︵ᠰᠤᠷᠪᠤᠯᠵᠢᠯᠠᠭᠴᠢ ᠴᠢ ᠰᠢᠶᠥᠥ ᠶᠠᠨ︶ 2 ᠳ᠋ᠤᠭᠠᠷ ᠰᠠᠷ᠎ᠠ ᠳᠤ᠂ ᠬᠥᠬᠡᠬᠤᠲᠠ ᠶᠢᠨ ︽12345︾ | ᠬᠡᠷᠡᠭᠯᠡᠭᠴᠢᠳ ᠤᠨ ᠭᠤᠮᠤᠳᠠᠯ ᠲᠣᠭᠠᠴᠢᠨ ᠢᠯᠡᠴᠢᠯᠡᠨ ᠮᠡᠳᠡᠭᠦᠯᠬᠦ ᠲᠥᠪ ᠪᠦᠬᠦ ᠤᠯᠤᠰ ᠤᠨ ︽12345︾ | ᠲᠠᠪᠴᠠᠩ ᠳᠤ ᠲᠦᠰᠢᠭᠯᠡᠨ ᠬᠡᠷᠡᠭᠯᠡᠭᠴᠢᠳ ᠤᠨ ᠵᠠᠭᠠᠯᠳᠤᠯᠭ᠎ᠠ ᠢᠯᠡᠴᠢᠯᠡᠨ ᠮᠡᠳᠡᠭᠦᠯᠦᠯᠲᠡ ᠯᠠᠪᠯᠠᠯᠲᠠ ᠶᠢ 2504 | ᠬᠤᠪᠢ ᠬᠦᠯᠢᠶᠡᠨ ᠠᠪᠴᠤ᠂ ᠲᠡᠭᠦᠨ ᠤ ᠳᠣᠲᠣᠷ᠎ᠠ ᠵᠠᠭᠠᠯᠳᠤᠯᠭ᠎ᠠ 1445 ᠬᠤᠪᠢ᠂ ᠢᠯᠡᠴᠢᠯᠡᠨ ᠮᠡᠳᠡᠭᠦᠯᠦᠯᠲᠡ | 191 ᠬᠤᠪᠢ᠂ ᠯᠠᠪᠯᠠᠯᠲᠠ 868 ᠬᠤᠪᠢ ᠪᠤᠢ᠃ | 2 ᠳ᠋ᠤᠭᠠᠷ ᠰᠠᠷ᠎ᠠ ᠳᠤ ᠨᠡᠶᠢᠲᠡ 1445 ᠬᠤᠪᠢ ᠬᠡᠷᠡᠭᠯᠡᠭᠴᠢᠳ ᠤᠨ ᠵᠠᠭᠠᠯᠳᠤᠯᠭ᠎ᠠ ᠶᠢ ᠲᠣᠰᠴᠤ᠂ ᠳᠡᠭᠡᠷ᠎ᠡ | ᠰᠠᠷ᠎ᠠ ᠠᠴᠠ 434 ᠬᠤᠪᠢ ᠪᠠᠭᠤᠷᠠᠵᠤ᠂ 23 ᠵᠠᠭᠤᠨ ᠤ ᠴᠡᠭ ᠪᠠᠭᠤᠷᠠᠵᠠᠢ᠃ ᠡᠭᠦᠨ ᠳᠤ ᠲᠠᠸᠠᠷ ᠤᠨ ᠲᠥᠷᠥᠯ ᠤᠨ | ᠵᠠᠭᠠᠯᠳᠤᠯᠭ᠎ᠠ 718 ᠬᠤᠪᠢ᠂ ᠦᠢᠯᠡᠴᠢᠯᠡᠭᠡᠨ ᠤ ᠲᠥᠷᠥᠯ ᠤᠨ ᠵᠠᠭᠠᠯᠳᠤᠯᠭ᠎ᠠ 727 ᠬᠤᠪᠢ᠃ ᠲᠠᠸᠠᠷ ᠤᠨ | ᠲᠥᠷᠥᠯ ᠤᠨ ᠵᠠᠭᠠᠯᠳᠤᠯᠭ᠎ᠠ ᠶᠢᠨ ᠬᠠᠯᠠᠮᠰᠢᠯ ᠨᠢ ᠥᠩᠭᠡᠷᠡᠭᠰᠡᠨ ᠲᠠᠢ ᠠᠳᠠᠯᠢ ᠢᠳᠡᠭᠡᠨ᠂ ᠬᠤᠪᠴᠠᠰᠤ ᠬᠤᠨᠠᠷ | ᠮᠠᠯᠠᠭᠠᠢ ᠱᠠᠬᠠᠢ᠂ ᠵᠠᠮ ᠬᠠᠷᠢᠯᠴᠠᠭᠠᠨ ᠤ ᠪᠠᠭᠠᠵᠢ᠂ ᠭᠡᠷ ᠤᠨ ᠡᠳ᠋ᠯᠡᠯ ᠬᠡᠷᠡᠭᠰᠡᠯ ᠵᠡᠷᠭᠡ ᠲᠠᠯ᠎ᠠ ᠳᠤ ᠲᠥᠪᠯᠡᠷᠡᠵᠦ᠂ | ᠦᠢᠯᠡᠴᠢᠯᠡᠭᠡᠨ ᠤ ᠲᠥᠷᠥᠯ ᠤᠨ ᠵᠠᠭᠠᠯᠳᠤᠯᠭ᠎ᠠ ᠶᠢᠨ ᠬᠠᠯᠠᠮᠰᠢᠯ ᠨᠢ ᠪᠣᠷᠣᠯᠠᠭᠤᠯᠭ᠎ᠠ ᠶᠢᠨ ᠦᠢᠯᠡᠴᠢᠯᠡᠭᠡ᠂ ᠢᠳᠡᠭᠡᠨ | ᠤᠮᠳᠠᠭᠠᠨ ᠬᠤᠨᠤᠵᠤ ᠬᠡᠪᠲᠡᠬᠦ᠂ ᠰᠤᠷᠭᠠᠨ ᠬᠥᠮᠥᠵᠢᠯ ᠤᠨ ᠪᠣᠯᠪᠠᠰᠤᠷᠠᠭᠤᠯᠤᠯ ᠵᠡᠷᠭᠡ ᠲᠠᠯ᠎ᠠ ᠳᠤ ᠲᠥᠪᠯᠡᠷᠡᠵᠡᠢ᠃ | ᠡᠭᠦᠨ ᠠᠴᠠ ᠭᠠᠳᠠᠨ᠎ᠠ᠂ 2 ᠳ᠋ᠤᠭᠠᠷ ᠰᠠᠷ᠎ᠠ ᠳᠤ ᠨᠡᠶᠢᠲᠡ 868 ᠬᠤᠪᠢ ᠬᠡᠷᠡᠭᠯᠡᠭᠴᠢᠳ ᠤᠨ ᠯᠠᠪᠯᠠᠯᠲᠠ ᠶᠢ | ᠲᠣᠰᠴᠠᠢ᠃ ᠠᠰᠠᠭᠤᠨ ᠯᠠᠪᠯᠠᠭᠰᠠᠨ ᠠᠰᠠᠭᠤᠳᠠᠯ ᠨᠢ ᠭᠤᠣᠯᠳᠠᠭᠤ ᠬᠡᠷᠡᠭᠯᠡᠭᠴᠢᠳ ᠤᠨ ᠵᠠᠭᠠᠯᠳᠤᠯᠭ᠎ᠠ ᠶᠢ | ᠰᠢᠢᠳᠪᠦᠷᠢᠯᠡᠭᠰᠡᠨ ᠠᠬᠢᠴᠠ᠂ ᠲᠠᠸᠠᠷ ᠤᠨ ︽ᠭᠤᠷᠪᠠ ᠶᠢ ᠳᠠᠭᠠᠭᠠᠴᠢᠯᠠᠬᠤ︾ ᠲᠣᠭᠲᠠᠭᠠᠯ᠂ ᠰᠦᠯᠵᠢᠶ᠎ᠡ᠂ | ᠸᠢᠴᠠᠲ ᠢᠶᠠᠷ ᠪᠠᠷᠠᠭ᠎ᠠ ᠬᠤᠳᠠᠯᠳᠤᠨ ᠠᠪᠴᠤ ᠮᠡᠬᠡᠯᠡᠭᠳᠡᠪᠡᠯ ᠬᠡᠷᠬᠢᠨ ᠡᠷᠬᠡ ᠪᠠᠨ ᠬᠠᠮᠠᠭᠠᠯᠠᠬᠤ᠂ ᠬᠤᠳᠠᠯᠳᠤᠭᠠᠴᠢᠨ | ᠪᠠᠷᠠᠭ᠎ᠠ ᠶᠢᠨ ᠦᠨ᠎ᠡ ᠶᠢ ᠳᠤᠷ᠎ᠠ ᠪᠠᠷ ᠥᠰᠬᠡᠭᠰᠡᠨ ᠢ ᠬᠡᠷᠬᠢᠨ ᠰᠢᠢᠳᠪᠦᠷᠢᠯᠡᠬᠦ᠂ ︽ᠳᠣᠯᠣᠭᠠᠨ ᠡᠳᠦᠷ ᠤᠨ ᠳᠣᠲᠣᠷ᠎ᠠ | ᠰᠢᠯᠲᠠᠭᠠᠨ ᠦᠭᠡᠢ ᠪᠠᠷ ᠪᠤᠴᠠᠭᠠᠵᠤ ᠪᠣᠯᠬᠤ︾ ᠲᠣᠭᠲᠠᠭᠠᠯ ᠶᠠᠭᠤᠨ ᠳᠤ ᠲᠣᠬᠢᠷᠠᠬᠤ ᠵᠡᠷᠭᠡ ᠳᠤ ᠬᠤᠯᠪᠣᠭᠳᠠᠵᠠᠢ᠃ |