︽ᠬᠤᠲᠠ ᠶᠢᠨ ᠬᠠᠷᠢᠶ᠎ᠠ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠴᠢᠬᠤᠯᠠ ᠶᠡᠭᠡ ᠪᠠᠯᠠ ᠣᠷᠣᠭᠤᠯᠤᠯᠲᠠ ᠶᠢᠨ ᠵᠦᠢᠯᠡᠰ ᠤᠨ ᠲᠦᠭᠰᠢᠭᠦᠷᠢ ᠶᠢᠨ ᠬᠢᠨᠠᠯᠲᠠ ᠬᠠᠮᠢᠶᠠᠷᠤᠯᠲᠠ ᠶᠢᠨ ᠠᠷᠭ᠎ᠠ︾ ᠶᠢ ᠳᠠᠷᠤᠮᠠᠯᠯᠠᠨ ᠶᠠᠪᠤᠭᠤᠯᠬᠤ ᠲᠤᠬᠠᠢ ᠬᠦᠬᠡᠬᠤᠲᠠ ᠶᠢᠨ ᠠᠷᠠᠳ ᠤᠨ ᠵᠠᠰᠠᠭ ᠤᠨ ᠣᠷᠳᠤᠨ ᠤ ᠠᠯᠪᠠᠨ ᠭᠡᠷ ᠤᠨ ᠮᠡᠳᠡᠭᠳᠡᠯ
ᠨᠡᠶᠢᠲᠡᠯᠡᠭᠰᠡᠨ ᠴᠠᠭ᠄
2021/12/6
              ᠬᠥᠬᠡᠬᠤᠲᠠ ᠵᠠᠰᠠᠭ ᠠᠯᠪᠠᠨ ᠲᠠᠷᠬᠠᠭᠠᠭᠰᠠᠨ ︹ 2021 ︺ 9 ᠳ᠋ᠤᠭᠡᠷ ᠲᠣᠭᠠᠲᠤ               2021 ᠣᠨ ᠤ 6 ᠳ᠋ᠤᠭᠠᠷ ᠰᠠᠷ᠎ᠠ ᠶᠢᠨ 8 ᠤ ᠡᠳᠦᠷᠡᠯ᠎ᠡ ᠬᠤᠰᠢᠭᠤ᠂ ᠰᠢᠶᠠᠨ᠂ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠬᠤᠲᠠ ᠶᠢᠨ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ᠂ ᠬᠤᠲᠠ ᠶᠢᠨ ᠬᠠᠷᠢᠶ᠎ᠠ ᠤᠯᠤᠰ ᠤᠨ ᠥᠮᠴᠢᠯᠡᠯᠲᠦ ᠠᠵᠤ ᠠᠬᠤᠶᠢᠯᠠᠯ ᠳᠤ᠄      ︽ᠬᠤᠲᠠ ᠶᠢᠨ ᠬᠠᠷᠢᠶ᠎ᠠ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠴᠢᠬᠤᠯᠠ ᠶᠡᠭᠡ ᠪᠠᠯᠠ ᠣᠷᠣᠭᠤᠯᠤᠯᠲᠠ ᠶᠢᠨ ᠵᠦᠢᠯᠡᠰ ᠤᠨ ᠲᠦᠭᠰᠢᠭᠦᠷᠢ ᠶᠢᠨ ᠬᠢᠨᠠᠯᠲᠠ ᠬᠠᠮᠢᠶᠠᠷᠤᠯᠲᠠ ᠶᠢᠨ ᠠᠷᠭ᠎ᠠ︾ ᠶᠢ ᠬᠤᠲᠠ ᠶᠢᠨ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠬᠢᠨᠠᠮᠠᠭᠠᠶ ᠰᠠᠶᠢᠲᠤᠷ ᠠᠳᠬᠤᠵᠤ ᠨᠠᠶᠢᠳᠠᠪᠤᠷᠢᠵᠢᠭᠤᠯᠲᠤᠭᠠᠶ᠃            ᠬᠤᠳᠠ ᠶᠢᠨ ᠬᠠᠷᠢᠶ᠎ᠠ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠴᠢᠬᠤᠯᠠ ᠶᠡᠭᠡ ᠪᠡᠯᠡ ᠣᠷᠣᠭᠤᠯᠤᠯᠲᠠ ᠶᠢᠨ            ᠵᠦᠢᠯᠡᠰ ᠤᠨ ᠲᠦᠭᠰᠢᠭᠦᠷᠢ ᠶᠢᠨ ᠬᠢᠨᠠᠯᠲᠠ ᠬᠠᠮᠢᠶᠠᠷᠤᠯᠲᠠ ᠶᠢᠨ ᠠᠷᠭ᠎ᠠ      ᠨᠢᠭᠡᠳᠦᠭᠡᠷ ᠪᠦᠯᠦᠭ ᠶᠡᠷᠦᠩᠬᠡᠢ ᠲᠦᠷᠢᠮ      ᠨᠢᠭᠡᠳᠦᠭᠡᠷ ᠵᠦᠢᠯ ᠪᠡᠯᠡ ᠭᠠᠷᠭᠠᠭᠴᠢ ᠶᠢᠨ ᠡᠭᠦᠷᠭᠡ ᠬᠠᠷᠢᠭᠤᠴᠠᠯᠭ᠎ᠠ ᠶᠢ ᠬᠠᠤᠯᠢ ᠶᠣᠰᠣᠭᠠᠷ  ᠭᠦᠢᠴᠡᠳᠬᠡᠵᠦ᠂ ᠬᠥᠷᠥᠩᠭᠡ ᠬᠠᠮᠢᠶᠠᠷᠬᠤ ᠪᠠᠷ ᠭᠤᠣᠯ ᠪᠣᠯᠭᠠᠭᠰᠠᠨ ᠬᠢᠨᠠᠯᠲᠠ ᠬᠠᠮᠢᠶᠠᠷᠤᠯᠲᠠ ᠶᠢᠨ ᠪᠠᠶᠢᠭᠤᠯᠤᠯ ᠢ ᠪᠦᠷᠢᠨᠰᠢᠭᠦᠯᠦᠨ ᠲᠡᠭᠦᠯᠳᠡᠷᠵᠢᠭᠦᠯᠵᠦ᠂  ᠬᠤᠲᠠ ᠶᠢᠨ ᠬᠠᠷᠢᠶ᠎ᠠ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠪᠡᠯᠡ ᠣᠷᠣᠭᠤᠯᠤᠯᠲᠠ ᠶᠢᠨ ᠬᠠᠮᠢᠶᠠᠷᠤᠯᠲᠠ ᠶᠢ ᠵᠢᠷᠤᠮᠵᠢᠭᠤᠯᠤᠨ᠂ ᠠᠵᠤ ᠠᠬᠤᠶᠢᠯᠠᠯ ᠤᠨ ᠪᠡᠯᠡ ᠣᠷᠣᠭᠤᠯᠤᠯᠲᠠ ᠶᠢᠨ ᠰᠢᠢᠳᠪᠦᠷᠢᠲᠦ ᠪᠣᠳᠣᠯᠭ᠎ᠠ ᠶᠢᠨ ᠰᠢᠨᠵᠢᠯᠡᠬᠦ ᠤᠬᠠᠭᠠᠨᠴᠢ ᠴᠢᠨᠠᠷ᠂ ᠪᠦᠲᠦᠮᠵᠢᠲᠦ ᠴᠢᠨᠠᠷ ᠢ ᠳᠡᠭᠡᠭᠰᠢᠯᠡᠭᠦᠯᠵᠦ᠂ ᠪᠡᠯᠡ ᠣᠷᠣᠭᠤᠯᠤᠯᠲᠠ ᠶᠢᠨ ᠲᠦᠭᠰᠢᠭᠦᠷᠢ ᠶᠢ ᠰᠡᠷᠭᠡᠶᠢᠯᠡᠬᠦ ᠶᠢᠨ ᠲᠥᠯᠦᠭᠡ᠂ ︽ᠺᠣᠮᠫᠠᠨᠢ ᠶᠢᠨ ᠬᠠᠤᠯᠢ︾ ︽ᠠᠵᠤ ᠠᠬᠤᠶᠢᠯᠠᠯ ᠤᠨ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠠᠤᠯᠢ︾ ᠵᠡᠷᠭᠡ ᠬᠠᠤᠯᠢ ᠴᠠᠭᠠᠵᠠ ᠳᠦᠷᠢᠮ ᠲᠣᠭᠲᠠᠭᠠᠯ ᠢ ᠦᠨᠳᠦᠰᠦᠯᠡᠨ᠂ ᠲᠥᠷᠥ ᠶᠢᠨ ᠶᠠᠪᠤᠳᠠᠯ ᠤᠨ ᠬᠤᠷᠢᠶᠠᠨ ᠤ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ᠂ ᠥᠪᠡᠷᠲᠡᠭᠡᠨ ᠵᠠᠰᠠᠬᠤ ᠣᠷᠣᠨ ᠤ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠤᠨ ᠬᠤᠯᠪᠤᠭᠳᠠᠯ ᠪᠦᠬᠦᠢ ᠳᠦᠷᠢᠮ ᠢᠶᠠᠷ ᠯᠠᠪᠯᠠᠯᠲᠠ ᠪᠣᠯᠭᠠᠵᠤ᠂ ᠮᠠᠨ ᠤ ᠬᠤᠲᠠ ᠶᠢᠨ ᠪᠤᠳᠠᠳᠠᠢ ᠲᠠᠢ ᠤᠶᠠᠯᠳᠤᠭᠤᠯᠵᠤ᠂ ᠲᠤᠰ ᠠᠷᠭ᠎ᠠ ᠶᠢ ᠲᠣᠭᠲᠠᠭᠠᠪᠠ᠃      ᠬᠤᠶᠠᠳᠤᠭᠠᠷ ᠵᠦᠢᠯ ᠲᠤᠰ ᠠᠷᠭ᠎ᠠ ᠳᠤ ᠬᠡᠯᠡᠵᠦ ᠪᠠᠶᠢᠭ᠎ᠠ ᠬᠤᠳᠠ ᠶᠢᠨ ᠬᠠᠷᠢᠶ᠎ᠠ ᠣᠯᠣᠰ ᠤᠨ ᠥᠮᠴᠢᠯᠡᠯᠲᠦ ᠠᠵᠤ ᠠᠬᠤᠶᠢᠯᠠᠯ ᠭᠡᠳᠡᠭ ᠨᠢ ᠬᠤᠳᠠ ᠶᠢᠨ ᠵᠠᠰᠠᠭ ᠤᠨ ᠣᠷᠳᠣᠨ ᠠᠴᠠ ᠤᠯᠤᠰ ᠤᠨ ᠥᠮᠴᠢᠯᠡᠯ ‍ᠦᠨ‌ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠳᠤ ᠡᠷᠬᠡ ᠣᠯᠭᠤᠵᠤ ᠪᠡᠯᠡ ᠭᠠᠷᠭᠠᠭᠴᠢ ᠶᠢᠨ ᠡᠭᠦᠷᠭᠡ ᠬᠠᠷᠢᠭᠤᠴᠠᠯᠭ᠎ᠠ ᠶᠢ ᠬᠠᠤᠯᠢ ᠶᠣᠰᠣᠭᠠᠷ ᠭᠦᠢᠴᠡᠳᠬᠡᠬᠦ ᠤᠯᠤᠰ ᠤᠨ ᠥᠮᠴᠢᠯᠡᠯᠲᠦ ᠠᠵᠤ ᠠᠬᠤᠶᠢᠯᠠᠯ ︵ᠳᠣᠷᠣᠭᠰᠢ ︽ᠠᠵᠤ ᠠᠬᠤᠶᠢᠯᠠᠯ︾ ᠭᠡᠵᠦ ᠲᠣᠪᠴᠢᠯᠠᠨ᠎ᠠ︶ ᠢ ᠵᠢᠭᠠᠵᠤ ᠪᠤᠢ᠃      ᠭᠤᠷᠪᠠᠳᠤᠭᠠᠷ ᠵᠦᠢᠯ ᠲᠣᠰ ᠠᠷᠭ᠎ᠠ ᠳᠤ ᠬᠡᠯᠡᠵᠦ ᠪᠠᠶᠢᠭ᠎ᠠ ᠪᠠᠯᠠ ᠣᠷᠣᠭᠤᠯᠤᠯᠲᠠ ᠭᠡᠳᠡᠭ ᠨᠢ ᠠᠵᠤ ᠠᠬᠤᠶᠢᠯᠠᠯ ᠤᠨ ᠬᠢᠯᠢ ᠶᠢᠨ ᠳᠣᠲᠣᠨ᠎ᠠ ᠭᠠᠳᠠᠨᠠᠬᠢ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ᠂ ᠰᠲ᠋ᠣᠺ ᠤᠨ ᠡᠷᠬᠡ ᠶᠢᠨ ᠪᠠᠯᠠ ᠣᠷᠣᠭᠤᠯᠤᠯᠲᠠ ᠶᠢ ᠵᠢᠭᠠᠵᠤ ᠪᠣᠶ᠃ ᠭᠤᠣᠯᠳᠠᠭᠤ ᠳᠣᠣᠷ᠎ᠠ ᠵᠢᠭᠰᠠᠭᠠᠭᠰᠠᠨ ᠪᠡᠯᠡ ᠣᠷᠣᠭᠤᠯᠤᠯᠲᠠ ᠶᠢᠨ ᠠᠵᠢᠯᠯᠠᠭ᠎ᠠ ᠨᠤᠭᠤᠳ ᠪᠠᠭᠲᠠᠨ᠎ᠠ᠄      ︵ᠨᠢᠭᠡ︶  ᠲᠤᠭᠲᠠᠮᠠᠯ ᠬᠦᠷᠦᠩᠭᠡ ᠶᠢᠨ ᠪᠡᠯᠡ ᠤᠷᠤᠭᠤᠯᠤᠯᠲᠠ᠂ ᠡᠭᠦᠨ ᠳᠤ ᠦᠨᠳᠦᠰᠦᠨ ᠪᠦᠳᠦᠭᠡᠠ ᠪᠠᠶᠢᠭᠤᠯᠤᠯᠲᠠ ᠶᠢᠨ ᠪᠡᠯᠠ ᠣᠷᠣᠭᠤᠯᠤᠯᠲᠠ᠂ ᠰᠢᠨᠡᠳᠬᠡᠨ ᠥᠭᠡᠷᠡᠴᠢᠯᠡᠬᠦ ᠪᠡᠯᠠ ᠣᠷᠣᠭᠤᠯᠤᠯᠲᠠ᠂ ᠭᠡᠷ ᠪᠠᠶᠢᠰᠢᠩ ᠭᠠᠵᠠᠷ ᠰᠢᠷᠣᠶ ᠶᠢᠨ ᠬᠦᠷᠦᠩᠭᠡ ᠶᠢ ᠨᠡᠭᠡᠭᠡᠨ ᠠᠰᠢᠭᠯᠠᠬᠤ ᠪᠡᠯᠠ ᠣᠷᠣᠭᠤᠯᠤᠯᠲᠠ ᠵᠡᠷᠭᠡ ᠪᠠᠭᠲᠠᠨ᠎ᠠ᠃      ︵ᠬᠤᠶᠠᠷ︶ ᠰᠲ᠋ᠣᠺ ᠤᠨ ᠡᠷᠬᠡ ᠶᠢᠨ ᠪᠡᠯᠡ ᠣᠷᠣᠭᠤᠯᠤᠯᠲᠠ᠂ ᠡᠭᠦᠨ ᠳᠤ ᠰᠲ᠋ᠣᠺ ᠤᠨ ᠡᠷᠬᠡ ᠶᠢ ᠰᠢᠯᠵᠢᠭᠦᠯᠦᠨ ᠠᠪᠬᠤ᠂ ᠬᠤᠳᠠᠯᠳᠤᠨ ᠠᠪᠴᠤ ᠨᠡᠶᠢᠯᠡᠭᠦᠯᠬᠦ ᠵᠢᠴᠢ ᠪᠦᠬᠦ ᠬᠦᠷᠦᠩᠭᠡ ᠶᠢᠨ᠂ ᠬᠤᠪᠢ ᠡᠵᠡᠮᠳᠡᠭᠰᠡᠨ᠂ ᠬᠤᠪᠢ ᠣᠷᠣᠭᠤᠯᠤᠭᠰᠠᠨ ᠠᠵᠤ ᠠᠬᠤᠶᠢᠯᠠᠯ ᠪᠠᠶᠢᠭᠤᠯᠬᠤ ᠵᠡᠷᠭᠡ ᠪᠠᠭᠲᠠᠨ᠎ᠠ᠃      ᠳᠥᠷᠪᠡᠳᠦᠭᠡᠷ ᠵᠦᠢᠯ ᠲᠣᠰ ᠠᠷᠭ᠎ᠠ ᠳᠤ ᠬᠡᠯᠡᠵᠦ ᠪᠠᠶᠢᠭ᠎ᠠ ᠴᠢᠬᠤᠯᠠ ᠶᠡᠭᠡ ᠪᠠᠯᠠ ᠣᠷᠣᠭᠤᠯᠤᠯᠲᠠ ᠭᠡᠳᠡᠭ ᠨᠢ ᠠᠵᠤ ᠠᠬᠤᠶᠢᠯᠠᠯ ᠤᠨ ᠺᠣᠮᠫᠠᠨᠢ ᠶᠢᠨ ᠲᠦᠷᠢᠮ᠂ ᠪᠠᠯᠠ ᠭᠠᠷᠭᠠᠭᠴᠢ ᠶᠢᠨ ᠬᠢᠨᠠᠨ ᠬᠠᠮᠢᠶᠠᠷᠬᠤ ᠡᠷᠬᠡ ᠬᠠᠷᠢᠭᠤᠴᠠᠯᠭ᠎ᠠ ᠶᠢᠨ ᠵᠦᠢᠯᠡᠰ ᠤᠨ ᠨᠠᠷᠢᠨ ᠬᠠᠭᠤᠳᠠᠰᠤ ᠵᠢᠴᠢ ᠲᠣᠰ ᠲᠦᠷᠢᠮ ᠤᠨ ᠲᠣᠭᠲᠠᠭᠠᠯ ᠶᠣᠰᠣᠭᠠᠷ ᠬᠡᠷᠡᠭ ᠮᠡᠳᠡᠭᠴᠢᠳ ᠤᠨ ᠵᠥᠪᠯᠡᠯ ᠪᠤᠶᠤ ᠶᠡᠷᠦᠩᠬᠡᠶ ᠳᠠᠭᠠᠭᠠᠮᠠᠯ ᠤᠨ ᠠᠯᠪᠠᠨ ᠬᠤᠷᠠᠯ ᠠᠴᠠ ᠰᠤᠳᠤᠯᠤᠨ ᠲᠣᠭᠲᠠᠭᠠᠭᠰᠠᠨ ᠭᠤᠤᠯ ᠠᠵᠢᠯ ᠲᠥᠷᠥᠯ ᠤᠨ ᠪᠤᠰᠤ ᠲᠥᠷᠥᠯ ᠤᠨ ᠪᠠᠯᠠ ᠣᠷᠣᠭᠤᠯᠤᠯᠲᠠ ᠪᠠ ᠤᠨᠴᠠᠭᠠᠢ ᠬᠢᠨᠠᠨ ᠬᠠᠮᠢᠶᠠᠷᠬᠤ ᠲᠥᠷᠥᠯ ᠤᠨ ᠪᠠᠯᠠ ᠣᠷᠣᠭᠤᠯᠤᠯᠲᠠ ᠶᠢ ᠵᠢᠭᠠᠵᠤ ᠪᠤᠢ᠃ ᠣᠨᠴᠠᠭᠠᠶ ᠬᠢᠨᠠᠨ ᠬᠠᠮᠢᠶᠠᠷᠬᠤ ᠲᠦᠷᠦᠯ ᠤᠨ ᠪᠡᠯᠡ ᠣᠷᠣᠭᠤᠯᠤᠯᠲᠠ ᠳᠤ ᠬᠢᠯᠢ ᠶᠢᠨ ᠭᠠᠳᠠᠨᠠᠬᠢ ᠪᠡᠯᠡ ᠣᠷᠣᠭᠤᠯᠤᠯᠲᠠ ᠶᠢᠨ ᠲᠦᠷᠦᠯ ᠵᠦᠢᠯ᠂ ᠬᠢᠯᠢ ᠶᠢᠨ ᠳᠣᠲᠣᠷᠠᠬᠢ ᠭᠤᠣᠯ ᠠᠵᠢᠯ ᠲᠦᠷᠦᠯ ᠤᠨ ᠭᠠᠭᠴᠠ ᠵᠦᠢᠯ ᠤᠨ ᠪᠡᠯᠡ ᠣᠷᠣᠭᠤᠯᠤᠯᠲᠠ ᠶᠢᠨ ᠲᠤᠭ᠎ᠠ ᠨᠢ 5000 ᠲᠦᠮᠡᠨ ᠲᠥᠭᠦᠷᠢᠭ ︵ᠪᠠᠭᠲᠠᠨ᠎ᠠ︶ ᠠᠴᠠ ᠳᠡᠭᠡᠭᠰᠢᠬᠢ ᠪᠡᠯᠡ ᠣᠷᠣᠭᠤᠯᠤᠯᠲᠠ ᠶᠢᠨ ᠲᠥᠷᠥᠯ ᠵᠦᠢᠯ ᠵᠢᠴᠢ ᠪᠦᠬᠦ ᠬᠦᠷᠦᠩᠭᠡ ᠶᠢᠨ᠂ ᠬᠤᠪᠢ ᠡᠵᠡᠮᠳᠡᠭᠰᠡᠨ ᠬᠤᠶᠠᠳᠤᠭᠠᠷ ᠳᠡᠰ ᠤᠨ ᠠᠵᠤ ᠠᠬᠤᠶᠢᠯᠠᠯ ᠪᠠᠶᠢᠭᠤᠯᠬᠤ ᠶᠢ ᠪᠠᠭᠲᠠᠭᠠᠨ᠎ᠠ᠃      ᠭᠤᠤᠯ ᠠᠵᠢᠯ ᠲᠥᠷᠥᠯ ᠭᠡᠳᠡᠭ ᠨᠢ ᠠᠵᠤ ᠠᠬᠤᠶᠢᠯᠠᠯ ᠲᠡᠭᠦᠨ ᠤ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ᠂ ᠴᠢᠳᠠᠮᠵᠢ ᠶᠢᠨ ᠪᠠᠶᠢᠷᠢ ᠲᠣᠭᠲᠠᠭᠠᠯᠲᠠ᠂ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠪᠠ ᠲᠥᠯᠥᠪᠵᠢᠭᠦᠯᠭᠡ᠂ ᠡᠵᠡᠩᠨᠡᠯᠲᠡ ᠶᠢᠨ ᠣᠷᠣᠯᠭ᠎ᠠ ᠶᠢᠨ ᠡᠵᠡᠯᠡᠬᠦ ᠬᠠᠷᠢᠴᠠᠯ᠂ ᠡᠳ᠋ ᠬᠥᠷᠥᠩᠭᠡ ᠶᠢᠨ ᠡᠵᠡᠯᠡᠬᠦ ᠬᠠᠷᠢᠴᠠᠯ ᠵᠡᠷᠭᠡ ᠶᠢ ᠦᠨᠳᠦᠰᠦᠯᠡᠨ ᠲᠣᠭᠲᠠᠭᠠᠬᠤ ᠶᠢᠨ ᠬᠠᠮᠲᠤ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠠᠴᠠ ᠨᠤᠲᠠᠯᠠᠨ ᠲᠣᠭᠲᠠᠭᠠᠵᠤ ᠨᠡᠶᠢᠲᠡᠯᠡᠭᠰᠡᠨ ᠭᠤᠤᠯ ᠡᠵᠡᠩᠨᠡᠯᠲᠡ ᠶᠢᠨ ᠲᠤᠬᠠᠶᠢᠯᠠᠭᠰᠠᠨ ᠠᠵᠢᠯ ︵ᠪᠤᠶᠢᠵᠢᠭᠤᠯᠬᠤ ᠲᠤᠬᠠᠶᠢᠯᠠᠭᠰᠠᠨ ᠠᠵᠢᠯ ᠪᠠᠭᠲᠠᠨ᠎ᠠ︶ ᠢ ᠵᠢᠭᠠᠵᠤ ᠪᠣᠶ᠂ ᠭᠤᠤᠯ ᠠᠵᠢᠯ ᠲᠥᠷᠥᠯ ᠢ ᠵᠠᠷᠴᠢᠮ ᠳᠡᠭᠡᠷ᠎ᠡ ᠪᠠᠨ ᠬᠤᠶᠠᠷ ᠢᠶᠠᠷ ᠬᠢᠵᠠᠭᠠᠷᠯᠠᠵᠤ᠂ ᠪᠤᠶᠢᠵᠢᠭᠤᠯᠬᠤ ᠲᠤᠬᠠᠶᠢᠯᠠᠭᠰᠠᠨ ᠠᠵᠢᠯ ᠢ ᠬᠤᠶᠠᠷ ᠤᠨ ᠲᠤᠳᠤᠷ᠎ᠠ ᠬᠢᠵᠠᠭᠠᠷᠯᠠᠨ᠎ᠠ᠃ ᠭᠤᠣᠯ ᠠᠵᠢᠯ ᠲᠦᠷᠦᠯ ᠤᠨ ᠪᠤᠰᠤ ᠪᠡᠯᠡ ᠣᠷᠣᠭᠤᠯᠤᠯᠲᠠ ᠭᠡᠳᠡᠭ ᠨᠢ ᠭᠤᠣᠯ ᠠᠵᠢᠯ ᠲᠦᠷᠦᠯ ᠠᠴᠠ ᠭᠠᠳᠠᠨᠠᠬᠢ ᠪᠡᠯᠡ ᠣᠷᠣᠭᠤᠯᠤᠯᠲᠠ ᠶᠢᠨ ᠵᠦᠢᠯᠡᠰ ᠢ ᠵᠢᠭᠠᠵᠤ ᠪᠣᠶ᠃      ᠲᠠᠪᠤᠳᠤᠭᠠᠷ ᠵᠦᠢᠯ ᠲᠣᠰ ᠠᠷᠭ᠎ᠠ ᠳᠤ ᠬᠡᠯᠡᠵᠦ ᠪᠠᠶᠢᠭ᠎ᠠ ᠪᠠᠯᠠ ᠣᠷᠣᠭᠤᠯᠤᠯᠲᠠ ᠶᠢᠨ ᠲᠦᠭᠰᠢᠭᠦᠷᠢ ᠭᠡᠳᠡᠭ ᠨᠢ ᠢᠷᠡᠭᠡᠳᠦᠶ ᠶᠢᠨ ᠪᠠᠯᠠ ᠣᠷᠣᠭᠤᠯᠤᠯᠲᠠ ᠶᠢᠨ ᠠᠰᠢᠭ ᠣᠯᠵᠠᠪᠤᠷᠢ ᠶᠢᠨ ᠲᠣᠭᠲᠠᠪᠤᠷᠢ ᠦᠭᠡᠢ ᠴᠢᠨᠠᠷ᠂ ᠪᠠᠯᠠ ᠣᠷᠣᠭᠤᠯᠤᠯᠲᠠ ᠶᠢᠨ ᠳᠤᠮᠳᠠ ᠠᠰᠢᠭ ᠣᠯᠵᠠᠪᠤᠷᠢ ᠪᠠ ᠡᠬᠡ ᠮᠥᠩᠭᠦ ᠶᠢᠨ ᠬᠤᠬᠢᠷᠠᠯ ᠳᠤ ᠤᠴᠠᠷᠠᠵᠤ ᠮᠡᠳᠡᠬᠦ ᠲᠦᠭᠰᠢᠭᠦᠷᠢ ᠶᠢ ᠵᠢᠭᠠᠵᠤ ᠪᠣᠶ᠂ ᠡᠭᠦᠨ ᠳᠤ ᠲᠥᠷᠥ ᠶᠢᠨ ᠪᠣᠳᠣᠯᠭ᠎ᠠ ᠶᠢᠨ ᠲᠦᠭᠰᠢᠭᠦᠷᠢ᠂ ᠰᠢᠢᠳᠪᠦᠷᠢᠲᠦ ᠪᠣᠳᠣᠯᠭ᠎ᠠ ᠶᠢᠨ ᠲᠦᠭᠰᠢᠭᠦᠷᠢ᠂ ᠬᠡᠷᠡᠭᠵᠢᠭᠦᠯᠬᠦ ᠲᠦᠭᠰᠢᠭᠦᠷᠢ᠂ ᠬᠠᠤᠯᠢ ᠴᠠᠭᠠᠵᠠ ᠶᠢᠨ ᠲᠦᠭᠰᠢᠭᠦᠷᠢ᠂ ᠥᠷᠢ ᠥᠭᠴᠡᠭᠡ ᠶᠢᠨ ᠲᠦᠭᠰᠢᠭᠦᠷᠢ᠂ ᠠᠵᠢᠯ ᠮᠡᠷᠭᠡᠵᠢᠯ ᠤᠨ ᠶᠣᠰᠣ ᠰᠣᠷᠲᠠᠬᠤᠨ ᠤ ᠲᠦᠭᠰᠢᠭᠦᠷᠢ᠂ ᠬᠤᠶᠢᠰᠢᠯᠠᠭᠤᠯᠬᠤ ᠲᠦᠭᠰᠢᠭᠦᠷᠢ᠂ ᠶᠠᠰᠤ ᠴᠢᠨᠠᠷ ᠤᠨ ᠲᠦᠭᠰᠢᠭᠦᠷᠢ᠂ ᠵᠠᠬ᠎ᠠ ᠳᠡᠯᠭᠡᠭᠦᠷ ᠤᠨ ᠲᠦᠭᠰᠢᠭᠦᠷᠢ᠂ ᠬᠤᠷᠰᠢᠭᠰᠠᠨ ᠲᠠᠯ᠎ᠠ ᠶᠢᠨ ᠢᠲᠡᠭᠡᠮᠵᠢ ᠶᠢᠨ ᠲᠦᠭᠰᠢᠭᠦᠷᠢ᠂ ᠠᠮᠤᠷ ᠲᠦᠪᠰᠢᠨ ᠲᠣᠭᠲᠠᠭᠤᠨ ᠤ ᠲᠦᠭᠰᠢᠭᠦᠷᠢ ᠵᠡᠷᠭᠡ ᠪᠠᠭᠲᠠᠨ᠎ᠠ᠃      ᠵᠢᠷᠭᠤᠳᠤᠭᠠᠷ ᠵᠦᠢᠯ ᠠᠵᠤ ᠠᠬᠤᠶᠢᠯᠠᠯ ᠪᠣᠯ ᠪᠠᠯᠠ ᠣᠷᠣᠭᠤᠯᠤᠯᠲᠠ ᠶᠢᠨ ᠠᠵᠢᠯᠯᠠᠭ᠎ᠠ ᠶᠢᠨ ᠰᠢᠢᠳᠪᠦᠷᠢᠲᠦ ᠪᠣᠳᠣᠯᠭ᠎ᠠ ᠲᠣᠭᠲᠠᠭᠠᠬᠤ ᠭᠤᠤᠯ ᠴᠣᠭᠴᠠ᠂ ᠬᠡᠷᠡᠭᠵᠢᠭᠦᠯᠬᠦ ᠭᠤᠤᠯ ᠴᠣᠭᠴᠠ ᠪᠠ ᠪᠠᠯᠠ ᠣᠷᠣᠭᠤᠯᠤᠯᠲᠠ ᠶᠢᠨ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠬᠠᠷᠢᠭᠤᠴᠠᠯᠭ᠎ᠠ ᠶᠢᠨ ᠭᠤᠤᠯ ᠴᠣᠭᠴᠠ ᠮᠥᠨ ᠪᠠᠶᠢᠵᠤ᠂ ᠳᠣᠤᠷᠠᠬᠢ ᠡᠭᠦᠷᠭᠡ ᠬᠠᠷᠢᠭᠤᠴᠠᠯᠭ᠎ᠠ ᠶᠢ ᠬᠦᠢᠴᠡᠳᠬᠡᠬᠦ ᠬᠡᠷᠡᠭᠲᠡᠶ᠄      ︵ᠨᠢᠭᠡ︶ ᠠᠵᠤ ᠠᠬᠤᠶᠢᠯᠠᠯ ᠤᠨ ᠪᠠᠯᠠ ᠣᠷᠣᠭᠤᠯᠤᠯᠲᠠ ᠶᠢᠨ ᠰᠢᠢᠳᠪᠦᠷᠢᠲᠦ ᠪᠣᠳᠣᠯᠭ᠎ᠠ ᠲᠣᠭᠲᠠᠭᠠᠬᠤ ᠲᠠᠰ ᠳᠠᠷᠠᠭᠠᠯᠠᠯ ᠪᠠ ᠪᠠᠯᠠ ᠣᠷᠣᠭᠤᠯᠤᠯᠲᠠ ᠶᠢᠨ ᠬᠡᠷᠡᠭ ᠶᠠᠪᠤᠳᠠᠯ ᠤᠨ ᠡᠮᠦᠨᠡᠬᠢ᠂ ᠬᠡᠷᠡᠭ ᠶᠠᠪᠤᠳᠠᠯ ᠤᠨ ᠳᠤᠮᠳᠠᠬᠢ᠂ ᠬᠡᠷᠡᠭ ᠶᠠᠪᠤᠳᠠᠯ ᠤᠨ ᠳᠠᠷᠠᠭᠠᠬᠢ ᠪᠥᠬᠦ ᠶᠠᠪᠤᠴᠠ ᠶᠢᠨ ᠬᠠᠮᠢᠶᠠᠷᠤᠯᠲᠠ ᠬᠢᠭᠡᠳ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠲᠥᠷᠢᠮ ᠢ ᠲᠣᠭᠲᠠᠭᠠᠨ ᠬᠡᠷᠡᠭᠵᠢᠭᠦᠯᠬᠦ ᠬᠡᠷᠡᠭᠲᠡᠢ︔      ︵ᠬᠤᠶᠠᠷ︶ ᠪᠡᠯᠡ ᠣᠷᠣᠭᠤᠯᠤᠯᠲᠠ ᠶᠢᠨ ᠣᠨ ᠤ ᠲᠥᠯᠥᠪᠯᠡᠭᠡ ᠶᠢ ᠲᠣᠭᠲᠠᠭᠠᠨ ᠬᠡᠷᠡᠭᠵᠢᠭᠦᠯᠬᠦ ᠬᠡᠷᠡᠭᠲᠡᠢ᠄ ᠪᠡᠯᠡ ᠣᠷᠣᠭᠤᠯᠤᠯᠲᠠ ᠶᠢᠨ ᠣᠨ ᠤ ᠲᠥᠯᠥᠪᠯᠡᠭᠡ ᠶᠢ ᠦᠨᠳᠦᠰᠦᠯᠡᠨ ᠪᠡᠯᠡ ᠣᠷᠣᠭᠤᠯᠤᠯᠲᠠ ᠶᠢᠨ ᠣᠨ ᠤ  ᠲᠥᠰᠦᠪ ᠢ ᠨᠠᠶᠢᠷᠠᠭᠤᠯᠤᠨ ᠵᠣᠬᠢᠶᠠᠵᠤ᠂ ᠠᠵᠤ ᠠᠬᠤᠶᠢᠯᠠᠯ ᠤᠨ ᠪᠦᠬᠦ ᠲᠠᠯ᠎ᠠ ᠶᠢᠨ ᠲᠥᠰᠦᠪ ᠤᠨ ᠬᠠᠮᠢᠶᠠᠷᠤᠯᠲᠠ ᠳᠤ ᠣᠷᠣᠭᠤᠯᠤᠨ᠂ ᠪᠡᠯᠡ ᠣᠷᠣᠭᠤᠯᠤᠯᠲᠠ ᠶᠢᠨ ᠣᠨ ᠤ ᠲᠥᠯᠥᠪᠯᠡᠭᠡ ᠶᠢ ᠡᠳ᠋ ᠤᠨ ᠶᠠᠪᠤᠳᠠᠯ ᠤᠨ ᠲᠥᠰᠦᠪ ᠲᠠᠢ ᠵᠣᠯᠭᠠᠯᠳᠤᠭᠤᠯᠵᠤ᠂ ᠵᠦᠢ ᠵᠣᠬᠢᠰᠲᠠᠶ ᠡᠳ᠋ ᠬᠦᠷᠦᠩᠭᠡ ᠶᠢᠨ ᠥᠷᠢᠲᠦᠯ ᠤᠨ ᠬᠢᠷᠢ ᠬᠡᠮᠵᠢᠶ᠎ᠡ ᠲᠠᠢ ᠵᠣᠬᠢᠴᠠᠭᠤᠯᠬᠤ ᠬᠡᠷᠡᠭᠲᠡᠢ︔      ︵ᠭᠤᠷᠪᠠ︶ ᠪᠡᠯᠡ ᠣᠷᠣᠭᠤᠯᠤᠯᠲᠠ ᠶᠢᠨ ᠲᠥᠷᠥᠯ ᠵᠦᠢᠯ ᠤᠨ ᠪᠣᠯᠤᠮᠵᠢᠲᠤ ᠴᠢᠨᠠᠷ ᠤᠨ ᠰᠤᠳᠤᠯᠭᠠᠨ ᠪᠠ ᠪᠡᠯᠡ ᠣᠷᠣᠭᠤᠯᠤᠯᠲᠠ ᠶᠢᠨ ᠲᠦᠭᠰᠢᠭᠦᠷᠢ ᠶᠢᠨ ᠦᠨᠡᠯᠡᠨ ᠵᠢᠱᠢᠯᠲᠡ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠣᠨᠴᠠᠭᠠᠶᠢᠯᠠᠨ ᠠᠵᠤ ᠠᠬᠤᠶᠢᠯᠠᠯ ᠤᠨ ᠠᠵᠢᠯᠳᠠᠨ ᠠᠵᠢᠯᠴᠢᠨ ᠲᠦᠮᠡᠨ ᠤ ᠬᠤᠪᠢ ᠪᠡᠶ᠎ᠡ ᠶᠢᠨ ᠠᠰᠢᠭ ᠲᠤᠰᠠ ᠳᠤ ᠬᠤᠯᠪᠣᠭᠳᠠᠬᠤ ᠮᠥᠷᠲᠡᠭᠡᠨ ᠬᠤᠯᠪᠣᠭᠳᠠᠬᠤ ᠬᠡᠪᠴᠢᠶ᠎ᠡ ᠨᠢ ᠥᠷᠭᠡᠨ᠂ ᠨᠡᠶᠢᠭᠡᠮ ᠤᠨ ᠲᠣᠭᠲᠠᠭᠤᠨ ᠤ ᠠᠰᠠᠭᠤᠳᠠᠯ ᠢ ᠠᠮᠠᠷᠬᠠᠨ ᠡᠭᠦᠰᠭᠡᠬᠦ ᠴᠢᠬᠤᠯᠠ ᠶᠡᠭᠡ ᠪᠡᠯᠡ ᠣᠷᠣᠭᠤᠯᠤᠯᠲᠠ ᠶᠢᠨ ᠰᠢᠢᠳᠪᠦᠷᠢᠲᠦ ᠪᠤᠳᠤᠯᠭ᠎ᠠ ᠶᠢᠨ ᠵᠦᠢᠯᠡᠰ ᠲᠤ ᠡᠷᠬᠡᠪᠰᠢ ᠨᠡᠶᠢᠭᠡᠮ ᠤᠨ ᠲᠣᠭᠲᠠᠭᠤᠨ ᠤ ᠠᠶᠤᠯ ᠲᠦᠭᠰᠢᠭᠦᠷᠢ ᠶᠢᠨ ᠦᠨᠡᠯᠡᠨ ᠵᠢᠱᠢᠯᠲᠡ ᠶᠢ ᠰᠠᠶᠢᠨ ᠬᠢᠬᠦ ᠬᠡᠷᠡᠭᠲᠡᠶ︔      ︵ᠲᠦᠷᠪᠡ︶ ᠪᠡᠯᠡ ᠣᠷᠣᠭᠤᠯᠤᠯᠲᠠ ᠶᠢᠨ ᠰᠢᠢᠳᠪᠦᠷᠢᠲᠦ ᠪᠤᠳᠤᠯᠭ᠎ᠠ ᠲᠣᠭᠲᠠᠭᠠᠬᠤ ᠶᠢᠨ ᠬᠠᠮᠲᠤ  ᠬᠠᠷᠠᠭᠠᠯᠵᠠᠭᠰᠠᠨ ᠪᠡᠯᠡ ᠣᠷᠣᠭᠤᠯᠤᠯᠲᠠ ᠶᠢᠨ ᠠᠶᠤᠯ ᠲᠦᠭᠰᠢᠭᠦᠷᠢ ᠶᠢ ᠡᠭᠦᠷᠭᠡᠯᠡᠵᠦ᠂ ᠪᠡᠯᠡ ᠣᠷᠣᠭᠤᠯᠤᠯᠲᠠ ᠶᠢᠨ ᠵᠦᠢᠯᠡᠰ ᠤᠨ ᠬᠠᠮᠢᠶᠠᠷᠤᠯᠲᠠ ᠪᠠ ᠠᠶᠤᠯ ᠲᠦᠭᠰᠢᠭᠦᠷᠢ ᠶᠢᠨ ᠬᠢᠵᠠᠭᠠᠷᠯᠠᠯ ᠢ ᠴᠢᠩᠭᠠᠳᠬᠠᠬᠤ ᠬᠡᠷᠡᠭᠲᠡᠢ︔      ︵ᠲᠠᠪᠤ︶ ᠪᠡᠯᠡ ᠣᠷᠣᠭᠤᠯᠤᠯᠲᠠ ᠶᠢᠨ ᠪᠦᠷᠢᠳᠬᠡᠯ᠂ ᠵᠠᠳᠠᠯᠤᠯᠲᠠ ᠪᠠ ᠬᠤᠶᠢᠨᠠᠬᠢ ᠦᠨᠡᠯᠡᠯᠲᠡ ᠶᠢᠨ ᠠᠵᠢᠯ ᠢ ᠥᠷᠨᠢᠭᠦᠯᠬᠦ ᠬᠡᠷᠡᠭᠲᠡᠢ︔      ︵ᠵᠢᠷᠭᠤᠭ᠎ᠠ︶ ᠬᠠᠮᠢᠶ᠎ᠠ ᠪᠦᠬᠦᠢ ᠪᠡᠯᠡ ᠣᠷᠣᠭᠤᠯᠤᠯᠲᠠ ᠶᠢ ᠪᠡᠶᠡᠯᠡᠭᠦᠯᠦᠭᠰᠡᠨ ᠪᠠᠶᠢᠳᠠᠯ᠂ ᠴᠢᠬᠤᠯᠠ ᠶᠡᠭᠡ ᠪᠡᠯᠡ ᠣᠷᠣᠭᠤᠯᠤᠯᠲᠠ ᠶᠢᠨ ᠲᠦᠷᠦᠯ ᠵᠦᠢᠯ ᠵᠡᠷᠭᠡ ᠪᠡᠯᠡ ᠣᠷᠣᠭᠤᠯᠤᠯᠲᠠ ᠶᠢᠨ ᠮᠡᠳᠡᠭᠡ ᠵᠠᠩᠭᠢ ᠶᠢ ᠮᠡᠳᠡᠭᠦᠯᠵᠦ᠂ ᠬᠢᠨᠠᠨ ᠪᠠᠶᠢᠴᠠᠭᠠᠬᠤ ᠳᠤ ᠬᠠᠮᠵᠢᠯᠴᠠᠬᠤ ᠡᠭᠦᠷᠭᠡ ᠶᠢ ᠭᠦᠢᠴᠡᠳᠬᠡᠬᠦ ᠬᠡᠷᠡᠭᠲᠡᠢ︔      ︵ᠲᠤᠯᠤᠭ᠎ᠠ︶ ᠬᠠᠤᠯᠢ ᠪᠠᠷ ᠲᠣᠭᠲᠠᠭᠠᠭᠰᠠᠨ ᠪᠤᠰᠤᠳ ᠡᠭᠦᠷᠭᠡ ᠬᠠᠷᠢᠭᠤᠴᠠᠯᠭ᠎ᠠ᠃      ᠳᠣᠯᠣᠳᠤᠭᠠᠷ ᠵᠦᠢᠯ  ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠤᠯᠤᠰ᠂ ᠥᠪᠡᠷᠲᠡᠭᠡᠨ ᠵᠠᠰᠠᠬᠤ ᠣᠷᠣᠨ᠂ ᠮᠠᠨ ᠤ ᠬᠤᠳᠠ ᠶᠢᠨ ᠤᠯᠤᠰ ᠤᠨ ᠥᠮᠴᠢᠯᠡᠯ ᠤᠨ ᠬᠥᠷᠥᠩᠭᠡ ᠶᠢᠨ ᠪᠠᠶᠢᠷᠢᠰᠢᠭᠤᠯᠤᠯᠲᠠ ᠬᠢᠭᠡᠳ ᠪᠦᠲᠦᠴᠡ ᠶᠢᠨ ᠲᠤᠬᠢᠷᠠᠭᠤᠯᠤᠯᠳᠠ ᠶᠢᠨ ᠱᠠᠭᠠᠷᠳᠠᠯᠭ᠎ᠠ ᠶᠣᠰᠣᠭᠠᠷ᠂ ᠬᠥᠷᠥᠩᠭᠡ ᠶᠢᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠬᠦ᠂ ᠬᠥᠷᠥᠩᠭᠡ ᠶᠢᠨ ᠠᠵᠢᠯᠯᠠᠭᠠᠨ ᠢ ᠵᠢᠷᠤᠮᠵᠢᠭᠤᠯᠬᠤ᠂ ᠬᠥᠷᠥᠩᠭᠡ ᠶᠢᠨ ᠬᠠᠷᠢᠭᠤᠯᠤᠮᠵᠢ ᠶᠢ ᠳᠡᠭᠡᠭᠰᠢᠯᠡᠭᠦᠯᠬᠦ᠂ ᠬᠥᠷᠥᠩᠭᠡ ᠶᠢᠨ ᠠᠶᠤᠯᠭᠦᠢ ᠶᠢ ᠬᠠᠮᠠᠭᠠᠯᠠᠬᠤ ᠪᠠᠷ ᠭᠤᠣᠯᠳᠠᠯᠭ᠎ᠠ ᠪᠣᠯᠭᠠᠨ᠂ ᠠᠵᠤ ᠠᠬᠤᠶᠢᠯᠠᠯ ᠤᠨ ᠪᠡᠯᠡ ᠣᠷᠣᠭᠤᠯᠬᠤ ᠥᠢᠯᠡ ᠠᠵᠢᠯᠯᠠᠭ᠎ᠠ ᠳᠤ ᠬᠢᠨᠠᠯᠲᠠ ᠲᠠᠯᠪᠢᠵᠤ᠂ ᠭᠤᠣᠯᠳᠠᠭᠤ ᠳᠣᠣᠷᠠᠬᠢ ᠡᠭᠦᠷᠭᠡ ᠬᠠᠷᠢᠭᠤᠴᠠᠯᠭ᠎ᠠ ᠶᠢ ᠬᠦᠢᠴᠡᠳᠬᠡᠬᠦ ᠬᠡᠷᠡᠭᠲᠡᠶ᠄      ︵ᠨᠢᠭᠡ︶ ᠠᠵᠤ ᠠᠬᠤᠶᠢᠯᠠᠯ ᠢ ᠵᠢᠯᠣᠭᠤᠳᠤᠨ ᠪᠠᠯᠠ ᠣᠷᠣᠭᠤᠯᠤᠯᠲᠠ ᠶᠢᠨ ᠬᠠᠮᠢᠶᠠᠷᠤᠯᠲᠠ ᠶᠢᠨ ᠲᠦᠷᠢᠮ ᠤᠨ ᠰᠢᠰᠲ᠋ᠧᠮᠵᠢ ᠪᠠ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠰᠢᠰᠲ᠋ᠧᠮᠵᠢ ᠶᠢ ᠪᠠᠶᠢᠭᠤᠯᠤᠨ ᠪᠦᠷᠢᠨᠰᠢᠭᠦᠯᠦᠨ᠎ᠡ︔      ︵ᠬᠤᠶᠠᠷ︶ ᠠᠵᠤ ᠠᠬᠤᠶᠢᠯᠠᠯ ᠢ ᠰᠢᠮᠳᠠᠭᠤᠯᠤᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠬᠢᠭᠡᠳ ᠲᠥᠯᠥᠪᠵᠢᠭᠦᠯᠭᠡ ᠪᠠ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠤ ᠲᠣᠭᠲᠠᠭᠠᠭᠰᠠᠨ ᠣᠨ ᠤ ᠭᠤᠤᠯᠳᠠᠯᠭ᠎ᠠ ᠲᠠᠢ ᠠᠵᠢᠯ ᠤᠨ ᠡᠭᠦᠷᠭᠡ ᠶᠢ ᠦᠨᠳᠦᠰᠦᠯᠡᠨ ᠪᠠᠯᠠ ᠣᠷᠣᠭᠤᠯᠤᠯᠲᠠ ᠶᠢᠨ ᠣᠨ ᠤ ᠲᠥᠯᠥᠪᠯᠡᠭᠡ ᠶᠢ ᠨᠠᠶᠢᠷᠠᠭᠤᠯᠤᠨ ᠲᠣᠭᠲᠠᠭᠠᠵᠤ᠂ ᠠᠵᠤ ᠠᠬᠤᠶᠢᠯᠠᠯ ᠤᠨ ᠣᠨ ᠤ ᠪᠠᠯᠠ ᠣᠷᠣᠭᠤᠯᠤᠯᠲᠠ ᠶᠢᠨ ᠲᠥᠯᠥᠪᠯᠡᠭᠡ ᠶᠢ ᠪᠦᠷᠢᠳᠬᠡᠨ ᠳᠡᠩᠰᠡᠯᠡᠵᠦ᠂ ᠴᠢᠬᠤᠯᠠ ᠶᠡᠭᠡ ᠪᠠᠯᠠ ᠣᠷᠣᠭᠤᠯᠤᠯᠲᠠ ᠶᠢᠨ ᠲᠥᠷᠥᠯ ᠵᠦᠢᠯ ᠢ ᠬᠢᠨᠠᠨ ᠬᠠᠷᠭᠤᠭᠤᠯᠵᠤ᠂ ᠪᠤᠰᠤᠳ ᠲᠥᠷᠥᠯ ᠵᠦᠢᠯ ᠢ ᠪᠦᠷᠢᠳᠬᠡᠨ ᠲᠠᠩᠰᠠᠯᠠᠨ᠎ᠠ︔      ︵ᠭᠤᠷᠪᠠ︶ ᠠᠵᠤ ᠠᠬᠤᠶᠢᠯᠠᠯ ᠤᠨ ᠭᠤᠣᠯ ᠠᠵᠢᠯ ᠲᠥᠷᠥᠯ ᠤᠨ ᠭᠠᠷᠴᠠᠭ ᠢ ᠲᠣᠭᠲᠠᠭᠠᠵᠤ ᠨᠡᠶᠢᠲᠡᠯᠡᠨ᠎ᠡ︔      ︵ᠳᠥᠷᠪᠡ︶ ᠠᠵᠤ ᠠᠬᠤᠶᠢᠯᠠᠯ ᠤᠨ ᠪᠠᠯᠠ ᠣᠷᠣᠭᠤᠯᠤᠯᠲᠠ ᠶᠢᠨ ᠬᠠᠮᠢᠶᠠᠷᠤᠯᠲᠠ ᠶᠢᠨ ᠲᠦᠷᠢᠮ ᠪᠠ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠲᠥᠷᠢᠮ ᠢ ᠬᠡᠷᠡᠭᠵᠢᠭᠦᠯᠵᠦ ᠪᠠᠶᠢᠭ᠎ᠠ ᠪᠠᠶᠢᠳᠠᠯ᠂ ᠴᠢᠬᠤᠯᠠ ᠶᠡᠭᠡ ᠪᠠᠯᠠ ᠣᠷᠣᠭᠤᠯᠤᠯᠲᠠ ᠶᠢᠨ ᠲᠥᠷᠥᠯ  ᠵᠦᠢᠯ ᠤᠨ ᠰᠢᠢᠳᠪᠦᠷᠢᠲᠦ ᠪᠣᠳᠣᠯᠭ᠎ᠠ ᠪᠠ ᠬᠡᠷᠡᠭᠵᠢᠭᠦᠯᠵᠦ ᠪᠠᠶᠢᠭ᠎ᠠ ᠪᠠᠶᠢᠳᠠᠯ ᠳᠤ ᠬᠢᠨᠠᠯᠲᠠ ᠲᠠᠯᠪᠢᠵᠤ ᠪᠠᠶᠢᠴᠠᠭᠠᠨ᠎ᠠ︔      ︵ᠲᠠᠪᠤ︶ ᠠᠵᠤ ᠠᠬᠤᠶᠢᠯᠠᠯ ᠢ ᠵᠢᠯᠣᠭᠤᠳᠤᠨ ᠰᠢᠮᠳᠠᠭᠤᠯᠵᠤ ᠴᠢᠬᠤᠯᠠ ᠶᠡᠭᠡ ᠪᠠᠯᠠ ᠣᠷᠣᠭᠤᠯᠤᠯᠲᠠ ᠶᠢᠨ ᠲᠥᠷᠥᠯ ᠵᠦᠢᠯ ᠤᠨ ᠬᠤᠶᠢᠨᠠᠬᠢ ᠦᠨᠡᠯᠡᠯᠲᠡ ᠶᠢ ᠥᠷᠨᠢᠭᠦᠯᠦᠨ᠎ᠡ︔      ︵ᠵᠢᠷᠭᠤᠭ᠎ᠠ︶ ᠲᠣᠭᠲᠠᠭᠠᠯ ᠠᠴᠠ ᠵᠥᠷᠢᠴᠡᠨ ᠪᠠᠯᠠ ᠣᠷᠣᠭᠤᠯᠤᠭᠠᠳ ᠤᠯᠤᠰ ᠤᠨ ᠥᠮᠴᠢᠯᠡᠯ ᠤᠨ ᠡᠳ᠋ ᠬᠥᠷᠥᠩᠭᠡ ᠳᠤ ᠬᠤᠬᠢᠷᠠᠯ ᠤᠴᠠᠷᠠᠭᠤᠯᠤᠭᠰᠠᠨ ᠵᠢᠴᠢ ᠪᠤᠰᠤᠳ ᠬᠦᠨᠳᠦ ᠨᠣᠴᠢᠲᠠᠶ ᠮᠠᠭᠤ ᠦᠷ᠎ᠡ ᠳ᠋ᠦᠩ ᠳᠤ  ᠬᠦᠷᠭᠡᠭᠰᠡᠨ ᠠᠴᠠ ᠬᠠᠷᠢᠭᠤᠴᠠᠯᠭ᠎ᠠ ᠨᠡᠬᠡᠮᠵᠢᠯᠡᠨ᠎ᠡ︔      ︵ᠲᠤᠯᠤᠭ᠎ᠠ︶ ᠬᠠᠤᠯᠢ ᠪᠠᠷ ᠲᠣᠭᠲᠠᠭᠠᠭᠰᠠᠨ ᠪᠤᠰᠤᠳ ᠡᠭᠦᠷᠭᠡ ᠬᠠᠷᠢᠭᠤᠴᠠᠯᠭ᠎ᠠ᠃      ᠨᠠᠢᠮᠠᠳᠤᠭᠠᠷ ᠵᠦᠢᠯ ᠠᠵᠤ ᠠᠬᠤᠶᠢᠯᠠᠯ ᠤᠨ ᠪᠡᠯᠡ ᠣᠷᠣᠭᠤᠯᠬᠤ ᠠᠵᠢᠯᠯᠠᠭ᠎ᠠ ᠳᠣᠣᠷᠠᠬᠢ ᠵᠠᠷᠴᠢᠮ ᠤᠳ ᠢ ᠵᠢᠷᠤᠮᠯᠠᠬᠤ ᠬᠡᠷᠡᠭᠲᠡᠶ᠄      ︵ᠨᠢᠭᠡ︶ ᠭᠤᠤᠯ ᠠᠵᠢᠯ ᠲᠥᠷᠥᠯ ᠳᠤ ᠠᠩᠬᠠᠷᠤᠯ ᠢᠶᠠᠨ ᠲᠥᠪᠯᠡᠷᠡᠭᠦᠯᠵᠦ᠂ ᠪᠠᠶᠢᠷᠢᠰᠢᠭᠤᠯᠤᠯᠲᠠ ᠶᠢ ᠰᠢᠯᠢᠳᠡᠭᠵᠢᠭᠦᠯᠦᠨ᠎ᠡ᠃ ᠤᠯᠤᠰ᠂ ᠥᠪᠡᠷᠲᠡᠭᠡᠨ ᠵᠠᠰᠠᠬᠤ ᠣᠷᠣᠨ ᠤ ᠠᠵᠤ ᠦᠢᠯᠡᠰ ᠤᠨ ᠲᠥᠷᠥ ᠶᠢᠨ ᠪᠣᠳᠣᠯᠭ᠎ᠠ ᠵᠢᠴᠢ ᠮᠠᠨ ᠤ ᠬᠤᠲᠠ ᠶᠢᠨ ᠤᠯᠤᠰ ᠤᠨ ᠥᠮᠴᠢᠯᠡᠯ ᠤᠨ ᠬᠥᠷᠥᠩᠭᠡ ᠶᠢᠨ ᠪᠠᠶᠢᠷᠢᠰᠢᠭᠤᠯᠤᠯᠲᠠ ᠬᠢᠭᠡᠳ ᠪᠦᠲᠦᠴᠡ ᠶᠢᠨ ᠲᠣᠬᠢᠷᠠᠭᠤᠯᠤᠯᠲᠠ ᠶᠢᠨ ᠱᠠᠭᠠᠷᠳᠠᠯᠭ᠎ᠠ ᠲᠠᠢ ᠨᠢᠭᠲᠠ ᠤᠶᠠᠯᠳᠤᠭᠤᠯᠤᠨ ᠪᠡᠯᠡ ᠣᠷᠤᠭᠤᠯᠵᠤ᠂ ᠡᠭᠦᠨ ᠳᠤ ᠨᠡᠶᠢᠲᠡ ᠶᠢᠨ ᠠᠰᠠᠷᠠᠮᠵᠢ ᠶᠢᠨ ᠲᠥᠷᠥᠯ ᠤᠨ ᠠᠵᠤ ᠠᠬᠤᠶᠢᠯᠠᠯ ᠤᠨ ᠣᠨ ᠤ ᠭᠤᠤᠯ ᠠᠵᠢᠯ ᠲᠥᠷᠥᠯ ᠤᠨ ᠪᠠᠯᠠ ᠣᠷᠣᠭᠤᠯᠤᠯᠲᠠ ᠶᠢ ᠪᠡᠶᠡᠯᠡᠭᠦᠯᠦᠭᠰᠡᠨ ᠬᠡᠮᠵᠢᠶ᠎ᠡ ᠶᠢ ᠣᠨ ᠤ ᠪᠠᠯᠠ ᠣᠷᠣᠭᠤᠯᠤᠯᠲᠠ ᠶᠢᠨ ᠶᠡᠷᠦᠩᠬᠡᠶ   ᠬᠡᠮᠵᠢᠶᠡᠨ ᠤ 95% ᠠᠴᠠ ᠳᠣᠤᠷ᠎ᠠ ᠥᠬᠡᠶ᠂ ᠣᠨᠴᠠᠭᠠᠢ ᠴᠢᠳᠠᠮᠵᠢ ᠶᠢᠨ ᠲᠥᠷᠥᠯ ᠤᠨ ᠠᠵᠤ ᠠᠬᠤᠶᠢᠯᠠᠯ ᠤᠨ ᠭᠤᠤᠯ ᠠᠵᠢᠯ ᠲᠥᠷᠥᠯ ᠤᠨ ᠪᠠᠯᠠ ᠣᠷᠣᠭᠤᠯᠤᠯᠲᠠ ᠶᠢ ᠪᠡᠶᠡᠯᠡᠭᠦᠯᠦᠭᠰᠡᠨ ᠬᠡᠮᠵᠢᠶ᠎ᠡ ᠶᠢ ᠣᠨ ᠤ ᠪᠠᠯᠠ ᠣᠷᠣᠭᠤᠯᠤᠯᠲᠠ ᠶᠢᠨ ᠶᠡᠷᠦᠩᠬᠡᠶ ᠬᠡᠮᠵᠢᠶᠡᠨ ᠤ 92% ᠠᠴᠠ ᠳᠣᠤᠷ᠎ᠠ ᠦᠭᠡᠢ᠂ ᠬᠤᠳᠠᠯᠳᠤᠭᠠᠨ ᠤ ᠥᠷᠢᠰᠥᠯᠳᠦᠭᠡᠨ ᠤ ᠲᠥᠷᠥᠯ ᠤᠨ ᠠᠵᠤ ᠠᠬᠤᠶᠢᠯᠠᠯ ᠤᠨ ᠭᠤᠤᠯ ᠠᠵᠢᠯ ᠲᠥᠷᠥᠯ ᠤᠨ ᠪᠠᠯᠠ ᠣᠷᠣᠭᠤᠯᠤᠯᠲᠠ ᠶᠢ ᠪᠡᠶᠡᠯᠡᠭᠦᠯᠦᠭᠰᠡᠨ ᠬᠡᠮᠵᠢᠶ᠎ᠡ ᠶᠢ ᠣᠨ ᠤ ᠪᠠᠯᠠ ᠣᠷᠤᠭᠤᠯᠤᠯᠲᠠ ᠶᠢᠨ ᠶᠡᠷᠦᠩᠬᠡᠢ ᠬᠡᠮᠵᠢᠶᠡᠨ ᠤ 90% ᠠᠴᠠ ᠲᠤᠤᠷ᠎ᠠ ᠦᠭᠡᠢ ᠪᠠᠶᠢᠯᠭᠠᠨ᠎ᠠ᠃      ︵ᠬᠤᠶᠠᠷ︶  ᠵᠢᠷᠤᠮᠵᠢᠭᠤᠯᠤᠨ ᠠᠵᠢᠯᠯᠠᠭᠤᠯᠵᠤ᠂ ᠦᠷ᠎ᠡ ᠠᠰᠢᠭ ᠢ ᠴᠢᠬᠤᠯᠠᠴᠢᠯᠠᠨ᠎ᠠ᠃ ᠠᠵᠤ ᠠᠬᠤᠶᠢᠯᠠᠯ ᠪᠡᠯᠡ ᠣᠷᠣᠭᠤᠯᠬᠤ ᠳᠠᠭᠠᠨ ᠤᠯᠤᠰ ᠤᠨ ᠬᠠᠤᠯᠢ ᠴᠠᠭᠠᠵᠠ ᠬᠠᠤᠯᠢ ᠲᠣᠭᠲᠠᠭᠠᠯ ᠢ ᠤᠬᠠᠮᠰᠠᠷ ᠠᠴᠠ ᠪᠠᠨ ᠵᠢᠷᠤᠮᠯᠠᠵᠤ᠂ ᠪᠡᠯᠡ ᠣᠷᠣᠭᠤᠯᠤᠯᠲᠠ ᠶᠢᠨ ᠰᠢᠢᠳᠪᠦᠷᠢᠲᠦ ᠪᠤᠳᠤᠯᠭ᠎ᠠ ᠪᠠ ᠬᠢᠨᠠᠨ ᠵᠥᠪᠰᠢᠶᠡᠷᠡᠬᠦ ᠲᠡᠰ ᠲᠠᠷᠠᠭᠠᠯᠠᠯ ᠢ ᠴᠢᠩᠭ᠎ᠠ ᠵᠢᠷᠤᠮᠵᠢᠭᠤᠯᠬᠤ ᠬᠡᠷᠡᠭᠲᠡᠶ︔ ᠪᠡᠯᠡ ᠣᠷᠣᠭᠤᠯᠤᠯᠲᠠ ᠶᠢᠨ ᠬᠠᠷᠢᠭᠤᠯᠤᠮᠵᠢ ᠶᠢᠨ ᠬᠢᠷᠢ ᠲᠦᠪᠰᠢᠨ ᠢ ᠴᠢᠷᠮᠠᠶᠢᠨ ᠳᠡᠭᠡᠭᠰᠢᠯᠡᠭᠦᠯᠵᠦ᠂ ᠦᠷ᠎ᠡ ᠠᠰᠢᠭ ᠢᠶᠠᠷ ᠳᠣᠣᠷ᠎ᠠ ᠦᠷ᠎ᠡ ᠠᠰᠢᠭ ᠦᠭᠡᠢ ᠲᠥᠷᠥᠯ ᠵᠦᠢᠯ ᠳᠤ ᠪᠡᠯᠡ ᠣᠷᠣᠭᠤᠯᠬᠤ ᠶᠢ ᠴᠢᠩᠭ᠎ᠠ ᠴᠠᠭᠠᠵᠠᠯᠠᠨ᠎ᠠ᠃      ︵ᠭᠤᠷᠪᠠ︶ ᠴᠢᠳᠠᠯ ᠤᠨ ᠢᠶᠠᠨ ᠬᠢᠷᠢ ᠪᠠᠷ ᠬᠢᠵᠦ᠂ ᠲᠦᠭᠰᠢᠭᠦᠷᠢ ᠶᠢ ᠴᠢᠩᠭ᠎ᠠ ᠡᠵᠡᠮᠳᠡᠨ᠎ᠡ᠃ ᠪᠡᠯᠡ ᠣᠷᠣᠭᠤᠯᠤᠯᠲᠠ ᠶᠢᠨ ᠬᠡᠪᠴᠢᠶ᠎ᠡ ᠨᠢ ᠠᠵᠤ ᠠᠬᠤᠶᠢᠯᠠᠯ ᠤᠨ ᠬᠥᠷᠥᠩᠭᠡ ᠶᠢᠨ ᠪᠣᠳᠠᠲᠤ ᠬᠦᠴᠦᠨ᠂ ᠬᠥᠷᠥᠩᠭᠡ ᠶᠢᠨ ᠥᠷᠢ ᠥᠭᠴᠡᠭᠡ ᠶᠢᠨ ᠬᠢᠷᠢ ᠬᠡᠮᠵᠢᠶ᠎ᠡ᠂ ᠪᠣᠳᠠᠲᠠᠶ ᠪᠡᠯᠡ ᠴᠤᠭᠯᠠᠭᠤᠯᠬᠤ ᠴᠢᠳᠠᠪᠤᠷᠢ᠂ ᠡᠵᠡᠩᠨᠡᠯᠲᠡ ᠬᠠᠮᠢᠶᠠᠷᠤᠯᠲᠠ ᠶᠢᠨ ᠬᠢᠷᠢ ᠬᠡᠮᠵᠢᠶ᠎ᠡ ᠪᠣᠯᠤᠨ ᠲᠦᠭᠰᠢᠭᠦᠷᠢ ᠶᠢ ᠡᠰᠡᠷᠭᠦᠴᠡᠬᠦ ᠴᠢᠳᠠᠪᠤᠷᠢ ᠵᠡᠷᠭᠡ ᠯᠦᠭᠡ ᠬᠠᠷᠢᠯᠴᠠᠨ ᠵᠣᠬᠢᠴᠠᠵᠤ᠂ ᠥᠷᠢ ᠥᠭᠴᠡᠭᠡ ᠶᠡᠬᠡᠲᠡᠶ ᠠᠵᠤ ᠠᠬᠤᠶᠢᠯᠠᠯ ᠵᠠᠷᠴᠢᠮ ᠳᠡᠭᠡᠷ᠎ᠡ ᠪᠠᠨ ᠥᠷᠢ ᠥᠭᠴᠡᠭᠡ ᠶᠢᠨ ᠨᠤᠷᠮ᠎ᠠ ᠶᠢ ᠥᠨᠳᠥᠷ ᠪᠣᠯᠭᠠᠬᠤ ᠲᠥᠷᠥᠯ ᠵᠦᠢᠯ ᠢ ᠬᠡᠷᠡᠭᠵᠢᠭᠦᠯᠵᠦ ᠪᠣᠯᠬᠤ ᠥᠭᠡᠢ᠃      ᠬᠤᠶᠠᠳᠤᠭᠠᠷ ᠪᠦᠯᠦᠭ ᠪᠡᠯᠡ ᠣᠷᠣᠭᠤᠯᠤᠯᠲᠠ ᠶᠢᠨ ᠲᠦᠭᠰᠢᠭᠦᠷᠢ ᠶᠢ ᠬᠠᠮᠢᠶᠠᠷᠤᠨ ᠡᠵᠡᠮᠳᠡᠬᠦ  ᠰᠢᠰᠲ᠋ᠧᠮᠵᠢ ᠶᠢᠨ ᠪᠠᠶᠢᠭᠤᠯᠤᠯᠲᠠ      ᠶᠢᠰᠦᠳᠦᠭᠡᠷ ᠵᠦᠢᠯ ᠠᠵᠤ ᠠᠬᠤᠶᠢᠯᠠᠯ ᠪᠠᠯᠠ ᠣᠷᠣᠭᠤᠯᠤᠯᠲᠠ ᠶᠢᠨ ᠦᠷ᠎ᠡ ᠠᠰᠢᠭ ᠤᠨ ᠣᠨᠣᠯᠵᠢᠬᠤᠨ ᠪᠠ ᠲᠦᠭᠰᠢᠭᠦᠷᠢ ᠶᠢ ᠰᠡᠷᠭᠡᠶᠢᠯᠡᠬᠦ ᠦᠵᠡᠯ ᠤᠬᠠᠮᠰᠠᠷ ᠢ ᠪᠠᠲᠤ ᠪᠣᠶ ᠪᠣᠯᠭᠠᠵᠤ᠂ ᠪᠠᠯᠠ ᠣᠷᠣᠭᠤᠯᠤᠯᠲᠠ ᠶᠢᠨ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠶᠢ ᠠᠵᠤ ᠠᠬᠤᠶᠢᠯᠠᠯ ᠤᠨ ᠪᠥᠬᠦ ᠲᠠᠯ᠎ᠠ ᠶᠢᠨ ᠲᠦᠭᠰᠢᠭᠦᠷᠢ ᠶᠢᠨ ᠬᠠᠮᠢᠶᠠᠷᠤᠯᠲᠠ ᠶᠢ ᠬᠡᠷᠡᠭᠵᠢᠭᠦᠯᠬᠦ᠂ ᠠᠷᠢᠭᠤᠨ ᠴᠢᠬᠡᠴᠢ ᠶᠢᠨ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠶᠢ ᠴᠢᠩᠭᠠᠳᠬᠠᠬᠤ ᠶᠢᠨ ᠴᠢᠬᠤᠯᠠ ᠠᠭᠤᠯᠭ᠎ᠠ ᠪᠣᠯᠭᠠᠵᠤ᠂ ᠪᠠᠯᠠ ᠣᠷᠣᠭᠤᠯᠤᠯᠲᠠ ᠶᠢᠨ ᠬᠠᠮᠢᠶᠠᠷᠤᠯᠲᠠ ᠪᠠ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠲᠦᠷᠢᠮ ᠢ ᠪᠠᠶᠢᠭᠤᠯᠤᠨ ᠪᠦᠷᠢᠨᠰᠢᠬᠦᠯᠵᠦ᠂ ᠳᠣᠤᠷᠠᠬᠢ ᠭᠤᠤᠯ ᠠᠭᠤᠯᠭ᠎ᠠ ᠶᠢ ᠭᠤᠤᠯᠳᠠᠯᠭ᠎ᠠ ᠲᠠᠢ ᠪᠠᠭᠲᠠᠭᠠᠬᠤ ᠬᠡᠷᠡᠭᠲᠡᠶ᠄      ︵ᠨᠢᠭᠡ︶ ᠪᠡᠯᠡ ᠣᠷᠣᠭᠤᠯᠬᠤ ᠳᠤ ᠵᠢᠷᠤᠮᠯᠠᠬᠤ ᠶᠣᠰᠣᠲᠠᠶ ᠦᠨᠳᠦᠰᠦᠨ ᠵᠠᠷᠴᠢᠮ︔      ︵ᠬᠤᠶᠠᠷ︶ ᠪᠡᠯᠡ ᠣᠷᠣᠭᠤᠯᠤᠯᠲᠠ ᠶᠢᠨ ᠬᠠᠮᠢᠶᠠᠷᠤᠯᠲᠠ ᠶᠢᠨ ᠶᠠᠪᠤᠴᠠ᠂ ᠬᠠᠮᠢᠶᠠᠷᠤᠯᠲᠠ ᠶᠢᠨ ᠰᠠᠯᠠᠭ᠎ᠠ ᠮᠥᠴᠢᠷ ᠬᠢᠭᠡᠳ ᠬᠤᠯᠪᠤᠭᠳᠠᠯ ᠪᠥᠬᠦᠢ ᠡᠭᠦᠷᠭᠡ ᠬᠠᠷᠢᠭᠤᠴᠠᠯᠭ᠎ᠠ︔        ︵ᠭᠤᠷᠪᠠ︶ ᠪᠡᠯᠡ ᠣᠷᠣᠭᠤᠯᠤᠯᠲᠠ ᠶᠢᠨ ᠰᠢᠢᠳᠪᠦᠷᠢᠲᠦ ᠪᠤᠳᠤᠯᠭ᠎ᠠ ᠶᠢᠨ ᠵᠢᠷᠤᠮ᠂  ᠰᠢᠢᠳᠪᠦᠷᠢᠲᠦ ᠪᠤᠳᠤᠯᠭ᠎ᠠ ᠶᠢᠨ ᠪᠠᠶᠢᠭᠤᠯᠤᠮᠵᠢ ᠵᠢᠴᠢ ᠲᠡᠭᠦᠨ ᠤ ᠡᠭᠦᠷᠭᠡ ᠬᠠᠷᠢᠭᠤᠴᠠᠯᠭ᠎ᠠ︔      ︵ᠲᠦᠷᠪᠡ︶ ᠪᠡᠯᠡ ᠣᠷᠣᠭᠤᠯᠤᠯᠲᠠ ᠶᠢᠨ ᠮᠡᠳᠡᠭᠡ ᠵᠠᠩᠭᠢᠵᠢᠭᠰᠠᠨ ᠬᠠᠮᠢᠶᠠᠷᠤᠯᠲᠠ ᠶᠢᠨ ᠲᠦᠷᠢᠮ︔      ︵ᠲᠠᠪᠤ︶ ᠪᠡᠯᠡ ᠣᠷᠣᠭᠤᠯᠤᠯᠲᠠ ᠶᠢᠨ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠳᠥᠷᠢᠮ︔      ︵ᠵᠢᠷᠭᠤᠭ᠎ᠠ︶ ᠪᠡᠯᠡ ᠣᠷᠣᠭᠤᠯᠤᠯᠲᠠ ᠶᠢᠨ ᠲᠥᠷᠥᠯ ᠵᠦᠢᠯ ᠢ ᠪᠡᠶᠡᠯᠡᠭᠦᠯᠬᠦ᠂ ᠲᠤᠷᠭᠤᠨ ᠵᠣᠭᠰᠣᠭᠠᠬᠤ᠂ ᠳᠠᠭᠤᠰᠬᠠᠬᠤ ᠪᠤᠶᠤ ᠣᠬᠤᠷᠢᠵᠤ ᠭᠠᠷᠬᠤ ᠲᠥᠷᠢᠮ︔      ︵ᠲᠤᠯᠤᠭ᠎ᠠ︶ ᠪᠡᠯᠡ ᠣᠷᠣᠭᠤᠯᠤᠯᠲᠠ ᠶᠢᠨ ᠲᠥᠷᠥᠯ ᠵᠦᠢᠯ ᠤᠨ ᠬᠤᠶᠢᠨᠠᠬᠢ ᠦᠨᠡᠯᠡᠯᠲᠡ ᠶᠢᠨ ᠲᠦᠷᠢᠮ︔      ︵ᠨᠠᠢᠮᠠ︶ ᠲᠣᠭᠲᠠᠭᠠᠯ ᠠᠴᠠ ᠵᠥᠷᠢᠴᠡᠨ ᠪᠡᠯᠡ ᠣᠷᠣᠭᠤᠯᠤᠭᠰᠠᠨ ᠠᠴᠠ ᠬᠠᠷᠢᠭᠤᠴᠠᠯᠭ᠎ᠠ ᠨᠡᠬᠡᠮᠵᠢᠯᠡᠬᠦ ᠲᠥᠷᠢᠮ︔ ᡾      ︵ᠶᠢᠰᠦ︶ ᠬᠠᠷᠢᠶ᠎ᠠ ᠠᠵᠤ ᠠᠬᠤᠶᠢᠯᠠᠯ ᠤᠨ ᠪᠡᠯᠡ ᠣᠷᠣᠭᠤᠯᠤᠯᠲᠠ ᠶᠢᠨ ᠠᠵᠢᠯᠯᠠᠭ᠎ᠠ ᠳᠤ ᠬᠢᠨᠠᠯᠲᠠ ᠲᠠᠯᠪᠢᠬᠤ ᠪᠠ ᠬᠠᠮᠢᠶᠠᠷᠬᠤ ᠲᠦᠷᠢᠮ︔      ︵ᠠᠷᠪᠠ︶ ᠬᠢᠯᠢ ᠶᠢᠨ ᠭᠠᠳᠠᠨᠠᠬᠢ ᠪᠠᠯᠠ ᠣᠷᠣᠭᠤᠯᠤᠯᠲᠠ ᠶᠢᠨ ᠲᠥᠷᠥᠯ ᠵᠦᠢᠯ ᠤᠨ ᠠᠮᠤᠷ ᠲᠦᠪᠰᠢᠨ ᠤ ᠲᠦᠭᠰᠢᠭᠦᠷᠢ ᠶᠢ ᠰᠡᠷᠭᠡᠶᠢᠯᠡᠬᠦ ᠲᠦᠷᠢᠮ᠃      ᠠᠵᠤ ᠠᠬᠤᠶᠢᠯᠠᠯ ᠤᠨ ᠪᠠᠯᠠ ᠣᠷᠣᠭᠤᠯᠤᠯᠲᠠ ᠶᠢᠨ ᠬᠠᠮᠢᠶᠠᠷᠤᠯᠲᠠ ᠪᠠ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠳᠥᠷᠢᠮ ᠢ ᠬᠡᠷᠡᠭ ᠮᠡᠳᠡᠭᠴᠢᠳ ᠤᠨ ᠵᠥᠪᠯᠡᠯ ︵ᠶᠡᠷᠦᠩᠬᠡᠶ ᠳᠠᠭᠠᠭᠠᠮᠠᠯ ᠤᠨ ᠠᠯᠪᠠᠨ ᠬᠤᠷᠠᠯ︶ ᠤᠨ ᠬᠠᠮᠲᠤ ᠶᠢᠨ ᠰᠢᠢᠳᠪᠦᠷᠢᠲᠦ ᠪᠣᠳᠣᠯᠭ᠎ᠠ ᠪᠠᠷ ᠪᠠᠲᠤᠯᠠᠭᠰᠠᠨ ᠤ ᠳᠠᠷᠠᠭ᠎ᠠ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠳᠤ ᠮᠡᠳᠡᠭᠦᠯᠵᠦ ᠳᠠᠩᠰᠠᠯᠠᠭᠤᠯᠬᠤ ᠬᠡᠷᠡᠭᠲᠡᠶ᠃      ᠠᠷᠪᠠᠳᠤᠭᠠᠷ ᠵᠦᠢᠯ  ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠠᠴᠠ ᠠᠵᠤ  ᠠᠬᠤᠶᠢᠯᠠᠯ ᠤᠨ ᠪᠡᠯᠡ ᠣᠷᠣᠭᠤᠯᠤᠯᠲᠠ ᠶᠢᠨ ᠣᠨ ᠤ ᠲᠥᠯᠥᠪᠯᠡᠭᠡ᠂ ᠤᠯᠠᠷᠢᠯ ᠬᠢᠭᠡᠳ ᠣᠨ  ᠤ ᠪᠡᠯᠡ ᠣᠷᠣᠭᠤᠯᠤᠯᠲᠠ ᠶᠢ ᠪᠡᠶᠡᠯᠡᠭᠦᠯᠦᠭᠰᠡᠨ ᠪᠠᠶᠢᠳᠠᠯ᠂ ᠴᠢᠬᠤᠯᠠ ᠶᠡᠭᠡ ᠪᠡᠯᠡ ᠣᠷᠣᠭᠤᠯᠤᠯᠲᠠ ᠶᠢᠨ ᠲᠥᠷᠥᠯ ᠵᠦᠢᠯ ᠢ ᠬᠡᠷᠡᠭᠵᠢᠭᠦᠯᠦᠭᠰᠡᠨ ᠪᠠᠶᠢᠳᠠᠯ ᠵᠡᠷᠭᠡ ᠳᠤ ᠵᠠᠳᠠᠯᠤᠯᠲᠠ ᠬᠢᠬᠦ ᠪᠠ ᠬᠠᠮᠢᠶᠠᠷᠤᠯᠲᠠ ᠬᠢᠨ᠎ᠡ᠃ ᠠᠵᠤ ᠠᠬᠤᠶᠢᠯᠠᠯ ᠨᠢ ᠲᠣᠰ ᠠᠷᠭ᠎ᠠ ᠶᠢᠨ ᠲᠣᠭᠲᠠᠭᠠᠯ ᠶᠣᠰᠣᠭᠠᠷ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠳᠤ ᠪᠠᠯᠠ ᠣᠷᠣᠭᠤᠯᠤᠯᠲᠠ ᠶᠢᠨ ᠮᠡᠳᠡᠭᠡ ᠵᠠᠩᠭᠢ ᠶᠢᠨ ᠬᠠᠮᠢᠶ᠎ᠠ ᠪᠥᠬᠦᠶ ᠮᠠᠲ᠋ᠧᠷᠢᠶᠠᠯ ᠢᠶᠠᠨ ᠮᠡᠳᠡᠭᠦᠯᠦᠨ ᠬᠦᠷᠭᠡᠬᠦ ᠬᠡᠷᠡᠭᠲᠡᠢ᠃      ᠠᠷᠪᠠᠨ ᠨᠢᠭᠡᠳᠦᠭᠡᠷ ᠵᠦᠢᠯ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠪᠠᠶᠢᠯᠳᠤᠬᠤ ᠪᠤᠳᠤᠯᠭ᠎ᠠ ᠶᠢᠨ ᠲᠥᠯᠥᠪᠵᠢᠭᠦᠯᠭᠡ᠂ ᠡᠳ᠋ ᠤᠨ ᠶᠠᠪᠤᠳᠠᠯ ᠤᠨ ᠬᠢᠨᠠᠯᠲᠠ᠂ ᠥᠮᠴᠢᠯᠡᠯ ᠤᠨ ᠡᠷᠬᠡ ᠶᠢᠨ ᠬᠠᠮᠢᠶᠠᠷᠤᠯᠲᠠ᠂ ᠬᠢᠨᠠᠨ ᠰᠢᠯᠭᠠᠵᠤ ᠬᠤᠪᠢᠶᠠᠷᠢᠯᠠᠬᠤ ᠵᠡᠷᠭᠡ ᠬᠢᠨᠠᠨ ᠬᠠᠮᠢᠶᠠᠷᠬᠤ ᠡᠭᠦᠷᠭᠡ ᠴᠢᠳᠠᠪᠤᠷᠢ ᠶᠢᠨ ᠨᠡᠶᠢᠯᠡᠯ ᠬᠦᠴᠦᠨ ᠢ ᠪᠠᠳᠠᠷᠠᠭᠤᠯᠤᠨ᠂ ᠠᠵᠤ ᠠᠬᠤᠶᠢᠯᠠᠯ ᠤᠨ ᠪᠡᠯᠡ ᠣᠷᠣᠭᠤᠯᠤᠯᠲᠠ ᠶᠢᠨ ᠠᠵᠢᠯᠯᠠᠭ᠎ᠠ ᠶᠢᠨ ᠪᠥᠬᠦ ᠶᠠᠪᠤᠴᠠ ᠳᠤ ᠪᠥᠬᠦ ᠲᠠᠯ᠎ᠠ ᠪᠠᠷ ᠬᠢᠨᠠᠯᠲᠠ ᠲᠠᠯᠪᠢᠵᠤ᠂ ᠪᠡᠯᠡ ᠣᠷᠣᠭᠤᠯᠤᠯᠲᠠ ᠶᠢᠨ ᠲᠦᠭᠰᠢᠭᠦᠷᠢ ᠶᠢ ᠴᠠᠭ ᠲᠤᠬᠠᠶ  ᠳᠤᠨᠢ ᠣᠯᠵᠤ ᠮᠡᠳᠡᠨ᠂ ᠪᠡᠯᠡ ᠣᠷᠣᠭᠤᠯᠤᠯᠲᠠ ᠶᠢᠨ ᠬᠤᠬᠢᠷᠠᠯ ᠢ ᠪᠠᠭᠠᠰᠬᠠᠬᠤ ᠬᠡᠷᠡᠭᠲᠡᠶ᠃      ᠭᠤᠷᠪᠠᠳᠤᠭᠠᠷ ᠪᠦᠯᠦᠭ ᠪᠡᠯᠡ ᠣᠷᠣᠭᠤᠯᠤᠯᠲᠠ ᠶᠢᠨ ᠬᠡᠷᠡᠭ ᠶᠠᠪᠤᠳᠠᠯ ᠤᠨ ᠡᠮᠦᠨᠡᠬᠢ ᠬᠠᠮᠢᠶᠠᠷᠤᠯᠲᠠ      ᠠᠷᠪᠠᠨ ᠬᠤᠶᠠᠳᠤᠭᠠᠷ ᠵᠦᠢᠯ ᠠᠵᠤ ᠠᠬᠤᠶᠢᠯᠠᠯ ᠲᠣᠰ ᠠᠵᠤ ᠠᠬᠤᠶᠢᠯᠠᠯ ᠤᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠬᠢᠭᠡᠳ ᠲᠥᠯᠥᠪᠵᠢᠭᠦᠯᠭᠡ ᠪᠠ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠤ ᠲᠣᠭᠲᠠᠭᠠᠭᠰᠠᠨ ᠠᠵᠢᠯ ᠤᠨ ᠡᠭᠦᠷᠭᠡ ᠶᠢᠨ ᠶᠣᠰᠣᠭᠠᠷ ᠪᠠᠯᠠ ᠣᠷᠣᠭᠤᠯᠤᠯᠲᠠ ᠶᠢᠨ ᠣᠨ ᠤ ᠲᠥᠯᠥᠪᠯᠡᠭᠡ ᠪᠠᠨ ᠨᠠᠶᠢᠷᠠᠭᠤᠯᠤᠨ ᠲᠤᠭᠲᠠᠭᠠᠵᠤ᠂ ᠵᠢᠯ ᠪᠦᠷᠢ ᠶᠢᠨ 2 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠬᠡᠷᠡᠭ ᠮᠡᠳᠡᠭᠴᠢᠳ ᠤᠨ ᠵᠥᠪᠯᠡᠯ ᠤᠨ ᠰᠢᠢᠳᠪᠦᠷᠢ ᠪᠤᠶᠤ ᠶᠡᠷᠦᠩᠬᠡᠶ ᠳᠠᠭᠠᠭᠠᠮᠠᠯ ᠤᠨ ᠠᠯᠪᠠᠨ ᠬᠤᠷᠠᠯ ᠤᠨ ᠲᠣᠪᠴᠢ ᠲᠡᠮᠳᠡᠭᠯᠡᠯ᠂ ᠠᠵᠤ ᠠᠬᠤᠶᠢᠯᠠᠯ ᠤᠨ ᠬᠢᠨᠠᠨ ᠵᠥᠪᠯᠡᠵᠦ ᠪᠠᠲᠤᠯᠠᠭᠰᠠᠨ ᠪᠠᠯᠠ ᠣᠷᠣᠭᠤᠯᠤᠯᠲᠠ ᠶᠢᠨ ᠣᠨ ᠤ ᠲᠥᠯᠥᠪᠯᠡᠭᠡ ᠵᠡᠷᠭᠡ ᠬᠤᠯᠪᠤᠭᠳᠠᠯ ᠪᠥᠬᠦᠶ ᠮᠠᠲ᠋ᠧᠷᠢᠶᠠᠯ ᠢᠶᠠᠨ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠳᠤ ᠮᠡᠳᠡᠭᠦᠯᠦᠨ ᠬᠦᠷᠭᠡᠬᠦ ᠬᠡᠷᠡᠭᠲᠡᠶ᠃ ᠪᠡᠯᠡ ᠣᠷᠣᠭᠤᠯᠤᠯᠲᠠ ᠶᠢᠨ ᠲᠥᠯᠥᠪᠯᠡᠭᠡ ᠳᠤ ᠳᠣᠣᠷᠠᠬᠢ ᠠᠭᠤᠯᠭ᠎ᠠ ᠶᠢ ᠪᠠᠭᠲᠠᠭᠠᠬᠤ ᠮᠦᠷᠲᠡᠭᠡᠨ ᠡᠳᠡᠭᠡᠷ ᠢᠶᠠᠷ ᠬᠢᠵᠠᠭᠠᠷᠯᠠᠭᠳᠠᠬᠤ ᠦᠭᠡᠢ᠄      ︵ᠨᠢᠭᠡ︶ ᠪᠠᠯᠠ ᠣᠷᠣᠭᠤᠯᠤᠯᠲᠠ ᠶᠢᠨ ᠴᠢᠭᠯᠡᠯ ᠬᠢᠭᠡᠳ ᠶᠡᠷᠦᠩᠬᠡᠶ ᠬᠠᠷᠠᠯᠲᠠ᠂ ᠡᠭᠦᠨ ᠳᠤ ᠠᠵᠤ ᠠᠬᠤᠶᠢᠯᠠᠯ ᠤᠨ ᠬᠥᠭᠵᠢᠯᠲᠡ ᠶᠢᠨ ᠶᠠᠰᠤ ᠴᠢᠨᠠᠷ ᠬᠢᠭᠡᠳ ᠦᠷ᠎ᠡ ᠠᠰᠢᠭ ᠤᠨ ᠳᠡᠭᠡᠭᠰᠢᠯᠡᠯᠲᠡ ᠶᠢᠨ ᠵᠢᠱᠢᠭᠰᠡᠨ ᠬᠤᠪᠢ ᠨᠡᠮᠡᠷᠢ ᠵᠡᠷᠭᠡ ᠶᠢ ᠪᠠᠭᠲᠠᠭᠠᠨ᠎ᠠ︔      ︵ᠬᠤᠶᠠᠷ︶ ᠪᠡᠯᠡ ᠣᠷᠣᠭᠤᠯᠤᠯᠲᠠ ᠶᠢᠨ ᠬᠡᠪᠴᠢᠶ᠎ᠡ᠂ ᠪᠡᠯᠡ ᠮᠥᠩᠭᠦ ᠶᠢᠨ ᠢᠷᠡᠯᠳᠡ ᠬᠢᠭᠡᠳ ᠪᠦᠷᠢᠯᠳᠦᠯ᠂ ᠠᠵᠤ ᠠᠬᠤᠶᠢᠯᠠᠯ ᠤᠨ ᠡᠳ᠋ ᠬᠥᠷᠥᠩᠭᠡ ᠶᠢᠨ ᠥᠷᠢᠲᠦᠯ ᠤᠨ ᠨᠤᠷᠮ᠎ᠠ ᠶᠢᠨ ᠬᠢᠷᠢ ᠬᠡᠮᠵᠢᠶ᠎ᠡ ᠵᠢᠴᠢ ᠪᠡᠯᠡ ᠣᠷᠣᠭᠤᠯᠬᠤ ᠪᠠᠷ ᠪᠠᠶᠢᠭ᠎ᠠ ᠲᠥᠷᠥᠯ ᠵᠦᠢᠯ ᠤᠨ ᠥᠷᠢᠲᠦᠯ ᠤᠨ ᠨᠤᠷᠮ᠎ᠠ ᠳᠤ ᠦᠵᠡᠭᠦᠯᠬᠦ ᠨᠥᠯᠥᠭᠡ ᠶᠢᠨ ᠲᠤᠬᠠᠶ ᠵᠠᠳᠠᠯᠤᠯᠲᠠ᠃ ᡾      ︵ᠭᠤᠷᠪᠠ︶ ᠪᠠᠯᠠ ᠣᠷᠣᠭᠤᠯᠤᠯᠲᠠ ᠶᠢᠨ ᠪᠦᠲᠦᠴᠡ ᠶᠢᠨ ᠵᠠᠳᠠᠯᠤᠯᠲᠠ᠂ ᠡᠭᠦᠨ ᠳᠤ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ᠂ ᠰᠲ᠋ᠣᠺ ᠤᠨ ᠡᠷᠬᠡ ᠶᠢᠨ ᠪᠠᠯᠠ ᠣᠷᠣᠭᠤᠯᠤᠯᠲᠠ ᠶᠢᠨ ᠬᠤᠪᠢ ᠶᠢᠨ ᠵᠢᠩ᠂ ᠭᠤᠤᠯ ᠠᠵᠢᠯ ᠲᠦᠷᠦᠯ ᠪᠠ ᠭᠤᠤᠯ ᠠᠵᠢᠯ ᠲᠦᠷᠦᠯ ᠤᠨ ᠪᠤᠰᠤ ᠪᠠᠯᠠ ᠣᠷᠣᠭᠤᠯᠤᠯᠲᠠ ᠶᠢᠨ ᠬᠤᠪᠢ ᠶᠢᠨ ᠵᠢᠩ ᠵᠡᠷᠭᠡ ᠪᠠᠭᠲᠠᠨ᠎ᠠ︔      ︵ᠳᠥᠷᠪᠡ︶ ᠴᠢᠬᠤᠯᠠ ᠶᠡᠭᠡ ᠪᠠᠯᠠ ᠣᠷᠣᠭᠤᠯᠤᠯᠲᠠ ᠶᠢᠨ ᠲᠥᠷᠥᠯ ᠵᠦᠢᠯ ᠤᠨ ᠪᠠᠶᠢᠳᠠᠯ᠂ ᠡᠭᠦᠨ ᠳᠤ ᠲᠥᠷᠥᠯ ᠵᠦᠢᠯ ᠤᠨ ᠨᠡᠷᠡᠶᠢᠳᠦᠯ᠂ ᠰᠢᠨᠵᠢ ᠴᠢᠨᠠᠷ᠂ ᠲᠥᠷᠥᠯ ᠢᠯᠭᠠᠯ᠂ ᠠᠭᠤᠯᠭ᠎ᠠ᠂ ᠪᠠᠯᠠ ᠣᠷᠣᠭᠤᠯᠤᠯᠲᠠ ᠶᠢᠨ  ᠬᠡᠮᠵᠢᠶ᠎ᠡ᠂ ᠪᠠᠯᠠ ᠮᠥᠩᠭᠦ ᠶᠢᠨ ᠢᠷᠡᠯᠲᠡ᠂ ᠬᠡᠷᠡᠭᠵᠢᠬᠦᠯᠬᠦ ᠬᠤᠭᠤᠴᠠᠭ᠎ᠠ᠂ ᠪᠠᠯᠠ ᠣᠷᠣᠭᠤᠯᠤᠯᠲᠠ ᠶᠢᠨ  ᠵᠢᠱᠢᠭᠰᠡᠨ ᠠᠰᠢᠭ ᠣᠯᠵᠠᠪᠤᠷᠢ᠂ ᠪᠡᠶᠡᠯᠡᠭᠦᠯᠦᠭᠰᠡᠨ ᠪᠠᠯᠠ ᠣᠷᠣᠭᠤᠯᠤᠯᠲᠠ ᠶᠢᠨ ᠨᠡᠶᠢᠲᠡ ᠬᠡᠮᠵᠢᠶ᠎ᠡ᠂ ᠲᠣᠰ ᠵᠢᠯ ᠤᠨ ᠲᠥᠯᠥᠪᠯᠡᠭᠰᠡᠨ ᠪᠠᠯᠠ ᠣᠷᠣᠭᠤᠯᠤᠯᠲᠠ ᠶᠢᠨ ᠬᠡᠮᠵᠢᠶ᠎ᠡ ᠬᠢᠭᠡᠳ ᠪᠡᠶᠡᠯᠡᠭᠦᠯᠦᠭᠰᠡᠨ ᠠᠬᠢᠴᠠ ᠶᠢᠨ ᠵᠠᠭᠤᠨ ᠤ ᠬᠠᠷᠢᠴᠠᠯ ᠵᠡᠷᠭᠡ ᠪᠠᠭᠲᠠᠨ᠎ᠠ︔      ︵ᠲᠠᠪᠤ︶ ᠲᠦᠭᠰᠢᠭᠦᠷᠢ ᠶᠢᠨ ᠵᠠᠳᠠᠯᠤᠯᠲᠠ ᠶᠢᠨ ᠮᠡᠳᠡᠭᠦᠯᠦᠯᠲᠡ ᠵᠡᠷᠭᠡ᠃      ᠠᠷᠪᠠᠨ ᠭᠤᠷᠪᠠᠳᠤᠭᠠᠷ ᠵᠦᠢᠯ ᠠᠵᠤ ᠠᠬᠤᠶᠢᠯᠠᠯ ᠪᠡᠯᠡ ᠣᠷᠣᠭᠤᠯᠤᠯᠲᠠ ᠶᠢᠨ ᠣᠨ ᠤ ᠲᠥᠯᠥᠪᠯᠡᠭᠡ ᠶᠢ ᠴᠢᠩᠭ᠎ᠠ ᠬᠡᠷᠡᠭᠵᠢᠭᠦᠯᠵᠦ᠂ ᠣᠨᠴᠠᠭᠠᠢ ᠪᠠᠶᠢᠳᠠᠯ ᠠᠴᠠ ᠪᠣᠯᠣᠭᠠᠳ ᠪᠡᠯᠡ ᠣᠷᠣᠭᠤᠯᠤᠯᠲᠠ ᠶᠢᠨ ᠣᠨ ᠤ ᠲᠥᠯᠥᠪᠯᠡᠭᠡ ᠳᠤ ᠦᠨᠡᠨᠬᠦ ᠲᠤᠬᠢᠷᠠᠭᠤᠯᠤᠯᠳᠠ ᠬᠢᠬᠦ ᠴᠢᠬᠤᠯᠠ ᠲᠠᠢ ᠪᠣᠯ ᠠᠵᠤ ᠠᠬᠤᠶᠢᠯᠠᠯ ᠠᠴᠠ ᠲᠤᠬᠢᠷᠠᠭᠤᠯᠤᠯᠳᠠ ᠬᠢᠭᠰᠡᠨ ᠰᠢᠯᠲᠠᠭᠠᠨ᠂ ᠲᠤᠬᠢᠷᠠᠭᠤᠯᠤᠯᠳᠠ ᠶᠢᠨ ᠠᠭᠤᠯᠭ᠎ᠠ᠂ ᠬᠠᠮᠢᠶ᠎ᠠ ᠪᠥᠬᠦᠢ ᠬᠢᠨᠠᠨ ᠵᠥᠪᠰᠢᠶᠡᠷᠡᠭᠰᠡᠨ ᠪᠢᠴᠢᠭ ᠮᠠᠲ᠋ᠧᠷᠢᠶᠠᠯ᠂ ᠠᠵᠤ ᠠᠬᠤᠶᠢᠯᠠᠯ ᠤᠨ ᠳᠣᠲᠣᠭᠠᠳᠤ ᠶᠢᠨ ᠰᠢᠢᠳᠪᠦᠷᠢᠲᠦ ᠪᠤᠳᠤᠯᠭ᠎ᠠ ᠶᠢᠨ ᠪᠢᠴᠢᠭ ᠮᠠᠲ᠋ᠧᠷᠢᠶᠠᠯ ᠵᠡᠷᠭᠡ ᠮᠠᠲ᠋ᠧᠷᠢᠶᠠᠯ ᠢᠶᠠᠨ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠳᠤ ᠮᠡᠳᠡᠭᠦᠯᠬᠦ ᠬᠡᠷᠡᠭᠲᠡᠶ᠃      ᠠᠷᠪᠠᠨ ᠳᠥᠷᠪᠡᠳᠦᠭᠡᠷ ᠵᠦᠢᠯ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠠᠵᠤ ᠠᠬᠤᠢᠯᠠᠯ ᠤᠨ ᠪᠡᠯᠡ ᠣᠷᠣᠭᠤᠯᠤᠯᠲᠠ ᠶᠢᠨ ᠣᠨ ᠤ ᠲᠥᠯᠥᠪᠯᠡᠭᠡ ᠶᠢ ᠳᠠᠩᠰᠠᠯᠠᠨ ᠬᠠᠮᠢᠶᠠᠷᠴᠤ᠂  ᠪᠡᠯᠡ ᠣᠷᠣᠭᠤᠯᠤᠯᠲᠠ ᠶᠢᠨ ᠣᠨ ᠤ ᠲᠥᠯᠥᠪᠯᠡᠭᠡ ᠳᠤ ᠣᠷᠣᠭᠤᠯᠤᠭᠰᠠᠨ ᠲᠦᠷᠦᠯ ᠵᠦᠢᠯ ᠢ ᠲᠥᠷᠥᠯ ᠬᠤᠪᠢᠶᠠᠨ ᠬᠠᠮᠢᠶᠠᠷᠤᠨ᠎ᠠ᠃ ᠡᠭᠦᠨ ᠳᠤ᠄  ᠪᠠᠯᠠ ᠣᠷᠣᠭᠤᠯᠤᠯᠲᠠ ᠶᠢᠨ ᠣᠨ ᠤ ᠲᠥᠯᠥᠪᠯᠡᠭᠡ ᠳᠤ ᠵᠢᠭᠰᠠᠭᠠᠨ ᠣᠷᠣᠭᠤᠯᠤᠭᠰᠠᠨ ᠴᠢᠬᠤᠯᠠ ᠶᠡᠭᠡ ᠪᠠᠯᠠ ᠣᠷᠣᠭᠤᠯᠤᠯᠲᠠ ᠶᠢᠨ ᠲᠥᠷᠥᠯ ᠵᠦᠢᠯ ᠢ ᠬᠢᠨᠠᠨ ᠬᠠᠷᠭᠤᠭᠤᠯᠤᠨ ᠬᠠᠮᠢᠶᠠᠷᠴᠤ ᠂ ᠪᠤᠰᠤᠳ ᠲᠥᠷᠥᠯ ᠵᠦᠢᠯ ᠢ ᠳᠡᠩᠰᠡᠯᠡᠨ ᠬᠠᠮᠢᠶᠠᠷᠤᠨ᠎ᠠ᠃      ᠠᠷᠪᠠᠨ ᠲᠠᠪᠤᠳᠤᠭᠠᠷ ᠵᠦᠢᠯ ᠠᠵᠤ ᠠᠬᠤᠶᠢᠯᠠᠯ ᠤᠨ ᠴᠢᠬᠤᠯᠠ ᠶᠡᠭᠡ ᠪᠡᠯᠡ ᠣᠷᠣᠭᠤᠯᠤᠯᠲᠠ ᠶᠢᠨ  ᠲᠦᠷᠦᠯ ᠵᠦᠢᠯ ᠨᠢ ᠳᠣᠲᠣᠭᠠᠳᠤ ᠶᠢᠨ ᠰᠢᠢᠳᠪᠦᠷᠢᠲᠦ ᠪᠤᠳᠤᠯᠭ᠎ᠠ ᠲᠣᠭᠲᠠᠭᠠᠬᠤ ᠵᠢᠷᠤᠮ ᠢ ᠭᠦᠢᠴᠡᠳᠬᠡᠭᠰᠡᠨ ᠤ ᠲᠠᠷᠠᠭ᠎ᠠ᠂ ᠬᠡᠷᠡᠭᠵᠢᠭᠦᠯᠬᠦ ᠠᠴᠠ ᠪᠠᠨ ᠡᠮᠦᠨ᠎ᠡ ᠤᠯᠤᠰ ᠤᠨ ᠥᠮᠴᠢᠯᠡᠯ ᠤᠨ ᠡᠳ᠋ ᠬᠦᠷᠦᠩᠭᠡ ᠶᠢᠨ  ᠬᠢᠨᠠᠯᠲᠠ ᠬᠠᠮᠢᠶᠠᠷᠤᠯᠲᠠ ᠶᠢᠨ ᠵᠥᠪᠯᠡᠯ ᠳᠤ ᠳᠣᠣᠷᠠᠬᠢ ᠮᠠᠲ᠋ᠧᠷᠢᠶᠠᠯ ᠤᠳ ᠢ ᠮᠡᠳᠡᠭᠦᠯᠦᠨ ᠬᠦᠷᠭᠡᠬᠦ ᠬᠡᠷᠡᠭᠲᠡᠶ᠄      ︵ᠨᠢᠭᠡ︶  ᠬᠢᠨᠠᠨ ᠬᠠᠷᠭᠤᠭᠤᠯᠤᠯᠲᠠ ᠶᠢᠨ ᠵᠢᠭᠠᠪᠤᠷᠢ ᠠᠪᠬᠤ ᠪᠢᠴᠢᠭ ᠮᠠᠲ᠋ᠧᠷᠢᠶᠠᠯ ︔      ︵ᠬᠤᠶᠠᠷ︶ ᠠᠵᠤ ᠠᠬᠤᠶᠢᠯᠠᠯ ᠤᠨ ᠳᠣᠲᠣᠭᠠᠳᠤ ᠶᠢᠨ ᠰᠢᠢᠳᠪᠦᠷᠢᠲᠦ ᠪᠤᠳᠤᠯᠭ᠎ᠠ ᠶᠢᠨ ᠪᠢᠴᠢᠭ ᠮᠠᠲ᠋ᠧᠷᠢᠶᠠᠯ ︵ᠬᠡᠷᠡᠭ ᠮᠡᠳᠡᠭᠴᠢᠳ ᠤᠨ ᠵᠥᠪᠯᠡᠯ ᠤᠨ ᠰᠢᠢᠳᠪᠦᠷᠢ ᠪᠤᠶᠤ ᠶᠡᠷᠦᠩᠬᠡᠶ ᠲᠠᠭᠠᠭᠠᠮᠠᠯ ᠤᠨ ᠠᠯᠪᠠᠨ ᠬᠤᠷᠠᠯ ᠤᠨ ᠲᠣᠪᠴᠢ ᠲᠡᠮᠳᠡᠭᠯᠡᠯ︶︔      ︵ᠭᠤᠷᠪᠠ︶ ᠲᠦᠷᠦᠯ ᠵᠦᠢᠯ ᠤᠨ ᠪᠣᠯᠤᠮᠵᠢ ᠶᠢᠨ ᠰᠤᠳᠤᠯᠭᠠᠨ ᠤ ᠮᠡᠳᠡᠭᠦᠯᠦᠯᠲᠡ︔      ︵ᠳᠥᠷᠪᠡ︶ ᠪᠠᠯᠠ ᠣᠷᠣᠭᠤᠯᠬᠤ ᠪᠠᠷ ᠪᠠᠶᠢᠭ᠎ᠠ ᠲᠥᠷᠥᠯ ᠵᠦᠢᠯ ᠤᠨ ᠪᠠᠶᠢᠳᠠᠯ᠂ ᠡᠭᠦᠨ ᠳᠤ ᠲᠥᠷᠥᠯ  ᠵᠦᠢᠯ ᠤᠨ ᠦᠨᠳᠦᠰᠦᠨ ᠪᠠᠶᠢᠳᠠᠯ᠂ ᠲᠥᠷᠥᠯ ᠵᠦᠢᠯ ᠤᠨ ᠪᠠᠯᠠ ᠮᠥᠩᠭᠦ ᠶᠢᠨ ᠢᠷᠡᠯᠲᠡ᠂ ᠲᠣᠰ ᠪᠠᠯᠠ ᠣᠷᠣᠭᠤᠯᠤᠯᠲᠠ ᠶᠢᠨ ᠠᠵᠤ ᠠᠬᠤᠶᠢᠯᠠᠯ ᠤᠨ ᠡᠳ᠋ ᠬᠥᠷᠥᠩᠭᠡ ᠶᠢᠨ ᠥᠷᠢᠲᠦᠯ ᠤᠨ ᠬᠡᠪᠴᠢᠶ᠎ᠡ ᠵᠢᠴᠢ ᠡᠳ᠋ ᠬᠥᠷᠥᠩᠭᠡ ᠶᠢᠨ ᠥᠷᠢᠲᠦᠯ ᠤᠨ ᠨᠣᠷᠮ᠎ᠠ ᠳᠤ ᠦᠵᠡᠭᠦᠯᠬᠦ ᠨᠥᠯᠥᠭᠡ ᠶᠢᠨ ᠪᠠᠶᠢᠳᠠᠯ ᠤᠨ ᠵᠠᠳᠠᠯᠤᠯᠲᠠ᠂ ᠪᠠᠯᠠ ᠣᠷᠣᠭᠤᠯᠤᠯᠲᠠ ᠶᠢᠨ ᠲᠦᠭᠰᠢᠭᠦᠷᠢ ᠶᠢ ᠦᠨᠡᠯᠡᠨ ᠵᠢᠱᠢᠬᠦ ᠵᠢᠴᠢ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠵᠡᠷᠭᠡ ᠠᠭᠤᠯᠭ᠎ᠠ ᠶᠢ ᠪᠠᠭᠲᠠᠭᠠᠬᠤ ᠮᠦᠷᠲᠡᠭᠡᠨ ᠡᠳᠡᠭᠡᠷ ᠢᠶᠠᠷ ᠬᠢᠵᠠᠭᠠᠷᠯᠠᠭᠳᠠᠬᠤ ᠦᠭᠡᠢ︔      ︵ᠲᠠᠪᠤ︶ ᠬᠠᠤᠯᠢ ᠴᠠᠭᠠᠵᠠ ᠶᠢᠨ ᠰᠠᠨᠠᠯ ᠤᠨ ᠪᠢᠴᠢᠭ︔      ︵ᠵᠢᠷᠭᠤᠭ᠎ᠠ︶ ᠰᠲ᠋ᠣᠺ ᠤᠨ ᠡᠷᠬᠡ ᠶᠢᠨ ᠪᠡᠯᠡ ᠣᠷᠣᠭᠤᠯᠤᠯᠲᠠ ᠶᠢᠨ ᠲᠦᠷᠦᠯ ᠵᠦᠢᠯ ᠳᠤ ᠬᠤᠯᠪᠣᠭᠳᠠᠭᠰᠠᠨ ᠬᠠᠷᠢᠭᠤᠴᠠᠯᠭ᠎ᠠ ᠪᠠᠨ ᠭᠦᠢᠴᠡᠳᠬᠡᠭᠰᠡᠨ ᠪᠠᠶᠢᠴᠠᠭᠠᠯᠲᠠ ᠶᠢᠨ ᠮᠡᠳᠡᠭᠦᠯᠦᠯᠲᠡ᠂ ᠤᠢᠢᠷ᠎ᠠ ᠶᠢᠨ ᠨᠢᠭᠡ ᠬᠤᠭᠤᠴᠠᠭᠠᠨ ᠤ ᠡᠳ᠋ ᠤᠨ ᠶᠠᠪᠤᠳᠠᠯ ᠤᠨ ᠬᠢᠨᠠᠨ ᠪᠤᠳᠤᠯᠳᠠ ᠶᠢᠨ ᠮᠡᠳᠡᠭᠦᠯᠦᠯᠲᠡ᠂ ᠡᠳ᠋ ᠬᠦᠷᠦᠩᠭᠡ ᠶᠢ ᠦᠨᠡᠯᠡᠨ ᠵᠢᠱᠢᠭᠰᠡᠨ ᠮᠡᠳᠡᠭᠦᠯᠦᠯᠲᠡ ᠵᠡᠷᠭᠡ︔      ︵ᠲᠤᠯᠤᠭ᠎ᠠ︶  ᠬᠠᠮᠢᠶ᠎ᠠ ᠪᠦᠬᠦᠢ ᠭᠡᠷ᠎ᠡ᠂ ᠬᠡᠯᠡᠯᠴᠡᠭᠡᠷ ︵ᠲᠥᠰᠦᠯ︶︔      ︵ᠨᠠᠢᠮᠠ︶ ᠴᠢᠬᠤᠯᠠ ᠪᠦᠬᠦᠢ ᠪᠤᠰᠤᠳ ᠮᠠᠲ᠋ᠧᠷᠢᠶᠠᠯ ᠤᠳ᠃      ᠠᠷᠪᠠᠨ ᠵᠢᠷᠭᠤᠳᠤᠭᠠᠷ ᠵᠦᠢᠯ ᠠᠵᠤ ᠠᠬᠤᠶᠢᠯᠠᠯ ᠳᠣᠣᠷᠠᠬᠢ ᠴᠢᠬᠤᠯᠠ ᠶᠡᠭᠡ ᠪᠡᠯᠡ ᠣᠷᠣᠭᠤᠯᠤᠯᠲᠠ ᠶᠢᠨ ᠲᠥᠷᠥᠯ ᠵᠦᠢᠯ ᠢ ᠬᠡᠷᠡᠭᠵᠢᠭᠦᠯᠬᠦ ᠳᠤ᠂ ᠤᠯᠤᠰ ᠤᠨ ᠥᠮᠴᠢᠯᠡᠯ ᠤᠨ ᠡᠳ᠋ ᠬᠦᠷᠦᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠠᠴᠠ ᠵᠢᠷᠤᠮ ᠶᠣᠰᠣᠭᠠᠷ ᠬᠢᠨᠠᠨ ᠬᠠᠷᠭᠤᠭᠤᠯᠵᠤ ᠵᠥᠪᠰᠢᠶᠡᠷᠡᠭᠰᠡᠨ ᠤ ᠲᠠᠷᠠᠭ᠎ᠠ ᠰᠠᠶ᠋ᠢ ᠬᠡᠷᠡᠭᠵᠢᠭᠦᠯᠵᠦ ᠪᠣᠯᠤᠨ᠎ᠠ᠄      ︵ᠨᠢᠭᠡ︶ ᠪᠦᠬᠦ ᠬᠦᠷᠦᠩᠭᠡ ᠶᠢᠨ ᠪᠡᠯᠡ ᠣᠷᠤᠭᠤᠯᠤᠭᠰᠠᠨ ᠪᠠ ᠬᠤᠪᠢ ᠡᠵᠡᠮᠳᠡᠭᠰᠡᠨ ᠬᠤᠶᠠᠳᠤᠭᠠᠷ ᠳᠡᠰ ᠤᠨ ᠠᠵᠤ ᠠᠬᠤᠶᠢᠯᠠᠯ ᠢ ᠪᠠᠶᠢᠭᠤᠯᠬᠤ︔      ︵ᠬᠤᠶᠠᠷ︶ ᠬᠢᠯᠢ ᠶᠢᠨ ᠳᠣᠲᠣᠷᠠᠬᠢ ᠭᠤᠤᠯ ᠠᠵᠢᠯ ᠲᠦᠷᠦᠯ ᠤᠨ ᠭᠠᠭᠴᠠ ᠵᠦᠢᠯ ᠤᠨ ᠪᠠᠯᠠ ᠣᠷᠣᠭᠤᠯᠤᠯᠲᠠ ᠶᠢᠨ ᠬᠡᠮᠵᠢᠶ᠎ᠡ ᠨᠢ 5000 ᠲᠦᠮᠡᠨ ᠲᠥᠭᠦᠷᠢᠭ ︵ᠪᠠᠭᠲᠠᠨ᠎ᠠ︶ ᠠᠴᠠ ᠳᠡᠭᠡᠭᠰᠢ᠂ 1 ᠳ᠋ᠦᠩᠰᠢᠭᠤᠷ ᠲᠥᠭᠦᠷᠢᠭ ᠠᠴᠠ ᠳᠣᠷᠣᠭᠰᠢᠬᠢ ᠪᠠᠯᠠ ᠣᠷᠣᠭᠤᠯᠤᠯᠲᠠ ᠶᠢᠨ ᠲᠥᠷᠥᠯ ᠵᠦᠢᠯ︔      ︵ᠭᠤᠷᠪᠠ︶ ᠬᠢᠯᠢ ᠶᠢᠨ ᠳᠣᠲᠣᠷᠠᠬᠢ ᠭᠤᠤᠯ ᠠᠵᠢᠯ ᠲᠦᠷᠦᠯ ᠤᠨ ᠪᠤᠰᠤ ᠭᠠᠭᠴᠠ ᠵᠦᠢᠯ ᠤᠨ ᠪᠠᠯᠠ ᠣᠷᠣᠭᠤᠯᠤᠯᠲᠠ ᠶᠢᠨ ᠬᠡᠮᠵᠢᠶ᠎ᠡ ᠨᠢ 5000 ᠲᠦᠮᠡᠨ ᠲᠥᠭᠦᠷᠢᠭ ︵ᠪᠠᠭᠲᠠᠨ᠎ᠠ︶ ᠠᠴᠠ ᠳᠣᠷᠣᠭᠰᠢᠬᠢ ᠪᠠᠯᠠ ᠣᠷᠣᠭᠤᠯᠤᠯᠲᠠ ᠶᠢᠨ ᠲᠥᠷᠥᠯ ᠵᠦᠢᠯ᠃      ᠠᠷᠪᠠᠨ ᠳᠣᠯᠣᠳᠤᠭᠠᠷ ᠵᠦᠢᠯ ᠠᠵᠤ ᠠᠬᠤᠶᠢᠯᠠᠯ ᠳᠣᠣᠷᠠᠬᠢ ᠴᠢᠬᠤᠯᠠ ᠶᠡᠭᠡ ᠪᠡᠯᠡ ᠣᠷᠣᠭᠤᠯᠤᠯᠲᠠ ᠶᠢᠨ ᠲᠥᠷᠥᠯ ᠵᠦᠢᠯ ᠢ ᠬᠡᠷᠡᠭᠵᠢᠭᠦᠯᠬᠦ ᠳᠤ᠂ ᠤᠯᠤᠰ ᠤᠨ ᠥᠮᠴᠢᠯᠡᠯ ᠤᠨ ᠡᠳ᠋ ᠬᠦᠷᠦᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠠᠴᠠ ᠬᠤᠳᠠ ᠶᠢᠨ ᠵᠠᠰᠠᠭ ᠤᠨ ᠣᠷᠳᠤᠨ ᠳᠤ ᠮᠡᠳᠡᠭᠦᠯᠵᠦ ᠬᠢᠨᠠᠨ ᠵᠥᠪᠰᠢᠶᠡᠷᠡᠭᠦᠯᠦᠭᠰᠡᠨ ᠤ ᠲᠠᠷᠠᠭ᠎ᠠ ᠰᠠᠶ᠋ᠢ ᠬᠡᠷᠡᠭᠵᠢᠭᠦᠯᠵᠦ ᠪᠣᠯᠤᠨ᠎ᠠ᠄      ︵ᠨᠢᠭᠡ︶ ᠬᠢᠯᠢ ᠶᠢᠨ ᠭᠠᠳᠠᠨᠠᠬᠢ ᠪᠡᠯᠡ ᠣᠷᠣᠭᠤᠯᠤᠯᠲᠠ ᠶᠢᠨ ᠲᠥᠷᠥᠯ ᠵᠦᠢᠯ︔      ︵ᠬᠤᠶᠠᠷ︶ ᠬᠢᠯᠢ ᠶᠢᠨ ᠳᠣᠲᠣᠷᠠᠬᠢ ᠭᠤᠣᠯ ᠠᠵᠢᠯ ᠲᠦᠷᠦᠯ ᠤᠨ ᠭᠠᠭᠴᠠ ᠵᠦᠢᠯ ᠤᠨ ᠪᠡᠯᠡ ᠣᠷᠣᠭᠤᠯᠤᠯᠲᠠ ᠶᠢᠨ ᠬᠡᠮᠵᠢᠶ᠎ᠡ ᠨᠢ 1 ᠳ᠋ᠦᠩᠰᠢᠭᠤᠷ ᠲᠥᠭᠦᠷᠢᠭ ︵ᠪᠠᠭᠲᠠᠨ᠎ᠠ︶ ᠠᠴᠠ ᠳᠡᠭᠡᠭᠰᠢᠬᠢ ᠪᠡᠯᠡ ᠣᠷᠣᠭᠤᠯᠤᠯᠲᠠ ᠶᠢᠨ ᠲᠥᠷᠥᠯ ᠵᠦᠢᠯ︔      ︵ᠭᠤᠷᠪᠠ︶ ᠬᠢᠯᠢ ᠶᠢᠨ ᠳᠣᠲᠣᠷᠠᠬᠢ ᠭᠤᠣᠯ ᠠᠵᠢᠯ ᠲᠦᠷᠦᠯ ᠤᠨ ᠪᠣᠰᠤ ᠭᠠᠭᠴᠠ ᠵᠦᠢᠯ ᠤᠨ ᠪᠡᠯᠡ ᠣᠷᠣᠭᠤᠯᠤᠯᠲᠠ ᠶᠢᠨ ᠬᠡᠮᠵᠢᠶ᠎ᠡ ᠨᠢ 5000 ᠲᠦᠮᠡᠨ ᠲᠥᠭᠦᠷᠢᠭ ᠠᠴᠠ ᠳᠡᠭᠡᠭᠰᠢᠬᠢ ᠪᠡᠯᠡ ᠣᠷᠣᠭᠤᠯᠤᠯᠲᠠ ᠶᠢᠨ ᠲᠥᠷᠥᠯ ᠵᠦᠢᠯ᠃      ᠠᠷᠪᠠᠨ ᠨᠠᠢᠮᠠᠳᠤᠭᠠᠷ ᠵᠦᠢᠯ ᠠᠵᠤ ᠠᠬᠤᠶᠢᠯᠠᠯ ᠤᠨ ᠬᠡᠷᠡᠭᠵᠢᠭᠦᠯᠵᠦ ᠪᠠᠶᠢᠭ᠎ᠠ ᠬᠢᠯᠢ ᠶᠢᠨ ᠳᠣᠲᠣᠷᠠᠬᠢ ᠭᠤᠣᠯ ᠠᠵᠢᠯ ᠲᠦᠷᠦᠯ ᠤᠨ ᠭᠠᠭᠴᠠ ᠵᠦᠢᠯ ᠤᠨ ᠪᠡᠯᠡ ᠣᠷᠣᠭᠤᠯᠤᠯᠲᠠ ᠶᠢᠨ ᠬᠡᠮᠵᠢᠶ᠎ᠡ ᠨᠢ 5000 ᠲᠦᠮᠡᠨ ᠲᠥᠭᠦᠷᠢᠭ ᠠᠴᠠ ᠳᠣᠷᠣᠭᠰᠢᠬᠢ ᠪᠡᠯᠡ ᠣᠷᠣᠭᠤᠯᠤᠯᠲᠠ ᠶᠢᠨ ᠲᠥᠷᠥᠯ ᠵᠦᠢᠯ ᠬᠢᠭᠡᠳ ᠲᠤᠰ ᠠᠷᠭ᠎ᠠ ᠶᠢᠨ ᠠᠷᠪᠠᠨ ᠵᠢᠷᠭᠤᠳᠤᠭᠠᠷ ᠵᠦᠢᠯ᠂ ᠠᠷᠪᠠᠨ ᠳᠣᠯᠣᠳᠤᠭᠠᠷ ᠵᠦᠢᠯ ᠤᠨ ᠲᠣᠭᠲᠠᠭᠠᠯ ᠠᠴᠠ ᠭᠠᠳᠠᠨᠠᠬᠢ ᠪᠡᠯᠡ ᠣᠷᠣᠭᠤᠯᠤᠯᠲᠠ ᠶᠢᠨ ᠲᠥᠷᠥᠯ ᠵᠦᠢᠯ ᠢ ᠠᠵᠤ ᠠᠬᠤᠶᠢᠯᠠᠯ ᠠᠴᠠ ᠲᠣᠭᠲᠠᠭᠠᠯ ᠶᠣᠰᠣᠭᠠᠷ ᠳᠣᠲᠣᠭᠠᠳᠤ ᠶᠢᠨ  ᠰᠢᠢᠳᠪᠦᠷᠢᠲᠦ ᠪᠤᠳᠤᠯᠭ᠎ᠠ ᠲᠤᠭᠲᠠᠭᠠᠬᠤ ᠲᠡᠰ ᠳᠠᠷᠠᠭᠠᠯᠠᠯ ᠢ ᠭᠦᠢᠴᠡᠳᠬᠡᠭᠰᠡᠨ ᠤ ᠲᠠᠷᠠᠭ᠎ᠠ ᠬᠡᠷᠡᠭᠵᠢᠭᠦᠯᠦᠨ᠎ᠡ᠃      ᠠᠷᠪᠠ ᠶᠢᠰᠦᠳᠦᠭᠡᠷ ᠵᠦᠢᠯ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠨᠢ ᠬᠤᠯᠪᠤᠭᠳᠠᠯ ᠪᠥᠬᠦᠢ ᠬᠠᠤᠯᠢ ᠴᠠᠭᠠᠵᠠ ᠬᠠᠤᠯᠢ ᠲᠣᠭᠲᠠᠭᠠᠯ ᠪᠣᠯᠤᠨ ᠤᠯᠤᠰ ᠟ ᠤᠨ ᠥᠮᠴᠢᠯᠡᠯ ᠤᠨ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠲᠣᠭᠲᠠᠭᠠᠯ ᠢ ᠦᠨᠳᠦᠰᠦᠯᠡᠨ᠂ ᠬᠢᠨᠠᠨ ᠬᠠᠷᠭᠤᠭᠤᠯᠬᠤ ᠬᠠᠮᠢᠶᠠᠷᠤᠯᠲᠠ ᠳᠤ ᠵᠢᠭᠰᠠᠭᠠᠨ ᠣᠷᠣᠭᠤᠯᠤᠭᠰᠠᠨ ᠪᠡᠯᠡ ᠣᠷᠣᠭᠤᠯᠤᠯᠲᠠ ᠶᠢᠨ ᠲᠥᠷᠥᠯ ᠵᠦᠢᠯ   ᠢ ᠪᠡᠯᠡ ᠣᠷᠣᠭᠤᠯᠤᠯᠲᠠ ᠶᠢᠨ ᠲᠥᠷᠥᠯ ᠵᠦᠢᠯ ᠢ ᠬᠡᠷᠡᠭᠵᠢᠭᠦᠯᠬᠦ ᠶᠢᠨ ᠴᠢᠬᠤᠯᠠ ᠴᠢᠨᠠᠷ᠂ ᠠᠵᠤ ᠠᠬᠤᠶᠢᠯᠠᠯ ᠤᠨ ᠡᠵᠡᠩᠨᠡᠯᠲᠡ ᠬᠥᠭᠵᠢᠯᠲᠡ ᠶᠢ ᠨᠥᠯᠥᠭᠡᠯᠡᠬᠦ ᠬᠡᠮᠵᠢᠶ᠎ᠡ᠂ ᠠᠵᠤ ᠠᠬᠤᠶᠢᠯᠠᠯ ᠤᠨ ᠪᠡᠯᠡ ᠣᠷᠣᠭᠤᠯᠤᠯᠲᠠ ᠶᠢᠨ ᠲᠦᠭᠰᠢᠭᠦᠷᠢ ᠶᠢ ᠳᠠᠭᠠᠭᠠᠬᠤ ᠴᠢᠳᠠᠪᠤᠷᠢ ᠵᠡᠷᠭᠡ ᠲᠠᠯ᠎ᠠ ᠠᠴᠠ ᠬᠢᠨᠠᠨ ᠬᠠᠷᠭᠤᠭᠤᠯᠵᠤ᠂ ᠴᠢᠬᠤᠯᠠ ᠲᠠᠢ ᠦᠶ᠎ᠡ ᠳᠤ ᠭᠤᠷᠪᠠᠳᠠᠬᠢ ᠡᠳᠡᠭᠡᠳ ᠤᠨ ᠵᠠᠭᠤᠴᠢ ᠪᠠᠶᠢᠭᠤᠯᠤᠮᠵᠢ ᠳᠤ ᠨᠠᠶᠢᠳᠠᠵᠤ ᠪᠡᠯᠡ ᠣᠷᠣᠭᠤᠯᠤᠯᠲᠠ ᠶᠢᠨ ᠲᠥᠷᠥᠯ ᠵᠦᠢᠯ ᠳᠤ ᠨᠤᠲᠠᠯᠠᠯᠲᠠ ᠬᠢᠯᠭᠡᠵᠦ ᠪᠣᠯᠤᠨ᠎ᠠ᠃      ᠳᠥᠷᠪᠡᠳᠦᠭᠡᠷ ᠪᠦᠯᠦᠭ ᠪᠡᠯᠡ ᠣᠷᠣᠭᠤᠯᠤᠯᠲᠠ ᠶᠢᠨ ᠬᠡᠷᠡᠭ ᠶᠠᠪᠤᠳᠠᠯ ᠤᠨ ᠳᠤᠮᠳᠠᠬᠢ ᠬᠠᠮᠢᠶᠠᠷᠤᠯᠲᠠ      ᠬᠤᠷᠢᠳᠤᠭᠠᠷ ᠵᠦᠢᠯ ᠠᠵᠤ ᠠᠬᠤᠶᠢᠯᠠᠯ ᠡᠵᠡᠩᠨᠡᠯᠲᠡ ᠶᠢᠨ ᠳᠤᠮᠳᠠᠬᠢ ᠪᠡᠯᠡ ᠣᠷᠣᠭᠤᠯᠤᠯᠲᠠ ᠵᠢᠨ‌‍ᠲ᠋ᠥ᠋ᠷᠥᠯ ᠵᠦᠢᠯ ᠳᠤ ᠲᠣᠭᠲᠠᠮᠠᠯ ᠬᠤᠭᠤᠴᠠᠭ᠎ᠠ ᠲᠠᠢ ᠪᠠᠷ ᠮᠥᠷᠳᠡᠨ ᠵᠠᠳᠠᠯᠤᠯᠲᠠ ᠬᠢᠵᠦ᠂ ᠭᠠᠳᠠᠭᠠᠳᠤ ᠣᠷᠴᠢᠨ ᠤ ᠬᠤᠪᠢᠷᠠᠯᠲᠠ ᠪᠣᠯᠤᠨ ᠲᠥᠷᠥᠯ ᠵᠦᠢᠯ ᠤᠨ ᠲᠤᠰ ᠪᠡᠶ᠎ᠡ ᠶᠢᠨ ᠪᠠᠶᠢᠳᠠᠯ ᠢ ᠦᠨᠳᠦᠰᠦᠯᠡᠨ᠂ ᠴᠠᠭ ᠲᠤᠬᠠᠶ   ᠳᠤᠨᠢ ᠲᠠᠬᠢᠨ ᠰᠢᠢᠳᠪᠦᠷᠢᠲᠦ ᠪᠤᠳᠤᠯᠭ᠎ᠠ ᠲᠣᠭᠲᠠᠭᠠᠬᠤ ᠬᠡᠷᠡᠭᠲᠡᠶ᠃ ᠴᠢᠬᠤᠯᠠ ᠶᠡᠭᠡ ᠪᠠᠯᠠ ᠣᠷᠣᠭᠤᠯᠤᠯᠲᠠ ᠶᠢᠨ ᠲᠥᠷᠥᠯ ᠵᠦᠢᠯ ᠳᠤ᠂ ᠪᠠᠰᠠ ᠬᠡᠷᠡᠭᠴᠡᠭᠡ ᠪᠠᠨ ᠦᠨᠳᠦᠰᠦᠯᠡᠨ ᠳᠠᠬᠢᠨ ᠰᠢᠢᠳᠪᠦᠷᠢᠲᠦ ᠪᠣᠳᠣᠯᠭ᠎ᠠ ᠲᠣᠭᠲᠠᠭᠠᠬᠤ ᠠᠴᠠ ᠪᠠᠨ ᠡᠮᠦᠨ᠎ᠡ ᠳᠤᠮᠳᠠ ᠬᠤᠭᠤᠴᠠᠭᠠᠨ ᠤ ᠦᠨᠡᠯᠡᠨ ᠵᠢᠱᠢᠯᠲᠡ ᠬᠢᠬᠦ ᠬᠡᠷᠡᠭᠲᠡᠶ︔ ᠪᠡᠯᠡ ᠣᠷᠣᠭᠤᠯᠤᠯᠲᠠ ᠶᠢᠨ ᠲᠦᠷᠦᠯ ᠵᠦᠢᠯ ᠤᠨ ᠪᠡᠶᠡᠯᠡᠭᠳᠡᠬᠦ ᠶᠢ ᠨᠥᠯᠥᠭᠡᠯᠡᠬᠦ ᠲᠣᠮᠤ ᠶᠡᠭᠡ ᠠᠰᠢᠭ ᠦᠭᠡᠢ ᠬᠤᠪᠢᠷᠠᠯᠲᠠ ᠭᠠᠷᠤᠭᠰᠠᠨ ᠦᠶ᠎ᠡ ᠳᠤ᠂ ᠲᠤᠷᠭᠤᠨ ᠵᠣᠭᠰᠣᠭᠠᠬᠤ᠂ ᠳᠠᠭᠤᠰᠬᠠᠬᠤ ᠪᠤᠶᠤ ᠤᠬᠤᠷᠢᠨ ᠭᠠᠷᠬᠤ ᠲᠣᠭᠲᠠᠴᠠ ᠶᠢ ᠡᠬᠢᠯᠡᠭᠦᠯᠬᠦ ᠬᠡᠷᠡᠭᠲᠡᠶ᠃      ᠬᠤᠷᠢᠨ ᠨᠢᠭᠡᠳᠦᠭᠡᠷ ᠵᠦᠢᠯ ᠠᠵᠤ ᠠᠬᠤᠶᠢᠯᠠᠯ ᠠᠴᠠ ᠤᠯᠠᠷᠢᠯ ᠪᠦᠷᠢ ᠶᠢᠨ ᠳᠠᠭᠤᠰᠤᠭᠰᠠᠨ ᠤ ᠲᠠᠷᠠᠭ᠎ᠠ ᠰᠠᠷ᠎ᠠ ᠶᠢᠨ 10 ᠤ ᠡᠳᠦᠷ ᠠᠴᠠ ᠡᠮᠦᠨ᠎ᠡ ᠤᠯᠠᠷᠢᠯ ᠤᠨ ᠪᠡᠯᠡ ᠣᠷᠣᠭᠤᠯᠤᠯᠲᠠ ᠶᠢ ᠪᠡᠶᠡᠯᠡᠭᠦᠯᠦᠭᠰᠡᠨ ᠪᠠᠶᠢᠳᠠᠯ ᠤᠨ ᠲᠤᠬᠠᠶ ᠬᠠᠮᠢᠶ᠎ᠠ ᠪᠦᠬᠦᠢ ᠮᠠᠲ᠋ᠧᠷᠢᠶᠠᠯ ᠢᠶᠠᠨ ᠵᠢᠩᠬᠢᠨᠢ ᠪᠢᠴᠢᠭ ᠮᠠᠲ᠋ᠧᠷᠢᠶᠠᠯ ᠢᠶᠠᠷ ᠤᠯᠤᠰ ᠤᠨ   ᠥᠮᠴᠢᠯᠡᠯ ᠤᠨ ᠡᠳ᠋ ᠬᠦᠷᠦᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠳᠤ ᠮᠡᠳᠡᠭᠦᠯᠬᠦ ᠬᠡᠷᠡᠭᠲᠡᠶ᠃      ᠬᠤᠷᠢᠨ ᠬᠤᠶᠠᠳᠤᠭᠠᠷ ᠵᠦᠢᠯ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠠᠴᠠ ᠠᠵᠤ ᠠᠬᠤᠶᠢᠯᠠᠯ ᠤᠨ ᠬᠡᠷᠡᠭᠵᠢᠬᠦᠯᠵᠦ ᠪᠠᠶᠢᠭ᠎ᠠ ᠴᠢᠬᠤᠯᠠ ᠶᠡᠭᠡ ᠪᠡᠯᠡ ᠣᠷᠣᠭᠤᠯᠤᠯᠲᠠ ᠶᠢᠨ ᠲᠥᠷᠥᠯ ᠵᠦᠢᠯ ᠳᠤ ᠲᠠᠰᠢᠷᠠᠮ ᠢᠶᠠᠷ ᠬᠢᠨᠠᠯᠲᠠ ᠲᠠᠯᠪᠢᠨ ᠪᠠᠶᠢᠴᠠᠭᠠᠯᠲᠠ ᠬᠢᠵᠦ᠂ ᠲᠥᠷᠥᠯ  ᠵᠦᠢᠯ ᠤᠨ ᠰᠢᠢᠳᠪᠦᠷᠢᠲᠦ ᠪᠤᠳᠤᠯᠭ᠎ᠠ᠂ ᠬᠡᠷᠡᠭᠵᠢᠭᠦᠯᠵᠦ ᠪᠠᠶᠢᠭ᠎ᠠ ᠪᠠᠶᠢᠳᠠᠯ ᠢ ᠭᠤᠣᠯᠳᠠᠯᠭ᠎ᠠ ᠲᠠᠢ ᠪᠠᠶᠢᠴᠠᠭᠠᠵᠤ᠂ ᠣᠯᠵᠤ ᠮᠡᠳᠡᠭᠰᠡᠨ ᠠᠰᠠᠭᠤᠳᠠᠯ ᠢᠶᠠᠨ ᠠᠵᠤ ᠠᠬᠤᠶᠢᠯᠠᠯ ᠳᠤ ᠰᠠᠨᠠᠭᠤᠯᠬᠤ ᠬᠡᠷᠡᠭᠲᠡᠶ᠃      ᠲᠠᠪᠤᠳᠤᠭᠠᠷ ᠪᠦᠯᠦᠭ ᠪᠡᠯᠡ ᠣᠷᠣᠭᠤᠯᠤᠯᠲᠠ ᠶᠢᠨ ᠬᠡᠷᠡᠭ ᠶᠠᠪᠤᠳᠠᠯ ᠤᠨ ᠳᠠᠷᠠᠭᠠᠬᠢ ᠬᠠᠮᠢᠶᠠᠷᠤᠯᠲᠠ      ᠬᠤᠷᠢᠨ ᠭᠤᠷᠪᠠᠳᠤᠭᠠᠷ ᠵᠦᠢᠯ ᠠᠵᠤ ᠠᠬᠤᠶᠢᠯᠠᠯ ᠠᠴᠠ ᠣᠨ ᠤ ᠪᠡᠯᠡ ᠣᠷᠣᠭᠤᠯᠤᠯᠲᠠ ᠪᠠᠨ ᠪᠡᠶᠡᠯᠡᠭᠦᠯᠦᠭᠰᠡᠨ ᠪᠠᠶᠢᠳᠠᠯ ᠤᠨ ᠮᠡᠳᠡᠭᠦᠯᠦᠯᠲᠡ ᠪᠠᠨ ᠨᠠᠶᠢᠷᠠᠭᠤᠯᠤᠨ ᠲᠤᠭᠲᠠᠭᠠᠬᠤ ᠶᠢᠨ ᠬᠠᠮᠲᠤ ᠲᠠᠷᠠᠭ᠎ᠠ ᠵᠢᠯ ᠤᠨ ᠨᠢᠭᠡᠳᠦᠭᠡᠷ ᠰᠠᠷ᠎ᠠ ᠶᠢᠨ 31 ᠤ ᠡᠳᠦᠷ ᠠᠴᠠ ᠡᠮᠦᠨ᠎ᠡ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠳᠤ ᠮᠡᠳᠡᠭᠦᠯᠦᠨ ᠬᠦᠷᠭᠡᠬᠦ ᠬᠡᠷᠡᠭᠲᠡᠶ᠃ ᠣᠨ ᠤ ᠪᠠᠯᠠ ᠣᠷᠣᠭᠤᠯᠤᠯᠲᠠ ᠶᠢ ᠪᠡᠶᠡᠯᠡᠭᠦᠯᠦᠭᠰᠡᠨ ᠪᠠᠶᠢᠳᠠᠯ ᠤᠨ ᠮᠡᠳᠡᠭᠦᠯᠦᠯᠲᠡ ᠳᠤ ᠳᠣᠤᠷᠠᠬᠢ ᠠᠭᠤᠯᠭ᠎ᠠ ᠶᠢ ᠪᠠᠭᠲᠠᠭᠠᠬᠤ ᠮᠦᠷᠲᠡᠭᠡᠨ ᠡᠳᠡᠭᠡᠷ ᠢᠶᠠᠷ ᠬᠢᠵᠠᠭᠠᠷᠯᠠᠭᠳᠠᠬᠤ ᠥᠬᠡᠶ᠄      ︵ᠨᠢᠭᠡ︶ ᠣᠨ ᠤ ᠪᠡᠯᠡ ᠣᠷᠣᠭᠤᠯᠤᠯᠲᠠ ᠶᠢ ᠪᠡᠶᠡᠯᠡᠭᠦᠯᠦᠭᠰᠡᠨ ᠶᠡᠷᠦᠩᠬᠡᠶ ᠪᠠᠶᠢᠳᠠᠯ︔      ︵ᠬᠤᠶᠠᠷ︶ ᠪᠡᠯᠡ ᠣᠷᠣᠭᠤᠯᠤᠯᠲᠠ ᠶᠢᠨ ᠣᠨ ᠤ ᠲᠥᠯᠥᠪᠯᠡᠭᠡ ᠯᠦᠭᠡ ᠶᠢᠨ ᠵᠥᠷᠢᠶ᠎ᠡ ᠵᠢᠴᠢ ᠵᠠᠳᠠᠯᠤᠯᠲᠠ︔      ︵ᠭᠤᠷᠪᠠ︶ ᠣᠨ ᠤ ᠪᠡᠯᠡ ᠣᠷᠣᠭᠤᠯᠤᠯᠲᠠ ᠶᠢᠨ ᠦᠷ᠎ᠡ ᠪᠦᠲᠦᠮᠵᠢ ᠶᠢᠨ ᠵᠠᠳᠠᠯᠤᠯᠲᠠ︔      ︵ᠲᠦᠷᠪᠡ︶ ᠴᠢᠬᠤᠯᠠ ᠶᠡᠭᠡ ᠪᠡᠯᠡ ᠣᠷᠣᠭᠤᠯᠤᠯᠲᠠ ᠶᠢᠨ ᠲᠦᠷᠦᠯ ᠵᠦᠢᠯ ᠤᠨ ᠠᠬᠢᠴᠠ ᠶᠢᠨ ᠪᠠᠶᠢᠳᠠᠯ︔      ︵ᠲᠠᠪᠤ︶ ᠣᠨ ᠤ ᠪᠡᠯᠡ ᠣᠷᠣᠭᠤᠯᠤᠯᠲᠠ ᠶᠢᠨ ᠬᠡᠷᠡᠭ ᠶᠠᠪᠤᠳᠠᠯ ᠤᠨ ᠳᠠᠷᠠᠭᠠᠬᠢ ᠦᠨᠡᠯᠡᠯᠲᠡ ᠶᠢᠨ ᠠᠵᠢᠯ ᠢ ᠥᠷᠨᠢᠭᠦᠯᠦᠭᠰᠡᠨ ᠪᠠᠶᠢᠳᠠᠯ︔      ︵ᠵᠢᠷᠭᠤᠭ᠎ᠠ︶ ᠣᠨ ᠤ ᠪᠠᠯᠠ ᠣᠷᠣᠭᠤᠯᠤᠯᠲᠠ ᠳᠤ ᠣᠷᠣᠰᠢᠵᠤ ᠪᠠᠶᠢᠭ᠎ᠠ ᠭᠤᠤᠯ ᠠᠰᠠᠭᠤᠳᠠᠯ᠂ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ᠃      ᠠᠵᠤ ᠠᠬᠤᠶᠢᠯᠠᠯ ᠠᠴᠠ ᠪᠡᠯᠡ ᠣᠷᠣᠭᠤᠯᠤᠯᠲᠠ ᠶᠢᠨ ᠲᠥᠰᠦᠪ ᠢ ᠪᠡᠶᠡᠯᠡᠭᠦᠯᠦᠭᠰᠡᠨ ᠪᠠᠶᠢᠳᠠᠯ ᠢᠶᠠᠨ ᠣᠨ ᠤ ᠡᠳ᠋ ᠤᠨ ᠶᠠᠪᠤᠳᠠᠯ ᠤᠨ ᠲᠥᠰᠦᠪ ᠤᠨ ᠭᠦᠢᠴᠡᠳᠬᠡᠯ ᠳᠡᠭᠡᠨ ᠨᠡᠶᠢᠲᠡᠯᠡᠬᠦ ᠬᠡᠷᠡᠭᠲᠡᠶ᠃ ᠬᠤᠷᠢᠨ ᠳᠥᠷᠪᠡᠳᠦᠭᠡᠷ ᠵᠦᠢᠯ ᠠᠵᠤ ᠠᠬᠤᠶᠢᠯᠠᠯ ᠪᠡᠯᠡ ᠣᠷᠣᠭᠤᠯᠤᠯᠲᠠ ᠶᠢᠨ ᠲᠥᠷᠥᠯ ᠵᠦᠢᠯ ᠤᠨ ᠬᠤᠶᠢᠨᠠᠬᠢ ᠦᠨᠡᠯᠡᠯᠲᠡ ᠶᠢᠨ ᠠᠵᠢᠯ ᠢ ᠲᠥᠯᠥᠪᠯᠡᠭᠡ ᠲᠠᠢ ᠪᠠᠷ ᠥᠷᠨᠢᠭᠦᠯᠵᠦ᠂ ᠲᠤᠷᠰᠢᠯᠭ᠎ᠠ ᠪᠠᠨ ᠳ᠋ᠦᠩᠨᠡᠨ᠂ ᠪᠡᠯᠡ ᠣᠷᠣᠭᠤᠯᠤᠯᠲᠠ ᠶᠢᠨ ᠰᠢᠢᠳᠪᠦᠷᠢᠲᠦ ᠪᠤᠳᠤᠯᠭ᠎ᠠ ᠲᠣᠭᠲᠠᠭᠠᠬᠤ ᠲᠣᠭᠲᠠᠴᠠ ᠶᠢ ᠲᠡᠭᠦᠯᠳᠡᠷᠵᠢᠭᠦᠯᠵᠦ᠂  ᠲᠦᠷᠥᠯ ᠵᠦᠢᠯ ᠤᠨ ᠠᠮᠵᠢᠯᠲᠠ ᠶᠢᠨ ᠨᠤᠷᠮ᠎ᠠ ᠪᠠ ᠪᠡᠯᠡ ᠣᠷᠣᠭᠤᠯᠤᠯᠲᠠ ᠶᠢᠨ ᠦᠷ᠎ᠡ ᠠᠰᠢᠭ ᠢ ᠳᠡᠭᠡᠭᠰᠢᠯᠡᠭᠦᠯᠬᠦ ᠬᠡᠷᠡᠭᠲᠡᠶ᠃      ᠬᠤᠷᠢᠨ ᠲᠠᠪᠤᠳᠤᠭᠠᠷ ᠵᠦᠢᠯ  ᠤᠯᠤᠰ ᠤᠨ ᠥᠮᠴᠢᠯᠡᠯ ᠤᠨ ᠡᠳ᠋ ᠭᠦᠷᠤᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠠᠴᠠ ᠠᠵᠤ ᠠᠬᠤᠶᠢᠯᠠᠯ ᠤᠨ ᠡᠳ᠋ ᠤᠨ ᠶᠠᠪᠤᠳᠠᠯ ᠤᠨ ᠣᠨ ᠤ ᠲᠥᠰᠦᠪ ᠤᠨ ᠭᠦᠢᠴᠡᠳᠬᠡᠯ ᠢ ᠬᠢᠨᠠᠨ ᠪᠤᠳᠤᠬᠤ ᠦᠶ᠎ᠡ ᠳᠤ᠂ ᠪᠡᠯᠡ ᠣᠷᠣᠭᠤᠯᠤᠯᠲᠠ ᠶᠢᠨ ᠣᠨ ᠤ ᠲᠥᠯᠥᠪᠯᠡᠭᠡ ᠶᠢ ᠬᠡᠷᠡᠭᠵᠢᠭᠦᠯᠦᠭᠰᠡᠨ ᠪᠠᠶᠢᠳᠠᠯ ᠢ ᠲᠤᠰᠬᠠᠢ ᠬᠢᠨᠠᠨ ᠪᠣᠳᠤᠬᠤ ᠬᠡᠷᠡᠭᠲᠡᠢ᠃      ᠵᠢᠷᠭᠤᠳᠤᠭᠠᠷ ᠪᠦᠯᠦᠭ ᠪᠡᠯᠡ ᠣᠷᠣᠭᠤᠯᠤᠯᠲᠠ ᠶᠢᠨ ᠲᠦᠭᠰᠢᠭᠦᠷᠢ ᠶᠢᠨ ᠬᠠᠮᠢᠶᠠᠷᠤᠯᠲᠠ      ᠬᠤᠷᠢᠨ ᠵᠢᠷᠭᠤᠳᠤᠭᠠᠷ ᠵᠦᠢᠯ ᠠᠵᠤ ᠠᠬᠤᠶᠢᠯᠠᠯ ᠪᠡᠯᠡ ᠣᠷᠣᠭᠤᠯᠤᠯᠲᠠ ᠶᠢᠨ ᠵᠦᠢᠯᠡᠰ ᠤᠨ  ᠰᠢᠢᠳᠪᠦᠷᠢᠲᠦ ᠪᠤᠳᠤᠯᠭ᠎ᠠ ᠶᠢ ︽ᠭᠤᠷᠪᠠᠨ ᠴᠢᠬᠤᠯᠠ ᠨᠢᠭᠡ ᠶᠡᠭᠡ︾ ᠰᠢᠢᠳᠪᠦᠷᠢᠲᠦ ᠪᠤᠳᠤᠯᠭ᠎ᠠ ᠶᠢᠨ ᠬᠡᠪᠴᠢᠶᠡᠨ ᠳᠤ ᠣᠷᠣᠭᠤᠯᠵᠤ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠤᠷᠢᠳᠠᠴᠢ ᠰᠢᠢᠳᠪᠦᠷᠢᠲᠦ ᠪᠤᠳᠤᠯᠭ᠎ᠠ ᠲᠣᠭᠲᠠᠭᠠᠬᠤ ᠵᠢᠷᠤᠮ ᠢ ᠴᠢᠩᠭ᠎ᠠ ᠭᠦᠢᠴᠡᠳᠬᠡᠬᠦ ᠬᠡᠷᠡᠭᠲᠡᠶ᠂ ᠠᠵᠤ ᠠᠬᠤᠶᠢᠯᠠᠯ ᠤᠨ ᠬᠡᠷᠡᠭ ᠮᠡᠳᠡᠭᠴᠢᠳ ᠤᠨ ᠵᠥᠪᠯᠡᠯ ︵ᠶᠡᠷᠦᠩᠬᠡᠶ ᠳᠠᠭᠠᠭᠠᠮᠠᠯ ᠤᠨ ᠠᠯᠪᠠᠨ ᠬᠤᠷᠠᠯ︶ ᠪᠣᠯ ᠴᠢᠬᠤᠯᠠ ᠶᠡᠭᠡ ᠪᠡᠯᠡ ᠣᠷᠣᠭᠤᠯᠤᠯᠲᠠ ᠶᠢᠨ ᠲᠦᠷᠦᠯ ᠵᠦᠢᠯ ‍ᠤᠨ‌‍ᠰᠢᠢᠳᠪᠦᠷᠢᠲᠦ ᠪᠤᠳᠤᠯᠭ᠎ᠠ ᠲᠣᠭᠲᠠᠭᠠᠬᠤ ᠡᠴᠦᠰ ᠤᠨ ᠪᠠᠶᠢᠭᠤᠯᠤᠮᠵᠢ ᠪᠣᠯᠬᠤ ᠪᠥᠭᠡᠳ ᠰᠢᠢᠳᠪᠦᠷᠢᠲᠦ ᠪᠤᠳᠤᠯᠭ᠎ᠠ ᠶᠢᠨ ᠦᠷ᠎ᠡ ᠳ᠋ᠦᠩ ᠳᠤ ᠬᠠᠷᠢᠭᠤᠴᠠᠯᠭ᠎ᠠ ᠡᠭᠦᠷᠭᠡᠯᠡᠬᠦ ᠬᠡᠷᠡᠭᠲᠡᠶ᠃ ᠬᠡᠷᠡᠭ ᠮᠡᠳᠡᠭᠴᠢᠳ ᠤᠨ ᠵᠥᠪᠯᠡᠯ ︵ᠶᠡᠷᠦᠩᠬᠡᠶ ᠳᠠᠭᠠᠭᠠᠮᠠᠯ ᠤᠨ ᠠᠯᠪᠠᠨ ᠬᠤᠷᠠᠯ︶ ᠨᠢ ᠺᠣᠮᠫᠠᠨᠢ ᠶᠢᠨ ᠲᠦᠷᠢᠮ ᠪᠠ ᠠᠵᠤ ᠠᠬᠤᠶᠢᠯᠠᠯ ᠤᠨ ᠪᠠᠯᠠ ᠣᠷᠣᠭᠤᠯᠤᠯᠲᠠ ᠶᠢᠨ ᠬᠠᠮᠢᠶᠠᠷᠤᠯᠲᠠ ᠶᠢᠨ ᠲᠦᠷᠢᠮ ᠤᠨ ᠲᠣᠭᠲᠠᠭᠠᠯ ᠶᠣᠰᠣᠭᠠᠷ ᠴᠢᠬᠤᠯᠠ ᠶᠡᠭᠡ ᠪᠠᠯᠠ ᠣᠷᠣᠭᠤᠯᠤᠯᠲᠠ ᠶᠢᠨ ᠲᠥᠷᠥᠯ ᠵᠦᠢᠯ ᠢ ᠬᠢᠨᠠᠨ ᠵᠥᠪᠯᠡᠵᠦ᠂ ᠪᠠᠯᠠ ᠣᠷᠣᠭᠤᠯᠤᠯᠲᠠ ᠶᠢᠨ ᠲᠥᠷᠥᠯ ᠵᠦᠢᠯ ᠢ ᠵᠠᠷᠴᠢᠮ ᠳᠡᠭᠡᠷ᠎ᠡ ᠪᠠᠨ ᠠᠰ ᠠᠰ ᠢᠶᠠᠷ ᠨᠢ ᠵᠥᠪᠯᠡᠬᠦ ᠬᠡᠷᠡᠭᠲᠡᠶ᠂ ᠳᠠᠮᠵᠢᠭᠤᠯᠤᠨ ᠭᠠᠷ ᠤᠨ ᠥᠰᠥᠭ ᠵᠢᠷᠤᠬᠤ ᠠᠷᠭ᠎ᠠ ᠮᠠᠶ᠋ᠢᠭ ᠢᠶᠠᠷ ᠲᠤᠬᠠᠶ ᠶᠢᠨ ᠲᠠᠯᠠᠪᠤᠷ ᠤᠨ ᠬᠤᠷᠠᠯ ᠢᠶᠠᠷ ᠬᠢᠨᠠᠨ ᠵᠥᠪᠯᠡᠬᠦ ᠶᠢ ᠣᠷᠣᠯᠠᠭᠤᠯᠵᠤ ᠪᠣᠯᠬᠤ ᠥᠬᠡᠶ᠃ ᠬᠤᠷᠠᠯ ᠳᠤ ᠣᠷᠣᠯᠴᠠᠭᠰᠠᠳ ᠰᠠᠨᠠᠯ ᠢᠶᠠᠨ ᠭᠦᠢᠴᠡᠳ ᠢᠯᠡᠳᠬᠡᠬᠦ ︵ᠵᠥᠪᠰᠢᠶᠡᠷᠡᠬᠦ᠂ ᠡᠰᠡᠷᠭᠦᠴᠡᠬᠦ ᠤᠴᠢᠷ ᠰᠢᠯᠲᠠᠭᠠᠨ ᠪᠠᠭᠲᠠᠨ᠎ᠠ︶ ᠬᠡᠷᠡᠭᠲᠡᠶ᠂ ᠬᠤᠷᠠᠯ ᠳᠤ ᠣᠷᠣᠯᠴᠠᠭᠰᠠᠳ ᠳᠤᠷᠠᠳᠤᠭᠰᠠᠨ ᠰᠠᠨᠠᠯ ᠳᠠᠭᠠᠨ ᠬᠠᠷᠢᠭᠤᠴᠠᠯᠭ᠎ᠠ ᠡᠭᠦᠷᠭᠡᠯᠡᠵᠦ᠂ ᠪᠤᠢ ᠪᠣᠯᠤᠭᠰᠠᠨ ᠰᠢᠢᠳᠪᠦᠷᠢ ︵ᠠᠯᠪᠠᠨ ᠬᠤᠷᠠᠯ ᠤᠨ ᠲᠣᠪᠴᠢ ᠲᠡᠮᠳᠡᠭᠯᠡᠯ︶ ᠶᠢᠨ ᠬᠠᠭᠤᠯᠪᠤᠷᠢ ᠶᠢ ᠲᠦᠷᠦᠯ ᠵᠦᠢᠯ ᠤᠨ ᠮᠠᠲ᠋ᠧᠷᠢᠶᠠᠯ ᠲᠠᠢ ᠬᠠᠮᠲᠤ ᠳᠤᠨᠢ ᠲᠠᠩᠰᠠ ᠡᠪᠬᠡᠮᠡᠯ ᠳᠤ ᠣᠷᠣᠭᠤᠯᠤᠨ ᠬᠠᠳᠠᠭᠠᠯᠠᠵᠤ᠂ ᠪᠠᠶᠢᠴᠠᠭᠠᠬᠤ ᠳᠤ ᠲᠠᠩᠰᠨ ᠲᠠᠢ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠶ᠃      ᠬᠤᠷᠢᠨ ᠳᠣᠯᠣᠳᠤᠭᠠᠷ ᠵᠦᠢᠯ ᠠᠵᠤ ᠠᠬᠤᠶᠢᠯᠠᠯ ᠪᠡᠯᠡ ᠣᠷᠣᠭᠤᠯᠬᠤ ᠠᠴᠠ ᠪᠠᠨ ᠡᠮᠦᠨ᠎ᠡ᠂  ᠲᠦᠷᠦᠯ ᠵᠦᠢᠯ ᠤᠨ ᠰᠣᠩᠭᠤᠯᠲᠠ᠂ ᠡᠮᠦᠨᠡᠬᠢ ᠬᠤᠭᠤᠴᠠᠭᠠᠨ ᠤ ᠨᠤᠲᠠᠯᠠᠯᠲᠠ ᠶᠢᠨ ᠲᠦᠭᠰᠢᠭᠦᠷᠢ ᠶᠢᠨ ᠬᠠᠮᠢᠶᠠᠷᠤᠯᠲᠠ ᠪᠠᠨ ᠴᠢᠩᠭᠠᠳᠬᠠᠬᠤ ᠬᠡᠷᠡᠭᠲᠡᠶ︔ ᠪᠣᠯᠤᠮᠵᠢ ᠶᠢᠨ ᠴᠢᠨᠠᠷᠲᠠᠶ ᠰᠤᠳᠤᠯᠭᠠᠨ ᠪᠠ ᠲᠦᠭᠰᠢᠭᠦᠷᠢ ᠶᠢᠨ ᠵᠠᠳᠠᠯᠤᠯᠲᠠ ᠶᠢ ᠬᠢᠨᠠᠮᠠᠭᠠᠶ ᠥᠷᠨᠢᠭᠦᠯᠵᠦ᠂ ᠲᠥᠷᠥᠯ ᠵᠦᠢᠯ ᠤᠨ ᠪᠠᠯᠠ ᠣᠷᠣᠭᠤᠯᠤᠯᠲᠠ᠂ ᠬᠠᠮᠢᠶᠠᠷᠤᠯᠲᠠ᠂ ᠤᠬᠤᠷᠢᠨ ᠭᠠᠷᠬᠤ ᠪᠥᠬᠦ ᠶᠠᠪᠤᠴᠠ ᠶᠢᠨ ᠰᠤᠳᠤᠯᠭᠠᠨ ᠨᠤᠲᠠᠯᠠᠯᠲᠠ ᠶᠢ ᠰᠠᠶᠢᠲᠤᠷ ᠬᠢᠬᠦ ᠬᠡᠷᠡᠭᠲᠡᠢ᠃ ᠬᠤᠷᠢᠨ ᠨᠠᠢᠮᠠᠳᠤᠭᠠᠷ ᠵᠦᠢᠯ ᠠᠵᠤ ᠠᠬᠤᠶᠢᠯᠠᠯ ᠪᠡᠯᠡ ᠣᠷᠣᠭᠤᠯᠤᠯᠲᠠ ᠶᠢᠨ ᠲᠥᠷᠥᠯ ᠵᠦᠢᠯ ᠢ ᠬᠡᠷᠡᠭᠵᠢᠭᠦᠯᠬᠦ ᠶᠠᠪᠤᠴᠠ ᠳᠤ᠂ ᠪᠠᠶᠢᠭᠤᠯᠤᠭᠰᠠᠨ ᠦᠨ᠎ᠡ ᠶᠢ ᠬᠢᠵᠠᠭᠠᠷᠯᠠᠬᠤ ᠪᠠ ᠪᠠᠷᠢᠯᠭ᠎ᠠ ᠶᠢᠨ ᠬᠤᠭᠤᠴᠠᠭᠠᠨ ᠤ ᠶᠠᠰᠤ ᠴᠢᠨᠠᠷ ᠤᠨ ᠲᠦᠭᠰᠢᠭᠦᠷᠢ ᠶᠢᠨ ᠬᠠᠮᠢᠶᠠᠷᠤᠯᠲᠠ ᠶᠢ ᠴᠢᠩᠭᠠᠷᠠᠭᠤᠯᠵᠤ᠂ ᠲᠥᠷᠥᠯ ᠵᠦᠢᠯ ᠤᠨ ᠪᠡᠯᠡ ᠣᠷᠣᠭᠤᠯᠤᠯᠲᠠ ᠶᠢᠨ ᠲᠦᠢᠮᠣ ᠲᠥᠰᠦᠪ ᠢ ᠴᠢᠩᠭ᠎ᠠ ᠬᠢᠵᠠᠭᠠᠷᠯᠠᠵᠤ᠂ ᠬᠢᠵᠠᠭᠠᠷᠯᠠᠭᠰᠠᠨ ᠬᠡᠮᠵᠢᠶ᠎ᠡ ᠪᠠᠷ ᠵᠢᠷᠤᠭᠯᠠᠨ ᠲᠥᠯᠥᠪᠯᠡᠬᠦ ᠬᠡᠷᠡᠭᠲᠡᠶ᠃      ᠬᠤᠷᠢ ᠶᠢᠰᠦᠳᠦᠭᠡᠷ ᠵᠦᠢᠯ ᠪᠠᠯᠠ ᠣᠷᠣᠭᠤᠯᠤᠯᠲᠠ ᠶᠢᠨ ᠲᠥᠷᠥᠯ ᠵᠦᠢᠯ ᠢ ᠬᠡᠷᠡᠭᠵᠢᠭᠦᠯᠵᠦ ᠳᠠᠭᠤᠰᠤᠭᠰᠠᠨ ᠤ ᠳᠠᠷᠠᠭ᠎ᠠ᠂ ᠠᠵᠤ ᠠᠬᠤᠶᠢᠯᠠᠯ ᠲᠥᠷᠥᠯ ᠵᠦᠢᠯ ᠤᠨ ᠬᠢᠨᠠᠨ ᠪᠤᠳᠤᠯᠲᠠ ᠶᠢᠨ ᠲᠦᠭᠰᠢᠭᠦᠷᠢ ᠶᠢᠨ ᠬᠠᠮᠢᠶᠠᠷᠤᠯᠲᠠ ᠶᠢ ᠴᠢᠩᠭᠠᠳᠬᠠᠵᠤ᠂ ᠪᠠᠯᠠ ᠣᠷᠣᠭᠤᠯᠤᠯᠲᠠ ᠶᠢᠨ ᠲᠥᠷᠥᠯ ᠵᠦᠢᠯ ᠤᠨ ᠲᠤᠰᠬᠠᠶ ᠬᠢᠨᠠᠨ ᠪᠤᠳᠤᠯᠲᠠ ᠶᠢ ᠬᠢᠨᠠᠮᠠᠭᠠᠶ ᠥᠷᠨᠢᠭᠦᠯᠵᠦ᠂ ᠪᠠᠯᠠ ᠣᠷᠣᠭᠤᠯᠤᠯᠲᠠ ᠶᠢᠨ ᠰᠢᠢᠳᠪᠦᠷᠢᠲᠦ ᠪᠣᠳᠣᠯᠭ᠎ᠠ᠂ ᠪᠠᠯᠠ ᠮᠥᠩᠭᠦ ᠶᠢᠨ ᠬᠡᠷᠡᠭᠯᠡᠯᠲᠡ᠂ ᠪᠠᠯᠠ ᠣᠷᠣᠭᠤᠯᠤᠯᠲᠠ ᠶᠢᠨ ᠠᠰᠢᠭ ᠣᠯᠵᠠᠪᠤᠷᠢ᠂ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠵᠡᠷᠭᠡ ᠵᠠᠩᠭᠢᠯᠠᠭ᠎ᠠ ᠶᠢᠨ ᠭᠤᠭᠴᠤᠭ᠎ᠠ ᠶᠢ ᠭᠤᠤᠯᠳᠠᠯᠭ᠎ᠠ ᠲᠠᠢ ᠬᠢᠨᠠᠨ ᠪᠤᠳᠤᠬᠤ ᠬᠡᠷᠡᠭᠲᠡᠶ᠃ ᠭᠤᠴᠢᠳᠤᠭᠠᠷ ᠵᠦᠢᠯ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠠᠵᠤ ᠠᠬᠤᠶᠢᠯᠠᠯ ᠤᠨ ᠪᠡᠯᠡ ᠣᠷᠣᠭᠤᠯᠤᠯᠲᠠ ᠶᠢᠨ ᠲᠦᠭᠰᠢᠭᠦᠷᠢ ᠶᠢᠨ ᠬᠠᠮᠢᠶᠠᠷᠤᠯᠲᠠ ᠪᠠᠨ   ᠴᠢᠩᠭᠠᠳᠬᠠᠬᠤ ᠶᠢ ᠰᠢᠮᠳᠠᠭᠤᠯᠤᠨ ᠬᠢᠨᠠᠨ ᠬᠠᠮᠢᠶᠠᠷᠴᠤ᠂ ᠴᠢᠬᠤᠯᠠ ᠲᠠᠢ ᠦᠶ᠎ᠡ ᠳᠤ ᠬᠢᠨᠠᠨ ᠬᠠᠮᠢᠶᠠᠷᠴᠤ ᠪᠠᠶᠢᠭ᠎ᠠ ᠠᠵᠤ ᠠᠬᠤᠶᠢᠯᠠᠯ ᠤᠨ ᠪᠠᠯᠠ ᠣᠷᠣᠭᠤᠯᠤᠯᠲᠠ ᠶᠢ ᠬᠢᠨᠠᠨ ᠬᠠᠮᠢᠶᠠᠷᠬᠤ ᠰᠢᠰᠲ᠋ᠧᠮᠵᠢ ᠶᠢ ᠪᠡᠶ᠎ᠡ ᠪᠠᠨ ᠳᠠᠭᠠᠭᠠᠭᠰᠠᠨ ᠭᠤᠷᠪᠠᠳᠠᠬᠢ ᠡᠲᠡᠭᠡᠳ ᠤᠨ ᠪᠠᠶᠢᠭᠤᠯᠤᠮᠵᠢ ᠳᠤ ᠨᠠᠶᠢᠳᠠᠨ ᠦᠨᠡᠯᠡᠨ ᠵᠢᠱᠢᠭᠦᠯᠵᠦ᠂ ᠦᠨᠡᠯᠡᠨ ᠵᠢᠱᠢᠭᠰᠡᠨ ᠦᠷ᠎ᠡ ᠳ᠋ᠦᠩ ᠢ ᠬᠢᠨᠠᠨ ᠬᠠᠮᠢᠶᠠᠷᠴᠤ ᠪᠠᠶᠢᠭ᠎ᠠ ᠠᠵᠤ ᠠᠬᠤᠶᠢᠯᠠᠯ ᠳᠤ ᠴᠠᠭ ᠲᠤᠬᠠᠶ ᠳᠤᠨᠢ ᠬᠠᠷᠢᠭᠤ ᠲᠤᠰᠬᠠᠵᠤ᠂ ᠬᠤᠯᠪᠤᠭᠳᠠᠯ ᠪᠥᠬᠦᠶ ᠠᠵᠤ ᠠᠬᠤᠶᠢᠯᠠᠯ ᠦᠨᠡᠯᠡᠨ ᠵᠢᠱᠢᠭᠰᠡᠨ ᠦᠷ᠎ᠡ ᠳ᠋ᠦᠩ ᠤᠨ ᠶᠣᠰᠣᠭᠠᠷ ᠣᠷᠣᠰᠢᠵᠤ ᠪᠠᠶᠢᠭ᠎ᠠ ᠠᠰᠠᠭᠤᠳᠠᠯ ᠢ ᠴᠠᠭ ᠲᠤᠬᠠᠶ ᠳᠤᠨᠢ ᠴᠡᠭᠴᠡᠯᠡᠨ ᠰᠠᠶᠢᠵᠢᠷᠠᠭᠤᠯᠵᠤ᠂ ᠠᠵᠤ ᠠᠬᠤᠶᠢᠯᠠᠯ ᠤᠨ ᠪᠠᠯᠠ ᠣᠷᠣᠭᠤᠯᠤᠯᠲᠠ ᠶᠢᠨ ᠲᠦᠭᠰᠢᠭᠦᠷᠢ ᠶᠢᠨ ᠬᠠᠮᠢᠶᠠᠷᠤᠯᠲᠠ ᠶᠢᠨ ᠰᠢᠰᠲ᠋ᠧᠮᠵᠢ ᠶᠢ ᠪᠦᠷᠢᠨᠰᠢᠬᠦᠯᠦᠨ ᠲᠡᠭᠦᠯᠳᠡᠷᠵᠢᠭᠦᠯᠵᠦ᠂ ᠠᠵᠤ ᠠᠬᠤᠶᠢᠯᠠᠯ ᠤᠨ ᠲᠦᠭᠰᠢᠭᠦᠷᠢ ᠶᠢ ᠡᠰᠡᠷᠭᠦᠴᠡᠬᠦ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠶ᠃      ᠳᠣᠯᠣᠳᠤᠭᠠᠷ ᠪᠦᠯᠦᠭ ᠬᠠᠷᠢᠭᠤᠴᠠᠯᠭ᠎ᠠ ᠨᠡᠬᠡᠮᠵᠢᠯᠡᠬᠦ      ᠭᠤᠴᠢᠨ ᠨᠢᠭᠡᠳᠦᠭᠡᠷ ᠵᠦᠢᠯ ᠠᠵᠤ ᠠᠬᠤᠶᠢᠯᠠᠯ  ᠪᠡᠯᠡ ᠣᠷᠣᠭᠤᠯᠤᠯᠲᠠ ᠶᠢᠨ ᠮᠡᠳᠡᠭᠡ ᠵᠠᠩᠭᠢ ᠪᠠᠨ ᠮᠡᠳᠡᠭᠦᠯᠦᠨ ᠬᠦᠷᠭᠡᠬᠦ ᠬᠠᠷᠢᠭᠤᠴᠠᠯᠭ᠎ᠠ ᠪᠠᠨ ᠭᠦᠢᠴᠡᠳᠬᠡᠵᠦ᠂ ᠪᠡᠯᠡ ᠣᠷᠣᠭᠤᠯᠤᠯᠲᠠ ᠶᠢᠨ ᠮᠡᠳᠡᠭᠡ ᠵᠠᠩᠭᠢ ᠪᠠᠨ ᠮᠡᠳᠡᠭᠦᠯᠬᠦ ᠥᠭᠡᠢ ᠨᠢᠭᠤᠭᠰᠠᠨ᠂ ᠴᠠᠭ ᠲᠤᠬᠠᠶ ᠳᠤᠨᠢ ᠮᠡᠳᠡᠭᠦᠯᠦᠨ ᠬᠦᠷᠭᠡᠭᠰᠡᠨ ᠥᠭᠡᠢ ᠶᠢ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠵᠠᠷᠯᠠᠨ ᠰᠢᠭᠦᠮᠵᠢᠯᠡᠬᠦ ᠬᠡᠷᠡᠭᠲᠡᠶ᠃      ᠭᠤᠴᠢᠨ ᠬᠤᠶᠠᠳᠤᠭᠠᠷ ᠵᠦᠢᠯ ᠲᠤᠰ ᠠᠷᠭ᠎ᠠ ᠶᠢᠨ ᠲᠣᠭᠲᠠᠭᠠᠯ ᠠᠴᠠ ᠵᠥᠷᠢᠴᠡᠭᠰᠡᠨ ᠪᠠᠶᠢᠪᠠᠯ᠂ ᠪᠡᠯᠡ ᠣᠷᠣᠭᠤᠯᠤᠯᠲᠠ ᠶᠢᠨ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠭᠰᠡᠨ ᠦᠭᠡᠶ ᠪᠤᠶᠤ ᠵᠥᠪ ᠣᠨᠣᠪᠴᠢᠲᠠᠶ ᠭᠦᠢᠴᠡᠳᠬᠡᠭᠰᠡᠨ ᠦᠭᠡᠶ᠂ ᠤᠯᠤᠰ ᠤᠨ ᠥᠮᠴᠢᠯᠡᠯ ᠤᠨ ᠡᠳ᠋ ᠬᠥᠷᠥᠩᠭᠡ ᠳᠤ ᠬᠤᠬᠢᠷᠠᠯ ᠤᠴᠠᠷᠠᠭᠤᠯᠤᠭᠰᠠᠨ ᠵᠢᠴᠢ ᠪᠤᠰᠤᠳ ᠬᠦᠨᠳᠦ ᠨᠣᠴᠢᠲᠠᠶ ᠮᠠᠭᠤ ᠦᠷ᠎ᠡ ᠳ᠋ᠦᠩ ᠳᠤ ᠬᠦᠷᠭᠡᠭᠰᠡᠨ ᠪᠠᠶᠢᠪᠠᠯ᠂ ︽ᠠᠵᠤ ᠠᠬᠤᠶᠢᠯᠠᠯ ᠤᠨ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠠᠤᠯᠢ︾ ︽ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠤᠳᠤᠷᠢᠳᠬᠤ ᠬᠥᠮᠦᠰ ᠤᠨ ᠠᠷᠢᠭᠤᠨ ᠴᠢᠬᠡᠴᠢ ᠪᠠᠷ ᠠᠵᠢᠯ ᠡᠷᠭᠢᠯᠡᠬᠦ ᠲᠣᠭᠲᠠᠭᠠᠯ ᠤᠳ︾ ︽ᠬᠥᠬᠡᠬᠤᠲᠠ ᠶᠢᠨ ᠬᠠᠷᠢᠶ᠎ᠠ ᠤᠯᠤᠰ ᠤᠨ ᠦᠮᠴᠢᠯᠡᠯᠲᠦ ᠠᠵᠤ ᠠᠬᠤᠶᠢᠯᠠᠯ ᠤᠨ ᠲᠣᠭᠲᠠᠭᠠᠯ ᠠᠴᠠ ᠵᠦᠷᠢᠴᠡᠭᠰᠡᠨ ᠡᠵᠡᠩᠨᠡᠯᠲᠡ ᠪᠠᠯᠠ ᠣᠷᠣᠭᠤᠯᠤᠯᠲᠠ ᠠᠴᠠ ᠬᠠᠷᠢᠭᠤᠴᠠᠯᠭ᠎ᠠ ᠨᠡᠬᠡᠮᠵᠢᠯᠡᠬᠦ ᠠᠷᠭ᠎ᠠ︾ ︵ᠬᠥᠬᠡᠬᠤᠲᠠ ᠵᠠᠰᠠᠭ ᠠᠯᠪᠠᠨ ᠲᠠᠷᠬᠠᠭᠠᠭᠰᠠᠨ ︹ 2020 ︺7 ᠳ᠋ᠤᠭᠠᠷ ᠲᠣᠭᠠᠲᠤ︶ ᠵᠡᠷᠭᠡ  ᠬᠠᠮᠢᠶ᠎ᠠ ᠪᠥᠬᠦᠶ ᠲᠣᠭᠲᠠᠭᠠᠯ ᠶᠣᠰᠣᠭᠠᠷ᠂ ᠬᠠᠮᠢᠶ᠎ᠠ ᠪᠥᠬᠦᠶ ᠰᠠᠯᠠᠭ᠎ᠠ ᠮᠥᠴᠢᠷ ᠠᠵᠤ ᠠᠬᠤᠶᠢᠯᠠᠯ ᠤᠨ ᠡᠵᠡᠩᠨᠡᠭᠴᠢ ᠬᠠᠮᠢᠶᠠᠷᠤᠭᠴᠢ ᠠᠴᠠ ᠬᠠᠷᠢᠭᠤᠴᠠᠯᠭ᠎ᠠ ᠨᠡᠬᠡᠮᠵᠢᠯᠡᠨ᠎ᠡ᠃      ᠨᠠᠢᠮᠠᠳᠤᠭᠠᠷ ᠪᠦᠯᠦᠭ ᠳᠠᠭᠠᠯᠳᠤᠭᠤᠯᠤᠭᠰᠠᠨ ᠲᠦᠷᠢᠮ      ᠭᠤᠴᠢᠨ ᠭᠤᠷᠪᠠᠳᠤᠭᠠᠷ ᠵᠦᠢᠯ ᠤᠯᠤᠰ ᠤᠨ ᠥᠮᠴᠢᠯᠡᠯ  ᠤᠨ ᠬᠦᠷᠦᠩᠭᠡ ᠶᠢᠨ ᠡᠵᠡᠩᠨᠡᠯᠲᠡ ᠶᠢᠨ ᠺᠣᠮᠫᠠᠨᠢ ᠨᠢ ᠤᠯᠤᠰ ᠤᠨ ᠥᠮᠴᠢᠯᠡᠯ ᠤᠨ ᠡᠳ᠋ ᠬᠦᠷᠦᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠤᠨ ᠡᠷᠬᠡ ᠣᠯᠭᠤᠭᠰᠠᠨ ᠬᠡᠪᠴᠢᠶᠡᠨ ᠳᠣᠲᠣᠷ᠎ᠠ᠂ ᠠᠵᠤ ᠠᠬᠤᠶᠢᠯᠠᠯ ᠤᠨ ᠪᠡᠯᠡ ᠣᠷᠣᠭᠤᠯᠤᠯᠲᠠ ᠶᠢᠨ ᠵᠦᠢᠯᠡᠰ ᠤᠨ ᠬᠠᠮᠢᠶᠠᠷᠤᠯᠲᠠ ᠡᠵᠡᠮᠳᠡᠯ ᠢ ᠴᠢᠩᠭᠠᠳᠬᠠᠬᠤ ᠬᠡᠷᠡᠭᠲᠡᠢ᠃      ᠭᠤᠴᠢᠨ ᠳᠥᠷᠪᠡᠳᠦᠭᠡᠷ ᠵᠦᠢᠯ ᠲᠤᠰ ᠠᠷᠭ᠎ᠠ ᠶᠢ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠠᠴᠠ ᠬᠠᠷᠢᠭᠤᠴᠠᠨ ᠲᠠᠶᠢᠯᠪᠤᠷᠢᠯᠠᠨ᠎ᠠ᠃ ᠭᠤᠴᠢᠨ ᠲᠠᠪᠤᠳᠤᠭᠠᠷ ᠵᠦᠢᠯ ᠲᠤᠰ ᠠᠷᠭ᠎ᠠ ᠶᠢ ᠳᠠᠷᠤᠮᠠᠯᠯᠠᠨ ᠶᠠᠪᠤᠭᠤᠯᠤᠭᠰᠠᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号