︽ᠬᠥᠬᠡᠬᠤᠲᠠ ᠶᠢᠨ ︿ᠨᠢᠭᠡ ᠰᠦᠯᠵᠢᠶ᠎ᠡ ᠪᠠᠷ ᠨᠡᠶᠢᠳᠡᠮ ᠭᠦᠢᠴᠡᠳᠬᠡᠬᠦ﹀ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠥᠭᠡᠷᠡᠴᠢᠯᠡᠯᠲᠡ ᠶᠢᠨ ᠭᠤᠷᠪᠠᠨ ᠵᠢᠯ ᠤᠨ ᠠᠵᠢᠯᠯᠠᠭ᠎ᠠ ᠶᠢᠨ ᠲᠥᠰᠦᠯ ︵2021 — 2023 ᠣᠨ︶︾ ᠢ ᠨᠡᠶᠢᠲᠡᠯᠡᠬᠦ ᠲᠤᠬᠠᠶ ᠬᠦᠬᠡᠬᠤᠲᠠ ᠶᠢᠨ ᠠᠷᠠᠳ ᠤᠨ ᠵᠠᠰᠠᠭ ᠤᠨ ᠣᠷᠳᠤᠨ ᠤ ᠠᠯᠪᠠᠨ ᠲᠢᠩᠬᠢᠮ ᠤᠨ ᠮᠡᠳᠡᠭᠳᠡᠯ
ᠨᠡᠶᠢᠲᠡᠯᠡᠭᠰᠡᠨ ᠴᠠᠭ᠄
2021/12/6
                 ᠬᠥᠬᠡᠬᠤᠲᠠ ᠵᠠᠰᠠᠭ ᠠᠯᠪᠠᠨ ᠥᠰᠥᠭ ︹ 2021 ︺ 71 ᠳ᠋ᠦ᠋ᠭᠡᠷ ᠲᠣᠭᠠᠲᠤ ᠡᠯ᠎ᠡ ᠬᠤᠰᠢᠭᠤ᠂ ᠰᠢᠶᠠᠨ᠂ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠬᠤᠲᠠ ᠶᠢᠨ ᠡᠯ᠎ᠡ ᠵᠥᠪᠯᠡᠯ᠂ ᠠᠯᠪᠠᠨ ᠬᠡᠷ᠂ ᠲᠣᠪᠴᠢᠶ᠎ᠠ ᠳᠤ᠄      ︽ᠬᠥᠬᠡᠬᠤᠲᠠ ᠶᠢᠨ ︿ᠨᠢᠭᠡ ᠰᠦᠯᠵᠢᠶ᠎ᠡ ᠪᠠᠷ ᠨᠡᠶᠢᠳᠡᠮ ᠭᠦᠢᠴᠡᠳᠬᠡᠬᠦ﹀ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠭᠤᠷᠪᠠᠨ ᠵᠢᠯ ᠤᠨ ᠠᠵᠢᠯᠯᠠᠭ᠎ᠠ ᠶᠢᠨ ᠲᠥᠰᠦᠯ ︵2021 — 2023 ᠣᠨ︶︾ ᠢ ᠬᠤᠲᠠ ᠶᠢᠨ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ ᠶᠢᠨ ᠶᠣᠰᠣᠭᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠬᠢᠨᠠᠮᠠᠭᠠᠶ ᠰᠠᠶᠢᠲᠤᠷ ᠠᠳᠬᠤᠭᠠᠷᠠᠢ᠃                                   ᠬᠥᠬᠡᠬᠤᠲᠠ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ                                   2021 ᠣᠨ ᠤ 7 ᠰᠠᠷ᠎ᠠ ᠶᠢᠨ 15 ᠤ ᠡᠳᠦᠷ                                                                                                ︵ᠲᠣᠰ ᠮᠠᠲ᠋ᠧᠷᠢᠶᠠᠯ ᠢ ᠢᠯᠡ ᠪᠠᠷ ᠨᠡᠶᠢᠲᠡᠯᠡᠨ᠎ᠡ︶           ᠬᠥᠬᠡᠬᠤᠲᠠ ᠶᠢᠨ ︽ᠨᠢᠭᠡ ᠰᠦᠯᠵᠢᠶ᠎ᠡ ᠪᠠᠷ ᠨᠡᠶᠢᠳᠡᠮ ᠭᠦᠢᠴᠡᠳᠬᠡᠬᠦ︾ ᠥᠭᠡᠷᠡᠴᠢᠯᠡᠯᠲᠡ ᠶᠢ ᠪᠥᠬᠦ ᠲᠠᠯ᠎ᠠ ᠪᠠᠷ           ᠭᠦᠨᠵᠡᠭᠡᠶᠢᠷᠡᠭᠦᠯᠬᠦ ᠭᠤᠷᠪᠠᠨ ᠵᠢᠯ ᠤᠨ ᠠᠵᠢᠯᠯᠠᠭ᠎ᠠ ᠶᠢᠨ ᠲᠥᠰᠦᠯ ︵2021 — 2023 ᠣᠨ︶      ︽ᠢᠨᠲ᠋ᠧᠷ ᠰᠦᠯᠵᠢᠶ᠎ᠡ + ᠵᠠᠰᠠᠭ ᠤᠨ ᠶᠠᠪᠤᠳᠠᠯ ᠤᠨ ᠦᠢᠯᠡᠴᠢᠯᠡᠭᠡ︾ ᠶᠢᠨ ᠴᠢᠳᠠᠪᠤᠷᠢ ᠪᠠ ᠬᠢᠷᠢ ᠬᠡᠮᠵᠢᠶ᠎ᠡ ᠶᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠤᠯᠠᠮ ᠨᠢᠭᠡ ᠠᠯᠬᠤᠮ ᠰᠢᠯᠢᠳᠡᠭᠵᠢᠭᠦᠯᠬᠦ ᠶᠢᠨ ᠲᠤᠰᠠᠳᠠ᠂ ᠠᠵᠢᠯ ᠤᠨ ᠪᠣᠳᠠᠲᠠᠶ ᠲᠠᠢ ᠪᠠᠨ ᠤᠶᠠᠯᠳᠤᠭᠤᠯᠤᠨ᠂ ᠲᠣᠰ ᠲᠥᠰᠦᠯ ᠢ ᠲᠣᠭᠲᠠᠭᠠᠪᠠ᠃      ᠨᠢᠭᠡ᠂ ᠵᠢᠯᠣᠭᠤᠳᠬᠤ ᠦᠵᠡᠯ ᠰᠠᠨᠠᠭ᠎ᠠ      ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ᠂ ᠲᠠᠪᠤᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ  ᠲᠤᠭᠤᠰᠢᠯᠠᠭᠤᠯᠵᠤ᠂ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠬᠤᠳᠠ ᠶᠢᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠲᠦᠷᠭᠡᠳᠬᠡᠨ ᠠᠬᠢᠭᠤᠯᠵᠤ᠂ ᠬᠤᠳᠠ ᠶᠢᠨ ᠲᠣᠭᠠᠴᠢᠯᠠᠭᠰᠠᠨ ᠤᠢᠢᠯᠠᠭᠠᠭᠳᠠᠬᠤᠨ ᠢ ᠠᠬᠢᠭᠤᠯᠬᠤ ᠬᠡᠷᠡᠭᠲᠡᠢ᠃ ᠣᠶᠢᠯᠠᠭᠠᠭᠳᠠᠬᠤᠨ ᠤ ᠰᠢᠨ᠎ᠡ ᠶᠢ ᠡᠭᠦᠳᠬᠦ ᠪᠠᠷ ᠲᠦᠷᠢᠮ ᠤᠨ ᠰᠢᠨ᠎ᠡ ᠶᠢ ᠡᠭᠦᠳᠬᠦ ᠶᠢ ᠬᠥᠲᠥᠯᠦᠨ ᠳᠠᠭᠠᠭᠤᠯᠬᠤ ᠶᠢ ᠪᠠᠷᠢᠮᠲᠠᠯᠠᠵᠤ᠂ ᠲᠣᠭᠠᠴᠢᠯᠠᠭᠰᠠᠨ ᠬᠡᠯᠪᠡᠷᠢ ᠶᠢ ᠬᠤᠪᠢᠷᠠᠭᠤᠯᠬᠤ ᠪᠠᠷ ᠦᠢᠯᠡᠴᠢᠯᠡᠭᠡᠨ ᠤ ᠠᠷᠭ᠎ᠠ ᠮᠠᠶ᠋ᠢᠭ ᠢ ᠭᠡᠳᠡᠷᠭᠦ ᠰᠢᠬᠠᠵᠤ ᠪᠠᠶᠢᠭᠠᠳ ᠳᠠᠬᠢᠨ ᠱᠤᠭᠤᠵᠤ᠂ ᠲᠣᠮᠣ ᠳ᠋ᠠᠶᠢᠲ᠋ᠠ ᠵᠡᠷᠭᠡ ᠮᠡᠷᠭᠡᠵᠢᠯ ᠢ ᠭᠦᠢᠴᠡᠳ ᠬᠡᠷᠡᠭᠯᠡᠨ ᠂ ᠰᠠᠨᠠᠭᠠᠴᠢᠯᠠᠭᠠᠲᠤ ᠪᠤᠰᠤ ᠦᠢᠯᠡᠴᠢᠯᠡᠭᠡ ᠶᠢ ᠰᠠᠨᠠᠭᠠᠴᠢᠯᠠᠭᠠᠲᠤ ᠦᠢᠯᠡᠴᠢᠯᠡᠭᠡ ᠪᠣᠯᠭᠠᠨ ᠬᠤᠪᠢᠷᠠᠭᠤᠯᠵᠤ᠂ ᠨᠡᠶᠢᠲᠡᠯᠢᠭ ᠴᠢᠨᠠᠷᠲᠠᠶ ᠦᠢᠯᠡᠴᠢᠯᠡᠭᠡ ᠶᠢ ᠥᠪᠡᠷᠮᠢᠴᠡ ᠴᠢᠨᠠᠷᠲᠠᠶ ᠦᠢᠯᠡᠴᠢᠯᠡᠭᠡ ᠪᠣᠯᠭᠠᠨ ᠬᠤᠪᠢᠷᠠᠭᠤᠯᠵᠤ᠂ ︽ᠨᠢᠭᠡ ᠰᠦᠯᠵᠢᠶ᠎ᠡ ᠪᠠᠷ ᠨᠡᠶᠢᠳᠡᠮ ᠭᠦᠢᠴᠡᠳᠬᠡᠬᠦ︾ ᠥᠭᠡᠷᠡᠴᠢᠯᠡᠯᠲᠡ ᠶᠢ ᠲᠠᠰᠤᠷᠠᠯᠲᠠ ᠥᠬᠡᠶ ᠭᠦᠨᠵᠡᠭᠡᠶᠢᠷᠡᠭᠦᠯᠬᠦ ᠶᠢ ᠠᠬᠢᠭᠤᠯᠤᠨ᠎ᠠ᠃      ᠬᠤᠶᠠᠷ᠂ ᠠᠵᠢᠯ ᠤᠨ ᠬᠠᠷᠠᠯᠲᠠ      ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ︽ᠰᠢᠰᠲ᠋ᠧᠮ ᠲᠠᠢ ᠨᠡᠪᠲᠡᠷᠡᠬᠦ᠂ ᠬᠡᠷᠡᠭᠯᠡᠭᠴᠢ ᠲᠠᠢ ᠨᠡᠪᠲᠡᠷᠡᠬᠦ᠂ ᠲᠤᠭ᠎ᠠ ᠪᠠᠷᠢᠮᠲᠠ ᠲᠠᠢ ᠨᠡᠪᠲᠡᠷᠡᠬᠦ᠂ ᠲᠤᠬᠠᠶᠢᠯᠠᠭᠰᠠᠨ ᠠᠵᠢᠯ ᠲᠠᠢ ᠨᠡᠪᠲᠡᠷᠡᠬᠦ᠂ ᠦᠨᠡᠮᠯᠡᠯ ᠭᠡᠷᠡᠴᠢ ᠲᠠᠢ ᠨᠡᠪᠲᠡᠷᠡᠬᠦ︾ ᠶᠢ ᠦᠷᠭᠦᠯᠵᠢᠯᠡᠨ ᠠᠬᠢᠭᠤᠯᠵᠤ᠂ ᠭᠤᠷᠪᠠᠨ ᠵᠢᠯ ᠤᠨ ᠬᠤᠭᠤᠴᠠᠭ᠎ᠠ ᠶᠢ ᠠᠰᠢᠭᠯᠠᠨ᠂ ᠬᠤᠲᠠ ᠶᠢᠨ ᠲᠣᠰ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ᠭᠤᠶᠤᠴᠢᠯᠠᠬᠤ᠂ ᠭᠥᠯᠢᠶᠡᠨ ᠠᠪᠴᠤ ᠰᠢᠢᠳᠪᠦᠷᠢᠯᠡᠬᠦ᠂ ᠬᠢᠨᠠᠨ ᠵᠥᠪᠰᠢᠶᠡᠷᠡᠬᠦ᠂ ᠦᠨᠡᠮᠯᠡᠯ ᠭᠠᠷᠭᠠᠬᠤ᠂ ᠲᠠᠩᠰᠠ ᠡᠪᠬᠡᠮᠡᠯ ᠳᠤ ᠣᠷᠣᠭᠤᠯᠬᠤ ᠪᠥᠬᠦ ᠶᠠᠪᠤᠴᠠ ᠶᠢ ᠡᠯᠧᠺᠲᠷᠣᠨᠴᠢᠯᠠᠬᠤ ᠶᠢ ᠠᠯᠬᠤᠮ ᠠᠯᠬᠤᠮ ᠢᠶᠠᠷ ᠪᠡᠶᠡᠯᠡᠭᠦᠯᠵᠦ᠂ 2021 ᠣᠨ ᠤ 12 ᠳ᠋ᠤᠭᠠᠷ ᠰᠠᠷ᠎ᠠ ᠶᠢᠨ ᠰᠡᠭᠦᠯᠴᠢ ᠪᠣᠯᠲᠠᠯ᠎ᠠ᠂ 208 ᠬᠤᠪᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ︽ᠨᠢᠭᠡ ᠰᠦᠯᠵᠢᠶ᠎ᠡ ᠪᠠᠷ ᠨᠡᠶᠢᠳᠡᠮ ᠭᠦᠢᠴᠡᠳᠬᠡᠬᠦ︾ ︵ᠭᠤᠶᠤᠴᠢᠯᠠᠭᠰᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ  ᠵᠦᠢᠯᠡᠰ ᠢ ᠦᠨᠳᠦᠰᠦᠯᠡᠨ 153 ᠵᠦᠢᠯ᠂ ᠣᠯᠠᠨ ᠨᠡᠶᠢᠲᠡ ᠶᠢᠨ ᠦᠢᠯᠡᠴᠢᠯᠡᠭᠡᠨ ᠤ ᠵᠦᠢᠯ 55︶ ᠶᠢ ᠪᠡᠶᠡᠯᠡᠭᠦᠯᠪᠡ᠃ 2022 ᠣᠨ ᠤ 12 ᠰᠠᠷ᠎ᠠ ᠶᠢᠨ ᠰᠡᠭᠦᠯᠴᠢ ᠪᠣᠯᠬᠤ ᠳᠤ᠂ ︽ᠨᠢᠭᠡ ᠰᠦᠯᠵᠢᠶ᠎ᠡ ᠪᠠᠷ ᠨᠡᠶᠢᠳᠡᠮ ᠭᠦᠢᠴᠡᠳᠬᠡᠬᠦ︾ ᠵᠦᠢᠯᠡᠰ ᠤᠨ ᠲᠤᠭ᠎ᠠ ᠬᠡᠮᠵᠢᠶ᠎ᠡ ᠶᠢ 488 ᠪᠣᠯᠭᠠᠨ ᠥᠷᠭᠡᠳᠬᠡᠨ᠎ᠡ ︵ᠭᠤᠶᠤᠴᠢᠯᠠᠭᠰᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ 205᠂ ᠣᠯᠠᠨ ᠨᠡᠶᠢᠲᠡ ᠶᠢᠨ ᠦᠢᠯᠡᠴᠢᠯᠡᠭᠡᠨ ᠤ ᠵᠦᠢᠯᠡᠰ 75︶︔ 2023 ᠣᠨ ᠤ 12 ᠳ᠋ᠤᠭᠠᠷ ᠰᠠᠷ᠎ᠠ ᠶᠢᠨ ᠰᠡᠭᠦᠯᠴᠢ ᠪᠣᠯᠬᠤ ᠳᠤ᠂ ᠬᠠᠤᠯᠢ ᠴᠠᠭᠠᠵᠠ ᠬᠠᠤᠯᠢ ᠲᠣᠭᠲᠠᠭᠠᠯ ᠳᠤ ᠲᠣᠭᠲᠠᠭᠠᠭᠰᠠᠨ ᠪᠤᠶᠤ ᠤᠯᠤᠰ ᠤᠨ ᠨᠢᠭᠤᠴᠠ ᠳᠤ ᠬᠤᠯᠪᠣᠭᠳᠠᠭᠰᠠᠨ ᠵᠡᠷᠭᠡ ᠪᠠᠶᠢᠳᠠᠯ ᠢ ᠭᠠᠷᠭᠠᠪᠠᠯ᠂ ᠬᠤᠲᠠ ᠶᠢᠨ ᠲᠣᠰ ᠱᠠᠲᠤᠨ ᠤ 90% ᠠᠴᠠ ᠳᠡᠭᠡᠭᠰᠢᠬᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ᠪᠦᠬᠦᠨ ᠢ ᠨᠢᠭᠡ ᠴᠤᠭᠴᠠᠵᠢᠭᠤᠯᠤᠭᠰᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠳᠤ ᠣᠷᠣᠭᠤᠯᠤᠨ ᠭᠦᠢᠴᠡᠳᠬᠡᠵᠣ᠂ ︽ᠨᠢᠭᠡ ᠰᠦᠯᠵᠢᠶ᠎ᠡ ᠪᠠᠷ  ᠨᠡᠶᠢᠳᠡᠮ ᠭᠦᠢᠴᠡᠳᠬᠡᠬᠦ︾ ᠶᠢ ᠪᠡᠶᠡᠯᠡᠭᠦᠯᠦᠨ᠎ᠡ᠃ ᠡᠯ᠎ᠡ ᠬᠤᠰᠢᠭᠤ ᠰᠢᠶᠠᠨ ᠲᠣᠭᠤᠷᠢᠭ᠂ ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠨᠢ ᠬᠤᠲᠠ ᠶᠢᠨ ᠲᠣᠰ ᠱᠠᠲᠤ ᠯᠤᠭ᠎ᠠ ᠭᠤᠷᠪᠠᠨ ᠵᠢᠯ ᠤᠨ ᠠᠵᠢᠯᠯᠠᠭ᠎ᠠ ᠶᠢ ᠵᠡᠷᠭᠡᠪᠡᠷ ᠥᠷᠨᠢᠭᠦᠯᠵᠦ᠂ ᠬᠠᠷᠢᠴᠠᠩᠭᠤᠶ ᠪᠠᠷ ᠲᠥᠪᠯᠡᠷᠡᠭᠰᠡᠨ ᠵᠠᠰᠠᠭ ᠵᠠᠬᠢᠷᠭᠠᠨ ᠤ ᠵᠥᠪᠰᠢᠶᠡᠷᠡᠯ ᠤᠨ ᠡᠷᠬᠡ ᠶᠢᠨ ᠥᠭᠡᠷᠡᠴᠢᠯᠡᠯᠲᠡ ᠲᠠᠢ ᠤᠶᠠᠯᠳᠤᠭᠤᠯᠤᠨ᠂ ︽ᠨᠢᠭᠡ ᠰᠦᠯᠵᠢᠶ᠎ᠡ ᠪᠠᠷ ᠨᠡᠶᠢᠳᠡᠮ  ᠭᠦᠢᠴᠡᠳᠬᠡᠬᠦ︾ ᠬᠠᠷᠠᠯᠲᠠ ᠶᠢᠨ ᠡᠭᠦᠷᠭᠡ ᠶᠢ ᠵᠦᠶ ᠵᠣᠬᠢᠰᠲᠠᠶ ᠲᠣᠭᠲᠠᠭᠠᠨ᠎ᠠ᠃      ᠭᠤᠷᠪᠠ᠂ ᠪᠣᠳᠠᠲᠠᠶ ᠡᠭᠦᠷᠭᠡ      ︵ᠨᠢᠭᠡ︶ ᠲᠤᠬᠠᠶᠢᠯᠠᠭᠰᠠᠨ ᠠᠵᠢᠯ ᠤᠨ ᠰᠢᠰᠲ᠋ᠧᠮ ᠢ ᠦᠨᠳᠦᠰᠦᠯᠡᠨ ᠦᠷ᠎ᠡ ᠪᠦᠲᠦᠭᠡᠯ ᠢ ᠵᠣᠯᠭᠠᠭᠤᠯᠵᠤ᠂ ᠣᠨ ᠤ ᠵᠦᠢᠯᠡᠰ ᠤᠨ ᠨᠠᠷᠢᠨ ᠬᠠᠭᠤᠳᠠᠰᠤ ᠶᠢ ᠲᠣᠳᠣᠷᠬᠠᠶᠢᠯᠠᠨ᠎ᠠ      1. ᠥᠪᠡᠷᠲᠡᠭᠡᠨ ᠵᠠᠰᠠᠬᠤ ᠣᠷᠣᠨ ᠤ 4 ᠲᠤᠬᠠᠶᠢᠯᠠᠭᠰᠠᠨ ᠠᠵᠢᠯ ᠤᠨ ᠰᠢᠰᠲ᠋ᠧᠮ ︵ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠲᠠᠪᠴᠠᠩ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠠᠵᠤ ᠠᠬᠤᠶᠢᠯᠠᠯ ᠳᠤ ᠨᠢᠭᠡ ᠰᠦᠯᠵᠢᠶ᠎ᠡ ᠪᠠᠷ ᠨᠡᠪᠲᠡᠷᠡᠭᠦᠯᠬᠦ ᠲᠠᠪᠴᠠᠩ ᠤᠨ ᠰᠢᠰᠲ᠋ᠧᠮ ᠪᠠ ᠢᠳᠡᠭᠡᠨ ᠪᠠ ᠡᠮ ᠤᠨ ᠵᠦᠢᠯ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠰᠢᠰᠲ᠋ᠧᠮ᠂ ᠠᠷᠠᠳ ᠤᠨ ᠶᠠᠪᠤᠳᠠᠯ ᠤᠨ ᠲᠢᠩᠬᠢᠮ ᠤᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠰᠢᠰᠲ᠋ᠧᠮ︶ ᠢ ᠨᠢᠭᠡ ᠴᠤᠭᠴᠠᠵᠢᠭᠤᠯᠤᠭᠰᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠯᠤᠭ᠎ᠠ ᠲᠤᠬᠠᠶᠢᠯᠠᠭᠰᠠᠨ ᠠᠵᠢᠯ ᠤᠨ ᠬᠠᠮᠵᠢᠯᠴᠠᠭ᠎ᠠ ᠶᠢ ᠪᠡᠶᠡᠯᠡᠭᠦᠯᠦᠭᠰᠡᠨ ᠰᠠᠭᠤᠷᠢᠨ ᠳᠡᠭᠡᠷ᠎ᠡ᠂ ᠰᠢᠰᠲ᠋ᠧᠮ ᠤᠨ ᠴᠢᠳᠠᠮᠵᠢ ᠶᠢᠨ ᠬᠡᠰᠡᠭ ᠢ ᠰᠢᠯᠢᠳᠡᠭᠵᠢᠭᠦᠯᠦᠨ ᠳᠣᠭᠢᠷᠠᠭᠤᠯᠬᠤ ᠶᠢ ᠲᠦᠷᠭᠡᠳᠬᠡᠨ ᠪᠡᠶᠡᠯᠡᠭᠦᠯᠵᠦ᠂ 100 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ︵ᠳᠠᠭᠠᠯᠳᠤᠭᠤᠯᠤᠯ 1︶ ᠤᠨ ︽ᠨᠢᠭᠡ ᠰᠦᠯᠵᠢᠶ᠎ᠡ ᠪᠠᠷ ᠨᠡᠶᠢᠳᠡᠮ  ᠭᠦᠢᠴᠡᠳᠬᠡᠬᠦ︾ ᠶᠢ ᠪᠡᠶᠡᠯᠡᠭᠦᠯᠬᠦ ᠶᠢ ᠠᠬᠢᠭᠤᠯᠤᠨ᠎ᠠ᠃      ᠬᠠᠷᠢᠭᠤᠴᠠᠯᠭᠠᠲᠤ ᠨᠢᠭᠡᠴᠢ᠄ ᠬᠤᠲᠠ ᠶᠢᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ      ᠪᠡᠶᠡᠯᠡᠭᠦᠯᠬᠦ ᠴᠠᠭ ᠤᠨ ᠬᠢᠵᠠᠭᠠᠷ᠄ 2021 ᠣᠨ ᠤ 7 ᠳ᠋ᠤᠭᠠᠷ ᠰᠠᠷ᠎ᠠ      2. ᠥᠪᠡᠷᠲᠡᠭᠡᠨ ᠵᠠᠰᠠᠬᠤ ᠣᠷᠣᠨ ᠤ 7 ᠲᠤᠬᠠᠶᠢᠯᠠᠭᠰᠠᠨ ᠠᠵᠢᠯ ᠤᠨ ᠰᠢᠰᠲ᠋ᠧᠮ ︵ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠰᠦᠯᠵᠢᠶᠡᠨ ᠳᠡᠭᠡᠷᠡᠬᠢ ᠬᠢᠨᠠᠨ ᠵᠥᠪᠰᠢᠶᠡᠷᠡᠬᠦ ᠬᠢᠨᠠᠨ ᠬᠠᠮᠢᠶᠠᠷᠬᠤ ᠲᠠᠪᠴᠠᠩ᠂ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠠᠮᠤᠷ ᠢ ᠬᠠᠮᠠᠭᠠᠯᠠᠬᠤ ᠮᠡᠳᠡᠭᠡ ᠵᠠᠩᠭᠢ ᠶᠢᠨ ᠰᠦᠯᠵᠢᠶ᠎ᠡ ᠪᠠ ᠠᠮᠤᠷ ᠢ ᠬᠠᠮᠠᠭᠠᠯᠠᠬᠤ ᠦᠢᠯᠡᠴᠢᠯᠡᠭᠡᠨ ᠤ ᠬᠢᠨᠠᠯᠲᠠ ᠬᠠᠮᠢᠶᠠᠷᠤᠯᠲᠠ ᠶᠢᠨ ᠮᠡᠳᠡᠭᠡ ᠵᠠᠩᠭᠢ ᠶᠢᠨ ᠰᠢᠰᠲ᠋ᠧᠮ᠂ ᠬᠠᠤᠯᠢ ᠴᠠᠭᠠᠵᠠ ᠶᠢᠨ ᠲᠢᠩᠬᠢᠮ ᠤᠨ ᠣᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠤᠶᠤᠨᠴᠢᠯᠠᠭᠰᠠᠨ ᠨᠢᠭᠡ ᠴᠤᠭᠴᠠᠵᠢᠭᠰᠠᠨ ᠲᠠᠪᠴᠠᠩ ᠪᠠ ᠬᠠᠤᠯᠢᠴᠢ ᠶᠢᠨ ᠶᠡᠷᠦᠩᠬᠡᠶᠢᠯᠡᠭᠰᠡᠨ ᠬᠠᠮᠢᠶᠠᠷᠤᠯᠲᠠ ᠶᠢᠨ ᠲᠠᠪᠴᠠᠩ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠶᠠᠰᠤ ᠴᠢᠨᠠᠷ ᠲᠤ ᠬᠢᠨᠠᠯᠲᠠ ᠲᠠᠯᠪᠢᠬᠤ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠰᠢᠰᠲ᠋ᠧᠮ᠂ ᠠᠮᠢ ᠠᠬᠤᠶ ᠶᠢᠨ ᠣᠷᠴᠢᠨ ᠲᠣᠭᠤᠷᠢᠨ ᠤ ᠲᠢᠩᠬᠢᠮ ᠤᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ ᠬᠠᠮᠢᠶᠠᠷᠤᠯᠲᠠ ᠶᠢᠨ ᠮᠡᠳᠡᠭᠡ ᠵᠠᠩᠭᠢ ᠶᠢᠨ ᠰᠢᠰᠲ᠋ᠧᠮ︶ ᠲᠠᠢ ᠨᠢᠭᠡ ᠴᠤᠭᠴᠠᠵᠢᠭᠰᠠᠨ ᠵᠠᠰᠠᠭ ᠤᠨ ᠶᠠᠪᠤᠳᠠᠯ ᠤᠨ ᠬᠢᠨᠠᠨ ᠵᠥᠪᠰᠢᠶᠡᠷᠡᠬᠦ ᠶᠠᠪᠤᠴᠠ ᠶᠢ ᠪᠥᠬᠦ ᠲᠠᠯ᠎ᠠ ᠪᠠᠷ ᠰᠢᠯᠢᠳᠡᠭᠵᠢᠭᠦᠯᠵᠦ᠂ 108 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ︵ᠳᠠᠭᠠᠯᠳᠤᠭᠤᠯᠤᠯ 1︶ ᠤᠨ ︽ᠨᠢᠭᠡ ᠰᠦᠯᠵᠢᠶ᠎ᠡ ᠪᠠᠷ ᠨᠡᠶᠢᠳᠡᠮ ᠭᠦᠢᠴᠡᠳᠬᠡᠬᠦ︾ ᠶᠢ ᠪᠡᠶᠡᠯᠡᠭᠦᠯᠬᠦ ᠶᠢ ᠠᠬᠢᠭᠤᠯᠤᠨ᠎ᠠ᠃      ᠬᠠᠷᠢᠭᠤᠴᠠᠯᠭᠠᠲᠤ ᠨᠢᠭᠡᠴᠢ᠄ ᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠬᠠᠤᠯᠢ ᠴᠠᠭᠠᠵᠠ ᠶᠢᠨ ᠲᠣᠪᠴᠢᠶ᠎ᠠ᠂ ᠠᠮᠢ ᠠᠬᠤᠶ ᠶᠢᠨ ᠣᠷᠴᠢᠨ ᠲᠣᠭᠤᠷᠢᠨ ᠤ ᠲᠣᠪᠴᠢᠶ᠎ᠠ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠲᠤᠭ᠎ᠠ ᠪᠦᠷᠢᠳᠬᠡᠯ ᠤᠨ ᠲᠣᠪᠴᠢᠶ᠎ᠠ᠂ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ      ᠪᠡᠶᠡᠯᠡᠭᠦᠯᠬᠦ ᠴᠠᠭ ᠤᠨ ᠬᠢᠵᠠᠭᠠᠷ᠄ 2021 ᠣᠨ ᠤ 12 ᠰᠠᠷ᠎ᠠ      3. ᠥᠪᠡᠷᠲᠡᠭᠡᠨ ᠵᠠᠰᠠᠬᠤ ᠣᠷᠣᠨ ᠤ 2 ᠲᠤᠬᠠᠶᠢᠯᠠᠭᠰᠠᠨ ᠠᠵᠢᠯ ᠤᠨ ᠰᠢᠰᠲ᠋ᠧᠮ ︵ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠤᠨ ᠬᠡᠷ ᠪᠠᠶᠢᠰᠢᠩ ᠭᠠᠵᠠᠷ ᠬᠥᠷᠥᠩᠭᠡ ᠶᠢᠨ ᠬᠠᠮᠢᠶᠠᠷᠤᠯᠲᠠ ᠶᠢᠨ ᠰᠢᠰᠲ᠋ᠧᠮ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠢᠳᠡᠭᠡᠨ ᠪᠠ ᠡᠮ ᠤᠨ ᠵᠦᠢᠯ ᠤᠨ ᠵᠠᠰᠠᠭ ᠵᠠᠬᠢᠷᠭᠠᠨ ᠤ ᠵᠥᠪᠰᠢᠶᠡᠷᠡᠯ ᠤᠨ ᠰᠢᠰᠲ᠋ᠧᠮ︶ ᠢ ᠨᠢᠭᠡ ᠴᠤᠭᠴᠠᠵᠢᠭᠤᠯᠤᠭᠰᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠯᠤᠭ᠎ᠠ ᠲᠤᠬᠠᠶᠢᠯᠠᠭᠰᠠᠨ ᠠᠵᠢᠯ ᠤᠨ ᠬᠠᠮᠵᠢᠯᠴᠠᠭ᠎ᠠ ᠶᠢ ᠪᠡᠶᠡᠯᠡᠭᠦᠯᠦᠭᠰᠡᠨ ᠤ ᠳᠠᠷᠠᠭ᠎ᠠ᠂ ᠠᠳᠠᠯᠢ ᠪᠤᠰᠤ  ᠵᠦᠢᠯᠡᠰ ᠢ ᠦᠨᠳᠦᠰᠦᠯᠡᠨ ᠥᠪᠡᠷᠮᠢᠴᠡ ᠬᠡᠷᠡᠭᠴᠡᠭᠡ ᠱᠠᠭᠠᠷᠳᠠᠯᠭ᠎ᠠ ᠶᠢ ᠲᠥᠷᠥᠯ ᠬᠤᠪᠢᠶᠠᠨ ᠡᠮᠬᠢᠯᠡᠨ ᠳᠢᠭᠯᠡᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ᠭᠦᠢᠴᠡᠳᠬᠡᠬᠦ ᠶᠠᠪᠤᠴᠠ ᠶᠢ ᠪᠦᠬᠦᠨ ᠢ ᠨᠢᠭᠡ ᠴᠤᠭᠴᠠᠵᠢᠭᠤᠯᠤᠭᠰᠠᠨ ᠲᠠᠪᠴᠠᠩ ᠤᠨ ᠠᠵᠢᠯᠯᠠᠭᠠᠨ ᠪᠠ ᠬᠠᠮᠢᠶᠠᠷᠤᠯᠲᠠ ᠳᠤ ᠣᠷᠣᠭᠤᠯᠬᠤ ᠶᠢᠨ ᠬᠠᠮᠲᠤ ᠪᠥᠬᠦ ᠲᠠᠯ᠎ᠠ ᠪᠠᠷ ᠢᠯᠡ ᠪᠣᠯᠭᠠᠵᠤ᠂ 280 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ  ᠵᠦᠢᠯᠡᠰ ︵ᠳᠠᠭᠠᠯᠳᠤᠭᠤᠯᠤᠯ 2︶ ᠢ ︽ᠨᠢᠭᠡ ᠰᠦᠯᠵᠢᠶ᠎ᠡ ᠪᠠᠷ ᠨᠡᠶᠢᠳᠡᠮ ᠭᠦᠢᠴᠡᠳᠬᠡᠬᠦ︾ ᠶᠢ ᠪᠡᠶᠡᠯᠡᠭᠦᠯᠬᠦ ᠶᠢ ᠳᠥᠯᠭᠢᠨ ᠠᠬᠢᠭᠤᠯᠤᠨ᠎ᠠ᠃      ᠬᠠᠷᠢᠭᠤᠴᠠᠯᠭᠠᠲᠤ ᠨᠢᠭᠡᠴᠢ᠄ ᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠰᠤᠷᠭᠠᠨ ᠬᠥᠮᠦᠵᠢᠯ ᠤᠨ ᠲᠣᠪᠴᠢᠶ᠎ᠠ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠲᠤᠭ᠎ᠠ ᠪᠦᠷᠢᠳᠬᠡᠯ ᠤᠨ ᠲᠣᠪᠴᠢᠶ᠎ᠠ᠂ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ᠂ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠠᠯᠪᠠᠨ ᠭᠡᠷ      ᠪᠡᠶᠡᠯᠡᠭᠦᠯᠬᠦ ᠴᠠᠭ ᠤᠨ ᠬᠢᠵᠠᠭᠠᠷ᠄ 2022 ᠣᠨ ᠤ 12 ᠰᠠᠷ᠎ᠠ      4. ᠥᠪᠡᠷᠲᠡᠭᠡᠨ ᠵᠠᠰᠠᠬᠤ ᠣᠷᠣᠨ ᠤ 20 ᠲᠤᠬᠠᠶᠢᠯᠠᠭᠰᠠᠨ ᠠᠵᠢᠯ ᠤᠨ ᠰᠢᠰᠲ᠋ᠧᠮ ︵ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠨᠡᠭᠦᠳᠡᠯ ᠬᠥᠮᠦᠰ ᠤᠨ ᠠᠵᠢᠯᠲᠠᠨ ᠤ ᠶᠠᠪᠤᠳᠠᠯ ᠤᠨ ᠳᠠᠩᠰᠠ ᠡᠪᠬᠡᠮᠡᠯ ᠤᠨ ᠬᠠᠮᠢᠶᠠᠷᠤᠯᠲᠠ ᠶᠢᠨ ᠰᠢᠰᠲ᠋ᠧᠮ ᠪᠣᠯᠤᠨ ᠬᠢᠯᠢ ᠪᠠᠷ ᠣᠷᠣᠵᠤ ᠭᠠᠷᠬᠤ ᠬᠠᠮᠢᠶᠠᠷᠤᠯᠲᠠ ᠶᠢᠨ ᠮᠡᠳᠡᠭᠡ ᠵᠠᠩᠭᠢ ᠶᠢᠨ ᠰᠢᠰᠲ᠋ᠧᠮ᠂ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠤᠨ ᠥᠯᠥ ᠬᠥᠳᠡᠯᠬᠦ ᠬᠥᠷᠥᠩᠭᠡ ᠶᠢᠨ ᠨᠢᠭᠡᠳᠦᠯᠲᠡᠶ ᠳᠠᠩᠰᠠᠯᠠᠨ ᠬᠠᠮᠢᠶᠠᠷᠬᠤ ᠲᠠᠪᠴᠠᠩ ᠪᠠ ᠣᠯᠠᠨ ᠱᠠᠲᠤ ᠨᠢᠭᠡ ᠴᠤᠭᠴᠠᠵᠢᠭᠰᠠᠨ ᠵᠠᠰᠠᠭ ᠤᠨ ᠶᠠᠪᠤᠳᠠᠯ ᠤᠨ ᠲᠠᠪᠴᠠᠩ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠤᠨ ᠬᠥᠳᠡᠯᠮᠦᠷᠢ ᠬᠦᠴᠦᠨ ᠬᠡᠷᠡᠭᠯᠡᠬᠦ ᠶᠢ ᠳᠠᠩᠰᠠᠯᠠᠬᠤ ᠰᠢᠰᠲ᠋ᠧᠮ᠂ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠢ ᠰᠦᠯᠵᠢᠶᠡᠨ ᠳᠡᠭᠡᠷ᠎ᠡ ᠮᠡᠳᠡᠭᠦᠯᠬᠦ ᠰᠢᠰᠲ᠋ᠧᠮ᠂ ᠨᠡᠶᠢᠭᠡᠮ ᠤᠨ ᠳᠠᠭᠠᠳᠬᠠᠯ ᠤᠨ ᠬᠠᠮᠢᠶᠠᠷᠤᠯᠲᠠ ᠶᠢᠨ ᠮᠡᠳᠡᠭᠡ ᠵᠠᠩᠭᠢ ᠶᠢᠨ ᠰᠢᠰᠲ᠋ᠧᠮ᠂ ᠠᠯᠪᠠᠨ ᠪᠠᠶᠢᠭᠤᠯᠭ᠎ᠠ ᠠᠵᠢᠯ ᠦᠢᠯᠡᠰ ᠤᠨ ᠨᠢᠭᠡᠴᠢ ᠶᠢᠨ ᠨᠠᠰᠤᠵᠢᠯ ᠤᠨ ᠳᠠᠭᠠᠳᠬᠠᠯ ᠤᠨ ᠬᠠᠮᠢᠶᠠᠷᠤᠯᠲᠠ ᠶᠢᠨ ᠮᠡᠳᠡᠭᠡ ᠵᠠᠩᠭᠢ ᠶᠢᠨ ᠰᠢᠰᠲ᠋ᠧᠮ᠂ ᠬᠥᠳᠡᠯᠮᠦᠷᠢ ᠠᠵᠢᠯ ᠣᠯᠭᠤᠯᠲᠠ ᠶᠢᠨ ᠭᠤᠣᠯᠯᠠᠭᠴᠢ ᠲᠤᠬᠠᠶᠢᠯᠠᠭᠰᠠᠨ ᠠᠵᠢᠯ ᠤᠨ ᠬᠤᠪᠢᠶᠠᠷᠢ ᠰᠢᠰᠲ᠋ᠧᠮ᠂ ᠴᠢᠳᠠᠪᠤᠷᠢᠲᠠᠨ ᠤ ᠮᠡᠳᠡᠭᠡ ᠵᠠᠩᠭᠢ ᠶᠢᠨ ᠬᠥᠮᠥᠷᠭᠡ᠂ ᠬᠤᠲᠠ ᠪᠠᠯᠭᠠᠰᠤ ᠪᠠ ᠮᠠᠯᠵᠢᠬᠤ ᠲᠠᠷᠢᠶᠠᠯᠠᠬᠤ ᠣᠷᠣᠨ ᠤ ᠰᠠᠭᠤᠭᠠᠯᠢ ᠠᠷᠠᠳ ᠤᠨ ᠨᠡᠶᠢᠭᠡᠮ ᠤᠨ ᠨᠠᠰᠤᠵᠢᠯ ᠤᠨ ᠳᠠᠭᠠᠳᠬᠠᠯ ᠤᠨ ᠰᠢᠰᠲ᠋ᠧᠮ ᠪᠠ ᠨᠡᠶᠢᠭᠡᠮ ᠤᠨ ᠪᠠᠲᠤᠯᠠᠭ᠎ᠠ ᠶᠢᠨ ᠺᠠᠷᠲ ᠤᠨ ᠬᠠᠮᠢᠶᠠᠷᠤᠯᠲᠠ ᠶᠢᠨ ᠰᠢᠰᠲ᠋ᠧᠮ᠂ ᠵᠠᠮ ᠬᠠᠷᠢᠯᠴᠠᠭᠠᠨ ᠤ ᠲᠢᠩᠬᠢᠮ ᠤᠨ ᠵᠠᠮ ᠤᠨ ᠶᠠᠪᠤᠳᠠᠯ ᠤᠨ ᠬᠠᠮᠢᠶᠠᠷᠤᠯᠲᠠ ᠶᠢᠨ ᠰᠢᠰᠲ᠋ᠧᠮ ᠪᠣᠯᠤᠨ ᠲᠡᠭᠡᠭᠡᠪᠦᠷᠢ ᠶᠢᠨ ᠶᠠᠪᠤᠳᠠᠯ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠤᠨ ᠪᠦᠲᠦᠭᠡᠨ ᠪᠠᠶᠢᠭᠤᠯᠤᠯᠲᠠ ᠶᠢᠨ ᠠᠵᠢᠯ ᠲᠥᠷᠥᠯ ᠤᠨ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢ ᠬᠢᠨᠠᠨ ᠲᠣᠭᠲᠠᠭᠠᠬᠤ ᠬᠠᠮᠢᠶᠠᠷᠤᠯᠲᠠ ᠶᠢᠨ ᠰᠢᠰᠲ᠋ᠧᠮ ᠪᠠ ᠭᠠᠯ ᠤᠨᠲᠠᠷᠠᠭᠠᠬᠤ ᠵᠢᠷᠤᠭ ᠲᠥᠯᠥᠪᠯᠡᠭᠡ ᠶᠢ ᠬᠢᠨᠠᠨ ᠪᠠᠶᠢᠴᠠᠭᠠᠵᠤ ᠰᠢᠯᠭᠠᠨ ᠠᠪᠬᠤ ᠮᠡᠳᠡᠭᠡ ᠵᠠᠩᠬᠢ ᠶᠢᠨ ᠲᠠᠪᠴᠠᠩ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢᠨ ᠮᠡᠳᠡᠭᠡ ᠵᠠᠩᠭᠢᠵᠢᠯᠲᠠ ᠶᠢᠨ ᠲᠠᠪᠴᠠᠩ᠂ ᠠᠷᠠᠳ ᠤᠨ ᠶᠠᠪᠤᠳᠠᠯ ᠤᠨ ᠲᠢᠩᠬᠢᠮ ᠤᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠰᠢᠰᠲ᠋ᠧᠮ᠂ ᠠᠮᠢ ᠠᠬᠤᠶ ᠶᠢᠨ ᠣᠷᠴᠢᠨ ᠲᠣᠭᠤᠷᠢᠨ ᠤ ᠲᠢᠩᠬᠢᠮ ᠤᠨ ᠨᠢᠭᠡ ᠰᠦᠯᠵᠢᠶ᠎ᠡ ᠪᠠᠷ ᠨᠡᠶᠢᠳᠡᠮ ᠭᠦᠢᠴᠡᠳᠬᠡᠬᠦ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ᠂ ᠡᠮᠴᠢᠯᠡᠭᠡᠨ ᠤ ᠳᠠᠭᠠᠳᠬᠠᠯ ᠤᠨ ᠲᠣᠪᠴᠢᠶ᠎ᠠ ᠶᠢᠨ ᠣᠨᠳᠣᠤ ᠭᠠᠵᠠᠷ ᠲᠤ ᠡᠮᠨᠡᠭᠦᠯᠬᠦ ᠬᠠᠮᠢᠶᠠᠷᠤᠯᠲᠠ ᠶᠢᠨ ᠮᠡᠳᠡᠭᠡ ᠵᠠᠩᠭᠢ ᠶᠢᠨ ᠰᠢᠰᠲ᠋ᠧᠮ︶ ᠬᠢᠭᠡᠳ ᠨᠢᠭᠡ ᠴᠤᠭᠴᠠᠵᠢᠭᠤᠯᠤᠭᠰᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠤᠨ ᠲᠤᠬᠠᠶᠢᠯᠠᠭᠰᠠᠨ ᠠᠵᠢᠯ ᠤᠨ ᠬᠠᠮᠵᠢᠯᠴᠠᠭ᠎ᠠ ᠶᠢ ᠪᠡᠶᠡᠯᠡᠭᠦᠯᠦᠭᠰᠡᠨ ᠤ ᠳᠠᠷᠠᠭ᠎ᠠ᠂ 549 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ︵ᠳᠠᠭᠠᠯᠳᠤᠭᠤᠯᠤᠯ 3︶ ᠤᠨ ︽ᠨᠢᠭᠡ ᠰᠦᠯᠵᠢᠶ᠎ᠡ ᠪᠠᠷ ᠨᠡᠶᠢᠳᠡᠮ ᠭᠦᠢᠴᠡᠳᠬᠡᠬᠦ︾  ᠶᠢ ᠪᠡᠶᠡᠯᠡᠭᠦᠯᠬᠦ ᠶᠢᠨ ᠠᠬᠢᠭᠤᠯᠤᠨ᠎ᠠ᠃      ᠬᠠᠷᠢᠭᠤᠴᠠᠯᠭᠠᠲᠤ ᠨᠢᠭᠡᠴᠢ᠄ ᠬᠤᠲᠠ ᠶᠢᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠬᠤᠲᠠ ᠶᠢᠨ ᠨᠠᠮ ᠤᠨ ᠬᠤᠷᠢᠶᠠᠨ ᠤ ᠨᠢᠭᠡᠳᠦᠮᠡᠯ ᠹᠷᠣᠨᠲ᠂ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ᠂ ᠤᠰᠤᠨ ᠤ ᠶᠠᠪᠤᠳᠠᠯ ᠤᠨ ᠲᠣᠪᠴᠢᠶ᠎ᠠ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠠᠮᠢ ᠠᠬᠤᠶ ᠶᠢᠨ ᠣᠷᠴᠢᠨ ᠲᠣᠭᠤᠷᠢᠨ ᠤ ᠲᠣᠪᠴᠢᠶ᠎ᠠ᠂ ᠬᠠᠤᠯᠢ ᠴᠠᠭᠠᠵᠠ ᠶᠢᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠠᠷᠠᠳ ᠤᠨ ᠶᠠᠪᠤᠳᠠᠯ ᠤᠨ ᠲᠣᠪᠴᠢᠶ᠎ᠠ᠂ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ᠂ ᠰᠤᠷᠭᠠᠨ ᠬᠥᠮᠦᠵᠢᠯ ᠤᠨ ᠲᠣᠪᠴᠢᠶ᠎ᠠ᠂ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠮᠥᠩᠭᠦᠨ ᠭᠦᠢᠯᠭᠡᠭᠡᠨ ᠤ ᠠᠵᠢᠯ ᠤᠨ ᠠᠯᠪᠠᠨ ᠬᠡᠷ᠂ ᠲᠤᠭ᠎ᠠ ᠪᠦᠷᠢᠳᠬᠡᠯ ᠤᠨ ᠲᠣᠪᠴᠢᠶ᠎ᠠ᠂ ᠪᠡᠶ᠎ᠡ ᠶᠢᠨ ᠲᠠᠮᠢᠷ ᠤᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠂ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠠᠯᠪᠠᠨ ᠬᠡᠷ᠂ ᠡᠮ ᠡᠮᠨᠡᠯᠭᠡ ᠶᠢᠨ ᠪᠠᠲᠤᠯᠠᠭ᠎ᠠ ᠶᠢᠨ ᠲᠣᠪᠴᠢᠶ᠎ᠠ᠂ ᠴᠠᠭ ᠠᠭᠤᠷ ᠤᠨ ᠲᠣᠪᠴᠢᠶ᠎ᠠ᠂ ᠰᠢᠤᠳᠠᠨ ᠤ ᠬᠠᠮᠢᠶᠠᠷᠤᠯᠲᠠ ᠶᠢᠨ ᠲᠣᠪᠴᠢᠶ᠎ᠠ᠂ ᠭᠠᠯ ᠤᠨᠲᠠᠷᠠᠭᠠᠵᠤ ᠠᠪᠤᠷᠠᠨ ᠲᠤᠰᠠᠯᠠᠬᠤ ᠰᠠᠯᠪᠤᠷᠢ ᠠᠩᠭᠢ      ᠪᠡᠶᠡᠯᠡᠭᠦᠯᠬᠦ ᠴᠠᠭ ᠤᠨ ᠬᠢᠵᠠᠭᠠᠷ᠄ 2023 ᠣᠨ ᠤ 12 ᠰᠠᠷ᠎ᠠ      5. ᠬᠤᠲᠠ ᠶᠢᠨ ᠲᠣᠰ ᠱᠠᠲᠤᠨ ᠤ ᠲᠤᠬᠠᠶᠢᠯᠠᠭᠰᠠᠨ ᠠᠵᠢᠯ ᠤᠨ ᠰᠢᠰᠲ᠋ᠧᠮ ᠥᠬᠡᠶ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ᠪᠥᠬᠦ ᠲᠠᠯ᠎ᠠ ᠪᠠᠷ ᠤᠶᠢᠯᠠᠭᠠᠨ ᠵᠢᠭᠰᠠᠭᠠᠵᠤ ᠡᠮᠬᠢᠯᠡᠨ ᠳᠢᠭᠯᠡᠵᠦ᠂ ᠰᠦᠯᠵᠢᠶᠡᠨ ᠳᠡᠭᠡᠷ᠎ᠡ ᠪᠠ ᠰᠦᠯᠵᠢᠶᠡᠨ ᠭᠠᠳᠠᠨᠠᠬᠢ ᠶᠢ ᠬᠠᠷᠢᠯᠴᠠᠨ ᠨᠢᠭᠡᠳᠦᠯᠲᠡᠶ ᠪᠠᠶᠢᠯᠭᠠᠬᠤ ᠵᠠᠷᠴᠢᠮ ᠶᠣᠰᠣᠭᠠᠷ᠂ ᠨᠢᠭᠡ ᠴᠣᠠᠠᠴᠠᠵᠢᠭᠤᠯᠥᠠᠠᠰᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠳᠤ ᠲᠦᠰᠢᠭᠯᠡᠨ᠂ ᠰᠦᠯᠵᠢᠶᠡᠨ ᠳᠡᠭᠡᠷ᠎ᠡ ᠭᠦᠢᠴᠡᠳᠬᠡᠬᠦ ᠠᠷᠭ᠎ᠠ ᠵᠠᠮ ᠢ ᠨᠡᠭᠡᠭᠡᠵᠦ᠂ ᠭᠦᠢᠴᠡᠳᠬᠡᠬᠦ ᠭᠤᠭᠴᠤᠭ᠎ᠠ ᠪᠠ ᠭᠦᠢᠴᠡᠳᠬᠡᠬᠦ ᠴᠤᠪᠤᠷᠠᠯ ᠢ ᠵᠢᠷᠤᠮᠵᠢᠭᠤᠯᠤᠨ᠂ ᠵᠦᠢᠯᠡᠰ ᠢ ᠭᠦᠢᠴᠡᠳᠬᠡᠬᠦ ᠶᠠᠪᠤᠴᠠ ᠶᠢ ᠨᠢᠭᠡ ᠴᠣᠠᠠᠴᠠᠵᠢᠭᠤᠯᠥᠠᠠᠰᠠᠨ ᠲᠠᠪᠴᠠᠩ ᠤᠨ ᠠᠵᠢᠯᠯᠠᠭᠠᠨ ᠤ ᠬᠠᠮᠢᠶᠠᠷᠤᠯᠲᠠ ᠶᠢᠨ ᠬᠡᠪᠴᠢᠶᠡᠨ ᠳᠤ ᠣᠷᠣᠭᠤᠯᠤᠨ᠎ᠠ᠃      ᠬᠠᠷᠢᠭᠤᠴᠠᠯᠭᠠᠲᠤ ᠨᠢᠭᠡᠴᠢ᠄ ᠬᠤᠲᠠ ᠶᠢᠨ ᠡᠯ᠎ᠡ ᠬᠠᠮᠢᠶ᠎ᠠ ᠪᠥᠬᠦᠶ ᠵᠥᠪᠯᠡᠯ ᠠᠯᠪᠠᠨ ᠬᠡᠷ ᠲᠣᠪᠴᠢᠶ᠎ᠠ      ᠪᠡᠶᠡᠯᠡᠭᠦᠯᠬᠦ ᠴᠠᠭ ᠤᠨ ᠬᠢᠵᠠᠭᠠᠷ᠄ 2021 ᠣᠨ ᠤ 12 ᠰᠠᠷ᠎ᠠ      ︵ᠬᠤᠶᠠᠷ︶ ᠳ᠋ᠠᠶᠢᠲ᠋ᠠ ᠶᠢ ᠬᠠᠮᠲᠤᠪᠠᠷ ᠭᠥᠷᠳᠡᠵᠦ ᠰᠣᠯᠢᠯᠴᠠᠬᠤ ᠪᠠ ᠬᠡᠷᠡᠭᠯᠡᠬᠦ ᠶᠢ ᠠᠬᠢᠭᠤᠯᠤᠨ᠎ᠠ      1. ᠡᠯ᠎ᠡ ᠬᠢᠨᠠᠨ ᠵᠥᠪᠰᠢᠶᠡᠷᠡᠬᠦ ᠰᠠᠯᠠᠭ᠎ᠠ ᠮᠥᠴᠢᠷ ᠤᠳ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠤᠨ ᠬᠠᠤᠯᠢ ᠪᠠᠷ ᠲᠣᠭᠲᠠᠭᠠᠭᠰᠠᠨ ᠴᠢᠬᠤᠯᠠ ᠨᠥᠬᠦᠴᠡᠯ ᠤᠨ ᠮᠠᠲ᠋ᠧᠷᠢᠶᠠᠯ ᠢ ᠦᠨᠳᠦᠰᠦᠯᠡᠨ᠂ ᠣᠨ ᠤ ᠬᠠᠷᠠᠯᠲᠠ ᠶᠢᠨ ᠡᠭᠦᠷᠭᠡ ᠲᠠᠢ ᠪᠠᠨ ᠤᠶᠠᠯᠳᠤᠭᠤᠯᠤᠨ᠂ ᠰᠠᠯᠠᠭ᠎ᠠ ᠮᠥᠴᠢᠷ ᠤᠨ ᠬᠤᠭᠤᠷᠣᠨᠳᠣᠬᠢ ᠳ᠋ᠠᠶᠢᠲ᠋ᠠ ᠶᠢ ᠬᠠᠮᠲᠤᠪᠠᠷ ᠭᠥᠷᠳᠡᠬᠦ ᠪᠠᠷ ᠳᠡᠮᠵᠢᠨ ᠴᠣᠮᠬᠠᠳᠬᠠᠵᠤ ᠪᠣᠯᠬᠤ ᠠᠵᠢᠯ ᠶᠠᠪᠤᠳᠠᠯ ᠭᠦᠢᠴᠡᠳᠬᠡᠬᠦ ᠮᠠᠲ᠋ᠧᠷᠢᠶᠠᠯ ᠢ ᠡᠮᠬᠢᠯᠡᠨ ᠳᠢᠭᠯᠡᠵᠦ᠂ ᠬᠠᠮᠲᠤᠪᠠᠷ ᠭᠥᠷᠳᠡᠬᠦ ᠳᠤ ᠬᠡᠷᠡᠭᠰᠡᠬᠦ ᠮᠠᠲ᠋ᠧᠷᠢᠶᠠᠯ ᠤᠨ ᠨᠡᠷᠡᠶᠢᠳᠦᠯ᠂ ᠮᠡᠳᠡᠭᠡ ᠵᠠᠩᠭᠢ ᠶᠢᠨ ᠵᠦᠢᠯ᠂ ᠬᠠᠩᠭᠠᠭᠰᠠᠨ ᠨᠢᠭᠡᠴᠢ᠂ ᠬᠡᠷᠡᠭᠯᠡᠬᠦ ᠠᠷᠭ᠎ᠠ ᠮᠠᠶ᠋ᠢᠭ᠂ ᠬᠡᠷᠡᠭᠯᠡᠬᠦ ᠵᠣᠷᠢᠯᠭ᠎ᠠ ᠵᠢᠴᠢ ᠵᠦᠢᠯᠡᠰ ᠢ ᠭᠦᠢᠴᠡᠳᠬᠡᠭᠰᠡᠨ ᠦᠷ᠎ᠡ ᠳ᠋ᠦᠩ ᠵᠡᠷᠭᠡ ᠮᠡᠳᠡᠭᠡ ᠵᠠᠩᠭᠢ ᠶᠢ ᠲᠣᠳᠣᠷᠬᠠᠶᠢᠯᠠᠵᠤ᠂ ᠳ᠋ᠠᠶᠢᠲ᠋ᠠ ᠶᠢᠨ ᠬᠡᠷᠡᠭᠴᠡᠭᠡ ᠱᠠᠭᠠᠷᠳᠠᠯᠭ᠎ᠠ ᠶᠢᠨ ᠨᠠᠷᠢᠨ ᠬᠠᠭᠤᠳᠠᠰᠤ ᠶᠢ ᠪᠦᠷᠢᠯᠳᠦᠭᠦᠯᠦᠨ᠎ᠡ᠃      ᠲᠦᠷᠦᠭᠦᠯᠡᠨ ᠬᠢᠬᠦ ᠨᠢᠭᠡᠴᠢ᠄ ᠬᠤᠲᠠ ᠶᠢᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ      ᠬᠠᠷᠢᠭᠤᠴᠠᠯᠭᠠᠲᠤ ᠨᠢᠭᠡᠴᠢ᠄ ᠬᠤᠲᠠ ᠶᠢᠨ ᠡᠯ᠎ᠡ ᠵᠥᠪᠯᠡᠯ ᠠᠯᠪᠠᠨ ᠬᠡᠷ ᠲᠣᠪᠴᠢᠶ᠎ᠠ      ᠪᠡᠶᠡᠯᠡᠭᠦᠯᠬᠦ ᠴᠠᠭ ᠤᠨ ᠬᠢᠵᠠᠭᠠᠷ᠄ 2021 ᠣᠨ ᠤ 12 ᠰᠠᠷ᠎ᠠ      2. ᠲᠤᠭ᠎ᠠ ᠪᠠᠷᠢᠮᠲᠠ ᠶᠢᠨ ᠬᠡᠷᠡᠭᠴᠡᠭᠡ ᠱᠠᠭᠠᠷᠳᠠᠯᠭ᠎ᠠ ᠶᠢᠨ ᠨᠠᠷᠢᠨ ᠬᠠᠭᠤᠳᠠᠰᠤ ᠶᠢ ᠦᠨᠳᠦᠰᠦᠯᠡᠨ᠂ ᠬᠠᠮᠢᠶ᠎ᠠ ᠪᠥᠬᠦᠶ ᠰᠠᠯᠠᠭ᠎ᠠ ᠮᠥᠴᠢᠷ ᠢ ᠵᠣᠬᠢᠶᠠᠨ ᠪᠠᠶᠢᠭᠤᠯᠤᠨ ᠬᠠᠩᠭᠠᠯᠭ᠎ᠠ ᠬᠡᠷᠡᠭᠴᠡᠭᠡ ᠶᠢ ᠵᠣᠯᠭᠠᠭᠤᠯᠬᠤ ᠶᠢ ᠥᠷᠨᠢᠭᠦᠯᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠤᠨ ᠲᠤᠭ᠎ᠠ ᠪᠠᠷᠢᠮᠲᠠ ᠶᠢ ᠬᠠᠮᠲᠤᠪᠠᠷ ᠭᠥᠷᠳᠡᠬᠦ ᠡᠭᠦᠷᠭᠡ ᠶᠢᠨ ᠲᠥᠯᠥᠪᠯᠡᠭᠡ ᠶᠢ ᠲᠣᠭᠲᠠᠭᠠᠨ᠂ ︽ᠨᠢᠭᠡ ᠲᠤᠭ᠎ᠠ ᠨᠢᠭᠡ ᠢᠷᠡᠯᠲᠡ ᠲᠠᠢ᠂ ᠬᠥᠳᠡᠯᠦᠩᠭᠦᠶ ᠪᠠᠷ ᠰᠢᠨᠡᠳᠬᠡᠬᠦ︾ ᠵᠠᠷᠴᠢᠮ ᠶᠣᠰᠣᠭᠠᠷ᠂ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠤᠨ ᠭᠠᠷᠴᠠᠭ ᠢ ᠲᠡᠭᠦᠯᠳᠡᠷᠵᠢᠭᠦᠯᠵᠦ᠂ ᠭᠠᠷᠴᠠᠭ ᠪᠠᠶᠢᠪᠠᠯ ᠵᠠᠪᠠᠯ ᠲᠤᠭ᠎ᠠ ᠪᠠᠷᠢᠮᠲᠠ ᠲᠠᠢ ᠪᠠᠶᠢᠬᠤ ᠶᠢ ᠪᠡᠶᠡᠯᠡᠭᠦᠯᠦᠨ᠂ ᠲᠤᠭ᠎ᠠ ᠪᠠᠷᠢᠮᠲᠠ ᠶᠢᠨ ᠰᠢᠨᠡᠳᠬᠡᠯᠲᠡ ᠶᠢ ᠴᠠᠭ ᠲᠤᠬᠠᠶ ᠳᠤᠨᠢ ᠬᠦᠷᠭᠡᠬᠦ ᠶᠢ ᠪᠡᠶᠡᠯᠡᠭᠦᠯᠵᠦ᠂ ᠲᠤᠭ᠎ᠠ ᠪᠠᠷᠢᠮᠲᠠ ᠶᠢᠨ ᠪᠦᠷᠢᠨ ᠪᠦᠲᠦᠨ ᠴᠢᠨᠠᠷ᠂ ᠪᠦᠲᠦᠮᠵᠢᠲᠦ ᠴᠢᠨᠠᠷ ᠪᠠ ᠴᠠᠭ ᠲᠤᠬᠠᠶᠢᠴᠢ ᠴᠢᠨᠠᠷ ᠢ ᠦᠨᠡᠨᠬᠦ ᠪᠠᠲᠤᠯᠠᠨ᠎ᠠ᠃      ᠬᠠᠷᠢᠭᠤᠴᠠᠯᠭᠠᠲᠤ ᠨᠢᠭᠡᠴᠢ᠄ ᠬᠤᠲᠠ ᠶᠢᠨ ᠲᠣᠮᠣ ᠳ᠋ᠠᠶᠢᠲ᠋ᠠ ᠶᠢᠨ ᠬᠠᠮᠢᠶᠠᠷᠤᠯᠲᠠ ᠶᠢᠨ ᠲᠣᠪᠴᠢᠶ᠎ᠠ      ᠪᠡᠶᠡᠯᠡᠭᠦᠯᠬᠦ ᠴᠠᠭ ᠤᠨ ᠬᠢᠵᠠᠭᠠᠷ᠄ 2022 ᠣᠨ ᠤ 3 ᠳ᠋ᠤᠭᠠᠷ ᠰᠠᠷ᠎ᠠ      3. ᠬᠥᠮᠦᠨ ᠠᠮᠠ᠂ ᠬᠠᠤᠯᠢ ᠶᠢᠨ ᠡᠷᠬᠡᠲᠡᠨ᠂ ᠣᠷᠣᠨ ᠵᠠᠶ ᠶᠢᠨ ᠭᠠᠵᠠᠷ ᠵᠦᠶ ᠶᠢᠨ ᠮᠡᠳᠡᠭᠡ ᠵᠠᠩᠭᠢ᠂ ᠨᠡᠶᠢᠭᠡᠮ ᠤᠨ ᠢᠲᠡᠭᠡᠮᠵᠢ ᠶᠢᠨ ᠰᠠᠭᠤᠷᠢ ᠳ᠋ᠠᠶᠢᠲ᠋ᠠ ᠶᠢᠨ ᠬᠥᠮᠥᠷᠭᠡ ᠶᠢ ᠳ᠋ᠠᠶᠢᠲ᠋ᠠ ᠶᠢ ᠬᠠᠮᠲᠤᠪᠠᠷ ᠭᠥᠷᠳᠡᠵᠦ ᠰᠣᠯᠢᠯᠴᠠᠬᠤ ᠲᠠᠪᠴᠠᠩ ᠳᠤ ᠵᠠᠯᠭᠠᠨ ᠣᠷᠣᠭᠤᠯᠵᠤ᠂ ᠳ᠋ᠠᠶᠢᠲ᠋ᠠ ᠶᠢᠨ ᠵᠠᠯᠭᠠᠭᠠᠰᠤ ᠶᠢ ᠲᠦᠷᠭᠡᠳᠬᠡᠨ ᠨᠡᠭᠡᠭᠡᠨ ᠬᠥᠭᠵᠢᠭᠦᠯᠬᠦ ᠶᠢᠨ ᠬᠠᠮᠲᠤ ᠬᠠᠮᠲᠤᠪᠠᠷ ᠭᠥᠷᠳᠡᠬᠦ ᠲᠠᠪᠴᠠᠩ ᠯᠤᠭ᠎ᠠ ᠵᠣᠯᠭᠠᠭᠤᠯᠬᠤ ᠶᠢ ᠪᠡᠶᠡᠯᠡᠭᠦᠯᠵᠦ᠂ ᠣᠨ ᠤ ᠬᠠᠷᠠᠯᠲᠠ ᠶᠢᠨ ᠡᠭᠦᠷᠭᠡ ᠪᠠᠨ ᠤᠷᠤᠭᠰᠢᠲᠠᠶ ᠪᠡᠶᠡᠯᠡᠭᠦᠯᠬᠦ ᠳᠤ ᠰᠠᠭᠤᠷᠢ ᠳ᠋ᠠᠶᠢᠲ᠋ᠠ ᠶᠢᠨ ᠲᠤᠯᠭᠠᠭᠤᠷᠢᠯᠠᠯ ᠬᠠᠩᠭᠠᠨ᠎ᠠ᠃      ᠬᠠᠷᠢᠭᠤᠴᠠᠯᠭᠠᠲᠤ ᠨᠢᠭᠡᠴᠢ᠄ ᠬᠤᠲᠠ ᠶᠢᠨ ᠲᠣᠮᠣ ᠳ᠋ᠠᠶᠢᠲ᠋ᠠ ᠶᠢᠨ ᠬᠠᠮᠢᠶᠠᠷᠤᠯᠲᠠ ᠶᠢᠨ ᠲᠣᠪᠴᠢᠶ᠎ᠠ      ᠪᠡᠶᠡᠯᠡᠭᠦᠯᠬᠦ ᠴᠠᠭ ᠤᠨ ᠬᠢᠵᠠᠭᠠᠷ᠄ 2022 ᠣᠨ ᠤ 3 ᠳ᠋ᠤᠭᠠᠷ ᠰᠠᠷ᠎ᠠ      4. ᠡᠯ᠎ᠡ ᠰᠠᠯᠠᠭ᠎ᠠ ᠮᠥᠴᠢᠷ ᠤᠨ ᠡᠯᠧᠺᠲᠷᠣᠨ ᠭᠡᠷᠡᠴᠢ ᠦᠨᠡᠮᠯᠡᠯ ᠤᠨ ᠰᠢᠰᠲ᠋ᠧᠮ ᠢ ᠵᠣᠯᠭᠠᠭᠤᠯᠬᠤ ᠶᠢ ᠲᠦᠷᠭᠡᠳᠬᠡᠵᠦ᠂ ᠪᠥᠬᠦ ᠬᠤᠲᠠ ᠶᠢᠨ ᠨᠢᠭᠡᠳᠦᠯᠲᠡᠶ ᠡᠯᠧᠺᠲᠷᠣᠨ ᠭᠡᠷᠡᠴᠢ ᠦᠨᠡᠮᠯᠡᠯ ᠤᠨ ᠰᠢᠰᠲ᠋ᠧᠮ ᠤᠨ ᠭᠡᠷᠡᠴᠢ ᠭᠠᠷᠭᠠᠬᠤ ᠪᠠᠷ ᠳᠠᠮᠵᠢᠭᠤᠯᠤᠨ ᠴᠠᠭᠠᠰᠤᠨ ᠭᠡᠷᠡᠴᠢ ᠦᠨᠡᠮᠯᠡᠯ ᠬᠢᠭᠡᠳ ᠡᠯᠧᠺᠲᠷᠣᠨ ᠭᠡᠷᠡᠴᠢ ᠦᠨᠡᠮᠯᠡᠯ ᠢ ᠵᠡᠷᠭᠡᠪᠡᠷ ᠭᠠᠷ ᠤᠨ ᠥᠰᠥᠭ ᠵᠢᠷᠤᠵᠤ ᠶᠠᠪᠤᠭᠤᠯᠬᠤ ᠶᠢ ᠪᠡᠶᠡᠯᠡᠭᠦᠯᠬᠦ ᠶᠢᠨ ᠬᠠᠮᠲᠤ ᠡᠯᠧᠺᠲᠷᠣᠨ ᠲᠠᠮᠠᠭ᠎ᠠ ᠳᠠᠷᠤᠵᠤ᠂ ᠡᠯᠧᠺᠲᠷᠣᠨ ᠭᠡᠷᠡᠴᠢ ᠦᠨᠡᠮᠯᠡᠯ ᠤᠨ ᠲᠤᠭ᠎ᠠ ᠪᠠᠷᠢᠮᠲᠠ ᠶᠢ ᠬᠠᠳᠠᠭᠠᠯᠠᠵᠤ ᠪᠠᠶᠢᠭ᠎ᠠ ᠬᠡᠮᠵᠢᠶ᠎ᠡ᠂ ᠨᠡᠮᠡᠭᠳᠡᠯ ᠤᠨ ᠬᠡᠮᠵᠢᠶ᠎ᠡ ᠶᠢ ᠪᠦᠲᠦᠮᠵᠢᠲᠡᠶ ᠪᠠᠷ ᠴᠤᠭᠯᠠᠭᠤᠯᠤᠨ᠎ᠠ᠃      ᠬᠠᠷᠢᠭᠤᠴᠠᠯᠭᠠᠲᠤ ᠨᠢᠭᠡᠴᠢ᠄ ᠬᠤᠲᠠ ᠶᠢᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ      ᠪᠡᠶᠡᠯᠡᠭᠦᠯᠬᠦ ᠴᠠᠭ ᠤᠨ ᠬᠢᠵᠠᠭᠠᠷ᠄ 2021 ᠣᠨ ᠤ 12 ᠰᠠᠷ᠎ᠠ      5. ᠨᠢᠭᠡ ᠴᠤᠭᠴᠠᠵᠢᠭᠤᠯᠤᠭᠰᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠢ ᠠᠰᠢᠭᠯᠠᠨ ᠬᠠᠮᠲᠤᠪᠠᠷ ᠭᠥᠷᠳᠡᠵᠦ ᠪᠣᠯᠬᠤ ᠦᠨᠡᠮᠯᠡᠯ ᠤᠨ ᠮᠡᠳᠡᠭᠡ ᠵᠠᠩᠭᠢ ᠶᠢ ᠣᠯᠵᠤ᠂ ᠪᠠᠶᠢᠳᠠᠯᠵᠢᠭᠤᠯᠤᠨ ᠬᠡᠷᠡᠭᠯᠡᠬᠦ ᠪᠠᠷ ᠳᠠᠮᠵᠢᠭᠤᠯᠤᠨ ︽ᠬᠤᠶᠠᠷ ᠢ ᠲᠤᠰᠢᠶᠠᠬᠤ ᠠᠴᠠ ᠭᠡᠯᠳᠦᠷᠢᠭᠦᠯᠬᠦ︾ ᠶᠢ ᠠᠯᠬᠤᠮ ᠠᠯᠬᠤᠮ ᠢᠶᠠᠷ ᠪᠡᠶᠡᠯᠡᠭᠦᠯᠦᠨ᠎ᠡ ︵ᠡᠯᠧᠺᠲᠷᠣᠨ ᠦᠨᠡᠮᠯᠡᠯ ᠢ ᠬᠠᠩᠭᠠᠵᠤ ᠳᠡᠶᠢᠯᠪᠡᠯ᠂ ᠵᠠᠷᠴᠢᠮ ᠳᠡᠭᠡᠷ᠎ᠡ ᠪᠠᠨ ᠴᠥᠮ ᠪᠣᠳᠠᠲᠤ ᠴᠣᠭᠴᠠ ᠶᠢᠨ ᠦᠨᠡᠮᠯᠡᠯ ᠢ ᠲᠤᠰᠢᠶᠠᠬᠤ ᠠᠴᠠ ᠭᠡᠯᠳᠦᠷᠢᠭᠦᠯᠦᠨ᠎ᠡ︔ ᠲᠤᠭ᠎ᠠ ᠪᠠᠷᠢᠮᠲᠠ ᠶᠢ ᠬᠠᠮᠲᠤᠪᠠᠷ ᠭᠥᠷᠳᠡᠬᠦ ᠪᠠᠷ ᠳᠡᠮᠵᠢᠨ ᠬᠢᠨᠠᠨ ᠰᠢᠯᠭᠠᠵᠤ ᠳᠡᠶᠢᠯᠬᠦ ᠮᠠᠲ᠋ᠧᠷᠢᠶᠠᠯ ᠢ ᠵᠠᠷᠴᠢᠮ ᠳᠡᠭᠡᠷ᠎ᠡ ᠪᠠᠨ ᠴᠥᠮ ᠲᠤᠰᠢᠶᠠᠬᠤ ᠠᠴᠠ ᠭᠡᠯᠳᠦᠷᠢᠭᠦᠯᠦᠨ᠎ᠡ︶᠃      ᠬᠠᠷᠢᠭᠤᠴᠠᠯᠭᠠᠲᠤ ᠨᠢᠭᠡᠴᠢ᠄ ᠬᠤᠲᠠ ᠶᠢᠨ ᠡᠯ᠎ᠡ ᠵᠥᠪᠯᠡᠯ ᠠᠯᠪᠠᠨ ᠬᠡᠷ ᠲᠣᠪᠴᠢᠶ᠎ᠠ      ᠪᠡᠶᠡᠯᠡᠭᠦᠯᠬᠦ ᠴᠠᠭ ᠤᠨ ᠬᠢᠵᠠᠭᠠᠷ᠄ 2022 ᠣᠨ ᠤ 12 ᠰᠠᠷ᠎ᠠ      ︵ᠭᠤᠷᠪᠠ︶ ᠪᠡᠶ᠎ᠡ ᠬᠡᠮ ᠤᠨ ᠭᠡᠷᠡᠴᠢᠯᠡᠯᠲᠡ ᠶᠢ ᠨᠢᠭᠡᠳᠬᠡᠨ᠎ᠡ      ᠠᠷᠠᠳ ᠢᠷᠭᠡᠳ ᠤᠨ ᠪᠡᠶ᠎ᠡ ᠶᠢᠨ ᠦᠨᠡᠮᠯᠡᠯ ᠤᠨ ᠨᠣᠮᠧᠷ ᠢᠶᠠᠷ ᠴᠣᠷ ᠤᠨ ᠭᠠᠭᠴᠠ ᠲᠡᠮᠳᠡᠭ ᠪᠣᠯᠭᠠᠵᠤ᠂ ᠣᠯᠠᠨ ᠲᠦᠮᠡᠨ ᠤ ᠠᠵᠢᠯ ᠶᠠᠪᠤᠳᠠᠯ ᠭᠦᠢᠴᠡᠳᠬᠡᠬᠦ ᠨᠢᠭᠡᠳᠦᠯᠲᠡᠶ ᠪᠡᠶ᠎ᠡ ᠬᠡᠮ ᠤᠨ ᠭᠡᠷᠡᠴᠢᠯᠡᠯ ᠤᠨ ᠰᠢᠰᠲ᠋ᠧᠮᠵᠢ ᠶᠢ ᠲᠡᠭᠦᠯᠳᠡᠷᠵᠢᠭᠦᠯᠦᠨ᠂ ᠨᠢᠭᠡ ᠴᠤᠭᠴᠠᠵᠢᠭᠤᠯᠤᠭᠰᠠᠨ ᠲᠠᠪᠴᠠᠩ᠂ ᠲᠤᠬᠠᠶᠢᠯᠠᠭᠰᠠᠨ ᠠᠵᠢᠯ ᠤᠨ ᠰᠢᠰᠲ᠋ᠧᠮ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠢᠯᠵᠢᠮᠡᠯ ᠦᠵᠦᠭᠦᠷ ᠤᠨ ᠬᠡᠷᠡᠭᠯᠡᠯᠲᠡ ᠵᠡᠷᠭᠡ ᠠᠳᠠᠯᠢ ᠪᠤᠰᠤ ᠦᠢᠯᠡᠴᠢᠯᠡᠭᠡᠨ ᠤ ᠠᠷᠭ᠎ᠠ ᠵᠠᠮ ᠢᠶᠠᠷ ᠨᠢᠭᠡ ᠯᠡ ᠤᠳᠠᠭ᠎ᠠ ᠳᠤ ᠭᠡᠷᠡᠴᠢᠯᠡᠭᠡ ᠬᠢᠬᠦ᠂ ᠣᠯᠠᠨ ᠴᠡᠭ ᠲᠤ ᠬᠠᠷᠢᠯᠴᠠᠨ ᠬᠤᠯᠪᠣᠭᠠᠯᠠᠬᠤ ᠶᠢ ᠪᠡᠶᠡᠯᠡᠭᠦᠯᠵᠦ᠂ ᠣᠯᠠᠨ ᠲᠦᠮᠡᠨ ᠤ ᠠᠵᠢᠯ ᠶᠠᠪᠤᠳᠠᠯ  ᠭᠦᠢᠴᠡᠳᠬᠡᠬᠦ ᠳᠤ ᠳᠠᠪᠬᠤᠷᠳᠠᠭᠤᠯᠤᠨ ᠳᠠᠩᠰᠠᠯᠠᠬᠤ᠂ ᠳᠠᠪᠬᠤᠷᠳᠠᠭᠤᠯᠤᠨ ᠲᠡᠮᠳᠡᠭᠯᠡᠬᠦ ᠵᠡᠷᠭᠡ ᠠᠰᠠᠭᠤᠳᠠᠯ ᠢ ᠦᠨᠡᠨᠬᠦ ᠰᠢᠢᠳᠪᠦᠷᠢᠯᠡᠨ᠎ᠡ᠃      ᠬᠠᠷᠢᠭᠤᠴᠠᠯᠭᠠᠲᠤ ᠨᠢᠭᠡᠴᠢ᠄ ᠬᠤᠲᠠ ᠶᠢᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ      ᠪᠡᠶᠡᠯᠡᠭᠦᠯᠬᠦ ᠴᠠᠭ ᠤᠨ ᠬᠢᠵᠠᠭᠠᠷ᠄ 2021 ᠣᠨ ᠤ 12 ᠰᠠᠷ᠎ᠠ    ︵ᠳᠥᠷᠪᠡ︶ ᠲᠠᠪᠴᠠᠩ ᠢ ᠳᠡᠯᠭᠡᠷᠡᠭᠦᠯᠦᠨ ᠬᠡᠷᠡᠭᠯᠡᠬᠦ ᠶᠢ ᠴᠢᠩᠭᠠᠳᠬᠠᠨ᠎ᠠ      1. ᠨᠢᠭᠡ ᠴᠤᠭᠴᠠᠵᠢᠭᠤᠯᠤᠭᠰᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠤᠨ ᠠᠵᠢᠯᠯᠠᠭᠤᠯᠤᠨ ᠬᠡᠷᠡᠭᠯᠡᠬᠦ ᠪᠣᠯᠪᠠᠰᠤᠷᠠᠭᠤᠯᠤᠯ ᠢ ᠱᠠᠲᠤ ᠲᠥᠷᠥᠯ ᠬᠤᠪᠢᠶᠠᠨ ᠵᠣᠬᠢᠶᠠᠨ ᠪᠠᠶᠢᠭᠤᠯᠤᠨ ᠥᠷᠨᠢᠭᠦᠯᠵᠦ᠂ ᠴᠣᠩᠬᠤᠪᠴᠢ ᠶᠢᠨ ᠠᠵᠢᠯᠲᠠᠨ ᠢ ᠪᠦᠬᠦᠨ ᠢ ᠬᠠᠮᠤᠷᠬᠤ᠂ ᠠᠵᠢᠯᠯᠠᠵᠤ ᠴᠢᠳᠠᠬᠤ ᠶᠢ ᠦᠨᠡᠨᠬᠦ ᠪᠠᠲᠤᠯᠠᠨ᠎ᠠ᠃      ᠬᠠᠷᠢᠭᠤᠴᠠᠯᠭᠠᠲᠤ ᠨᠢᠭᠡᠴᠢ᠄ ᠬᠤᠲᠠ ᠶᠢᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ      ᠪᠡᠶᠡᠯᠡᠭᠦᠯᠬᠦ ᠴᠠᠭ ᠤᠨ ᠬᠢᠵᠠᠭᠠᠷ᠄ 2021 ᠣᠨ ᠤ 12 ᠰᠠᠷ᠎ᠠ      2. ᠲᠧᠯᠸᠢᠰ᠂ ᠰᠣᠨᠢᠨ ᠰᠡᠳᠬᠦᠯ᠂ ᠢᠨᠲ᠋ᠧᠷ ᠰᠦᠯᠵᠢᠶ᠎ᠡ ᠵᠡᠷᠭᠡ ᠣᠯᠠᠨ ᠵᠦᠢᠯ ᠤᠨ ᠠᠷᠭ᠎ᠠ ᠵᠠᠮ ᠢᠶᠠᠷ ︽ᠨᠢᠭᠡ ᠰᠦᠯᠵᠢᠶ᠎ᠡ ᠪᠠᠷ ᠨᠡᠶᠢᠳᠡᠮ ᠭᠦᠢᠴᠡᠳᠬᠡᠬᠦ︾ ᠠᠵᠢᠯᠯᠠᠭᠠᠨ ᠤ ᠵᠦᠭᠯᠡᠭᠦᠷ᠂ ᠭᠦᠢᠴᠡᠳᠬᠡᠬᠦ ᠠᠬᠢᠴᠠ ᠪᠠ ᠣᠯᠤᠭᠰᠠᠨ ᠦᠷ᠎ᠡ ᠪᠦᠲᠦᠮᠵᠢ ᠶᠢ ᠤᠬᠠᠭᠤᠯᠵᠤ᠂ ᠨᠢᠭᠡ ᠴᠤᠭᠴᠠᠵᠢᠭᠤᠯᠤᠭᠰᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠤᠨ ᠳᠡᠩᠰᠡᠯᠡᠨ ᠬᠡᠷᠡᠭᠯᠡᠬᠦ ᠬᠡᠮᠵᠢᠶ᠎ᠡ ᠶᠢ ᠳᠡᠭᠡᠭᠰᠢᠯᠡᠭᠦᠯᠦᠨ᠂ ᠣᠯᠠᠨ ᠨᠡᠶᠢᠲᠡ ᠶᠢᠨ ᠮᠡᠳᠡᠬᠦ ᠬᠡᠮᠵᠢᠶ᠎ᠡ ᠶᠢ ᠥᠷᠭᠡᠳᠬᠡᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠤᠨ ︽ᠰᠦᠯᠵᠢᠶ᠎ᠡ ᠪᠠᠷ ᠭᠦᠢᠴᠡᠳᠬᠡᠬᠦ ᠨᠣᠷᠮ᠎ᠠ︾ ᠶᠢ ᠳᠡᠭᠡᠭᠰᠢᠯᠡᠭᠦᠯᠦᠨ᠎ᠡ᠃      ᠬᠠᠷᠢᠭᠤᠴᠠᠯᠭᠠᠲᠤ ᠨᠢᠭᠡᠴᠢ᠄ ᠬᠤᠲᠠ ᠶᠢᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ      ᠪᠡᠶᠡᠯᠡᠭᠦᠯᠬᠦ ᠴᠠᠭ ᠤᠨ ᠬᠢᠵᠠᠭᠠᠷ᠄ 2023 ᠣᠨ ᠤ 12 ᠰᠠᠷ᠎ᠠ      ᠳᠥᠷᠪᠡ᠂ ᠠᠵᠢᠯ ᠤᠨ ᠱᠠᠭᠠᠷᠳᠠᠯᠭ᠎ᠠ      ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠭᠤᠤᠯ ᠤᠳᠤᠷᠢᠳᠤᠯᠭ᠎ᠠ ᠨᠢ ︽ᠨᠢᠭᠡ ᠰᠦᠯᠵᠢᠶ᠎ᠡ ᠪᠠᠷ ᠨᠡᠶᠢᠳᠡᠮ  ᠭᠦᠢᠴᠡᠳᠬᠡᠬᠦ︾ ᠥᠭᠡᠷᠡᠴᠢᠯᠡᠯᠲᠡ ᠶᠢᠨ ᠠᠵᠢᠯ ᠢ ᠭᠦᠨᠵᠡᠭᠡᠶᠢᠷᠡᠭᠦᠯᠬᠦ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠷᠠᠭᠤᠯᠤᠨ᠂ ᠪᠣᠭᠤᠮᠲᠠ ᠰᠢᠪᠲᠤᠯᠬᠤ ᠡᠩᠨᠡᠭᠡ ᠶᠢ ᠪᠠᠶᠢᠭᠤᠯᠵᠤ᠂ ᠠᠵᠢᠯ ᠤᠨ ᠲᠣᠭᠲᠠᠴᠠ ᠪᠠᠨ ᠪᠦᠷᠢᠨᠰᠢᠬᠦᠯᠦᠨ᠂ ᠠᠵᠢᠯ ᠤᠨ ᠠᠷᠭ᠎ᠠ ᠬᠡᠮᠵᠢᠶ᠎ᠡ ᠪᠠᠨ ᠨᠠᠷᠢᠯᠢᠬᠵᠢᠭᠤᠯᠵᠤ᠂ ᠰᠢᠨ᠎ᠡ ᠶᠢ ᠡᠭᠦᠳᠬᠦ ᠡᠷᠴᠢᠮ ᠢᠶᠠᠨ ᠴᠢᠩᠭᠠᠷᠠᠭᠤᠯᠬᠤ ᠬᠡᠷᠡᠭᠲᠡᠶ᠃ ᠭᠤᠤᠯ ᠬᠠᠷᠢᠭᠤᠴᠠᠯᠭᠠᠲᠠᠨ ᠨᠥᠬᠦᠳ ᠪᠡᠶ᠎ᠡ ᠪᠠᠷ ᠢᠶᠠᠨ ᠠᠳᠬᠤᠵᠤ᠂ ᠠᠵᠢᠯ ᠤᠨ ᠳᠤᠮᠳᠠᠬᠢ ᠬᠦᠴᠢᠷ ᠠᠰᠠᠭᠤᠳᠠᠯ ᠢ ᠲᠣᠭᠲᠠᠮᠠᠯ ᠬᠤᠭᠤᠴᠠᠭ᠎ᠠ ᠲᠠᠢ ᠪᠠᠷ ᠰᠤᠳᠤᠯᠤᠨ ᠪᠠᠶᠢᠷᠢᠯᠠᠭᠤᠯᠬᠤ ᠪᠠ ᠵᠣᠬᠢᠴᠠᠭᠤᠯᠤᠨ ᠰᠢᠢᠳᠪᠦᠷᠢᠯᠡᠵᠦ᠂ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠪᠣᠳᠠᠲᠠᠶᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃      ︵ᠬᠤᠶᠠᠷ︶ ᠠᠵᠢᠯ ᠤᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠎ᠠ᠃ ᠬᠤᠲᠠ ᠶᠢᠨ ᠵᠠᠰᠠᠭ ᠤᠨ ᠣᠷᠳᠣᠨ ᠤ ᠠᠯᠪᠠᠨ ᠬᠡᠷ ᠨᠢ ᠶᠡᠷᠦᠩᠬᠡᠶ ᠳᠤᠨᠢ ᠨᠢᠭᠡᠳᠦᠯᠲᠡᠶ ᠲᠥᠯᠥᠪᠯᠡᠬᠦ ᠶᠢ ᠬᠠᠷᠢᠭᠤᠴᠠᠵᠤ᠂ ᠠᠬᠢᠭᠤᠯᠬᠤ ᠶᠠᠪᠤᠴᠠ ᠳᠠᠬᠢ ᠬᠦᠴᠢᠷ ᠲᠦᠪᠡᠭᠲᠡᠶ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠨ᠎ᠡ︔ ᠬᠤᠲᠠ ᠶᠢᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠪᠠ ᠲᠣᠮᠣ ᠳ᠋ᠠᠶᠢᠲ᠋ᠠ ᠶᠢᠨ ᠬᠠᠮᠢᠶᠠᠷᠤᠯᠲᠠ ᠶᠢᠨ ᠲᠣᠪᠴᠢᠶ᠎ᠠ ᠨᠢ ᠲᠤᠬᠠᠶᠢᠯᠠᠭᠰᠠᠨ ᠠᠵᠢᠯ ᠤᠨ ᠵᠢᠯᠣᠭᠤᠳᠣᠯᠭ᠎ᠠ ᠪᠠ ᠮᠡᠷᠭᠡᠵᠢᠯ ᠤᠨ ᠪᠠᠲᠤᠯᠠᠭ᠎ᠠ ᠪᠠᠨ ᠴᠢᠩᠭᠠᠳᠬᠠᠵᠤ᠂ ᠬᠠᠮᠢᠶ᠎ᠠ ᠪᠥᠬᠦᠶ ᠪᠠᠶᠢᠳᠠᠯ ᠢ ᠴᠠᠭ ᠲᠤᠬᠠᠶ ᠳᠤᠨᠢ ᠬᠤᠲᠠ ᠶᠢᠨ ᠵᠠᠰᠠᠭ ᠤᠨ ᠣᠷᠳᠣᠨ ᠤ ᠠᠯᠪᠠᠨ ᠭᠡᠷ ᠲᠤ ᠮᠡᠳᠡᠭᠦᠯᠦᠨ᠎ᠡ᠃ ᠡᠯ᠎ᠡ ᠰᠠᠯᠠᠭ᠎ᠠ ᠮᠦᠴᠢᠷ ᠤᠳ ᠢᠳᠡᠪᠬᠢᠲᠡᠶ ᠪᠠᠷ ᠬᠠᠮᠵᠢᠯᠴᠠᠨ᠂ ᠨᠡᠪᠲᠡᠷᠡᠯᠴᠡᠬᠦ ᠪᠠ ᠠᠰᠠᠭᠤᠳᠠᠯ ᠢ ᠬᠠᠷᠢᠭᠤ ᠲᠤᠰᠬᠠᠬᠤ ᠪᠠᠨ ᠴᠢᠩᠭᠠᠳᠬᠠᠵᠤ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠠᠬᠢᠭᠤᠯᠬᠤ ᠭᠤᠤᠯ ᠴᠣᠭᠴᠠ ᠶᠢᠨ ᠬᠠᠷᠢᠭᠤᠴᠠᠯᠭ᠎ᠠ ᠶᠢ ᠦᠨᠡᠨᠬᠦ ᠡᠭᠦᠷᠭᠡᠯᠡᠬᠦ ᠬᠡᠷᠡᠭᠲᠡᠶ᠃      ︵ᠭᠤᠷᠪᠠ︶ ᠮᠥᠷᠳᠡᠨ ᠰᠢᠮᠳᠠᠭᠤᠯᠬᠤ ᠶᠢ ᠴᠢᠩᠭᠠᠷᠠᠭᠤᠯᠤᠨ᠎ᠠ᠃ ᠬᠤᠲᠠ ᠶᠢᠨ ᠵᠠᠰᠠᠭ ᠤᠨ ᠣᠷᠳᠣᠨ ᠤ ᠰᠢᠮᠳᠠᠭᠤᠯᠤᠨ ᠪᠠᠶᠢᠴᠠᠭᠠᠬᠤ ᠲᠠᠰᠤᠭ ᠨᠢ ︽ᠨᠢᠭᠡ ᠰᠦᠯᠵᠢᠶ᠎ᠡ ᠪᠠᠷ ᠨᠡᠶᠢᠳᠡᠮ ᠭᠦᠢᠴᠡᠳᠬᠡᠬᠦ︾ ᠶᠢ ᠭᠦᠨᠵᠡᠭᠡᠶᠢᠷᠡᠭᠦᠯᠬᠦ ᠥᠭᠡᠷᠡᠴᠢᠯᠡᠯᠲᠡ ᠶᠢᠨ ᠬᠠᠷᠠᠯᠲᠠᠲᠤ ᠡᠭᠦᠷᠭᠡ ᠶᠢ ᠣᠨ ᠤ ᠰᠢᠮᠳᠠᠭᠤᠯᠤᠨ ᠪᠠᠶᠢᠴᠠᠭᠠᠬᠤ ᠡᠭᠦᠷᠭᠡ ᠶᠢᠨ ᠨᠠᠷᠢᠨ ᠬᠠᠭᠤᠳᠠᠰᠤᠨ ᠳᠤ ᠣᠷᠣᠭᠤᠯᠵᠤ᠂ ᠲᠣᠭᠲᠠᠮᠠᠯ ᠬᠤᠭᠤᠴᠠᠭ᠎ᠠ ᠲᠠᠢ ᠪᠠᠷ ᠰᠢᠮᠳᠠᠭᠤᠯᠤᠨ ᠪᠠᠶᠢᠴᠠᠭᠠᠵᠤ᠂ ᠠᠵᠢᠯ ᠤᠨ ᠠᠬᠢᠴᠠ ᠶᠢᠨ ᠪᠠᠶᠢᠳᠠᠯ ᠢᠶᠠᠨ ᠮᠡᠳᠡᠭᠳᠡᠵᠦ᠂ ᠠᠰᠠᠭᠤᠳᠠᠯ ᠢ ᠴᠠᠭ ᠲᠤᠬᠠᠶ ᠳᠤᠨᠢ ᠡᠷᠢᠬᠦ ᠶᠢᠨ ᠬᠠᠮᠲᠤ ᠰᠢᠢᠳᠪᠦᠷᠢᠯᠡᠵᠦ᠂ ᠠᠵᠢᠯ ᠢᠶᠠᠨ ᠨᠠᠶᠢᠳᠠᠪᠤᠷᠢᠵᠢᠭᠤᠯᠤᠭᠰᠠᠨ ᠢᠶᠠᠷ ᠬᠦᠷᠦᠯᠴᠡᠬᠦ ᠥᠬᠡᠶ ᠶᠢ ᠨᠢ ᠵᠠᠷᠯᠠᠨ ᠮᠡᠳᠡᠭᠳᠡᠵᠦ ᠬᠠᠷᠢᠭᠤᠴᠠᠯᠭ᠎ᠠ ᠨᠡᠬᠡᠮᠵᠢᠯᠡᠵᠦ᠂ ᠥᠭᠡᠷᠡᠴᠢᠯᠡᠯᠲᠡ ᠶᠢᠨ ᠡᠭᠦᠷᠭᠡ ᠶᠢᠨ ᠤᠷᠤᠭᠰᠢᠲᠠᠶ ᠪᠡᠶᠡᠯᠡᠭᠳᠡᠬᠦ ᠶᠢ ᠦᠨᠡᠨᠬᠦ ᠪᠠᠲᠤᠯᠠᠬᠤ ᠬᠡᠷᠡᠭᠲᠡᠶ᠃ ᠳᠠᠭᠠᠯᠳᠤᠭᠤᠯᠤᠯ᠄ 1.2021 ᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ︽ᠨᠢᠭᠡ ᠰᠦᠯᠵᠢᠶ᠎ᠡ ᠪᠠᠷ ᠨᠡᠶᠢᠳᠡᠮ ᠭᠦᠢᠴᠡᠳᠬᠡᠬᠦ︾ ᠵᠦᠢᠯᠡᠰ ᠤᠨ ᠲᠣᠳᠣᠷᠬᠠᠶ ᠬᠠᠭᠤᠳᠠᠰᠤ               2.2022 ᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ︽ᠨᠢᠭᠡ ᠰᠦᠯᠵᠢᠶ᠎ᠡ ᠪᠠᠷ ᠨᠡᠶᠢᠳᠡᠮ ᠭᠦᠢᠴᠡᠳᠬᠡᠬᠦ︾ ᠵᠦᠢᠯᠡᠰ ᠤᠨ ᠲᠣᠳᠣᠷᠬᠠᠶ ᠬᠠᠭᠤᠳᠠᠰᠤ               3.2023 ᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ︽ᠨᠢᠭᠡ ᠰᠦᠯᠵᠢᠶ᠎ᠡ ᠪᠠᠷ ᠨᠡᠶᠢᠳᠡᠮ ᠭᠦᠢᠴᠡᠳᠬᠡᠬᠦ︾ ᠵᠦᠢᠯᠡᠰ ᠤᠨ ᠲᠣᠳᠣᠷᠬᠠᠶ ᠬᠠᠭᠤᠳᠠᠰᠤ
 
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号