︵ᠰᠤᠷᠪᠤᠯᠵᠢᠯᠠᠭᠴᠢ ᠶᠦᠨ ᠶᠠᠨ ᠹᠠᠩ︶ 12 ᠳ᠋ᠤᠭᠠᠷ ᠰᠠᠷ᠎ᠠ ᠶᠢᠨ 27 ᠤ ᠡᠳᠦᠷ᠂ ᠬᠤᠲᠠ ᠶᠢᠨ | ᠨᠡᠶᠢᠲᠡ ᠶᠢᠨ ᠵᠠᠮ ᠬᠠᠷᠢᠯᠴᠠᠭᠠᠨ ᠤ ᠶᠡᠷᠦᠩᠬᠡᠶ ᠺᠣᠮᠫᠠᠨᠢ ᠠᠴᠠ ᠣᠶᠢᠯᠠᠭᠠᠭᠰᠠᠨ ᠢᠶᠠᠷ᠂ ᠬᠥᠬᠡᠬᠤᠲᠠ ᠶᠢᠨ ᠬᠤᠲᠠ ᠶᠢᠨ | ᠠᠷᠠᠳ ᠤᠨ ᠺᠠᠷᠲ ᠤᠨ ᠦᠢᠯᠡᠴᠢᠯᠡᠭᠡᠨ ᠤ ᠲᠢᠩᠬᠢᠮ 2022 ᠣᠨ ᠤ 1 ᠳ᠋ᠦ᠋ᠭᠡᠷ ᠰᠠᠷ᠎ᠠ ᠶᠢᠨ 1 ᠤ ᠡᠳᠦᠷ ᠠᠴᠠ | 2 ᠤᠨ ᠡᠳᠦᠷ ᠪᠣᠯᠲᠠᠯ᠎ᠠ ᠴᠢᠯᠥᠭᠡ ᠲᠠᠯᠪᠢᠵᠤ᠂ ᠡᠭᠦᠨ ᠠᠴᠠ ᠭᠠᠳᠠᠨ᠎ᠠ ᠨᠡᠶᠢᠲᠡ ᠶᠢᠨ ᠵᠠᠮ ᠬᠠᠷᠢᠯᠴᠠᠭᠠᠨ ᠤ ᠬᠤᠶᠠᠷ | ᠱᠤᠭᠤᠮ ᠬᠤᠪᠢᠷᠠᠯᠲᠠ ᠲᠠᠢ ᠪᠣᠯᠵᠠᠶ᠃ | ᠣᠶᠢᠯᠠᠭᠠᠭᠰᠠᠨ ᠢᠶᠠᠷ᠂ ᠰᠢᠨ᠎ᠡ ᠣᠨ ᠤ ᠠᠮᠠᠷᠠᠯᠲᠠ ᠶᠢᠨ ᠬᠤᠯᠪᠣᠭᠳᠠᠯ ᠪᠥᠬᠦᠶ ᠲᠣᠭᠲᠠᠭᠠᠯ ᠢ ᠦᠨᠳᠦᠰᠦᠯᠡᠵᠦ᠂ | ᠬᠤᠶᠢᠲᠤ ᠬᠤᠶᠠᠳᠤᠭᠠᠷ ᠲᠣᠭᠤᠷᠢᠭᠤᠯ ᠵᠠᠮ ᠤᠨ ᠨᠡᠶᠢᠲᠡ ᠶᠢᠨ ᠵᠠᠮ ᠬᠠᠷᠢᠯᠴᠠᠭᠠᠨ ᠤ ᠲᠠᠪᠤᠳᠤᠭᠠᠷ ᠺᠣᠮᠫᠠᠨᠢ ᠶᠢᠨ | ᠬᠦᠷᠢᠶᠡᠨ ᠳᠣᠲᠣᠷᠠᠬᠢ ᠬᠥᠬᠡᠬᠤᠲᠠ ᠶᠢᠨ ᠬᠤᠲᠠ ᠶᠢᠨ ᠠᠷᠠᠳ ᠤᠨ ᠺᠠᠷᠲ ᠤᠨ ᠦᠢᠯᠡᠴᠢᠯᠡᠭᠡᠨ ᠤ ᠲᠢᠩᠬᠢᠮ 2022 | ᠣᠨ ᠤ 1 ᠳ᠋ᠦ᠋ᠭᠡᠷ ᠰᠠᠷ᠎ᠠ ᠶᠢᠨ 1 ᠤ ᠡᠳᠦᠷ ︵ᠭᠠᠷᠠᠭ ᠤᠨ ᠵᠢᠷᠭᠤᠭᠠᠨ︶ ᠠᠴᠠ 1 ᠰᠠᠷ᠎ᠠ ᠶᠢᠨ 2 ᠤᠨ ᠡᠳᠦᠷ ︵ | ᠭᠠᠷᠠᠭ ᠤᠨ ᠡᠳᠦᠷ︶ ᠪᠣᠯᠲᠠᠯ᠎ᠠ 2 ᠡᠳᠦᠷ ᠠᠮᠠᠷᠠᠵᠤ᠂ 1 ᠳ᠋ᠦ᠋ᠭᠡᠷ ᠰᠠᠷ᠎ᠠ ᠶᠢᠨ 3 ᠤ ᠡᠳᠦᠷ ︵ᠭᠠᠷᠠᠭ ᠤᠨ ᠨᠢᠭᠡᠨ︶ | ᠬᠡᠪ ᠤᠨ ᠶᠣᠰᠣᠭᠠᠷ ᠲᠤᠬᠠᠶᠢᠯᠠᠭᠰᠠᠨ ᠠᠵᠢᠯ ᠭᠦᠢᠴᠡᠳᠬᠡᠨ᠎ᠡ᠂ ᠠᠵᠢᠯ ᠶᠠᠪᠤᠳᠠᠯ ᠭᠦᠢᠴᠡᠳᠬᠡᠬᠦ ᠴᠢᠬᠤᠯᠠᠲᠠᠶ | ᠠᠶᠠᠨᠴᠢᠳ ᠤᠷᠢᠳᠴᠢᠯᠠᠨ ᠭᠦᠢᠴᠡᠳᠬᠡᠭᠡᠷᠡᠢ᠃ | ᠡᠭᠦᠨ ᠠᠴᠠ ᠭᠠᠳᠠᠨ᠎ᠠ᠂ ᠪᠠᠶᠠᠨ ᠲᠣᠰᠬᠤᠨ ᠳᠠᠭᠠᠤ ᠶᠢᠨ ᠬᠤᠲᠠ ᠶᠢᠨ ᠠᠷᠠᠳ ᠣᠯᠠᠨ ᠲᠦᠮᠡᠨ ᠤ ᠶᠠᠪᠤᠵᠤ | ᠰᠠᠭᠤᠬᠤ ᠳᠤ ᠤᠯᠠᠮ ᠨᠢᠭᠡ ᠠᠯᠬᠤᠮ ᠲᠥᠬᠦᠮ ᠦᠵᠡᠭᠦᠯᠬᠦ ᠶᠢᠨ ᠲᠥᠯᠥᠭᠡ᠂ ᠾᠧ ᠰᠢ ᠵᠠᠮ ᠳᠤ ︽ᠮᠧᠲᠷᠤ᠋ ᠶᠢᠨ | ᠡᠵᠡᠩᠨᠡᠯᠲᠡ ᠶᠢᠨ ᠺᠣᠮᠫᠠᠨᠢ ᠶᠢᠨ ᠴᠠᠭᠠᠨ ᠰᠤᠪᠤᠷᠭ᠎ᠠ ᠲᠡᠷᠭᠡᠨ ᠵᠣᠭᠰᠣᠭᠠᠯ︾ ᠥᠷᠲᠡᠭᠡ ᠶᠢ ᠰᠢᠨ᠎ᠡ ᠪᠠᠷ ᠨᠡᠮᠡᠪᠡ᠃ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠭᠰᠡᠨ ᠤᠷᠢᠲᠠᠯ ᠳᠣᠣᠷ᠎ᠠ᠂ ᠬᠤᠳᠠ ᠶᠢᠨ | ᠠᠷᠠᠳ ᠤᠨ ᠶᠠᠪᠤᠵᠤ ᠰᠠᠭᠤᠬᠤ ᠬᠡᠷᠡᠭᠴᠡᠭᠡ ᠶᠢ ᠪᠠᠲᠤᠯᠠᠬᠤ ᠶᠢᠨ ᠲᠥᠯᠥᠭᠡ᠂ ᠲᠤᠰ ᠡᠳᠦᠷ ᠠᠴᠠ ᠡᠬᠢᠯᠡᠨ ᠳᠠᠯᠠᠨ | ᠬᠠᠷ᠎ᠠ ᠠᠭᠤᠯᠠ ᠶᠢᠨ ᠬᠤᠪᠢᠰᠬᠠᠯ ᠤᠨ ᠰᠣᠶᠣᠯ ᠤᠨ ᠴᠡᠴᠡᠷᠯᠢᠭ ᠠᠴᠠ ᠤᠰᠤᠨ ᠲᠡᠭᠡᠷᠡᠮ᠎ᠡ ᠲᠣᠰᠬᠤᠨ ᠤ | ᠬᠤᠭᠤᠷᠣᠨᠳᠤ ᠶᠠᠪᠤᠬᠤ 128 ᠳ᠋ᠤᠭᠠᠷ ᠵᠠᠮ ᠤᠨ ᠨᠡᠶᠢᠲᠡ ᠶᠢᠨ ᠮᠠᠰᠢᠨ ᠲᠡᠷᠭᠡᠨ ᠤ ᠡᠵᠡᠩᠨᠡᠯᠲᠡ ᠶᠢ ᠰᠡᠷᠭᠦᠭᠡᠨ᠎ᠡ᠃ |