︽ᠲᠣᠭᠠᠴᠢᠯᠠᠭᠰᠠᠨ ᠬᠥᠬᠡᠬᠤᠲᠠ ᠶᠢᠨ ︿ᠠᠷᠪᠠᠨ ᠳᠥᠷᠪᠡᠳᠦᠭᠡᠷ ᠲᠠᠪᠤᠨ ᠵᠢᠯ﹀ ᠤᠨ ᠲᠤᠰᠬᠠᠢ ᠲᠥᠯᠥᠪᠵᠢᠭᠦᠯᠭᠡ︾ ᠶᠢᠨ ᠲᠦᠷᠦ ᠶᠢᠨ ᠪᠤᠳᠤᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2021/10/21
      ᠨᠢᠭᠡ᠂ ᠣᠷᠣᠨ ᠲᠣᠭᠠᠨ ᠤ ᠠᠬᠤᠶ ᠪᠠᠶᠢᠳᠠᠯ      ᠰᠦᠯᠵᠢᠶᠡᠨ ᠤ ᠬᠦᠴᠦᠷᠬᠡᠭ ᠤᠯᠤᠰ ᠤᠨ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ᠂ ︽ᠲᠣᠭᠠᠴᠢᠯᠠᠭᠰᠠᠨ ᠳᠤᠮᠳᠠᠳᠤ ᠤᠯᠤᠰ︾ ᠢ ᠲᠦᠷᠭᠡᠳᠬᠡᠨ ᠪᠠᠶᠢᠭᠤᠯᠬᠤ ᠵᠡᠷᠭᠡ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢᠨ ᠰᠢᠢᠳᠪᠦᠷᠢᠲᠦ ᠪᠣᠳᠣᠯᠭ᠎ᠠ ᠶᠢ ᠭᠦᠨᠵᠡᠭᠡᠶ ᠲᠤᠭᠤᠰᠢᠯᠠᠭᠤᠯᠵᠤ᠂  ᠶᠡᠷᠦᠩᠬᠡᠶ ᠱᠦᠵᠢ ᠰᠢ ᠶᠢᠨ ᠫᠢᠩ ᠤᠨ ᠥᠪᠥᠷ  ᠮᠣᠩᠭᠤᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠨᠠᠶᠢᠳᠠᠪᠤᠷᠢᠵᠢᠭᠤᠯᠬᠤ ᠶᠢᠨ ᠲᠤᠰᠠᠳᠠ᠂ ᠬᠥᠬᠡᠬᠤᠲᠠ ᠶᠢᠨ ᠲᠣᠮᠣ ᠳ᠋ᠠᠶᠢᠲ᠋ᠠ ᠶᠢᠨ ᠬᠠᠮᠢᠶᠠᠷᠤᠯᠲᠠ ᠶᠢᠨ ᠲᠣᠪᠴᠢᠶ᠎ᠠ ᠠᠴᠠ ︽ᠲᠣᠭᠠᠴᠢᠯᠠᠭᠰᠠᠨ ᠬᠥᠬᠡᠬᠤᠲᠠ ᠶᠢᠨ ︿ᠠᠷᠪᠠᠨ ᠳᠥᠷᠪᠡᠳᠦᠭᠡᠷ ᠲᠠᠪᠤᠨ ᠵᠢᠯ﹀ ᠤᠨ ᠲᠤᠰᠬᠠᠶ ᠲᠥᠯᠥᠪᠵᠢᠭᠦᠯᠭᠡ︾ ︵ᠳᠣᠷᠣᠭᠰᠢ ︽ᠲᠥᠯᠥᠪᠵᠢᠭᠦᠯᠭᠡ︾ ᠭᠡᠵᠦ ᠲᠣᠪᠴᠢᠯᠠᠨ᠎ᠠ︶ ᠶᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠪᠠ᠃      ᠬᠤᠶᠠᠷ᠂ ︽ᠲᠥᠯᠥᠪᠵᠢᠭᠦᠯᠭᠡ︾ ᠶᠢᠨ ᠶᠡᠷᠦᠩᠬᠡᠶ ᠪᠣᠳᠣᠯᠬᠢᠯᠠᠯ ᠪᠠ ᠭᠤᠣᠯ ᠠᠭᠤᠯᠭ᠎ᠠ      ︽ᠲᠥᠯᠥᠪᠵᠢᠭᠦᠯᠭᠡ︾ ᠶᠢ ᠨᠠᠶᠢᠷᠠᠭᠤᠯᠤᠨ ᠵᠣᠬᠢᠶᠠᠬᠤ ᠠᠵᠢᠯ ᠳᠤ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ᠂ ᠲᠠᠪᠤᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠵᠤ᠂ ᠰᠦᠯᠵᠢᠶᠡᠨ ᠤ ᠬᠦᠴᠦᠷᠬᠡᠭ ᠤᠯᠤᠰ᠂ ᠲᠣᠭᠠᠴᠢᠯᠠᠭᠰᠠᠨ ᠳᠤᠮᠳᠠᠳᠤ ᠤᠯᠤᠰ ᠤᠨ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ  ᠮᠣᠩᠭᠤᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠠᠮᠢ ᠠᠬᠤᠶ ᠶᠢ ᠣᠷᠢᠳᠠᠪᠡᠷ  ᠪᠣᠳᠤᠯᠬᠢᠯᠠᠵᠤ᠂ ᠪᠣᠬᠢᠷᠲᠤᠯ ᠥᠬᠡᠶ ᠬᠦᠭᠵᠢᠬᠦᠯᠬᠦ ᠪᠠᠷ ᠤᠳᠤᠷᠢᠳᠤᠮᠵᠢ ᠪᠣᠯᠭᠠᠵᠤ᠂ ᠦᠵᠡᠰᠬᠦᠯᠡᠩᠲᠦ ᠰᠠᠶᠢᠬᠠᠨ ᠬᠥᠬᠡ ᠬᠤᠲᠠ᠂ ᠥᠨᠢᠷ ᠪᠠᠶᠠᠯᠢᠭ ᠲᠠᠯ᠎ᠠ ᠶᠢᠨ ᠬᠤᠲᠠ ᠶᠢᠨ ᠪᠥᠲᠥᠭᠡᠨ ᠪᠠᠶᠢᠭᠤᠯᠤᠯᠲᠠ ᠶᠢᠨ ᠬᠠᠷᠠᠯᠲᠠ ᠶᠢᠨ ᠲᠣᠭᠤᠷᠢᠨ ᠳᠤ᠂ ᠬᠥᠭᠵᠢᠯᠲᠡ ᠶᠢᠨ ᠰᠡᠳᠬᠢᠮᠵᠢ ᠪᠠᠨ ᠲᠣᠭᠲᠠᠭᠠᠵᠤ᠂ ᠪᠥᠲᠥᠭᠡᠨ ᠪᠠᠶᠢᠭᠤᠯᠬᠤ ᠵᠠᠷᠴᠢᠮ ᠢᠶᠠᠨ ᠲᠣᠳᠣᠷᠬᠠᠶᠢᠯᠠᠨ᠂ ᠬᠥᠭᠵᠢᠯᠲᠡ ᠶᠢᠨ ᠬᠠᠷᠠᠯᠲᠠ ᠪᠠᠨ ᠲᠣᠭᠲᠠᠭᠠᠵᠤ᠂ ᠴᠢᠬᠤᠯᠠ ᠶᠡᠭᠡ ᠡᠭᠦᠷᠭᠡ ᠪᠠ ᠭᠤᠤᠯᠳᠠᠯᠭ᠎ᠠ ᠲᠠᠢ ᠢᠨᠵᠧᠨᠧᠷᠢᠩ ᠢ ᠲᠥᠯᠥᠪᠵᠢᠭᠦᠯᠵᠦ᠂ ︽ᠲᠥᠯᠥᠪᠵᠢᠭᠦᠯᠭᠡ︾ ᠨᠢ ᠨᠠᠮ ᠤᠨ ᠲᠥᠪ ᠬᠤᠷᠢᠶ᠎ᠠ ᠶᠢᠨ ᠵᠣᠷᠢᠭ ᠰᠠᠨᠠᠭ᠎ᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠷᠢᠯᠠᠭᠤᠯᠤᠯᠲᠠ ᠱᠠᠭᠠᠷᠳᠠᠯᠭ᠎ᠠ ᠳᠤ ᠨᠡᠶᠢᠴᠡᠬᠦ ᠮᠥᠷᠲᠡᠭᠡᠨ ᠪᠠᠰᠠ ᠮᠠᠨ ᠤ ᠬᠤᠲᠠ ᠶᠢᠨ ᠪᠣᠳᠠᠲᠠᠶ ᠲᠠᠢ ᠨᠡᠶᠢᠴᠡᠬᠦ ᠶᠢ ᠦᠨᠡᠨᠬᠦ  ᠪᠠᠳᠤᠯᠠᠪᠠ᠃      ︽ᠲᠥᠯᠥᠪᠵᠢᠭᠦᠯᠭᠡ︾ ᠶᠢ ᠨᠠᠶᠢᠳᠠ ᠲᠦᠷᠪᠡᠨ ᠬᠡᠰᠡᠭ ᠲᠤ ᠬᠤᠪᠢᠶᠠᠵᠠᠶ᠃      ᠨᠢᠭᠡ ᠳᠤ ᠬᠥᠭᠵᠢᠯᠲᠡ ᠶᠢᠨ ᠰᠠᠭᠤᠷᠢ ᠪᠣᠯᠤᠨ ᠪᠠᠶᠢᠳᠠᠯ᠃ ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠠᠴᠠ ᠨᠠᠰᠢ᠂ ᠮᠠᠨ ᠤ ᠬᠤᠳᠠ ᠶᠢᠨ ᠲᠤᠭᠠᠴᠢᠯᠠᠯᠲᠠ ᠶᠢᠨ ᠰᠠᠭᠤᠷᠢ ᠲᠥᠬᠦᠭᠡᠷᠦᠮᠵᠢ ᠲᠠᠰᠤᠷᠠᠯᠳᠡ ᠦᠭᠡᠢ ᠴᠢᠩᠭᠠᠷᠠᠵᠤ᠂ ᠲᠣᠭᠠᠴᠢᠯᠠᠭᠰᠠᠨ ᠠᠵᠤ ᠦᠢᠯᠡᠰᠵᠢᠯᠲᠡ ᠶᠢᠨ ᠬᠥᠭᠵᠢᠯᠲᠡ ᠲᠦᠷᠭᠡᠳᠴᠦ᠂ ᠠᠵᠤ ᠦᠢᠯᠡᠰ ᠤᠨ ᠲᠣᠭᠠᠴᠢᠯᠠᠭᠰᠠᠨ ᠭᠢᠯᠠᠰ ᠴᠡᠭ ᠤᠯᠠᠨ ᠢᠯᠡᠷᠡᠵᠦ᠂ ᠲᠣᠭᠠᠴᠢᠯᠠᠭᠰᠠᠨ ᠵᠠᠰᠠᠭ ᠤᠨ ᠣᠷᠳᠣᠨ ᠤ ᠪᠠᠶᠢᠭᠤᠯᠤᠯᠲᠠ ᠲᠣᠭᠲᠠᠭᠤᠨ ᠢᠶᠠᠷ ᠠᠬᠢᠵᠤ᠂ ᠲᠣᠭᠠᠴᠢᠯᠠᠭᠰᠠᠨ ᠨᠡᠶᠢᠭᠡᠮ ᠤᠨ ᠦᠢᠯᠡᠴᠢᠯᠡᠭᠡ ᠲᠠᠰᠤᠷᠠᠯᠳᠡ ᠦᠭᠡᠢ ᠰᠢᠯᠢᠳᠡᠭᠵᠢᠵᠦ᠂ ᠲᠣᠭᠠᠴᠢᠯᠠᠭᠰᠠᠨ ᠬᠥᠬᠡᠬᠤᠲᠠ ᠶᠢᠨ ᠪᠦᠳᠦᠭᠡᠨ ᠪᠠᠶᠢᠭᠤᠯᠤᠯᠲᠠ ᠶᠢ ᠭᠦᠨᠵᠡᠭᠡᠶᠢᠷᠡᠭᠦᠯᠬᠦ ᠳᠤ ᠪᠠᠲᠤ ᠪᠠᠬᠢ ᠰᠠᠭᠤᠷᠢ ᠶᠢ ᠲᠠᠯᠪᠢᠭᠰᠠᠨ ᠪᠠᠶᠢᠨ᠎ᠠ᠃ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠤᠭᠤᠴᠠᠭᠠᠨ ᠳᠤ᠂ ᠨᠠᠷᠢᠨ ᠪᠤᠳᠤᠯᠢᠶᠠᠨᠲᠠᠢ ᠬᠥᠭᠵᠢᠯᠲᠡ ᠶᠢᠨ ᠣᠷᠴᠢᠨ ᠲᠣᠭᠤᠷᠢᠨ ᠨᠢ ᠲᠣᠭᠠᠴᠢᠯᠠᠭᠰᠠᠨ ᠬᠥᠬᠡᠬᠤᠲᠠ ᠶᠢᠨ ᠪᠦᠳᠦᠭᠡᠨ ᠪᠠᠶᠢᠭᠤᠯᠤᠯᠲᠠ ᠳᠤ ᠰᠢᠨ᠎ᠡ ᠠᠵᠠ ᠲᠣᠬᠢᠶᠠᠯ ᠪᠣᠯᠤᠨ ᠰᠢᠨ᠎ᠡ ᠥᠷᠢᠰᠥᠯᠳᠦᠭᠡᠨ ᠢ ᠠᠪᠴᠢᠷᠠᠵᠠᠢ᠃      ᠬᠤᠶᠠᠷ ᠲᠤ ᠶᠡᠷᠦᠩᠬᠡᠶ ᠱᠠᠭᠠᠷᠳᠠᠯᠭ᠎ᠠ᠃ ᠵᠢᠯᠣᠭᠤᠳᠬᠤ ᠦᠵᠡᠯ ᠰᠠᠨᠠᠭ᠎ᠠ᠂ ᠦᠨᠳᠦᠰᠦᠨ ᠵᠠᠷᠴᠢᠮ᠂ ᠪᠠᠶᠢᠯᠳᠤᠬᠤ ᠪᠤᠳᠤᠯᠭ᠎ᠠ ᠶᠢᠨ ᠪᠠᠶᠢᠷᠢ ᠲᠣᠭᠲᠠᠭᠠᠯᠲᠠ᠂ ᠬᠥᠭᠵᠢᠯᠲᠡ ᠶᠢᠨ ᠬᠠᠷᠠᠯᠲᠠ ᠵᠡᠷᠭᠡ ᠲᠦᠷᠪᠡᠨ ᠲᠠᠯ᠎ᠠ ᠠᠴᠠ ᠲᠣᠭᠲᠠᠭᠠᠪᠠ᠃ ︽ᠰᠦᠯᠵᠢᠶᠡᠨ ᠤ ᠬᠦᠴᠦᠷᠬᠡᠭ ᠤᠯᠤᠰ᠂ ᠲᠣᠭᠠᠴᠢᠯᠠᠭᠰᠠᠨ ᠳᠤᠮᠳᠠᠳᠤ ᠤᠯᠤᠰ ᠤᠨ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ  ᠲᠤᠰᠢᠯᠠᠭᠤᠯᠤᠨ ᠨᠠᠶᠢᠳᠠᠪᠤᠷᠢᠵᠢᠭᠤᠯᠵᠤ᠂ ᠠᠮᠢ ᠠᠬᠤᠶ ᠶᠢ ᠣᠷᠢᠳᠠᠪᠡᠷ ᠪᠣᠳᠤᠯᠬᠢᠯᠠᠵᠤ᠂ ᠪᠣᠬᠢᠷᠲᠤᠯ ᠥᠬᠡᠶ ᠬᠦᠭᠵᠢᠬᠦᠯᠬᠦ ᠪᠠᠷ ᠤᠳᠤᠷᠢᠳᠤᠮᠵᠢ ᠪᠣᠯᠭᠠᠵᠤ᠂ ᠰᠢᠨ᠎ᠡ ᠬᠡᠯᠪᠡᠷᠢ ᠶᠢᠨ ᠰᠠᠭᠤᠷᠢ ᠲᠥᠬᠦᠭᠡᠷᠦᠮᠵᠢ ᠶᠢ ᠪᠥᠲᠥᠭᠡᠨ ᠪᠠᠶᠢᠭᠤᠯᠬᠤ ᠪᠠᠷ ︿ᠲᠤᠭᠠᠴᠢᠯᠠᠯᠲᠠ ᠶᠢᠨ ᠰᠠᠭᠤᠷᠢ﹀ ᠪᠣᠯᠭᠠᠵᠤ᠂ ᠲᠤᠭ᠎ᠠ ᠪᠠᠷᠢᠮᠲᠠ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ ᠪᠠ ᠲᠣᠭᠠᠴᠢᠯᠠᠭᠰᠠᠨ ᠮᠡᠷᠭᠡᠵᠢᠯ ᠤᠨ ᠰᠢᠨ᠎ᠡ ᠶᠢ ᠡᠭᠦᠳᠦᠨ ᠬᠡᠷᠡᠭᠯᠡᠬᠦ ᠪᠠᠷ ᠬᠤᠤᠰ ᠬᠦᠷᠳᠦᠳᠦ ᠬᠥᠳᠡᠯᠭᠡᠭᠦᠷ ᠪᠣᠯᠭᠠᠵᠤ᠂ ᠦᠵᠡᠰᠬᠦᠯᠡᠩᠲᠦ ᠰᠠᠶᠢᠬᠠᠨ ᠬᠥᠬᠡ ᠬᠤᠲᠠ᠂ ᠥᠨᠢᠷ ᠪᠠᠶᠠᠯᠢᠭ  ᠲᠠᠯ᠎ᠠ ᠶᠢᠨ ᠬᠤᠲᠠ ᠶᠢᠨ ᠪᠥᠲᠥᠭᠡᠨ ᠪᠠᠶᠢᠭᠤᠯᠤᠯᠲᠠ ᠶᠢ ᠪᠥᠬᠦ ᠲᠠᠯ᠎ᠠ ᠪᠠᠷ ᠲᠤᠯᠭᠠᠭᠤᠷᠢᠯᠠᠬᠤ︾ ᠵᠢᠯᠣᠭᠤᠳᠬᠤ ᠦᠵᠡᠯ ᠰᠠᠨᠠᠭ᠎ᠠ ᠶᠢ ᠲᠣᠭᠲᠠᠭᠠᠪᠠ︔ ︽ᠠᠷᠠᠳ ᠲᠦᠮᠡᠨ ᠢᠶᠠᠷ ᠭᠤᠤᠯ ᠪᠣᠯᠭᠠᠬᠤ᠂ ᠪᠣᠬᠢᠷᠲᠤᠯ ᠥᠬᠡᠶ ᠬᠥᠭᠵᠢᠭᠦᠯᠬᠦ ᠶᠢ ᠪᠠᠷᠢᠮᠲᠠᠯᠠᠬᠤ︔ ᠰᠢᠰᠲ᠋ᠧᠮ ᠲᠠᠢ ᠦᠵᠡᠯᠲᠡ᠂ ᠵᠣᠬᠢᠴᠠᠩᠭᠤᠶ ᠬᠥᠭᠵᠢᠯᠲᠡ ᠶᠢ ᠪᠠᠷᠢᠮᠲᠠᠯᠠᠬᠤ︔ ᠲᠤᠭ᠎ᠠ ᠪᠠᠷᠢᠮᠲᠠ ᠪᠠᠷ ᠬᠥᠳᠡᠯᠭᠡᠭᠦᠷ ᠪᠣᠯᠭᠠᠬᠤ᠂ ᠰᠢᠨ᠎ᠡ ᠶᠢ ᠡᠭᠦᠳᠦᠨ ᠬᠥᠭᠵᠢᠭᠦᠯᠬᠦ ᠶᠢ ᠪᠠᠷᠢᠮᠲᠠᠯᠠᠬᠤ︔ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ᠂ ᠨᠡᠭᠡᠭᠡᠯᠲᠡᠲᠡᠶ ᠪᠠᠷ ᠬᠥᠭᠵᠢᠭᠦᠯᠬᠦ ᠶᠢ ᠪᠠᠷᠢᠮᠲᠠᠯᠠᠬᠤ︔ ᠮᠡᠷᠭᠡᠵᠢᠯ ᠢᠶᠠᠷ ᠬᠥᠲᠥᠯᠦᠨ ᠳᠠᠭᠠᠭᠤᠯᠬᠤ᠂ ᠠᠮᠤᠷ ᠲᠦᠪᠰᠢᠨ ᠢᠶᠠᠷ ᠬᠥᠭᠵᠢᠭᠦᠯᠬᠦ ᠶᠢ ᠪᠠᠷᠢᠮᠲᠠᠯᠠᠬᠤ︾ ᠦᠨᠳᠦᠰᠦᠨ ᠵᠠᠷᠴᠢᠮ ᠢ ᠲᠣᠭᠲᠠᠭᠠᠪᠠ︔ ︽ᠪᠦᠬᠦ ᠤᠯᠤᠰ ᠤᠨ ᠨᠢᠭᠡ ᠴᠤᠬᠴᠠᠵᠢᠭᠤᠯᠤᠬᠰᠠᠨ ᠪᠤᠳᠤᠯᠭ᠎ᠠ ᠶᠢᠨ ᠬᠦᠴᠦᠨ ᠤ  ᠰᠦᠯᠵᠢᠶ᠎ᠡ ᠶᠢᠨ ᠤᠯᠤᠰ ᠤᠨ ᠵᠠᠩᠭᠢᠯᠠᠭ᠎ᠠ ᠶᠢᠨ ᠴᠡᠭ᠂ ᠳᠤᠮᠳᠠᠳᠤ ᠤᠯᠤᠰ ᠤᠨ ᠤᠮᠠᠷᠠᠲᠤ  ᠶᠢᠨ ᠲᠣᠭᠠᠴᠢᠯᠠᠭᠰᠠᠨ ᠠᠵᠤ ᠠᠬᠤᠢ ᠶᠢᠨ ᠵᠢᠱᠢᠶ᠎ᠡ ᠦᠵᠡᠭᠦᠯᠬᠦ ᠣᠷᠣᠨ᠂ ᠳᠤᠮᠳᠠ ᠪᠠᠷᠠᠭᠤᠨ ᠣᠷᠣᠨ ᠤ ᠤᠶᠤᠨᠲᠤ ᠬᠤᠳᠠ ᠶᠢᠨ ᠰᠢᠨ᠎ᠡ ᠬᠡᠪ ᠵᠠᠭᠪᠤᠷ︾ ᠤᠨ ᠪᠠᠶᠢᠯᠳᠤᠬᠤ ᠪᠤᠳᠤᠯᠭ᠎ᠠ ᠶᠢᠨ ᠪᠠᠶᠢᠷᠢ ᠲᠣᠭᠲᠠᠭᠠᠯᠲᠠ ᠶᠢ ᠲᠣᠭᠲᠠᠭᠠᠪᠠ︔ ︽ᠰᠢᠨ᠎ᠡ ᠬᠡᠯᠪᠡᠷᠢ ᠶᠢᠨ ᠲᠤᠭᠠᠴᠢᠯᠠᠯᠲᠠ ᠶᠢᠨ ᠰᠠᠭᠤᠷᠢ ᠲᠥᠬᠦᠭᠡᠷᠦᠮᠵᠢ ᠶᠢ ᠤᠯᠤᠰ ᠤᠨ ᠳᠣᠲᠣᠭᠠᠳᠤ ᠳᠤ ᠲᠡᠷᠢᠭᠦᠨ ᠳᠤ ᠣᠷᠣᠭᠤᠯᠬᠤ᠂ ᠲᠣᠭᠠᠴᠢᠯᠠᠭᠰᠠᠨ ᠠᠵᠤ ᠠᠬᠤᠢ ᠶᠢ ᠲᠦᠷᠭᠡᠨ ᠬᠥᠭᠵᠢᠭᠦᠯᠬᠦ᠂ ᠲᠣᠭᠠᠴᠢᠯᠠᠭᠰᠠᠨ ᠵᠠᠰᠠᠭ ᠤᠨ ᠣᠷᠳᠣᠨ ᠥᠨᠳᠥᠷ ᠪᠦᠲᠦᠮᠵᠢᠲᠡᠢ ᠪᠠᠷ ᠬᠠᠮᠵᠢᠯᠴᠠᠬᠤ᠂ ᠤᠶᠤᠨᠲᠤ ᠨᠡᠶᠢᠭᠡᠮ ᠨᠡᠶᠢᠳᠡᠮ ᠠᠰᠢᠭ ᠬᠦᠷᠳᠡᠭᠡᠵᠦ ᠳᠥᠭᠦᠮ ᠳᠥᠲᠡ ᠪᠠᠶᠢᠬᠤ︾ ᠬᠥᠭᠵᠢᠯᠲᠡ ᠶᠢᠨ ᠬᠠᠷᠠᠯᠲᠠ ᠶᠢ ᠲᠣᠭᠲᠠᠭᠠᠪᠠ᠃      