠡᠬᠦ ᠶᠢ | ᠵᠤᠷᠢᠬᠵᠢᠭᠤᠯᠬᠤ ᠶᠢᠨ ᠬᠠᠮᠳᠤ᠂ ᠪᠤᠷᠤᠯᠠᠭᠤᠯᠭ᠎ᠠ ᠰᠠᠶᠢᠳᠠᠢ ᠭᠠᠳᠠᠭᠠᠳᠤ ᠭᠠᠷᠭᠠᠯᠳᠠ ᠶᠢᠨ ᠦᠢᠯᠡᠳᠬᠦᠨ ᠤ ᠤᠯᠤᠰ ᠤᠨ | ᠳᠤᠳᠤᠭᠠᠳᠤ ᠶᠢᠨ ᠵᠠᠬ᠎ᠠ ᠳᠡᠯᠬᠡᠬᠦᠷ ᠢ ᠦᠷᠬᠡᠳᠬᠡᠬᠦ ᠳᠤᠨᠢ ᠳᠡᠮᠵᠢᠯᠬᠡ ᠦᠵᠡᠬᠦᠯᠦᠨ᠎ᠠ᠃ ᠳᠤᠳᠤᠭᠠᠳᠤ | ᠪᠤᠷᠤᠯᠠᠭᠤᠯᠭ᠎ᠠ ᠶᠢᠨ ᠬᠡᠷᠡᠴᠢ ᠦᠨᠡᠮᠯᠡᠯ ᠪᠤᠯᠤᠨ ᠭᠠᠶᠢᠯᠢ ᠳᠤᠰᠢᠶᠠᠬᠤ ᠳᠡᠰ ᠳᠠᠷᠠᠭᠠᠯᠠᠯ ᠢ ᠳᠦᠬᠦᠮᠴᠢᠯᠡᠨᠠ᠃ | ᠡᠯᠧᠺᠲᠷᠤᠨ ᠬᠤᠳᠠᠯᠳᠤᠭᠠᠨ ᠤ ᠳᠠᠪᠴᠠᠩ᠂ ᠳᠤᠮᠤ ᠬᠡᠯᠪᠡᠷᠢ ᠶᠢᠨ ᠬᠤᠳᠠᠯᠳᠤᠭᠠᠨ ᠤ ᠠᠵᠦ ᠠᠬᠤᠢᠢᠯᠡᠯ ᠵᠡᠷᠬᠡ ᠶᠢᠨ | ᠭᠠᠳᠠᠭᠠᠳᠤ ᠠᠷᠠᠯᠵᠢᠶᠠᠨ ᠤ ᠦᠢᠯᠡᠳᠬᠦᠨ ᠢᠶᠠᠨ ᠳᠤᠳᠤᠭᠠᠳᠤ ᠳᠠᠭᠠᠨ ᠪᠤᠷᠤᠯᠠᠭᠤᠯᠬᠤ ᠠᠵᠢᠯᠯᠠᠭ᠎ᠠ ᠦᠷᠨᠢᠬᠦᠯᠬᠦ ᠳᠤ | ᠳᠡᠮᠵᠢᠯᠬᠡ ᠦᠵᠡᠬᠦᠯᠦᠨ᠎ᠠ᠃ ᠮᠦᠩᠬᠦᠨ ᠬᠦᠢᠯᠬᠡᠬᠡᠨ ᠤ ᠪᠠᠶᠢᠭᠤᠯᠤᠮᠵᠢ ᠶᠢᠨ ᠢᠳᠡᠬᠡᠮᠵᠢ ᠶᠢᠨ ᠵᠢᠬᠡᠯᠡᠯᠬᠡ ᠶᠢᠨ | ᠳᠡᠮᠵᠢᠯᠬᠡ ᠪᠠᠨ ᠴᠢᠩᠭᠠᠳᠬᠠᠬᠤ ᠪᠡ ᠬᠤᠷᠢᠶᠠᠬᠤ ᠶᠤᠰᠤᠳᠠᠢ ᠳᠠᠩᠰᠠᠨ ᠤ ᠵᠤᠭᠤᠰ᠂ ᠨᠦᠭᠡᠴᠡ ᠪᠠᠷᠠᠭ᠎ᠠ᠂ | ᠵᠠᠬᠢᠶᠠᠯᠠᠭ᠎ᠠ ᠶᠢᠨ ᠬᠠᠭᠤᠳᠠᠰᠤ ᠵᠡᠷᠬᠡ ᠪᠠᠨ ᠪᠠᠷᠢᠴᠠᠭᠠᠯᠠᠨ ᠪᠡᠯᠡ ᠮᠦᠩᠬᠦ ᠴᠤᠬᠯᠠᠭᠤᠯᠬᠤ ᠶᠢ ᠵᠤᠷᠢᠬᠵᠢᠭᠤᠯᠤᠨ᠎ᠠ᠃ | ᠳᠤᠮᠤ ᠬᠡᠯᠪᠡᠷᠢ ᠶᠢᠨ ᠡᠯᠧᠺᠲᠷᠤᠨ ᠬᠤᠳᠠᠯᠳᠤᠭᠠᠨ ᠤ ᠳᠠᠪᠴᠠᠩ ᠳᠤ ᠳᠦᠰᠢᠭᠯᠡᠨ ᠳᠤᠮᠳᠠ ᠪᠠᠭ᠎ᠠ ᠵᠢᠵᠢᠭ ᠭᠠᠳᠠᠭᠠᠳᠤ | ᠠᠷᠠᠯᠵᠢᠶᠠᠨ ᠤ ᠠᠵᠦ ᠠᠬᠤᠢᠢᠯᠡᠯ ᠳᠤ ᠰᠢᠭᠤᠳ ᠵᠢᠬᠡᠯᠡᠯᠬᠡ ᠤᠯᠭᠤᠬᠤ ᠳᠤᠬᠠᠢᠢᠯᠠᠬᠰᠠᠨ ᠠᠵᠢᠯ ᠢ ᠴᠢᠩᠭᠠᠳᠬᠠᠨ᠎ᠠ | ᠬᠡᠵᠦ ᠳᠤᠬᠳᠠᠭᠠᠵᠠᠢ᠃ | ᠬᠤᠷᠠᠯ ᠠᠴᠠ ᠪᠠᠰᠠ ᠪᠤᠰᠤᠳ ᠬᠡᠷᠡᠭ ᠶᠠᠪᠤᠳᠠᠯ ᠢ ᠰᠤᠳᠤᠯᠪᠡ᠃ |