ᠮᠠᠨ ᠤ ᠬᠤᠲᠠ ᠶᠢᠨ ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ ︽ᠨᠢᠭᠡ ᠦᠨᠡᠮᠯᠡᠯ ᠳᠤ ᠨᠢᠭᠡ ᠺᠣᠳ᠋ ᠣᠯᠭᠤᠬᠤ︾ ᠰᠢᠨ᠎ᠡ ᠵᠠᠭᠪᠤᠷ ᠢ ᠬᠡᠷᠡᠭᠵᠢᠭᠦᠯᠪᠡ
ᠨᠡᠶᠢᠲᠡᠯᠡᠭᠰᠡᠨ ᠴᠠᠭ᠄
2021/12/7
      ︵ᠰᠤᠷᠪᠤᠯᠵᠢᠯᠠᠭᠴᠢ ᠰᠦᠩ ᠰᠢᠶᠠᠩ ᠬᠤᠸᠠ  ᠸᠠᠩ ᠵᠦᠩ ᠵᠸᠦ︶ 12 ᠳ᠋ᠤᠭᠠᠷ ᠰᠠᠷ᠎ᠠ ᠶᠢᠨ 6 ᠤ ᠡᠳᠦᠷ ᠬᠤᠳᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠶᠢᠨ ᠦᠯᠦ ᠬᠥᠳᠡᠯᠬᠦ ᠬᠦᠷᠦᠩᠭᠡ ᠶᠢ ᠳᠠᠩᠰᠠᠯᠠᠬᠤ ᠲᠥᠪ ᠠᠴᠠ ᠤᠢᠢᠯᠠᠭᠠᠭᠰᠠᠨ ᠢᠶᠠᠷ᠂ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠤᠯᠠᠮ ᠨᠢᠭᠡ ᠠᠯᠬᠤᠮ   ᠰᠢᠯᠢᠳᠡᠭᠵᠢᠬᠦᠯᠵᠦ᠂ ︽ᠢᠨᠲ᠋ᠧᠷ ᠰᠦᠯᠵᠢᠶ᠎ᠡ + ᠦᠯᠦ ᠬᠥᠳᠡᠯᠬᠦ ᠬᠦᠷᠦᠩᠭᠡ ᠶᠢ ᠳᠠᠩᠰᠠᠯᠠᠬᠤ︾ ᠠᠵᠢᠯ ᠢ ᠭᠦᠨᠵᠡᠭᠡᠢ ᠠᠬᠢᠭᠤᠯᠵᠤ᠂ ᠦᠯᠦ ᠬᠥᠳᠡᠯᠬᠦ ᠬᠦᠷᠦᠩᠭᠡ  ᠶᠢᠨ ᠳᠠᠩᠰᠠᠯᠠᠯᠲᠠ ᠶᠢᠨ ᠠᠷᠠᠳ ᠲᠤ ᠲᠦᠭᠦᠮ ᠪᠣᠯᠭᠠᠬᠤ᠂ ᠲᠦᠷᠭᠡᠨ ᠪᠣᠯᠭᠠᠬᠤ᠂ ᠡᠯᠧᠺᠲᠷᠤᠨᠴᠢᠯᠠᠬᠤ ᠶᠢ ᠦᠷᠭᠦᠯᠵᠢᠯᠡᠨ  ᠲᠡᠭᠡᠭᠰᠢᠯᠡᠭᠦᠯᠬᠦ ᠶᠢᠨ ᠲᠦᠯᠦᠭᠡ  ᠂ ᠲᠣᠰ ᠡᠳᠦᠷ ᠠᠴᠠ ᠡᠬᠢᠯᠡᠨ᠂ ᠮᠠᠨ ᠤ ᠬᠤᠲᠠ ᠶᠢᠨ ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ ᠳᠤ ︽ᠨᠢᠭᠡ ᠦᠨᠡᠮᠯᠡᠯ ᠳᠤ ᠨᠢᠭᠡ ᠺᠣᠳ᠋ ᠣᠯᠭᠤᠬᠤ︾ ᠰᠢᠨ᠎ᠡ ᠵᠠᠭᠪᠤᠷ ᠢ ᠬᠡᠷᠡᠭᠵᠢᠭᠦᠯᠪᠡ — ᠰᠢᠨ᠎ᠡ ᠪᠠᠷ ᠣᠯᠭᠤᠬᠤ ᠥᠯᠥ ᠬᠥᠳᠡᠯᠬᠦ ᠬᠥᠷᠥᠩᠭᠡ ᠶᠢᠨ ᠡᠷᠬᠡ ᠶᠢᠨ ᠦᠨᠡᠮᠯᠡᠯ ᠳᠤ ᠳᠠᠭᠢᠵᠤ ᠴᠠᠭᠠᠰᠤᠨ ᠳᠠᠭᠠᠯᠲᠠ ᠵᠢᠷᠤᠭ ᠨᠠᠭᠠᠬᠤ ᠥᠬᠡᠶ᠂ ᠦᠨᠡᠮᠯᠡᠯ ᠠᠪᠴᠤ ᠪᠠᠶᠢᠭ᠎ᠠ ᠬᠥᠮᠦᠨ ᠥᠯᠥ ᠬᠥᠳᠡᠯᠬᠦ ᠬᠥᠷᠥᠩᠭᠡ ᠶᠢᠨ ᠡᠷᠬᠡ ᠶᠢᠨ ᠦᠨᠡᠮᠯᠡᠯ ᠤᠨ ᠳᠠᠭᠠᠯᠲᠠ ᠵᠢᠷᠤᠭ ᠤᠨ ᠨᠢᠭᠤᠷ ᠲᠠᠬᠢ ᠺᠣᠳ᠋ ᠢ ᠰᠢᠷᠪᠢᠵᠦ᠂ ᠲᠣᠰ ᠥᠯᠥ ᠬᠥᠳᠡᠯᠬᠦ ᠬᠥᠷᠥᠩᠭᠡ ᠶᠢᠨ ᠢᠯᠡᠳᠬᠡᠮᠵᠢ ᠵᠢᠷᠤᠭ᠂ ᠡᠷᠦᠬᠡ ᠬᠤᠪᠢᠶᠠᠭᠰᠠᠨ ᠵᠢᠷᠤᠭ ᠵᠡᠷᠭᠡ ᠵᠢᠷᠤᠭ ᠤᠨ ᠮᠡᠳᠡᠭᠡ ᠵᠠᠩᠭᠢ ᠶᠢ ᠪᠠᠶᠢᠴᠠᠭᠠᠨ ᠦᠵᠡᠵᠦ ᠪᠣᠯᠤᠨ᠎ᠠ᠃      ︽ᠨᠢᠭᠡ ᠦᠨᠡᠮᠯᠡᠯ︾ ᠭᠡᠳᠡᠭ ᠨᠢ ᠥᠯᠥ ᠬᠥᠳᠡᠯᠬᠦ ᠬᠥᠷᠥᠩᠭᠡ ᠶᠢᠨ ᠡᠷᠬᠡ ᠶᠢᠨ ᠦᠨᠡᠮᠯᠡᠯ ᠢ ᠵᠢᠭᠠᠵᠤ ᠪᠣᠶ᠂ ︽ᠨᠢᠭᠡ ᠺᠣᠳ᠋︾ ᠭᠡᠳᠡᠭ ᠨᠢ ᠮᠡᠷᠭᠡᠨ ᠴᠣᠬᠤᠷ ᠢ ᠵᠢᠭᠠᠵᠤ ᠪᠣᠶ᠃ ᠥᠩᠭᠡᠷᠡᠭᠰᠡᠨ ᠳᠤ᠂ ᠥᠯᠥ ᠬᠥᠳᠡᠯᠬᠦ ᠬᠥᠷᠥᠩᠭᠡ ᠶᠢᠨ ᠡᠷᠬᠡ ᠶᠢᠨ ᠦᠨᠡᠮᠯᠡᠯ ᠳᠡᠭᠡᠷᠡᠬᠢ ᠢᠯᠡᠳᠬᠡᠮᠵᠢ ᠵᠢᠷᠤᠭ ᠪᠠ ᠡᠷᠦᠬᠡ ᠬᠤᠪᠢᠶᠠᠭᠰᠠᠨ ᠵᠢᠷᠤᠭ ᠢ ᠴᠥᠮ ᠴᠠᠭᠠᠰᠤᠨ ᠳᠠᠭᠠᠯᠲᠠ ᠵᠢᠷᠤᠭ ᠤᠨ ᠬᠡᠯᠪᠡᠷᠢ ᠪᠠᠷ ᠦᠨᠡᠮᠯᠡᠯ ᠣᠯᠭᠤᠭᠴᠢ ᠠᠴᠠ ᠥᠯᠥ ᠬᠥᠳᠡᠯᠬᠦ ᠬᠥᠷᠥᠩᠭᠡ ᠶᠢᠨ ᠡᠷᠬᠡ ᠶᠢᠨ ᠦᠨᠡᠮᠯᠡᠯ ᠳᠡᠭᠡᠷ᠎ᠡ ᠭᠠᠷ ᠢᠶᠠᠷ ᠨᠠᠭᠠᠵᠤ᠂ ᠠᠮᠠᠷᠬᠠᠨ ᠤᠷᠠᠭᠳᠠᠵᠤ ᠰᠦᠢᠳᠬᠦ᠂ ᠭᠡᠭᠡᠭᠳᠡᠬᠦ ᠵᠢᠴᠢ ᠵᠢᠷᠤᠭ ᠢ ᠬᠥᠮᠦᠨ ᠤ ᠬᠦᠴᠦ ᠪᠠᠷ ᠪᠠᠯᠠᠯᠤᠨ ᠥᠭᠡᠷᠡᠲᠦᠭᠦᠯᠬᠦ ᠠᠰᠠᠭᠤᠳᠠᠯ ᠣᠷᠣᠰᠢᠵᠤ ᠪᠠᠶᠢᠪᠠ᠃ ᠡᠭᠦᠨ ᠤ ᠬᠠᠮᠲᠤ᠂ ᠦᠨᠡᠮᠯᠡᠯ ᠣᠯᠭᠤᠭᠴᠢ ᠦᠨᠡᠮᠯᠡᠯ ᠢ ᠰᠡᠯᠪᠢᠨ ᠵᠠᠰᠠᠬᠤ ᠶᠠᠪᠤᠴᠠ ᠳᠤ᠂ ᠵᠢᠷᠤᠭ ᠢ ᠨᠠᠭᠠᠬᠤ᠂ ᠲᠠᠮᠠᠭ᠎ᠠ ᠳᠠᠷᠤᠬᠤ᠂ ᠨᠤᠭᠤᠯᠬᠤ ᠵᠡᠷᠭᠡ ᠣᠯᠠᠨ ᠠᠵᠢᠯ ᠢ ᠬᠢᠵᠦ᠂ ᠦᠷ᠎ᠡ ᠪᠦᠲᠦᠮᠵᠢ ᠶᠢ ᠲᠦᠢᠯ ᠤᠨ ᠶᠡᠭᠡ ᠪᠠᠷ ᠨᠥᠯᠥᠭᠡᠯᠡᠳᠡᠭ᠃ ᠲᠣᠰ ᠤᠳᠠᠭ᠎ᠠ᠂ ᠥᠯᠥ ᠬᠥᠳᠡᠯᠬᠦ ᠬᠥᠷᠥᠩᠭᠡ ᠶᠢᠨ ᠡᠷᠬᠡ ᠶᠢᠨ ᠦᠨᠡᠮᠯᠡᠯ ᠤᠨ ᠳᠠᠭᠠᠯᠲᠠ ᠵᠢᠷᠤᠭ ᠢ  ᠡᠯᠧᠺᠲᠷᠤᠨᠴᠢᠯᠠᠬᠤ ᠥᠭᠡᠷᠡᠴᠢᠯᠡᠯᠲᠡ ᠪᠠᠷ ᠳᠠᠮᠵᠢᠭᠤᠯᠤᠨ᠂ ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ ᠶᠢᠨ ᠦᠷ᠎ᠡ ᠪᠦᠲᠦᠮᠵᠢ ᠶᠢ ᠪᠦᠲᠦᠮᠵᠢᠲᠡᠶ ᠳᠡᠭᠡᠭᠰᠢᠯᠡᠭᠦᠯᠵᠦ᠂ ᠥᠯᠥ ᠬᠥᠳᠡᠯᠬᠦ ᠬᠥᠷᠥᠩᠭᠡ ᠶᠢᠨ ᠡᠷᠬᠡ ᠶᠢᠨ ᠦᠨᠡᠮᠯᠡᠯ ᠤᠨ ᠦᠨᠡᠨ ᠬᠤᠳᠠᠯ ᠤᠨ ᠬᠠᠮᠠᠭᠠᠯᠠᠯᠲᠠ ᠶᠢ ᠴᠢᠩᠭᠠᠳᠬᠠᠨ᠂ ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ ᠶᠢᠨ ᠴᠠᠭ ᠬᠤᠭᠤᠴᠠᠭ᠎ᠠ ᠶᠢ ᠪᠣᠭᠤᠨᠢᠰᠬᠠᠵᠤ᠂ ︽ᠢᠨᠲ᠋ᠧᠷ ᠰᠦᠯᠵᠢᠶ᠎ᠡ +︾ ᠪᠠᠷ ᠳᠠᠮᠵᠢᠭᠤᠯᠤᠨ ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ ᠶᠢ ᠦᠨᠡᠨᠬᠦ ᠨᠠᠩ ᠲᠥᠬᠦᠮ ᠪᠣᠯᠭᠠᠵᠤ᠂ ᠠᠵᠤ ᠠᠬᠤᠶᠢᠯᠠᠯ ᠪᠠ ᠣᠯᠠᠨ ᠲᠦᠮᠡᠨ ᠤ ᠬᠦᠷᠲᠡᠮᠵᠢ ᠶᠢᠨ ᠲᠥᠷᠥᠭᠳᠡᠯ ᠪᠠ ᠵᠣᠯ ᠵᠢᠷᠭᠠᠯ ᠤᠨ ᠲᠥᠷᠥᠭᠳᠡᠯ ᠢ ᠲᠠᠰᠤᠷᠠᠯᠲᠠ ᠥᠬᠡᠶ ᠳᠡᠭᠡᠭᠰᠢᠯᠡᠭᠦᠯᠪᠡ᠃
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号