ᠭᠤᠷᠪᠠ ᠳᠤ ᠴᠢᠬᠤᠯᠠ ᠶᠡᠭᠡ ᠡᠭᠦᠷᠭᠡ ᠪᠠ ᠭᠤᠣᠯᠳᠠᠯᠭ᠎ᠠ ᠲᠠᠢ ᠢᠨᠵᠧᠨᠧᠷᠢᠩ᠃ ᠨᠡᠶᠢᠲᠡ 9 ᠶᠡᠭᠡ ᠡᠭᠦᠷᠭᠡ ᠪᠠ 25 ᠲᠤᠰᠬᠠᠶ ᠪᠤᠯᠤᠩ ᠭᠡᠵᠦ ᠬᠤᠪᠢᠶᠠᠪᠠ᠃ 9 ᠶᠡᠭᠡ ᠡᠭᠦᠷᠭᠡ ᠨᠢ ᠲᠣᠰ ᠲᠣᠰ᠄ ① ᠰᠢᠨ᠎ᠡ ᠬᠡᠯᠪᠡᠷᠢ ᠶᠢᠨ ᠰᠠᠭᠤᠷᠢ ᠲᠥᠬᠦᠭᠡᠷᠦᠮᠵᠢ ᠶᠢ ᠵᠣᠬᠢᠬᠤ ᠬᠡᠮᠵᠢᠶ᠎ᠡ ᠪᠠᠷ ᠤᠷᠢᠳᠴᠢᠯᠠᠨ ᠪᠠᠶᠢᠷᠢᠯᠠᠭᠤᠯᠵᠤ᠂ ︽ᠲᠤᠭᠠᠴᠢᠯᠠᠯᠲᠠ ᠶᠢᠨ ᠰᠠᠭᠤᠷᠢ︾ ᠶᠢ ᠪᠠᠬᠢᠵᠢᠭᠦᠯᠦᠨ᠎ᠡ︔ ② ᠲᠤᠭ᠎ᠠ ᠪᠠᠷᠢᠮᠲᠠ ᠶᠢ ᠨᠡᠶᠢᠯᠡᠭᠦᠯᠵᠦ ᠬᠠᠮᠲᠤ ᠪᠠᠷ ᠡᠳ᠋ᠯᠡᠬᠦ ᠶᠢ ᠲᠦᠷᠭᠡᠳᠬᠡᠵᠦ᠂ ᠲᠤᠭ᠎ᠠ ᠪᠠᠷᠢᠮᠲᠠ ᠶᠢᠨ ᠡᠬᠢ ᠪᠠᠶᠠᠯᠢᠭ ᠤᠨ ᠦᠨ᠎ᠡ ᠥᠷᠲᠡᠭ ᠢ ᠠᠭᠤᠳᠠᠯᠤᠨ᠎ᠠ︔ ③ ᠲᠣᠭᠠᠴᠢᠯᠠᠭᠰᠠᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠴᠢᠩᠭᠠᠳᠬᠠᠵᠤ᠂ ᠣᠷᠣᠨ ᠪᠦᠰᠡ ᠶᠢᠨ ᠴᠢᠨᠠᠷᠲᠠᠶ ᠰᠢᠨ᠎ᠡ ᠶᠢ ᠡᠭᠦᠳᠬᠦ ᠥᠨᠳᠦᠷᠯᠢᠭ ᠢ ᠪᠣᠶ ᠪᠣᠯᠭᠠᠨ᠎ᠠ︔ ④ ᠲᠣᠭᠠᠴᠢᠯᠠᠭᠰᠠᠨ ᠠᠵᠤ ᠠᠬᠤᠶ ᠶᠢ ᠶᠡᠬᠡᠪᠡᠷ ᠬᠥᠭᠵᠢᠭᠦᠯᠵᠦ᠂ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠤᠨ᠎ᠠ︔ ⑤ ᠲᠣᠭᠠᠴᠢᠯᠠᠭᠰᠠᠨ ᠵᠠᠰᠠᠭ  ᠤᠨ ᠣᠷᠳᠣᠨ ᠤ ᠪᠠᠶᠢᠭᠤᠯᠤᠯᠲᠠ ᠶᠢ ᠲᠦᠷᠭᠡᠳᠬᠡᠵᠦ᠂ ᠣᠷᠤᠨ ᠤ ᠲᠥᠪ ᠬᠤᠲᠠ ᠶᠢᠨ ᠵᠠᠰᠠᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ︔ ⑥ ᠲᠣᠭᠠᠴᠢᠯᠠᠭᠰᠠᠨ ᠠᠮᠢ ᠠᠬᠤᠢ ᠶᠢᠨ ᠵᠠᠰᠠᠯᠲᠠ ᠶᠢ ᠠᠬᠢᠭᠤᠯᠵᠤ᠂ ᠠᠮᠢ ᠠᠬᠤᠢ ᠶᠢᠨ ᠬᠠᠯᠬᠠᠪᠴᠢ ᠶᠢᠨ ᠣᠷᠣᠨ ᠤ ᠲᠥᠪ  ᠬᠤᠲᠠ ᠶᠢᠨ ᠡᠭᠦᠷᠭᠡᠯᠡᠯ ᠢ ᠢᠯᠡᠷᠡᠭᠦᠯᠦᠨ᠎ᠡ︔ ⑦ ᠲᠣᠭᠠᠴᠢᠯᠠᠭᠰᠠᠨ ᠨᠡᠶᠢᠭᠡᠮ ᠤᠨ ᠪᠠᠶᠢᠭᠤᠯᠤᠯᠲᠠ ᠶᠢ ᠠᠬᠢᠭᠤᠯᠵᠤ᠂ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠬᠦᠰᠡᠯ ᠡᠷᠡᠮᠡᠯᠵᠡᠯ ᠢ ᠬᠠᠩᠭᠠᠨ᠎ᠠ︔ ⑧ ᠲᠣᠷᠭᠠᠨ ᠵᠠᠮ ᠤᠨ ᠲᠤᠭ᠎ᠠ ᠪᠠᠷᠢᠮᠲᠠ ᠶᠢᠨ ᠭᠠᠷᠠᠮ ᠤᠨ ᠪᠥᠲᠥᠭᠡᠨ ᠪᠠᠶᠢᠭᠤᠯᠤᠯᠲᠠ ᠶᠢ ᠬᠥᠲᠥᠯᠦᠨ ᠳᠠᠭᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠠᠭᠤᠰᠤᠯᠴᠠᠨ᠎ᠠ︔ ⑨ ᠰᠦᠯᠵᠢᠶ᠎ᠡ ᠪᠠ ᠮᠡᠳᠡᠭᠡ ᠵᠠᠩᠭᠢ ᠶᠢᠨ ᠠᠮᠤᠷ ᠲᠦᠪᠰᠢᠨ ᠢ ᠲᠡᠭᠦᠯᠳᠡᠷᠵᠢᠭᠦᠯᠵᠦ᠂ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠦᠨ᠎ᠡ᠃      ᠲᠦᠷᠪᠡ ᠳᠤ ᠪᠠᠲᠤᠯᠠᠭ᠎ᠠ ᠶᠢᠨ ᠠᠷᠭ᠎ᠠ ᠬᠡᠮᠵᠢᠶ᠎ᠡ᠃ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠶᠢ ᠴᠢᠩᠭᠠᠳᠬᠠᠬᠤ᠂ ᠲᠦᠷᠢᠮ ᠤᠨ ᠰᠢᠨ᠎ᠡ ᠶᠢ ᠡᠭᠦᠳᠬᠦ ᠶᠢ ᠰᠦᠪᠡᠭᠴᠢᠯᠡᠬᠦ᠂ ᠪᠠᠯᠠ ᠲᠣᠬᠢᠷᠠᠭᠤᠯᠭ᠎ᠠ ᠶᠢᠨ ᠠᠷᠭ᠎ᠠ ᠵᠠᠮ ᠢ ᠥᠷᠭᠡᠳᠬᠡᠬᠦ᠂ ᠡᠵᠡᠩᠨᠡᠯᠲᠡ ᠶᠢᠨ ᠵᠠᠭᠪᠤᠷ ᠲᠤ ᠰᠢᠨ᠎ᠡ ᠶᠢ ᠡᠭᠦᠳᠬᠦ᠂ ᠬᠡᠷᠡᠭᠯᠡᠭᠡᠨ ᠤ ᠲᠠᠯᠠᠪᠤᠷ ᠢ ᠪᠠᠶᠠᠯᠢᠭᠵᠢᠭᠤᠯᠬᠤ᠂ ᠤᠬᠠᠭᠤᠯᠤᠨ ᠲᠤᠭᠤᠰᠢᠯᠠᠭᠤᠯᠬᠤ ᠪᠣᠯᠪᠠᠰᠤᠷᠠᠭᠤᠯᠤᠯ ᠢ ᠴᠢᠩᠭᠠᠳᠬᠠᠬᠤ ᠵᠡᠷᠭᠡ 6  ᠵᠦᠢᠯ‌‍ᠤᠨ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠴᠢᠬᠤᠯᠠ ᠶᠡᠭᠡ ᠡᠭᠦᠷᠭᠡ ᠪᠠ ᠭᠤᠤᠯᠳᠠᠯᠭ᠎ᠠ ᠲᠠᠢ ᠢᠨᠵᠧᠨᠧᠷᠢᠩ ᠤᠨ ᠤᠷᠤᠭᠰᠢᠲᠠᠶ ᠶᠠᠪᠤᠭᠳᠠᠬᠤ ᠶᠢ ᠪᠠᠲᠤᠯᠠᠨ᠎ᠠ᠃      ᠭᠤᠷᠪᠠ᠂ ᠲᠣᠳᠣᠷᠬᠠᠶᠢᠯᠠᠬᠤ ᠴᠢᠬᠤᠯᠠᠲᠠᠢ ᠭᠤᠷᠪᠠᠨ ᠠᠰᠠᠭᠤᠳᠠᠯ      ᠨᠢᠭᠡ ᠳᠤ ᠲᠥᠯᠥᠪᠵᠢᠭᠦᠯᠭᠡ ᠶᠢᠨ ᠪᠠᠶᠢᠷᠢ ᠲᠣᠭᠲᠠᠭᠠᠬᠤ ᠠᠰᠠᠭᠤᠳᠠᠯ ᠤᠨ ᠲᠤᠬᠠᠶ᠃ ︽ᠲᠥᠯᠥᠪᠵᠢᠭᠦᠯᠭᠡ︾ ᠳᠤ ︽ᠪᠥᠬᠦ ᠤᠯᠤᠰ ᠤᠨ ᠨᠢᠭᠡ ᠴᠤᠭᠴᠠᠵᠢᠭᠰᠠᠨ ᠪᠤᠳᠤᠯᠭ᠎ᠠ ᠶᠢᠨ ᠬᠦᠴᠦᠨ ᠤ ᠰᠦᠯᠵᠢᠶᠡᠨ ᠤ ᠤᠯᠤᠰ ᠤᠨ ᠵᠠᠩᠭᠢᠯᠠᠭ᠎ᠠ ᠶᠢᠨ ᠴᠡᠭ᠂ ᠳᠤᠮᠳᠠᠳᠤ ᠤᠯᠤᠰ ᠤᠨ ᠤᠮᠠᠷᠠᠲᠤ ᠶᠢᠨ ᠲᠣᠭᠠᠴᠢᠯᠠᠭᠰᠠᠨ ᠠᠵᠤ ᠠᠬᠤᠶ ᠶᠢᠨ ᠵᠢᠱᠢᠶ᠎ᠡ ᠦᠵᠡᠭᠦᠯᠬᠦ ᠣᠷᠣᠨ᠂ ᠳᠤᠮᠳᠠ ᠪᠠᠷᠠᠭᠤᠨ ᠣᠷᠣᠨ ᠤ ᠤᠶᠤᠨᠲᠤ ᠬᠤᠲᠠ ᠶᠢᠨ ᠰᠢᠨ᠎ᠡ  ᠬᠡᠪ ᠵᠠᠭᠪᠤᠷ︾ ᠭᠡᠬᠦ ᠭᠤᠷᠪᠠᠨ ᠶᠡᠭᠡ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠶᠢ ᠳᠤᠷᠠᠳᠤᠨ  ᠭᠠᠷᠭᠠᠵᠤ᠂  ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠦᠭᠦᠳᠡ  ᠬᠤᠷᠠᠯ ᠤᠨ ᠲᠣᠭᠠᠴᠢᠯᠠᠭᠰᠠᠨ ᠳᠤᠮᠳᠠᠳᠤ ᠤᠯᠤᠰ ᠢ ᠪᠦᠲᠦᠭᠡᠨ ᠪᠠᠶᠢᠭᠤᠯᠬᠤ ᠱᠠᠭᠠᠷᠳᠠᠯᠭ᠎ᠠ ᠳᠤ ᠨᠡᠶᠢᠴᠡᠵᠦ᠂ ᠥᠪᠡᠷᠲᠡᠭᠡᠨ ᠵᠠᠰᠠᠬᠤ ᠣᠷᠣᠨ ᠠᠴᠠ ᠮᠠᠨ ᠤ ᠬᠤᠲᠠ ᠳᠤ ᠲᠠᠯᠪᠢᠭᠰᠠᠨ ᠶᠡᠷᠦᠩᠬᠡᠢ ᠱᠠᠭᠠᠷᠳᠠᠯᠭ᠎ᠠ ᠳᠤ ᠨᠡᠶᠢᠴᠡᠵᠦ᠂ ᠮᠥᠨᠴᠦ ᠮᠠᠨ ᠤ ᠬᠤᠲᠠ ᠶᠢᠨ  ᠲᠤᠭᠠᠴᠢᠯᠠᠯᠲᠠ  ᠪᠠᠷ ᠬᠡᠯᠪᠡᠷᠢ ᠶᠢ ᠬᠤᠪᠢᠷᠠᠭᠤᠯᠬᠤ ᠶᠠᠪᠤᠴᠠ ᠳᠠᠬᠢ ᠬᠥᠭᠵᠢᠯᠲᠡ ᠶᠢᠨ ᠬᠡᠷᠡᠭᠴᠡᠭᠡ ᠪᠣᠯᠤᠨ ᠳᠠᠪᠠᠭᠤᠯᠢᠭ ᠣᠨᠴᠠᠯᠢᠭ ᠲᠤ ᠨᠡᠶᠢᠴᠡᠨ᠎ᠡ᠃      ᠬᠤᠶᠠᠷ ᠲᠤ ᠲᠥᠯᠥᠪᠵᠢᠭᠦᠯᠭᠡ ᠶᠢ ᠵᠣᠯᠭᠠᠭᠤᠯᠬᠤ ᠠᠰᠠᠭᠤᠳᠠᠯ ᠤᠨ ᠲᠤᠬᠠᠶ᠃ ︽ᠲᠥᠯᠥᠪᠵᠢᠭᠦᠯᠭᠡ︾ ᠶᠢ ᠨᠠᠶᠢᠷᠠᠭᠤᠯᠤᠨ ᠵᠣᠬᠢᠶᠠᠬᠤ ᠶᠠᠪᠤᠴᠠ ᠳᠤ᠂ ᠤᠯᠤᠰ᠂ ᠥᠪᠡᠷᠲᠡᠭᠡᠨ ᠵᠠᠰᠠᠬᠤ ᠣᠷᠣᠨ ᠪᠠ ᠮᠠᠨ ᠤ ᠬᠤᠲᠠ ᠶᠢᠨ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠪᠠ 2035 ᠣᠨ ᠤ ᠠᠯᠤᠰ ᠤᠨ ᠬᠠᠷᠠᠯᠲᠠ ᠶᠢᠨ ᠬᠥᠲᠥᠯᠪᠦᠷᠢ ᠶᠢ ᠵᠣᠯᠭᠠᠭᠤᠯᠪᠠ︔ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠣᠭᠠᠴᠢᠯᠠᠭᠰᠠᠨ ᠵᠠᠰᠠᠭ ᠤᠨ ᠣᠷᠳᠣᠨ ᠤ ᠪᠠᠶᠢᠭᠤᠯᠤᠯᠲᠠ᠂ ᠲᠣᠭᠠᠴᠢᠯᠠᠭᠰᠠᠨ ᠨᠡᠶᠢᠭᠡᠮ ᠤᠨ ᠪᠠᠶᠢᠭᠤᠯᠤᠯᠲᠠ᠂ ᠲᠣᠭᠠᠴᠢᠯᠠᠭᠰᠠᠨ ᠠᠵᠤ ᠦᠢᠯᠡᠰᠵᠢᠯᠲᠡ ᠪᠠ ᠠᠵᠤ ᠦᠢᠯᠡᠰ ᠤᠨ ᠲᠣᠭᠠᠴᠢᠯᠠᠭᠰᠠᠨ ᠬᠥᠭᠵᠢᠯᠲᠡ᠂ ᠬᠥᠬᠡᠬᠤᠲᠠ ᠪᠤᠭᠤᠲᠤ ᠤᠷᠳᠤᠰ ᠤᠯᠠᠭᠠᠨᠴᠠᠪ ᠤᠨ ᠤᠶᠤᠨᠲᠤ ᠬᠤᠳᠠ ᠶᠢᠨ ᠪᠦᠳᠦᠭᠡᠨ ᠪᠠᠶᠢᠭᠤᠯᠤᠯᠲᠠ ᠶᠢ ᠨᠢᠭᠡ ᠴᠤᠬᠴᠠᠵᠢᠭᠤᠯᠬᠤ ᠵᠡᠷᠭᠡ ᠲᠦᠷᠪᠡᠨ ᠠᠵᠢᠯᠯᠠᠭ᠎ᠠ ᠶᠢᠨ ᠲᠥᠰᠦᠯ ᠲᠠᠢ ᠵᠣᠯᠭᠠᠭᠤᠯᠪᠠ︔ ᠡᠭᠦᠨ ᠤ ᠬᠠᠮᠲᠤ ᠮᠠᠨ ᠤ ᠬᠤᠲᠠ ᠶᠢᠨ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠤᠭᠤᠴᠠᠭᠠᠨ ᠳᠠᠬᠢ ᠬᠤᠲᠠ ᠶᠢᠨ ᠬᠠᠮᠢᠶᠠᠷᠤᠯᠲᠠ ᠶᠢᠨ ᠬᠥᠭᠵᠢᠯᠲᠡ ᠶᠢᠨ ᠲᠤᠰᠬᠠᠶ ᠲᠥᠯᠥᠪᠵᠢᠭᠦᠯᠭᠡ᠂ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠬᠥᠭᠵᠢᠯᠲᠡ ᠶᠢᠨ ᠲᠥᠯᠥᠪᠵᠢᠭᠦᠯᠭᠡ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠥᠯᠥᠪᠵᠢᠭᠦᠯᠭᠡ᠂ ᠣᠷᠣᠨ ᠪᠦᠰᠡ ᠶᠢᠨ ᠬᠠᠮᠲᠤᠷᠠᠯᠴᠠᠭᠠᠨ ᠤ ᠲᠥᠯᠥᠪᠵᠢᠭᠦᠯᠭᠡ ᠵᠡᠷᠭᠡ ᠲᠠᠢ ᠭᠦᠢᠴᠡᠳ ᠵᠣᠯᠭᠠᠭᠤᠯᠵᠤ᠂ ᠲᠣᠭᠠᠴᠢᠯᠠᠭᠰᠠᠨ ᠬᠥᠬᠡᠬᠤᠲᠠ ᠶᠢᠨ ᠬᠥᠭᠵᠢᠯᠲᠡ ᠶᠢᠨ ᠶᠡᠷᠦᠩᠬᠡᠶ ᠰᠡᠳᠬᠢᠴᠡ᠂ ᠴᠢᠬᠤᠯᠠ ᠶᠡᠭᠡ ᠡᠭᠦᠷᠭᠡ ᠪᠠ ᠭᠤᠤᠯᠳᠠᠯᠭ᠎ᠠ ᠲᠠᠢ ᠢᠨᠵᠧᠨᠧᠷᠢᠩ ᠢ ᠲᠣᠳᠣᠷᠬᠠᠶᠢᠯᠠᠭᠰᠠᠨ ᠪᠠᠶᠢᠨ᠎ᠠ᠃      ᠭᠤᠷᠪᠠ ᠳᠤ ᠲᠥᠯᠥᠪᠵᠢᠭᠦᠯᠭᠡ ᠶᠢ ᠬᠡᠷᠡᠭᠵᠢᠭᠦᠯᠬᠦ ᠠᠰᠠᠭᠤᠳᠠᠯ ᠤᠨ ᠲᠤᠬᠠᠶ᠃ ︽ᠲᠥᠯᠥᠪᠵᠢᠭᠦᠯᠭᠡ︾ ᠳᠤ 9 ᠶᠡᠭᠡ ᠭᠤᠣᠯᠳᠠᠯᠭ᠎ᠠ ᠲᠠᠢ ᠡᠭᠦᠷᠭᠡ ᠶᠢ ᠪᠠᠶᠢᠷᠢᠯᠠᠭᠤᠯᠵᠤ᠂ 25 ᠭᠤᠣᠯᠳᠠᠯᠭ᠎ᠠ ᠲᠠᠢ ᠢᠨᠵᠧᠨᠧᠷᠢᠩ ᠪᠠ 75 ᠲᠦᠷᠦᠯ ᠵᠦᠢᠯ ᠢ ᠲᠣᠬᠢᠷᠠᠭᠤᠯᠵᠤ᠂ ᠪᠦᠳᠦᠭᠡᠨ ᠪᠠᠶᠢᠭᠤᠯᠬᠤ ᠠᠭᠤᠯᠭ᠎ᠠ᠂ ᠬᠠᠷᠠᠯᠲᠠ ᠱᠠᠭᠠᠷᠳᠠᠯᠭ᠎ᠠ ᠪᠠ ᠬᠠᠷᠢᠭᠤᠴᠠᠯᠭᠠᠲᠤ ᠨᠢᠭᠡᠴᠡ ᠶᠢ ᠲᠣᠳᠣᠷᠬᠠᠶᠢᠯᠠᠭᠰᠠᠨ ᠤ ᠬᠠᠮᠲᠤ ᠡᠭᠦᠷᠭᠡ ᠶᠢ ᠤᠯᠠᠮ ᠨᠢᠭᠡ ᠠᠯᠬᠤᠮ ᠨᠠᠷᠢᠨ ᠬᠤᠪᠢᠶᠠᠵᠤ᠂ ︽ᠲᠥᠯᠥᠪᠵᠢᠭᠦᠯᠭᠡ︾  ᠶᠢᠨ ᠪᠣᠳᠠᠲᠠᠶᠢᠵᠢᠬᠤ ᠴᠢᠨᠠᠷ ᠪᠠ ᠬᠡᠷᠡᠭᠵᠢᠭᠦᠯᠵᠦ ᠪᠣᠯᠬᠤᠶᠢᠴᠠ ᠴᠢᠨᠠᠷ ᠢ ᠴᠢᠩᠭᠠᠳᠬᠠᠪᠠ᠃                     ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠶᠢᠨ ᠢᠷᠡᠯᠲᠡ᠄ ᠬᠤᠲᠠ ᠶᠢᠨ ᠲᠣᠮᠣ ᠳ᠋ᠠᠶᠢᠲ᠋ᠠ ᠶᠢᠨ  ᠬᠠᠮᠢᠶᠠᠷᠤᠯᠲᠠ ᠶᠢᠨ ᠲᠣᠪᠴᠢᠶ᠎ᠠ                                                  ᠢᠷᠡᠯᠲᠡ᠄ ᠬᠤᠲᠠ ᠶᠢᠨ ᠵᠠᠰᠠᠭ ᠤᠨ ᠣᠷᠳᠣᠨ ᠤ ᠠᠯᠪᠠᠨ ᠭᠡᠷ
 
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号