︽ᠬᠥᠬᠡᠬᠤᠲᠠ ᠶᠢᠨ ︿ᠠᠷᠪᠠᠨ ᠳᠥᠷᠪᠡᠳᠦᠭᠡᠷ ᠲᠠᠪᠤᠨ ᠵᠢᠯ﹀ ᠤᠨ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠥᠯᠥᠪᠵᠢᠭᠦᠯᠭᠡ︾ ᠶᠢᠨ ᠲᠦᠷᠦ ᠶᠢᠨ ᠪᠤᠳᠤᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2021/11/29
      ᠨᠢᠭᠡ᠂ ︽ᠬᠥᠬᠡᠬᠤᠲᠠ ᠶᠢᠨ ︿ᠠᠷᠪᠠᠨ ᠳᠥᠷᠪᠡᠳᠦᠭᠡᠷ ᠲᠠᠪᠤᠨ ᠵᠢᠯ﹀ ᠤᠨ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠥᠯᠥᠪᠵᠢᠭᠦᠯᠭᠡ︾ ︵ᠳᠣᠷᠣᠭᠰᠢ ︽ᠲᠥᠯᠥᠪᠵᠢᠭᠦᠯᠭᠡ︾ ᠭᠡᠵᠦ ᠲᠣᠪᠴᠢᠯᠠᠨ᠎ᠠ ︶ ᠶᠢ ᠲᠣᠭᠲᠠᠭᠠᠭᠰᠠᠨ ᠠᠬᠤᠶ ᠪᠠᠶᠢᠳᠠᠯ ᠬᠢᠭᠡᠳ ᠴᠢᠬᠤᠯᠠ ᠶᠡᠭᠡ ᠠᠴᠢ ᠬᠤᠯᠪᠣᠭᠳᠠᠯ      ︽ᠠᠷᠪᠠᠨ ᠭᠤᠷᠪᠠᠳᠤᠭᠠᠷ ᠲᠠᠪᠤᠨ ᠵᠢᠯ︾ ᠤᠨ ᠬᠤᠭᠤᠴᠠᠭᠠᠨ ᠳᠤ᠂ ᠬᠥᠬᠡᠬᠤᠲᠠ ᠶᠢᠨ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠪᠠᠲᠤ ᠰᠠᠬᠢᠵᠤ᠂ ᠬᠦᠴᠢᠷ ᠢ ᠲᠤᠭᠤᠯᠤᠨ ᠪᠡᠷᠬᠡ ᠶᠢ ᠳᠠᠪᠠᠵᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ᠂ ᠦᠵᠡᠰᠬᠦᠯᠡᠩᠲᠦ ᠰᠠᠶᠢᠬᠠᠨ ᠣᠷᠣᠨ ᠤ ᠲᠥᠪ ᠤᠨ ᠪᠦᠳᠦᠭᠡᠨ ᠪᠠᠶᠢᠭᠤᠯᠤᠯᠲᠠ ᠶᠢ ᠠᠬᠢᠭᠤᠯᠬᠤ ᠳᠤᠮᠳᠠ ᠣᠷᠴᠢᠨ ᠲᠣᠭᠤᠷᠢᠨ ᠤ ᠬᠠᠮᠠᠭᠠᠯᠠᠯᠲᠠ ᠶᠢᠨ ᠡᠭᠦᠷᠭᠡᠯᠡᠯ ᠢ ᠪᠢᠴᠢᠭᠯᠡᠵᠦ᠂ ᠠᠮᠢ ᠠᠬᠤᠢ ᠶᠢᠨ ᠣᠷᠴᠢᠨ ᠲᠣᠭᠤᠷᠢᠨ ᠤ ᠭᠤᠣᠯ ᠭᠦᠢᠴᠡᠳᠬᠡᠯ ᠲᠤᠭ᠎ᠠ ᠨᠢ ᠴᠥᠮ ᠤᠯᠤᠰ ᠪᠣᠯᠤᠨ ᠥᠪᠡᠷᠲᠡᠭᠡᠨ ᠵᠠᠰᠠᠬᠤ ᠣᠷᠣᠨ ᠤ ᠬᠢᠨᠠᠨ ᠰᠢᠯᠭᠠᠯᠲᠠ ᠶᠢᠨ ᠱᠠᠭᠠᠷᠳᠠᠯᠭ᠎ᠠ ᠳᠤ ᠬᠦᠷᠴᠡᠢ᠃ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭ᠎ᠠ ︵2021 — 2025 ᠣᠨ︶ ᠪᠣᠯ ᠮᠠᠨ ᠤ ᠤᠯᠤᠰ ᠴᠢᠨᠡᠭᠡᠯᠢᠭ ᠨᠡᠶᠢᠭᠡᠮ ᠢ ᠪᠥᠬᠦ ᠲᠠᠯ᠎ᠠ ᠪᠠᠷ ᠪᠡᠶᠡᠯᠡᠭᠦᠯᠵᠦ᠂ ᠨᠢᠭᠡᠳᠦᠭᠡᠷ ᠵᠠᠭᠤᠨ ᠵᠢᠯ ᠤᠨ ᠲᠡᠮᠡᠴᠡᠯ ᠤᠨ ᠬᠠᠷᠠᠯᠲᠠ ᠶᠢ ᠪᠡᠶᠡᠯᠡᠭᠦᠯᠦᠭᠰᠡᠨ ᠤ  ᠳᠠᠷᠠᠭ᠎ᠠ᠂ ᠢᠯᠠᠯᠲᠠ ᠶᠢᠨ ᠡᠷᠴᠢᠨ ᠳᠡᠭᠡᠷ᠎ᠡ ᠪᠠᠨ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠰᠢᠨ᠎ᠡ ᠠᠶᠠᠨ ᠢᠶᠠᠨ ᠡᠬᠢᠯᠡᠭᠦᠯᠵᠦ᠂ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠲᠡᠰᠢ ᠤᠷᠤᠭᠰᠢᠯᠠᠭᠰᠠᠨ ᠠᠩᠬᠠᠳᠤᠭᠠᠷ ᠲᠠᠪᠤᠨ ᠵᠢᠯ ᠮᠦᠨ᠂ ᠮᠥᠨ ᠴᠦ ᠬᠥᠬᠡᠬᠤᠲᠠ ᠶᠢᠨ ᠠᠮᠢ ᠠᠬᠤᠢ ᠶᠢ ᠲᠡᠷᠢᠭᠦᠨ ᠳᠤ ᠲᠠᠯᠪᠢᠵᠤ᠂ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠰᠠᠶᠢᠲᠤᠷ ᠵᠠᠮᠨᠠᠵᠤ᠂ ᠨᠡᠩ ᠶᠡᠭᠡ ᠰᠢᠨ᠎ᠡ ᠬᠥᠭᠵᠢᠯᠲᠡ ᠶᠢ ᠪᠡᠶᠡᠯᠡᠭᠦᠯᠬᠦ ᠵᠠᠩᠭᠢᠯᠠᠭ᠎ᠠ ᠶᠢᠨ ᠴᠠᠭ ᠦᠶ᠎ᠡ ᠪᠣᠯᠤᠨ᠎ᠠ᠂ ᠨᠡᠩ ᠴᠤ ᠦᠵᠡᠰᠬᠦᠯᠡᠩᠲᠦ ᠰᠠᠶᠢᠬᠠᠨ ᠣᠷᠣᠨ ᠤ ᠲᠥᠪ ᠬᠤᠲᠠ ᠶᠢᠨ ᠪᠦᠳᠦᠭᠡᠨ ᠪᠠᠶᠢᠭᠤᠯᠤᠯᠲᠠ ᠶᠢᠨ ᠰᠢᠨ᠎ᠡ ᠬᠠᠭᠤᠳᠠᠰᠤ ᠶᠢ ᠪᠢᠴᠢᠭᠯᠡᠬᠦ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠰᠢᠨ᠎ᠡ ᠲᠠᠪᠰᠢᠯᠳᠠ ᠶᠢ ᠪᠡᠶᠡᠯᠡᠭᠦᠯᠬᠦ ᠲᠠᠪᠤᠨ ᠵᠢᠯ ᠪᠣᠯᠤᠨ᠎ᠠ᠃ ᠬᠥᠬᠡᠬᠤᠲᠠ ᠶᠢᠨ ︽ᠠᠷᠪᠠᠨ ᠳᠥᠷᠪᠡᠳᠦᠭᠡᠷ ᠲᠠᠪᠤᠨ ᠵᠢᠯ︾ ᠤᠨ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠥᠯᠥᠪᠵᠢᠭᠦᠯᠭᠡ ᠶᠢ ᠰᠢᠨᠵᠢᠯᠡᠬᠦ ᠤᠬᠠᠭᠠᠨᠴᠢ ᠪᠠᠷ ᠨᠠᠶᠢᠷᠠᠭᠤᠯᠤᠨ ᠵᠣᠬᠢᠶᠠᠬᠤ ᠪᠠ ᠬᠡᠷᠡᠭᠵᠢᠭᠦᠯᠬᠦ ᠨᠢ᠂ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠪᠠ ᠶᠡᠷᠦᠩᠬᠡᠢ ᠱᠦᠵᠢ ᠰᠢ ᠶᠢᠨ ᠫᠢᠩ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠳᠤ ᠳᠤᠷᠠᠳᠤᠭᠰᠠᠨ ︽ᠠᠮᠢ ᠠᠬᠤᠢ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠢ ᠬᠥᠭᠵᠢᠭᠦᠯᠬᠦ ᠶᠢ ᠪᠠᠷᠢᠮᠲᠠᠯᠠᠵᠤ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠦᠶ᠎ᠡ︾ ᠭᠡᠬᠦ ᠴᠢᠬᠤᠯᠠ ᠶᠠᠷᠢᠶ᠎ᠠ᠂ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠤᠬᠠᠮᠰᠠᠷᠲᠤ ᠴᠢᠨᠠᠷ ᠪᠠ ᠰᠠᠨᠠᠭᠠᠴᠢᠯᠠᠭᠠᠲᠤ ᠴᠢᠨᠠᠷ ᠢ ᠴᠢᠩᠭᠠᠳᠬᠠᠵᠤ᠂ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠭᠦᠨᠵᠡᠭᠡᠢ ᠰᠠᠶᠢᠲᠤᠷ ᠬᠢᠬᠦ ᠶᠢ ᠪᠦᠬᠦ ᠲᠠᠯ᠎ᠠ ᠪᠠᠷ ᠪᠠᠶᠢᠷᠢᠯᠠᠭᠤᠯᠵᠤ᠂ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠪᠠ ᠠᠮᠢ ᠠᠬᠤᠢ ᠶᠢᠨ ᠠᠮᠤᠷ ᠲᠦᠪᠰᠢᠨ ᠢ ᠴᠢᠩᠭᠠᠳᠬᠠᠵᠤ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠠᠬᠢᠭᠤᠯᠵᠤ᠂ ᠣᠷᠣᠨ ᠤ ᠲᠥᠪ  ᠬᠤᠲᠠ ᠶᠢᠨ ᠤᠳᠤ ᠦᠶ᠎ᠡ ᠶᠢᠨ ᠪᠣᠬᠢᠷᠲᠤᠯ ᠦᠭᠡᠢ ᠣᠷᠣᠰᠢᠨ ᠰᠠᠭᠤᠬᠤ ᠳᠤ ᠲᠣᠬᠢᠷᠠᠮᠵᠢᠲᠠᠢ ᠲᠦᠷᠢ ᠲᠥᠷᠬᠦ ᠶᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠤᠯᠠᠨ ᠲᠦᠮᠡᠨ ᠳᠤ ᠪᠣᠳᠠᠲᠠᠢ ᠶᠠᠪᠤᠳᠠᠯ ᠬᠢᠵᠦ ᠥᠭᠭᠦᠨ᠂ ᠠᠷᠠᠳ ᠤᠯᠠᠨ ᠤ ᠠᠮᠢ ᠠᠬᠤᠢ ᠶᠢᠨ ᠣᠷᠴᠢᠨ ᠲᠣᠭᠤᠷᠢᠨ ᠤ ᠬᠦᠷᠲᠡᠮᠵᠢ ᠶᠢᠨ ᠲᠦᠷᠦᠭᠳᠡᠯ᠂ ᠵᠣᠯ ᠵᠢᠷᠭᠠᠯᠲᠤ ᠲᠦᠷᠦᠭᠳᠡᠯ ᠪᠠ ᠠᠮᠤᠷ ᠲᠦᠪᠰᠢᠨ ᠤ ᠲᠦᠷᠦᠭᠳᠡᠯ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠳᠦ ᠲᠦᠢᠯ ᠤᠨ ᠴᠢᠬᠤᠯᠠ ᠠᠴᠢ ᠬᠤᠯᠪᠣᠭᠳᠠᠯ ᠲᠠᠢ ᠶᠤᠮ᠃      ᠬᠤᠶᠠᠷ᠂ ︽ᠲᠥᠯᠥᠪᠵᠢᠭᠦᠯᠭᠡ︾ ᠶᠢᠨ ᠭᠤᠣᠯ ᠠᠭᠤᠯᠭ᠎ᠠ      ︽ᠲᠥᠯᠥᠪᠵᠢᠭᠦᠯᠭᠡ︾ ᠨᠢ ︽ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠦᠨᠳᠦᠰᠦᠨ ᠪᠠᠶᠢᠳᠠᠯ︾ ︽ᠵᠢᠯᠣᠭᠤᠳᠬᠤ ᠦᠵᠡᠯ ᠰᠠᠨᠠᠭ᠎ᠠ᠂  ︽ᠵᠠᠷᠴᠢᠮ ᠪᠠ ᠬᠠᠷᠠᠯᠲᠠ︾ ︽ᠭᠤᠤᠯ ᠡᠭᠦᠷᠭᠡ ︵ᠭᠤᠷᠪᠠᠳᠤᠭᠠᠷ ᠪᠦᠯᠦᠭ ᠠᠴᠠ ᠳᠣᠯᠣᠳᠤᠭᠠᠷ ᠪᠦᠯᠦᠭ ᠬᠦᠷᠲᠡᠯ᠎ᠡ︶︾ ︽ᠲᠥᠯᠥᠪᠵᠢᠭᠦᠯᠭᠡ ᠶᠢ ᠬᠡᠷᠡᠭᠵᠢᠭᠦᠯᠬᠦ ᠪᠠᠲᠤᠯᠠᠭ᠎ᠠ ᠶᠢᠨ ᠠᠷᠭ᠎ᠠ ᠬᠡᠮᠵᠢᠶ᠎ᠡ︾ ᠨᠡᠶᠢᠲᠡ 8 ᠪᠦᠯᠦᠭ 37 ᠬᠡᠰᠡᠭ ᠢᠶᠠᠷ ᠪᠦᠷᠢᠯᠳᠦᠵᠡᠶ᠃      ᠨᠢᠭᠡᠳᠦᠭᠡᠷ ᠪᠦᠯᠦᠭ ᠠᠮᠢ ᠠᠬᠤᠶ ᠶᠢᠨ ᠣᠷᠴᠢᠨ  ᠲᠣᠭᠤᠷᠢᠨ  ᠤ ᠬᠠᠮᠠᠭᠠᠯᠠᠯᠲᠠ ᠶᠢᠨ ᠦᠨᠳᠦᠰᠦᠨ ᠪᠠᠶᠢᠳᠠᠯ ᠳᠤ᠂ ᠠᠷᠪᠠᠨ ᠭᠤᠷᠪᠠᠳᠤᠭᠠᠷ ᠲᠠᠪᠤᠨ ᠵᠢᠯ ᠤᠨ ᠲᠥᠯᠥᠪᠵᠢᠭᠦᠯᠭᠡ ᠠᠴᠠ ᠨᠠᠭᠠᠰᠢᠬᠢ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠶᠠᠪᠤᠴᠠ ᠳᠤ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠠᠯ᠎ᠠ ᠪᠠᠷ ᠣᠯᠤᠭᠰᠠᠨ ᠰᠢᠢᠳᠪᠦᠷᠢᠯᠡᠬᠦ ᠴᠢᠨᠠᠷᠲᠠᠶ ᠠᠮᠵᠢᠯᠲᠠ ᠪᠦᠲᠦᠮᠵᠢ ᠶᠢ ᠭᠦᠨᠵᠡᠭᠡᠶ ᠳ᠋ᠦᠩᠨᠡᠵᠦ᠂ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭᠠᠨ ᠳᠠᠬᠢ ᠠᠮᠢ ᠠᠬᠤᠶ ᠶᠢᠨ ᠣᠷᠴᠢᠨ ᠨᠥᠬᠦᠴᠡᠯ ᠤᠨ ᠬᠠᠮᠠᠭᠠᠯᠠᠯᠲᠠ ᠶᠢᠨ ᠠᠵᠢᠯ ᠳᠤ ᠲᠤᠯᠭᠠᠷᠠᠭᠰᠠᠨ ᠠᠵᠠ ᠲᠣᠬᠢᠶᠠᠯ ᠪᠠ ᠥᠷᠢᠰᠥᠯᠳᠦᠭᠡᠨ ᠢ ᠰᠢᠨᠵᠢᠯᠡᠬᠦ ᠤᠬᠠᠭᠠᠨᠴᠢ ᠪᠠᠷ ᠵᠠᠳᠠᠯᠪᠠ᠃      ᠬᠤᠶᠠᠳᠤᠭᠠᠷ ᠪᠦᠯᠦᠭ ᠵᠢᠯᠣᠭᠤᠳᠬᠤ ᠦᠵᠡᠯ ᠰᠠᠨᠠᠭ᠎ᠠ᠂ ᠵᠠᠷᠴᠢᠮ ᠪᠠ ᠬᠠᠷᠠᠯᠲᠠ ᠂ ᠮᠠᠨ ᠤ ᠬᠤᠲᠠ ᠶᠢᠨ ᠬᠤᠶᠢᠰᠢᠳᠠ ᠶᠢᠨ ᠲᠠᠪᠤᠨ ᠵᠢᠯ ᠤᠨ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠦᠢᠯᠡᠰ ᠤᠨ ᠬᠥᠭᠵᠢᠯᠲᠡ ᠶᠢᠨ ᠵᠢᠯᠣᠭᠤᠳᠬᠤ ᠦᠵᠡᠯ ᠰᠠᠨᠠᠭ᠎ᠠ᠂ ᠦᠨᠳᠦᠰᠦᠨ ᠵᠠᠷᠴᠢᠮ᠂ ᠭᠤᠣᠯ ᠬᠠᠷᠠᠯᠲᠠ ᠶᠢ ᠲᠣᠳᠣᠷᠬᠠᠶᠢᠯᠠᠨ ᠥᠭᠦᠯᠡᠪᠡ᠃      ᠭᠤᠷᠪᠠᠳᠤᠭᠠᠷ ᠪᠦᠯᠦᠭ ᠠᠴᠠ ᠳᠣᠯᠣᠳᠤᠭᠠᠷ ᠪᠦᠯᠦᠭ ᠬᠦᠷᠲᠡᠯᠡᠬᠢ ᠪᠣᠯ ᠲᠥᠯᠥᠪᠵᠢᠭᠦᠯᠭᠡ ᠶᠢᠨ ᠭᠤᠣᠯ ᠡᠭᠦᠷᠭᠡ ᠪᠣᠯᠤᠨ᠎ᠠ᠄ ᠭᠤᠷᠪᠠᠳᠤᠭᠠᠷ ᠪᠦᠯᠦᠭ ᠠᠮᠢ ᠠᠬᠤᠶ ᠶᠢ ᠬᠠᠮᠠᠭᠠᠯᠠᠨ ᠰᠡᠷᠭᠦᠭᠡᠬᠦ ᠶᠢ ᠴᠢᠩᠭᠠᠳᠬᠠᠵᠤ᠂ ᠠᠮᠢ ᠠᠬᠤᠶ ᠶᠢᠨ ᠰᠢᠰᠲ᠋ᠧᠮ ᠤᠨ ᠶᠠᠰᠤ ᠴᠢᠨᠠᠷ ᠪᠠ ᠲᠣᠭᠲᠠᠪᠤᠷᠢᠲᠤ ᠴᠢᠨᠠᠷ ᠢ ᠳᠡᠭᠡᠭᠰᠢᠯᠡᠭᠦᠯᠵᠦ᠂ ᠠᠮᠢ ᠠᠬᠤᠶ ᠶᠢᠨ ᠬᠠᠮᠠᠭᠠᠯᠠᠯᠲᠠ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠠᠮᠢᠳᠤ ᠪᠣᠳᠠᠰ ᠤᠨ ᠤᠯᠠᠨ ᠶᠠᠩᠵᠤᠲᠤ ᠴᠢᠨᠠᠷ ᠤᠨ ᠬᠠᠮᠠᠭᠠᠯᠠᠯᠲᠠ ᠶᠢ ᠴᠢᠩᠭᠠᠳᠬᠠᠵᠤ᠂ ᠠᠮᠢ ᠠᠬᠤᠶ ᠶᠢᠨ ᠰᠢᠰᠲ᠋ᠧᠮ ᠢ ᠬᠠᠮᠠᠭᠠᠯᠠᠨ ᠰᠡᠷᠭᠦᠭᠡᠬᠦ ᠶᠢ ᠲᠦᠯᠬᠢᠨ ᠠᠬᠢᠭᠤᠯᠵᠤ᠂ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢ ᠶᠡᠭᠡ ᠪᠠᠷ ᠲᠦᠯᠬᠢᠨ ᠠᠬᠢᠭᠤᠯᠤᠨ᠎ᠠ︔ ᠳᠥᠷᠪᠡᠳᠦᠭᠡᠷ ᠪᠦᠯᠦᠭ ᠪᠣᠬᠢᠷᠲᠤᠯ ᠦᠭᠡᠢ ᠡᠬᠢ ᠡᠭᠦᠰᠦᠯ ᠤᠨ ᠰᠡᠷᠭᠡᠶᠢᠯᠡᠯᠲᠡ ᠡᠵᠡᠮᠳᠡᠯ ᠢ ᠴᠢᠩᠭᠠᠳᠬᠠᠵᠤ᠂ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ ᠶᠢ ᠠᠬᠢᠭᠤᠯᠵᠤ᠂ ᠣᠷᠣᠨ ᠵᠠᠢ ᠶᠢᠨ ᠬᠠᠮᠢᠶᠠᠷᠤᠯᠲᠠ ᠡᠵᠡᠮᠳᠡᠯ ᠢ ᠴᠢᠩᠳᠠᠯᠠᠵᠤ᠂ ᠪᠣᠬᠢᠷᠲᠤᠯ ᠦᠭᠡᠢ ᠪᠠᠶᠢᠯᠳᠤᠬᠤ ᠪᠤᠳᠤᠯᠭ᠎ᠠ ᠶᠢᠨ ᠴᠢᠨᠠᠷᠲᠠᠢ ᠰᠢᠨ᠎ᠡ ᠪᠠᠷ ᠮᠠᠨᠳᠤᠭᠰᠠᠨ ᠠᠵᠤ ᠦᠢᠯᠡᠰ ᠢ ᠶᠡᠬᠡᠪᠡᠷ ᠬᠥᠭᠵᠢᠭᠦᠯᠵᠦ᠂ ᠪᠣᠬᠢᠷᠲᠤᠯ ᠦᠭᠡᠢ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠪᠦᠬᠦ ᠲᠠᠯ᠎ᠠ ᠪᠠᠷ ᠴᠢᠩᠭᠠᠳᠬᠠᠵᠤ᠂ ᠠᠵᠤ ᠦᠢᠯᠡᠰ ᠤᠨ ᠪᠦᠲᠦᠴᠡ ᠶᠢᠨ ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠬᠦ ᠶᠢ ᠲᠦᠷᠭᠡᠳᠬᠡᠵᠦ᠂ ᠤᠳᠤ ᠦᠶ᠎ᠡ ᠶᠢᠨ ᠡᠨᠧᠷᠭᠢ ᠶᠢᠨ ᠠᠵᠤ ᠦᠢᠯᠡᠰ ᠤᠨ ᠪᠣᠬᠢᠷᠲᠤᠯ ᠦᠭᠡᠢ ᠬᠥᠭᠵᠢᠯᠲᠡ ᠶᠢ ᠠᠬᠢᠭᠤᠯᠵᠤ᠂ ᠪᠣᠬᠢᠷᠲᠤᠯ ᠦᠭᠡᠢ ᠵᠠᠮ ᠬᠠᠷᠢᠯᠴᠠᠭᠠᠨ ᠤ ᠰᠢᠰᠲ᠋ᠧᠮᠵᠢ ᠶᠢ ᠪᠠᠶᠢᠭᠤᠯᠵᠤ᠂ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠠᠮᠢᠳᠤᠷᠠᠯ ᠤᠨ ᠠᠷᠭ᠎ᠠ ᠬᠡᠯᠪᠡᠷᠢ ᠶᠢ ᠬᠡᠷᠡᠭᠵᠢᠭᠦᠯᠵᠦ᠂ ᠠᠭᠤᠷ ᠠᠮᠢᠰᠬᠤᠯ ᠤᠨ ᠬᠤᠪᠢᠷᠠᠯᠲᠠ ᠶᠢ ᠢᠳᠡᠪᠬᠢᠲᠡᠢ ᠠᠷᠭᠠᠴᠠᠭᠠᠨ᠎ᠠ︔ ᠲᠠᠪᠤᠳᠤᠭᠠᠷ ᠪᠦᠯᠦᠭ ᠣᠷᠴᠢᠨ ᠲᠣᠭᠤᠷᠢᠨ ᠤ ᠴᠢᠨᠠᠷ ᠴᠢᠨᠰᠠᠭ᠎ᠠ ᠶᠢ ᠦᠷᠭᠦᠯᠵᠢᠯᠡᠨ ᠰᠠᠶᠢᠵᠢᠷᠠᠭᠤᠯᠵᠤ᠂ ᠪᠣᠬᠢᠷᠲᠤᠯ ᠢ ᠰᠡᠷᠭᠡᠶᠢᠯᠡᠨ ᠵᠠᠰᠠᠬᠤ ᠪᠡᠷᠬᠡ ᠰᠡᠳᠦᠪ ᠢ ᠰᠢᠢᠳᠪᠦᠷᠢᠯᠡᠬᠦ ᠲᠠᠶᠢᠨ ᠢ ᠭᠦᠨᠵᠡᠭᠡᠶ ᠰᠠᠶᠢᠲᠤᠷ ᠬᠢᠵᠦ᠂ ᠠᠭᠠᠷ ᠮᠠᠨᠳᠠᠯ ᠤᠨ ᠣᠷᠴᠢᠨ ᠲᠣᠭᠤᠷᠢᠨ ᠤ ᠴᠢᠨᠠᠷ ᠴᠢᠨᠰᠠᠭ᠎ᠠ ᠶᠢ ᠦᠷᠭᠦᠯᠵᠢᠯᠡᠨ ᠰᠠᠶᠢᠵᠢᠷᠠᠭᠤᠯᠵᠤ᠂ ᠤᠰᠤᠨ ᠤ ᠠᠮᠢ ᠠᠬᠤᠶ ᠶᠢᠨ ᠣᠷᠴᠢᠨ ᠨᠥᠬᠦᠴᠡᠯ ᠢ ᠯᠠᠪᠳᠠᠭᠤᠨ ᠢᠶᠠᠷ ᠳᠡᠭᠡᠭᠰᠢᠯᠡᠭᠦᠯᠵᠦ᠂ ᠬᠥᠷᠥᠰᠥ ᠰᠢᠷᠣᠶ ᠪᠠ ᠭᠠᠵᠠᠷ ᠳᠣᠣᠷᠠᠬᠢ ᠤᠰᠤᠨ ᠤ ᠣᠷᠴᠢᠨ ᠨᠥᠬᠦᠴᠡᠯ ᠢ ᠰᠠᠶᠢᠵᠢᠷᠠᠭᠤᠯᠵᠤ᠂ ᠬᠥᠳᠡᠭᠡ ᠲᠣᠰᠬᠤᠨ ᠤ ᠲᠠᠷᠢᠶᠠᠯᠠᠩ ᠤᠨ ᠣᠷᠴᠢᠨ ᠠᠬᠤᠶ ᠶᠢᠨ ᠵᠠᠰᠠᠯᠲᠠ ᠶᠢ ᠭᠦᠨᠵᠡᠭᠡᠶᠢᠷᠡᠭᠦᠯᠦᠨ᠎ᠡ︔ ᠵᠢᠷᠭᠤᠳᠤᠭᠠᠷ ᠪᠦᠯᠦᠭ ᠣᠷᠴᠢᠨ ᠲᠣᠭᠤᠷᠢᠨ ᠤ ᠠᠮᠤᠷ ᠲᠦᠪᠰᠢᠨ ᠤ ᠬᠠᠮᠢᠶᠠᠷᠤᠯᠲᠠ ᠶᠢ ᠶᠡᠭᠡ ᠪᠠᠷ ᠲᠦᠯᠬᠢᠨ ᠠᠬᠢᠭᠤᠯᠵᠤ᠂ ᠣᠷᠴᠢᠨ ᠲᠣᠭᠤᠷᠢᠨ ᠤ ᠠᠶᠤᠯ ᠲᠦᠭᠰᠢᠭᠦᠷᠢ ᠶᠢ ᠪᠦᠲᠦᠮᠵᠢᠲᠡᠶ ᠪᠠᠷ ᠰᠡᠷᠭᠡᠶᠢᠯᠡᠨ ᠡᠵᠡᠮᠳᠡᠵᠦ᠂ ᠴᠥᠮ᠎ᠡ ᠶᠢᠨ ᠪᠠ ᠰᠠᠴᠤᠷᠠᠭ ᠤᠨ ᠣᠷᠴᠢᠨ ᠲᠣᠭᠤᠷᠢᠨ ᠤ ᠠᠮᠤᠷ ᠲᠦᠪᠰᠢᠨ ᠢ ᠪᠠᠲᠤᠯᠠᠨ᠂ ᠠᠶᠤᠯᠲᠠᠶ ᠬᠠᠶᠠᠭᠳᠠᠮᠠᠯ ᠪᠣᠳᠠᠰ ᠢ ᠠᠰᠢᠭᠯᠠᠨ ᠰᠢᠢᠳᠪᠦᠷᠢᠯᠡᠬᠦ ᠵᠢᠴᠢ ᠬᠢᠨᠠᠨ ᠬᠠᠮᠢᠶᠠᠷᠬᠤ ᠴᠢᠳᠠᠪᠤᠷᠢ ᠶᠢ ᠴᠢᠩᠭᠠᠳᠬᠠᠵᠤ᠂ ᠬᠦᠨᠳᠦ ᠲᠡᠮᠦᠷᠯᠢᠭ ᠵᠢᠴᠢ ᠦᠯᠡᠳᠡᠭᠳᠡᠯ ᠬᠦᠳᠡᠷ ᠤᠨ ᠬᠥᠮᠥᠷᠭᠡ ᠶᠢᠨ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠢ ᠴᠢᠩᠭᠠᠳᠬᠠᠵᠤ᠂ ᠪᠤᠰᠤᠳ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠠᠰᠢᠭᠯᠠᠨ ᠰᠢᠢᠳᠪᠦᠷᠢᠯᠡᠬᠦ ᠠᠵᠢᠯ ᠢ ᠲᠦᠯᠬᠢᠨ ᠠᠬᠢᠭᠤᠯᠵᠤ᠂ ᠬᠢᠮᠢ ᠶᠢᠨ ᠪᠣᠳᠠᠰ ᠤᠨ ᠣᠷᠴᠢᠨ ᠲᠣᠭᠤᠷᠢᠨ ᠤ ᠠᠶᠤᠯ ᠲᠦᠭᠰᠢᠭᠦᠷᠢ ᠶᠢ ᠰᠡᠷᠭᠡᠶᠢᠯᠡᠬᠦ ᠠᠵᠢᠯ ᠢ ᠴᠢᠩᠭᠠᠳᠬᠠᠵᠤ᠂ ᠣᠷᠴᠢᠨ ᠲᠣᠭᠤᠷᠢᠨ ᠤ ᠤᠷᠢᠳᠴᠢᠯᠠᠨ ᠰᠡᠷᠡᠮᠵᠢᠯᠡᠭᠦᠯᠵᠦ ᠰᠡᠷᠭᠡᠶᠢᠯᠡᠨ ᠡᠵᠡᠮᠳᠡᠬᠦ ᠪᠠ ᠪᠠᠴᠢᠮ ᠪᠠᠶᠢᠳᠠᠯ ᠢ ᠠᠷᠭᠠᠴᠠᠭᠠᠬᠤ ᠠᠵᠢᠯ ᠢ ᠴᠢᠩᠭᠠᠳᠬᠠᠨ᠎ᠠ︔ ᠳᠣᠯᠣᠳᠤᠭᠠᠷ ᠪᠦᠯᠦᠭ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ  ᠬᠦᠨᠵᠡᠭᠡᠢᠷᠡᠭᠦᠯᠵᠦ᠂ ᠤᠳᠤ ᠦᠶ᠎ᠡ ᠶᠢᠨ ᠣᠷᠴᠢᠨ ᠲᠣᠭᠤᠷᠢᠨ ᠤ ᠵᠠᠰᠠᠯᠲᠠ ᠶᠢᠨ ᠰᠢᠰᠲ᠋ᠧᠮᠵᠢ ᠶᠢ ᠪᠠᠶᠢᠭᠤᠯᠵᠤ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠢᠶᠠᠷᠤᠯᠲᠠ ᠶᠢᠨ ᠪᠠᠶᠢᠭᠤᠯᠤᠯ ᠲᠣᠭᠲᠠᠴᠠ ᠶᠢ ᠪᠦᠷᠢᠨᠰᠢᠬᠦᠯᠦᠨ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠢᠶᠠᠷᠤᠯᠲᠠ ᠶᠢᠨ ᠲᠦᠷᠢᠮ ᠢ ᠲᠡᠭᠦᠯᠳᠡᠷᠵᠢᠭᠦᠯᠵᠦ᠂ ᠠᠮᠢ ᠠᠬᠤᠢ ᠶᠢᠨ ᠣᠷᠴᠢᠨ ᠲᠣᠭᠤᠷᠢᠨ ᠤ ᠬᠢᠨᠠᠨ ᠬᠡᠮᠵᠢᠯᠲᠡ ᠶᠢᠨ ᠰᠢᠰᠲ᠋ᠧᠮᠵᠢ ᠶᠢ ᠲᠡᠭᠦᠯᠳᠡᠷᠵᠢᠭᠦᠯᠵᠦ᠂ ᠠᠮᠢ ᠠᠬᠤᠢ ᠶᠢᠨ ᠣᠷᠴᠢᠨ ᠲᠣᠭᠤᠷᠢᠨ ᠤ ᠣᠶᠤᠨᠴᠢ ᠬᠢᠨᠠᠯᠲᠠ ᠬᠠᠮᠢᠶᠠᠷᠤᠯᠲᠠ ᠶᠢᠨ ᠰᠢᠨ᠎ᠡ ᠶᠢ ᠡᠭᠦᠳᠴᠦ᠂ ᠠᠮᠢ ᠠᠬᠤᠢ ᠶᠢᠨ ᠣᠷᠴᠢᠨ ᠲᠣᠭᠤᠷᠢᠨ ᠤ ᠬᠠᠤᠯᠢ  ᠬᠡᠷᠡᠭᠵᠢᠬᠦᠯᠦᠯᠲᠡ ᠶᠢᠨ ᠪᠤᠳᠠᠳᠤ ᠦᠷ᠎ᠡ ᠪᠦᠳᠦᠮᠵᠢ ᠶᠢ ᠲᠡᠭᠡᠭᠰᠢᠯᠡᠭᠦᠯᠦᠨ᠎ᠡ᠃      ᠨᠠᠢᠮᠠᠳᠤᠭᠠᠷ ᠪᠦᠯᠦᠭ ᠲᠥᠯᠥᠪᠵᠢᠭᠦᠯᠭᠡ ᠶᠢ ᠬᠡᠷᠡᠭᠵᠢᠭᠦᠯᠬᠦ ᠪᠠᠲᠤᠯᠠᠭ᠎ᠠ ᠶᠢᠨ ᠠᠷᠭ᠎ᠠ ᠬᠡᠮᠵᠢᠶ᠎ᠡ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢ ᠴᠢᠩᠭᠠᠳᠬᠠᠬᠤ᠂ ᠦᠨᠡᠯᠡᠨ ᠵᠢᠱᠢᠵᠦ ᠬᠢᠨᠠᠨ ᠰᠢᠯᠭᠠᠬᠤ ᠶᠢ ᠥᠷᠨᠢᠭᠦᠯᠬᠦ᠂ ᠪᠡᠯᠡ ᠮᠥᠩᠭᠦ ᠶᠢᠨ ᠪᠠᠲᠤᠯᠠᠭ᠎ᠠ ᠶᠢ ᠨᠠᠶᠢᠳᠠᠪᠤᠷᠢᠵᠢᠭᠤᠯᠬᠤ᠂ ᠴᠢᠳᠠᠪᠤᠷᠢᠲᠠᠨ ᠤ ᠲᠤᠯᠭᠠᠭᠤᠷᠢᠯᠠᠯ ᠢ ᠴᠢᠩᠭᠠᠳᠬᠠᠬᠤ᠂ ᠨᠡᠶᠢᠭᠡᠮ ᠤᠨ ᠬᠢᠨᠠᠯᠲᠠ ᠶᠢ ᠴᠢᠩᠭᠠᠳᠬᠠᠬᠤ ᠲᠠᠯ᠎ᠠ ᠪᠠᠷ ︽ᠲᠥᠯᠥᠪᠵᠢᠭᠦᠯᠭᠡ︾ ᠶᠢ ᠬᠡᠷᠡᠭᠵᠢᠭᠦᠯᠬᠦ ᠪᠣᠳᠠᠲᠠᠶ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ ᠳᠤᠷᠠᠳᠤᠨ ᠭᠠᠷᠭᠠᠪᠠ᠃
 
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号