︵ᠰᠤᠷᠪᠤᠯᠵᠢᠯᠠᠭᠴᠢ ᠶᠦᠨ ᠶᠠᠨ ᠹᠠᠩ ᠴᠢᠮᠡᠭᠡᠯᠡᠭᠴᠢ ᠶᠠᠩ ᠯᠢ ᠹᠠᠩ︶ ᠣᠶᠢᠷ᠎ᠠ ᠳᠤ᠂ ᠲᠠᠷᠢᠶᠠᠯᠠᠩ | ᠬᠥᠳᠡᠭᠡ ᠲᠣᠰᠬᠤᠨ ᠤ ᠶᠠᠮᠤᠨ ᠵᠢᠷᠭᠤᠳᠤᠭᠠᠷ ᠪᠦᠯᠦᠭ ᠳᠤᠮᠳᠠᠳᠤ ᠤᠯᠤᠰ ᠤᠨ ᠴᠢᠬᠤᠯᠠ ᠲᠠᠷᠢᠶᠠᠯᠠᠩ ᠤᠨ | ᠰᠣᠶᠣᠯ ᠤᠨ ᠥᠪ ᠤᠨ ᠨᠡᠷᠡᠰ ᠢ ᠨᠡᠶᠢᠲᠡᠯᠡᠵᠦ᠂ ᠥᠪᠥᠷ ᠮᠣᠩᠭᠤᠯ ᠤᠨ ᠦᠴᠤᠸᠠᠨ ᠤ ᠨᠣᠬᠠᠶ ᠶᠢᠨ ᠬᠤᠰᠢᠭᠤ ᠶᠢᠨ | ᠤᠯᠠᠮᠵᠢᠯᠠᠯᠲᠤ ᠬᠠᠭᠤᠷᠠᠶ ᠲᠠᠷᠢᠶᠠᠯᠠᠩ ᠤᠨ ᠰᠢᠰᠲ᠋ᠧᠮ ᠵᠡᠷᠭᠡ ᠪᠥᠬᠦ ᠤᠯᠤᠰ ᠤᠨ 21 ᠵᠦᠢᠯ ᠤᠨ ᠤᠯᠠᠮᠵᠢᠯᠠᠯᠲᠤ | ᠲᠠᠷᠢᠶᠠᠯᠠᠩ ᠤᠨ ᠰᠢᠰᠲ᠋ᠧᠮ ᠰᠣᠩᠭᠤᠭᠳᠠᠵᠠᠶ᠃ | ᠣᠶᠢᠯᠠᠭᠠᠭᠰᠠᠨ ᠢᠶᠠᠷ᠂ ᠡᠨᠡ ᠤᠳᠠᠭ᠎ᠠ ᠶᠢᠨ ᠳᠤᠮᠳᠠᠳᠤ ᠤᠯᠤᠰ ᠤᠨ ᠴᠢᠬᠤᠯᠠ ᠲᠠᠷᠢᠶᠠᠯᠠᠩ ᠤᠨ ᠰᠣᠶᠣᠯ ᠤᠨ | ᠥᠪ ᠢ ᠬᠢᠨᠠᠨ ᠲᠣᠭᠲᠠᠭᠠᠬᠤ ᠲᠤᠰᠬᠠᠶ ᠮᠡᠷᠭᠡᠵᠢᠯᠲᠡᠨ ᠤ ᠳᠤᠭᠤᠶᠢᠯᠠᠩ ᠠᠴᠠ ᠪᠥᠬᠦ ᠤᠯᠤᠰ ᠤᠨ ᠡᠯ᠎ᠡ ᠮᠤᠵᠢ ᠶᠢᠨ | ᠰᠣᠶᠣᠯ ᠤᠨ ᠥᠪ ᠢᠶᠠᠷ ᠳᠡᠭᠡᠭᠰᠢ ᠮᠡᠳᠡᠭᠦᠯᠦᠭᠰᠡᠨ ᠵᠦᠢᠯᠡᠰ ᠢ ᠱᠠᠲᠤ ᠳᠠᠷᠠᠭᠠᠯᠠᠨ ᠰᠢᠯᠢᠨ ᠰᠣᠩᠭᠤᠭᠰᠠᠨ ᠤ | ᠡᠴᠦᠰ ᠲᠤ ᠦᠴᠤᠸᠠᠨ ᠤ ᠨᠣᠬᠠᠶ ᠶᠢᠨ ᠬᠤᠰᠢᠭᠤ ᠴᠣᠯᠭᠤᠷᠠᠨ ᠭᠠᠷᠴᠤ᠂ ᠠᠮᠵᠢᠯᠲᠠ ᠲᠠᠢ ᠪᠠᠷ ᠰᠣᠩᠭᠤᠭᠳᠠᠵᠠᠶ᠃ | ᠦᠴᠤᠸᠠᠨ ᠤ ᠨᠣᠬᠠᠶ ᠶᠢᠨ ᠬᠤᠰᠢᠭᠤ ᠶᠢᠨ ᠤᠯᠠᠮᠵᠢᠯᠠᠯᠲᠤ ᠬᠠᠭᠤᠷᠠᠶ ᠲᠠᠷᠢᠶᠠᠯᠠᠩ ᠤᠨ ᠰᠢᠰᠲ᠋ᠧᠮ ᠤᠨ | ᠬᠠᠮᠠᠭᠠᠯᠠᠯᠲᠠ᠂ ᠤᠯᠠᠮᠵᠢᠯᠠᠯ ᠪᠠ ᠠᠰᠢᠭᠯᠠᠯᠲᠠ ᠶᠢ ᠴᠢᠩᠭᠠᠳᠬᠠᠵᠤ᠂ ᠨᠠᠩ ᠣᠯᠠᠨ ᠨᠡᠶᠢᠭᠡᠮ ᠤᠨ ᠬᠦᠴᠦᠨ ᠢ ᠥᠪ | ᠰᠣᠶᠣᠯ ᠢ ᠬᠠᠮᠠᠭᠠᠯᠠᠨ ᠵᠠᠯᠭᠠᠮᠵᠢᠯᠠᠬᠤ ᠦᠢᠯᠡᠰ ᠲᠤ ᠣᠷᠣᠯᠴᠠᠬᠤ ᠶᠢ ᠤᠷᠢᠶᠠᠯᠠᠬᠤ ᠶᠢᠨ ᠲᠤᠰᠠᠳᠠ᠂ | ᠦᠴᠤᠸᠠᠨ ᠰᠢᠶᠠᠨ ᠤ ᠨᠠᠮ ᠤᠨ ᠬᠤᠷᠢᠶ᠎ᠠ᠂ ᠰᠢᠶᠠᠨ ᠤ ᠵᠠᠰᠠᠭ ᠤᠨ ᠣᠷᠳᠣᠨ ᠤ ᠳᠡᠮᠵᠢᠯᠭᠡ ᠳᠣᠤᠷ᠎ᠠ᠂ ᠶᠠᠨ ᠬᠥ᠋ | ᠹᠠᠩ ᠪᠦᠯᠦᠭᠯᠡᠯ ᠠᠴᠠ ︽ᠨᠣᠬᠠᠶ ᠶᠢᠨ ᠬᠤᠰᠢᠭᠤ ᠶᠢᠨ ᠨᠤᠲᠤᠭ︾ ᠦᠴᠤᠸᠠᠨ ᠰᠢᠶᠠᠨ ᠳᠤ ︽ᠦᠴᠤᠸᠠᠨ ᠤ | ᠨᠣᠬᠠᠶ ᠶᠢᠨ ᠬᠤᠰᠢᠭᠤ — ᠳᠤᠮᠳᠠᠳᠤ ᠤᠯᠤᠰ ᠤᠨ ᠴᠢᠬᠤᠯᠠ ᠲᠠᠷᠢᠶᠠᠯᠠᠩ ᠤᠨ ᠰᠣᠶᠣᠯ ᠤᠨ ᠥᠪ ᠤᠨ ᠳᠡᠯᠭᠡᠨ | ᠦᠵᠡᠭᠦᠯᠬᠦ ᠦᠵᠡᠰᠬᠦᠯᠡᠩ ᠤᠨ ᠣᠷᠳᠣᠨ︾ ᠢ ᠪᠠᠶᠢᠭᠤᠯᠪᠠ᠃ ᠦᠴᠤᠸᠠᠨ ᠤ ᠨᠣᠬᠠᠶ ᠶᠢᠨ ᠬᠤᠰᠢᠭᠤ ᠳᠤᠮᠳᠠᠳᠤ | ᠤᠯᠤᠰ ᠤᠨ ᠴᠢᠬᠤᠯᠠ ᠲᠠᠷᠢᠶᠠᠯᠠᠩ ᠤᠨ ᠰᠣᠶᠣᠯ ᠤᠨ ᠥᠪ ᠤᠨ ᠨᠡᠷᠡᠰ ᠲᠤ ᠰᠣᠩᠭᠤᠭᠳᠠᠭᠰᠠᠨ ᠨᠢ ᠦᠴᠤᠸᠠᠨ ᠤ | ᠲᠠᠷᠢᠶᠠᠯᠠᠩ ᠤᠨ ᠪᠦᠲᠦᠭᠡᠭᠳᠡᠬᠦᠨ ᠤ ᠨᠠᠷᠠᠲᠤ ᠲᠡᠮᠳᠡᠭ ᠤᠨ ᠦᠢᠯᠡᠳᠦᠯ ᠢ ᠶᠡᠬᠡᠰᠬᠡᠭᠰᠡᠨ ᠪᠥᠭᠡᠳ ᠲᠠᠷᠢᠶᠠᠴᠢᠳ ᠢ | ᠬᠠᠪᠰᠤᠷᠤᠨ ᠪᠠᠶᠠᠵᠢᠭᠤᠯᠵᠤ᠂ ᠲᠠᠷᠢᠶᠠᠯᠠᠩ ᠤᠨ ᠣᠷᠣᠯᠭ᠎ᠠ ᠶᠢ ᠨᠡᠮᠡᠭᠳᠡᠭᠦᠯᠬᠦ ᠳᠤ ᠴᠦ ᠠᠰᠢᠭᠲᠠᠶ ᠶᠤᠮ᠃ ᠦᠴᠤᠸᠠᠨ | ᠰᠢᠶᠠᠨ ᠤ ᠵᠠᠰᠠᠭ ᠤᠨ ᠣᠷᠳᠣᠨ ᠨᠣᠬᠠᠶ ᠶᠢᠨ ᠬᠤᠰᠢᠭᠤ ᠶᠢᠨ ᠪᠣᠬᠢᠷᠲᠤᠯ ᠥᠬᠡᠶ ᠳᠡᠭᠡᠳᠦ ᠲᠠᠰ ᠲᠡᠶᠢᠰᠢ ᠬᠥᠭᠵᠢᠬᠦ | ᠪᠠ ᠰᠢᠨ᠎ᠡ ᠶᠢ ᠡᠭᠦᠳᠬᠦ ᠬᠥᠭᠵᠢᠯᠲᠡ ᠶᠢᠨ ᠬᠡᠷᠡᠭᠴᠡᠭᠡ ᠳᠤ ᠦᠷᠭᠦᠯᠵᠢᠯᠡᠨ ᠠᠩᠬᠠᠷᠤᠯ ᠢᠶᠠᠨ ᠲᠥᠪᠯᠡᠷᠡᠭᠦᠯᠵᠦ᠂ | ᠨᠣᠬᠠᠶ ᠶᠢᠨ ᠬᠤᠰᠢᠭᠤ ᠶᠢᠨ ᠲᠠᠷᠢᠶᠠᠯᠠᠩ ᠤᠨ ᠰᠣᠶᠣᠯ ᠤᠨ ᠥᠪ ᠤᠨ ᠣᠲᠣ ᠦᠶ᠎ᠡ ᠶᠢᠨ ᠦᠨ᠎ᠡ ᠥᠷᠲᠡᠭ ᠢ | ᠲᠠᠰᠤᠷᠠᠯᠲᠠ ᠥᠬᠡᠶ ᠠᠭᠤᠳᠠᠯᠬᠤ ᠪᠣᠯᠣᠨ᠎ᠠ᠃ ᠶᠠᠨ ᠬᠦ᠋ ᠹᠠᠩ ᠪᠦᠯᠦᠭᠯᠡᠯ ᠤᠨ ᠬᠢᠨ ᠦᠴᠤᠸᠠᠨ ᠤ ᠨᠣᠬᠠᠶ ᠶᠢᠨ | ᠬᠤᠰᠢᠭᠤ ᠶᠢᠨ ᠴᠢᠬᠤᠯᠠ ᠲᠠᠷᠢᠶᠠᠯᠠᠩ ᠤᠨ ᠰᠣᠶᠣᠯ ᠤᠨ ᠥᠪ ᠢ ᠢᠳᠡᠪᠬᠢᠲᠡᠢ ᠤᠯᠠᠮᠵᠢᠯᠠᠨ ᠬᠠᠮᠠᠭᠠᠯᠠᠵᠤ᠂ ᠡᠨᠡᠬᠦ | ᠠᠯᠳᠠᠨ ᠦᠰᠦᠭᠲᠦ ᠫᠠᠶᠢᠰᠠ ᠶᠢ ᠭᠡᠷᠡᠯᠳᠦᠬᠦᠯᠵᠦ᠂ ᠨᠣᠬᠠᠶ ᠶᠢᠨ ᠬᠤᠰᠢᠭᠤ ᠶᠢᠨ ᠠᠵᠤ ᠦᠢᠯᠡᠰ ᠤᠨ ᠲᠠᠭᠠᠭᠤᠯᠤᠭᠴᠢ | ᠠᠵᠤ ᠠᠬᠤᠶᠢᠯᠠᠯ ᠤᠨ ᠳᠠᠶᠢᠴᠢᠯᠠᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠵᠦ᠂ ᠦᠴᠤᠸᠠᠨ ᠤ ᠨᠣᠬᠠᠶ ᠶᠢᠨ ᠬᠤᠰᠢᠭᠤ ᠶᠢ ᠪᠦᠬᠦ ᠤᠯᠤᠰ | ᠪᠦᠬᠦ ᠳᠡᠯᠡᠬᠡᠢ ᠳᠤ ᠬᠠᠨᠳᠤᠭᠤᠯᠬᠤ ᠪᠣᠯᠣᠨ᠎ᠠ᠃ |