︵ᠰᠤᠷᠪᠤᠯᠵᠢᠯᠠᠭᠴᠢ ᠰᠥᠩ ᠰᠢᠶᠠᠩ ᠬᠤᠸᠠ︶ 12 ᠳ᠋ᠤᠭᠠᠷ ᠰᠠᠷ᠎ᠠ ᠶᠢᠨ 27 ᠤ ᠡᠳᠦᠷ᠂ ᠬᠤᠲᠠ ᠶᠢᠨ | ᠡᠳ᠋ ᠤᠨ ᠵᠠᠰᠠᠭ ᠤᠨ ᠲᠣᠪᠴᠢᠶ᠎ᠠ ᠠᠴᠠ ᠣᠶᠢᠯᠠᠭᠠᠭᠰᠠᠨ ᠢᠶᠠᠷ᠂ ᠲᠦᠮᠡᠳ ᠵᠡᠭᠦᠨ ᠬᠤᠰᠢᠭᠤ ᠲᠦᠷᠦᠭᠦᠯᠡᠨ ᠮᠠᠨ ᠤ | ᠬᠤᠲᠠ ᠶᠢᠨ ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ ᠶᠢᠨ ᠰᠦᠢᠳᠬᠡᠯ ᠤᠨ ᠠᠩᠬᠠᠳᠠᠭᠴᠢ ᠡᠯᠧᠺᠲᠷᠣᠨ | ᠪᠠᠷᠢᠮᠲᠠ ᠶᠢ ᠭᠠᠷᠭᠠᠭᠰᠠᠨ ᠤ ᠳᠠᠷᠠᠭ᠎ᠠ᠂ ᠣᠳᠣᠬᠠᠨ ᠳᠤ᠂ ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ ᠶᠢᠨ | ᠰᠦᠢᠳᠬᠡᠯ ᠤᠨ ᠡᠯᠧᠺᠲᠷᠣᠨ ᠢᠶᠠᠷ ᠪᠠᠷᠢᠮᠲᠠ ᠶᠢ ᠵᠢᠩᠬᠢᠨᠢ ᠪᠠᠷ ᠰᠦᠯᠵᠢᠶᠡᠨ ᠳᠤ ᠭᠠᠷᠭᠠᠵᠤ᠂ ᠪᠥᠬᠦ ᠬᠤᠲᠠ ᠶᠢᠨ | ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ ᠶᠢᠨ ᠰᠦᠢᠳᠬᠡᠯ ᠤᠨ ᠡᠯᠧᠺᠲᠷᠣᠨ ᠪᠠᠷᠢᠮᠲᠠ ᠶᠢ ᠪᠥᠬᠦ ᠲᠠᠯ᠎ᠠ ᠪᠠᠷ | ᠡᠬᠢᠯᠡᠨ ᠬᠡᠷᠡᠭᠯᠡᠪᠡ᠃ | ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠵᠦ᠂ ︽ᠪᠠᠭᠤᠯᠭᠠᠬᠤ | ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠠᠷᠠᠳ ᠲᠤ ᠲᠥᠬᠦᠮ ᠦᠵᠡᠭᠦᠯᠵᠦ ᠠᠵᠤ | ᠠᠬᠤᠶᠢᠯᠠᠯ ᠳᠤ ᠠᠰᠢᠭᠲᠠᠶ ᠪᠣᠯᠭᠠᠵᠤ᠂ ᠡᠳ᠋ ᠤᠨ ᠵᠠᠰᠠᠭ ᠤᠨ ᠫᠢᠶᠣᠣ ᠪᠠᠷᠢᠮᠲᠠ ᠶᠢᠨ ᠥᠭᠡᠷᠡᠴᠢᠯᠡᠯᠲᠡ ᠶᠢᠨ | ᠠᠵᠢᠯ ᠤᠨ ᠭᠦᠨᠵᠡᠭᠡᠶᠢᠷᠡᠨ ᠬᠥᠭᠵᠢᠬᠦ ᠶᠢ ᠠᠬᠢᠭᠤᠯᠬᠤ ᠶᠢᠨ ᠲᠥᠯᠥᠭᠡ᠂ ᠬᠤᠲᠠ ᠶᠢᠨ ᠡᠳ᠋ ᠤᠨ ᠵᠠᠰᠠᠭ ᠤᠨ | ᠲᠣᠪᠴᠢᠶ᠎ᠠ ᠢᠳᠡᠪᠬᠢᠲᠡᠶ ᠪᠠᠷ ᠵᠣᠯᠭᠠᠭᠤᠯᠤᠨ ᠳᠣᠭᠢᠷᠠᠭᠤᠯᠵᠤ᠂ ᠪᠠᠷᠢᠮᠵᠢᠶᠠᠯᠠᠨ ᠠᠬᠢᠭᠤᠯᠵᠤ᠂ ᠴᠠᠭ ᠬᠤᠭᠤᠴᠠᠭᠠᠨ ᠤ | ᠲᠣᠭᠲᠠᠭᠠᠯ ᠶᠣᠰᠣᠭᠠᠷ ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ ᠶᠢᠨ ᠰᠦᠢᠳᠬᠡᠯ ᠤᠨ ᠡᠯᠧᠺᠲᠷᠣᠨ | ᠪᠠᠷᠢᠮᠲᠠ ᠶᠢ ᠰᠦᠯᠵᠢᠶᠡᠨ ᠳᠤ ᠭᠠᠷᠭᠠᠬᠤ ᠠᠵᠢᠯ ᠢ ᠪᠡᠶᠡᠯᠡᠭᠦᠯᠪᠡ᠃ ᠡᠨᠡ ᠪᠣᠯ ᠡᠳ᠋ ᠤᠨ ᠵᠠᠰᠠᠭ ᠤᠨ ᠡᠯᠧᠺᠲᠷᠣᠨ | ᠪᠠᠷᠢᠮᠲᠠ ᠶᠢᠨ ᠥᠭᠡᠷᠡᠴᠢᠯᠡᠯᠲᠡ ᠶᠢᠨ ᠪᠠᠰᠠ ᠨᠢᠭᠡᠨ ᠰᠢᠨ᠎ᠡ ᠠᠬᠢᠴᠠ᠂ ᠡᠳ᠋ ᠤᠨ ᠵᠠᠰᠠᠭ ᠤᠨ ᠠᠵᠤ ᠠᠬᠤᠶᠢᠯᠠᠯ ᠳᠤ | ᠲᠥᠬᠦᠮ ᠦᠵᠡᠭᠦᠯᠵᠦ ᠠᠷᠠᠳ ᠲᠤ ᠠᠰᠢᠭ ᠬᠦᠷᠲᠡᠭᠡᠬᠦ ᠪᠠᠰᠠ ᠨᠢᠭᠡᠨ ᠰᠢᠨ᠎ᠡ ᠠᠷᠭ᠎ᠠ ᠬᠡᠮᠵᠢᠶ᠎ᠡ ᠮᠥᠨ᠂ ᠡᠨᠡ ᠨᠢ | ᠮᠠᠨ ᠤ ᠬᠤᠲᠠ ᠶᠢᠨ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠠᠵᠢᠯ ᠳᠤ ᠳᠠᠬᠢᠨᠲᠠ ᠰᠢᠨ᠎ᠡ | ᠥᠩᠭᠡ ᠪᠤᠳᠤᠭ ᠨᠡᠮᠡᠷᠢᠯᠡᠭᠰᠡᠨ ᠪᠠᠶᠢᠨ᠎ᠠ᠃ | ᠣᠳᠣᠬᠠᠨ ᠳᠤ᠂ ᠪᠥᠬᠦ ᠬᠤᠲᠠ ᠶᠢᠨ ᠡᠯ᠎ᠡ ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ ᠶᠢᠨ ᠲᠥᠪ ᠲᠤ | ᠠᠵᠤ ᠠᠬᠤᠶᠢᠯᠠᠯ ᠪᠠ ᠣᠯᠠᠨ ᠲᠦᠮᠡᠨ ᠴᠥᠮ ᠸᠢᠴᠠᠲ᠂ ᡁᠢ ᠹᠦ᠋ ᠪᠣᠣ᠂ ᠪᠠᠩᠬᠢ ᠶᠢᠨ ᠬᠤᠯᠪᠣᠭᠠᠨ ᠤ ᠡᠭᠦᠯᠡᠨᠴᠢᠷ | ᠲᠣᠭᠠᠴᠠᠭ᠎ᠠ ᠬᠢᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ PC ᠦᠵᠦᠭᠦᠷ ᠪᠠ ᠭᠠᠷ ᠤᠲᠠᠰᠤᠨ ᠤ | ᠦᠵᠦᠭᠦᠷ ᠲᠤ ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ ᠶᠢᠨ ᠰᠦᠢᠳᠬᠡᠯ ᠲᠤᠰᠢᠶᠠᠵᠤ᠂ ᠡᠳ᠋ ᠤᠨ ᠵᠠᠰᠠᠭ ᠤᠨ | ᠡᠯᠧᠺᠲᠷᠣᠨ ᠪᠠᠷᠢᠮᠲᠠ ᠶᠢ ᠣᠯᠵᠤ ᠪᠣᠯᠤᠨ᠎ᠠ᠃ ᠡᠯᠧᠺᠲᠷᠣᠨ ᠪᠠᠷᠢᠮᠲᠠ ᠨᠢ ᠴᠠᠭᠠᠰᠤᠨ ᠪᠠᠷᠢᠮᠲᠠ ᠲᠠᠢ ᠠᠳᠠᠯᠢᠬᠠᠨ | ᠬᠦᠴᠦᠨ ᠲᠠᠢ ᠮᠥᠷᠲᠡᠭᠡᠨ ᠪᠠᠰᠠ ᠨᠡᠩ ᠥᠨᠳᠥᠷ ᠪᠦᠲᠦᠮᠵᠢᠲᠡᠶ᠂ ᠨᠡᠩ ᠳᠥᠭᠦᠮ ᠳᠥᠲᠡ᠂ ᠨᠡᠩ ᠠᠷᠪᠢᠲᠠᠶ᠂ ᠨᠡᠩ | ᠠᠮᠤᠷ ᠲᠦᠪᠰᠢᠨ ᠵᠡᠷᠭᠡ ᠣᠨᠴᠠᠯᠢᠭ ᠲᠠᠢ ᠪᠠᠶᠢᠵᠤ᠂ ᠬᠤᠯᠪᠣᠭᠳᠠᠯ ᠪᠦᠬᠦᠢ ᠫᠢᠶᠣᠣ ᠪᠠᠷᠢᠮᠲᠠ ᠶᠢ ᠭᠡᠭᠡᠬᠦ᠂ | ᠤᠷᠠᠭᠳᠠᠵᠤ ᠰᠦᠢᠳᠬᠦ ᠵᠡᠷᠭᠡ ᠠᠰᠠᠭᠤᠳᠠᠯ ᠠᠴᠠ ᠪᠦᠲᠦᠮᠵᠢᠲᠡᠶ ᠵᠠᠶᠢᠯᠠᠰᠬᠢᠵᠦ ᠪᠣᠯᠤᠨ᠎ᠠ᠃ |