︵ᠰᠤᠷᠪᠤᠯᠵᠢᠯᠠᠭᠴᠢ ᠰᠥᠩ ᠰᠢᠶᠠᠩ ᠬᠤᠸᠠ︶ 11 ᠳ᠋ᠦ᠋ᠭᠡᠷ ᠰᠠᠷ᠎ᠠ ᠶᠢᠨ ᠡᠴᠦᠰ ᠪᠣᠯᠲᠠᠯ᠎ᠠ᠂ ᠮᠠᠨ ᠤ | ᠬᠤᠲᠠ ︽ᠪᠦᠷᠢᠨ ᠴᠢᠳᠠᠮᠵᠢᠲᠤ ᠺᠠᠷᠲ︾ ᠢᠶᠠᠷ ᠨᠡᠶᠢᠲᠡ 198525.06 ᠲᠦᠮᠡᠨ ᠲᠥᠭᠦᠷᠢᠭ ᠤᠨ ᠨᠥᠬᠦᠪᠥᠷᠢ | ᠮᠥᠩᠭᠦ ᠲᠠᠷᠬᠠᠭᠠᠵᠠᠶ᠂ ᠡᠭᠦᠨ ᠳᠤ ᠭᠤᠤᠯᠳᠠᠭᠤ ᠨᠡᠶᠢᠭᠡᠮ ᠤᠨ ᠪᠠᠲᠤᠯᠠᠭ᠎ᠠ ᠶᠢᠨ ᠲᠥᠷᠥᠯ᠂ ᠲᠠᠷᠢᠶᠠᠯᠠᠩ ᠤᠨ ᠲᠥᠷᠥᠯ | ᠂ ᠴᠠᠯᠢᠩ ᠨᠥᠬᠦᠪᠥᠷᠢ ᠶᠢᠨ ᠲᠥᠷᠥᠯ᠂ ᠣᠶ ᠰᠢᠭᠤᠶ ᠶᠢᠨ ᠲᠥᠷᠥᠯ᠂ ᠲᠥᠯᠥᠪᠯᠡᠭᠡᠲᠦ ᠦᠷᠡᠵᠢᠯ ᠤᠨ ᠨᠥᠬᠦᠪᠥᠷᠢ ᠶᠢᠨ | ᠲᠥᠷᠥᠯ᠂ ᠪᠥᠲᠥᠭᠡᠨ ᠪᠠᠶᠢᠭᠤᠯᠤᠯᠲᠠ ᠶᠢᠨ ᠲᠥᠷᠥᠯ ᠤᠨ ᠨᠥᠬᠦᠪᠥᠷᠢ ᠵᠡᠷᠭᠡ ᠵᠢᠷᠭᠤᠭᠠᠨ ᠶᠡᠭᠡ ᠠᠷᠠᠳ ᠤᠨ | ᠠᠮᠢᠳᠤᠷᠠᠯ ᠤᠨ ᠲᠥᠷᠥᠯ ᠤᠨ ᠨᠥᠬᠦᠪᠥᠷᠢ ᠮᠥᠩᠭᠦ ᠨᠡᠯᠢᠶᠡᠳ ᠶᠡᠭᠡ ᠶᠢ ᠡᠵᠡᠯᠡᠭᠰᠡᠨ ᠪᠠᠶᠢᠨ᠎ᠠ᠃ | 1 — 11 ᠳ᠋ᠦ᠋ᠭᠡᠷ ᠰᠠᠷ᠎ᠠ ᠳᠤ᠂ ᠮᠠᠨ ᠤ ᠬᠤᠲᠠ ︽ᠪᠦᠷᠢᠨ ᠴᠢᠳᠠᠮᠵᠢᠲᠤ ᠺᠠᠷᠲ︾ ᠢᠶᠠᠷ | ᠲᠠᠷᠢᠶᠠᠴᠢᠳ ᠤᠨ ᠨᠥᠬᠦᠪᠦᠷᠢ ᠮᠥᠩᠭᠦ ᠨᠡᠶᠢᠲᠡ 184109.56 ᠲᠦᠮᠡᠨ ᠲᠥᠭᠦᠷᠢᠭ ᠲᠠᠷᠬᠠᠭᠠᠵᠤ᠂ 92. | 74% ᠶᠢ ᠡᠵᠡᠯᠡᠪᠡ︔ ᠬᠤᠲᠠ ᠪᠠᠯᠭᠠᠰᠤᠨ ᠤ ᠰᠠᠭᠤᠭᠠᠯᠢ ᠠᠷᠠᠳ ᠤᠨ ᠨᠥᠬᠦᠪᠥᠷᠢ ᠪᠠᠯᠠ ᠮᠥᠩᠭᠦ 14415.5 | ᠲᠦᠮᠡᠨ ᠲᠥᠭᠦᠷᠢᠭ᠂ 7.26% ᠶᠢ ᠡᠵᠡᠯᠡᠪᠡ᠃ ᠪᠥᠬᠦ ᠬᠤᠲᠠ ᠶᠢᠨ 89 ᠰᠢᠶᠠᠩ ᠪᠠᠯᠭᠠᠰᠤ ᠵᠢᠴᠢ ᠵᠡᠭᠡᠯᠢ | ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠢ ᠬᠠᠮᠤᠷᠴᠤ᠂ 