ᠬᠥᠬᠡᠬᠤᠲᠠ ᠶᠢᠨ ᠪᠣᠬᠢᠷᠲᠤᠯ ᠶᠡᠬᠡᠲᠡᠢ ᠲᠦᠯᠡᠰᠢ ᠰᠢᠲᠠᠭᠠᠬᠤ ᠶᠢ ᠴᠠᠭᠠᠵᠠᠯᠠᠬᠤ ᠣᠷᠣᠨ ᠤ ᠲᠦᠯᠡᠰᠢᠨ ᠨᠡᠭᠦᠷᠡᠰᠦ ᠶᠢ ᠰᠤᠯᠠ ᠰᠢᠲᠠᠭᠠᠬᠤ ᠶᠢ ᠶᠡᠷᠦᠩᠬᠡᠶᠢᠯᠡᠨ ᠴᠡᠭᠴᠡᠯᠡᠨ ᠵᠠᠰᠠᠬᠤ ᠪᠥᠲᠥᠭᠡᠨ ᠪᠠᠶᠢᠭᠤᠯᠤᠯᠲᠠ ᠶᠢᠨ ᠡᠵᠡᠩᠨᠡᠯᠲᠡ ᠶᠢᠨ ᠪᠠᠯᠠ ᠮᠥᠩᠭᠦ ᠶᠢᠨ ᠨᠥᠬᠦᠪᠥᠷᠢ ᠶᠢᠨ ᠲᠥᠰᠦᠯ ᠢ ᠳᠠᠷᠤᠮᠠᠯᠯᠠᠨ ᠶᠠᠪᠤᠭᠤᠯᠬᠤ ᠲᠤᠬᠠᠶ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ᠮᠡᠳᠡᠭᠳᠡᠯ
ᠨᠡᠶᠢᠲᠡᠯᠡᠭᠰᠡᠨ ᠴᠠᠭ᠄
2021/12/6
              ᠬᠥᠬᠡᠬᠤᠲᠠ ᠵᠠᠰᠠᠭ ᠠᠯᠪᠠᠨ ᠲᠠᠷᠬᠠᠭᠠᠭᠰᠠᠨ ﹇2021﹈ 13 ᠳ᠋ᠤᠭᠠᠷ ᠲᠣᠭᠠᠲᠤ                 2021 ᠣᠨ ᠤ 7 ᠳ᠋ᠤᠭᠠᠷ ᠰᠠᠷ᠎ᠠ ᠶᠢᠨ 20 ᠤ ᠡᠳᠦᠷ ᠡᠯ᠎ᠡ ᠬᠤᠰᠢᠭᠤ᠂ ᠰᠢᠶᠠᠨ᠂ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠬᠤᠲᠠ ᠶᠢᠨ ᠡᠯ᠎ᠡ ᠬᠤᠯᠪᠣᠭᠳᠠᠯ ᠪᠥᠬᠦᠶ ᠨᠢᠭᠡᠴᠡ ᠳᠤ᠄      ᠬᠤᠲᠠ ᠶᠢᠨ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ︽ᠬᠥᠬᠡᠬᠤᠲᠠ ᠶᠢᠨ ᠪᠣᠬᠢᠷᠲᠤᠯ ᠶᠡᠬᠡᠲᠡᠢ ᠲᠦᠯᠡᠰᠢ ᠰᠢᠲᠠᠭᠠᠬᠤ ᠶᠢ ᠴᠠᠭᠠᠵᠠᠯᠠᠬᠤ ᠣᠷᠣᠨ ᠤ ᠲᠦᠯᠡᠰᠢᠨ ᠨᠡᠭᠦᠷᠡᠰᠦ ᠶᠢ ᠰᠤᠯᠠ ᠰᠢᠲᠠᠭᠠᠬᠤ ᠶᠢ ᠶᠡᠷᠦᠩᠬᠡᠶᠢᠯᠡᠨ ᠴᠡᠭᠴᠡᠯᠡᠨ ᠵᠠᠰᠠᠬᠤ ᠪᠥᠲᠥᠭᠡᠨ ᠪᠠᠶᠢᠭᠤᠯᠤᠯᠲᠠ ᠶᠢᠨ ᠡᠵᠡᠩᠨᠡᠯᠲᠡ ᠶᠢᠨ ᠪᠠᠯᠠ ᠮᠥᠩᠭᠦ ᠶᠢᠨ ᠨᠥᠬᠦᠪᠥᠷᠢ ᠶᠢᠨ ᠲᠥᠰᠦᠯ︾ ᠢ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠵᠢᠷᠤᠮᠯᠠᠨ ᠬᠡᠷᠡᠭᠵᠢᠭᠦᠯᠲᠦᠭᠡᠶ᠃                          ᠬᠥᠬᠡᠬᠤᠲᠠ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ                          2021 ᠣᠨ ᠤ 7 ᠳ᠋ᠤᠭᠠᠷ ᠰᠠᠷ᠎ᠠ ᠶᠢᠨ 20                           ︵ᠲᠣᠰ ᠮᠠᠲ᠋ᠧᠷᠢᠶᠠᠯ ᠢ ᠢᠯᠡ ᠪᠠᠷ ᠨᠡᠶᠢᠲᠡᠯᠡᠨ᠎ᠡ︶               ᠬᠥᠬᠡᠬᠤᠲᠠ ᠶᠢᠨ ᠪᠣᠬᠢᠷᠲᠤᠯ ᠶᠡᠬᠡᠲᠡᠢ ᠲᠦᠯᠡᠰᠢ ᠰᠢᠲᠠᠭᠠᠬᠤ ᠶᠢ ᠴᠠᠭᠠᠵᠠᠯᠠᠬᠤ ᠣᠷᠣᠨ ᠤ ᠲᠦᠯᠡᠰᠢᠨ ᠨᠡᠭᠦᠷᠡᠰᠦ ᠶᠢ ᠰᠤᠯᠠ ᠰᠢᠲᠠᠭᠠᠬᠤ ᠶᠢ               ᠶᠡᠷᠦᠩᠬᠡᠶᠢᠯᠡᠨ ᠴᠡᠭᠴᠡᠯᠡᠨ ᠵᠠᠰᠠᠬᠤ ᠪᠥᠲᠥᠭᠡᠨ ᠪᠠᠶᠢᠭᠤᠯᠤᠯᠲᠠ ᠶᠢᠨ ᠡᠵᠡᠩᠨᠡᠯᠲᠡ ᠶᠢᠨ ᠪᠠᠯᠠ ᠮᠥᠩᠭᠦ ᠶᠢᠨ ᠨᠥᠬᠦᠪᠥᠷᠢ ᠶᠢᠨ ᠲᠥᠰᠦᠯ      ᠣᠷᠣᠨ ᠤ ᠲᠥᠪ ᠤᠨ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠢ ᠪᠥᠬᠦ ᠲᠠᠯ᠎ᠠ ᠪᠠᠷ ᠴᠢᠩᠭᠠᠳᠬᠠᠵᠤ᠂ ᠪᠣᠬᠢᠷᠲᠤᠯ ᠢ ᠰᠡᠷᠭᠡᠶᠢᠯᠡᠨ ᠵᠠᠰᠠᠬᠤ ᠰᠢᠪᠲᠤᠯᠤᠯᠲᠠ ᠶᠢᠨ ᠳᠠᠶᠢᠯᠠᠯᠳᠤᠭᠠᠨ ᠤ ᠢᠯᠠᠯᠲᠠ ᠶᠢ ᠡᠷᠡᠰ ᠲᠡᠮᠡᠴᠡᠨ ᠣᠯᠵᠤ᠂ ᠲᠦᠯᠡᠰᠢᠨ ᠨᠡᠭᠦᠷᠡᠰᠦ ᠶᠢ ᠰᠤᠯᠠ ᠰᠢᠲᠠᠭᠠᠬᠤ ᠶᠢ ᠶᠡᠷᠦᠩᠬᠡᠶᠢᠯᠡᠨ ᠴᠡᠭᠴᠡᠯᠡᠨ ᠵᠠᠰᠠᠬᠤ ᠠᠵᠢᠯ ᠢ ᠯᠠᠪᠳᠠᠭᠤᠨ ᠪᠥᠭᠡᠳ ᠥᠨᠳᠥᠷ ᠦᠷ᠎ᠡ ᠪᠦᠲᠦᠮᠵᠢᠲᠡᠶ ᠠᠬᠢᠭᠤᠯᠬᠤ ᠶᠢᠨ ᠲᠤᠰᠠᠳᠠ᠂ ᠮᠠᠨ ᠤ ᠬᠤᠲᠠ ᠶᠢᠨ ᠪᠣᠳᠠᠲᠠᠶ ᠲᠠᠢ ᠪᠠᠨ ᠤᠶᠠᠯᠳᠤᠭᠤᠯᠤᠨ᠂ ᠣᠨᠴᠣᠭᠤᠶᠢᠯᠠᠨ ᠲᠣᠰ ᠲᠥᠰᠦᠯ ᠢ ᠲᠣᠭᠲᠠᠭᠠᠪᠠ᠃      ᠨᠢᠭᠡ᠂ ᠨᠥᠬᠦᠪᠥᠷᠢ ᠥᠭᠬᠦ ᠵᠠᠷᠴᠢᠮ      ᠰᠠᠭᠤᠭᠠᠯᠢ ᠠᠷᠠᠳ ᠤᠨ ᠬᠡᠷᠡᠭᠯᠡᠭᠴᠢ ᠳᠠᠭᠠᠭᠠᠵᠤ ᠳᠡᠶᠢᠯᠬᠦ᠂ ᠠᠵᠤ ᠠᠬᠤᠶᠢᠯᠠᠯ ᠡᠵᠡᠩᠨᠡᠵᠦ ᠳᠡᠶᠢᠯᠬᠦ ᠵᠠᠷᠴᠢᠮ ᠶᠣᠰᠣᠭᠠᠷ᠂ ᠣᠷᠣᠨ ᠨᠤᠲᠤᠭ ᠤᠨ ᠵᠠᠰᠠᠭ ᠤᠨ ᠣᠷᠳᠣᠨ ᠤ ᠡᠳ᠋ ᠤᠨ ᠵᠠᠰᠠᠭ ᠤᠨ ᠳᠠᠭᠠᠭᠠᠬᠤ ᠴᠢᠳᠠᠪᠤᠷᠢ ᠲᠠᠢ ᠤᠶᠠᠯᠳᠤᠭᠤᠯᠤᠨ᠂ ᠪᠥᠬᠦ ᠬᠤᠲᠠ ᠶᠢᠨ ᠲᠦᠯᠡᠰᠢᠨ ᠨᠡᠭᠦᠷᠡᠰᠦ ᠶᠢ ᠰᠤᠯᠠ ᠰᠢᠲᠠᠭᠠᠬᠤ ᠶᠢ ᠶᠡᠷᠦᠩᠬᠡᠶᠢᠯᠡᠨ ᠴᠡᠭᠴᠡᠯᠡᠨ ᠵᠠᠰᠠᠬᠤ ᠪᠥᠲᠥᠭᠡᠨ ᠪᠠᠶᠢᠭᠤᠯᠤᠯᠲᠠ ᠶᠢᠨ ᠡᠵᠡᠩᠨᠡᠯᠲᠡ ᠶᠢᠨ ᠨᠥᠬᠦᠪᠥᠷᠢ ᠶᠢᠨ ᠪᠠᠯᠠ ᠮᠥᠩᠭᠦ ᠶᠢ ᠬᠤᠲᠠ ᠶᠢᠨ ᠡᠳ᠋ ᠤᠨ ᠵᠠᠰᠠᠭ ᠠᠴᠠ 30% ᠶᠢ ᠡᠭᠦᠷᠭᠡᠯᠡᠵᠦ᠂ ᠬᠤᠰᠢᠭᠤ ᠲᠣᠭᠤᠷᠢᠭ ᠤᠨ ᠡᠳ᠋ ᠤᠨ ᠵᠠᠰᠠᠭ ᠠᠴᠠ 70% ᠶᠢ ᠡᠭᠦᠷᠭᠡᠯᠡᠵᠦ ᠂ ᠭᠤᠷᠪᠠᠨ ᠵᠢᠯ ᠨᠥᠬᠦᠪᠦᠷᠢᠯᠡᠨ᠎ᠡ᠃      ᠬᠤᠶᠠᠷ᠂ ᠨᠥᠬᠦᠪᠥᠷᠢ ᠥᠭᠬᠦ ᠬᠡᠪᠴᠢᠶ᠎ᠡ ᠪᠠ ᠪᠠᠷᠢᠮᠵᠢᠶ᠎ᠠ      ︵ᠨᠢᠭᠡ︶ ᠪᠥᠳᠥᠭᠡᠨ ᠪᠠᠶᠢᠭᠤᠯᠤᠯᠲᠠ ᠶᠢᠨ ᠪᠡᠯᠡ ᠮᠥᠩᠭᠦ ᠶᠢᠨ ᠨᠥᠬᠦᠪᠥᠷᠢ ᠶᠢᠨ ᠬᠡᠪᠴᠢᠶ᠎ᠡ ᠪᠣᠯᠤᠨ ᠪᠠᠷᠢᠮᠵᠢᠶ᠎ᠠ      1. ᠲᠥᠪᠯᠡᠷᠡᠭᠦᠯᠦᠭᠰᠡᠨ ᠳᠤᠯᠠᠭᠠᠯᠠᠭ᠎ᠠ ᠶᠢᠨ ᠬᠠᠩᠭᠠᠯᠭ᠎ᠠ ᠳᠤ ᠣᠷᠣᠭᠤᠯᠬᠤ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠳᠤ᠂ ᠨᠢᠭᠡᠳᠦᠭᠡᠷ ᠤᠳᠠᠭᠠᠨ ᠤ ᠬᠤᠭᠤᠯᠠᠶ ᠶᠢᠨ ᠲᠣᠤᠷ᠂ ᠢᠯᠴᠢ ᠰᠣᠯᠢᠬᠤ ᠥᠷᠲᠡᠭᠡ ᠪᠠ ᠬᠤᠶᠠᠳᠤᠭᠠᠷ ᠤᠳᠠᠭᠠᠨ ᠤ ᠬᠤᠭᠤᠯᠠᠶ ᠶᠢᠨ ᠲᠣᠤᠷ ᠤᠨ ᠪᠥᠲᠥᠭᠡᠨ ᠪᠠᠶᠢᠭᠤᠯᠤᠯᠲᠠ ᠶᠢᠨ ᠵᠠᠷᠤᠳᠠᠯ ᠳᠤ ᠨᠥᠬᠦᠪᠥᠷᠢ ᠥᠭᠴᠦ᠂ ᠨᠥᠬᠦᠪᠥᠷᠢ ᠶᠢᠨ ᠵᠠᠷᠤᠳᠠᠯ ᠢ ᠪᠠᠷᠢᠯᠭ᠎ᠠ ᠶᠢᠨ ᠳ᠋ᠦᠩᠨᠡᠨ ᠪᠤᠳᠤᠵᠤ ᠬᠢᠨᠠᠨ ᠲᠣᠭᠲᠠᠭᠠᠭᠰᠠᠨ ᠦᠷ᠎ᠡ ᠳ᠋ᠦᠩ ᠢᠶᠠᠷ ᠪᠠᠷᠢᠮᠵᠢᠶ᠎ᠠ ᠪᠣᠯᠭᠠᠨ᠎ᠠ᠃      2. ︽ᠨᠡᠭᠦᠷᠡᠰᠦ ᠶᠢ ᠴᠠᠬᠢᠯᠭᠠᠨ ᠢᠶᠠᠷ ᠰᠣᠯᠢᠭᠰᠠᠨ︾ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠳᠤ᠂ ᠳᠣᠣᠷ᠎ᠠ ᠬᠦᠴᠦᠳᠡᠯᠲᠦ ᠴᠠᠬᠢᠯᠭᠠᠨ ᠲᠣᠣᠷ ᠪᠣᠯᠤᠨ ᠢᠯᠴᠢ ᠬᠠᠩᠭᠠᠬᠤ ᠲᠥᠬᠦᠭᠡᠷᠦᠮᠵᠢ ᠶᠢᠨ ᠪᠥᠳᠥᠭᠡᠨ ᠪᠠᠶᠢᠭᠤᠯᠤᠯᠲᠠ ᠶᠢᠨ ᠵᠠᠷᠤᠳᠠᠯ ᠳᠤ ᠨᠥᠬᠦᠪᠥᠷᠢ ᠥᠭᠴᠦ᠂ ︵ᠭᠡᠷ ᠳᠣᠲᠣᠷᠠᠬᠢ ᠳᠤᠯᠠᠭᠠᠯᠠᠭ᠎ᠠ ᠶᠢᠨ ᠬᠠᠪᠲᠠᠰᠤ ᠶᠢ ᠪᠠᠭᠲᠠᠭᠠᠬᠤ ᠥᠭᠡᠢ︶᠂ ᠨᠥᠬᠦᠪᠥᠷᠢ ᠶᠢᠨ ᠵᠠᠷᠤᠳᠠᠯ ᠢ ᠪᠠᠷᠢᠯᠭ᠎ᠠ ᠶᠢᠨ ᠳ᠋ᠦᠩᠨᠡᠨ ᠪᠣᠳᠣᠵᠤ ᠬᠢᠨᠠᠨ ᠲᠣᠭᠲᠠᠭᠠᠭᠰᠠᠨ ᠦᠷ᠎ᠡ ᠳ᠋ᠦᠩ ᠪᠠᠷ ᠪᠠᠷᠢᠮᠵᠢᠶ᠎ᠠ ᠪᠣᠯᠭᠠᠨ᠎ᠠ᠃      3. ︽ᠨᠡᠭᠦᠷᠡᠰᠦ ᠶᠢ ᠰᠢᠲᠠᠮᠠᠬᠠᠢ ᠬᠡᠢ ᠪᠠᠷ ᠰᠣᠯᠢᠭᠰᠠᠨ︾ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠳᠤ᠂ ᠳᠣᠣᠷ᠎ᠠ ᠬᠦᠴᠦᠳᠡᠯᠲᠦ ᠬᠤᠭᠤᠯᠠᠶ᠂ ᠬᠦᠴᠦᠳᠡᠯ ᠲᠣᠬᠢᠷᠠᠭᠤᠯᠬᠤ ᠬᠠᠶᠢᠷᠴᠠᠭ ︵ᠠᠪᠳᠠᠷ᠎ᠠ  ︶ ᠪᠣᠯᠤᠨ ᠭᠡᠷ ᠤᠨ ᠳᠣᠲᠣᠷᠠᠬᠢ ᠢᠯᠴᠢ ᠬᠠᠩᠭᠠᠬᠤ ᠲᠥᠬᠦᠭᠡᠷᠦᠮᠵᠢ ᠶᠢᠨ ᠪᠥᠳᠥᠭᠡᠨ ᠪᠠᠶᠢᠭᠤᠯᠤᠯᠲᠠ ᠶᠢᠨ ᠵᠠᠷᠤᠳᠠᠯ ᠳᠤ ᠨᠥᠬᠦᠪᠥᠷᠢ ᠥᠭᠴᠦ ︵ᠭᠡᠷ ᠳᠣᠲᠣᠷᠠᠬᠢ ᠳᠤᠯᠠᠭᠠᠯᠠᠭ᠎ᠠ ᠶᠢᠨ ᠬᠠᠪᠲᠠᠰᠤ ᠶᠢ ᠪᠠᠭᠲᠠᠭᠠᠬᠤ ᠥᠭᠡᠢ︶᠂ ᠨᠥᠬᠦᠪᠥᠷᠢ ᠶᠢᠨ ᠵᠠᠷᠤᠳᠠᠯ ᠢ ᠪᠠᠷᠢᠯᠭ᠎ᠠ ᠶᠢᠨ ᠳ᠋ᠦᠩᠨᠡᠨ ᠪᠣᠳᠣᠵᠤ ᠬᠢᠨᠠᠨ ᠲᠣᠭᠲᠠᠭᠠᠭᠰᠠᠨ ᠦᠷ᠎ᠡ ᠳ᠋ᠦᠩ ᠪᠠᠷ ᠪᠠᠷᠢᠮᠵᠢᠶ᠎ᠠ ᠪᠣᠯᠭᠠᠨ᠎ᠠ᠂ ᠵᠠᠷᠤᠳᠠᠯ ᠤᠨ ᠨᠥᠬᠦᠪᠦᠷᠢ ᠶᠢ 9000 ᠲᠥᠭᠦᠷᠢᠭ/ ᠡᠷᠦᠬᠡ ᠪᠠᠷ ᠬᠢᠵᠠᠭᠠᠷᠯᠠᠨ᠎ᠠ ︵ᠰᠠᠭᠤᠭᠠᠯᠢ ᠠᠷᠠᠳ ᠤᠨ ᠥᠪᠡᠷᠲᠡᠭᠡᠨ ᠭᠠᠷᠭᠠᠭᠰᠠᠨ 1200 ᠲᠥᠭᠦᠷᠢᠭ ᠢ ᠪᠠᠭᠲᠠᠭᠠᠬᠤ ᠥᠭᠡᠢ︶᠂ ᠬᠡᠲᠦᠷᠡᠭᠰᠡᠨ ᠬᠡᠰᠡᠭ ᠢ ᠠᠵᠤ ᠠᠬᠤᠶᠢᠯᠠᠯ ᠠᠴᠠ ᠡᠭᠦᠷᠭᠡᠯᠡᠨ᠎ᠡ᠃      ︵ᠬᠤᠶᠠᠷ︶ ᠡᠵᠡᠩᠨᠡᠯᠲᠡ ᠶᠢᠨ ᠪᠡᠯᠡ ᠮᠥᠩᠭᠦ ᠶᠢ ᠨᠥᠬᠦᠪᠦᠷᠢᠯᠡᠬᠦ ᠬᠦᠷᠢᠶ᠎ᠡ ᠬᠡᠪᠴᠢᠶ᠎ᠡ ᠪᠠ ᠪᠠᠷᠢᠮᠵᠢᠶ᠎ᠠ      1. ᠲᠥᠪᠯᠡᠷᠡᠭᠦᠯᠦᠭᠰᠡᠨ ᠳᠤᠯᠠᠭᠠᠯᠠᠭ᠎ᠠ ᠶᠢᠨ ᠬᠠᠩᠭᠠᠯᠭ᠎ᠠ ᠳᠤ ᠣᠷᠣᠭᠤᠯᠬᠤ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠳᠤ  ᠂ ᠢᠯᠴᠢ ᠴᠠᠬᠢᠯᠭᠠᠨ ᠢ ᠬᠠᠮᠲᠤᠷᠠᠨ ᠦᠢᠯᠡᠳᠪᠦᠷᠢᠯᠡᠬᠦ ᠪᠠ ᠨᠡᠭᠦᠷᠡᠰᠦ ᠰᠢᠲᠠᠭᠠᠬᠤ ᠵᠤᠤᠬ᠎ᠠ ᠶᠢᠨ ᠡᠵᠡᠩᠨᠡᠯᠲᠡ ᠶᠢ ᠠᠪᠴᠤ ᠬᠡᠷᠡᠭᠯᠡᠭᠰᠡᠨ ᠳᠤ ᠨᠥᠬᠦᠪᠥᠷᠢ ᠥᠭᠬᠦ ᠦᠭᠡᠶ᠂ ᠰᠢᠲᠠᠮᠠᠬᠠᠢ ᠬᠡᠢ ᠶᠢᠨ ᠵᠤᠤᠬ᠎ᠠ ᠶᠢᠨ ᠡᠵᠡᠩᠨᠡᠯᠲᠡ ᠶᠢ ᠠᠪᠴᠤ ᠬᠡᠷᠡᠭᠯᠡᠭᠰᠡᠨ ᠨᠥᠬᠦᠪᠥᠷᠢ ᠶᠢᠨ ᠵᠠᠷᠤᠳᠠᠯ ᠢ ︽ᠨᠡᠭᠦᠷᠡᠰᠦ ᠲᠦᠯᠡᠵᠦ ᠢᠯᠴᠢ ᠬᠠᠩᠭᠠᠬᠤ ᠵᠤᠤᠬ᠎ᠠ ᠶᠢᠨ ᠰᠢᠲᠠᠮᠠᠬᠠᠶ ᠬᠡᠢᠵᠢᠭᠦᠯᠬᠦ ᠥᠭᠡᠷᠡᠴᠢᠯᠡᠯᠲᠡ ᠶᠢ ᠬᠡᠷᠡᠭᠵᠢᠭᠦᠯᠬᠦ ᠲᠤᠬᠠᠶ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠷᠯᠠᠯ︾ ︵ᠬᠥᠬᠡᠬᠤᠲᠠ ᠵᠠᠰᠠᠭ ᠲᠠᠷᠬᠠᠭᠠᠭᠰᠠᠨ ﹇2013﹈ 142 ᠳ᠋ᠤᠭᠠᠷ ᠲᠣᠭᠠᠲᠤ︶ ᠢᠶᠠᠷ ᠯᠠᠪᠯᠠᠯᠲᠠ ᠪᠣᠯᠭᠠᠵᠤ᠂ ᠬᠤᠲᠠ᠂ ᠲᠣᠭᠤᠷᠢᠭ ︵ᠬᠤᠰᠢᠭᠤ︶ ᠬᠤᠶᠠᠷ ᠱᠠᠲᠤᠨ ᠤ ᠵᠠᠰᠠᠭ ᠤᠨ ᠣᠷᠳᠣᠨ ᠠᠴᠠ ᠲᠡᠭᠰᠢ ᠳᠥᠷᠪᠡᠯᠵᠢᠨ ᠮᠧᠲᠷ ᠪᠦᠷᠢ ᠶᠢᠨ ᠳᠤᠯᠠᠭᠠᠯᠠᠭ᠎ᠠ ᠶᠢᠨ ᠤᠯᠠᠷᠢᠯ ᠤᠨ ᠬᠡᠶ ᠶᠢᠨ ᠬᠤᠷᠣᠭᠳᠠᠯ ᠤᠨ ᠬᠡᠮᠵᠢᠶ᠎ᠡ ᠨᠢ 15 ᠪᠣᠰᠤᠭ᠎ᠠ ᠳᠥᠷᠪᠡᠯᠵᠢᠨ ᠮᠧᠲᠷ ᠤᠨ ᠪᠠᠷᠢᠮᠵᠢᠶ᠎ᠠ ᠪᠠᠷ᠂ ᠢᠯᠴᠢ ᠬᠠᠩᠭᠠᠬᠤ ᠠᠵᠤ ᠠᠬᠤᠶᠢᠯᠠᠯ ᠳᠤ 0.8 ᠲᠥᠭᠦᠷᠢᠭ / ᠪᠣᠰᠤᠭ᠎ᠠ ᠳᠥᠷᠪᠡᠯᠵᠢᠨ ᠮᠧᠲᠷ ᠤᠨ ᠨᠥᠬᠦᠪᠥᠷᠢ ᠥᠭᠴᠦ᠂ ᠠᠶᠢᠯ ᠪᠦᠷᠢ ᠳᠤ 100 ᠲᠡᠭᠰᠢ ᠳᠥᠷᠪᠡᠯᠵᠢᠨ ᠮᠧᠲᠷ ᠢᠶᠠᠷ ᠬᠢᠵᠠᠭᠠᠷ ᠪᠣᠯᠭᠠᠵᠤ᠂ 100 ᠲᠡᠭᠰᠢ ᠳᠥᠷᠪᠡᠯᠵᠢᠨ ᠮᠧᠲᠷ ᠲᠤ ᠬᠥᠷᠬᠦ ᠥᠬᠡᠶ ᠶᠢ ᠨᠢ ᠪᠣᠳᠠᠲᠠᠶ ᠪᠠᠷ ᠳ᠋ᠦᠩᠨᠡᠨ ᠪᠤᠳᠤᠨ᠎ᠠ᠃      2. ︽ᠨᠡᠭᠦᠷᠡᠰᠦ ᠶᠢ ᠴᠠᠬᠢᠯᠭᠠᠨ ᠢᠶᠠᠷ ᠰᠣᠯᠢᠭᠰᠠᠨ︾ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠳᠤ᠂ ᠴᠠᠬᠢᠯᠭᠠᠨ ᠤ ᠦᠨ᠎ᠡ ᠳᠤ ︽ᠥᠪᠥᠷ ᠮᠣᠩᠭᠤᠯ ᠤᠨ ᠪᠠᠷᠠᠭᠤᠨ ᠬᠡᠰᠡᠭ ᠤᠨ ︿ᠨᠡᠭᠦᠷᠡᠰᠦ ᠶᠢ ᠴᠠᠬᠢᠯᠭᠠᠨ ᠢᠶᠠᠷ ᠰᠣᠯᠢᠬᠤ﹀ ᠴᠠᠬᠢᠯᠭᠠᠨ ᠤᠨ ᠦᠨ᠎ᠡ ᠶᠢᠨ ᠲᠥᠷᠥ ᠶᠢᠨ ᠪᠤᠳᠤᠯᠭ᠎ᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠬᠦ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠮᠡᠳᠡᠭᠳᠡᠯ︾ ︵ᠥᠪᠥᠷ ᠥᠭᠡᠷᠡᠴᠢᠯᠡᠯᠲᠡ ᠬᠥᠭᠵᠢᠭᠦᠯᠦᠯᠲᠡ ᠦᠨ᠎ᠡ ᠵᠠᠷᠤᠳᠠᠯ ᠥᠰᠥᠭ ︹2020︺996 ᠳ᠋ᠤᠭᠠᠷ ᠲᠣᠭᠠᠲᠤ︶ ᠢ ᠬᠡᠷᠡᠭᠵᠢᠭᠦᠯᠵᠦ᠂ ᠲᠤᠰᠠᠭᠠᠷ ᠴᠠᠭ ᠬᠤᠪᠢᠶᠠᠭᠰᠠᠨ ᠴᠠᠬᠢᠯᠭᠠᠨ ᠤ ᠦᠨ᠎ᠡ ᠶᠢᠨ ᠲᠥᠷᠥ ᠶᠢᠨ ᠪᠤᠳᠤᠯᠭ᠎ᠠ ᠶᠢ ᠬᠡᠷᠡᠭᠵᠢᠭᠦᠯᠵᠦ᠂ ᠴᠠᠬᠢᠯᠭᠠᠨ ᠳᠤᠯᠠᠭᠠᠯᠠᠭ᠎ᠠ ᠨᠢ ᠴᠠᠬᠢᠯᠭᠠᠨ ᠤ ᠬᠤᠪᠢᠶᠠᠷᠢ ᠬᠡᠮᠵᠢᠭᠦᠷ ᠢᠶᠠᠷ ᠬᠡᠮᠵᠢᠨ᠂ ᠲᠤᠰᠠᠭᠠᠷ ᠦᠨ᠎ᠡ ᠪᠤᠳᠤᠵᠤ᠂ ᠴᠠᠬᠢᠯᠭᠠᠨ ᠤ ᠵᠠᠷᠤᠳᠠᠯ ᠢ ᠰᠠᠭᠤᠭᠠᠯᠢ ᠠᠷᠠᠳ ᠥᠪᠡᠷ ᠲᠡᠭᠡᠨ ᠡᠭᠦᠷᠭᠡᠯᠡᠨ᠎ᠡ᠃ ᠤᠷᠬᠢᠯ ᠴᠠᠭ ᠨᠢ 10 ᠴᠠᠭ ︵8᠄ 00 — 18᠄ 00︶ ᠪᠠᠶᠢᠵᠤ᠂ ᠬᠡᠷᠡᠭᠯᠡᠬᠦ ᠴᠠᠬᠢᠯᠭᠠᠨ ᠤ ᠦᠨ᠎ᠡ ᠶᠢ ᠰᠠᠭᠤᠭᠠᠯᠢ ᠠᠷᠠᠳ ᠤᠨ ᠱᠠᠲᠤᠯᠢᠭ ᠴᠠᠬᠢᠯᠭᠠᠨ ᠤ ᠦᠨ᠎ᠡ ᠶᠢᠨ ᠨᠢᠭᠡᠳᠦᠭᠡᠷ ᠳᠡᠰ ᠤᠨ ᠴᠠᠬᠢᠯᠭᠠᠨ ᠤ ᠦᠨ᠎ᠡ ᠶᠢᠨ ᠰᠠᠭᠤᠷᠢᠨ ᠳᠡᠭᠡᠷ᠎ᠡ ᠭᠷᠠᠳᠦ᠋ᠰ ᠪᠦᠷᠢ ᠶᠢᠨ ᠴᠠᠬᠢᠯᠭᠠᠨ ᠤ ᠦᠨ᠎ᠡ ᠳᠤ 0.05 ᠲᠥᠭᠦᠷᠢᠭ ᠨᠡᠮᠡᠨ᠎ᠡ︔ ᠳᠣᠣᠷ᠎ᠠ ᠴᠠᠭ ᠨᠢ 14 ᠴᠠᠭ ︵18᠄ 00 — ᠳᠠᠷᠠᠭ᠎ᠠ ᠡᠳᠦᠷ ᠤᠨ 8᠄ 00︶ ᠪᠠᠶᠢᠵᠤ᠂ ᠴᠠᠬᠢᠯᠭᠠᠨ ᠬᠡᠷᠡᠭᠯᠡᠬᠦ ᠦᠨ᠎ᠡ ᠶᠢ ᠰᠠᠭᠤᠭᠠᠯᠢ ᠠᠷᠠᠳ ᠤᠨ ᠱᠠᠲᠤᠯᠢᠭ ᠴᠠᠬᠢᠯᠭᠠᠨ ᠤ ᠦᠨ᠎ᠡ ᠶᠢᠨ ᠨᠢᠭᠡᠳᠦᠭᠡᠷ ᠳᠡᠰ ᠤᠨ ᠴᠠᠬᠢᠯᠭᠠᠨ ᠤ ᠦᠨ᠎ᠡ ᠶᠢᠨ ᠰᠠᠭᠤᠷᠢᠨ ᠳᠡᠭᠡᠷ᠎ᠡ ᠭᠷᠠᠳᠦ᠋ᠰ ᠪᠦᠷᠢ ᠶᠢᠨ ᠴᠠᠬᠢᠯᠭᠠᠨ ᠤ ᠦᠨ᠎ᠡ ᠠᠴᠠ 0.25 ᠲᠥᠭᠦᠷᠢᠭ ᠪᠠᠭᠤᠷᠠᠭᠤᠯᠤᠨ᠎ᠠ᠃     3.  ︽ᠨᠡᠭᠦᠷᠡᠰᠦ ᠶᠢ ᠰᠢᠲᠠᠮᠠᠬᠠᠢ ᠬᠡᠢ ᠪᠠᠷ ᠰᠣᠯᠢᠭᠰᠠᠨ︾ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠳᠤ᠂  ᠳᠤᠯᠠᠭᠠᠯᠠᠭ᠎ᠠ ᠶᠢᠨ ᠤᠯᠠᠷᠢᠯ ᠪᠦᠷᠢ ᠶᠢᠨ ᠲᠡᠭᠰᠢ ᠳᠥᠷᠪᠡᠯᠵᠢᠨ ᠮᠧᠲᠷ ᠪᠦᠷᠢ ᠶᠢᠨ ᠬᠡᠷᠡᠭᠯᠡᠬᠦ ᠬᠡᠶ ᠶᠢᠨ ᠬᠡᠮᠵᠢᠶ᠎ᠡ ᠶᠢ 16 ᠪᠣᠰᠤᠭ᠎ᠠ ᠳᠥᠷᠪᠡᠯᠵᠢᠨ ᠮᠧᠲᠷ ᠢᠶᠠᠷ ᠨᠥᠬᠦᠪᠥᠷᠢ ᠶᠢᠨ ᠬᠢᠵᠠᠭᠠᠷ ᠪᠣᠯᠭᠠᠨ᠎ᠠ᠃ ᠳᠤᠯᠠᠭᠠᠯᠠᠭ᠎ᠠ ᠶᠢᠨ ᠤᠯᠠᠷᠢᠯ ᠪᠦᠷᠢ ᠶᠢᠨ ᠲᠡᠭᠰᠢ ᠳᠥᠷᠪᠡᠯᠵᠢᠨ ᠮᠧᠲᠷ ᠪᠦᠷᠢ ᠶᠢᠨ ᠬᠡᠷᠡᠭᠯᠡᠬᠦ ᠬᠡᠶ ᠶᠢᠨ ᠬᠡᠮᠵᠢᠶ᠎ᠡ ᠨᠢ 16 ᠪᠣᠰᠤᠭ᠎ᠠ ᠳᠥᠷᠪᠡᠯᠵᠢᠨ ᠮᠧᠲᠷ ᠤᠨ ᠳᠣᠲᠣᠷ᠎ᠠ ᠪᠠᠶᠢᠪᠠᠯ᠂ ᠪᠣᠰᠤᠭ᠎ᠠ ᠳᠥᠷᠪᠡᠯᠵᠢᠨ ᠮᠧᠲᠷ ᠪᠦᠷᠢ ᠶᠢᠨ ᠬᠡᠶ ᠶᠢᠨ ᠦᠨ᠎ᠡ ᠶᠢ ᠬᠤᠲᠠ ᠶᠢᠨ ᠰᠢᠲᠠᠮᠠᠬᠠᠶ ᠬᠡᠶ ᠶᠢᠨ ᠠᠵᠤ ᠠᠬᠤᠶᠢᠯᠠᠯ ᠠᠴᠠ 0.25 ᠲᠥᠭᠦᠷᠢᠭ ᠢ ᠡᠭᠦᠷᠭᠡᠯᠡᠵᠦ᠂ ᠵᠠᠰᠠᠭ ᠤᠨ ᠣᠷᠳᠣᠨ ᠠᠴᠠ 0.5 ᠲᠥᠭᠦᠷᠢᠭ ᠢ ᠡᠭᠦᠷᠭᠡᠯᠡᠵᠦ᠂ ᠦᠯᠡᠳᠡᠭᠰᠡᠨ ᠵᠠᠷᠤᠳᠠᠯ ᠢ ᠨᠢ ᠰᠠᠭᠤᠭᠠᠯᠢ ᠠᠷᠠᠳ ᠠᠴᠠ ᠪᠣᠳᠠᠲᠠᠶ ᠪᠠᠷ ᠳ᠋ᠦᠩᠨᠡᠨ ᠪᠤᠳᠤᠨ᠎ᠠ᠃ ᠳᠤᠯᠠᠭᠠᠯᠠᠭ᠎ᠠ ᠶᠢᠨ ᠤᠯᠠᠷᠢᠯ ᠪᠦᠷᠢ ᠶᠢᠨ ᠲᠡᠭᠰᠢ ᠳᠥᠷᠪᠡᠯᠵᠢᠨ ᠮᠧᠲᠷ ᠪᠦᠷᠢ ᠶᠢᠨ ᠬᠡᠷᠡᠭᠯᠡᠬᠦ ᠬᠡᠢ ᠶᠢᠨ ᠬᠡᠮᠵᠢᠶ᠎ᠡ ᠨᠢ 16 ᠪᠣᠰᠤᠭ᠎ᠠ ᠳᠥᠷᠪᠡᠯᠵᠢᠨ ᠮᠧᠲᠷ ᠠᠴᠠ ᠬᠡᠲᠦᠷᠡᠭᠰᠡᠨ ᠬᠡᠰᠡᠭ ᠢ ᠰᠠᠭᠤᠭᠠᠯᠢ ᠠᠷᠠᠳ ᠬᠡᠪ ᠤᠨ ᠬᠡᠢ ᠶᠢᠨ ᠦᠨ᠎ᠡ ᠪᠠᠷ ᠡᠭᠦᠷᠭᠡᠯᠡᠨ᠎ᠡ᠃      ᠭᠤᠷᠪᠠ᠂ ᠠᠵᠢᠯ ᠤᠨ ᠱᠠᠭᠠᠷᠳᠠᠯᠭ᠎ᠠ      ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ᠃ ᠡᠯ᠎ᠡ ᠨᠢᠭᠡᠴᠡ ᠨᠦᠭᠦᠳ ᠦᠵᠡᠯ ᠰᠠᠨᠠᠭ᠎ᠠ ᠲᠠᠨᠢᠯᠲᠠ ᠪᠠᠨ ᠴᠢᠩᠭᠠᠳᠬᠠᠵᠤ᠂ ᠲᠣᠰ ᠭᠠᠵᠠᠷ ᠣᠷᠣᠨ ᠤ ᠪᠠᠨ ᠠᠵᠢᠯ ᠢ ᠨᠠᠶᠢᠳᠠᠪᠤᠷᠢᠵᠢᠭᠤᠯᠬᠤ ᠲᠥᠰᠦᠯ ᠢ ᠲᠦᠷᠭᠡᠨ ᠲᠣᠭᠲᠠᠭᠠᠵᠤ᠂ ᠭᠤᠤᠯ ᠤᠳᠤᠷᠢᠳᠤᠯᠭ᠎ᠠ ᠨᠢ ᠪᠡᠶ᠎ᠡ ᠪᠠᠷ ᠢᠶᠠᠨ ᠪᠠᠶᠢᠷᠢᠯᠠᠭᠤᠯᠤᠨ᠂ ᠰᠢᠲᠠᠭᠠᠯᠭ᠎ᠠ ᠶᠢᠨ ᠨᠡᠭᠦᠷᠡᠰᠦ ᠶᠢ ᠲᠠᠷᠠᠬᠠᠶ ᠰᠢᠲᠠᠭᠠᠬᠤ ᠶᠢ ᠶᠡᠷᠦᠩᠬᠡᠶᠢᠯᠡᠨ ᠴᠡᠭᠴᠡᠯᠡᠨ ᠵᠠᠰᠠᠬᠤ ᠪᠥᠲᠥᠭᠡᠨ ᠪᠠᠶᠢᠭᠤᠯᠤᠯᠲᠠ ᠪᠠ ᠡᠵᠡᠩᠨᠡᠯᠲᠡ ᠶᠢᠨ ᠨᠥᠬᠦᠪᠥᠷᠢ ᠶᠢᠨ ᠪᠠᠯᠠ ᠮᠥᠩᠭᠦ ᠳᠤ ᠲᠣᠭᠠᠴᠠᠭ᠎ᠠ ᠬᠢᠬᠦ᠂ ᠴᠤᠭᠯᠠᠭᠤᠯᠬᠤ ᠪᠠ ᠰᠠᠯᠭᠠᠨ ᠥᠭᠬᠦ ᠠᠵᠢᠯ ᠢ ᠪᠥᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠶ᠃      ︵ᠬᠤᠶᠠᠷ︶ ᠪᠠᠯᠠ ᠮᠥᠩᠭᠦ ᠶᠢᠨ ᠪᠠᠲᠤᠯᠠᠭ᠎ᠠ ᠶᠢ ᠴᠢᠩᠭᠠᠷᠠᠭᠤᠯᠤᠨ᠎ᠠ᠃ ᠬᠤᠲᠠ᠂ ᠲᠣᠭᠤᠷᠢᠭ ︵ᠬᠤᠰᠢᠭᠤ︶ ᠬᠤᠶᠠᠷ ᠱᠠᠲᠤᠨ ᠤ ᠡᠳ᠋ ᠤᠨ ᠵᠠᠰᠠᠭ ᠨᠢ ᠲᠦᠯᠡᠰᠢᠨ ᠨᠡᠭᠦᠷᠡᠰᠦ ᠶᠢ ᠰᠤᠯᠠ ᠰᠢᠲᠠᠭᠠᠬᠤ ᠶᠢ ᠶᠡᠷᠦᠩᠬᠡᠶᠢᠯᠡᠨ ᠴᠡᠭᠴᠡᠯᠡᠨ ᠵᠠᠰᠠᠬᠤ ᠪᠥᠲᠥᠭᠡᠨ ᠪᠠᠶᠢᠭᠤᠯᠤᠯᠲᠠ᠂ ᠡᠵᠡᠩᠨᠡᠯᠲᠡ ᠶᠢᠨ ᠨᠥᠬᠦᠪᠥᠷᠢ ᠶᠢᠨ ᠪᠠᠯᠠ ᠮᠥᠩᠭᠦ ᠶᠢ ᠣᠨ ᠤ ᠡᠳ᠋ ᠤᠨ ᠵᠠᠰᠠᠭ ᠤᠨ ᠲᠥᠰᠦᠪ ᠲᠡᠭᠡᠨ ᠣᠷᠣᠭᠤᠯᠵᠤ᠂ ᠪᠠᠷᠢᠯᠭ᠎ᠠ ᠶᠢᠨ ᠠᠬᠢᠴᠠ ᠵᠢᠴᠢ ᠢᠯᠴᠢ ᠬᠠᠩᠭᠠᠬᠤ ᠣᠨ ᠢ ᠦᠨᠳᠦᠰᠦᠯᠡᠨ ᠴᠠᠭ ᠲᠤᠬᠠᠶ ᠳᠤᠨᠢ ᠰᠠᠯᠭᠠᠨ ᠥᠭᠴᠦ᠂ ᠲᠤᠰᠬᠠᠶ ᠵᠣᠭᠤᠰ ᠢ ᠲᠤᠰᠬᠠᠶ ᠵᠦᠢᠯ ᠳᠤ ᠬᠡᠷᠡᠭᠯᠡᠬᠦ ᠶᠢ ᠦᠨᠡᠨᠬᠦ ᠪᠠᠲᠤᠯᠠᠬᠤ ᠶᠢᠨ ᠬᠠᠮᠲᠤ ᠲᠥᠷᠥᠯ ᠵᠦᠢᠯ ᠢ ᠬᠡᠷᠡᠭᠵᠢᠭᠦᠯᠦᠭᠰᠡᠨ ᠪᠠ ᠲᠤᠰᠬᠠᠶ ᠵᠦᠢᠯ ᠤᠨ ᠪᠠᠯᠠ ᠮᠥᠩᠭᠦ ᠶᠢ ᠬᠡᠷᠡᠭᠯᠡᠭᠰᠡᠨ ᠪᠠᠶᠢᠳᠠᠯ ᠳᠤ ᠬᠢᠨᠠᠯᠲᠠ ᠲᠠᠯᠪᠢᠵᠤ ᠪᠠᠶᠢᠴᠠᠭᠠᠬᠤ ᠶᠢ ᠴᠢᠩᠭᠠᠳᠬᠠᠵᠤ᠂ ᠲᠥᠷᠥᠯ ᠵᠦᠢᠯ ᠢ ᠬᠡᠷᠡᠭᠵᠢᠭᠦᠯᠬᠦ ᠶᠠᠪᠤᠴᠠ ᠳᠤ ᠢᠯᠡᠷᠡᠭᠰᠡᠨ ᠠᠰᠠᠭᠤᠳᠠᠯ ᠢ ᠴᠠᠭ ᠲᠤᠬᠠᠶ ᠳᠤᠨᠢ ᠵᠣᠬᠢᠴᠠᠭᠤᠯᠬᠤ ᠬᠡᠷᠡᠭᠲᠡᠶ᠃      ︵ᠭᠤᠷᠪᠠ︶ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠤᠨ᠎ᠠ᠃ ᠡᠯ᠎ᠡ ᠨᠢᠭᠡᠴᠡ ᠨᠦᠭᠦᠳ ᠰᠣᠨᠢᠨ᠂ ᠲᠧᠯᠸᠢᠰ ᠵᠡᠷᠭᠡ ᠵᠠᠭᠤᠴᠢᠯᠠᠭᠤᠷ ᠢᠶᠠᠷ ᠳᠠᠮᠵᠢᠭᠤᠯᠤᠨ᠂ ᠰᠠᠭᠤᠭᠠᠯᠢ ᠠᠷᠠᠳ ᠲᠤ ᠲᠦᠯᠡᠰᠢᠨ ᠨᠡᠭᠦᠷᠡᠰᠦ ᠶᠢ ᠰᠤᠯᠠ ᠰᠢᠲᠠᠭᠠᠬᠤ ᠶᠢ ᠶᠡᠷᠦᠩᠬᠡᠶᠢᠯᠡᠨ ᠴᠡᠭᠴᠡᠯᠡᠨ ᠵᠠᠰᠠᠬᠤ ᠪᠥᠲᠥᠭᠡᠨ ᠪᠠᠶᠢᠭᠤᠯᠤᠯᠲᠠ ᠶᠢᠨ ᠡᠵᠡᠩᠨᠡᠯᠲᠡ ᠶᠢᠨ ᠪᠠᠯᠠ ᠮᠥᠩᠭᠦ ᠶᠢᠨ ᠨᠥᠬᠦᠪᠥᠷᠢ ᠶᠢᠨ ᠲᠥᠷᠥ ᠶᠢᠨ ᠪᠣᠳᠣᠯᠭ᠎ᠠ ᠶᠢ ᠣᠯᠠᠨ ᠠᠷᠭ᠎ᠠ ᠵᠠᠮ ᠢᠶᠠᠷ᠂ ᠪᠥᠬᠦ ᠲᠠᠯ᠎ᠠ ᠪᠠᠷ ᠤᠬᠠᠭᠤᠯᠤᠨ ᠲᠠᠶᠢᠯᠪᠤᠷᠢᠯᠠᠵᠤ᠂ ᠣᠯᠠᠨ ᠲᠦᠮᠡᠨ ᠢ ᠬᠥᠲᠥᠯᠦᠨ ᠵᠢᠯᠣᠭᠤᠳᠴᠤ ᠪᠠᠶᠢᠭᠠᠳ ᠢᠳᠡᠪᠬᠢᠲᠡᠶ ᠪᠠᠷ ᠳᠡᠮᠵᠢᠨ ᠬᠠᠮᠵᠢᠯᠴᠠᠨ ᠴᠡᠭᠴᠡᠯᠡᠨ ᠵᠠᠰᠠᠵᠤ᠂ ᠲᠦᠯᠡᠰᠢᠨ ᠨᠡᠭᠦᠷᠡᠰᠦ ᠶᠢ ᠰᠤᠯᠠ ᠰᠢᠲᠠᠭᠠᠬᠤ ᠶᠢ ᠶᠡᠷᠦᠩᠬᠡᠶᠢᠯᠡᠨ ᠴᠡᠭᠴᠡᠯᠡᠨ ᠵᠠᠰᠠᠬᠤ ᠡᠭᠦᠷᠭᠡ ᠶᠢ ᠲᠦᠷᠭᠡᠨ ᠪᠥᠭᠡᠳ ᠪᠦᠲᠦᠮᠵᠢᠲᠡᠶ ᠪᠠᠷ ᠳᠥᠯᠭᠢᠨ ᠠᠬᠢᠭᠤᠯᠬᠤ ᠳᠤ ᠪᠠᠲᠤᠯᠠᠭ᠎ᠠ ᠬᠠᠩᠭᠠᠬᠤ ᠬᠡᠷᠡᠭᠲᠡᠶ᠃
 
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号