ᠪᠥᠬᠦ ᠬᠤᠲᠠ ᠶᠢᠨ ᠬᠡᠪᠴᠢᠶ᠎ᠡ ᠪᠠᠷ ᠬᠠᠮᠤᠭ ᠤᠨ ᠲᠣᠮᠣ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠶᠡᠷᠦᠩᠬᠡᠢ ᠴᠣᠭᠴᠠ ᠵᠢᠩᠬᠢᠨᠢ ᠪᠠᠷ ᠠᠰᠢᠭᠯᠠᠯᠲᠠ ᠳᠤ ᠣᠷᠣᠪᠠ
ᠨᠡᠶᠢᠲᠡᠯᠡᠭᠰᠡᠨ ᠴᠠᠭ᠄
2021/11/30
      ︵ᠰᠤᠷᠪᠤᠯᠵᠢᠯᠠᠭᠴᠢ ᠸᠠᠩ ᠵᠦᠩ ᠵᠸᠦ︶ ᠣᠳᠣᠬᠠᠨ ᠳᠠᠭᠠᠨ ᠰᠠᠶᠢᠬᠠᠨ ᠲᠣᠭᠤᠷᠢᠭ ᠴᠢᠨᠠᠭᠰᠢᠯᠠᠪᠠᠯ ᠪᠦᠬᠦ ᠬᠤᠳᠠ ᠶᠢᠨ ᠬᠡᠪᠴᠢᠶ᠎ᠡ ᠪᠠᠷ ᠬᠠᠮᠤᠭ ᠤᠨ ᠲᠣᠮᠣ ᠨᠡᠶᠢᠭᠡᠮ ᠲᠣᠭᠤᠷᠢᠭ ᠤᠨ ᠭᠡᠷ ᠪᠦᠯᠢ ᠶᠢᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠶᠡᠷᠦᠩᠬᠡᠢ ᠴᠣᠭᠴᠠ — ᠰᠠᠶᠢᠬᠠᠨ ᠲᠣᠭᠤᠷᠢᠭ ᠤᠨ ᠠᠷᠠᠳ ᠤᠨ ᠵᠠᠮ ᠵᠡᠭᠡᠯᠢ ᠭᠤᠳᠤᠮᠵᠢ ᠶᠢᠨ ᠱᠢ ᠴᠢ ᠨᠡᠶᠢᠭᠡᠮ ᠲᠣᠭᠤᠷᠢᠭ ᠤᠨ ᠭᠡᠷ ᠪᠦᠯᠢ ᠶᠢᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠶᠡᠷᠦᠩᠬᠡᠢ ᠴᠣᠭᠴᠠ ᠤᠢᠢᠷ᠎ᠠ ᠶᠢᠨ ᠡᠳᠦᠷ ᠵᠢᠩᠬᠢᠨᠢ ᠪᠠᠷ ᠠᠰᠢᠭᠯᠠᠯᠲᠠ ᠳᠤ ᠣᠷᠣᠵᠤ᠂ ᠬᠠᠷᠢᠶ᠎ᠠ ᠣᠷᠣᠨ ᠵᠢᠴᠢ ᠡᠷᠬᠢᠨ ᠲᠣᠭᠤᠷᠢᠨ ᠤ ᠭᠠᠵᠠᠷ ᠣᠷᠣᠨ ᠤ ᠡᠷᠡᠭᠦᠯ ᠲᠡᠩᠬᠡᠯᠡᠭᠦᠨ ᠨᠠᠰᠤᠲᠠᠨ ᠪᠣᠯᠤᠨ ᠴᠢᠳᠠᠪᠤᠷᠢ ᠪᠠᠨ ᠪᠦᠷᠢᠨ ᠠᠯᠳᠠᠭᠰᠠᠨ ᠪᠤᠶᠤ ᠴᠢᠳᠠᠪᠤᠷᠢ ᠪᠠᠨ ᠬᠠᠭᠠᠰ ᠠᠯᠳᠠᠭᠰᠠᠨ ᠨᠠᠰᠤᠲᠠᠶᠢᠴᠤᠳ ᠲᠤ ᠤᠯᠠᠨ ᠵᠦᠢᠯ ᠤᠨ ᠦᠢᠯᠡᠴᠢᠯᠡᠭᠡ ᠬᠠᠩᠭᠠᠬᠤ ᠪᠣᠯᠤᠨ᠎ᠠ᠃      ᠰᠢᠨ᠎ᠡ ᠪᠠᠷ ᠪᠠᠶᠢᠭᠤᠯᠤᠭᠰᠠᠨ ᠱᠢ ᠴᠢ ᠨᠡᠶᠢᠭᠡᠮ ᠲᠣᠭᠤᠷᠢᠭ ᠤᠨ ᠭᠡᠷ ᠪᠦᠯᠢ ᠶᠢᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠶᠡᠷᠦᠩᠬᠡᠢ ᠴᠣᠭᠴᠠ ᠨᠢ 2996.2 ᠲᠡᠭᠰᠢ ᠳᠥᠷᠪᠡᠯᠵᠢᠨ ᠮᠧᠲᠷ ᠲᠠᠯᠠᠪᠠᠢ ᠡᠵᠡᠯᠡᠵᠦ᠂ ᠭᠠᠵᠠᠷ ᠳᠡᠭᠡᠷ᠎ᠡ 3 ᠳᠠᠪᠬᠤᠷ ᠪᠠ ᠭᠠᠵᠠᠷ ᠳᠣᠣᠷ᠎ᠠ 1 ᠳᠠᠪᠬᠤᠷ ᠢᠶᠠᠷ ᠪᠦᠷᠢᠯᠳᠦᠵᠡᠢ᠃ ᠶᠡᠷᠦᠩᠬᠡᠶᠢᠯᠡᠭᠰᠡᠨ ᠴᠣᠭᠴᠠ ᠶᠢ ᠭᠤᠷᠪᠠᠳᠠᠬᠢ ᠲᠠᠯ᠎ᠠ ᠶᠢᠨ ᠪᠠᠶᠢᠭᠤᠯᠤᠮᠵᠢ ᠠᠴᠠ ᠬᠠᠷᠢᠭᠤᠴᠠᠨ ᠡᠵᠡᠩᠨᠡᠵᠦ᠂ ︽ᠨᠢᠭᠡ ᠲᠠᠪᠴᠠᠩ᠂ ᠬᠤᠶᠠᠷ ᠲᠥᠪ︾ ᠤᠨ ᠲᠥᠯᠥᠪᠵᠢᠭᠦᠯᠭᠡ ᠶᠣᠰᠣᠭᠠᠷ᠂ ᠬᠥᠬᠡᠬᠤᠲᠠ ᠶᠢᠨ ᠨᠠᠰᠤᠵᠢᠯ ᠤᠨ ᠠᠰᠠᠷᠠᠮᠵᠢ ᠶᠢᠨ ᠠᠵᠤ ᠦᠢᠯᠡᠰ ᠤᠨ ᠬᠡᠯᠬᠢᠶ᠎ᠡ ᠶᠢᠨ ᠨᠡᠪᠴᠢᠭᠦᠯᠬᠦ ᠲᠠᠪᠴᠠᠩ᠂ ᠡᠷᠡᠭᠦᠯ ᠲᠡᠩᠬᠡᠯᠡᠭᠦᠨ ᠨᠠᠰᠤᠲᠠᠶᠢᠴᠤᠳ ᠤᠨ ᠵᠤᠭᠠᠯᠠᠵᠤ ᠠᠮᠠᠷᠠᠵᠤ ᠰᠤᠪᠢᠯᠠᠬᠤ ᠲᠥᠪ᠂ ᠨᠠᠰᠤᠲᠠᠶᠢᠴᠤᠳ ᠤᠨ ᠡᠮᠴᠢᠯᠡᠭᠡ ᠰᠤᠪᠢᠯᠠᠯᠲᠠ ᠶᠢ ᠤᠶᠠᠯᠳᠤᠭᠤᠯᠤᠭᠰᠠᠨ ᠬᠠᠷᠠᠭᠠᠯᠵᠠᠨ ᠠᠰᠠᠷᠠᠬᠤ ᠲᠥᠪ ᠢ ᠪᠠᠭᠲᠠᠭᠠᠵᠤ᠂ ᠨᠠᠰᠤᠲᠠᠶᠢᠴᠤᠳ ᠤᠨ ᠬᠤᠭᠤᠯᠠᠨ ᠭᠡᠷ᠂ ᠣᠯᠠᠨ ᠴᠢᠳᠠᠮᠵᠢᠳᠣ ᠬᠥᠳᠡᠯᠭᠡᠭᠡᠨ ᠤ ᠲᠢᠩᠬᠢᠮ᠂ ᠡᠳᠦᠷ ᠤᠨ ᠠᠰᠠᠷᠠᠨ ᠬᠠᠷᠠᠭᠠᠯᠵᠠᠬᠤ ᠭᠡᠷ ᠵᠡᠷᠭᠡ ᠴᠢᠳᠠᠮᠵᠢᠳᠣ ᠣᠷᠣᠨ ᠲᠣᠭᠤᠷᠢᠭ ᠢ ᠲᠣᠬᠢᠷᠠᠭᠤᠯᠵᠤ᠂ ᠨᠠᠰᠤᠲᠠᠶᠢᠴᠤᠳ ᠤᠨ ᠣᠯᠠᠨ ᠶᠠᠩᠵᠤ ᠶᠢᠨ ᠠᠮᠢᠳᠤᠷᠠᠯ ᠤᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠵᠤ ᠳᠡᠶᠢᠯᠦᠨ᠎ᠡ᠃
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号