3467538 ᠬᠥᠮᠦᠨ ᠤᠳᠠᠭ᠎ᠠ ᠲᠠᠷᠬᠠᠭᠠᠵᠤ᠂ ᠪᠠᠯᠠ | ᠮᠥᠩᠭᠦ ᠶᠢᠨ ᠨᠥᠬᠦᠪᠥᠷᠢ ᠶᠢᠨ ᠲᠥᠷᠥᠯ ᠵᠦᠢᠯ ᠨᠢ ᠨᠡᠶᠢᠲᠡ 9 ᠬᠦᠷᠢᠶᠡᠨ ᠤ 60 ᠲᠥᠷᠥᠯ 76 ᠵᠦᠢᠯ ᠢ | ᠪᠠᠭᠲᠠᠭᠠᠵᠠᠢ᠃ ᠡᠭᠦᠨ ᠳᠤ᠂ ᠲᠠᠷᠬᠠᠭᠠᠭᠰᠠᠨ ᠵᠢᠷᠭᠤᠭᠠᠨ ᠶᠡᠭᠡ ᠠᠷᠠᠳ ᠤᠨ ᠠᠮᠢᠳᠤᠷᠠᠯ ᠤᠨ ᠲᠥᠷᠥᠯ ᠤᠨ | ᠨᠥᠬᠦᠪᠥᠷᠢ ᠪᠠᠯᠠ ᠮᠥᠩᠭᠦ ᠳᠤ᠄ ᠨᠡᠶᠢᠭᠡᠮ ᠤᠨ ᠪᠠᠲᠤᠯᠠᠭ᠎ᠠ ᠶᠢᠨ ᠲᠥᠷᠥᠯ ᠤᠨ ᠨᠥᠬᠦᠪᠥᠷᠢ ᠪᠠᠯᠠ ᠮᠥᠩᠭᠦ 96904. | 22 ᠲᠦᠮᠡᠨ ᠲᠥᠭᠦᠷᠢᠭ᠂ 48.81% ᠶᠢ ᠡᠵᠡᠯᠡᠪᠡ︔ ᠲᠠᠷᠢᠶᠠᠯᠠᠩ ᠤᠨ ᠲᠦᠷᠦᠯ ᠤᠨ ᠨᠥᠬᠦᠪᠥᠷᠢ ᠪᠡᠯᠡ ᠮᠥᠩᠭᠦ | 66099.42 ᠲᠦᠮᠡᠨ ᠲᠥᠭᠦᠷᠢᠭ᠂ 33.3% ᠶᠢ ᠡᠵᠡᠯᠡᠪᠡ︔ ᠴᠠᠯᠢᠩ ᠨᠥᠬᠦᠪᠥᠷᠢ ᠶᠢᠨ ᠲᠥᠷᠥᠯ ᠤᠨ | ᠨᠥᠬᠦᠪᠥᠷᠢ ᠪᠠᠯᠠ ᠮᠥᠩᠭᠦ 14530.9 ᠲᠦᠮᠡᠨ ᠲᠥᠭᠦᠷᠢᠭ᠂ 7.32% ᠢ ᠡᠵᠡᠯᠡᠪᠡ︔ ᠣᠶ ᠰᠢᠭᠤᠶ ᠶᠢᠨ | ᠲᠥᠷᠥᠯ ᠤᠨ ᠨᠥᠬᠦᠪᠥᠷᠢ ᠪᠠᠯᠠ ᠮᠥᠩᠭᠦ 11680.09 ᠲᠦᠮᠡᠨ ᠲᠥᠭᠦᠷᠢᠭ᠂ 5.88% ᠶᠢ ᠡᠵᠡᠯᠡᠪᠡ︔ | ᠲᠥᠯᠥᠪᠯᠡᠭᠡᠲᠦ ᠦᠷᠡᠵᠢᠯ ᠤᠨ ᠨᠥᠬᠦᠪᠥᠷᠢ ᠶᠢᠨ ᠲᠥᠷᠥᠯ ᠤᠨ ᠨᠥᠬᠦᠪᠥᠷᠢ ᠪᠠᠯᠠ ᠮᠥᠩᠭᠦ 4727.28 ᠲᠦᠮᠡᠨ | ᠲᠥᠭᠦᠷᠢᠭ ᠂ 2.38% ᠶᠢ ᠡᠵᠡᠯᠡᠪᠡ ︔ ᠪᠦᠳᠦᠭᠡᠨ ᠪᠠᠶᠢᠭᠤᠯᠤᠯᠲᠠ ᠶᠢᠨ ᠲᠦᠷᠦᠯ ᠤᠨ ᠨᠥᠬᠦᠪᠥᠷᠢ ᠪᠡᠯᠡ ᠮᠥᠩᠭᠦ | 3388.51 ᠲᠦᠮᠡᠨ ᠲᠥᠭᠦᠷᠢᠭ᠂ 1.71% ᠶᠢ ᠡᠵᠡᠯᠡᠵᠡᠢ᠃ |