︽ᠬᠥᠬᠡᠬᠤᠲᠠ ᠶᠢᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠥᠷᠥᠯ ᠲᠡᠮᠳᠡᠭᠲᠦ ᠶᠢᠨ ᠪᠦᠲᠦᠭᠡᠨ ᠪᠠᠶᠢᠭᠤᠯᠤᠯᠲᠠ ᠭᠤᠷᠪᠠᠨ ᠵᠢᠯ ᠤᠨ ᠠᠵᠢᠯᠯᠠᠭᠠᠨ ᠤ ᠲᠥᠰᠦᠯ ︵2021 — 2023 ᠣᠨ︶︾ ᠤᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2021/10/23
      ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠵᠤ᠂ ᠮᠠᠨ ᠤ ᠬᠤᠲᠠ ᠶᠢᠨ ᠮᠠᠯ ᠤᠨ ᠠᠰᠢᠭ ᠰᠢᠮ᠎ᠡ  ᠲᠠᠷᠢᠶᠠᠯᠠᠩ ᠤᠨ ᠪᠦᠲᠦᠭᠡᠭᠳᠡᠬᠦᠨ ᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠥᠷᠥᠯ ᠲᠡᠮᠳᠡᠭᠲᠦ ᠶᠢᠨ ᠪᠥᠲᠥᠭᠡᠨ ᠪᠠᠶᠢᠭᠤᠯᠤᠯᠲᠠ ᠶᠢ ᠴᠢᠩᠭᠠᠳᠬᠠᠵᠤ᠂ ᠲᠥᠷᠥᠯ ᠲᠡᠮᠳᠡᠭᠲᠦ ᠶᠢᠨ ᠦᠨ᠎ᠡ ᠥᠷᠲᠡᠭ ᠢ ᠭᠦᠨᠵᠡᠭᠡᠶ ᠠᠭᠤᠳᠠᠯᠵᠤ᠂ ᠪᠣᠬᠢᠷᠲᠤᠯ ᠥᠬᠡᠶ ᠴᠢᠨᠠᠷ ᠰᠠᠶᠢᠲᠠᠶ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠬᠠᠩᠭᠠᠯᠭ᠎ᠠ ᠶᠢ ᠨᠡᠮᠡᠭᠳᠡᠭᠦᠯᠦᠨ᠂ ᠲᠠᠷᠢᠶᠠᠯᠠᠩ ᠮᠠᠯ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ᠂ ᠲᠠᠷᠢᠶᠠᠴᠢᠳ ᠤᠨ ᠣᠷᠣᠯᠭ᠎ᠠ ᠪᠠᠨ ᠨᠡᠮᠡᠭᠳᠡᠭᠦᠯᠦᠨ ᠪᠠᠶᠠᠵᠢᠬᠤ ᠶᠢ  ᠳᠠᠶᠢᠴᠢᠯᠠᠬᠤ ᠶᠢᠨ ᠲᠦᠯᠦᠭᠡ᠂ ᠪᠣᠳᠠᠲᠠᠶ ᠲᠠᠢ ᠪᠠᠨ ᠤᠶᠠᠯᠳᠤᠭᠤᠯᠤᠨ᠂ ᠮᠠᠨ ᠤ ᠬᠤᠲᠠ ︽ᠬᠥᠬᠡᠬᠤᠲᠠ ᠶᠢᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠥᠷᠥᠯ ᠲᠡᠮᠳᠡᠭᠲᠦ ᠶᠢᠨ ᠪᠥᠲᠥᠭᠡᠨ ᠪᠠᠶᠢᠭᠤᠯᠤᠯᠲᠠ ᠶᠢᠨ ᠭᠤᠷᠪᠠᠨ ᠵᠢᠯ ᠤᠨ ᠠᠵᠢᠯᠯᠠᠭᠠᠨ ᠤ ᠲᠥᠰᠦᠯ ︵2021 — 2023 ᠣᠨ︶︾ ᠢ ᠲᠣᠭᠲᠠᠭᠠᠪᠠ᠃ ᠲᠠᠷᠢᠶᠠᠯᠠᠩ ᠮᠠᠯ ᠠᠵᠤ ᠠᠬᠤᠶ ᠶᠢᠨ ᠠᠵᠢᠯᠲᠠᠳ᠂ ᠲᠦᠷᠦᠯ ᠲᠡᠮᠳᠡᠭᠲᠦ ᠶᠢ ᠳᠡᠯᠭᠡᠷᠡᠭᠦᠯᠦᠭᠴᠢ ᠪᠠ ᠬᠡᠷᠡᠭᠯᠡᠭᠴᠢ ᠶᠢᠨ ︽ᠠᠵᠢᠯᠯᠠᠭᠠᠨ ᠤ ᠲᠥᠰᠦᠯ︾ ᠢ ᠨᠠᠩ ᠪᠤᠰᠤᠳᠴᠢ ᠪᠠᠷ᠂ ᠭᠦᠨᠵᠡᠭᠡᠶ ᠣᠶᠢᠯᠠᠭᠠᠬᠤ ᠳᠤ ᠲᠥᠬᠦᠮ ᠦᠵᠡᠭᠦᠯᠬᠦ ᠶᠢᠨ ᠲᠤᠰᠠᠳᠠ᠂ ᠡᠳᠦᠭᠡ ᠬᠤᠯᠪᠣᠭᠳᠠᠯ ᠪᠥᠬᠦᠶ ᠪᠠᠶᠢᠳᠠᠯ ᠢ ᠳᠣᠤᠷᠠᠬᠢ ᠮᠡᠲᠦ ᠲᠠᠨᠢᠯᠴᠠᠭᠤᠯᠤᠶ᠎ᠠ᠄      ᠨᠢᠭᠡ᠂ ᠣᠷᠣᠨ ᠲᠤᠭ᠎ᠠ ᠶᠢᠨ ᠠᠬᠤᠶ ᠪᠠᠶᠢᠳᠠᠯ ᠬᠢᠭᠡᠳ ᠴᠢᠬᠤᠯᠠ ᠶᠡᠭᠡ ᠠᠴᠢ ᠬᠤᠯᠪᠣᠭᠳᠠᠯ      ᠨᠢᠭᠡ ᠳᠤ ᠥᠪᠡᠷᠲᠡᠭᠡᠨ ᠵᠠᠰᠠᠬᠤ ᠣᠷᠣᠨ ᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠥᠷᠥᠯ ᠲᠡᠮᠳᠡᠭᠲᠦ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠠᠵᠢᠯᠯᠠᠭᠠᠨ ᠢ ᠨᠠᠶᠢᠳᠠᠪᠤᠷᠢᠵᠢᠭᠤᠯᠬᠤ ᠴᠢᠬᠤᠯᠠ ᠠᠷᠭ᠎ᠠ ᠬᠡᠮᠵᠢᠶ᠎ᠡ ᠮᠦᠨ᠃ ᠥᠪᠡᠷᠲᠡᠭᠡᠨ ᠵᠠᠰᠠᠬᠤ ᠣᠷᠣᠨ ᠤ ︽ᠮᠠᠯ ᠤᠨ ᠠᠰᠢᠭ ᠰᠢᠮ᠎ᠡ  ᠲᠠᠷᠢᠶᠠᠯᠠᠩ ᠤᠨ ᠪᠦᠲᠦᠭᠡᠭᠳᠡᠬᠦᠨ ᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠥᠷᠥᠯ ᠲᠡᠮᠳᠡᠭᠲᠦ ᠶᠢᠨ  ᠪᠦᠲᠦᠭᠡᠨ ᠪᠠᠶᠢᠭᠤᠯᠤᠯᠲᠠ ᠶᠢᠨ ᠭᠤᠷᠪᠠᠨ ᠵᠢᠯ ᠤᠨ ᠠᠵᠢᠯᠯᠠᠭᠠᠨ ᠤ ᠲᠥᠰᠦᠯ ︵2021 — 2023 ᠣᠨ︶︾ ︵ᠥᠪᠥᠷ ᠵᠠᠰᠠᠭ ᠠᠯᠪᠠᠨ ᠲᠠᠷᠬᠠᠭᠠᠭᠰᠠᠨ ﹇ 2021﹈ 9  ᠳ᠋ᠤᠭᠡᠷ ᠲᠣᠭᠠᠲᠤ︶ ᠤᠨ ᠱᠠᠭᠠᠷᠳᠠᠯᠭ᠎ᠠ ᠶᠣᠰᠣᠭᠠᠷ᠂ ᠮᠠᠨ ᠤ ᠬᠤᠲᠠ ᠶᠢᠨ ᠪᠣᠳᠠᠲᠠᠶ ᠲᠠᠢ ᠪᠠᠨ ᠤᠶᠠᠯᠳᠤᠭᠤᠯᠤᠨ᠂ ᠬᠡᠷᠡᠭᠵᠢᠭᠦᠯᠬᠦ ᠲᠥᠰᠦᠯ ᠲᠣᠭᠲᠠᠭᠠᠵᠤ᠂ ᠲᠥᠷᠥᠯ ᠲᠡᠮᠳᠡᠭᠲᠦ ᠶᠢᠨ ᠦᠨ᠎ᠡ ᠥᠷᠲᠡᠭ ᠢ ᠭᠦᠨᠵᠡᠭᠡᠶ ᠠᠭᠤᠳᠠᠯᠤᠨ᠂ ᠪᠣᠬᠢᠷᠲᠤᠯ ᠥᠬᠡᠶ ᠴᠢᠨᠠᠷ ᠰᠠᠶᠢᠲᠠᠶ ᠮᠠᠯ ᠤᠨ ᠠᠰᠢᠭ ᠰᠢᠮ᠎ᠡ  ᠲᠠᠷᠢᠶᠠᠯᠠᠩ ᠤᠨ ᠪᠦᠲᠦᠭᠡᠭᠳᠡᠬᠦᠨ ᠤ ᠬᠠᠩᠭᠠᠯᠭ᠎ᠠ ᠶᠢ ᠨᠡᠮᠡᠭᠳᠡᠭᠦᠯᠵᠦ᠂ ᠮᠠᠨ ᠤ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠦᠨᠡᠨᠬᠦ ᠠᠬᠢᠭᠤᠯᠤᠨ᠎ᠠ᠃      ᠬᠤᠶᠠᠷ ᠲᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠥᠷᠥᠯ ᠲᠡᠮᠳᠡᠭᠲᠦ ᠶᠢᠨ  ᠪᠦᠲᠦᠭᠡᠨ ᠪᠠᠶᠢᠭᠤᠯᠤᠯᠲᠠ ᠶᠢᠨ ᠰᠢᠨ᠎ᠡ ᠬᠥᠭᠵᠢᠯᠲᠡ ᠶᠢᠨ ᠣᠨᠣᠯᠵᠢᠬᠤᠨ ᠢ ᠪᠠᠷᠢᠮᠲᠠᠯᠠᠨ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠪᠠᠷ ᠭᠤᠤᠯ ᠰᠢᠵᠢᠮ ᠪᠣᠯᠭᠠᠵᠤ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠪᠠ ᠦᠷ᠎ᠡ ᠠᠰᠢᠭ ᠢ ᠬᠦᠴᠦᠯᠡᠨ ᠳᠡᠭᠡᠭᠰᠢᠯᠡᠭᠦᠯᠵᠦ᠂ ᠣᠲᠣ ᠦᠶ᠎ᠡ ᠶᠢᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠲᠥᠷᠥᠯ ᠲᠡᠮᠳᠡᠭᠲᠦ ᠶᠢᠨ ᠥᠷᠲᠡᠭ ᠤᠨ ᠰᠢᠰᠲ᠋ᠧᠮᠵᠢ ᠶᠢ ᠪᠠᠶᠢᠭᠤᠯᠤᠨ᠂ ᠲᠠᠷᠢᠶᠠᠯᠠᠩ ᠮᠠᠯ ᠠᠵᠤ ᠠᠬᠤᠶ ᠶᠢᠨ ᠠᠵᠤ ᠦᠢᠯᠡᠰ ᠤᠨ ᠬᠡᠯᠬᠢᠶ᠎ᠡ ᠶᠢ ᠳᠣᠤᠷᠠᠳᠤ ᠤᠷᠤᠰᠬᠠᠯ ᠳᠠᠰᠢ ᠤᠷᠲᠤᠳᠬᠠᠬᠤ᠂ ᠥᠷᠲᠡᠭ ᠤᠨ ᠬᠡᠯᠬᠢᠶ᠎ᠡ ᠶᠢ ᠳᠤᠮᠳᠠ ᠳᠡᠭᠡᠳᠦ ᠲᠠᠰ ᠳᠠᠰᠢ ᠳᠡᠭᠡᠭᠰᠢᠯᠡᠭᠦᠯᠬᠦ ᠶᠢ ᠠᠬᠢᠭᠤᠯᠵᠤ᠂ ᠤᠨᠴᠠᠯᠢᠬᠳᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠠᠵᠤ ᠦᠢᠯᠡᠰ ᠤᠨ ᠪᠦᠰᠡ ᠪᠠ ᠠᠵᠤ ᠦᠢᠯᠡᠰ ᠤᠨ  ᠪᠦᠭᠡᠮᠨᠡᠷᠡᠯ ᠤᠨ ᠬᠦᠭᠵᠢᠯᠲᠡ ᠶᠢ ᠠᠬᠢᠭᠤᠯᠤᠨ᠎ᠠ᠃      ᠭᠤᠷᠪᠠ ᠳᠤ ᠲᠠᠷᠢᠶᠠᠴᠢᠳ ᠤᠨ ᠣᠷᠣᠯᠭ᠎ᠠ ᠶᠢᠨ ᠨᠡᠮᠡᠭᠳᠡᠯ ᠢ ᠠᠬᠢᠭᠤᠯᠬᠤ ᠪᠠᠰᠠ ᠨᠢᠭᠡᠨ ᠴᠢᠬᠤᠯᠠ ᠠᠷᠭ᠎ᠠ ᠵᠠᠮ ᠪᠣᠯᠤᠨ᠎ᠠ᠃ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ  ᠲᠥᠷᠥᠯ ᠲᠡᠮᠳᠡᠭᠲᠦ ᠶᠢᠨ ᠪᠦᠲᠦᠭᠡᠨ ᠪᠠᠶᠢᠭᠤᠯᠤᠯᠲᠠ ᠶᠢᠨ ᠬᠥᠭᠵᠢᠯᠲᠡ ᠶᠢᠨ ᠠᠵᠤ ᠠᠬᠤᠶ ᠶᠢ ᠳᠠᠶᠢᠴᠢᠯᠠᠬᠤ᠂ ᠨᠥᠯᠥᠭᠡᠯᠡᠬᠦ ᠬᠡᠪᠴᠢᠶ᠎ᠡ ᠨᠢ ᠶᠡᠭᠡ ᠪᠠᠶᠢᠵᠤ᠂ ᠮᠥᠨ ᠴᠦ ᠲᠠᠷᠢᠶᠠᠴᠢᠳ ᠢ ᠳᠠᠶᠢᠴᠢᠯᠠᠨ ᠣᠷᠣᠯᠭ᠎ᠠ ᠶᠢ ᠨᠢ ᠨᠡᠮᠡᠭᠳᠡᠭᠦᠯᠦᠨ ᠪᠠᠶᠠᠵᠢᠭᠤᠯᠬᠤ ᠶᠢᠨ ᠴᠢᠬᠤᠯᠠ ᠠᠷᠭ᠎ᠠ ᠵᠠᠮ ᠪᠣᠯᠤᠨ᠎ᠠ᠃ ︽ᠠᠵᠢᠯᠯᠠᠭᠠᠨ ᠤ ᠲᠥᠰᠦᠯ︾ ᠢ ᠨᠡᠶᠢᠲᠡᠯᠡᠭᠰᠡᠨ ᠤ ᠳᠠᠷᠠᠭ᠎ᠠ᠂ ᠮᠠᠨ ᠤ ᠬᠤᠲᠠ ᠶᠢᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠥᠷᠥᠯ ᠲᠡᠮᠳᠡᠭᠲᠦ ᠶᠢᠨ ᠬᠥᠭᠵᠢᠯᠲᠡ ᠶᠢᠨ ᠲᠡᠷᠢᠭᠦᠨ ᠲᠣᠬᠢᠶᠠᠯ ᠢ ᠵᠠᠪᠳᠤᠨ ᠡᠵᠡᠯᠡᠬᠦ ᠳᠤ ᠠᠰᠢᠭᠲᠠᠶ ᠪᠠᠶᠢᠵᠤ᠂ ᠮᠠᠨ ᠤ ᠬᠤᠲᠠ ᠶᠢᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠥᠷᠥᠯ ᠲᠡᠮᠳᠡᠭᠲᠦ ᠶᠢᠨ ᠪᠠᠶᠢᠭᠤᠯᠤᠯᠲᠠ ᠶᠢᠨ ᠡᠷᠴᠢᠮ ᠢ  ᠴᠢᠩᠭᠠᠯᠠᠵᠤ᠂ ᠲᠠᠷᠢᠶᠠᠴᠢᠳ ᠤᠨ ᠥᠷᠭᠦᠯᠵᠢᠯᠡᠨ ᠣᠷᠤᠯᠭ᠎ᠠ ᠪᠠᠨ ᠨᠡᠮᠡᠭᠳᠡᠬᠦᠯᠬᠦ ᠶᠢ ᠠᠬᠢᠭᠤᠯᠤᠨ᠎ᠠ᠃      ᠬᠤᠶᠠᠷ᠂ ᠭᠤᠣᠯ ᠠᠭᠤᠯᠭ᠎ᠠ      ︽ᠠᠵᠢᠯᠯᠠᠭᠠᠨ ᠤ  ᠲᠥᠰᠦᠯ︾ ᠢ ᠳᠥᠷᠪᠡᠨ ᠬᠡᠰᠡᠭ ᠲᠤ ᠬᠤᠪᠢᠶᠠᠪᠠ᠄      ᠨᠢᠭᠡᠳᠦᠭᠡᠷ ᠬᠡᠰᠡᠭ᠂ ᠠᠵᠢᠯ ᠤᠨ ᠬᠠᠷᠠᠯᠲᠠ ᠪᠠᠨ ᠳᠤᠳᠤᠷᠬᠠᠶᠢᠯᠠᠪᠠ      ᠬᠤᠲᠠ ᠶᠢᠨ ᠨᠡᠷ᠎ᠡ ᠶᠢᠨ ᠬᠠᠭᠤᠳᠠᠰᠤ ᠶᠢ ᠵᠣᠬᠢᠶᠠᠬᠤ ᠬᠠᠮᠢᠶ᠎ᠠ ᠪᠦᠬᠦᠢ ᠠᠵᠢᠯ ᠤᠨ ᠪᠠᠶᠢᠷᠢᠯᠠᠭᠤᠯᠤᠯᠲᠠ ᠲᠠᠢ ᠤᠶᠠᠯᠳᠤᠭᠤᠯᠤᠨ᠂ ︽ᠴᠡᠯᠡᠭᠡᠷ ᠲᠠᠯ᠎ᠠ ᠶᠢᠨ ᠦᠨᠦᠷ ᠠᠮᠲᠠ︾ ︽ᠲᠠᠪᠤᠨ ᠦᠩᠭᠡ ᠶᠢᠨ ᠲᠦᠮᠡᠳ︾ ︽ᠦᠴᠤᠸᠠᠨ ᠤ ᠦᠨᠦᠷ ᠠᠮᠲᠠ︾ ︽ᠶᠣᠣ ᠱᠠᠩ ᠲᠢᠶᠠᠨ︾ ︽ᠵᠢᠷᠭᠠᠯᠠᠩᠲᠤ ᠢᠦᠶ ᠴᠢᠤᠸᠠᠨ︾ ︽ᠱᠧᠩ ᠯᠧ ᠤᠨ ᠦᠨᠦᠷ ᠠᠮᠳᠠ︾ ᠲᠦᠷᠦᠯ ᠲᠡᠮᠳᠡᠭ  ᠶᠢ  ᠡᠭᠦᠳᠴᠦ᠂ ᠰᠠᠶᠢᠬᠠᠨ ᠲᠣᠭᠤᠷᠢᠭ ︵ᠬᠦᠳᠡᠭᠡᠯᠢᠭ ᠰᠠᠶᠢᠬᠠᠨ︶᠂ ᠲᠣᠭᠲᠠᠬᠤ ᠰᠢᠶᠠᠨ ︵ᠲᠣᠭᠲᠠᠬᠤ ᠶᠢᠨ ᠦᠨᠦᠷ ᠠᠮᠲᠠ︶᠂ ᠰᠢᠨ᠎ᠡ ᠬᠤᠲᠠ ᠲᠣᠭᠤᠷᠢᠭ ︵ᠬᠦᠬᠡᠮᠳᠦᠭ ᠠᠭᠤᠯᠠ ᠷᠠᠰᠢᠶᠠᠨ ᠤᠰᠤ ᠠᠮᠳᠠᠳᠤ ᠰᠠᠶᠢᠬᠠᠨ ᠰᠢᠨ᠎ᠡ ᠬᠤᠲᠠ︶᠂ ᠬᠤᠲᠣᠩ ᠠᠷᠠᠳ ᠤᠨ ᠲᠣᠭᠤᠷᠢᠭ ︵ᠦᠵᠡᠰᠭᠦᠯᠡᠩᠲᠦ ᠤᠰᠤᠲᠤ︶ ᠤᠨ ᠨᠠᠷᠠᠲᠤ ᠲᠥᠷᠥᠯ ᠲᠡᠮᠳᠡᠭᠲᠦ ᠶᠢ ᠡᠭᠦᠳᠦᠨ ᠪᠠᠶᠢᠭᠤᠯᠬᠤ ᠶᠢ ᠠᠬᠢᠭᠤᠯᠵᠤ᠂ ᠣᠷᠣᠨ ᠨᠤᠲᠤᠭ ᠤᠨ ᠡᠬᠢ ᠪᠠᠶᠠᠯᠢᠭ ᠤᠨ ᠳᠠᠪᠠᠭᠤᠯᠢᠭ ᠲᠤ ᠰᠠᠭᠤᠷᠢᠯᠠᠨ᠂ ᠭᠤᠤᠯᠯᠠᠬᠤ ᠠᠵᠤ ᠦᠢᠯᠡᠰ ᠲᠤ ᠠᠩᠬᠠᠷᠤᠯ ᠢᠶᠠᠨ ᠲᠥᠪᠯᠡᠷᠡᠭᠦᠯᠵᠦ᠂ ᠢᠯᠡ ᠲᠣᠳᠣ ᠣᠷᠣᠨ ᠪᠦᠰᠡ ᠶᠢᠨ ᠣᠨᠴᠠᠯᠢᠭ ᠲᠠᠢ ᠰᠢᠶᠠᠨ ᠤ ᠨᠡᠶᠢᠲᠡ ᠶᠢᠨ ᠬᠡᠷᠡᠭᠯᠡᠭᠡᠨ ᠤ ᠲᠥᠷᠥᠯ ᠲᠡᠮᠳᠡᠭᠲᠦ ᠶᠢ ᠡᠭᠦᠳᠴᠦ᠂ ︽ᠨᠢᠭᠡ ᠰᠢᠶᠠᠨ ᠨᠢᠭᠡ ᠲᠥᠷᠥᠯ ᠲᠡᠮᠳᠡᠭᠲᠦ︾ ᠶᠢᠨ ᠲᠠᠷᠢᠶᠠᠯᠠᠩ ᠮᠠᠯ ᠠᠵᠤ ᠠᠬᠤᠶ ᠶᠢᠨ  ᠲᠥᠷᠥᠯ ᠲᠡᠮᠳᠡᠭᠲᠦ ᠶᠢᠨ ᠪᠠᠶᠢᠷᠢᠰᠢᠯ ᠢ ᠪᠣᠶ ᠪᠣᠯᠭᠠᠨ᠎ᠠ᠃      2023 ᠣᠨ ᠪᠣᠯᠬᠤ ᠳᠤ᠂ ᠥᠪᠡᠷᠲᠡᠭᠡᠨ ᠵᠠᠰᠠᠬᠤ ᠣᠷᠣᠨ ᠤ ᠳᠣᠲᠣᠷᠠᠬᠢ ᠨᠡᠯᠢᠶᠡᠳ ᠨᠡᠷ᠎ᠡ ᠠᠯᠳᠠᠷᠰᠢᠯ ᠲᠠᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠥᠷᠥᠯ ᠲᠡᠮᠳᠡᠭᠲᠦ ᠶᠢ 10 ᠠᠴᠠ ᠳᠡᠭᠡᠭᠰᠢ ︵︽ᠴᠡᠯᠡᠭᠡᠷ ᠲᠠᠯ᠎ᠠ ᠶᠢᠨ ᠦᠨᠦᠷ ᠠᠮᠲᠠ︾ ᠶᠢᠨ ᠳᠡᠭᠡᠷ᠎ᠡ ᠶᠢᠰᠦᠨ ᠬᠤᠰᠢᠭᠤ ᠰᠢᠶᠠᠨ ᠲᠣᠭᠤᠷᠢᠭ ᠤᠨ ᠨᠠᠷᠠᠲᠤ ᠲᠥᠷᠥᠯ ᠲᠡᠮᠳᠡᠭᠲᠦ ᠶᠢ ᠨᠡᠮᠡᠨ᠎ᠡ︶ ᠶᠢ ᠪᠤᠶᠢᠵᠢᠭᠤᠯᠤᠨ ᠪᠣᠶ ᠪᠣᠯᠭᠠᠵᠤ᠂ ᠤᠯᠤᠰ ᠤᠨ ᠳᠣᠲᠣᠭᠠᠳᠤ ᠭᠠᠳᠠᠭᠠᠳᠤ  ᠳᠤ ᠨᠡᠯᠢᠶᠡᠳ ᠨᠡᠷ᠎ᠡ ᠠᠯᠳᠠᠷᠰᠢᠯ ᠲᠠᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠥᠷᠥᠯ ᠲᠡᠮᠳᠡᠭᠲᠦ ᠶᠢ 2 ᠠᠴᠠ ᠳᠡᠭᠡᠭᠰᠢ ᠪᠤᠶᠢᠵᠢᠭᠤᠯᠤᠨ᠎ᠠ︔ ᠭᠠᠵᠠᠷ ᠵᠦᠶ ᠶᠢᠨ ᠪᠡᠯᠭᠡ ᠲᠡᠮᠳᠡᠭ ᠤᠨ ᠭᠡᠷᠡᠴᠢᠯᠡᠯ ᠲᠠᠢ ᠱᠤᠱᠢᠭ᠎ᠠ ᠲᠡᠮᠳᠡᠭ 2020 ᠣᠨ ᠳᠤ 21 ᠪᠠᠶᠢᠭᠰᠠᠨ ᠰᠠᠭᠤᠷᠢᠨ ᠳᠡᠭᠡᠷ᠎ᠡ ᠵᠢᠯ ᠪᠦᠷᠢ ᠠᠬᠢᠨ ᠨᠡᠮᠡᠭᠳᠡᠭᠦᠯᠵᠦ᠂ 2021 ᠣᠨ ᠳᠤ 24 ᠬᠦᠷᠭᠡᠵᠦ᠂ 2022 ᠣᠨ ᠳᠤ 27 ᠬᠦᠷᠭᠡᠵᠦ᠂ 2023 ᠣᠨ ᠳᠤ 30 ᠬᠦᠷᠭᠡᠨ᠎ᠡ︔ ᠭᠠᠵᠠᠷ ᠵᠦᠢ ᠶᠢᠨ ᠢᠯᠡᠷᠬᠡᠶᠢᠯᠡᠯᠲᠦ ᠲᠠᠷᠢᠶᠠᠯᠠᠩ ᠤᠨ ᠪᠦᠲᠦᠭᠡᠭᠳᠡᠬᠦᠨ ᠤ ᠳᠠᠩᠰᠠᠯᠠᠯᠲᠠ ᠶᠢ 2020 ᠣᠨ ᠳᠤ 5 ᠪᠠᠶᠢᠭᠰᠠᠨ ᠰᠠᠭᠤᠷᠢᠨ ᠳᠡᠭᠡᠷ᠎ᠡ ᠵᠢᠯ ᠪᠦᠷᠢ ᠠᠬᠢᠨ ᠨᠡᠮᠡᠭᠳᠡᠭᠦᠯᠵᠦ᠂ 2021 ᠣᠨ ᠳᠤ 6 ᠬᠦᠷᠭᠡᠵᠦ᠂ 2022 ᠣᠨ ᠳᠤ 7 ᠬᠦᠷᠭᠡᠵᠦ᠂ 2023 ᠣᠨ ᠳᠤ 9 ᠬᠦᠷᠭᠡᠨ᠎ᠡ︔ ᠪᠣᠬᠢᠷᠲᠤᠯ ᠥᠬᠡᠶ ᠢᠳᠡᠭᠡᠨ ᠤ ᠠᠵᠤ ᠠᠬᠤᠶᠢᠯᠠᠯ ᠬᠢᠭᠡᠳ ᠦᠢᠯᠡᠳᠬᠦᠨ ᠤ ᠲᠤᠭ᠎ᠠ ᠬᠡᠮᠵᠢᠶ᠎ᠡ ᠶᠢ ᠵᠢᠯ ᠪᠦᠷᠢ ᠳᠤᠮᠳᠠᠴᠢ ᠪᠠᠷ 6% ᠪᠠᠷ ᠨᠡᠮᠡᠭᠳᠡᠵᠦ᠂ 2021 ᠣᠨ ᠳᠤ 31 ᠠᠬᠤᠶᠢᠯᠠᠯ ᠪᠠ 101 ᠦᠢᠯᠡᠳᠭᠦᠨ  ᠪᠣᠯᠭᠠᠵᠤ᠂ 2022 ᠣᠨ ᠳᠤ 33 ᠠᠵᠤ ᠠᠬᠤᠶᠢᠯᠠᠯ ᠪᠠ 107 ᠦᠢᠯᠡᠳᠬᠦᠨ ᠪᠣᠯᠭᠠᠵᠤ᠂ 2023 ᠣᠨ ᠳᠤ 35 ᠠᠵᠤ ᠠᠬᠤᠶᠢᠯᠠᠯ ᠪᠠ 113 ᠦᠢᠯᠡᠳᠬᠦᠨ ᠪᠣᠯᠭᠠᠨ᠎ᠠ᠃      ᠬᠤᠶᠠᠳᠤᠭᠠᠷ ᠬᠡᠰᠡᠭ᠂ ᠦᠨᠳᠦᠰᠦᠨ ᠵᠠᠷᠴᠢᠮ ᠢ ᠲᠣᠳᠤᠷᠬᠠᠶᠢᠯᠠᠪᠠ      ︵ᠨᠢᠭᠡ︶ ᠵᠠᠰᠠᠭ ᠤᠨ ᠣᠷᠳᠣᠨ ᠬᠥᠲᠥᠯᠦᠨ ᠵᠢᠯᠣᠭᠤᠳᠤᠨ᠎ᠠ᠃ ᠭᠠᠵᠠᠷ ᠣᠷᠣᠨ ᠤ ᠳᠠᠪᠠᠭᠤᠯᠢᠭ ᠲᠤ ᠰᠠᠭᠤᠷᠢᠯᠠᠨ᠂ ᠭᠠᠵᠠᠷ ᠣᠷᠣᠨ ᠤ ᠳᠠᠪᠠᠭᠤᠯᠢᠭ ᠠᠵᠤ ᠦᠢᠯᠡᠰ ᠤᠨ ᠲᠥᠯᠥᠪᠵᠢᠭᠦᠯᠭᠡ ᠪᠠ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠥᠷᠥᠯ ᠲᠡᠮᠳᠡᠭᠲᠦ ᠶᠢᠨ ᠲᠥᠯᠥᠪᠵᠢᠭᠦᠯᠭᠡ ᠶᠢ ᠰᠠᠶᠢᠲᠤᠷ ᠬᠢᠵᠦ᠂ ᠣᠯᠠᠨ ᠨᠡᠶᠢᠲᠡ ᠶᠢᠨ ᠦᠢᠯᠡᠴᠢᠯᠡᠭᠡᠨ ᠤ ᠬᠠᠩᠭᠠᠯᠭ᠎ᠠ ᠶᠢ ᠰᠢᠯᠢᠳᠡᠭᠵᠢᠭᠦᠯᠦᠨ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢ ᠴᠢᠩᠭᠠᠷᠠᠭᠤᠯᠵᠤ᠂ ᠡᠷᠬᠡ ᠲᠡᠭᠰᠢ ᠲᠥᠪ ᠭᠤᠤᠯᠴᠢ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠬᠠᠮᠠᠭᠠᠯᠠᠵᠤ᠂ ᠰᠠᠶᠢᠨ ᠰᠠᠶᠢᠬᠠᠨ ᠬᠤᠳᠠᠯᠳᠤᠭ᠎ᠠ ᠡᠷᠭᠢᠯᠡᠬᠦ ᠣᠷᠴᠢᠨ ᠨᠦᠬᠦᠴᠡᠯ ᠢ ᠪᠣᠶ ᠪᠣᠯᠭᠠᠨ᠎ᠠ᠃      ︵ᠬᠤᠶᠠᠷ︶ ᠵᠠᠬ᠎ᠠ ᠳᠡᠯᠭᠡᠭᠦᠷ ᠢᠶᠠᠷ ᠭᠤᠤᠯᠯᠠᠭᠤᠯᠤᠨ᠎ᠠ᠃ ᠪᠠᠶᠢᠭᠤᠯᠤᠯ ᠲᠣᠭᠲᠠᠴᠠ ᠶᠢᠨ ᠲᠠᠯ᠎ᠠ ᠪᠠᠷ ᠰᠢᠨ᠎ᠡ ᠶᠢ ᠡᠭᠦᠳᠴᠦ᠂ ᠡᠬᠢ ᠪᠠᠶᠠᠯᠢᠭ ᠢ ᠲᠣᠬᠢᠷᠠᠭᠤᠯᠬᠤ ᠶᠠᠪᠤᠴᠠ ᠳᠠᠬᠢ ᠵᠠᠬ᠎ᠠ ᠳᠡᠯᠭᠡᠭᠦᠷ ᠤᠨ ᠰᠢᠢᠳᠪᠦᠷᠢᠯᠡᠬᠦ ᠴᠢᠨᠠᠷᠲᠠᠶ ᠦᠢᠯᠡᠳᠦᠯ ᠢ ᠭᠦᠢᠴᠡᠳ ᠪᠠᠳᠠᠷᠠᠭᠤᠯᠤᠨ᠎ᠠ᠃  ᠲᠥᠷᠥᠯ ᠲᠡᠮᠳᠡᠭᠲᠦ  ᠶᠢ ᠭᠤᠷᠪᠠᠳᠠᠬᠢ ᠡᠲᠡᠭᠡᠳ ᠤᠨ ᠲᠤᠰᠬᠠᠶ ᠪᠠᠶᠢᠭᠤᠯᠤᠮᠵᠢ ᠶᠢ ᠣᠷᠣᠭᠤᠯᠤᠨ ᠠᠪᠴᠢᠷᠠᠵᠤ᠂ ᠣᠳᠣᠬᠠᠨ ᠤ ᠤᠯᠤᠰ ᠤᠨ ᠳᠣᠲᠣᠭᠠᠳᠤ ᠭᠠᠳᠠᠭᠠᠳᠤ ᠶᠢᠨ ᠬᠡᠷᠡᠭᠯᠡᠭᠡᠨ ᠤ ᠵᠠᠬ᠎ᠠ ᠳᠡᠯᠭᠡᠭᠦᠷ ᠤᠨ ᠬᠤᠪᠢᠷᠠᠯᠲᠠ ᠶᠢᠨ ᠬᠠᠨᠳᠤᠰᠢ ᠶᠢ ᠭᠦᠨᠵᠡᠭᠡᠶ ᠰᠤᠳᠤᠯᠵᠤ᠂ ᠪᠣᠷᠣᠯᠠᠭᠤᠯᠭ᠎ᠠ ᠰᠠᠶᠢᠲᠠᠶ ᠴᠢᠨᠠᠷ ᠰᠠᠶᠢᠲᠠᠶ  ᠦᠢᠯᠡᠳᠬᠦᠨ ᠢ ᠦᠢᠯᠡᠳᠪᠦᠷᠢᠯᠡᠵᠦ᠂ ᠬᠡᠷᠡᠭᠯᠡᠭᠴᠢ ᠲᠦᠮᠡᠨ ᠤ ᠣᠯᠠᠨ ᠶᠠᠩᠵᠤ ᠶᠢᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠨ᠎ᠠ᠃      ︵ᠭᠤᠷᠪᠠ︶ ᠠᠵᠤ ᠠᠬᠤᠶᠢᠯᠠᠯ ᠤᠨ ᠭᠤᠤᠯ ᠴᠣᠭᠴᠠ᠃ ᠨᠥᠬᠦᠴᠡᠯ ᠳᠤ ᠨᠡᠶᠢᠴᠡᠬᠦ ᠲᠠᠷᠢᠶᠠᠯᠠᠩ ᠮᠠᠯ ᠠᠵᠤ ᠠᠬᠤᠶ ᠶᠢᠨ ᠡᠵᠡᠩᠨᠡᠯᠲᠡ ᠶᠢᠨ ᠭᠤᠤᠯ ᠴᠣᠭᠴᠠ ᠶᠢᠨ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠥᠷᠥᠯ ᠲᠡᠮᠳᠡᠭᠲᠦ ᠶᠢ ᠬᠡᠷᠡᠭᠯᠡᠬᠦ ᠶᠢ ᠵᠣᠷᠢᠭᠵᠢᠭᠤᠯᠵᠤ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠥᠷᠥᠯ ᠲᠡᠮᠳᠡᠭᠲᠦ ᠶᠢᠨ ᠨᠥᠯᠥᠭᠡᠯᠡᠬᠦ ᠬᠦᠴᠦᠨ ᠢ ᠥᠷᠭᠡᠳᠬᠡᠨ᠂ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠦᠷᠦᠯ ᠲᠡᠮᠳᠡᠭᠲᠦ ᠶᠢ ᠬᠡᠷᠡᠭᠯᠡᠬᠦ ᠵᠠᠬ᠎ᠠ ᠲᠡᠯᠭᠡᠭᠦᠷ ᠤᠨ ᠭᠤᠣᠯ ᠴᠤᠭᠴᠠ ᠶᠢᠨ ᠦᠷᠢᠰᠦᠯᠳᠦᠬᠦ ᠬᠦᠴᠦᠨ ᠢ ᠳᠡᠭᠡᠭᠰᠢᠯᠡᠭᠦᠯᠦᠨ᠎ᠡ᠃      ︵ᠳᠥᠷᠪᠡ︶ ᠬᠠᠮᠵᠢᠯᠴᠠᠨ ᠬᠠᠮᠲᠤᠪᠠᠷ ᠪᠥᠲᠥᠭᠡᠨ ᠪᠠᠶᠢᠭᠤᠯᠤᠨ᠎ᠠ᠃ ᠵᠠᠰᠠᠭ ᠤᠨ ᠣᠷᠳᠣᠨ ᠤ ᠬᠥᠲᠥᠯᠦᠨ ᠵᠢᠯᠣᠭᠤᠳᠬᠤ  ᠦᠢᠯᠡᠳᠦᠯ᠂ ᠰᠠᠯᠠᠭ᠎ᠠ ᠮᠥᠴᠢᠷ ᠤᠨ ᠬᠠᠮᠵᠢᠯᠴᠠᠬᠤ ᠦᠢᠯᠡᠳᠦᠯ᠂ ᠠᠵᠤ ᠠᠬᠤᠶᠢᠯᠠᠯ ᠤᠨ ᠭᠤᠤᠯ ᠴᠣᠭᠴᠠ ᠶᠢᠨ ᠦᠢᠯᠡᠳᠦᠯ᠂ ᠨᠡᠶᠢᠭᠡᠮᠯᠢᠭ ᠤᠨ ᠨᠥᠬᠦᠪᠥᠷᠢᠯᠡᠬᠦ ᠦᠢᠯᠡᠳᠦᠯ ᠢ ᠬᠦᠢᠴᠡᠳ ᠪᠠᠳᠠᠷᠠᠭᠤᠯᠵᠤ᠂ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠥᠷᠥᠯ ᠲᠡᠮᠳᠡᠭᠲᠦ ᠶᠢᠨ  ᠪᠦᠲᠦᠭᠡᠨ ᠪᠠᠶᠢᠭᠤᠯᠤᠯᠲᠠ ᠶᠢᠨ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ᠂ ᠬᠠᠮᠲᠤᠪᠠᠷ ᠪᠠᠶᠢᠭᠤᠯᠵᠤ ᠢᠯᠡᠭᠦᠤ ᠠᠰᠢᠭ ᠭᠥᠷᠳᠡᠬᠦ ᠰᠢᠨ᠎ᠡ ᠪᠠᠶᠢᠳᠠᠯ ᠢ ᠪᠣᠶ ᠪᠣᠯᠭᠠᠨ᠎ᠠ᠃      ᠭᠤᠷᠪᠠᠳᠤᠭᠠᠷ ᠬᠡᠰᠡᠭ᠂ ᠭᠤᠤᠯᠳᠠᠯᠭ᠎ᠠ ᠲᠠᠢ ᠡᠭᠦᠷᠭᠡ ᠶᠢ ᠲᠣᠳᠤᠷᠬᠠᠶᠢᠯᠠᠪᠠ      ︵ᠨᠢᠭᠡ︶ ᠣᠷᠣᠨ ᠪᠦᠰᠡ ᠶᠢᠨ ᠨᠡᠶᠢᠲᠡ ᠶᠢᠨ  ᠬᠡᠷᠡᠭᠯᠡᠭᠡᠨ ᠤ ᠲᠦᠷᠦᠯ ᠲᠡᠮᠳᠡᠭᠳᠦ ᠶᠢᠨ ᠦᠢᠯᠡᠳᠬᠦᠨ ᠤ ᠶᠠᠰᠤ ᠴᠢᠨᠠᠷ  ᠤᠨ ᠪᠠᠷᠢᠮᠵᠢᠶ᠎ᠠ ᠶᠢᠨ ᠰᠢᠰᠲ᠋ᠧᠮᠵᠢ ᠶᠢ ᠲᠡᠭᠦᠯᠳᠡᠷᠵᠢᠭᠦᠯᠦᠨ᠎ᠡ      ᠭᠠᠷᠤᠯᠲᠠ ᠶᠢᠨ ᠣᠷᠣᠨ ᠢ ᠴᠡᠪᠡᠷᠰᠢᠭᠦᠯᠬᠦ ᠠᠵᠢᠯᠯᠠᠭ᠎ᠠ ᠶᠢ ᠥᠷᠨᠢᠭᠦᠯᠵᠦ᠂ ᠪᠣᠬᠢᠷᠲᠤᠯ ᠦᠭᠡᠢ ᠦᠢᠯᠡᠳᠪᠦᠷᠢᠯᠡᠯ ᠢ ᠬᠡᠷᠡᠭᠵᠢᠭᠦᠯᠦᠨ᠎ᠡ᠃ ᠦᠢᠯᠡᠳᠪᠦᠷᠢᠯᠡᠯ ᠤᠨ ᠨᠠᠷᠢᠯᠢᠬᠵᠢᠭᠤᠯᠤᠭᠰᠠᠨ ᠬᠠᠮᠢᠶᠠᠷᠤᠯᠲᠠ ᠬᠢᠭᠡᠳ ᠪᠦᠲᠦᠭᠡᠭᠳᠡᠬᠦᠨ ᠤ ᠶᠠᠰᠤ ᠴᠢᠨᠠᠷ ᠢ ᠪᠥᠬᠦ ᠶᠠᠪᠤᠴᠠ ᠳᠤ ᠡᠵᠡᠮᠳᠡᠬᠦ ᠮᠡᠷᠭᠡᠵᠢᠯ ᠤᠨ ᠰᠢᠰᠲ᠋ᠧᠮᠵᠢ ᠶᠢ ᠪᠠᠶᠢᠭᠤᠯᠤᠨ ᠲᠡᠭᠦᠯᠳᠡᠷᠵᠢᠭᠦᠯᠵᠦ᠂ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠥᠷᠥᠯ ᠲᠡᠮᠳᠡᠭᠲᠦ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠬᠡᠷᠡᠭᠯᠡᠵᠦ ᠪᠥᠬᠦ ᠠᠵᠤ  ᠦᠢᠯᠡᠰ ᠤᠨ  ᠬᠡᠯᠬᠢᠶ᠎ᠡ ᠶᠢᠨ ᠪᠠᠷᠢᠮᠵᠢᠶᠠᠵᠢᠭᠰᠠᠨ ᠦᠢᠯᠡᠳᠪᠦᠷᠢᠯᠡᠯ ᠢ ᠪᠡᠶᠡᠯᠡᠭᠦᠯᠬᠦ ᠶᠢ ᠠᠬᠢᠭᠤᠯᠤᠨ᠎ᠠ᠃ ᠪᠠᠷᠢᠮᠵᠢᠶ᠎ᠠ ᠶᠢ ᠬᠡᠷᠡᠭᠵᠢᠭᠦᠯᠬᠦ ᠡᠷᠴᠢᠮ ᠢᠶᠠᠨ ᠴᠢᠩᠭᠠᠷᠠᠭᠤᠯᠵᠤ᠂ ︽ᠨᠢᠭᠡ ᠪᠦᠲᠦᠭᠡᠭᠳᠡᠬᠦᠨ ᠨᠢᠭᠡ ᠪᠠᠷᠢᠮᠵᠢᠶ᠎ᠠ︾ ︽ᠨᠢᠭᠡ ᠪᠦᠲᠦᠭᠡᠭᠳᠡᠬᠦᠨ ᠨᠢᠭᠡ ᠪᠣᠳᠣᠯᠭ᠎ᠠ︾ ᠶᠢᠨ ᠪᠠᠷᠢᠮᠵᠢᠶᠠᠵᠢᠭᠤᠯᠤᠭᠰᠠᠨ ᠦᠢᠯᠡᠳᠪᠦᠷᠢᠯᠡᠯ ᠤᠨ ᠠᠷᠭ᠎ᠠ ᠮᠠᠶ᠋ᠢᠭ ᠪᠠ ᠦᠢᠯᠡᠳᠪᠦᠷᠢᠯᠡᠯ ᠤᠨ ᠰᠠᠭᠤᠷᠢᠨ ᠭᠠᠵᠠᠷ ᠢ ᠪᠣᠶ ᠪᠣᠯᠭᠠᠵᠤ᠂ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠥᠷᠥᠯ ᠲᠡᠮᠳᠡᠭᠲᠦ  ᠮᠠᠯ ᠤᠨ ᠠᠰᠢᠭ ᠰᠢᠮ᠎ᠡ  ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠪᠠᠷᠢᠮᠵᠢᠶ᠎ᠠ ᠶᠢᠨ ᠰᠠᠭᠤᠷᠢ ᠶᠢ ᠪᠠᠬᠢᠵᠢᠭᠦᠯᠦᠨ᠎ᠡ᠃      ︵ᠬᠤᠶᠠᠷ︶ ᠪᠥᠬᠦ ᠶᠠᠪᠤᠴᠠ ᠶᠢᠨ ᠶᠠᠰᠤ ᠴᠢᠨᠠᠷ ᠤᠨ ᠬᠠᠮᠢᠶᠠᠷᠤᠯᠲᠠ ᠡᠵᠡᠮᠳᠡᠯ ᠢ ᠴᠢᠩᠭᠠᠷᠠᠭᠤᠯᠤᠨ᠎ᠠ      ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠢ ᠮᠦᠷᠳᠡᠬᠦ ᠰᠢᠰᠲ᠋ᠧᠮᠵᠢ ᠪᠠ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ ᠲᠡᠭᠦᠯᠳᠡᠷᠵᠢᠭᠦᠯᠵᠦ᠂ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠥᠷᠥᠯ ᠲᠡᠮᠳᠡᠭᠲᠦ ᠮᠠᠯ ᠤᠨ ᠠᠰᠢᠭ ᠰᠢᠮ᠎ᠡ  ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠠᠴᠠ ᠬᠤᠭᠤᠯᠠᠨ ᠰᠢᠷᠡᠭᠡᠨ ᠳᠤ ᠬᠦᠷᠲᠡᠯᠡᠬᠢ ᠪᠥᠬᠦ ᠶᠠᠪᠤᠴᠠ ᠶᠢᠨ ᠶᠠᠰᠤ ᠴᠢᠨᠠᠷ ᠤᠨ ᠬᠠᠮᠢᠶᠠᠷᠤᠯᠲᠠ ᠶᠢᠨ ᠰᠢᠰᠲ᠋ᠧᠮᠵᠢ ᠶᠢ ᠪᠠᠶᠢᠭᠤᠯᠤᠨ ᠪᠦᠷᠢᠨᠰᠢᠬᠦᠯᠵᠦ᠂ ︽ᠲᠣᠤᠷᠵᠢᠭᠰᠠᠨ︾ ᠬᠠᠮᠢᠶᠠᠷᠤᠯᠲᠠ ᠶᠢ ᠴᠢᠩᠭ᠎ᠠ ᠨᠠᠶᠢᠳᠠᠪᠤᠷᠢᠵᠢᠭᠤᠯᠤᠨ᠂ ᠬᠥᠨᠳᠡᠯᠡᠨ ᠢᠶᠠᠷ  ᠬᠦᠪᠡᠭᠡ ᠳᠤ ᠨᠢ ᠬᠦᠷᠬᠦ᠂ ᠭᠤᠯᠳᠤ ᠪᠠᠷ ᠦᠵᠦᠭᠦᠷ ᠲᠤ ᠨᠢ ᠲᠤᠯᠬᠤ ᠬᠢᠨᠠᠨ ᠬᠠᠮᠢᠶᠠᠷᠬᠤ ᠵᠠᠭᠪᠤᠷ ᠢ ᠪᠠᠶᠢᠭᠤᠯᠤᠨ᠎ᠠ᠃      ︵ᠭᠤᠷᠪᠠ︶ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠥᠷᠥᠯ ᠲᠡᠮᠳᠡᠭᠲᠦ ᠶᠢ ᠪᠤᠶᠢᠵᠢᠭᠤᠯᠬᠤ ᠡᠷᠴᠢᠮ ᠢ ᠴᠢᠩᠭᠠᠷᠠᠭᠤᠯᠵᠤ᠂ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠥᠷᠥᠯ ᠲᠡᠮᠳᠡᠭᠲᠦ ᠶᠢ ᠪᠤᠶᠢᠵᠢᠭᠤᠯᠬᠤ ᠲᠦᠷᠢᠮ ᠢ ᠪᠠᠶᠢᠭᠤᠯᠤᠨ ᠪᠦᠷᠢᠨᠰᠢᠭᠦᠯᠦᠨ᠎ᠡ᠃      ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠥᠷᠥᠯ ᠲᠡᠮᠳᠡᠭᠲᠦ ᠶᠢ ᠪᠤᠶᠢᠵᠢᠭᠤᠯᠬᠤ ᠡᠷᠴᠢᠮ ᠢ ᠴᠢᠩᠭᠠᠷᠠᠭᠤᠯᠵᠤ᠂  ᠮᠠᠯ ᠤᠨ ᠠᠰᠢᠭ ᠰᠢᠮ᠎ᠡ‌‍ᠲ᠋ᠠᠷᠢᠶᠠᠯᠠᠩ ᠤᠨ ᠪᠦᠲᠦᠭᠡᠭᠳᠡᠬᠦᠨ ᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠥᠷᠥᠯ ᠲᠡᠮᠳᠡᠭᠲᠦ ᠶᠢᠨ ᠵᠢᠷᠤᠮᠵᠢᠭᠰᠠᠨ ᠬᠠᠮᠢᠶᠠᠷᠤᠯᠲᠠ ᠶᠢ ᠴᠢᠩᠭᠠᠳᠬᠠᠨ᠂ ᠬᠤᠯᠪᠤᠭᠳᠠᠯ ᠪᠥᠬᠦᠶ ᠰᠢᠨᠵᠢᠯᠡᠬᠦ ᠤᠬᠠᠭᠠᠨ ᠤ ᠰᠤᠳᠤᠯᠤᠯ ᠤᠨ ᠬᠦᠷᠢᠶᠡᠯᠡᠩ ᠭᠠᠵᠠᠷ ᠤᠨ ᠣᠷᠣᠯᠴᠠᠭᠰᠠᠨ ᠦᠨᠡᠯᠡᠨ ᠵᠢᠱᠢᠬᠦ ᠲᠣᠭᠲᠠᠴᠠ ᠶᠢ ᠪᠠᠶᠢᠭᠤᠯᠵᠤ᠂ ᠲᠥᠷᠥᠯ ᠲᠡᠮᠳᠡᠭᠲᠦ ᠶᠢᠨ ᠡᠷᠬᠡ ᠰᠦᠷᠲᠦ ᠴᠢᠨᠠᠷ ᠪᠠ ᠲᠥᠪ ᠭᠤᠤᠯᠴᠢ ᠴᠢᠨᠠᠷ ᠢ ᠬᠠᠮᠠᠭᠠᠯᠠᠨ᠎ᠠ᠃      ︵ᠳᠥᠷᠪᠡ︶ ᠨᠠᠷᠠᠲᠤ ᠲᠥᠷᠥᠯ ᠲᠡᠮᠳᠡᠭᠲᠦ ᠶᠢᠨ ᠤᠬᠠᠭᠤᠯᠭ᠎ᠠ ᠲᠠᠨᠢᠯᠴᠠᠭᠤᠯᠭ᠎ᠠ ᠶᠢ ᠴᠢᠩᠭᠠᠳᠬᠠᠨ᠎ᠠ      ᠲᠥᠷᠥᠯ ᠲᠡᠮᠳᠡᠭᠲᠦ ᠶᠢᠨ ᠥᠯᠢᠭᠡᠷ᠂ ᠲᠥᠷᠥᠯ ᠲᠡᠮᠳᠡᠭᠲᠦ ᠶᠢᠨ ᠳᠠᠮᠵᠢᠭᠤᠯᠭ᠎ᠠ᠂ ᠦᠢᠯᠡᠳᠭᠦᠨ ᠤ ᠶᠠᠰᠤ ᠴᠢᠨᠠᠷ ᠵᠡᠷᠭᠡ ᠭᠤᠤᠯ ᠠᠭᠤᠯᠭ᠎ᠠ ᠶᠢᠨ ᠲᠣᠭᠤᠷᠢᠨ ᠳᠤ᠂ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠥᠷᠥᠯ ᠲᠡᠮᠳᠡᠭᠲᠦ ᠶᠢᠨ ᠤᠬᠠᠭᠤᠯᠭ᠎ᠠ ᠪᠣᠷᠣᠯᠠᠭᠤᠯᠭ᠎ᠠ ᠶᠢᠨ ᠠᠵᠢᠯ ᠢ ᠴᠢᠩᠭᠠᠳᠬᠠᠨ᠎ᠠ᠃ ᠲᠥᠷᠥᠯ ᠲᠡᠮᠳᠡᠭᠲᠦ ᠶᠢᠨ ᠣᠯᠠᠨ ᠨᠡᠶᠢᠲᠡ ᠶᠢᠨ ᠮᠡᠳᠡᠭᠡ ᠵᠠᠩᠭᠢ ᠨᠡᠶᠢᠲᠡᠯᠡᠬᠦ ᠲᠠᠪᠴᠠᠩ ᠪᠠ ᠣᠯᠠᠨ ᠨᠡᠶᠢᠲᠡ ᠶᠢᠨ ᠳ᠋ᠤᠭᠠᠷ ᠢ ᠪᠠᠶᠢᠭᠤᠯᠵᠤ᠂ ᠬᠡᠷᠡᠭᠯᠡᠭᠴᠢᠳ ᠲᠤ ᠲᠥᠷᠥᠯ ᠲᠡᠮᠳᠡᠭᠲᠦ ᠵᠢᠴᠢ ᠲᠡᠭᠦᠨ ᠤ ᠦᠢᠯᠡᠳᠬᠦᠨ ᠢ ᠯᠠᠪᠯᠠᠬᠤ ᠠᠷᠭ᠎ᠠ ᠵᠠᠮ ᠵᠢᠴᠢ ᠬᠤᠯᠪᠤᠭᠳᠠᠯ ᠪᠥᠬᠦᠶ ᠮᠡᠳᠡᠭᠡ ᠵᠠᠩᠭᠢ ᠶᠢ ᠬᠠᠩᠭᠠᠨ᠎ᠠ᠃ ᠲᠦᠷᠦᠯ ᠲᠡᠮᠳᠡᠭᠲᠦ ᠲᠠᠷᠢᠶᠠᠯᠠᠩ ᠮᠠᠯ ᠠᠵᠤ ᠠᠬᠤᠶ ᠶᠢᠨ ᠠᠵᠤ ᠠᠬᠤᠶᠢᠯᠠᠯ ᠢ ᠵᠣᠬᠢᠶᠠᠨ ᠪᠠᠶᠢᠭᠤᠯᠤᠨ ᠡᠯ᠎ᠡ ᠲᠥᠷᠥᠯ ᠤᠨ ᠦᠵᠡᠭᠦᠯᠭᠡ ᠶᠢᠨ ᠴᠤᠭᠯᠠᠭᠠᠨ ᠳᠤ ᠢᠳᠡᠪᠬᠢᠲᠡᠶ ᠣᠷᠣᠯᠴᠠᠭᠤᠯᠵᠤ᠂ ᠬᠥᠬᠡᠬᠤᠲᠠ ᠶᠢᠨ ᠲᠦᠷᠦᠯ ᠲᠡᠮᠳᠡᠭᠲᠦ ᠪᠠ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠨᠡᠷ᠎ᠡ ᠠᠯᠳᠠᠷᠰᠢᠯ ᠢ ᠳᠡᠭᠡᠭᠰᠢᠯᠡᠭᠦᠯᠦᠨ᠎ᠡ᠃ ︽ᠲᠥᠷᠥᠯ ᠲᠡᠮᠳᠡᠭᠲᠦ ᠶᠢ ᠤᠬᠠᠭᠤᠯᠬᠤ᠂  ᠲᠥᠷᠥᠯ ᠲᠡᠮᠳᠡᠭᠲᠦ ᠶᠢ ᠳᠡᠮᠵᠢᠬᠦ᠂ ᠲᠥᠷᠥᠯ ᠲᠡᠮᠳᠡᠭᠲᠦ ᠶᠢ ᠬᠥᠭᠵᠢᠭᠦᠯᠬᠦ᠂ ᠲᠥᠷᠥᠯ ᠲᠡᠮᠳᠡᠭᠲᠦ ᠶᠢ ᠬᠠᠮᠠᠭᠠᠯᠠᠬᠤ︾ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠨ᠎ᠠ᠃      ︵ᠲᠠᠪᠤ︶ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠦᠷᠦᠯ  ᠲᠡᠮᠳᠡᠭᠲᠦ ᠶᠢᠨ ᠤᠶᠤᠨ ᠤ ᠬᠥᠮᠥᠷᠭᠡ ᠶᠢᠨ ᠪᠠᠶᠢᠭᠤᠯᠤᠯᠲᠠ ᠶᠢ ᠴᠢᠩᠭᠠᠳᠬᠠᠨ᠎ᠠ      ᠵᠠᠰᠠᠭ ᠤᠨ ᠣᠷᠳᠣᠨ ᠤ ᠰᠠᠯᠠᠭ᠎ᠠ ᠮᠥᠴᠢᠷ ᠪᠣᠯᠤᠨ ᠠᠵᠢᠯ ᠲᠥᠷᠥᠯ ᠤᠨ ᠨᠡᠶᠢᠭᠡᠮᠯᠢᠭ ᠠᠴᠠ ᠲᠥᠷᠥᠯ ᠲᠡᠮᠳᠡᠭᠲᠦ ᠶᠢ  ᠪᠣᠶᠢᠵᠢᠭᠤᠯᠬᠤ ᠣᠶᠤᠨ ᠤ ᠬᠥᠮᠥᠷᠭᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠲᠥᠷᠥᠯ ᠲᠡᠮᠳᠡᠭᠲᠦ ᠶᠢᠨ ᠬᠠᠮᠢᠶᠠᠷᠤᠯᠲᠠ ᠶᠢᠨ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠪᠠ ᠤᠷᠮᠠᠰᠢᠭᠤᠯᠬᠤ ᠠᠵᠢᠯ ᠢᠶᠠᠷ ᠭᠠᠷᠳᠠᠴᠠ ᠪᠣᠯᠭᠠᠵᠤ᠂ ᠨᠢᠭᠡᠨ ᠨᠡᠶᠢᠲᠡ ᠶᠢᠨ ᠬᠡᠷᠡᠭᠯᠡᠭᠡᠨ ᠤ ᠲᠦᠷᠦᠯ ᠲᠡᠮᠳᠡᠭᠲᠦ ᠶᠢ ᠡᠭᠦᠳᠦᠨ ᠪᠠᠶᠢᠭᠤᠯᠬᠤ᠂ ᠬᠠᠮᠢᠶᠠᠷᠬᠤ᠂ ᠡᠵᠡᠩᠨᠡᠬᠦ ᠴᠢᠳᠠᠪᠤᠷᠢᠳᠠᠨ ᠤ ᠡᠩᠨᠡᠭᠡ ᠶᠢ ᠪᠤᠶᠢᠵᠢᠭᠤᠯᠤᠨ ᠪᠠᠶᠢᠭᠤᠯᠤᠨ᠎ᠠ  ᠃      ᠲᠦᠷᠪᠡᠳᠦᠭᠡᠷ ᠭᠡᠰᠡᠭ᠂ ᠠᠵᠢᠯᠯᠠᠭᠠᠨ ᠤ ᠲᠦᠰᠦᠯ ᠢ ᠬᠡᠷᠡᠭᠵᠢᠬᠦᠯᠬᠦ ᠣᠨ ᠤ ᠬᠢᠵᠠᠭᠠᠷ ᠢ ᠲᠤᠳᠤᠷᠬᠠᠶᠢᠯᠠᠪᠠ      ︽ᠬᠥᠬᠡᠬᠤᠲᠠ ᠶᠢᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠥᠷᠥᠯ ᠲᠡᠮᠳᠡᠭᠲᠦ ᠶᠢᠨ ᠪᠦᠲᠦᠭᠡᠨ ᠪᠠᠶᠢᠭᠤᠯᠤᠯᠲᠠ ᠭᠤᠷᠪᠠᠨ ᠵᠢᠯ ᠤᠨ ᠠᠵᠢᠯᠯᠠᠭᠠᠨ ᠤ ᠲᠥᠰᠦᠯ ︵2021 — 2023 ᠣᠨ︶︾ ᠢ 2021 ᠣᠨ ᠤ 3 ᠳ᠋ᠤᠭᠠᠷ ᠰᠠᠷ᠎ᠠ ᠠᠴᠠ ᠡᠬᠢᠯᠡᠨ ᠬᠡᠷᠡᠭᠵᠢᠬᠦᠯᠵᠦ᠂ ᠬᠦᠴᠦᠨ ᠪᠦᠬᠦᠢ ᠬᠤᠭᠤᠴᠠᠭ᠎ᠠ ᠨᠢ 3 ᠵᠢᠯ᠃ ᠬᠦᠬᠡᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠬᠠᠷᠢᠭᠤᠴᠠᠨ ᠲᠠᠶᠢᠯᠪᠤᠷᠢᠯᠠᠨ᠎ᠠ᠃                              ᠲᠥᠷᠥ ᠶᠢᠨ ᠪᠣᠳᠤᠯᠭ᠎ᠠ ᠶᠢᠨ ᠲᠠᠶᠢᠯᠤᠮᠵᠢ ᠶᠢᠨ ᠢᠷᠡᠯᠲᠡ᠄ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ
 
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号