ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠠᠴᠠ 2021 ᠣᠨ ᠤ ᠬᠤᠲᠠ ᠬᠦᠳᠡᠭᠡ ᠶᠢᠨ ᠠᠯᠪᠠᠨ ᠵᠢᠷᠤᠮ ᠤᠨ ᠰᠤᠷᠭᠠᠨ ᠬᠥᠮᠥᠵᠢᠯ ᠤᠨ ᠰᠤᠷᠭᠠᠭᠤᠯᠢ ᠶᠢᠨ ᠨᠥᠬᠦᠪᠦᠷᠢ ᠵᠠᠷᠤᠳᠠᠯ ᠤᠨ ᠪᠡᠯᠡ ᠮᠥᠩᠭᠦ 28014.51 ᠲᠦᠮᠡᠨ ᠲᠥᠭᠦᠷᠢᠭ ᠪᠠᠭᠤᠯᠭᠠᠪᠠ
ᠨᠡᠶᠢᠲᠡᠯᠡᠭᠰᠡᠨ ᠴᠠᠭ᠄
2021/3/10
      ︵ᠰᠤᠷᠪᠤᠯᠵᠢᠯᠠᠭᠴᠢ ᠰᠦᠩ ᠰᠢᠶᠠᠩ ᠬᠤᠸᠠ︶ ᠬᠤᠲᠠ ᠬᠦᠳᠡᠭᠡ ᠶᠢᠨ ᠠᠯᠪᠠᠨ ᠵᠢᠷᠤᠮ ᠤᠨ ᠰᠤᠷᠭᠠᠨ ᠬᠥᠮᠥᠵᠢᠯ ᠤᠨ ᠰᠤᠷᠭᠠᠭᠤᠯᠢ ᠶᠢᠨ ᠡᠩ ᠤᠨ ᠶᠣᠰᠣᠭᠠᠷ ᠠᠵᠢᠯᠯᠠᠬᠤ ᠶᠢ ᠦᠨᠡᠨᠬᠦ ᠪᠠᠲᠤᠯᠠᠵᠤ᠂ ᠰᠤᠷᠭᠠᠨ ᠬᠥᠮᠥᠵᠢᠯ ᠵᠢᠭᠠᠨ ᠰᠤᠷᠭᠠᠯᠲᠠ ᠶᠢᠨ ᠠᠵᠢᠯᠯᠠᠭ᠎ᠠ ᠪᠠ ᠪᠤᠰᠤᠳ ᠡᠳᠦᠷ ᠳᠣᠲᠣᠮ ᠤᠨ ᠠᠵᠢᠯ ᠤᠨ ᠡᠭᠦᠷᠭᠡ ᠵᠡᠷᠭᠡ ᠲᠠᠯ᠎ᠠ ᠶᠢᠨ ᠵᠠᠷᠤᠳᠠᠯ ᠢ ᠪᠡᠶᠡᠯᠡᠭᠦᠯᠬᠦ ᠶᠢᠨ ᠲᠤᠰᠠᠳᠠ᠂ ︽2021 ᠣᠨ ᠤ ᠬᠤᠲᠠ ᠬᠥᠳᠡᠭᠡ ᠶᠢᠨ ᠠᠯᠪᠠᠨ ᠵᠢᠷᠤᠮ ᠤᠨ ᠰᠤᠷᠭᠠᠨ ᠬᠥᠮᠥᠵᠢᠯ ᠤᠨ ᠨᠥᠬᠦᠪᠦᠷᠢ ᠵᠠᠷᠤᠳᠠᠯ ᠤᠨ  ᠪᠡᠯᠡ ᠮᠥᠩᠭᠦ ᠶᠢᠨ ᠲᠥᠰᠥᠪ ᠢ ᠤᠷᠢᠳᠴᠢᠯᠠᠨ ᠪᠠᠭᠤᠯᠭᠠᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠰᠤᠷᠭᠠᠨ ᠬᠥᠮᠥᠵᠢᠯ ᠤᠨ ᠲᠢᠩᠬᠢᠮ ᠤᠨ ᠮᠡᠳᠡᠭᠳᠡᠯ︾ ᠪᠠ ᠬᠤᠲᠠ ᠶᠢᠨ ᠰᠤᠷᠭᠠᠨ ᠬᠥᠮᠥᠵᠢᠯ ᠤᠨ ᠲᠣᠪᠴᠢᠶ᠎ᠠ ᠶᠢᠨ ᠬᠤᠪᠢᠶᠠᠬᠤ ᠰᠠᠨᠠᠯ ᠢ ᠦᠨᠳᠦᠰᠦᠯᠡᠨ᠂ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠠᠴᠠ ᠣᠷᠴᠢᠮ 2021 ᠣᠨ ᠤ ᠬᠤᠲᠠ ᠬᠦᠳᠡᠭᠡ ᠶᠢᠨ ᠠᠯᠪᠠᠨ ᠵᠢᠷᠤᠮ ᠤᠨ ᠰᠤᠷᠭᠠᠨ ᠬᠥᠮᠥᠵᠢᠯ ᠤᠨ ᠰᠤᠷᠭᠠᠭᠤᠯᠢ ᠶᠢᠨ ᠨᠥᠬᠦᠪᠦᠷᠢ ᠪᠡᠯᠡ ᠮᠥᠩᠭᠦ 28014.51 ᠲᠦᠮᠡᠨ ᠲᠥᠭᠦᠷᠢᠭ ᠪᠠᠭᠤᠯᠭᠠᠪᠠ᠃      ᠡᠨᠡ ᠤᠳᠠᠭᠠᠨ ᠤ ᠪᠠᠭᠤᠯᠭᠠᠭᠰᠠᠨ ᠪᠡᠯᠡ ᠮᠥᠩᠭᠦ ᠳᠤ᠂ ᠠᠯᠪᠠᠨ ᠵᠠᠷᠤᠳᠠᠯ ᠤᠨ ᠪᠡᠯᠡ ᠮᠥᠩᠭᠦ 23289.30 ᠲᠦᠮᠡᠨ ᠲᠥᠭᠦᠷᠢᠭ᠂ ᠰᠤᠷᠭᠠᠭᠤᠯᠢ ᠶᠢᠨ ᠭᠡᠷ ᠪᠠᠶᠢᠰᠢᠩ ᠢ ᠠᠷᠠᠴᠢᠯᠠᠨ  ᠵᠠᠰᠠᠬᠤ ᠪᠠᠶᠢᠩᠭᠤ ᠶᠢᠨ ᠲᠣᠭᠲᠠᠯᠴᠠᠭ᠎ᠠ ᠶᠢᠨ ᠪᠡᠯᠡ ᠮᠥᠩᠭᠦ 2249 ᠲᠦᠮᠡᠨ ᠲᠥᠭᠦᠷᠢᠭ᠂ ᠠᠯᠪᠠᠨ ᠵᠢᠷᠤᠮ ᠤᠨ ᠰᠤᠷᠭᠠᠨ ᠬᠥᠮᠥᠵᠢᠯ ᠤᠨ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢ ᠶᠢᠨ ᠠᠮᠢᠳᠤᠷᠠᠯ ᠤᠨ ᠨᠥᠬᠦᠪᠦᠷᠢ 2286.40 ᠲᠦᠮᠡᠨ ᠲᠥᠭᠦᠷᠢᠭ᠂ ᠰᠢᠮ᠎ᠡ ᠲᠡᠵᠢᠭᠡᠯ ᠢ ᠰᠠᠶᠢᠵᠢᠷᠠᠭᠤᠯᠬᠤ ᠲᠥᠯᠥᠪᠯᠡᠭᠡ ᠶᠢᠨ ᠪᠡᠯᠡ ᠮᠥᠩᠭᠦ 2 ᠲᠦᠮᠡᠨ ᠲᠥᠭᠦᠷᠢᠭ᠂ ᠣᠨᠴᠠᠭᠠᠢ ᠠᠵᠢᠯ ᠤᠨ ᠪᠠᠶᠢᠷᠢ ᠶᠢᠨ ᠪᠠᠭᠰᠢ ᠶᠢᠨ ᠲᠥᠪ ᠤᠨ ᠪᠡᠯᠡ ᠮᠥᠩᠭᠦ 187.814 ᠲᠦᠮᠡᠨ ᠲᠥᠭᠦᠷᠢᠭ ᠣᠷᠣᠪᠠ᠃ 2021 ᠣᠨ ᠳᠤ᠂ ᠲᠥᠪ ᠪᠠ ᠥᠪᠡᠷᠲᠡᠭᠡᠨ ᠵᠠᠰᠠᠬᠤ ᠣᠷᠣᠨ ᠤ ᠠᠯᠪᠠᠨ ᠵᠠᠷᠤᠳᠠᠯ ᠤᠨ ᠨᠥᠬᠦᠪᠦᠷᠢ ᠶᠢᠨ ᠪᠠᠷᠢᠮᠵᠢᠶ᠎ᠠ ᠳᠤ ᠪᠠᠭ᠎ᠠ ᠰᠤᠷᠭᠠᠭᠤᠯᠢ 650 ᠲᠥᠭᠦᠷᠢᠭ/ ᠰᠤᠷᠤᠭᠴᠢ᠂ ᠠᠩᠬ᠎ᠠ ᠳᠤᠮᠳᠠᠳᠤ ᠰᠤᠷᠭᠠᠭᠤᠯᠢ 850 ᠲᠥᠭᠦᠷᠢᠭ/ ᠰᠤᠷᠤᠭᠴᠢ᠂ ᠳᠤᠯᠠᠭᠠᠯᠠᠭ᠎ᠠ ᠶᠢᠨ ᠵᠠᠷᠤᠳᠠᠯ 215 ᠲᠥᠭᠦᠷᠢᠭ/ ᠰᠤᠷᠤᠭᠴᠢ᠃ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠠᠴᠠ ᠡᠯ᠎ᠡ ᠭᠠᠵᠠᠷ ᠣᠷᠣᠨ ᠢ ᠡᠳ᠋ ᠤᠨ ᠵᠠᠰᠠᠭ ᠤᠨ ᠶᠠᠮᠤᠨ᠂ ᠰᠤᠷᠭᠠᠨ ᠬᠥᠮᠥᠵᠢᠯ ᠤᠨ ᠶᠠᠮᠤᠨ ᠤ ᠬᠠᠮᠲᠤᠷᠠᠨ ᠳᠠᠷᠤᠮᠠᠯᠯᠠᠨ ᠲᠠᠷᠬᠠᠭᠠᠭᠰᠠᠨ ︽ᠬᠤᠲᠠ ᠬᠦᠳᠡᠭᠡ ᠶᠢᠨ ᠠᠯᠪᠠᠨ ᠵᠢᠷᠤᠮ ᠤᠨ ᠰᠤᠷᠭᠠᠨ ᠬᠥᠮᠥᠵᠢᠯ ᠤᠨ ᠨᠥᠬᠦᠪᠦᠷᠢ ᠵᠠᠷᠤᠳᠠᠯ ᠤᠨ ᠪᠡᠯᠡ ᠮᠥᠩᠭᠦ ᠶᠢᠨ ᠬᠠᠮᠢᠶᠠᠷᠤᠯᠲᠠ ᠶᠢᠨ ᠠᠷᠭ᠎ᠠ︾ ᠶᠢ ᠴᠢᠩᠭ᠎ᠠ ᠬᠡᠷᠡᠭᠵᠢᠭᠦᠯᠵᠦ᠂ 2021 ᠣᠨ ᠤ ᠲᠥᠰᠥᠪ ᠢ ᠵᠠᠳᠠᠯᠵᠤ ᠪᠠᠭᠤᠯᠭᠠᠬᠤ ᠪᠠ ᠪᠡᠯᠡ ᠮᠥᠩᠭᠦ ᠶᠢ ᠪᠠᠭᠤᠯᠭᠠᠬᠤ ᠬᠤᠯᠪᠣᠭᠳᠠᠯ ᠪᠦᠬᠦᠢ ᠠᠵᠢᠯ ᠢ ᠰᠠᠶᠢᠨ ᠬᠢᠵᠦ᠂ ᠪᠡᠯᠡ ᠮᠥᠩᠭᠦ ᠶᠢ ᠲᠣᠭᠲᠠᠭᠰᠠᠨ ᠴᠠᠭ ᠲᠤᠨᠢ ᠲᠤᠭ᠎ᠠ ᠶᠣᠰᠣᠭᠠᠷ ᠪᠠᠭᠤᠯᠭᠠᠬᠤ ᠶᠢ ᠱᠠᠭᠠᠷᠳᠠᠵᠠᠢ᠃
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号