ᠪᠦ᠋ ᠰᠢᠶᠤᠤ ᠯᠢᠨ ᠬᠦᠬᠡᠬᠤᠳᠠ ᠳᠤ ︽ᠦᠪᠤᠷ ᠮᠤᠩᠭᠤᠯ ᠤᠨ ᠲᠠᠸᠠᠷ ᠤᠨ ᠴᠤᠩᠬᠤ︾ ᠲᠦᠷᠤᠯ ᠵᠦᠢᠯ ᠤᠨ ᠪᠦᠳᠤᠬᠡᠨ ᠪᠠᠶᠢᠭᠤᠯᠤᠯᠳᠠ ᠶᠢᠨ ᠪᠠᠶᠢᠳᠠᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2021/1/7
      1 ᠰᠠᠷ᠎ᠠ ᠶᠢᠨ 4 ᠤ ᠡᠳᠤᠷ᠂ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠲᠡᠳ᠋ ᠱᠦᠵᠢ᠂ ᠦᠪᠡᠷᠳᠡᠬᠡᠨ ᠵᠠᠰᠠᠬᠤ ᠤᠷᠤᠨ ᠤ ᠲᠡᠷᠢᠬᠦᠯᠡᠭᠴᠢ ᠪᠦ᠋ ᠰᠢᠶᠤᠤ ᠯᠢᠨ ᠬᠦᠬᠡᠬᠤᠳᠠ ᠶᠢᠨ ᠰᠠᠶᠢᠬᠠᠨ ᠲᠤᠭᠤᠷᠢᠬ ᠲᠤ ᠢᠷᠡᠵᠤ᠂ ︽ᠦᠪᠤᠷ ᠮᠤᠩᠭᠤᠯ ᠤᠨ ᠲᠠᠸᠠᠷ ᠤᠨ ᠴᠤᠩᠬᠤ︾ ᠲᠦᠷᠤᠯ ᠵᠦᠢᠯ ᠤᠨ ᠪᠦᠳᠤᠬᠡᠨ ᠪᠠᠶᠢᠭᠤᠯᠤᠯᠳᠠ ᠶᠢᠨ ᠪᠠᠶᠢᠳᠠᠯ ᠢ ᠪᠠᠶᠢᠴᠠᠭᠠᠨ ᠰᠤᠳᠤᠯᠪᠠ᠃            ︽ᠦᠪᠤᠷ ᠮᠤᠩᠭᠤᠯ ᠤᠨ ᠲᠠᠸᠠᠷ ᠤᠨ ᠴᠤᠩᠬᠤ︾ ᠪᠤᠯ ᠦᠪᠡᠷᠳᠡᠬᠡᠨ ᠵᠠᠰᠠᠬᠤ ᠤᠷᠤᠨ ᠤ ᠵᠠᠰᠠᠬ ᠤᠨ ᠤᠷᠳᠤᠨ ᠤ ᠨᠠᠶᠢᠳᠠᠯᠭ᠎ᠠ ᠪᠠᠷ ᠬᠦᠬᠡᠬᠤᠳᠠ ᠶᠢᠨ ᠵᠠᠰᠠᠬ ᠤᠨ ᠤᠷᠳᠤᠨ ᠲᠠᠭᠠᠭᠤᠯᠤᠨ ᠵᠤᠬᠢᠶᠠᠨ ᠪᠠᠶᠢᠭᠤᠯᠵᠤ ᠭᠡᠷᠡᠭᠵᠢᠬᠦᠯᠦᠭᠰᠡᠨ ᠲᠦᠷᠤᠯ ᠵᠦᠢᠯ ᠪᠤᠯᠤᠨ᠎ᠠ᠂ ᠦᠪᠤᠷ ᠮᠤᠩᠭᠤᠯ ᠤᠨ ᠤᠯᠠᠨ ᠤᠯᠤᠰ ᠤᠨ ᠬᠤᠷᠠᠯ ᠦᠵᠡᠰᠬᠦᠯᠠᠩ ᠤᠨ ᠲᠦᠪ ᠲᠤ ᠪᠠᠶᠢᠷᠢᠰᠢᠵᠤ᠂ ᠦᠵᠡᠬᠦᠯᠬᠡ ᠶᠢᠨ ᠲᠠᠯᠠᠪᠠᠢ ᠨᠢ 6000 ᠭᠠᠷᠤᠢ ᠲᠡᠭᠰᠢ ᠲᠦᠷᠪᠡᠯᠵᠢᠨ ᠮᠧᠲᠷ ᠪᠠᠶᠢᠵᠤ᠂ ᠰᠦᠨ ᠤ ᠦᠢᠯᠡᠰ᠂ ᠦᠬᠡᠷ ᠬᠤᠨᠢᠨ ᠮᠢᠬ᠎ᠠ᠂ ᠡᠯᠡᠰᠦᠨ ᠴᠢᠴᠠᠷᠭᠠᠨ᠎ᠠ᠂ ᠵᠢᠮᠢᠰ ᠢᠳᠡᠰᠢᠨ ᠨᠤᠭᠤᠭ᠎ᠠ᠂ ᠰᠤᠶᠤᠯ ᠵᠢᠭᠤᠯᠴᠢᠯᠠᠯ᠂ ᠤᠳᠤ ᠦᠶ᠎ᠠ ᠶᠢᠨ ᠱᠠᠭᠠᠵᠠᠩ ᠭᠡᠷᠡᠭᠰᠡᠯ᠂ ᠦᠨᠳᠤᠰᠤᠳᠠᠨ ᠤ ᠬᠠᠳᠬᠤᠮᠠᠯ᠂ ᠢᠮᠠᠭᠠᠨ ᠨᠤᠤᠯᠤᠭᠤᠷ ᠪᠤᠯᠤᠨ ᠦᠨᠳᠤᠰᠤᠳᠠᠨ ᠤ ᠬᠤᠪᠴᠠᠰᠤ ᠵᠠᠰᠠᠯ ᠵᠡᠷᠬᠡ 10 ᠤᠨᠴᠠᠯᠢᠬᠲᠦ ᠦᠵᠡᠬᠦᠯᠬᠡ ᠶᠢᠨ ᠤᠷᠤᠨ ᠪᠤᠯᠤᠨ 1 ᠲᠤᠮᠤ ᠬᠡᠯᠪᠡᠷᠢ ᠶᠢᠨ ᠲᠦᠪᠯᠡᠷᠡᠭᠰᠡᠨ ᠦᠵᠡᠬᠦᠯᠬᠡ ᠶᠢᠨ ᠤᠷᠤᠨ ᠭᠡᠵᠤ ᠬᠤᠪᠢᠶᠠᠵᠠᠢ᠃      ᠪᠦ᠋ ᠰᠢᠶᠤᠤ ᠯᠢᠨ ᠤᠯᠠᠨ ᠤᠯᠤᠰ ᠤᠨ ᠬᠤᠷᠠᠯ ᠦᠵᠡᠰᠬᠦᠯᠠᠩ ᠤᠨ ᠲᠦᠪ ᠤᠨ ︽ᠦᠪᠤᠷ ᠮᠤᠩᠭᠤᠯ ᠤᠨ ᠲᠠᠸᠠᠷ ᠤᠨ ᠴᠤᠩᠬᠤ︾ ᠲᠦᠷᠤᠯ ᠵᠦᠢᠯ ᠤᠨ ᠭᠠᠵᠠᠷ ᠲᠤ ᠢᠷᠡᠵᠤ᠂ ᠬᠤᠯᠪᠤᠬᠳᠠᠯ ᠪᠦᠬᠦᠢ ᠪᠠᠶᠢᠳᠠᠯ ᠤᠨ ᠬᠠᠷᠢᠭᠤ ᠮᠡᠳᠡᠬᠦᠯᠤᠯᠳᠠ ᠶᠢ ᠰᠤᠨᠤᠰᠴᠤ᠂ ᠲᠤᠬᠠᠢ ᠶᠢᠨ ᠲᠠᠯᠠᠪᠠᠢ ᠳᠤ ᠲᠡᠯᠬᠡᠨ ᠦᠵᠡᠬᠦᠯᠦᠭᠰᠡᠨ ᠦᠰᠦᠭ ᠪᠢᠴᠢᠭ᠂ ᠭᠡᠷᠡᠯ ᠵᠢᠷᠤᠬ᠂ ᠲᠦᠷᠰᠤ ᠰᠢᠩᠬᠡᠬᠡᠯᠳᠠ᠂ ᠪᠤᠳᠠᠳᠤ ᠪᠤᠳᠠᠰ ᠵᠡᠷᠬᠡ ᠶᠢ ᠨᠠᠷᠢᠨ ᠬᠢᠨᠠᠮᠠᠭᠠᠢ ᠲᠤᠭᠤᠷᠢᠨ ᠦᠵᠡᠵᠤ᠂ ᠦᠪᠡᠷᠳᠡᠬᠡᠨ ᠵᠠᠰᠠᠬᠤ ᠤᠷᠤᠨ ᠪᠤᠯᠤᠨ ᠬᠦᠬᠡᠬᠤᠳᠠ ᠶᠢᠨ ᠲᠦᠷᠤᠯ ᠵᠦᠢᠯ ᠤᠨ ᠬᠠᠷᠢᠭᠤᠴᠠᠯᠭᠠᠳᠠᠨ ᠨᠦᠬᠦᠳ ᠲᠠᠢ ᠶᠠᠷᠢᠯᠴᠠᠵᠦ᠂ ᠤᠬᠠᠭᠤᠯᠵᠤ ᠲᠡᠯᠬᠡᠨ ᠦᠵᠡᠬᠦᠯᠬᠦ ᠬᠡᠯᠪᠠᠷᠢ ᠮᠠᠶ᠋ᠢᠬ᠂ ᠠᠭᠤᠯᠭ᠎ᠠ ᠵᠡᠷᠬᠡ ᠳᠤ ᠵᠢᠯᠤᠭᠤᠳᠤᠯᠭ᠎ᠠ ᠬᠢᠵᠤ᠂ ᠱᠠᠭᠠᠷᠳᠠᠯᠭ᠎ᠠ ᠲᠤᠷᠠᠳᠴᠠᠢ᠃ ᠲᠡᠷᠡ᠂ ︽ᠦᠪᠤᠷ ᠮᠤᠩᠭᠤᠯ ᠤᠨ ᠲᠠᠸᠠᠷ ᠤᠨ ᠴᠤᠩᠬᠤ︾ ᠪᠤᠯ ᠦᠪᠡᠷᠳᠡᠬᠡᠨ ᠵᠠᠰᠠᠬᠤ ᠤᠷᠤᠨ ᠤ ᠨᠡᠷᠡᠳᠤ ᠰᠢᠯᠢᠳᠡᠭ ᠤᠨᠴᠠᠯᠢᠬᠲᠦ ᠲᠠᠸᠠᠷ ᠢ ᠲᠡᠯᠬᠡᠨ ᠦᠵᠡᠬᠦᠯᠬᠦ᠂ ᠤᠬᠠᠭᠤᠯᠬᠤ᠂ ᠲᠡᠯᠬᠡᠷᠡᠬᠦᠯᠬᠦ ᠴᠢᠬᠤᠯᠠ ᠴᠤᠩᠬᠤᠪᠴᠢ ᠪᠠ ᠶᠠᠷᠤᠩᠬᠡᠶᠢᠯᠡᠭᠰᠡᠨ ᠲᠠᠪᠴᠠᠩ ᠮᠦᠨ᠂ ᠡᠨᠡ ᠬᠦ ᠴᠤᠩᠬᠤᠪᠴᠢ ᠪᠤᠯᠤᠨ ᠲᠠᠪᠴᠠᠩ ᠤᠨ ᠤᠢᠢᠯᠡᠳᠤᠯ ᠢ ᠰᠠᠶᠢᠳᠤᠷ ᠪᠠᠳᠠᠷᠠᠭᠤᠯᠬᠤ ᠨᠢ ᠦᠪᠤᠷ ᠮᠤᠩᠭᠤᠯ ᠢ ᠤᠬᠠᠭᠤᠯᠬᠤ᠂ ᠦᠪᠤᠷ ᠮᠤᠩᠭᠤᠯ ᠤᠨ ᠲᠠᠸᠠᠷ ᠤᠨ ᠨᠡᠷ᠎ᠠ ᠠᠯᠳᠠᠷᠰᠢᠯ ᠢ ᠲᠡᠭᠡᠭᠰᠢᠯᠡᠬᠦᠯᠬᠦ᠂ ᠰᠠᠶᠢᠬᠠᠨ ᠠᠯᠳᠠᠷ ᠪᠤᠯᠤᠨ ᠵᠠᠬ᠎ᠠ ᠲᠡᠯᠬᠡᠬᠦᠷ ᠤᠨ ᠦᠷᠢᠰᠤᠯᠳᠤᠬᠦ ᠬᠦᠴᠤᠨ ᠢ ᠲᠡᠭᠡᠭᠰᠢᠯᠡᠬᠦᠯᠬᠦ ᠳᠤ ᠴᠢᠬᠤᠯᠠ ᠠᠴᠢ ᠬᠤᠯᠪᠤᠬᠳᠠᠯ ᠲᠠᠢ ᠶᠤᠮ᠃ ᠬᠠᠮ ᠵᠠᠭᠤᠴᠢᠯᠠᠭᠤᠷ ᠤᠨ ᠠᠷᠭ᠎ᠠ ᠪᠠᠷᠢᠯ ᠪᠤᠯᠤᠨ ᠤᠯᠠᠨ ᠵᠦᠢᠯ ᠤᠨ ᠰᠢᠨ᠎ᠡ ᠶᠢ ᠡᠭᠦᠳᠦᠭᠰᠡᠡ ᠢᠯᠡᠳᠬᠡᠬᠦ ᠠᠷᠭ᠎ᠠ ᠶᠢ ᠶᠠᠷᠤᠩᠬᠡᠶᠢᠯᠠᠨ ᠠᠰᠢᠬᠯᠠᠵᠤ᠂ ᠦᠪᠤᠷ ᠮᠤᠩᠭᠤᠯ ᠤᠨ ᠬᠦᠬᠡ ᠤᠬᠳᠠᠷᠭᠤᠢ᠂ ᠬᠦᠬᠡᠮᠳᠦᠭ ᠲᠠᠯ᠎ᠠ᠂ ᠴᠡᠩᠬᠡᠭ ᠤᠰᠤ᠂ ᠴᠡᠪᠡᠷ ᠠᠭᠠᠷ ᠤᠨ ᠤᠷᠴᠢᠨ ᠲᠤᠭᠤᠷᠢᠨ ᠢ ᠲᠡᠯᠬᠡᠨ ᠦᠵᠡᠬᠦᠯᠵᠤ᠂ ᠦᠪᠤᠷ ᠮᠤᠩᠭᠤᠯ ᠤᠨ ᠲᠠᠸᠠᠷ ᠤᠨ ᠦᠪᠡᠷᠮᠢᠴᠠ ᠤᠨᠴᠠᠯᠢᠬ ᠤᠨ ᠲᠠᠪᠠᠭᠤᠯᠢᠬ ᠢ ᠲᠡᠯᠬᠡᠨ ᠦᠵᠡᠬᠦᠯᠵᠤ᠂ ᠠᠳᠡ ᠢᠷᠡᠭᠰᠡᠨ ᠦᠷᠬᠡᠨ ᠤᠯᠠᠨ ᠵᠤᠴᠢᠨ ᠢᠯᠠᠩᠭᠤᠶ᠎ᠠ ᠤᠷᠤᠨ ᠤ ᠭᠠᠳᠠᠨᠠᠬᠢ᠂ ᠭᠠᠳᠠᠭᠠᠳᠤ ᠤᠯᠤᠰ ᠤᠨ ᠵᠤᠴᠢᠨ ᠳᠤ ᠦᠪᠤᠷ ᠮᠤᠩᠭᠤᠯ ᠤᠨ ᠵᠢᠷᠤᠬ ᠮᠡᠳᠤ ᠭᠤᠶᠤ ᠰᠠᠶᠢᠬᠠᠨ ᠦᠵᠡᠮᠵᠢ ᠶᠢ ᠬᠦᠢᠴᠡᠳ ᠤᠢᠢᠯᠠᠭᠠᠭᠤᠯᠵᠤ᠂ ᠮᠠᠨ ᠤ ᠤᠷᠤᠨ ᠤ ᠲᠦᠷᠤᠯ ᠵᠦᠢᠯ ᠡᠯᠪᠡᠭ ᠪᠠᠶᠠᠯᠢᠬ᠂ ᠴᠢᠨᠠᠷ ᠴᠢᠨᠰᠠᠭ᠎ᠠ ᠰᠢᠯᠢᠳᠡᠭ ᠪᠠᠶᠢᠲᠠᠭ ᠡᠯ᠎ᠠ ᠵᠦᠢᠯ ᠤᠨ ᠲᠠᠸᠠᠷ ᠲᠤ ᠨᠡᠩ ᠬᠦᠨᠵᠡᠬᠡᠢ ᠤᠢᠢᠯᠠᠭᠠᠯᠳᠠ ᠲᠠᠢ ᠪᠤᠯᠭᠠᠵᠤ᠂ ᠡᠬᠦᠨ ᠤ ᠬᠠᠮᠳᠤ ᠮᠠᠨ ᠤ ᠤᠷᠤᠨ ᠤ ᠭᠡᠷᠡᠯ ᠰᠠᠴᠤᠷᠠᠩᠭᠤᠢ ᠦᠨᠳᠤᠰᠤᠳᠠᠨ ᠤ ᠰᠤᠶᠤᠯ ᠢ ᠲᠠᠨᠢᠭᠤᠯᠵᠤ᠂ ᠵᠢᠭᠤᠯᠴᠢᠯᠠᠬᠤ᠂ ᠪᠠᠷᠠᠭ᠎ᠠ ᠬᠤᠳᠠᠯᠳᠤᠨ ᠠᠪᠬᠤ ᠶᠢ ᠨᠢᠬᠡ ᠵᠦᠢᠯ ᠤᠨ ᠭᠤᠸ᠎ᠠ ᠰᠠᠶᠢᠬᠠᠨ ᠤ ᠲᠦᠷᠦᠭᠳᠡᠯ ᠪᠤᠯᠤᠨ ᠮᠡᠳᠡᠷᠡᠮᠵᠢ ᠪᠤᠯᠭᠠᠵᠤ᠂ ᠰᠠᠨᠠᠭᠠᠴᠢᠯᠠᠭ᠎ᠠ ᠠᠴᠠ ᠪᠠᠨ ᠦᠪᠤᠷ ᠮᠤᠩᠭᠤᠯ ᠢ ᠤᠬᠠᠭᠤᠯᠵᠤ᠂ ᠦᠪᠤᠷ ᠮᠤᠩᠭᠤᠯ ᠤᠨ ᠲᠠᠸᠠᠷ ᠢ ᠨᠡᠩ ᠰᠠᠶᠢᠨ ᠲᠠᠨᠢᠯᠴᠠᠭᠤᠯᠬᠤ ᠪᠤᠯᠭᠠᠬᠤ ᠭᠡᠷᠡᠭᠳᠠᠢ ᠬᠡᠵᠤ ᠵᠢᠭᠠᠵᠤ ᠭᠠᠷᠭᠠᠪᠠ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号